ᠵᠢᠦ ᠶᠣᠸᠠᠨ ᠲᠤᠭᠤᠷᠢᠭ ᠢ ᠤᠷᠤᠨ ᠤ ᠲᠤᠳᠤᠨ᠎ᠠ  ᠭᠠᠳᠠᠨᠠᠬᠢ ᠴᠢᠬᠤᠯᠠ ᠵᠤᠭᠠᠴᠠᠯ ᠤᠨ ᠬᠠᠷᠠᠯᠳᠠᠳᠤ ᠤᠷᠤᠨ ᠪᠤᠯᠭᠠᠨ ᠪᠦᠳᠦᠬᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2018/3/21
     ᠰᠤᠷᠪᠤᠯᠵᠢᠯᠠᠨ ᠶᠠᠷᠢᠯᠴᠠᠬᠰᠨᠨ ᠭᠤᠤᠯ ᠰᠡᠳᠦᠪ᠄ ᠵᠢᠦ ᠶᠣᠸᠠᠨ ᠲᠤᠭᠤᠷᠢᠭ ᠢ ᠤᠷᠤᠨ ᠤ ᠲᠤᠳᠤᠨ᠎ᠠ ᠭᠠᠳᠠᠨᠠᠬᠢ  ᠴᠢᠬᠤᠯᠠ ᠵᠤᠭᠠᠴᠠᠯ ᠤᠨ ᠬᠠᠷᠠᠯᠳᠠᠳᠤ ᠤᠷᠤᠨ ᠪᠤᠯᠭᠠᠨ ᠪᠦᠳᠦᠬᠡᠨ ᠪᠠᠶᠢᠭᠤᠯᠤᠨ᠎ᠠ            ᠰᠤᠷᠪᠤᠯᠵᠢᠯᠠᠨ ᠶᠠᠷᠢᠯᠴᠠᠬᠰᠠᠨ ᠴᠠᠭ᠄ 2017 ᠤᠨ ᠤ 11 ᠰᠠᠷ᠎ᠠ ᠶᠢᠨ 7᠎ ᠤ ᠡᠳᠦᠷ            ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠵᠢᠦ ᠶᠣᠸᠠᠨ ᠲᠤᠭᠤᠷᠢᠭ ᠤᠨ ᠵᠠᠰᠠᠭ ᠤᠨ ᠤᠷᠳᠤᠨ ᠤ ᠲᠡᠳ᠋  ᠲᠤᠭᠤᠷᠢᠭ ᠤᠨ ᠲᠠᠷᠤᠭ᠎ᠠ ᠸᠠᠩ ᠡᠾᠦ᠋ᠢ            ᠰᠤᠷᠪᠤᠯᠵᠢᠯᠠᠨ ᠶᠠᠷᠢᠯᠴᠠᠬᠰᠠᠨ  ᠠᠭᠤᠯᠭ᠎ᠠ ᠶᠢᠨ ᠲᠦᠬᠦᠮ ᠲᠠᠨᠢᠯᠴᠠᠭᠤᠯᠭ᠎ᠠ᠄ ᠤᠢᠢᠷ᠎ᠠ ᠶᠢᠨ ᠵᠢᠯ᠂ ᠵᠢᠦ ᠶᠣᠸᠠᠨ ᠲᠤᠭᠤᠷᠢᠭ ᠵᠤᠭᠠᠴᠠᠯ ᠤᠨ ᠦᠢᠯᠡᠰ ᠢ ᠤᠯᠤᠰ ᠠᠷᠠᠳ ᠤᠨ ᠠᠵᠤ ᠠᠬᠤᠢ ᠪᠤᠯᠤᠨ ᠨᠡᠶᠢᠬᠡᠮ ᠤᠨ  ᠬᠦᠭᠵᠢᠯᠳᠠ ᠶᠢᠨ ᠲᠦᠯᠦᠪᠯᠡᠭᠡ ᠳᠤ ᠪᠠᠨ ᠤᠷᠤᠭᠤᠯᠵᠤ᠂ ᠪᠦᠬᠦ ᠲᠤᠭᠤᠷᠢᠭ ᠲᠤ ᠵᠤᠭᠠᠴᠠᠯ ᠤᠨ ᠠᠵᠢᠯ ᠢ  ᠴᠢᠬᠤᠯᠠᠴᠢᠯᠠᠵᠤ᠂ ᠵᠤᠭᠠᠴᠠᠯ ᠤᠨ ᠠᠵᠢᠯ ᠢ ᠴᠢᠩᠭ᠎ᠠ ᠠᠳᠬᠤᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠵᠤ᠂ ᠵᠤᠭᠠᠴᠠᠯ ᠤᠨ ᠦᠢᠯᠡᠰ ᠦᠬᠡᠢ ᠪᠠᠶᠢᠬᠰᠠᠨ ᠠᠴᠠ ᠪᠠᠨ ᠪᠠᠶᠢᠬᠤ ᠪᠤᠯᠵᠤ᠂ ᠪᠠᠭ᠎ᠠ ᠪᠠᠶᠢᠬᠰᠠᠨ ᠠᠴᠠ ᠪᠠᠨ  ᠪᠤᠵᠠᠭᠠᠢᠢᠷᠠᠵᠤ᠂ ᠦᠷᠨᠢᠨ ᠬᠦᠭᠵᠢᠭᠰᠡᠨ ᠪᠠᠶᠢᠨ᠎ᠠ᠃ ᠵᠢᠦ ᠶᠣᠸᠠᠨ ᠲᠤᠭᠤᠷᠢᠭ ᠤᠨ ᠤᠳᠤ ᠪᠠᠶᠢᠭ᠎ᠠ ᠤᠯᠤᠰ ᠤᠨ A  ᠲᠡᠰ ᠤᠨ ᠦᠵᠡᠮᠵᠢ ᠶᠢᠨ ᠤᠷᠤᠨ 5 ᠪᠤᠢ᠂ ᠡᠬᠦᠨ ᠳᠤ ᠤᠯᠤᠰ ᠤᠨ AAAA ᠲᠡᠰ ᠤᠨ ᠦᠵᠡᠮᠵᠢ ᠶᠢᠨ ᠤᠷᠤᠨ  2᠂ ᠤᠯᠤᠰ ᠤᠨ AA ᠲᠡᠰ ᠤᠨ ᠦᠵᠡᠮᠵᠢ ᠶᠢᠨ ᠤᠷᠤᠨ 3 ᠪᠤᠢ᠃ ᠰᠠᠶᠢᠬᠠᠨᠳᠠᠯ᠎ᠠ ᠬᠤᠳᠠ ᠶᠢᠨ ᠲᠤᠮᠳᠠᠬᠢ ᠲᠠᠯ᠎ᠠ  ᠨᠤᠳᠤᠭ ᠤᠨ ᠦᠵᠡᠮᠵᠢ ᠶᠢᠨ ᠤᠷᠤᠨ ᠢ ᠶᠠᠭ ᠰᠠᠶᠢᠬᠠᠨ ᠤᠯᠤᠰ ᠤᠨ AAAA ᠲᠡᠰ ᠤᠨ ᠦᠵᠡᠮᠵᠢ ᠶᠢᠨ  ᠤᠷᠤᠨ ᠢᠶᠠᠷ ᠭᠤᠶᠤᠴᠢᠯᠠᠵᠤ ᠪᠤᠢ᠃ ᠤᠳᠤ ᠪᠠᠶᠢᠭ᠎ᠠ ᠦᠪᠡᠷᠳᠡᠬᠡᠨ ᠵᠠᠰᠠᠬᠤ ᠤᠷᠤᠨ ᠤ ᠲᠠᠪᠤᠨ ᠤᠳᠤᠨ ᠲᠡᠰ ᠤᠨ  ᠬᠦᠳᠡᠭᠡ ᠲᠤᠰᠬᠤᠨ ᠤ ᠵᠤᠭᠠᠴᠠᠯ ᠤᠨ ᠬᠦᠯᠢᠶᠡᠨ ᠠᠪᠬᠤ ᠡᠷᠦᠬᠡ 29 ᠪᠤᠯᠵᠤ᠂ ᠡᠬᠦᠨ ᠳᠤ᠂ ᠲᠠᠪᠤᠨ ᠤᠳᠤᠨ  ᠲᠠᠰ ᠤᠨ 5᠂ ᠲᠦᠷᠪᠡᠨ ᠤᠳᠤᠨ ᠲᠡᠰ ᠤᠨ 1᠂ ᠭᠤᠷᠪᠠᠨ ᠤᠳᠤᠨ ᠲᠡᠰ ᠤᠨ 23 ᠪᠤᠯᠵᠤ ᠨᠡᠮᠡᠭᠳᠡᠵᠡᠢ᠃ ᠤᠳᠤ  ᠪᠠᠶᠢᠭ᠎ᠠ ᠵᠤᠭᠠᠴᠠᠯ ᠤᠨ ᠪᠠᠷᠠᠭ᠎ᠠ ᠬᠤᠳᠠᠯᠳᠤᠨ ᠠᠪᠬᠤ ᠭᠠᠵᠠᠷ 1᠂ ᠤᠯᠤᠰ ᠤᠨ ᠲᠤᠳᠤᠭᠠᠳᠤ ᠶᠢᠨ ᠵᠤᠭᠠᠴᠠᠯ ᠤᠨ  ᠬᠤᠷᠢᠶ᠎ᠠ 2᠂ ᠤᠯᠠᠨ ᠤᠯᠤᠰ ᠤᠨ ᠵᠤᠭᠠᠴᠠᠯ ᠤᠨ ᠬᠤᠷᠢᠶ᠎ᠠ ᠶᠢᠨ ᠡᠵᠡᠩᠨᠡᠯᠳᠡ ᠶᠢᠨ ᠭᠠᠵᠠᠷ 9 ᠪᠤᠯᠵᠠᠢ᠃             ᠰᠢᠨ᠎ᠠ ᠪᠠᠶᠢᠳᠠᠯ ᠲᠤᠤᠷ᠎ᠠ᠂ ᠨᠢᠬᠡ᠂ ᠵᠤᠭᠠᠴᠠᠯ ᠤᠨ ᠦᠢᠯᠡᠰ ᠤᠨ ᠡᠯ᠎ᠠ ᠵᠦᠢᠯ ᠤᠨ ᠬᠦᠢᠴᠡᠳᠬᠡᠬᠦ ᠲᠤᠭ᠎ᠠ ᠶᠢ  ᠪᠠᠶᠡᠯᠡᠬᠦᠯᠦᠭᠰᠡᠨ ᠪᠠᠶᠢᠳᠠᠯ ᠲᠤᠩ ᠰᠠᠶᠢᠨ᠃ 2017 ᠤᠨ ᠤ 1 — 3 ᠤᠯᠠᠷᠢᠯ ᠳᠤ᠂ ᠰᠤᠶᠤᠯ ᠵᠤᠭᠠᠴᠠᠯ ᠢ  ᠠᠭᠤᠰᠤᠯᠴᠠᠭᠤᠯᠤᠬᠰᠠᠨ 16 ᠲᠦᠷᠦᠯ ᠵᠦᠢᠯ ᠢ ᠡᠬᠢᠯᠡᠬᠦᠯᠵᠤ᠂ ᠲᠦᠷᠦᠯ ᠵᠦᠢᠯ ᠤᠨ ᠶᠡᠷᠦᠩᠬᠡᠢ ᠪᠡᠯᠡ  ᠤᠷᠤᠭᠤᠯᠤᠯᠳᠠ 130.3 ᠳ᠋ᠦᠩᠰᠢᠭᠤᠷ ᠲᠦᠬᠦᠷᠢᠭ᠂ ᠤᠳᠤᠬᠠᠨ ᠳᠤ ᠨᠢᠬᠡᠨᠳᠡ 26.2 ᠳ᠋ᠦᠩᠰᠢᠭᠤᠷ  ᠲᠦᠬᠦᠷᠢᠭ ᠢ ᠨᠠᠶᠢᠳᠠᠪᠦᠷᠢᠵᠢᠭᠤᠯᠵᠠᠢ᠃ ᠤᠳᠤᠬᠠᠨ ᠪᠤᠯᠳᠠᠯ᠎ᠠ᠂ ᠪᠦᠬᠦ ᠲᠤᠭᠤᠷᠢᠭ ᠨᠢ 92 ᠲᠦᠮᠡᠨ ᠵᠤᠭᠠᠴᠠᠬᠰᠠᠳ  ︵ᠬᠦᠮᠦᠨ ᠤᠳᠠᠭ᠎ᠠ︶᠎ ᠢ ᠬᠦᠯᠢᠶᠠᠨ ᠠᠪᠴᠤ᠂ 2016 ᠤᠨ ᠤ ᠠᠳᠠᠯᠢ ᠬᠤᠭᠤᠴᠠᠭᠠᠨ ᠤ ᠬᠢ ᠠᠴᠠ 42. 3%᠎ ᠢᠶᠠᠷ ᠨᠡᠮᠡᠭᠳᠡᠵᠡᠢ︔ ᠵᠤᠭᠠᠴᠠᠯ ᠤᠨ ᠤᠷᠤᠯᠭ᠎ᠠ 9 ᠳ᠋ᠦᠩᠰᠢᠭᠤᠷ ᠲᠦᠬᠦᠷᠢᠭ ᠲᠤ ᠬᠦᠷᠴᠤ᠂ 2016 ᠤᠨ ᠤ  ᠠᠳᠠᠯᠢ ᠬᠤᠭᠤᠴᠠᠭᠠᠨ ᠤ ᠬᠢ ᠠᠴᠠ 56.6%᠎ ᠢᠶᠠᠷ ᠨᠡᠮᠡᠭᠳᠡᠵᠡᠢ᠃ ᠬᠤᠶᠠᠷ᠂ ᠮᠠᠨ ᠤ ᠲᠤᠭᠤᠷᠢᠭ ‍ᠦᠪᠡᠷᠳᠡᠬᠡᠨ  ᠵᠠᠰᠠᠬᠤ ᠤᠷᠤᠨ ᠤ ᠪᠦᠬᠦ ᠤᠷᠤᠨ ᠪᠦᠰᠡ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠢ ᠬᠦᠭᠵᠢᠬᠦᠯᠬᠦ᠂  ᠵᠤᠭᠠᠴᠠᠯ + ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢᠨ ᠲᠤᠭᠤᠷᠢᠨ ᠳᠤ᠂ ︽ᠰᠦᠷᠯᠢᠭ ᠦᠵᠡᠮᠵᠢᠳᠤ ᠦᠪᠦᠷ  ᠮᠤᠩᠭᠤᠯ᠂ ᠦᠵᠡᠮᠵᠢᠳᠤ ᠰᠠᠶᠢᠬᠠᠨ ᠦᠵᠡᠮᠵᠢ ᠶᠢᠨ ᠤᠷᠤᠨ︾ ᠬᠡᠬᠦ ᠲᠦᠷᠦᠯ ᠲᠡᠮᠳᠡᠭ ᠢ ᠡᠬᠦᠳᠬᠦ ᠪᠠᠶᠢᠯᠳᠤᠬᠤ  ᠪᠤᠳᠤᠯᠭ᠎ᠠ ᠶᠢᠨ ᠪᠠᠶᠢᠷᠢᠯᠠᠭᠤᠯᠤᠯᠳᠠ ᠶᠢᠨ ᠲᠤᠭᠤᠷᠢᠨ ᠳᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ  ᠤᠷᠳᠤᠨ ᠤ ︽ᠪᠦᠬᠦ ᠤᠷᠤᠨ ᠪᠦᠰᠡ ᠶᠢᠨ ᠵᠤᠭᠠᠴᠠᠯ᠂ ᠪᠦᠬᠦ ᠬᠤᠳᠠ ᠶᠢᠨ ᠵᠤᠭᠠᠴᠠᠯ᠂ ᠪᠦᠬᠦ ᠠᠷᠠᠳ ᠤᠨ ᠵᠤᠭᠠᠴᠠᠯ  ︾᠎ ᠤᠨ ᠪᠤᠳᠠᠳᠠᠢ ᠱᠠᠭᠠᠷᠳᠠᠯᠭ᠎ᠠ ᠶᠤᠰᠤᠭᠠᠷ᠂ ᠲᠦᠯᠦᠪᠵᠢᠬᠦᠯᠬᠡ ᠪᠠᠷ ᠲᠠᠭᠠᠭᠤᠯᠵᠤ᠂ ᠵᠠᠬ᠎ᠠ ᠲᠡᠯᠬᠡᠬᠦᠷ ᠢᠶᠠᠷ  ᠤᠳᠤᠷᠢᠳᠤᠮᠵᠢ ᠪᠤᠯᠭᠠᠵᠤ᠂ ᠲᠦᠷᠦᠯ ᠵᠦᠢᠯ ᠢᠶᠠᠷ ᠠᠳᠬᠤᠴᠠ ᠪᠤᠯᠭᠠᠨ᠂ ᠪᠦᠬᠦ ᠲᠤᠭᠤᠷᠢᠭ ᠤᠨ ᠵᠤᠭᠠᠴᠠᠯ ᠤᠨ  ᠦᠢᠯᠡᠰ ᠢ ᠲᠡᠬᠢᠨ ᠰᠢᠨ᠎ᠠ ᠨᠢᠬᠡᠨ ᠲᠡᠭᠳᠡᠷ ᠲᠤ ᠭᠠᠷᠭᠠᠵᠤ᠂ ᠰᠢᠨ᠎ᠠ ᠲᠡᠪᠡᠯᠳᠡ ᠶᠢ ᠪᠡᠶᠡᠯᠡᠬᠦᠯᠦᠨ᠎ᠠ᠃              ᠬᠦᠳᠦᠯᠦᠭᠴᠢ᠄ ᠵᠢᠦ ᠶᠣᠸᠠᠨ ᠲᠤᠭᠤᠷᠢᠭ ᠬᠡᠷᠬᠢᠨ ᠰᠤᠶᠤᠯ ᠵᠤᠭᠠᠴᠠᠯ ᠢ ᠠᠭᠤᠰᠤᠯᠴᠠᠭᠤᠯᠤᠨ ᠬᠦᠭᠵᠢᠬᠦᠯᠬᠦ ᠶᠢ  ᠠᠬᠢᠭᠤᠯᠵᠤ ᠲᠡᠰ ᠲᠡᠪᠰᠢᠨ ᠬᠦᠭᠵᠢᠬᠦ ᠶᠢ ᠲᠦᠷᠭᠡᠳᠭᠡᠬᠦ ᠪᠤᠢ︖              ᠸᠠᠩ ᠡᠾᠦ᠋ᠢ᠄ ᠨᠢᠬᠡ ᠳᠤ᠂ ᠰᠤᠶᠤᠯ ᠵᠤᠭᠠᠴᠠᠯ ᠤᠨ ᠦᠬᠡᠷᠡᠴᠢᠯᠠᠯᠳᠠ ᠶᠢᠨ ᠰᠢᠨ᠎ᠠ ᠶᠢ ᠡᠬᠦᠳᠬᠦ ᠶᠢ  ᠠᠬᠢᠭᠤᠯᠤᠨ᠎ᠠ᠃ ᠰᠤᠶᠤᠯ ᠵᠤᠭᠠᠴᠠᠯ ᠤᠨ ᠲᠦᠷᠦᠯ ᠲᠡᠮᠳᠡᠭ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂  ᠪᠦᠬᠦ ᠲᠤᠭᠤᠷᠢᠭ ᠤᠨ ᠰᠤᠶᠤᠯ ᠵᠤᠭᠠᠴᠠᠯ ᠤᠨ ᠡᠬᠢ ᠪᠠᠶᠠᠯᠢᠭ ᠤᠨ ᠤᠳᠤᠬᠢ ᠪᠠᠶᠢᠳᠠᠯ ᠯᠤᠭ᠎ᠠ ᠤᠶᠠᠯᠳᠤᠭᠤᠯᠵᠤ᠂  ᠵᠢᠦᠶᠤᠸᠠᠨ ᠲᠤᠭᠤᠷᠢᠭ ᠤᠨ ︽ ᠵᠢᠦᠶᠤᠸᠠᠨ ᠤ ᠶᠢᠰᠦᠨ ᠦᠵᠡᠮᠵᠢ︾᠎ ᠶᠢ ᠲᠡᠬᠦᠯᠳᠡᠷᠵᠢᠬᠦᠯᠬᠦ ᠵᠢᠴᠢ ᠤᠬᠠᠭᠤᠯᠤᠨ  ᠲᠡᠯᠬᠡᠷᠡᠬᠦᠯᠬᠦ ᠠᠵᠢᠯ ᠢ ᠦᠷᠨᠢᠬᠦᠯᠵᠤ᠂ ᠵᠤᠭᠠᠴᠠᠯ ᠤᠨ ᠦᠷᠢᠰᠦᠯᠳᠦᠬᠦ ᠬᠦᠴᠦᠨ ᠢ ᠲᠡᠬᠡᠭᠰᠢᠯᠡᠬᠦᠯᠵᠡᠢ᠃  ᠴᠤᠬᠯᠠᠭᠤᠯᠤᠨ ᠲᠢᠭᠯᠡᠭᠰᠡᠨ ᠵᠢᠦᠶᠤᠸᠠᠨ ᠤ 40 ᠭᠠᠷᠤᠢ ᠦᠵᠡᠮᠵᠢ ᠶᠢᠨ ᠲᠤᠳᠤᠷ᠎ᠠ ᠠᠴᠠ ᠠᠩᠬ᠎ᠠ ᠠᠯᠬᠤᠮ 9  ᠦᠵᠡᠮᠵᠢ ᠶᠢᠨ ᠤᠷᠤᠨ ᠢ ᠲᠦᠷᠦᠬᠦᠦ ᠡᠬᠡᠯᠵᠢ ᠶᠢᠨ ︽ᠵᠢᠦᠶᠤᠸᠠᠨ ᠤ ᠶᠢᠰᠦᠨ ᠦᠵᠡᠮᠵᠢ︾᠎ ᠶᠢ ᠤᠬᠠᠭᠤᠯᠤᠨ  ᠲᠡᠯᠬᠡᠷᠡᠬᠦᠯᠬᠦ ᠲᠦᠷᠦᠯ ᠲᠡᠮᠳᠡᠭ ᠤᠨ ᠬᠡᠪᠴᠢᠶᠠᠨ ᠳᠤ ᠤᠷᠤᠭᠤᠯᠬᠤ ᠪᠠᠷ ᠲᠤᠬᠳᠠᠵᠠᠢ᠃ ᠲᠤᠰ ᠲᠤᠰ᠄ ᠰᠠᠶᠢᠬᠠᠨᠳᠠᠯ᠎ᠠ  ᠂ ᠡᠾᠧᠩ ᠱᠦ ᠵᠡᠬᠡᠯᠢ᠂ ᠮᠡᠷᠬᠡᠨ ᠦᠵᠡᠮᠵᠢ ᠶᠢᠨ ᠤᠷᠤᠨ᠂ ᠪᠤᠭᠤᠳᠤ ᠶᠢᠨ ᠰᠢᠨᠵᠢᠯᠡᠬᠦ ᠤᠬᠠᠭᠠᠨ ᠮᠡᠷᠬᠡᠵᠢᠯ ᠤᠨ  ᠤᠷᠳᠤᠨ᠂ ᠬᠠᠳᠤᠨ ᠭᠤᠤᠯ ᠤᠨ ᠤᠩᠰᠢᠭᠤ ᠠᠷᠠᠳ ᠤᠨ ᠵᠠᠩ ᠦᠢᠯᠡ ᠶᠢᠨ ᠮᠦᠽᠸᠢ ᠶᠢᠨ ᠤᠷᠳᠤᠨ᠂  ᠤᠯᠢᠮᠫᠢᠺ ᠤᠨ ᠲᠡᠮᠢᠷ ᠤᠨ ᠴᠤᠬᠯᠠᠭᠠᠨ ᠤ ᠲᠦᠪ᠂ ᠵᠠᠩᠬᠢ ᠰᠢᠪᠠᠭᠤ ᠪᠠᠶ᠎ᠠ ᠰᠤᠪᠢᠯᠠᠬᠤ ᠡᠳ᠋ᠯᠡᠩ᠂ ᠮᠡᠷᠬᠡᠨ ᠵᠤᠤ᠂  ᠬᠠᠳᠤᠨ ᠭᠤᠤᠯ ᠤᠨ ᠨᠤᠭᠤ ᠭᠠᠵᠠᠷ ᠤᠨ ᠦᠵᠡᠮᠵᠢ ᠶᠢᠨ ᠦᠷᠬᠡᠨ ᠵᠠᠮ ᠪᠤᠯᠤᠨ᠎ᠠ᠃ ᠡᠬᠦᠨ ᠤ ᠬᠠᠮᠳᠤ᠂  ᠦᠯᠡᠳᠡᠭᠰᠡᠨ 30 ᠦᠵᠡᠮᠵᠢ ᠶᠢ ᠬᠤᠶᠢᠰᠢᠳᠠ ᠶᠢᠨ ︽ᠵᠢᠦᠶᠤᠸᠠᠨ ᠤ ᠶᠢᠰᠦᠨ ᠦᠵᠡᠮᠵᠢ︾᠎ ᠶᠢᠨ ᠪᠠᠯᠠᠳᠬᠡᠯ  ᠦᠵᠡᠮᠵᠢ ᠪᠤᠯᠭᠠᠵᠠᠢ᠃ ᠬᠤᠶᠠᠷ ᠲᠤ᠂ ᠭᠤᠤᠯᠳᠠᠯᠭ᠎ᠠ ᠲᠠᠢ ᠰᠤᠶᠤᠯ ᠵᠤᠭᠠᠴᠠᠯ ᠤᠨ ᠲᠦᠷᠦᠯ ᠵᠦᠢᠯ ᠢ ᠲᠦᠷᠭᠡᠳᠬᠡᠨ  ᠬᠡᠷᠡᠭᠵᠢᠬᠦᠯᠦᠨ᠎ᠠ᠃ ᠰᠤᠶᠤᠯ᠂ ᠵᠤᠭᠠᠴᠠᠯ ᠤᠨ ᠠᠵᠤ ᠦᠢᠯᠡᠰ ᠢ ᠬᠠᠷᠢᠯᠴᠠᠨ ᠠᠭᠤᠰᠤᠯᠴᠠᠭᠤᠯᠵᠤ᠂ ᠬᠠᠳᠤᠨ  ᠭᠤᠤᠯ ᠤᠨ ᠤᠩᠰᠢᠭᠤ ᠠᠷᠠᠳ ᠤᠨ ᠵᠠᠩ ᠦᠢᠯᠡ ᠶᠢᠨ ᠮᠦᠽᠸᠢ ᠶᠢᠨ ᠤᠷᠳᠤᠨ᠂ ᠪᠤᠭᠤ ᠶᠢᠨ ᠰᠤᠶᠤᠯ ᠤᠨ ᠠᠵᠤ  ᠦᠢᠯᠡᠰ ᠤᠨ ᠬᠦᠷᠢᠶᠡᠯᠡᠩ᠂ ᠬᠠᠳᠤᠨ ᠭᠤᠤᠯ ᠤᠨ ᠬᠡᠷᠳᠤ ᠲᠡᠷᠬᠡ ᠶᠢᠨ ᠴᠠᠶᠢᠵᠠ ᠵᠡᠷᠬᠡ ᠨᠢᠬᠡ ᠪᠦᠯᠦᠭ ᠰᠤᠶᠤᠯ  ᠵᠤᠭᠠᠴᠠᠯ ᠤᠨ ᠠᠵᠤ ᠦᠢᠯᠡᠰ ᠤᠨ ᠲᠦᠷᠦᠯ ᠵᠦᠢᠯ ᠢ ᠡᠬᠦᠳᠦᠨ᠎ᠠ᠃ ᠸᠠᠨ ᠳ᠋ᠠ ᠰᠢᠶᠤᠤ ᠪᠠᠢ ᠡᠾᠧ ᠶᠢᠨ ᠴᠡᠩᠬᠡᠯ  ᠎ ᠤᠨ ᠤᠷᠳᠤᠨ᠂ ᠬᠠᠳᠤᠨ ᠭᠤᠤᠯ ᠤᠨ ᠤᠩᠰᠢᠭᠤ ᠠᠷᠠᠳ ᠤᠨ ᠵᠠᠩ ᠦᠢᠯᠡ ᠶᠢᠨ ᠮᠦᠽᠸᠢ ᠶᠢᠨ ᠤᠷᠳᠤᠨ᠂  ᠬᠠᠳᠤᠨ ᠭᠤᠤᠯ ᠤᠨ ᠬᠡᠷᠳᠤ ᠲᠡᠷᠬᠡ ᠶᠢᠨ ᠴᠠᠶᠢᠵᠠ ᠵᠡᠷᠬᠡ ᠰᠤᠶᠤᠯ ᠤᠨ ᠲᠦᠷᠦᠯ ᠵᠦᠢᠯ ᠢ ᠭᠤᠤᠯᠳᠠᠯᠭ᠎ᠠ ᠲᠠᠢ  ᠬᠡᠷᠡᠭᠵᠢᠬᠦᠯᠵᠤ᠂ ᠰᠤᠶᠤᠯ ᠵᠤᠭᠠᠴᠠᠯ ᠤᠨ ᠬᠦᠨᠵᠡᠬᠡᠢ ᠠᠭᠤᠰᠤᠯᠴᠠᠬᠤ᠂ ᠰᠢᠨ᠎ᠠ ᠶᠢ ᠡᠬᠦᠳᠴᠤ ᠬᠦᠭᠵᠢᠬᠦ ᠶᠢ  ᠠᠬᠢᠭᠤᠯᠤᠨ᠎ᠠ︔ ᠰᠠᠶᠢᠬᠠᠨᠳᠠᠯ᠎ᠠ ᠬᠤᠳᠠ ᠶᠢᠨ ᠲᠤᠮᠳᠠᠬᠢ ᠲᠠᠯ᠎ᠠ ᠨᠤᠳᠤᠭ᠂ ᠪᠤᠷᠮᠠᠨ ᠲᠠᠪᠤᠨ ᠤᠳᠤᠨ ᠲᠡᠰ ᠤᠨ  ᠵᠤᠴᠢᠳ ᠤᠨ ᠪᠠᠭᠤᠳᠠᠯ᠂ ᠹᠦ᠋ ᠯᠢ ᠲᠠᠪᠤᠨ ᠤᠳᠤᠨ ᠲᠡᠰ ᠤᠨ ᠵᠤᠴᠢᠳ ᠤᠨ ᠪᠠᠭᠤᠳᠠᠯ ᠵᠡᠷᠬᠡ ᠲᠦᠷᠦᠯ ᠵᠦᠢᠯ ᠳᠤ  ᠲᠦᠰᠢᠭᠯᠡᠵᠤ᠂ ᠤᠯᠠᠨ ᠤᠯᠤᠰ ᠤᠨ ᠨᠦᠯᠦᠬᠡᠯᠡᠬᠦ ᠬᠦᠴᠦᠨ ᠪᠦᠬᠦᠢ ᠵᠤᠭᠠᠴᠠᠯ ᠤᠨ ᠨᠠᠷ᠎ᠠ ᠶᠢᠨ ᠬᠠᠭᠤᠳᠠᠰᠤ ᠶᠢ  ᠡᠬᠦᠳᠦᠨ᠎ᠠ︔ ᠬᠠᠯᠠᠭᠤᠨ ᠷᠠᠰᠢᠶᠠᠨ ᠤ ᠪᠠᠭ᠎ᠠ ᠪᠠᠯᠭᠠᠰᠤ᠂ ᠵᠢᠦ ᠯᠢ ᠬᠠᠯᠠᠭᠤᠨ ᠷᠠᠰᠢᠶᠠᠨ ᠵᠡᠷᠬᠡ ᠲᠦᠷᠦᠯ ᠵᠦᠢᠯ ᠳᠤ  ᠲᠦᠰᠢᠭᠯᠡᠵᠤ᠂ ᠦᠪᠷᠮᠢᠴᠡ ᠤᠨᠴᠠᠯᠢᠭ ᠲᠠᠢ ᠵᠤᠭᠠᠴᠠᠯ ᠤᠨ ᠬᠠᠯᠠᠭᠤᠨ ᠷᠠᠰᠢᠶᠠᠨ ᠤ ᠪᠠᠭ᠎ᠠ ᠪᠠᠯᠭᠠᠰᠤ ᠶᠢ  ᠪᠠᠶᠢᠭᠤᠯᠤᠨ᠎ᠠ︔ ᠰᠢᠨ ᠪᠦ᠋ ᠰᠤᠯᠠ ᠲᠢᠩᠬᠢᠮ᠂ ᠮᠧᠩ ᠯᠧ ᠶᠤᠸᠠᠨ ᠵᠡᠷᠬᠡ ᠲᠦᠷᠦᠯ ᠵᠦᠢᠯ ᠳᠤ ᠲᠦᠰᠢᠭᠯᠡᠵᠤ᠂  ᠤᠨᠴᠠᠯᠢᠭᠳᠤ ᠲᠠᠷᠢᠶᠠᠯᠠᠩ ᠢ ᠪᠠᠶᠠᠴᠢᠯᠠᠨ ᠤᠢᠢᠯᠠᠭᠠᠬᠤ᠂ ᠵᠤᠭ᠎ᠠ ᠴᠠᠩᠬᠡᠯᠳᠤ ᠲᠡᠬᠦᠵᠤ ᠠᠮᠳᠠᠯᠠᠬᠤ᠂ ᠠᠮᠳᠠᠳᠤ  ᠢᠳᠡᠬᠡᠨ ᠢ ᠠᠮᠳᠠᠯᠠᠬᠤ᠂ ᠦᠨᠳᠦᠰᠦᠳᠡᠨ ᠤ ᠰᠤᠶᠤᠯ ᠤᠨ ᠲᠡᠯᠬᠡᠨ ᠦᠵᠡᠬᠦᠯᠦᠯᠬᠡ ᠵᠡᠷᠬᠡ ᠡᠯᠧᠮᠧᠨ᠋ᠲ ᠢ ᠨᠡᠬᠡᠬᠡᠨ  ᠬᠦᠭᠵᠢᠬᠦᠯᠵᠤ᠂ ᠢᠯᠡ ᠲᠤᠳᠤᠷᠬᠠᠢ ᠦᠪᠡᠷᠮᠢᠴᠡ ᠤᠨᠴᠠᠯᠢᠭ ᠲᠠᠢ ᠲᠦᠯᠦᠬᠡᠯᠡᠬᠦ ᠴᠢᠨᠡᠷᠳᠡᠢ ᠵᠤᠭᠠᠴᠠᠯ ᠰᠤᠶᠤᠯ ᠤᠨ  ᠲᠦᠷᠦᠯ ᠲᠡᠮᠳᠡᠭ ᠢ ᠡᠬᠦᠳᠦᠨ᠎ᠠ︔ ᠸᠠᠨ ᠳ᠋ᠠ ᠠᠭᠤᠳᠠᠮ ᠲᠠᠯᠠᠪᠠᠢ᠂ ᠡᠾᠧᠩ ᠱᠦ ᠵᠡᠬᠡᠯᠢ᠂ ᠠᠦ᠋ᠳ᠋ᠯᠠᠶᠢᠰᠧ ᠵᠡᠷᠬᠡ  ᠲᠦᠷᠦᠯ ᠵᠦᠢᠯ ᠳᠤ ᠲᠦᠰᠢᠭᠯᠡᠵᠤ᠂ ᠨᠡᠩ ᠦᠨᠳᠦᠷ ᠲᠡᠰ ᠤᠨ ᠰᠤᠶᠤᠯ ᠵᠤᠭᠠᠴᠠᠯ ᠤᠨ ᠶᠡᠷᠦᠩᠬᠡᠶᠢᠯᠡᠭᠰᠡᠨ ᠨᠠᠶᠢᠯᠠᠯ  ᠴᠤᠬᠴᠠ ᠶᠢ ᠨᠡᠬᠡᠬᠡᠨ ᠬᠦᠭᠵᠢᠬᠦᠯᠦᠨ᠎ᠠ᠃ ᠮᠡᠷᠬᠡᠨ ᠵᠤᠤ ᠶᠢᠨ ᠵᠤᠭᠠᠴᠠᠯ ᠤᠨ ᠦᠵᠡᠮᠵᠢ᠂ ᠴᠢᠨ ᠤ ᠠᠰᠬᠠᠨ ᠵᠠᠮ ᠤᠨ  ᠪᠠᠭᠤᠷᠢ ᠶᠢᠨ ᠴᠡᠴᠡᠷᠯᠢᠭ ᠵᠡᠷᠬᠡ ᠲᠦᠷᠦᠯ ᠵᠦᠢᠯ ᠳᠤ ᠲᠦᠰᠢᠭᠯᠡᠵᠤ᠂ ᠱᠠᠰᠢᠨ ᠰᠤᠷᠳᠠᠬᠤᠨ ᠤ ᠮᠦᠷᠬᠦᠯ ᠬᠢᠬᠦ᠂  ᠲᠡᠦᠬᠡ ᠰᠤᠶᠤᠯ ᠤᠨ ᠵᠤᠭᠠᠴᠠᠯ ᠤᠨ ᠲᠦᠷᠦᠯ ᠲᠡᠮᠳᠡᠭ ᠢ ᠡᠬᠦᠳᠦᠨ᠎ᠠ᠃ ᠭᠤᠷᠪᠠ᠂ ᠨᠢᠬᠡ ᠪᠦᠯᠦᠭ ᠦᠪᠡᠷᠮᠢᠴᠡ  ᠤᠨᠴᠠᠯᠢᠭᠳᠤ ᠰᠤᠶᠤᠯ ᠵᠤᠭᠠᠴᠠᠯ ᠤᠨ ᠦᠢᠯᠡᠳᠬᠦᠨ ᠢ ᠪᠤᠢ ᠪᠤᠯᠭᠠᠨ᠎ᠠ᠃ ᠪᠤᠭᠤ ᠶᠢᠨ ᠰᠤᠶᠤᠯ ᠤᠨ  ᠦᠢᠯᠡᠳᠪᠦᠷᠢᠯᠡᠯ ᠤᠨ ᠠᠵᠤ ᠠᠬᠤᠢᠢᠯᠠᠯ ᠤᠨ ᠦᠵᠡᠮᠵᠢ ᠶᠢᠨ ᠤᠷᠤᠨ ᠲᠡᠰᠢ ᠤᠨᠴᠠᠯᠢᠬᠳᠤ ᠪᠤᠭᠤ ᠶᠢᠨ ᠰᠤᠶᠤᠯ ᠤᠨ  ᠲᠤᠷᠠᠰᠬᠠᠯ ᠤᠨ ᠡᠳ᠋ ᠬᠠᠩᠭᠠᠬᠤ ᠶᠢ ᠢᠳᠡᠪᠬᠢᠳᠡᠢ ᠲᠦᠯᠬᠢᠨ ᠠᠬᠢᠭᠤᠯᠵᠤ᠂ ᠦᠨᠳᠦᠰᠦᠳᠡᠨ ᠤ ᠵᠠᠩ ᠦᠢᠯᠡ᠂  ᠦᠨᠳᠦᠰᠦᠳᠡᠨ ᠤ ᠭᠠᠷ ᠤᠷᠠᠯᠠᠯ ᠤᠨ ᠮᠡᠷᠬᠡᠵᠢᠯ ᠵᠡᠷᠬᠡ ᠪᠤᠳᠠᠰ ᠤᠨ ᠪᠤᠰᠤ ᠰᠤᠶᠤᠯ ᠤᠨ ᠦᠢᠯᠡᠳᠡᠭᠳᠡᠯ ᠤᠨ ᠡᠬᠢ  ᠪᠠᠶᠠᠯᠢᠭ ᠢ ᠵᠤᠭᠠᠴᠠᠯ ᠤᠨ ᠲᠦᠷᠦᠯ ᠵᠦᠢᠯ ᠪᠤᠯᠤᠨ ᠵᠤᠭᠠᠴᠠᠯ ᠤᠨ ᠦᠢᠯᠡᠳᠬᠦᠨ ᠳᠤ ᠠᠭᠤᠰᠬᠠᠵᠤ ᠤᠷᠤᠭᠤᠯᠬᠤ ᠶᠢ  ᠠᠬᠢᠭᠤᠯᠤᠨ᠎ᠠ᠃ ᠦᠵᠡᠮᠵᠢ ᠶᠢᠨ ᠤᠷᠤᠨ ᠤ ᠰᠤᠶᠤᠯ ᠤᠨ ᠠᠭᠤᠷ ᠠᠮᠢᠰᠬᠤᠯ ᠪᠤᠯᠤᠨ ᠰᠤᠶᠤᠯ ᠤᠨ ᠠᠭᠤᠯᠬᠤᠨ ᠢ  ᠪᠤᠢ ᠪᠤᠯᠭᠠᠬᠤ ᠶᠢ ᠦᠷᠬᠡᠳᠬᠡᠵᠤ᠂ ᠺᠢᠨᠣ᠋ ᠤᠷᠳᠤᠨ᠂ ᠵᠦᠴᠦᠬᠡ ᠶᠢᠨ ᠬᠦᠷᠢᠶᠡᠯᠡᠩ᠂ ᠨᠤᠮ ᠤᠨ ᠲᠡᠯᠬᠡᠬᠦᠷ᠂ ᠵᠢᠷᠤᠭ  ᠰᠡᠬᠦᠳᠡᠷ ᠤᠨ ᠠᠵᠢᠯᠯᠠᠬᠤ ᠦᠷᠦᠬᠡ᠂ ᠤᠷᠠᠯᠢᠭ ᠤᠨ ᠤᠷᠳᠤᠨ᠂ ᠭᠠᠷ ᠤᠷᠠᠯᠠᠯ ᠤᠨ ᠦᠢᠯᠡᠳᠬᠦᠨ᠂ ᠪᠦᠳᠦᠬᠡᠯᠴᠢ  ᠰᠠᠨᠠᠭ᠎ᠠ ᠲᠠᠢ ᠦᠢᠯᠡᠳᠬᠦᠨ ᠤ ᠲᠡᠯᠬᠡᠬᠦᠷ᠂ ᠰᠤᠶᠤᠯ ᠤᠨ ᠵᠤᠭ᠎ᠠ ᠰᠡᠯᠡᠬᠦᠴᠡᠯ ᠤᠨ ᠲᠠᠯᠠᠪᠠᠢ ᠵᠡᠷᠬᠡ ᠰᠤᠶᠤᠯ ᠤᠨ ᠠᠵᠤ  ᠦᠢᠯᠡᠰ ᠤᠨ ᠬᠡᠯᠪᠡᠷᠢ ᠶᠢ ᠶᠡᠬᠡᠪᠡᠷ ᠤᠷᠤᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶᠠᠵᠢᠯ ᠢ ᠤᠷᠳᠤᠳᠬᠠᠨ᠎ᠠ ᠃             ᠬᠦᠳᠦᠯᠦᠭᠴᠢ᠄ ᠵᠢᠦ ᠶᠣᠸᠠᠨ ᠲᠤᠭᠤᠷᠢᠭ ᠬᠡᠷᠬᠢᠨ ᠲᠦᠯᠦᠪᠵᠢᠬᠦᠯᠬᠡ ᠶᠢᠨ ᠪᠦᠳᠦᠬᠡᠨ ᠪᠠᠶᠢᠭᠤᠯᠤᠯᠳᠠ ᠪᠠᠨ  ᠴᠢᠩᠭᠠᠳᠬᠠᠵᠤ ᠰᠤᠶᠤᠯ ᠵᠤᠭᠠᠴᠠᠯ ᠤᠨ ᠬᠦᠭᠵᠢᠯᠳᠠ ᠶᠢ ᠠᠬᠢᠭᠤᠯᠬᠤ ᠪᠤᠢ︖             ᠸᠠᠩ ᠡᠾᠦ᠋ᠢ᠄ ᠲᠦᠯᠦᠪᠵᠢᠬᠦᠯᠬᠡ ᠶᠢ ᠤᠷᠢᠳᠡᠪᠡᠷ ᠬᠡᠷᠡᠭᠵᠢᠬᠦᠯᠬᠦ ᠶᠢ ᠪᠠᠷᠢᠮᠳᠠᠯᠠᠨ᠎ᠠ᠃ ᠵᠦᠷᠢᠶᠠᠴᠢᠯᠠᠨ᠂  ᠤᠨᠴᠠᠯᠢᠬᠵᠢᠨ᠂ ᠲᠠᠪᠠᠭᠤᠯᠢᠬᠵᠢᠨ ᠬᠦᠭᠵᠢᠬᠦ ᠰᠡᠳᠬᠢᠴᠡ ᠳᠤ ᠰᠠᠭᠤᠷᠢᠯᠠᠵᠤ᠂ ᠦᠨᠳᠦᠷ ᠵᠤᠬᠰᠤᠴᠠ ᠠᠴᠠ ︽ ᠵᠢᠦᠶᠤᠸᠠᠨ ᠲᠤᠭᠤᠷᠢᠭ ᠤᠨ ᠰᠤᠶᠤᠯ ᠵᠤᠭᠠᠴᠠᠯ ᠤᠨ ᠬᠦᠭᠵᠢᠯᠳᠠ ᠶᠢᠨ ᠶᠡᠷᠦᠩᠬᠡᠢ ᠲᠦᠯᠦᠪᠵᠢᠬᠦᠯᠬᠡ ︵2017  — 2025︶︾᠎ ᠶᠢ ᠨᠠᠶᠢᠷᠠᠭᠤᠯᠤᠨ ᠵᠤᠬᠢᠶᠠᠵᠤ᠂ ᠵᠤᠭᠠᠴᠠᠯ ᠤᠨ ᠦᠢᠯᠡᠰ ᠢᠶᠠᠷ ᠠᠵᠤ ᠠᠬᠤᠢ ᠨᠡᠶᠢᠬᠡᠮ ᠤᠨ  ᠵᠤᠬᠢᠴᠠᠩᠭᠤᠢ ᠬᠦᠭᠵᠢᠯᠳᠠ ᠶᠢ ᠲᠠᠶᠢᠴᠢᠯᠠᠬᠤ ᠪᠠ ᠠᠬᠢᠭᠤᠯᠤᠨ᠎ᠠ᠃ ᠪᠦᠬᠦ ᠬᠤᠳᠠ ᠶᠢᠨ ᠵᠤᠭᠠᠴᠠᠯ ᠤᠨ ᠪᠠᠶᠢᠯᠳᠤᠬᠤ  ᠪᠤᠳᠤᠯᠭ᠎ᠠ ᠶᠢᠨ ᠬᠦᠭᠵᠢᠯᠳᠠ ᠶᠢᠨ ᠪᠠᠶᠢᠷᠢᠯᠠᠭᠤᠯᠤᠯᠳᠠ ᠶᠢᠨ ᠲᠤᠭᠤᠷᠢᠨ ᠳᠤ᠂ ᠵᠢᠦᠶᠤᠸᠠᠨ ᠲᠤᠭᠤᠷᠢᠭ ᠤᠨ ᠦᠪ  ᠵᠤᠵᠠᠭᠠᠨ ᠲᠡᠦᠬᠡ ᠰᠤᠶᠤᠯ᠂ ᠦᠪᠡᠷᠮᠢᠴᠡ ᠵᠤᠭᠠᠴᠠᠯ ᠤᠨ ᠡᠬᠢ ᠪᠠᠶᠠᠯᠢᠭ ᠪᠤᠯᠤᠨ ᠤᠷᠤᠨ ᠪᠠᠶᠢᠷᠢ ᠶᠢᠨ  ᠨᠦᠬᠦᠴᠡᠯ ᠳᠤ ᠲᠦᠰᠢᠭᠯᠡᠵᠤ᠂ ᠪᠦᠬᠦ ᠤᠷᠤᠨ ᠪᠦᠰᠠ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠤᠨ  ᠬᠦᠭᠵᠢᠯᠳᠠ ᠶᠢᠨ ᠰᠡᠳᠬᠢᠴᠡ ᠳᠤ ᠰᠠᠭᠤᠷᠢᠯᠠᠵᠤ᠂ ᠰᠤᠶᠤᠯ᠂ ᠵᠤᠭᠠᠴᠠᠯ ᠤᠨ ᠠᠭᠤᠰᠤᠯᠴᠠᠨ ᠬᠦᠭᠵᠢᠬᠦ ᠶᠢ  ᠠᠬᠢᠭᠤᠯᠤᠨ᠂ ᠬᠤᠳᠠ ᠶᠢᠨ ᠵᠤᠭ᠎ᠠ ᠰᠡᠯᠡᠬᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠦᠵᠡᠮᠵᠢ ᠶᠢᠨ ᠵᠤᠭᠠᠴᠠᠯ᠂  ᠠᠭᠤᠯᠠ ᠲᠠᠭᠠᠤ ᠠᠮᠢ ᠠᠬᠤᠢ ᠶᠢᠨ ᠵᠤᠭᠠᠴᠠᠯ᠂ ᠭᠤᠤᠯ ᠲᠠᠭᠠᠤ ᠨᠤᠭᠤ ᠭᠠᠵᠠᠷ ᠤᠨ ᠵᠤᠭ᠎ᠠ ᠰᠡᠯᠡᠬᠦᠴᠡᠯ ᠤᠨ  ᠵᠤᠭᠠᠴᠠᠯ᠂ ᠤᠳᠤ ᠦᠶ᠎ᠠ ᠶᠢᠨ ᠬᠤᠳᠠ ᠶᠢᠨ ᠦᠵᠡᠮᠵᠢ ᠶᠢᠨ ᠵᠤᠭᠠᠴᠠᠯ᠂ ᠲᠡᠦᠬᠡ ᠶᠢᠨ ᠲᠤᠷᠠᠰᠬᠠᠯᠳᠤ ᠵᠦᠢᠯᠡᠰ  ᠡᠷᠳᠡᠨ ᠤ ᠦᠯᠡᠳᠡᠭᠳᠡᠯ ᠤᠨ ᠦᠵᠡᠮᠵᠢ ᠶᠢᠨ ᠵᠤᠭᠠᠴᠠᠯ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ  ᠲᠦᠬᠡᠮᠡᠯᠵᠢᠯᠳᠠ ᠶᠢᠨ ᠵᠤᠭᠠᠴᠠᠯ ᠵᠡᠷᠬᠡ ᠵᠢᠷᠭᠤᠭᠠᠨ ᠶᠡᠭᠡ ᠴᠢᠳᠡᠪᠬᠢᠳᠤ ᠤᠷᠤᠨ ᠢ ᠭᠤᠤᠯᠳᠠᠯᠭ᠎ᠠ ᠲᠠᠢ ᠬᠦᠭᠵᠢᠬᠦᠯᠵᠤ᠂ ᠢᠯᠡ ᠲᠤᠳᠤ ᠵᠤᠭᠠᠴᠠᠯ ᠤᠨ ᠲᠦᠷᠦᠯ ᠲᠡᠮᠳᠡᠭ ᠤᠨ ᠲᠦᠷᠢ ᠲᠦᠷᠬᠦ ᠶᠢ ᠱᠤᠭᠤᠵᠤ᠂ ᠵᠢᠦᠶᠤᠸᠠᠨ ᠲᠤᠭᠤᠷᠢᠭ ᠢ  ᠪᠤᠭᠤᠳᠤ ᠬᠤᠳᠠ ᠴᠢᠨᠠᠬᠰᠢᠯᠠᠨ ᠦᠪᠡᠷᠳᠡᠬᠡᠨ ᠵᠠᠰᠠᠬᠤ ᠤᠷᠤᠨ ᠤ ᠰᠤᠶᠤᠯ ᠵᠤᠭᠠᠴᠠᠯ ᠤᠨ ᠴᠢᠬᠤᠯᠠ ᠬᠠᠷᠠᠯᠳᠠᠳᠤ  ᠤᠷᠤᠨ ᠪᠤᠯᠭᠠᠨ ᠪᠦᠳᠦᠬᠡᠨ ᠪᠠᠶᠢᠭᠤᠯᠤᠨ᠎ᠠ᠃ ᠬᠤᠶᠠᠷ᠂ ᠢᠵᠢ ᠪᠦᠷᠢᠳᠦᠬᠦᠯᠦᠭᠰᠡᠨ ᠲᠤᠨᠤᠭ ᠲᠦᠬᠦᠬᠡᠷᠦᠮᠵᠢ ᠶᠢᠨ  ᠪᠦᠳᠦᠬᠡᠨ ᠪᠠᠶᠢᠭᠤᠯᠤᠯᠳᠠ ᠶᠢᠨ ᠲᠦᠪᠰᠢᠨ ᠢ ᠲᠡᠬᠡᠭᠰᠢᠯᠡᠬᠦᠯᠦᠨ᠎ᠠ᠃ ᠭᠤᠤᠯᠳᠠᠯᠭ᠎ᠠ ᠲᠠᠢ ᠦᠵᠡᠮᠵᠢ ᠶᠢᠨ ᠤᠷᠤᠨ ᠢ  ᠦᠬᠡᠷᠡᠴᠢᠯᠡᠨ ᠪᠠᠶᠢᠭᠤᠯᠵᠤ ᠲᠡᠰ ᠲᠡᠪᠰᠢᠬᠦᠯᠬᠦ ᠡᠷᠴᠢᠮ ᠢᠶᠠᠨ ᠴᠢᠩᠭᠠᠷᠠᠭᠤᠯᠵᠤ᠂ ᠰᠠᠶᠢᠬᠠᠨᠳᠠᠯ᠎ᠠ ᠬᠤᠳᠠ ᠶᠢᠨ  ᠲᠤᠮᠳᠠᠬᠢ ᠲᠠᠯ᠎ᠠ ᠨᠤᠳᠤᠭ᠂ ᠪᠤᠭᠤᠳᠤ ᠬᠤᠳᠠ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠤᠷᠳᠤᠨ᠂ ᠬᠠᠳᠤᠨ  ᠭᠤᠤᠯ ᠤᠨ ᠤᠩᠰᠢᠭᠤ ᠠᠷᠠᠳ ᠤᠨ ᠵᠠᠩ ᠦᠢᠯᠠ ᠶᠢᠨ ᠮᠦᠽᠸᠢ ᠶᠢᠨ ᠤᠷᠳᠤᠨ᠂ ᠮᠡᠷᠬᠡᠨ ᠪᠠᠶᠢᠭᠠᠯᠢ ᠶᠢᠨ ᠠᠮᠢ  ᠠᠬᠤᠢ ᠶᠢᠨ ᠦᠵᠡᠮᠵᠢ ᠶᠢᠨ ᠤᠷᠤᠨ ᠤ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠢᠳᠡᠪᠬᠢᠳᠡᠢ  ᠲᠦᠯᠬᠢᠨ ᠠᠬᠢᠭᠤᠯᠤᠨ᠎ᠠ᠃ ᠡᠯ᠎ᠡ ᠦᠵᠡᠮᠵᠢ ᠶᠢᠨ ᠤᠷᠤᠨ ᠤ ᠡᠬᠦᠳᠡ᠂ ᠲᠡᠷᠬᠡᠨ ᠵᠤᠬᠰᠤᠭᠠᠯ᠂ ᠵᠤᠭᠠᠴᠠᠬᠰᠠᠳ ᠲᠤ  ᠦᠢᠯᠡᠴᠢᠯᠡᠬᠦ ᠲᠦᠪ ᠪᠤᠯᠤᠨ ᠵᠤᠭᠠᠴᠠᠯ ᠤᠨ ᠵᠤᠷᠯᠤᠩ ᠤᠨ ᠪᠦᠳᠦᠬᠡᠨ ᠪᠠᠶᠢᠭᠤᠯᠤᠯᠳᠠ ᠶᠢ ᠡᠮᠬᠢ ᠲᠢᠭᠯᠢᠮ ᠲᠠᠢ  ᠬᠡᠷᠡᠭᠵᠢᠬᠦᠯᠵᠤ᠂ ᠵᠤᠭᠠᠴᠠᠯ ᠤᠨ ᠵᠠᠮᠴᠢᠯᠠᠬᠤ ᠵᠢᠷᠤᠭ᠂ ᠦᠵᠡᠮᠵᠢ ᠶᠢᠨ ᠲᠠᠨᠢᠯᠴᠠᠭᠤᠯᠭ᠎ᠠ ᠶᠢᠨ ᠫᠠᠶᠢᠰᠠ᠂  ᠵᠢᠭᠠᠯᠳᠠ ᠶᠢᠨ ᠫᠠᠶᠢᠰᠠ ᠲᠡᠮᠳᠡᠭ ᠵᠡᠷᠬᠡ ᠤᠯᠠᠨ ᠨᠠᠶᠢᠳᠠ ᠶᠢᠨ ᠮᠡᠳᠡᠭᠡ ᠵᠠᠩᠬᠢ ᠶᠢ ᠴᠢᠨᠠᠬᠰᠢᠳᠠ ᠲᠡᠬᠦᠯᠳᠡᠷᠵᠢᠬᠦᠯᠵᠤ᠂  ᠦᠵᠡᠮᠵᠢ ᠶᠢᠨ ᠤᠷᠤᠨ ᠤ ᠦᠢᠯᠡᠴᠢᠯᠡᠬᠦ ᠴᠢᠳᠡᠪᠬᠢ ᠶᠢ ᠴᠢᠨᠠᠬᠰᠢᠳᠠ ᠴᠢᠩᠭᠠᠳᠬᠠᠨ᠎ᠠ᠃               ᠬᠦᠳᠦᠯᠦᠭᠴᠢ᠄ ᠵᠢᠦ ᠶᠣᠸᠠᠨ ᠲᠤᠭᠤᠷᠢᠭ ᠨᠢ ᠬᠡᠷᠬᠢᠨ ᠪᠦᠬᠦ ᠤᠷᠤᠨ ᠪᠦᠰᠡ ᠶᠢᠨ ᠵᠤᠭᠠᠴᠠᠯ᠂ ᠲᠦᠷᠪᠡᠨ  ᠤᠯᠠᠷᠢᠯ ᠤᠨ ᠵᠤᠭᠠᠴᠠᠯ ᠢ ᠦᠷᠨᠢᠬᠦᠯᠬᠦ ᠪᠤᠢ︖             ᠸᠠᠩ ᠡᠾᠦ᠋ᠢ᠄ ᠨᠢᠬᠡ ᠳᠤ᠂ ᠪᠦᠬᠦ ᠤᠷᠤᠨ ᠪᠦᠰᠡ ᠶᠢᠨ ᠵᠤᠭᠠᠴᠠᠯ ᠢ ᠶᠡᠬᠡᠪᠡᠷ ᠬᠡᠷᠡᠭᠵᠢᠬᠦᠯᠦᠨ᠎ᠡ᠃  ᠵᠤᠭᠠᠴᠠᠯ ᠤᠨ ᠲᠦᠷᠦᠯ ᠲᠡᠮᠳᠡᠭ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ︽ᠵᠢᠦᠶᠤᠸᠠᠨ ᠤ ᠶᠢᠰᠦᠨ  ᠦᠵᠡᠮᠵᠢ︾᠎ ᠶᠢᠨ ᠲᠦᠷᠦᠯ ᠲᠡᠮᠳᠡᠭ ᠢ ᠬᠦᠴᠦᠯᠡᠨ ᠡᠬᠦᠳᠦᠨ᠎ᠠ᠃ ᠵᠤᠭᠠᠴᠠᠯ ᠤᠨ ᠠᠵᠤ ᠦᠢᠯᠡᠰ ᠤᠨ ᠬᠡᠯᠪᠡᠷᠢ ᠶᠢ  ᠪᠡᠶᠠᠯᠢᠭᠵᠢᠭᠤᠯᠤᠨ᠎ᠠ᠂ ᠲᠠᠷᠤᠢ᠄ ᠸᠠᠨ ᠳ᠋ᠠ ᠰᠢᠶᠤᠤ ᠪᠠᠢ ᠡᠾᠧ   ᠴᠡᠩᠬᠡᠯ ᠤᠨ ᠤᠷᠳᠤᠨ᠂ ᠬᠠᠳᠤᠨ ᠭᠤᠤᠯ ᠤᠨ  ᠤᠩᠰᠢᠭᠤ ᠠᠷᠠᠳ ᠤᠨ ᠵᠠᠩ ᠦᠢᠯᠡ ᠶᠢᠨ ᠮᠦᠽᠸᠢ ᠶᠢᠨ ᠤᠷᠳᠤᠨ᠂ ᠬᠠᠳᠤᠨ ᠭᠤᠤᠯ ᠤᠨ ᠬᠡᠷᠳᠤ ᠲᠡᠷᠬᠡ ᠶᠢᠨ  ᠴᠠᠶᠢᠵᠠ ᠵᠡᠷᠬᠡ ᠳᠤ ᠲᠦᠰᠢᠭᠯᠡᠭᠰᠡᠨ ᠬᠠᠳᠤᠨ ᠭᠤᠤᠯ ᠲᠠᠭᠠᠤ ᠶᠢᠨ ᠪᠠᠶᠠᠴᠢᠯᠠᠨ ᠤᠢᠢᠯᠠᠭᠠᠬᠤ ᠵᠤᠭᠠᠴᠠᠯ᠂  ᠰᠠᠶᠢᠬᠠᠨᠳᠠᠯ᠎ᠠ ᠬᠤᠳᠠ ᠶᠢᠨ ᠲᠤᠮᠳᠠᠬᠢ ᠲᠠᠯ᠎ᠠ ᠨᠤᠳᠤᠭ᠂ ᠸᠠᠨ ᠳ᠋ᠠ ᠶᠡᠷᠦᠩᠬᠡᠶᠢᠯᠡᠭᠰᠡᠨ ᠨᠡᠶᠢᠯᠡᠯ ᠴᠤᠬᠴᠠ᠂ ᠱᠠ ᡁᠢ  ᠴᠤᠸᠠᠨ ᠤ ᠶᠡᠷᠦᠩᠬᠡᠶᠢᠯᠡᠭᠰᠡᠨ ᠨᠠᠶᠢᠯᠠᠯ ᠴᠤᠬᠴᠠ᠂ ᠪᠤᠭᠤᠳᠤ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠤᠷᠳᠤᠨ᠂  ᠤᠯᠢᠮᠫᠢᠺ ᠤᠨ ᠲᠠᠮᠢᠷ ᠤᠨ ᠴᠤᠬᠯᠠᠭᠠᠨ ᠤ ᠲᠦᠪ᠂ ᠪᠤᠭᠤᠳᠤ ᠶᠢᠨ ᠲᠤᠮᠤ ᠵᠦᠴᠦᠬᠡ ᠶᠢᠨ ᠬᠦᠷᠢᠶᠡᠯᠡᠩ ᠵᠡᠷᠬᠡ ᠳᠤ  ᠲᠦᠰᠢᠭᠯᠡᠭᠰᠡᠨ ᠬᠤᠳᠠ ᠶᠢᠨ ᠵᠤᠭ᠎ᠠ ᠰᠡᠯᠡᠬᠦᠴᠡᠯ ᠤᠨ ᠵᠤᠭᠠᠴᠠᠯ︔ ᠬᠠᠯᠠᠭᠤᠨ ᠷᠠᠰᠢᠶᠠᠨ ᠤ ᠪᠠᠭ᠎ᠠ ᠪᠠᠯᠭᠠᠰᠤ᠂ ᠵᠢᠦ  ᠯᠢ ᠬᠠᠯᠠᠭᠤᠨ ᠷᠠᠰᠢᠶᠠᠨ ᠵᠡᠷᠬᠡ ᠳᠤ ᠲᠦᠰᠢᠭᠯᠡᠭᠰᠡᠨ ᠬᠠᠯᠠᠭᠤᠨ ᠷᠠᠰᠢᠶᠠᠨ ᠤ ᠰᠤᠪᠢᠯᠠᠯ ᠤᠨ ᠵᠤᠭᠠᠴᠠᠯ︔ ︽ ᠲᠠᠷᠢᠶᠠᠴᠢᠨ ᠠᠶᠢᠯ ᠤᠨ ᠵᠤᠭᠠᠴᠠᠯ︾᠂ ︽ᠮᠠᠯᠴᠢᠨ ᠠᠶᠢᠯ ᠤᠨ ᠵᠤᠭᠠᠴᠠᠯ︾᠂ ︽ᠵᠢᠭᠠᠰᠤᠴᠢᠨ ᠠᠶᠢᠯ ᠤᠨ  ᠵᠤᠭᠠᠴᠠᠯ︾ ᠵᠡᠷᠬᠡ ᠳᠤ ᠲᠦᠰᠢᠭᠯᠡᠭᠰᠡᠨ ᠲᠠᠷᠢᠶᠠᠴᠢᠨ ᠠᠶᠢᠯ ᠤᠨ ᠠᠮᠳᠠᠳᠤ ᠢᠳᠡᠬᠡᠨ ᠤ ᠵᠤᠭᠠᠴᠠᠯ︔ ᠮᠡᠷᠬᠡᠨ  ᠪᠠᠶᠢᠭᠠᠯᠢ ᠶᠢᠨ ᠠᠮᠢ ᠠᠬᠤᠢ ᠶᠢᠨ ᠦᠵᠡᠮᠵᠢ ᠶᠢᠨ ᠤᠷᠤᠨ ᠵᠡᠷᠬᠡ ᠳᠤ ᠲᠦᠰᠢᠭᠯᠡᠭᠰᠡᠨ ᠠᠭᠤᠯᠠ ᠲᠠᠭᠠᠤ ᠵᠤᠭ᠎ᠠ  ᠰᠡᠯᠡᠬᠦᠴᠡᠯ ᠤᠨ ᠵᠤᠭᠠᠴᠠᠯ︔ ᠬᠤᠶᠠᠷ ᠬᠤᠳᠳᠤᠭ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠬᠡᠵᠢᠯ ᠤᠨ  ᠬᠦᠷᠢᠶᠡᠯᠡᠩ ᠲᠤᠭᠤᠷᠢᠭ᠂ ᠰᠢᠨ ᠪᠦ᠋ ᠰᠤᠯᠠ ᠲᠢᠩᠬᠢᠮ᠂ ᠵᠠᠩᠬᠢ ᠰᠢᠪᠠᠭᠤ ᠪᠠᠶ᠎ᠠ ᠰᠤᠪᠢᠯᠠᠬᠤ ᠡᠳ᠋ᠯᠡᠩ ᠵᠡᠷᠬᠡ ᠳᠤ  ᠲᠦᠰᠢᠭᠯᠡᠭᠰᠡᠨ ᠲᠠᠷᠢᠶᠠᠯᠠᠩ ᠤᠨ ᠦᠵᠡᠮᠵᠢ ᠶᠢ ᠪᠠᠶᠠᠴᠢᠯᠠᠨ ᠤᠢᠢᠯᠠᠭᠠᠬᠤ ᠵᠤᠭᠠᠴᠠᠯ︔ ᠭᠠᠯ ᠲᠠᠬᠢᠯᠭ᠎ᠠ᠂ ᠤᠪᠤᠭᠠᠨ  ᠲᠠᠬᠢᠯᠭ᠎ᠠ ᠵᠡᠷᠬᠡ ᠳᠤ ᠲᠦᠰᠢᠭᠯᠡᠭᠰᠡᠨ ᠠᠷᠠᠳ ᠤᠨ ᠵᠠᠩ ᠦᠢᠯᠡ ᠰᠤᠶᠤᠯ ᠵᠤᠭᠠᠴᠠᠯ︔ ᠮᠡᠷᠬᠡᠨ ᠵᠤᠤ ᠵᠡᠷᠬᠡ ᠳᠤ  ᠲᠦᠰᠢᠭᠯᠡᠭᠰᠡᠨ ᠱᠠᠰᠢᠨ ᠰᠤᠷᠳᠠᠬᠤᠨ ᠮᠦᠷᠬᠦᠯ ᠬᠢᠬᠦ ᠵᠤᠭᠠᠴᠠᠯ︔ ᠮᠠ ‍ᠤᠤᠢ ᠶᠢᠨ ᠬᠠᠭᠤᠴᠢᠨ ᠬᠤᠳᠠ᠂ ᠶᠠᠨ ᠵᠢᠶᠠ  ᠯᠢᠶᠠᠩ ᠵᠡᠷᠬᠡ ᠳᠤ ᠲᠦᠰᠢᠭᠯᠡᠭᠰᠡᠨ ᠲᠡᠦᠬᠡ ᠰᠤᠶᠤᠯ ᠤᠨ ᠵᠤᠭᠠᠴᠠᠯ ᠪᠤᠯᠤᠨ᠎ᠠ᠃ ᠮᠠᠨ ᠤ ᠲᠤᠭᠤᠷᠢᠭ ᠤᠨ  ᠵᠤᠭᠠᠴᠠᠯ ᠤᠨ ᠦᠢᠯᠡᠰ ᠤᠨ ᠴᠢᠨᠠᠷ ᠤᠨ ᠲᠠᠪᠠᠯᠳᠠ ᠶᠢ ᠪᠠᠶᠠᠯᠡᠬᠦᠯᠦᠨ᠎ᠠ᠃ ᠬᠤᠶᠠᠷ᠂ ᠲᠦᠷᠪᠡᠨ ᠤᠯᠠᠷᠢᠯ ᠤᠨ  ᠵᠤᠭᠠᠴᠠᠯ ᠢ ᠶᠡᠬᠡᠪᠡᠷ ᠬᠡᠷᠡᠭᠵᠢᠬᠦᠯᠦᠨ᠎ᠠ᠃ ᠵᠢᠦᠶᠤᠸᠠᠨ ᠲᠤᠭᠤᠷᠢᠭ ᠤᠨ ᠵᠤᠭᠠᠴᠠᠯ ᠤᠨ ᠡᠬᠢ ᠪᠠᠶᠠᠯᠢᠭ ᠢ ᠬᠦᠨᠵᠡᠬᠡᠢ  ᠨᠡᠬᠡᠬᠡᠨ ᠬᠦᠭᠵᠢᠬᠦᠯᠵᠤ᠂ ᠤᠯᠠᠮᠵᠢᠯᠠᠯᠳᠤ ᠤᠯᠠᠷᠢᠯ ᠤᠨ ᠴᠢᠨᠠᠷᠳᠠᠢ ᠵᠤᠭᠠᠴᠠᠯ ᠤᠨ ᠰᠠᠭᠠᠳ ᠬᠠᠷᠰᠢ ᠶᠢ ᠲᠠᠪᠠᠵᠤ᠂  ᠦᠪ ᠵᠤᠵᠠᠭᠠᠨ ᠲᠡᠦᠬᠡ᠂ ᠰᠤᠶᠤᠯ ᠢᠷᠬᠡᠨᠰᠢᠯ᠂ ᠪᠠᠶᠢᠭᠠᠯᠢ ᠶᠢᠨ ᠡᠬᠢ ᠪᠠᠶᠠᠯᠢᠭ ᠢᠶᠠᠨ ᠡᠷᠳᠡᠨᠢ ᠪᠤᠯᠭᠠᠨ  ᠬᠤᠪᠢᠷᠠᠭᠤᠯᠵᠤ᠂ ᠬᠠᠪᠤᠷ ᠴᠠᠭ ᠲᠤ ᠲᠦᠮᠨᠨ ᠮᠦ ᠶᠢᠨ ᠬᠤᠳᠠ ᠶᠢᠨ ᠲᠤᠮᠳᠠᠬᠢ ᠲᠠᠯ᠎ᠠ ᠨᠤᠳᠤᠭ ᠢᠶᠠᠷ ᠵᠤᠭᠠᠴᠠᠨ   ᠰᠡᠯᠡᠬᠦᠴᠡᠵᠤ ᠪᠤᠯᠬᠤ︔ ᠵᠤᠨ ᠤ ᠰᠠᠶᠢᠬᠠᠨ ᠤᠯᠠᠷᠢᠯ ᠳᠤ ᠬᠠᠭᠤᠴᠢᠨ ᠰᠦᠮ᠎ᠠ ᠬᠦᠬᠡ ᠠᠭᠤᠯᠠ ᠪᠠᠷ ᠲᠤᠭᠤᠷᠢᠨ  ᠰᠡᠷᠢᠬᠦᠴᠡᠵᠤ ᠪᠤᠯᠬᠤ︔ ᠨᠠᠮᠤᠷ ᠴᠠᠭ ᠡᠩ ᠦᠷᠬᠡᠨ ᠲᠠᠷᠢᠶᠠᠨ ᠭᠠᠵᠠᠷ ᠢᠶᠠᠷ ᠲᠤᠭᠤᠷᠢᠵᠤ ᠲᠡᠬᠦᠵᠤ ᠠᠮᠳᠠᠯᠠᠵᠤ  ᠪᠤᠯᠬᠤ︔ ᠡᠪᠦᠯ ᠤᠨ ᠤᠯᠠᠷᠢᠯ ᠳᠤ  ᠴᠡᠩᠬᠡᠯ ᠤᠨ ᠤᠷᠳᠤᠨ ᠢᠶᠠᠷ ᠶᠠᠪᠤᠵᠤ᠂ ᠴᠠᠰᠤ ᠮᠦᠰᠦᠨ ᠤ ᠲᠠᠮᠢᠷ ᠤᠨ  ᠬᠦᠳᠡᠯᠬᠡᠬᠡᠨ ᠤ ᠪᠠᠭ᠋ᠠᠷᠬᠠᠯ ᠲᠠᠢ ᠵᠢᠦᠶᠤᠸᠠᠨ ᠢ ᠪᠦᠳᠦᠬᠡᠨ ᠪᠠᠶᠢᠭᠤᠯᠤᠨ᠎ᠠ᠃ ᠭᠤᠷᠪᠠ ᠳᠤ᠂ ᠵᠤᠭᠠᠴᠠᠯ +  ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠬᠦᠯᠦᠨ᠎ᠠ᠃ ︽ᠵᠤᠭᠠᠴᠠᠯ +︾ ᠪᠤᠯᠤᠨ ︽+ ᠵᠤᠭᠠᠴᠠᠯ︾᠎ ᠤᠨ  ᠤᠢᠢᠯᠠᠭᠠᠬᠳᠠᠬᠤᠨ ᠢᠶᠠᠷ ᠵᠢᠯᠤᠭᠤᠳᠤᠭᠤᠯᠵᠤ᠂ ᠵᠤᠭᠠᠴᠠᠯ ᠤᠨ ᠠᠵᠤ ᠦᠢᠯᠠᠰ ᠤᠨ ᠰᠢᠨ᠎ᠠ ᠬᠡᠯᠪᠡᠷᠢ᠂ ᠰᠢᠨ᠎ᠠ  ᠦᠢᠯᠡᠳᠬᠦᠨ ᠢ ᠪᠤᠶᠢᠵᠢᠭᠤᠯᠵᠤ᠂ ᠰᠢᠨ᠎ᠠ ᠨᠡᠮᠡᠭᠳᠡᠯ ᠤᠨ ᠴᠡᠭ ᠢ ᠪᠤᠢ ᠪᠤᠯᠭᠠᠨ᠎ᠠ᠃ ︽ᠵᠤᠭᠠᠴᠠᠯ + ᠰᠤᠶᠤᠯ︾᠎ ᠤᠨ  ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ᠂ ᠪᠤᠭᠤᠳᠤ ᠶᠢᠨ ᠲᠤᠮᠤ ᠵᠦᠴᠦᠬᠡ ᠶᠢᠨ ᠬᠦᠷᠢᠶᠡᠯᠡᠩ᠂ ᠬᠤᠷᠠᠯ  ᠦᠵᠡᠰᠬᠦᠯᠡᠩ ᠤᠨ ᠲᠦᠪ ᠵᠢᠴᠢ ᠶᠠᠭ ᠪᠦᠳᠦᠬᠡᠨ ᠪᠠᠶᠢᠭᠤᠯᠬᠤ ᠪᠠᠷ ᠪᠠᠶᠢᠭ᠎ᠠ ᠪᠤᠭᠤᠳᠤ ᠬᠤᠳᠠ ᠶᠢᠨ ᠬᠤᠳᠠ ᠶᠢᠨ  ᠦᠵᠡᠰᠬᠦᠯᠡᠩ ᠤᠨ ᠤᠷᠳᠤᠨ ᠪᠤᠯᠤᠨ ᠮᠦᠽᠸᠢ ᠶᠢᠨ ᠤᠷᠳᠤᠨ᠂ ᠰᠤᠶᠤᠯ ᠤᠷᠠᠯᠢᠭ ᠤᠨ ᠲᠦᠪ ᠵᠡᠷᠬᠡ ᠲᠤᠮᠤ  ᠬᠡᠯᠪᠡᠷᠢ ᠶᠢᠨ ᠰᠤᠶᠤᠯ ᠤᠨ ᠴᠠᠶᠢᠵᠠ ᠶᠢ ᠬᠦᠢᠴᠡᠳ ᠠᠰᠢᠬᠯᠠᠵᠤ᠂ ᠰᠤᠶᠤᠯ ᠵᠤᠭᠠᠴᠠᠯ ᠤᠨ ᠦᠯᠡᠳᠬᠦᠨ ᠤ  ᠠᠭᠤᠯᠬᠤᠨ ᠪᠤᠯᠤᠨ ᠬᠡᠯᠪᠡᠷᠢ ᠶᠢ ᠪᠠᠶᠠᠯᠢᠬᠵᠢᠭᠤᠯᠵᠤ᠂ ᠵᠤᠭᠠᠴᠠᠯ ᠪᠤᠯᠤᠨ ᠰᠤᠶᠤᠯ ᠤᠨ ᠠᠵᠤ ᠦᠢᠯᠠᠰ ᠤᠨ  ᠬᠠᠷᠢᠯᠴᠠᠨ ᠠᠭᠤᠰᠤᠯᠴᠠᠬᠤ ᠶᠢ ᠴᠢᠩᠭᠠᠳᠬᠠᠨ᠎ᠠ᠃ ︽ᠵᠤᠭᠠᠴᠠᠯ + ᠪᠠᠶ᠎ᠠ ᠲᠠᠮᠢᠷ︾᠎ ᠤᠨ ᠪᠠᠶᠢᠯᠳᠤᠬᠤ ᠪᠤᠳᠤᠯᠭ᠎ᠠ ᠶᠢ  ᠬᠡᠷᠡᠭᠵᠢᠬᠦᠯᠵᠤ᠂ ᠰᠠᠶᠢᠬᠠᠨᠳᠠᠯ᠎ᠠ ᠬᠤᠳᠠ ᠶᠢᠨ ᠲᠤᠮᠳᠠᠬᠢ ᠲᠠᠯ᠎ᠠ ᠨᠤᠳᠤᠭ᠂ ᠤᠯᠢᠮᠫᠢᠺ ᠤᠨ ᠲᠠᠮᠢᠷ ᠤᠨ ᠲᠦᠪ ᠵᠢᠴᠢ  ᠶᠠᠭ ᠪᠦᠳᠦᠬᠡᠨ ᠪᠠᠶᠢᠭᠤᠯᠬᠤ ᠪᠠᠷ ᠪᠠᠶᠢᠭ᠎ᠠ ᠡᠪᠦᠯ ᠤᠨ ᠤᠯᠢᠮᠫᠢᠺ ᠤᠨ ᠲᠦᠪ ᠵᠡᠷᠬᠡ ᠲᠤᠮᠤ ᠬᠡᠯᠪᠡᠷᠢ ᠶᠢᠨ ᠪᠠᠶ᠎ᠠ  ᠲᠠᠮᠢᠷ ᠤᠨ ᠴᠠᠶᠢᠵᠠ ᠶᠢ ᠬᠦᠢᠴᠠᠳ ᠠᠰᠢᠬᠯᠠᠵᠤ᠂ ᠦᠷᠢᠰᠦᠯᠳᠦᠬᠡᠨ ᠤ ᠪᠠᠶ᠎ᠠ ᠲᠡᠮᠢᠷ᠂ ᠤᠯᠠᠨ ᠲᠦᠮᠡᠨᠴᠢ ᠪᠠᠶ᠎ᠠ  ᠲᠡᠮᠢᠷ ᠵᠢᠴᠢ ᠤᠨᠴᠠᠯᠢᠭᠳᠤ ᠪᠠᠶ᠎ᠠ ᠲᠠᠮᠢᠷ ᠤᠨ ᠰᠠᠭᠤᠷᠢᠨ ᠢ ᠪᠠᠶᠢᠭᠤᠯᠵᠤ᠂ ᠲᠤᠮᠳᠠᠳᠤ ᠤᠯᠤᠰ ᠤᠨ ᠬᠤᠳᠠ ᠶᠢᠨ ᠬᠦᠯ  ᠪᠦᠮᠪᠦᠭᠡ ᠶᠢᠨ ᠬᠠᠮᠳᠤᠷᠠᠬᠰᠨᠨ ᠤᠷᠤᠯᠳᠤᠭᠠᠨ᠂ ᠭᠠᠷᠠᠭ ᠤᠨ ᠰᠡᠬᠦᠯᠴᠢ ᠬᠠᠮᠳᠤᠪᠠᠷ ᠮᠤᠷᠳᠠᠬᠤ ᠵᠡᠷᠬᠡ ᠪᠠᠶ᠎ᠠ  ᠲᠡᠮᠢᠷ ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠤ᠂ ᠲᠠᠯᠳᠠ ᠬᠦᠴᠦᠨ ᠢᠶᠠᠷ ᠶᠡᠭᠡ᠂ ᠤᠷᠤᠯᠴᠠᠯᠭ᠎ᠠ ᠶᠢᠨ ᠴᠢᠨᠡᠷ ᠢᠶᠠᠷ  ᠴᠢᠩᠭ᠎ᠠ ᠤᠯᠠᠨ ᠲᠦᠮᠡᠨᠴᠢ ᠪᠡᠶ᠎ᠠ ᠲᠠᠮᠢᠷ ᠤᠨ ᠦᠷᠢᠰᠦᠯᠳᠦᠬᠡᠨ ᠪᠤᠯᠤᠨ ᠪᠡᠶ᠎ᠠ ᠴᠢᠬᠢᠷᠠᠬᠵᠢᠭᠤᠯᠬᠤ ᠵᠤᠭᠠᠴᠠᠯ ᠤᠨ  ᠦᠢᠯᠡᠳᠬᠦᠨ ᠢ ᠨᠡᠬᠡᠬᠡᠨ ᠬᠦᠭᠵᠢᠬᠦᠯᠬᠦ ᠶᠢ ᠲᠦᠷᠭᠡᠳᠭᠡᠵᠤ᠂ ᠦᠪᠡᠷ ᠲᠡᠭᠡᠨ ᠮᠠᠰᠢᠨ ᠵᠢᠯᠤᠭᠤᠳᠴᠤ ᠵᠤᠭᠠᠴᠠᠬᠤ ᠶᠢ  ᠢᠳᠡᠪᠬᠢᠳᠡᠢ ᠬᠦᠭᠵᠢᠬᠦᠯᠦᠨ᠎ᠠ᠃ ︽ᠵᠤᠭᠠᠴᠠᠯ + ᠤᠨᠴᠠᠯᠢᠬᠳᠤ ᠲᠠᠷᠢᠶᠠᠯᠠᠩ ᠮᠠᠯ ᠠᠵᠤ ᠠᠬᠤᠢ︾᠎ ᠶᠢᠨ  ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ᠂ ᠪᠦᠬᠦ ᠲᠤᠭᠤᠷᠢᠭ ᠤᠨ ᠠᠭᠤᠯᠠ ᠲᠠᠭᠠᠤ᠂ ᠭᠤᠤᠯ ᠲᠠᠭᠠᠤ᠂ ᠵᠠᠮ  ᠬᠠᠷᠢᠯᠴᠠᠭᠠᠨ ᠤ ᠭᠤᠤᠯ ᠱᠤᠭᠤᠮ ᠲᠠᠭᠠᠤ ᠦᠪᠡᠷᠮᠢᠴᠡ ᠤᠨᠴᠠᠯᠢᠬᠳᠤ ᠲᠠᠷᠢᠶᠠᠯᠠᠩ ᠮᠠᠯ ᠠᠵᠤ ᠠᠬᠤᠢ ᠶᠢᠨ ᠡᠬᠢ  ᠪᠠᠶᠠᠯᠢᠭ ᠢ ᠬᠦᠢᠴᠡᠳ ᠠᠰᠢᠬᠯᠠᠵᠤ᠂ ᠲᠤᠬᠠᠢ ᠶᠢᠨ ᠭᠠᠵᠠᠷ ᠲᠤ ᠪᠠᠨ ᠲᠤᠬᠢᠷᠠᠭᠤᠯᠵᠤ᠂ ᠲᠠᠷᠢᠶᠠᠯᠠᠩ ᠮᠠᠯ ᠠᠵᠤ  ᠠᠬᠤᠢ ᠶᠢᠨ ᠦᠵᠡᠮᠵᠢ ᠶᠢᠨ ᠵᠤᠭᠠᠴᠠᠯ ᠢ ᠬᠦᠭᠵᠢᠬᠦᠯᠵᠤ᠂ ᠤᠳᠤ ᠦᠶ᠎ᠠ ᠶᠢᠨ ᠬᠤᠳᠠ ᠶᠢᠨ ᠵᠤᠭ᠎ᠠ ᠰᠡᠯᠡᠬᠦᠴᠡᠯ ᠤᠨ  ᠲᠠᠷᠢᠶᠠᠯᠠᠩ ᠮᠠᠯ ᠠᠵᠤ ᠠᠬᠤᠢ ᠶᠢᠨ ᠰᠠᠭᠤᠷᠢᠨ ᠢ ᠡᠬᠦᠳᠴᠤ᠂ ᠨᠢᠬᠡ ᠪᠦᠯᠦᠭ ᠠᠮᠢ ᠠᠬᠤᠢ ᠶᠢᠨ ᠰᠤᠪᠢᠯᠠᠯᠳᠠ ᠶᠢᠨ  ᠪᠡᠶᠡᠴᠢᠯᠠᠨ ᠤᠢᠢᠯᠠᠭᠠᠬᠤ᠂ ᠵᠤᠰᠠᠯᠠᠩ ᠤᠨ ᠰᠤᠪᠢᠯᠠᠯᠳᠠ ᠶᠢᠨ ᠭᠠᠵᠠᠷ ᠢ ᠪᠦᠳᠦᠬᠡᠨ ᠪᠠᠶᠢᠭᠤᠯᠤᠨ᠎ᠠ᠃ ᠲᠦᠷᠪᠡ ᠳ᠋ᠤ᠋᠂  ᠵᠤᠭᠠᠴᠠᠯ ᠤᠨ ᠰᠤᠳᠤᠨ ᠱᠤᠭᠤᠮ ᠢ ᠡᠬᠦᠳᠤᠨ᠎ᠠ᠃ ᠪᠦᠬᠦ ᠲᠤᠭᠤᠷᠢᠭ ᠲᠤ ᠭᠤᠷᠪᠠᠨ ᠵᠤᠷᠪᠤᠰ ᠵᠤᠭᠠᠴᠠᠯ ᠤᠨ  ᠰᠤᠳᠤᠨ ᠱᠤᠭᠤᠮ ᠢ ᠭᠤᠤᠯᠳᠠᠯᠭ᠎ᠠ ᠲᠠᠢ ᠡᠬᠦᠰᠦᠨ᠎ᠠ᠄                 ᠰᠢᠨ᠎ᠠ ᠬᠤᠳᠠ ᠲᠤᠭᠤᠷᠢᠭ ᠤᠨ ᠵᠤᠭᠠᠴᠠᠯ ᠤᠨ ᠰᠤᠳᠤᠨ ᠱᠤᠭᠤᠮ ᠢ ᠡᠬᠦᠳᠤᠨ᠎ᠠ᠃ ᠪᠤᠳᠠᠳᠠᠢ ᠵᠠᠮ  ᠱᠤᠭᠤᠮ ᠬᠡᠪᠡᠯ᠄ ᠰᠠᠶᠢᠬᠠᠨᠳᠠᠯ᠎ᠠ ᠬᠤᠳᠠ ᠶᠢᠨ ᠲᠤᠮᠳᠠᠬᠢ ᠲᠠᠯ᠎ᠠ ᠨᠤᠳᠤᠭ — ᠤᠯᠢᠮᠫᠢᠺ ᠤᠨ ᠲᠠᠮᠢᠷ ᠤᠨ  ᠲᠦᠪ ᠶᠢᠨ ᠤᠢᠢᠷ᠎ᠠ ᠬᠠᠪᠢ ︵ᠲᠠᠮᠢᠷ ᠤᠨ ᠤᠷᠳᠤᠨ᠂ ᠲᠠᠮᠢᠷ ᠤᠨ ᠲᠠᠯᠠᠪᠠᠢ᠂ ᠬᠤᠷᠠᠯ ᠦᠵᠡᠰᠬᠦᠯᠡᠩ ᠤᠨ ᠲᠦᠪ  ᠵᠡᠷᠬᠡ ᠶᠢ ᠪᠠᠭᠳᠠᠭᠠᠨ᠎ᠠ︶ — ᠪᠤᠭᠤᠳᠤ ᠶᠢᠨ ᠲᠤᠮᠤ ᠵᠦᠴᠦᠬᠡ ᠵᠨ ᠬᠦᠷᠢᠶᠡᠯᠡᠩ — ᠪᠤᠭᠤᠳᠤ ᠶᠢᠨ ᠰᠢᠨᠵᠢᠯᠡᠬᠦ  ᠤᠬᠠᠭᠠᠨ ᠮᠡᠷᠬᠡᠵᠢᠯ ᠤᠨ ᠤᠷᠳᠤᠨ — ᠪᠤᠭᠤᠳᠤ ᠶᠢᠨ ᠪᠤᠭᠤ ᠶᠢᠨ ᠬᠦᠷᠢᠶᠡᠯᠡᠩ — ᠸᠠᠨ ᠳ᠋ᠠ ᠠᠭᠤᠳᠠᠮ  ᠲᠠᠯᠠᠪᠠᠢ — ᠡᠾᠧᠩ ᠱᠦ ᠵᠡᠬᠡᠯᠢ — ᠪᠤᠭᠤᠳᠤ ᠶᠢᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ  ᠬᠦᠷᠢᠶᠡᠯᠡᠩ ᠲᠤᠭᠤᠷᠢᠭ — ᠪᠤᠷᠮᠠᠨ ᠲᠠᠪᠤᠨ ᠤᠳᠤᠨ ᠲᠡᠰ ᠤᠨ ᠲᠤᠮᠤ ᠵᠤᠴᠢᠳ ᠤᠨ ᠪᠠᠭᠤᠳᠠᠯ ᠪᠤᠯᠤᠨ᠎ᠠ᠃  ᠬᠠᠳᠤᠨ ᠭᠤᠤᠯ ᠲᠠᠭᠠᠤ ᠵᠤᠭᠠᠴᠠᠯ ᠤᠨ ᠰᠤᠳᠤᠨ ᠱᠤᠭᠤᠮ ᠢ ᠡᠬᠦᠳᠦᠨ᠎ᠠ᠃ ᠪᠤᠳᠠᠳᠠᠢ ᠵᠠᠮ ᠱᠤᠭᠤᠮ ᠬᠡᠪᠡᠯ᠄ ᠮᠠ  ‍ᠤᠤᠢ ᠶᠢᠨ ᠬᠠᠭᠤᠴᠢᠨ ᠬᠤᠳᠠ ᠶᠢᠨ ᠪᠠᠭᠤᠷᠢ ᠵᠢᠴᠢ ᠤᠢᠢᠷ᠎ᠠ ᠬᠠᠪᠢ ︵ᠬᠠᠨ ᠤᠯᠤᠰ ᠤᠨ ᠦᠶ᠎ᠠ ᠶᠢᠨ ᠡᠷᠳᠡᠨ ᠤ  ᠤᠩᠭᠤᠨ ᠢ ᠪᠠᠭᠳᠠᠭᠠᠨ᠎ᠠ︶ — ᠶᠠᠨ ᠵᠢᠶᠠ ᠯᠢᠶᠠᠩ ᠤᠨ ᠶᠤᠸᠠᠨ ᠤᠯᠤᠰ ᠤᠨ ᠦᠶ᠎ᠠ ᠶᠢᠨ ᠪᠠᠭᠤᠷᠢ — ᠸᠠᠨ  ᠳ᠋ᠠ ᠰᠢᠶᠤᠤ ᠪᠠᠢ ᠡᠾᠧ  ᠴᠡᠩᠬᠡᠯ ᠤᠨ ᠤᠷᠳᠤᠨ ︵ᠡᠪᠤᠯ ᠤᠨ ᠤᠯᠢᠮᠫᠢᠺ ᠤᠨ ᠲᠦᠪ ᠵᠡᠷᠬᠡ︶ — ᠵᠢᠦ ᠯᠢ  ᠬᠠᠯᠠᠭᠤᠨ ᠷᠠᠰᠢᠶᠠᠨ — ᠬᠠᠳᠤᠨ ᠭᠤᠤᠯ ᠤᠨ ᠤᠩᠰᠢᠭᠤ ᠶᠢᠨ ᠦᠵᠡᠮᠵᠢ ᠶᠢᠨ ᠤᠷᠤᠨ — ᠬᠠᠳᠤᠨ  ᠭᠤᠤᠯ ᠤᠨ ᠬᠡᠷᠳᠤ ᠲᠡᠷᠬᠡ ᠶᠢᠨ ᠴᠠᠶᠢᠵᠠ — ᠵᠠᠩᠬᠢ ᠰᠢᠪᠠᠭᠤ ᠪᠡᠶ᠎ᠠ ᠰᠤᠪᠢᠯᠠᠬᠤ ᠡᠳ᠋ᠯᠡᠩ ᠤᠨ ᠦᠵᠡᠮᠵᠢ ᠶᠢᠨ  ᠤᠷᠤᠨ ︵ᠪᠦᠬᠦ ᠱᠤᠭᠤᠮ ᠢᠶᠠᠷ ᠢᠶᠠᠨ ᠵᠢᠭᠠᠰᠤᠴᠢᠨ ᠠᠶᠢᠯ ᠤᠨ ᠵᠤᠭᠠᠴᠠᠯ᠂ ᠲᠠᠷᠢᠶᠠᠴᠢᠨ ᠠᠶᠢᠯ ᠤᠨ ᠵᠤᠭᠠᠴᠠᠯ ᠤᠨ  45 ᠠᠶᠢᠯ ᠢᠶᠠᠷ ᠦᠩᠬᠡᠷᠡᠵᠤ ᠪᠤᠢ︶ ᠪᠤᠯᠤᠨ᠎ᠠ᠃ ᠠᠯᠠᠱᠠ ᠠᠭᠤᠯᠠ ᠲᠠᠭᠠᠤ ᠵᠤᠭᠠᠴᠠᠯ ᠤᠨ ᠰᠤᠳᠤᠨ ᠱᠤᠭᠤᠮ ᠢ  ᠡᠬᠦᠳᠦᠨ᠎ᠡ᠃ ᠪᠤᠳᠠᠳᠠᠢ ᠵᠠᠮ ᠱᠤᠭᠤᠮ ᠨᠢ᠄ ᠮᠡᠷᠬᠡᠨ ᠵᠤᠤ — ᠮᠡᠷᠬᠡᠨ ᠪᠠᠶᠢᠭᠠᠯᠢ ᠶᠢᠨ ᠠᠮᠢ ᠠᠬᠤᠢ ᠶᠢᠨ  ᠦᠵᠡᠮᠵᠢ ᠶᠢᠨ ᠤᠷᠤᠨ — ᠵᠢᠦᠶᠤᠸᠠᠨ ᠤ ᠪᠤᠬᠢᠷᠳᠤᠯ ᠦᠬᠡᠢ ᠢᠳᠡᠬᠡᠨ ᠢ ᠡᠳ᠋ᠰᠢᠬᠦᠯᠦᠨ ᠪᠤᠯᠪᠠᠰᠤᠷᠠᠭᠤᠯᠬᠤ ᠠᠵᠤ  ᠦᠢᠯᠡᠰ ᠤᠨ ᠬᠦᠷᠢᠶᠡᠯᠡᠩ ︵ᠪᠦᠬᠦ ᠱᠤᠭᠤᠮ ᠢᠶᠠᠷ ᠢᠶᠠᠨ 10 ᠮᠠᠯᠴᠢᠨ ᠠᠶᠢᠯ ᠵᠤᠭᠠᠴᠠᠯ ᠤᠨ ᠴᠢᠭ᠋ ᠢᠶᠠᠷ ᠦᠩᠬᠡᠷᠡᠵᠤ  ᠪᠤᠢ︶ ᠪᠤᠯᠤᠨ᠎ᠠ᠃      
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号