︽ᠵᠢᠦ ᠶᠤᠸᠠᠨ ᠲᠤᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ︾᠎ ᠶᠢ ᠲᠠᠷᠤᠮᠠᠯᠯᠠᠨ ᠶᠠᠪᠤᠭᠤᠯᠬᠤ ᠲᠤᠬᠠᠢ ᠵᠢᠦ ᠶᠣᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ 
ᠨᠡᠶᠢᠲᠡᠯᠡᠭᠰᠡᠨ ᠴᠠᠭ᠄
2018/3/21
                 ᠪᠣᠭᠤᠲᠤ ᠬᠤᠲᠠ ᠶᠢᠨ ᠵᠢᠦ ᠶᠣᠸᠠᠨ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ  ᠭᠡᠷ ᠤᠨ ᠲᠠᠷᠬᠠᠭᠠᠬᠰᠠᠨ ﹇2018﹈ 5 ᠨᠤᠮᠧᠷᠳᠤ ᠡᠯ᠎ᠠ ᠰᠤᠮᠤ ᠪᠠᠯᠭᠠᠰᠤ᠂ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠬ ᠤᠨ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠪᠠᠶᠢᠭᠤᠯᠤᠯᠭ᠎ᠠ ᠨᠢᠭᠡᠴᠢ᠂ ᠲᠤᠭᠤᠷᠢᠬ ᠲᠤ ᠰᠠᠭᠤᠭ᠎ᠠ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠢ᠄          ︽ᠵᠢᠦ ᠶᠤᠸᠠᠨ ᠲᠤᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ︾᠎ ᠶᠢ ᠲᠤᠭᠤᠷᠢᠭ ᠤᠨ ᠠᠷᠠᠳ ᠤᠨ ᠵᠠᠰᠠᠬ ᠤᠨ ᠤᠷᠳᠤᠨ ᠎ ᠢᠶᠠᠷ  ᠵᠦᠪᠰᠢᠶᠡᠷᠡᠭᠦᠯᠦᠬᠡᠳ᠂ ᠡᠳᠦᠬᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠤᠨ᠂  ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠳᠤᠭᠠᠢ᠃                            ᠵᠢᠦ ᠶᠣᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                    2018 ᠤᠨ ᠤ 1 ᠰᠠᠷ᠎ᠠ ᠶᠢᠨ 5 ᠎ ᠤ ᠡᠳᠤᠷ                                                         ᠵᠢᠦ ᠶᠤᠸᠠᠨ ᠲᠤᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ      ᠨᠢᠭᠡ᠂ ᠡᠯ᠎ᠡ ᠪᠠᠶᠢᠭᠤᠯᠭ᠎ᠠ ᠨᠢᠭᠡᠴᠡ  ᠶᠢᠨ ᠲᠤᠰᠢᠶᠠᠯ ᠬᠠᠷᠢᠭᠤᠴᠠᠯᠭ᠎ᠠ      ︵ᠨᠢᠭᠡ︶  ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠲᠤᠪᠴᠢᠶ᠎ᠠ     1. ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠪᠦᠬᠦ ᠲᠤᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠲᠦᠯᠦᠪᠵᠢᠭᠦᠯᠭᠡ ᠳᠤ ᠤᠷᠤᠭᠤᠯᠬᠤ ᠬᠡᠷᠡᠭᠲᠡᠢ᠃     2. ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠦᠪᠰᠢᠶᠡᠷᠡᠬᠦ ᠡᠷᠬᠡ ᠮᠡᠳᠡᠯ ᠤᠨ ᠬᠡᠪᠴᠢᠶᠡᠨ ᠤ ᠶᠤᠰᠤᠭᠠᠷ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠠᠵᠢᠯ ᠲᠦᠷᠦᠯ  ᠢ ᠬᠢᠨᠠᠨ ᠵᠦᠪᠰᠢᠶᠡᠷᠡᠬᠦ ᠬᠡᠷᠡᠭᠲᠡᠢ᠃     3. ᠢᠳᠡᠪᠬᠢᠲᠠᠢ ᠪᠠᠷ ᠲᠤᠯᠤᠭᠠᠶᠢᠯᠠᠵᠤ ᠤᠯᠤᠰ᠂ ᠥᠪᠡᠷᠲᠡᠭᠡᠨ ᠵᠠᠰᠠᠬᠤ ᠤᠷᠤᠨ ᠪᠠ ᠬᠤᠲᠠ ᠵᠢᠨ‌‍ᠬᠦ᠋ᠭᠵᠢᠭᠦᠯᠦᠯᠲᠡ ᠪᠠ ᠪᠠᠶᠢᠭᠤᠯᠤᠯᠲᠠ ᠶᠢᠨ ᠵᠦᠪᠯᠡᠯ ᠠᠴᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠰᠬᠠᠢ ᠨᠦᠬᠦᠪᠦᠷᠢ ᠮᠦᠩᠭᠦ ᠶᠢ ᠭᠤᠶᠤᠴᠢᠯᠠᠬᠤ ᠬᠡᠷᠡᠭᠲᠡᠢ᠃      ︵ᠬᠤᠶᠠᠷ︶ ᠰᠤᠷᠭᠠᠨ ᠬᠦᠮᠦᠵᠢᠯ ᠤᠨ ᠲᠤᠪᠴᠢᠶ᠎ᠠ     1. ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠤᠮᠳᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠤᠯᠪᠤᠭᠳᠠᠯ ᠪᠦᠬᠦᠢ ᠬᠠᠤᠯᠢ ᠳᠦᠷᠢᠮ ᠲᠥᠷᠥ ᠶᠢᠨ ᠪᠣᠳᠣᠯᠭ᠎ᠠ ᠶᠢᠨ ᠤᠬᠠᠭᠤᠯᠤᠯ  ᠪᠠ ᠵᠢᠭᠠᠨ ᠰᠤᠷᠭᠠᠯᠲᠠ ᠶᠢᠨ ᠬᠦᠳᠡᠯᠭᠡᠭᠡᠨ ᠢ ᠲᠦᠯᠦᠪᠯᠡᠭᠡ ᠲᠠᠢ ᠪᠠᠷ ᠵᠤᠬᠢᠶᠠᠨ  ᠪᠠᠶᠢᠭᠤᠯᠬᠤ ᠬᠡᠷᠡᠭᠲᠡᠢ᠃     2. ᠲᠤᠰ ᠰᠢᠰᠲ᠋ᠧᠮ ᠤᠨ ᠢᠶᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠᠶᠢᠭᠤᠯᠭ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠬᠦ᠂ ᠰᠢᠨᠡᠴᠢᠯᠡᠬᠦ᠂ ᠨᠡᠮᠡᠨ ᠵᠠᠰᠠᠬᠤ᠂ ᠳᠠᠬᠢᠨ ᠵᠠᠰᠠᠬᠤ ᠪᠤᠶᠤ ᠨᠤᠷᠠᠭᠠᠬᠤ ᠵᠡᠷᠭᠡ ᠤᠤᠯ ᠳᠦᠷᠢ ᠶᠢ ᠬᠤᠪᠢᠷᠠᠭᠤᠯᠬᠤ ᠠᠵᠢᠯ ᠢ ᠡᠷᠡᠰ ᠴᠠᠭᠠᠵᠢᠯᠠᠨ᠎ᠠ᠃     ︵ᠭᠤᠷᠪᠠ︶ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ     1. ᠡᠯ᠎ᠡ ᠱᠠᠰᠢᠨ ᠰᠤᠷᠲᠠᠬᠤᠨ ᠤ ᠬᠦᠳᠡᠯᠭᠡᠭᠡᠨ ᠤ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠢᠴᠢ ᠬᠠᠮᠢᠶᠠᠷᠤᠯᠲᠠ ᠶᠢᠨ ᠠᠵᠢᠯ ᠢ ᠵᠢᠯᠤᠭᠤᠳᠬᠤ  ᠪᠦᠭᠡᠳ ᠱᠠᠭᠠᠷᠳᠠᠬᠤ ᠶᠢ ᠬᠠᠷᠢᠭᠤᠴᠠᠵᠤ᠂ ᠬᠦᠳᠡᠯᠭᠡᠭᠡᠨ ᠤ ᠭᠠᠵᠠᠷ ᠤᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠠᠶᠢᠴᠠᠭᠠᠯᠲᠠ ᠶᠢ ᠦᠷᠨᠢᠭᠦᠯᠵᠦ᠂ ᠠᠶᠤᠯᠭᠦᠢ ᠪᠠᠶᠢᠬᠤ ᠶᠢ ᠪᠠᠲᠤᠯᠠᠬᠤ ᠬᠡᠷᠡᠭᠲᠡᠢ᠃     2.ᠱᠠᠰᠢᠨ ᠰᠤᠷᠲᠠᠬᠤᠨ ᠤ ᠬᠦᠳᠡᠯᠭᠡᠭᠡᠨ ᠤ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠤᠯᠪᠤᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠠᠤᠯᠢ ᠶᠤᠰᠤᠭᠠᠷ ᠮᠡᠳᠡᠭᠦᠯᠦᠨ ᠵᠦᠪᠰᠢᠶᠡᠷᠡᠭᠦᠯᠬᠦ ᠶᠢ ᠱᠠᠭᠠᠷᠳᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠢᠶᠠᠷᠠᠬᠤ ᠪᠠᠶᠢᠭᠤᠯᠭ᠎ᠠ ᠶᠢᠨ ᠵᠦᠪᠰᠢᠶᠡᠷᠡᠯ ᠦᠭᠡᠢ ᠪᠠᠷ ᠳᠤᠷᠠᠰᠬᠠᠯᠲᠤ ᠵᠦᠢᠯᠡᠰ ᠢ ᠡᠪᠳᠡᠬᠦ᠂ ᠬᠤᠪᠢᠷᠠᠭᠤᠯᠬᠤ᠂ ᠨᠡᠮᠡᠨ ᠵᠠᠰᠠᠬᠤ᠂ ᠳᠠᠬᠢᠨ ᠵᠠᠰᠠᠬᠤ ᠪᠤᠶᠤ ᠨᠤᠷᠠᠭᠠᠬᠤ ᠵᠡᠷᠭᠡ ᠤᠤᠯ ᠳᠦᠷᠢ ᠶᠢ ᠬᠤᠪᠢᠷᠠᠭᠤᠯᠬᠤ ᠠᠵᠢᠯ ᠶᠢ ᠡᠷᠡᠰ ᠴᠠᠭᠠᠵᠢᠯᠠᠨ᠎ᠠ᠃     3.ᠱᠠᠰᠢᠨ ᠰᠤᠷᠲᠠᠬᠤᠨ ᠤ ᠬᠦᠳᠡᠯᠭᠡᠭᠡᠨ ᠤ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶᠠᠷᠤᠯᠲᠠ ᠶᠢᠨ ᠳᠦᠷᠢᠮ ᠢ ᠲᠤᠭᠲᠠᠭᠠᠬᠤ ᠬᠡᠷᠡᠭᠲᠡᠢ᠃     ︵ᠳᠥᠷᠪᠡ  ︶ ᠠᠷᠠᠳ ᠤᠨ ᠶᠠᠪᠤᠳᠠᠯ ᠤᠨ ᠲᠤᠪᠴᠢᠶ᠎ᠠ     1.ᠬᠠᠷᠢᠶ᠎ᠠ ᠪᠠᠶᠢᠭᠤᠯᠭ᠎ᠠ ᠶᠢᠨ ᠤᠯᠤᠰ ᠤᠨ ᠬᠤᠯᠪᠤᠭᠳᠠᠯ ᠪᠦᠬᠦᠢ ᠳᠦᠷᠢᠮ ᠲᠤᠭᠲᠠᠭᠠᠯ ᠶᠣᠰᠣᠭᠠᠷ ᠨᠣᠮ ᠤᠨ ᠰᠠᠩ ᠪᠠ ᠮᠦᠽᠸᠢ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠳᠠᠭᠠᠯᠠᠬᠤ ᠬᠠᠮᠢᠶᠠᠷᠤᠯᠲᠠ ᠶᠢᠨ ᠳᠦᠷᠢᠮ ᠢ ᠲᠤᠭᠲᠠᠭᠠᠬᠤ ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠳᠠᠩᠰᠣᠯᠠᠭᠤᠯᠬᠤ ᠶᠢ ᠱᠠᠭᠠᠷᠳᠠᠬᠤ ᠬᠡᠷᠡᠭᠲᠡᠢ᠃     2.ᠬᠤᠪᠢᠰᠬᠠᠯ ᠤᠨ ᠬᠠᠭᠤᠴᠢᠨ ᠪᠠᠭᠤᠷᠢ ᠪᠤᠯᠤᠨ ᠲᠠᠭᠠᠯᠲᠠ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠬᠤ ᠠᠵᠢᠯ ᠢ ᠰᠠᠶᠢᠳᠤᠷ ᠬᠢᠵᠦ᠂ ᠡᠪᠳᠡᠬᠦ᠂ ᠬᠤᠪᠢᠷᠠᠭᠤᠯᠬᠤ᠂ ᠨᠡᠮᠡᠨ ᠵᠠᠰᠠᠬᠤ᠂ ᠳᠠᠬᠢᠨ ᠵᠠᠰᠠᠬᠤ ᠪᠤᠶᠤ ᠨᠤᠷᠠᠭᠠᠬᠤ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠤᠨ ᠤᠤᠯ ᠳᠦᠷᠢ ᠶᠢ ᠬᠤᠪᠢᠷᠠᠭᠤᠯᠬᠤ ᠠᠵᠢᠯ ᠶᠢ ᠬᠢᠵᠦ ᠪᠣᠯᠬᠤ ᠦᠭᠡᠢ᠃     ︵ᠲᠠᠪᠤ︶ ᠡᠳ᠋ ᠤᠨ ᠵᠠᠰᠠᠭ ᠤᠨ ᠲᠤᠪᠴᠢᠶ᠎ᠠ     1.ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠪᠠ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠤᠪᠴᠢᠶ᠎ᠠ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠰᠬᠠᠢ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠤᠷᠤᠭᠤᠯᠵᠤ᠂ ᠴᠠᠭ ᠲᠤᠬᠠᠢ ᠳᠤ ᠨᠢ ᠣᠯᠭᠤᠬᠤ ᠪᠠ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠬᠦ ᠶᠢ ᠳᠠᠭᠠᠯᠳᠤᠨ ᠵᠢᠯ ᠳᠠᠷᠠᠭᠠᠯᠠᠨ ᠨᠡᠮᠡᠭᠳᠡᠭᠦᠯᠬᠦ ᠶᠢ ᠬᠠᠷᠢᠭᠤᠴᠠᠨ᠎ᠠ᠃     2.ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠬᠤ ᠠᠵᠢᠯ ᠤᠨ ᠲᠤᠰᠬᠠᠢ ᠵᠠᠷᠤᠳᠠᠯ ᠤᠨ  ᠵᠠᠷᠤᠴᠠᠭᠤᠯᠤᠭᠰᠠᠨ ᠪᠠᠶᠢᠳᠠᠯ ᠢ ᠬᠠᠮᠢᠶᠠᠷᠤᠨ ᠬᠢᠨᠠᠨ᠎ᠠ᠃      ︵ᠵᠢᠷᠭᠤᠭ᠎ᠠ︶ ᠤᠷᠤᠨ ᠰᠠᠭᠤᠴᠠ ᠵᠠᠮ ᠬᠠᠷᠢᠯᠴᠠᠭᠠᠨ ᠤ ᠲᠤᠪᠴᠢᠶ᠎ᠠ     1.ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠪᠦᠬᠦ ᠲᠤᠭᠤᠷᠢᠭ ᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠦᠯᠦᠪᠵᠢᠭᠦᠯᠭᠡ ᠳᠤ ᠤᠷᠤᠭᠤᠯᠵᠤ᠂ ᠲᠦᠯᠦᠪᠵᠢᠭᠦᠯᠭᠡ ᠶᠢ ᠲᠤᠭᠲᠠᠭᠠᠬᠤ ᠶᠠᠪᠤᠴᠠ ᠳᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ   ᠬᠠᠮᠲᠤ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠶᠢᠨ ᠬᠠᠮᠠᠭᠠᠯᠠᠬᠤ  ᠪᠤᠳᠠᠲᠠᠢ ᠠᠭᠤᠯᠭ᠎ᠠ ᠶᠢ ᠬᠡᠯᠡᠯᠴᠡᠨ ᠲᠣᠭᠲᠠᠬᠤ ᠬᠡᠷᠡᠭᠲᠡᠢ᠃     2.ᠲᠡᠦᠬᠡ ᠰᠤᠶᠤᠯ ᠤᠨ ᠨᠡᠷᠡᠲᠦ ᠬᠤᠲᠠ ︵ᠪᠠᠯᠭᠠᠰᠤ᠂ ᠵᠡᠭᠡᠯᠢ᠂ ᠲᠤᠰᠬᠤᠨ︶᠎ ᠎ ᠢ ᠬᠠᠮᠠᠭᠠᠯᠠᠬᠤ ᠲᠦᠯᠦᠪᠵᠢᠭᠦᠯᠭᠡ ᠶᠢ ᠲᠣᠯᠤᠭᠠᠶᠢᠯᠠᠨ ᠨᠠᠶᠢᠷᠠᠭᠤᠯᠬᠤ ᠬᠡᠷᠡᠭᠲᠡᠢ᠃     3.ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠵᠢᠨ‌ᠬᠠᠮᠠᠭᠠᠯᠠᠬᠤ ᠬᠡᠪᠴᠢᠶᠡᠲᠡᠢ ᠪᠣᠶᠣ ᠪᠠᠶᠢᠭᠤᠯᠬᠤ ᠬᠡᠪᠴᠢᠶ᠎ᠡ ᠶᠢ ᠬᠢᠵᠠᠭᠠᠷᠯᠠᠬᠤ ᠭᠠᠵᠠᠷ ᠢ ᠰᠤᠩᠭᠤᠭᠰᠠᠨ ᠪᠣᠯ ᠪᠦᠲᠦᠭᠡᠨ ᠪᠠᠶᠢᠭᠤᠯᠬᠤ ᠲᠦᠰᠦᠯ ᠢ ᠬᠢᠨᠠᠨ ᠵᠦᠪᠰᠢᠶᠡᠷᠡᠬᠦ ᠳᠤ ᠡᠷᠬᠡᠪᠰᠢ  ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠦᠴᠢᠷ ᠤᠨ ᠰᠠᠨᠠᠯ ᠢ ᠰᠤᠨᠤᠰᠬᠤ ᠮᠦᠷᠲᠡᠭᠡᠨ ᠪᠦᠲᠦᠭᠡᠨ ᠪᠠᠶᠢᠭᠤᠯᠤᠯᠲᠠ ᠶᠢᠨ ᠲᠦᠰᠦᠯ ᠢ ᠬᠠᠮᠲᠤ ᠪᠠᠷ ᠬᠢᠨᠠᠨ ᠵᠦᠪᠯᠡᠵᠦ ᠲᠦᠰᠦᠪᠯᠡᠬᠦ ᠬᠡᠷᠡᠭᠲᠡᠢ᠃    4. ᠪᠠᠷᠢᠯᠭ᠎ᠠ ᠶᠢᠨ ᠶᠠᠪᠤᠴᠠ ᠳᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤ ᠢᠨᠵᠧᠨᠧᠷᠢᠭ ᠤᠨ ᠪᠠᠶᠢᠭᠤᠯᠤᠯᠲᠠ ᠶᠢᠨ ᠶᠠᠪᠤᠴᠠ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠬᠡᠯᠡᠯᠴᠡᠨ ᠲᠤᠭᠲᠠᠬᠤ ᠬᠡᠷᠡᠭᠲᠡᠢ᠃  ᠪᠠᠷᠢᠯᠭ᠎ᠠ ᠶᠢᠨ ᠬᠡᠪᠴᠢᠶᠡᠨ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠪᠤᠯᠠᠭᠳᠠᠬᠤ ᠪᠣᠯᠤᠮᠵᠢ ᠲᠠᠢ ᠤᠷᠤᠨ ᠳᠤ ᠬᠠᠭᠤᠴᠢ ᠰᠤᠳᠤᠯᠤᠭ᠎ᠠ᠂ ᠡᠷᠢᠯ ᠬᠠᠶᠢᠭᠤᠯ ᠪᠠ ᠮᠠᠯᠲᠠᠵᠤ ᠢᠯᠡᠷᠡᠭᠦᠯᠬᠦ ᠠᠵᠢᠯ ᠢ  ᠶᠠᠪᠤᠭᠳᠠᠭᠤᠯᠬᠤ ᠮᠦᠷᠲᠡᠭᠡᠨ ᠪᠦᠬᠦ ᠬᠡᠷᠡᠭᠯᠡᠭᠰᠡᠨ ᠵᠠᠷᠤᠳᠠᠯ ᠢᠶᠠᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠭ ᠤᠨ ᠲᠦᠰᠦᠪ  ᠳᠤ ᠤᠷᠤᠭᠤᠯᠬᠤ ᠬᠡᠷᠡᠭᠲᠡᠢ᠃ ᠪᠠᠷᠢᠯᠭ᠎ᠠ ᠶᠢᠨ ᠶᠠᠪᠤᠴᠠ ᠳᠤ ᠲᠡᠦᠬᠡ ᠶᠢᠨ ᠳᠤᠷᠠᠰᠬᠠᠯᠲᠤ ᠵᠦᠢᠯᠡᠰ ᠢ ᠢᠯᠡᠷᠡᠭᠦᠯᠦᠭᠰᠡᠨ ᠪᠣᠯ ᠴᠠᠭ ᠲᠤᠬᠠᠢ ᠳᠤ ᠨᠢ ᠬᠡᠷᠡᠭ ᠤᠨ ᠭᠠᠵᠠᠷ ᠢ ᠬᠠᠮᠠᠭᠠᠯᠠᠬᠤ ᠮᠦᠷᠲᠡᠭᠡᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠢᠶᠠᠷᠬᠤ ᠵᠠᠰᠠᠭ ᠵᠠᠬᠢᠷᠭᠠᠨ ᠤ ᠰᠠᠯᠠᠭ᠎ᠠ ᠮᠦᠴᠢᠷ ᠳᠤ ᠮᠡᠳᠡᠭᠦᠯᠵᠦ ᠵᠥᠪ ᠰᠢᠢᠳᠪᠦᠷᠢᠯᠡᠭᠦᠯᠬᠦ ᠬᠡᠷᠡᠭᠲᠡᠢ᠂ ᠪᠠᠷᠢᠯᠭ᠎ᠠ ᠶᠢᠨ ᠠᠵᠢᠯ ᠢᠶᠠᠨ ᠬᠦᠴᠦᠯᠡᠨ ᠶᠠᠪᠤᠭᠳᠠᠭᠤᠯᠵᠤ᠂ ᠳᠤᠷᠠᠰᠬᠠᠯᠲᠤ ᠵᠦᠢᠯᠡᠰ ᠢ ᠡᠪᠳᠡᠵᠦ ᠪᠣᠯᠬᠤ ᠦᠭᠡᠢ᠃      5.ᠵᠠᠮ ᠲᠡᠭᠡᠭᠡᠪᠦᠷᠢ ᠶᠢᠨ ᠪᠠᠶᠢᠭᠤᠯᠤᠯᠲᠠ ᠶᠢᠨ ᠶᠠᠪᠤᠴᠠ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠢ  ᠬᠠᠮᠠᠭᠠᠯᠠᠬᠤ ᠠᠵᠢᠯ ᠢ ᠬᠠᠷᠢᠭᠤᠴᠠᠨ᠎ᠠ᠃      ︵ᠳᠣᠯᠤᠭ᠎ᠠ︶ ᠤᠰᠤᠨ ᠤ ᠶᠠᠪᠤᠳᠠᠯ ᠤᠨ ᠲᠤᠪᠴᠢᠶ᠎ᠠᠤᠰᠤᠨ ᠠᠰᠢᠭᠯᠠᠯᠲᠠ ᠶᠢᠨ ᠪᠠᠶᠢᠭᠤᠯᠤᠯᠲᠠ ᠶᠢᠨ ᠶᠠᠪᠤᠴᠠ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ  ᠰᠠᠶᠢᠳᠤᠷ ᠬᠢᠬᠦ ᠶᠢ ᠬᠠᠷᠢᠭᠤᠴᠠᠨ᠎ᠠ᠃      ︵ᠨᠠᠢᠮᠠ︶ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠤᠪᠴᠢᠶ᠎ᠠ       1. ︽ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠵᠢᠴᠢ ᠬᠤᠯᠪᠤᠭᠳᠠᠯ ᠪᠦᠬᠦᠢ ᠬᠠᠤᠯᠢ ᠲᠤᠭᠲᠠᠭᠠᠯ ᠲᠥᠷᠦ ᠶᠢᠨ ᠪᠣᠳᠣᠯᠭ᠎ᠠ ᠶᠢ ᠲᠣᠣᠱᠯᠠᠭᠤᠯᠤᠨ ᠬᠡᠷᠡᠭᠵᠢᠭᠦᠯᠵᠦ᠂ ᠡᠯ᠎ᠡ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ  ᠨᠢᠭᠡᠴᠡ ᠶᠢᠨ ︽ᠳᠥᠷᠪᠡ ᠶᠢ ᠪᠦᠷᠢᠳᠦᠭᠦᠯᠬᠦ︾ ᠠᠵᠢᠯ ᠵᠢᠴᠢ ᠲᠤᠭᠤᠷᠢᠭ ᠤᠨ ᠨᠣᠮ ᠤᠨ ᠰᠠᠩ ᠪᠠ ᠮᠦᠽᠸᠢ ᠳᠤ ᠬᠠᠳᠠᠭᠠᠯᠠᠬᠤ ᠳᠤᠷᠠᠰᠬᠠᠯᠲᠤ ᠵᠦᠢᠯᠡᠰ ᠲᠤ  ᠳᠠᠩᠰᠠ ᠺᠠᠷᠲ ᠬᠢᠬᠦ ᠪᠠ ᠬᠠᠮᠢᠶᠠᠷᠤᠯᠲᠠ ᠬᠢᠬᠦ ᠠᠵᠢᠯ ᠢ ᠬᠠᠷᠢᠭᠤᠴᠠᠨ᠎ᠠ᠃      2.ᠲᠤᠭᠤᠷᠢᠭ ᠤᠨ ᠳᠡᠰ ᠤᠨ ᠠᠮᠤᠷ ᠲᠦᠪᠰᠢᠨ ᠤ ᠲᠤᠭᠤᠷᠢᠨ ᠪᠠᠶᠢᠴᠠᠭᠠᠯᠲᠠ ᠶᠢ ᠵᠤᠬᠢᠶᠠᠨ ᠪᠠᠶᠢᠭᠤᠯᠵᠤ᠂ ᠦᠪᠡᠷ ᠤᠨ ᠵᠠᠰᠠᠭ ᠵᠠᠬᠢᠷᠭᠠᠨ ᠤ ᠬᠡᠪᠴᠢᠶᠡᠨ ᠳᠠᠬᠢ ᠡᠯ᠎ᠡ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ‌‍ᠳᠤ ᠰᠠᠷ᠎ᠠ ᠪᠦᠷᠢ ᠬᠠᠮᠤᠭ ᠪᠠᠭ᠎ᠠ ᠳᠤ ᠪᠠᠨ ᠨᠢᠭᠡ ᠤᠳᠠᠭ᠎ᠠ ᠲᠤᠭᠤᠷᠢᠨ ᠪᠠᠶᠢᠴᠠᠭᠠᠯᠲᠠ ᠬᠢᠬᠦ ᠬᠡᠷᠡᠭᠲᠡᠢ᠃     3.ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯᠭᠦᠢ ᠤᠬᠠᠭᠤᠯᠭ᠎ᠠ ᠶᠢᠨ ᠠᠵᠢᠯ ᠢ ᠵᠤᠬᠢᠶᠠᠨ ᠪᠠᠶᠢᠭᠤᠯᠬᠤ ᠬᠡᠷᠡᠭᠲᠡᠢ᠃     4.ᠬᠠᠮᠢᠶ᠎ᠠ ᠪᠦᠬᠦᠢ ᠪᠠᠶᠢᠭᠤᠯᠭ᠎ᠠ ᠶᠢ ᠬᠠᠪᠰᠤᠷᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠎ ᠲᠠᠢ ᠬᠤᠯᠪᠤᠭᠳᠠᠭᠰᠠᠨ ᠬᠡᠷᠡᠭ ᠵᠠᠷᠭᠤ ᠪᠤᠶᠤ ᠠᠳᠡᠯ ᠣᠰᠤᠯ ᠢ ᠪᠠᠶᠢᠴᠠᠭᠠᠬᠤ᠂ ᠨᠣᠲᠠᠯᠠᠬᠤ᠂ ᠰᠢᠢᠳᠪᠦᠷᠢᠯᠡᠬᠦ  ᠠᠵᠢᠯ ᠢ ᠬᠢᠨ᠎ᠡ᠃     5.ᠰᠤᠮᠤ ᠪᠠᠯᠭᠠᠰᠤ᠂ ᠵᠡᠭᠡᠯᠢ ᠭᠤᠲᠤᠮᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠵᠢᠯᠣᠭᠤᠳᠤᠨ᠂ ᠳᠤᠷᠠᠰᠬᠠᠯᠲᠤ ᠵᠦᠢᠯ ᠪᠠᠶᠢᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠲᠤᠮᠵᠢ︶᠂ ᠭᠠᠴᠠᠭ᠎ᠠ ᠲᠤᠰᠬᠤᠨ ︵ᠨᠡᠶᠢᠭᠡᠮ ᠤᠨ ᠲᠤᠭᠤᠷᠢᠭ  ︶ ᠎ ᠤᠨ ᠬᠠᠤᠯᠢ ᠶᠤᠰᠤᠭᠠᠷ ᠲᠡᠦᠬᠡ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠷᠢᠭᠤᠴᠠᠯᠭ᠎ᠠ ᠪᠠᠨ ᠪᠡᠶᠡᠯᠡᠭᠦᠯᠬᠦ ᠶᠢ ᠳᠠᠶᠢᠴᠢᠯᠠᠬᠤ ᠮᠦᠷᠲᠡᠭᠡᠨ ᠱᠠᠭᠠᠷᠳᠠᠨ᠎ᠠ᠃     6. ︽ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾᠎ ᠠᠴᠠ ᠵᠦᠷᠢᠴᠡᠭᠡᠳ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠳᠤ ᠰᠢᠯᠵᠢᠭᠦᠯᠦᠨ ᠲᠤᠰᠢᠶᠠᠬᠤ ᠴᠢᠬᠤᠯᠠᠲᠠᠢ ᠠᠵᠢᠯᠯᠠᠭ᠎ᠠ ᠶᠢ ᠴᠠᠭ ᠲᠤᠬᠠᠢ ᠳᠤ ᠨᠢ ᠬᠡᠷᠡᠭ  ᠪᠣᠯᠭᠠᠨ ᠮᠡᠳᠡᠭᠦᠯᠬᠦ  ᠬᠡᠷᠡᠭᠲᠡᠢ᠃     7.ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢ ᠥᠪᠡᠷ ᠤᠨ ᠭᠠᠵᠠᠷ ᠤᠷᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠳᠤ ᠪᠠᠨ ᠤᠷᠤᠭᠤᠯᠬᠤ ᠬᠡᠷᠡᠭᠲᠡᠢ᠃ ᠬᠠᠷᠢᠭᠤᠴᠠᠯᠭ᠎ᠠ ᠪᠦᠬᠦᠢ ᠨᠢᠭᠡᠴᠡ ᠶᠢ ᠱᠠᠭᠠᠷᠳᠠᠨ ᠵᠢᠭᠤᠯᠴᠢᠳ ᠤᠨ ᠲᠤᠭ᠎ᠠ ᠶᠢ ᠬᠢᠵᠠᠭᠠᠷᠯᠠᠨ᠂ ᠵᠢᠭᠤᠯᠴᠢᠯᠠᠯ ᠤᠨ ᠤᠷᠤᠨ ᠤ  ᠳᠠᠭᠠᠭᠠᠴᠠ ᠠᠴᠠ ᠨᠢ ᠬᠡᠲᠦᠷᠡᠲᠡᠯ᠎ᠡ ᠬᠦᠯᠢᠶᠡᠨ ᠠᠪᠣᠭᠠᠳ᠂ ᠳᠤᠷᠠᠰᠬᠠᠯᠲᠤ ᠵᠦᠢᠯᠡᠰ ᠢ ᠡᠪᠳᠡᠯᠡᠬᠦ ᠶᠢ ᠰᠡᠷᠭᠡᠶᠢᠯᠡᠬᠦ ᠬᠡᠷᠡᠭᠲᠡᠢ᠃     8.ᠲᠤᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ  ᠤᠳᠤᠷᠢᠳᠬᠤ ᠳᠣᠭᠤᠶᠢᠯᠠᠩ ᠤᠨ ᠠᠯᠪᠠᠨ ᠭᠡᠷ ᠤᠨ ᠡᠳᠦᠷ ᠳᠣᠲᠣᠮ ᠤᠨ ᠠᠵᠢᠯ ᠢ  ᠰᠠᠶᠢᠳᠤᠷ ᠬᠢᠨ᠎ᠡ  ᠃      ︵ᠶᠢᠰᠦ︶ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ     1.ᠲᠡᠦᠬᠡ ᠶᠢᠨ ᠳᠤᠷᠠᠰᠬᠠᠯᠲᠤ ᠵᠦᠢᠯᠡᠰ ᠤᠨ ᠬᠤᠳᠠᠯᠳᠤᠭ᠎ᠠ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠢ ᠦᠨ᠎ᠡ ᠬᠠᠶᠠᠯᠴᠠᠭᠤᠯᠵᠤ ᠬᠤᠳᠠᠯᠳᠤᠬᠤ ᠠᠵᠤ ᠠᠬᠤᠶᠢᠯᠠᠯ ᠢ ᠬᠢᠨᠠᠨ ᠬᠠᠮᠢᠶᠠᠷᠴᠤ᠂᠂ ᠬᠠᠤᠯᠢ ᠪᠤᠰᠤ ᠪᠠᠷ ᠲᠡᠦᠬᠡ ᠶᠢᠨ ᠳᠤᠷᠠᠰᠬᠠᠯᠲᠤ ᠵᠦᠢᠯ ᠢ ᠠᠷᠠᠯᠵᠢᠶᠠᠯᠠᠨ ᠬᠤᠳᠠᠯᠳᠤᠬᠤ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠭᠡᠨ᠎ᠡ᠃     2.ᠬᠠᠤᠯᠢ ᠶᠤᠰᠤᠭᠠᠷ ᠡᠵᠡᠩᠨᠡᠯᠲᠡ ᠶᠢᠨ ᠪᠠᠲᠤᠯᠠᠪᠦᠷᠢ ᠪᠢᠴᠢᠭ ᠢ ᠬᠢᠨᠠᠨ ᠦᠨᠡᠮᠯᠡᠵᠦ ᠲᠠᠷᠬᠠᠭᠠᠬᠤ ᠬᠡᠷᠡᠭᠲᠡᠢ᠃     3.ᠬᠠᠤᠯᠢ ᠶᠤᠰᠤᠭᠠᠷ ᠬᠤᠷᠢᠶᠠᠨ ᠠᠪᠤᠭᠰᠠᠨ ᠪᠤᠶᠤ ᠨᠡᠬᠡᠮᠵᠢᠯᠡᠨ ᠬᠤᠷᠢᠶᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠳᠠᠩᠰᠠᠯᠠᠬᠤ ᠪᠦᠭᠡᠳ ᠲᠣᠬᠢᠷᠠᠭᠰᠠᠨ ᠬᠠᠳᠠᠭᠠᠯᠠᠬᠤ ᠭᠠᠵᠠᠷ ᠲᠤ ᠲᠤᠰᠢᠶᠠᠨ ᠬᠠᠮᠢᠶᠠᠷᠠᠭᠤᠯᠤᠨ᠎ᠠ᠃      ︵ᠠᠷᠪᠠ︶ ᠬᠤᠲᠠ ᠶᠢᠨ ᠬᠠᠤᠯᠢ ᠬᠡᠷᠡᠭᠵᠢᠭᠦᠯᠬᠦ ᠬᠤᠪᠢᠶᠠᠷᠢ ᠲᠤᠪᠴᠢᠶ᠎ᠠ      ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠡᠪᠳᠡᠭᠰᠡᠨ ᠪᠦᠭᠡᠳ ᠬᠤᠲᠠ ᠶᠢᠨ ᠶᠡᠷᠦᠩᠬᠡᠶᠢᠯᠡᠨ ᠬᠠᠤᠯᠢ  ᠬᠡᠷᠡᠭᠵᠢᠭᠦᠯᠦᠯᠲᠡ ᠳᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠢᠨᠠᠨ ᠪᠠᠶᠢᠴᠠᠭᠠᠵᠤ ᠰᠢᠢᠳᠭᠡᠨ᠎ᠡ᠃ ᠤᠨᠴᠠᠭᠠᠶᠢᠯᠠᠨ ᠬᠤᠯᠪᠤᠭᠳᠠᠯ ᠪᠦᠬᠦᠢ ᠭᠠᠵᠠᠷ ᠤᠷᠤᠨ ᠲᠠᠢ ᠬᠠᠮᠲᠤ ᠬᠢᠨᠠᠨ ᠵᠦᠪᠰᠢᠶᠡᠷᠡᠬᠦ ᠭᠠᠷ ᠭᠦᠢᠴᠡᠳᠭᠡᠯ ᠢ ᠪᠦᠷᠢᠳᠦᠭᠦᠯᠦᠭᠰᠡᠨ ᠦᠭᠡᠢ ᠪᠠᠷ ᠳᠠᠯᠳᠠᠭᠤᠷ ᠪᠠᠶᠢᠭᠤᠯᠤᠨ ᠳᠤᠷ᠎ᠠ ᠪᠠᠷ ᠪᠦᠲᠦᠭᠡᠬᠦ᠂ ᠳᠤᠷ᠎ᠠ ᠪᠠᠷ ᠤᠪᠤᠭᠠᠯᠠᠨ ᠳᠤᠷ᠎ᠠ ᠪᠠᠷ ᠬᠠᠶᠠᠬᠤ᠂ ᠰᠢᠷᠤᠢ ᠭᠠᠷᠭᠠᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠦᠭᠭᠦᠬᠦ ᠬᠡᠷᠡᠭᠲᠡᠢ᠃     ︵ᠠᠷᠪᠠᠨ ᠨᠢᠭᠡ︶ ᠣᠷᠴᠢᠨ ᠲᠤᠭᠤᠷᠢᠨ ᠢ ᠬᠠᠮᠠᠭᠠᠯᠠᠬᠤ ᠬᠤᠪᠢᠶᠠᠷᠢ ᠲᠤᠪᠴᠢᠶ᠎ᠠ      ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢ ᠣᠷᠴᠢᠨ ᠲᠤᠭᠤᠷᠢᠨ ᠢ ᠨᠦᠯᠦᠭᠡᠯᠡᠬᠦ ᠦᠨᠡᠯᠡᠯᠲᠡ ᠶᠢᠨ ᠴᠢᠬᠤᠯᠠ ᠠᠭᠤᠯᠭ᠎ᠠ ᠪᠣᠯᠭᠠᠬᠤ ᠪᠠ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠭᠰᠡᠨ ᠣᠷᠴᠢᠨ  ᠬᠠᠮᠠᠭᠠᠯᠠᠯᠲᠠ ᠶᠢᠨ ᠬᠠᠤᠯᠢ ᠪᠤᠰᠤ ᠠᠵᠢᠯᠯᠠᠭ᠎ᠠ ᠶᠢ ᠬᠢᠨᠠᠨ ᠪᠠᠶᠢᠴᠠᠭᠠᠵᠤ ᠰᠢᠳᠪᠦᠷᠢᠯᠠᠬᠦ ᠶᠢ ᠬᠠᠷᠢᠭᠤᠴᠠᠨ᠎ᠠ᠃     ︵ ᠠᠷᠪᠠᠨ ᠬᠤᠶᠠᠷ︶ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ     1. ᠲᠡᠦᠬᠡ ᠶᠢᠨ ᠳᠤᠷᠠᠰᠬᠠᠯᠲᠤ ᠵᠦᠢᠯᠡᠰ ᠢ ᠨᠢᠭᠤᠴᠠ ᠪᠠᠷ ᠮᠠᠯᠲᠠᠬᠤ᠂ ᠬᠤᠯᠠᠭᠠᠶᠢᠯᠠᠬᠤ᠂ ᠳᠠᠮᠯᠠᠨ ᠬᠤᠳᠠᠯᠳᠤᠬᠤ᠂ ᠬᠢᠯᠢ ᠵᠤᠪᠴᠢᠭᠤᠯᠬᠤ᠂ ᠡᠪᠳᠡᠬᠦ ᠵᠡᠷᠭᠡ ᠬᠠᠤᠯᠢ ᠪᠤᠰᠤ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠴᠣᠬᠢᠯᠲᠠ ᠥᠭᠬᠦ ᠠᠵᠢᠯ ᠢ ᠵᠤᠬᠢᠶᠠᠨ ᠪᠠᠶᠢᠭᠤᠯᠬᠤ᠂ ᠵᠢᠯᠤᠭᠤᠳᠤᠨ ᠲᠤᠬᠢᠷᠠᠭᠤᠯᠬᠤ᠂ ᠬᠢᠨᠠᠨ ᠭᠦᠢᠴᠡᠳᠭᠡᠬᠦ ᠶᠢ ᠬᠠᠷᠢᠭᠤᠴᠠᠨ᠎ᠠ᠃     2. ᠲᠡᠦᠬᠡ ᠶᠢᠨ ᠳᠤᠷᠠᠰᠬᠠᠯᠲᠤ  ᠵᠦᠢᠯᠡᠰ ᠤᠨ ᠪᠠᠶᠢᠭᠤᠯᠭ᠎ᠠ ᠶᠢᠨ ᠲᠤᠳᠤᠭᠠᠳᠤ ᠬᠠᠮᠠᠭᠠᠯᠠᠯᠲᠠ ᠶᠢᠨ ᠠᠵᠢᠯ ᠢ ᠵᠢᠯᠣᠭᠤᠳᠴᠤ  ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠶᠢᠨ ᠡᠷᠭᠢᠨ ᠲᠤᠭᠤᠷᠢᠨ ᠤ  ᠠᠮᠤᠷ ᠲᠦᠪᠰᠢᠨ ᠢ ᠴᠡᠭᠴᠡᠯᠡᠨ ᠪᠠᠲᠤᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠵᠦ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠠᠴᠠ ᠵᠦᠷᠢᠴᠡᠭᠰᠡᠨ ᠠᠵᠢᠯᠯᠠᠭ᠎ᠠ ᠳᠤ ᠬᠠᠤᠯᠢ ᠶᠤᠰᠤᠭᠠᠷ  ᠨᠡᠶᠢᠭᠡᠮ ᠤᠨ ᠠᠮᠤᠷ ᠲᠦᠪᠰᠢᠨ ᠢ ᠡᠪᠳᠡᠭᠰᠡᠨ ᠰᠢᠢᠳᠭᠡᠯ ᠥᠭᠭᠦᠨ᠎ᠡ᠃     3.ᠭᠠᠯ ᠰᠡᠷᠭᠡᠶᠢᠯᠡᠯᠲᠡ ᠶᠢᠨ ᠶᠡᠭᠡ ᠠᠩᠭᠢ ᠶᠢ ᠵᠢᠯᠣᠭᠤᠳᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠡ ᠶᠢᠨ ᠭᠠᠯ ᠤᠨ ᠠᠶᠤᠯ ᠎ ᠢ ᠰᠡᠷᠭᠡᠶᠢᠯᠡᠬᠦ ᠠᠵᠢᠯ ᠢ ᠰᠠᠶᠢᠳᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠡ ᠶᠢᠨ ᠭᠠᠯ ᠤᠨ ᠠᠶᠤᠯ ᠢ ᠰᠡᠷᠭᠡᠶᠢᠯᠡᠬᠦ ᠶᠠᠪᠤᠳᠠᠯ ᠳᠤ ᠵᠢᠯᠤᠭᠤᠳᠤᠯᠭ᠎ᠠ  ᠪᠠ ᠬᠢᠨᠠᠯᠲᠠ ᠲᠠᠯᠪᠢᠨ᠎ᠠ     4.ᠮᠠ ‍ᠤᠣᠢ ᠬᠠᠭᠤᠴᠢᠨ ᠬᠤᠲᠠ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠤᠨ ᠲᠠᠷᠬᠠᠯᠲᠠ ᠪᠠᠷ ᠨᠢᠭᠲᠠ ᠭᠠᠵᠠᠷ ᠤᠷᠤᠨ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠴᠠᠭᠳᠠᠭ᠎ᠠ ᠶᠢᠨ ᠠᠵᠢᠯ ᠤᠨ ᠦᠷᠦᠬᠡ ᠪᠠᠶᠢᠭᠤᠯᠬᠤ ᠬᠡᠷᠡᠭᠲᠡᠢ᠃      ︵ᠠᠷᠪᠠᠨ ᠭᠤᠷᠪᠠ︶ ᠤᠯᠤᠰ ᠤᠨ ᠭᠠᠵᠠᠷ ᠰᠢᠷᠤᠢ ᠶᠢᠨ ᠬᠤᠪᠢᠶᠠᠷᠢ ᠲᠤᠪᠴᠢᠶ᠎ᠠ      1.ᠭᠠᠵᠠᠷ ᠰᠢᠷᠤᠢ ᠶᠢᠨ ᠠᠰᠢᠭᠯᠠᠯᠲᠠ᠂ ᠭᠠᠵᠠᠷ ᠰᠢᠨᠵᠢᠯᠠᠭᠡᠨ ᠤ ᠴᠡᠴᠡᠷᠯᠢᠭ ᠪᠠᠶᠢᠭᠤᠯᠬᠤ ᠪᠠ ᠠᠭᠤᠷᠬᠠᠢ ᠶᠢᠨ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠶᠢ ᠬᠢᠨᠠᠨ ᠵᠥᠪᠰᠢᠶᠡᠷᠡᠬᠦ ᠳᠡᠭᠡᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢ ᠬᠠᠷᠢᠭᠤᠴᠠᠨ᠂ ᠳᠤᠷᠠᠰᠬᠠᠯᠲᠤ ᠵᠦᠢᠯᠡᠰ ᠢ ᠡᠪᠳᠡᠭᠰᠡᠨ ᠪᠦᠭᠡᠳ ᠭᠠᠵᠠᠷ ᠰᠢᠷᠤᠢ ᠶᠢᠨ ᠠᠰᠢᠭᠯᠠᠯᠲᠠ ᠪᠠ ᠠᠭᠤᠷᠬᠠᠢ ᠶᠢᠨ ᠡᠬᠢ ᠰᠤᠷᠪᠤᠯᠵᠢ ᠶᠢᠨ ᠨᠡᠭᠡᠭᠡᠯᠲᠡ ᠲᠠᠢ ᠬᠤᠯᠪᠣᠭᠳᠠᠭᠰᠠᠨ ᠬᠠᠤᠯᠢ ᠪᠤᠰᠤ ᠠᠵᠢᠯᠯᠠᠭ᠎ᠠ ᠶᠢ ᠬᠢᠨᠠᠨ ᠪᠠᠶᠢᠴᠠᠭᠠᠵᠤ  ᠰᠢᠢᠳᠭᠡᠨ᠎ᠡ  ᠃      2.ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠨᠠᠨ ᠵᠦᠪᠰᠢᠶᠡᠷᠡᠯᠲᠡ ᠶᠢᠨ ᠴᠢᠬᠤᠯᠠ ᠠᠭᠤᠯᠭ᠎ᠠ ᠳᠤ ᠤᠷᠤᠭᠤᠯᠬᠤ ᠬᠡᠷᠡᠭᠲᠡᠢ᠃      3.ᠲᠡᠦᠬᠡ ᠶᠢᠨ ᠳᠤᠷᠠᠰᠬᠠᠯᠲᠤ ᠵᠦᠢᠯ ᠲᠠᠢ ᠬᠤᠯᠪᠤᠭᠳᠠᠭᠰᠠᠨ ᠪᠦᠲᠦᠭᠡᠨ ᠪᠠᠶᠢᠭᠤᠯᠤᠯᠲᠠ ᠶᠢᠨ ᠭᠠᠵᠠᠷ ᠢ ᠬᠢᠨᠠᠨ ᠵᠦᠪᠰᠢᠶᠡᠷᠡᠬᠦ ᠳᠤ᠂ ᠤᠷᠢᠳ ᠢᠶᠠᠷ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠶᠢᠨ ᠰᠠᠨᠠᠯ ᠢ ᠰᠤᠨᠤᠰᠴᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠶᠢ ᠨᠢ ᠬᠤᠯᠪᠤᠭᠳᠠᠯ ᠪᠦᠬᠦᠢ  ᠪᠢᠴᠢᠭ ᠪᠠᠷᠢᠮᠳᠠ ᠶᠢ ᠭᠦᠢᠴᠡᠳᠭᠡᠵᠦ ᠥᠭᠬᠦ ᠦᠭᠡᠢ᠃      ︵ᠠᠷᠪᠠᠨ ᠳᠥᠷᠪᠡ︶ ᠪᠣᠰᠣᠳ ᠪᠠᠶᠢᠭᠤᠯᠭ᠎ᠠ᠂ ᠨᠢᠭᠡᠴᠡ ᠥᠪᠡᠷ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠤᠯᠢ ᠶᠤᠰᠤᠭᠠᠷ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ  ᠰᠠᠶᠢᠳᠤᠷ ᠪᠡᠶᠡᠯᠡᠭᠦᠯᠬᠦ ᠬᠡᠷᠡᠭᠲᠡᠢ᠃     ᠬᠤᠶᠠᠷ᠂ ᠰᠤᠮᠤ ᠪᠠᠯᠭᠠᠰᠤ᠂ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠤᠰᠢᠶᠠᠯ  ᠬᠠᠷᠢᠭᠤᠴᠠᠯᠭ᠎ᠠ      ᠰᠤᠮᠤ ᠪᠠᠯᠭᠠᠰᠤ᠂ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠪᠣᠯ ᠬᠠᠤᠯᠢ ᠶᠤᠰᠤᠭᠠᠷ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠭᠤᠣᠯᠴᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠤᠣᠯ ᠬᠠᠷᠢᠭᠤᠴᠠᠯᠭᠠᠲᠠᠨ ᠨᠢ ᠲᠣᠰ ᠵᠠᠰᠠᠭ ᠵᠠᠬᠢᠷᠭᠠᠨ ᠤ ᠤᠷᠤᠨ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠰᠢᠭᠤᠳ ᠬᠠᠷᠢᠭᠤᠴᠠᠯᠭ᠎ᠠ ᠡᠭᠦᠷᠭᠡᠯᠡᠵᠦ᠂ ᠪᠣᠰᠣᠳ ᠤᠳᠤᠷᠢᠳᠤᠯᠭ᠎ᠠ ᠨᠢ ᠥᠪᠡᠷ ᠤᠨ ᠬᠤᠪᠢᠶᠠᠨ ᠬᠠᠮᠢᠶᠠᠷᠬᠤ ᠠᠵᠢᠯ ᠤᠨ ᠳᠤᠲᠤᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃     ︵ᠨᠢᠭᠡ︶ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠥᠪᠡᠷ ᠤᠨ ᠭᠠᠵᠠᠷ ᠤᠷᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠲᠦᠯᠦᠪᠵᠢᠭᠦᠯᠭᠡ ᠪᠠ  ᠪᠦᠬᠦ ᠵᠢᠯ ᠤᠨ ᠠᠵᠢᠯ ᠤᠨ ᠲᠦᠯᠦᠪᠯᠡᠭᠡ ᠳᠤ ᠪᠠᠨ ᠤᠷᠤᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠭᠠᠵᠠᠷ ᠣᠷᠣᠨ ᠤ ᠨᠠᠮ ᠵᠠᠰᠠᠭ ᠤᠨ ᠴᠢᠬᠤᠯᠠ ᠵᠦᠪᠯᠡᠯᠭᠡᠨ ᠤ ᠠᠵᠢᠯᠯᠠᠬᠤ ᠬᠦᠲᠦᠯᠪᠦᠷᠢ ᠳᠤ ᠤᠷᠤᠭᠤᠯᠤᠨ ᠳᠤᠰᠬᠤᠨ ᠤ ᠳᠡᠰ ᠤᠨ ᠵᠤᠬᠢᠶᠠᠨ ᠪᠠᠶᠢᠭᠤᠯᠤᠯᠲᠠ ᠶᠢᠨ ᠰᠢᠯᠭᠠᠯᠲᠠ ᠶᠢᠨ ᠬᠠᠷᠠᠯᠲᠠ ᠳᠤ ᠤᠷᠤᠭᠤᠯᠬᠤ ᠬᠡᠷᠡᠭᠲᠡᠢ᠃ ᠭᠠᠵᠠᠷ ᠤᠷᠤᠨ ᠤᠯᠠᠷᠢᠯ ᠪᠣᠯᠭᠠᠨ ᠳᠤ ᠨᠢᠭᠡ ᠤᠳᠠᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠤᠨ᠂ ᠬᠠᠭᠠᠰ ᠵᠢᠯ ᠳᠤ ᠨᠢᠭᠡ ᠤᠳᠠᠭ᠎ᠠ ᠠᠵᠢᠯ ᠤᠨ ᠪᠠᠭ᠎ᠠ ᠳ᠋ᠦᠩᠨᠡᠯᠲᠡ ᠬᠢᠵᠦ᠂ ᠵᠢᠯ ᠪᠣᠯᠭᠠᠨ ᠨᠢᠭᠡ ᠤᠳᠠᠭ᠎ᠠ ᠠᠵᠢᠯ ᠤᠨ ᠳ᠋ᠦᠩᠨᠡᠯᠲᠡ ᠪᠠᠨ ᠳᠡᠭᠡᠷ᠎ᠡ ᠱᠠᠲᠤᠨ ᠳᠤ ᠮᠡᠳᠡᠭᠦᠯᠬᠦ ᠬᠡᠷᠡᠭᠲᠡᠢ᠃     ︵ᠬᠤᠶᠠᠷ︶ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ  ᠶᠢᠨ ︽ᠭᠤᠷᠪᠠ ᠪᠠᠶᠢᠬᠤ᠂ ᠭᠤᠷᠪᠠ ᠡᠴᠠ‌‍ᠰᠡᠷᠭᠡᠶᠢᠯᠡᠬᠦ︾ ︵ᠬᠦᠮᠦᠨ ᠲᠠᠢ ᠪᠠᠶᠢᠬᠤ᠂  ᠮᠦᠩᠭᠦ ᠲᠠᠢ ᠪᠠᠶᠢᠬᠤ᠂ ᠲᠦᠯᠦᠪᠯᠡᠭᠡ ᠲᠠᠢ ᠪᠠᠶᠢᠬᠤ᠂ ᠭᠠᠯ ᠠᠴᠠ ᠰᠡᠷᠭᠡᠶᠢᠯᠡᠬᠦ᠂ ᠬᠤᠯᠠᠭᠠᠢ ᠠᠴᠠ ᠰᠡᠷᠭᠡᠶᠢᠯᠡᠬᠦ᠂ ᠡᠪᠳᠡᠯᠭᠡ ᠠᠴᠠ ᠰᠡᠷᠭᠡᠶᠢᠯᠡᠬᠦ︶᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠬᠤᠯᠠ ᠲᠡᠦᠬᠡ ᠶᠢᠨ ᠳᠤᠷᠠᠰᠬᠠᠯᠲᠤ ᠵᠦᠢᠯᠡᠰ ᠎ ᠤᠨ ᠬᠠᠮᠠᠭᠠᠯᠠᠯᠲᠠ ᠶᠢᠨ ᠵᠠᠷᠤᠳᠠᠯ ᠤᠨ ᠤᠷᠤᠭᠤᠯᠤᠯᠲᠠ ᠶᠢ ᠪᠠᠲᠤᠯᠠᠬᠤ ᠬᠡᠷᠡᠭᠲᠡᠢ᠃      ︵ᠭᠤᠷᠪᠠ︶ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠᠶᠢᠭᠤᠯᠤᠮᠵᠢ ᠶᠢ ᠪᠠᠶᠢᠭᠤᠯᠤᠨ᠎ᠠ᠃ ᠰᠤᠮᠤ ᠪᠠᠯᠭᠠᠰᠤ ︵ᠵᠡᠭᠡᠯᠢ ᠭᠤᠲᠤᠮᠵᠢ︶᠎ ᠶᠢᠨ ᠶᠡᠷᠦᠩᠬᠡᠢ ᠰᠤᠶᠤᠯ ᠤᠨ ᠥᠷᠲᠡᠭᠡ ︵ᠶᠡᠷᠦᠩᠬᠡᠢ ᠰᠤᠶᠤᠯ ᠤᠨ ᠦᠢᠯᠡᠴᠢᠯᠡᠭᠡᠨ ᠤ ᠲᠥᠪ︶᠂ ᠶᠡᠷᠦᠩᠬᠡᠢ ᠬᠠᠤᠯᠢ ᠬᠡᠷᠡᠭᠵᠢᠭᠦᠯᠬᠦ ᠬᠦᠴᠦᠨ ᠪᠣᠯᠣᠨ ᠲᠤᠰᠬᠤᠨ ᠤ ︽ᠭᠤᠷᠪᠠᠨ ᠵᠦᠪᠯᠡᠯ︾᠎ ᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠢᠰᠲ᠋ᠧᠮ ᠳᠤ ᠤᠷᠤᠭᠤᠯᠵᠤ᠂ ᠶᠡᠷᠦᠩᠬᠡᠢ ᠬᠠᠤᠯᠢ ᠬᠡᠷᠡᠭᠵᠢᠭᠦᠯᠬᠦ ᠠᠵᠢᠯᠲᠠᠨ᠂ ᠪᠠᠯᠭᠠᠰᠤ ᠲᠤᠰᠬᠤᠨ ᠬᠤᠶᠠᠷ ᠳᠡᠰ ᠤᠨ ᠰᠤᠶᠤᠯ ᠤᠨ ᠠᠵᠢᠯᠲᠠᠨ ᠪᠣᠯᠣᠨ ᠲᠤᠰᠬᠤᠨ ᠤ ︽ᠭᠤᠷᠪᠠᠨ ᠵᠦᠪᠯᠡᠯ︾᠎ ᠤᠨ ᠠᠵᠢᠯᠲᠠᠨ ᠵᠡᠷᠭᠡ ᠶᠢ ᠨᠡᠶᠢᠯᠡᠭᠦᠯᠬᠦ ᠮᠡᠲᠦ ᠶᠢᠨ ᠤᠯᠠᠨ ᠠᠷᠭ᠎ᠠ ᠬᠡᠮᠵᠢᠶ᠎ᠡ ᠠᠪᠴᠤ ᠲᠡᠦᠬᠡ ᠎ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯᠲᠠᠨ᠂ ᠠᠶᠤᠯᠭᠦᠢ ᠶᠢ ᠬᠠᠪᠰᠤᠷᠤᠨ ᠬᠠᠮᠢᠶᠠᠷᠬᠤ ᠠᠵᠢᠯᠲᠠᠨ ᠢ ᠲᠤᠬᠢᠷᠠᠭᠤᠯᠤᠨ᠂ ᠡᠳᠦᠷ ᠳᠤᠲᠤᠮ ᠤᠨ ᠠᠮᠤᠷ ᠲᠦᠪᠰᠢᠨ ᠢ ᠪᠠᠶᠢᠴᠠᠭᠠᠬᠤ᠂ ᠳᠠᠯᠳᠠ ᠶᠢᠨ ᠠᠶᠤᠯ ᠪᠠᠶᠢᠴᠠᠭᠠᠵᠤ ᠴᠡᠭᠴᠡᠯᠡᠨ ᠵᠠᠰᠠᠬᠤ᠂ ᠬᠠᠤᠯᠢ ᠳᠦᠷᠢᠮ ᠢᠶᠠᠷ ᠤᠬᠠᠭᠤᠯᠤᠨ ᠵᠢᠯᠣᠭᠤᠳᠬᠤ  ᠵᠡᠷᠭᠡ ᠪᠤᠳᠠᠲᠠᠢ ᠡᠭᠦᠷᠭᠡ ᠶᠢ ᠬᠠᠷᠢᠭᠤᠴᠠᠨ᠎ᠠ᠃      ︵ᠳᠥᠷᠪᠡ︶ ᠪᠦᠲᠦᠭᠡᠨ ᠪᠠᠶᠢᠭᠤᠯᠬᠤ ᠪᠠᠷᠢᠯᠭ᠎ᠠ ᠶᠢᠨ ᠳᠤᠮᠳᠠ ᠲᠡᠦᠬᠡ ᠶᠢᠨ ᠳᠤᠷᠠᠰᠬᠠᠯᠲᠤ ᠵᠦᠢᠯᠡᠰ ᠢ ᠪᠠᠲᠤᠲᠠᠢ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠶᠢᠨ ᠬᠠᠮᠠᠭᠠᠯᠠᠬᠤ  ᠬᠡᠪᠴᠢᠶᠡᠨ ᠳᠠᠬᠢ ᠪᠣᠯᠣᠨ ᠪᠦᠲᠦᠭᠡᠨ ᠪᠠᠶᠢᠭᠤᠯᠬᠤ ᠬᠢᠵᠠᠭᠠᠷᠯᠠᠯ ᠲᠠᠢ ᠤᠷᠤᠨ ᠳᠠᠬᠢ ᠬᠠᠮᠠᠭᠠᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠯᠳᠠᠭᠤᠷ ᠪᠠᠷᠢᠨ ᠳᠤᠷ᠎ᠠ ᠪᠠᠷ ᠪᠦᠲᠦᠭᠡᠬᠦ᠂ ᠬᠠᠤᠯᠢ ᠪᠤᠰᠤ ᠪᠠᠷ ᠰᠢᠷᠤᠢ ᠭᠠᠷᠭᠠᠬᠤ᠂ ᠳᠤᠷ᠎ᠠ ᠪᠠᠷ ᠬᠠᠶᠠᠭᠳᠠᠮᠠᠯ ᠢᠶᠠᠨ ᠬᠠᠶᠠᠬᠤ᠂ ᠬᠤᠭ ᠨᠤᠪᠰᠢ ᠬᠤᠷᠢᠶᠠᠬᠤ ᠭᠠᠵᠠᠷ ᠪᠠᠶᠢᠭᠤᠯᠬᠤ ᠵᠡᠷᠭᠡ ᠶᠢ ᠡᠷᠡᠰ ᠴᠠᠭᠠᠵᠢᠯᠠᠨ᠎ᠠ᠃ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠦᠪᠰᠢᠶᠡᠷᠡᠬᠦ ᠭᠠᠷ ᠭᠦᠢᠴᠡᠳᠭᠡᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ  ᠬᠡᠷᠡᠭᠵᠢᠭᠦᠯᠬᠦ ᠳᠡᠭᠡᠨ ᠴᠢᠩᠭ᠎ᠠ᠂ ᠬᠠᠤᠯᠢ ᠳᠦᠷᠢᠮ ᠢ ᠵᠦᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠬᠠᠤᠯᠢ ᠳᠦᠷᠢᠮ ᠠᠴᠠ ᠵᠦᠷᠢᠴᠡᠭᠰᠡᠨ ᠪᠠᠷᠢᠯᠭ᠎ᠠ ᠶᠢᠨ ᠨᠡᠮᠡᠭᠳᠡᠯ ᠤᠨ ᠬᠡᠮᠵᠢᠶ᠎ᠡ ᠨᠢ ᠲᠡᠭ᠂  ᠬᠠᠳᠠᠭᠠᠯᠠᠭᠳᠠᠴᠠ ᠶᠢᠨ ᠬᠡᠮᠵᠢᠶ᠎ᠡ ᠶᠢ ᠳᠤᠷᠤᠭᠰᠢᠯᠠᠭᠤᠯᠬᠤ ᠶᠢ ᠰᠠᠶᠢᠳᠤᠷ ᠪᠡᠶᠡᠯᠡᠭᠦᠯᠬᠦ ᠬᠡᠷᠡᠭᠲᠡᠢ᠃      ︵ᠲᠠᠪᠤ︶ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠶᠢᠨ ᠡᠷᠭᠢᠨ ᠲᠤᠭᠤᠷᠢᠨ ᠢ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠡᠪᠴᠢᠶᠡᠨ ᠳᠣᠲᠣᠷ᠎ᠠ ᠳᠠᠯᠳᠠᠭᠤᠷ ᠪᠠᠷᠢᠨ ᠳᠤᠷ᠎ᠠ ᠪᠠᠷ ᠪᠦᠲᠦᠭᠡᠬᠦ᠂  ᠳᠤᠷ᠎ᠠ ᠪᠠᠷ ᠬᠠᠶᠠᠭᠳᠠᠮᠠᠯ ᠢᠶᠠᠨ ᠬᠠᠶᠠᠬᠤ᠂ ᠳᠠᠯᠳᠠᠭᠤᠷ ᠪᠤᠯᠠᠵᠤ ᠳᠤᠷ᠎ᠠ ᠪᠠᠷ ᠤᠷᠤᠰᠢᠭᠤᠯᠬᠤ᠂ ᠡᠯᠡᠰᠦ ᠶᠢ ᠮᠠᠯᠲᠠᠨ ᠰᠢᠷᠤᠢ ᠭᠠᠷᠭᠠᠬᠤ᠂ ᠡᠬᠢ ᠰᠣᠷᠪᠣᠯᠵᠢ ᠬᠠᠶᠢᠨ ᠠᠭᠤᠷᠬᠠᠢ ᠮᠠᠯᠲᠠᠬᠤ ᠵᠡᠷᠭᠡ ᠳᠤᠷᠠᠰᠬᠠᠯᠲᠤ ᠵᠦᠢᠯ ᠤᠨ ᠠᠶᠤᠯᠬᠦᠢ ᠶᠢ ᠰᠦᠷᠳᠡᠭᠦᠯᠦᠭᠰᠡᠨ ᠠᠵᠢᠯᠯᠠᠭ᠎ᠠ ᠶᠢ ᠵᠠᠰᠠᠨ ᠴᠡᠭᠴᠡᠯᠡᠨ᠎ᠡ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠶᠢᠨ ᠡᠷᠭᠢᠨ ᠲᠤᠭᠤᠷᠢᠨ ᠴᠡᠪᠡᠷ ᠴᠡᠭᠴᠡ ᠪᠠᠶᠢᠬᠤ ᠶᠢ ᠪᠠᠲᠤᠯᠠᠬᠤ ᠬᠡᠷᠡᠭᠲᠡᠢ᠃     ︵ᠵᠢᠷᠭᠤᠭ᠎ᠠ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠵᠦ᠂ ᠵᠣᠬᠢᠴᠠᠩᠭᠤᠢ ᠬᠠᠮᠵᠢᠯᠴᠠᠵᠤ᠂ ᠨᠡᠶᠢᠲᠡ ᠪᠠᠷ ᠰᠡᠷᠭᠡᠶᠢᠯᠡᠨ ᠨᠡᠶᠢᠲᠡ ᠪᠠᠷ ᠵᠠᠰᠠᠬᠤ ᠠᠵᠢᠯ ᠤᠨ ᠲᠤᠭᠲᠠᠯᠴᠠᠭ᠎ᠠ ᠶᠢ ᠪᠠᠶᠢᠭᠤᠯᠤᠨ᠂ ᠥᠪᠡᠷ ᠤᠨ ᠵᠠᠰᠠᠭ ᠵᠠᠬᠢᠷᠭᠠᠨ ᠤ ᠤᠷᠤᠨ ᠳᠠᠬᠢ ᠡᠯ᠎ᠡ  ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠳᠤ  ᠬᠡᠪ ᠤᠨ ᠴᠢᠨᠠᠷᠲᠠᠢ ᠲᠤᠭᠤᠷᠢᠨ ᠪᠠᠶᠢᠴᠠᠭᠠᠯᠲᠠ ᠶᠢ ᠬᠢᠵᠦ᠂ ᠪᠠᠯᠭᠠᠰᠤ ᠶᠢᠨ ᠰᠤᠶᠤᠯ ᠤᠨ ᠥᠷᠲᠡᠭᠡ᠂ ᠰᠤᠶᠤᠯ ᠤᠨ ᠬᠠᠮᠢᠶᠠᠷᠤᠯᠲᠠ ᠶᠢᠨ ᠠᠯᠪᠠᠨ ᠭᠡᠷ ᠪᠣᠯᠣᠨ ᠶᠡᠷᠦᠩᠬᠡᠢ ᠬᠠᠤᠯᠢ ᠬᠡᠷᠡᠭᠵᠢᠭᠦᠯᠦᠭᠴᠢ ᠭᠠᠷᠠᠭ ᠪᠦᠷᠢ ᠨᠢᠭᠡ ᠤᠳᠠᠭ᠎ᠠ ᠲᠤᠭᠤᠷᠢᠨ ᠪᠠᠶᠢᠴᠠᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠬᠤ ᠠᠵᠢᠯᠲᠠᠨ ᠡᠳᠦᠷ ᠪᠦᠷᠢ ᠬᠠᠮᠤᠭ ᠪᠠᠭ᠎ᠠ ᠳᠤ ᠪᠠᠨ ᠨᠢᠭᠡ ᠤᠳᠠᠭ᠎ᠠ ᠲᠤᠭᠤᠷᠢᠨ ᠪᠠᠶᠢᠴᠠᠭᠠᠬᠤ ᠬᠡᠷᠡᠭᠲᠡᠢ  ᠃      ︵ᠳᠣᠯᠤᠭ᠎ᠠ︶ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠭᠤᠯᠭ᠎ᠠ ᠪᠠ ᠬᠦᠮᠦᠵᠢᠯ ᠤᠨ ᠠᠵᠢᠯ ᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢ ᠠᠶᠢᠯ ᠪᠣᠯᠭᠠᠨ ᠳᠤ ᠮᠡᠳᠡᠭᠦᠯᠬᠦ ᠬᠡᠷᠡᠭᠲᠡᠢ᠃      ︵ᠨᠠᠢᠮᠠ︶ ᠲᠡᠦᠬᠡ ᠶᠢᠨ ᠳᠤᠷᠠᠰᠬᠠᠯᠲᠤ ᠵᠦᠢᠯᠡᠰ ᠶᠢ ᠬᠠᠮᠠᠭᠠᠯᠠᠬᠤ ᠨᠢᠭᠡᠴᠡ ᠪᠠᠶᠢᠭ᠎ᠠ ᠲᠤᠰᠬᠤᠨ ᠤ ᠠᠷᠠᠳ ᠤᠨ ᠵᠦᠪᠯᠡᠯ ᠳᠤ ᠨᠡᠶᠢᠲᠡ ᠪᠠᠷ ᠢᠶᠠᠨ ᠰᠡᠷᠭᠡᠶᠢᠯᠡᠨ ᠨᠡᠶᠢᠲᠡ ᠪᠠᠷ ᠢᠶᠠᠨ ᠬᠤᠷᠢᠭᠯᠠᠬᠤ ᠤᠷᠲᠤ ᠬᠤᠭᠤᠴᠠᠭᠠᠨ ᠤ ᠲᠤᠭᠲᠠᠯᠴᠠᠭ᠎ᠠ ᠪᠠᠶᠢᠭᠤᠯᠬᠤ ᠶᠢ ᠱᠠᠭᠠᠷᠳᠠᠵᠤ᠂ ᠣᠯᠠᠨ ᠨᠡᠶᠢᠲᠡ ᠶᠢᠨ ᠴᠢᠨᠠᠷᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠦᠷᠨᠢᠭᠦᠯᠬᠦ ᠬᠡᠷᠡᠭᠲᠡᠢ᠃      ︵ᠶᠢᠰᠦ︶ ᠬᠠᠷᠢᠶ᠎ᠠ ᠤᠷᠤᠨ ᠳᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠶᠤᠯᠭᠦᠢ ᠶᠢᠨ ᠭᠡᠨᠡᠳᠡᠯ ᠪᠣᠯᠣᠨ ᠬᠡᠷᠡᠭ ᠵᠠᠷᠭᠤ ᠡᠭᠦᠰᠪᠡᠯ ᠴᠠᠭ ᠲᠤᠬᠠᠢ ᠳᠤ ᠨᠢ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠳᠤ ᠬᠡᠷᠡᠭ  ᠪᠣᠯᠭᠠᠨ ᠮᠡᠳᠡᠭᠦᠯᠬᠦ ᠶᠢᠨ ᠬᠠᠮᠲᠤ ᠲᠤᠭᠤᠷᠢᠭ ᠤᠨ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠤᠪᠴᠢᠶ᠎ᠠ ᠳᠤ ᠴᠦ ᠬᠡᠷᠡᠭ ᠤᠨ ᠪᠠᠶᠢᠳᠠᠯ ᠢ ᠮᠡᠳᠡᠭᠳᠡᠬᠦ ᠬᠡᠷᠡᠭᠲᠡᠢ᠃      ︵ᠠᠷᠪᠠ︶ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠪᠣᠯᠣᠨ ᠬᠥᠳᠡᠯᠭᠡᠵᠦ ᠪᠣᠯᠬᠤ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠲᠤ ᠲᠤᠭᠤᠷᠢᠨ ᠪᠠᠶᠢᠴᠠᠭᠠᠯᠲᠠ ᠬᠢᠬᠦ ᠠᠭᠤᠯᠭ᠎ᠠ ᠎ ᠨᠢ ᠪᠦᠬᠦ ᠲᠠᠯ᠎ᠠ ᠶᠢ ᠬᠠᠮᠤᠷᠴᠤ᠂ ᠠᠳᠠᠭ ᠳᠠᠭᠠᠨ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ  ᠄      1. ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠰ ᠪᠡᠶ᠎ᠡ ᠶᠢᠨ ᠬᠠᠮᠠᠭᠠᠯᠠᠯᠲᠠ᠄ ᠵᠢᠷᠤᠵᠤ ᠰᠡᠶᠢᠯᠦᠭᠰᠡᠨ ᠶᠠᠪᠤᠳᠠᠯ ᠪᠠᠶᠢᠬᠤ ᠡᠰᠡᠬᠦ᠂ ᠳᠤᠷ᠎ᠠ ᠪᠠᠷ ᠬᠥᠳᠡᠯᠭᠡᠭᠰᠡᠨ᠂  ᠡᠪᠳᠡᠭᠰᠡᠨ᠂ ᠵᠠᠰᠠᠨ ᠰᠠᠶᠢᠵᠢᠷᠠᠭᠤᠯᠤᠭᠰᠠᠨ ᠶᠠᠪᠤᠳᠠᠯ ᠪᠠᠶᠢᠬᠤ ᠡᠰᠡᠬᠦ᠃      2.ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠶᠢᠨ ᠬᠡᠪᠴᠢᠶ᠎ᠡ ᠪᠣᠯᠣᠨ ᠪᠦᠲᠦᠭᠡᠨ ᠪᠠᠶᠢᠭᠤᠯᠬᠤ ᠶᠢ ᠬᠢᠵᠠᠭᠠᠷᠯᠠᠬᠤ ᠤᠷᠤᠨ ᠳᠠᠬᠢ ᠪᠠᠷᠢᠯᠭ᠎ᠠ ᠶᠢᠨ ᠢᠨᠵᠧᠨᠧᠷᠢᠭ᠄ ᠳᠤᠷ᠎ᠠ ᠪᠠᠷ ᠪᠠᠷᠢᠯᠭ᠎ᠠ ᠶᠢᠨ ᠠᠵᠢᠯ ᠢᠶᠠᠨ ᠡᠬᠢᠯᠡᠭᠦᠯᠡᠨ᠂ ᠳᠡᠯᠪᠡᠴᠡᠬᠦ᠂ ᠦᠷᠦᠮᠳᠡᠨ ᠬᠠᠶᠢᠬᠤ᠂ ᠠᠭᠤᠳᠠᠯᠠᠬᠤ᠂ ᠰᠢᠷᠤᠢ ᠭᠠᠷᠭᠠᠬᠤ ᠵᠡᠷᠭᠡ ᠠᠵᠢᠯᠯᠠᠭ᠎ᠠ  ᠪᠠᠶᠢᠬᠤ ᠡᠰᠡᠬᠦ᠃      3.ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠭ᠄ ᠬᠢᠨᠠᠨ ᠵᠦᠪᠰᠢᠶᠡᠷᠡᠭᠰᠡᠨ ᠲᠦᠰᠦᠯ ᠤᠨ ᠶᠤᠰᠤᠭᠠᠷ ᠬᠠᠮᠠᠭᠠᠯᠠᠬᠤ ᠠᠵᠢᠯ ᠢ ᠶᠠᠪᠤᠭᠳᠠᠭᠤᠯᠤᠨ ᠵᠠᠰᠠᠨ ᠰᠠᠶᠢᠵᠢᠷᠠᠭᠤᠯᠬᠤ᠂ ᠰᠢᠯᠵᠢᠭᠦᠯᠬᠦ᠂ ᠬᠦᠳᠡᠯᠭᠡᠵᠦ ᠳᠡᠶᠢᠯᠬᠦ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠳᠠᠬᠢᠨ ᠪᠠᠶᠢᠭᠤᠯᠬᠤ ᠪᠠᠷᠢᠯᠭ᠎ᠠ ᠶᠢᠨ ᠪᠠᠶᠢᠭᠤᠯᠤᠯᠭ᠎ᠠ ᠎ ᠨᠢ ᠵᠣᠬᠢᠴᠠᠬᠤ ᠬᠢᠷᠢ ᠴᠢᠳᠠᠪᠣᠷᠢ ᠪᠠᠶᠢᠬᠤ ᠡᠰᠡᠬᠦ᠃      4.ᠠᠮᠤᠷ ᠲᠦᠪᠰᠢᠨ ᠤ ᠪᠠᠶᠢᠳᠠᠯ᠄ ᠡᠷᠲᠡᠨ ᠤ ᠪᠠᠷᠢᠯᠭ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠪᠣᠯᠣᠨ ᠬᠦᠳᠡᠯᠭᠡᠵᠦ ᠳᠡᠶᠢᠯᠬᠦ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠳᠤ ᠬᠡᠷᠡᠭᠯᠡᠵᠦ ᠪᠠᠶᠢᠭ᠎ᠠ ᠪᠠᠶᠢᠭᠤᠯᠭ᠎ᠠ ᠨᠢ ᠲᠤᠭᠲᠠᠭᠠᠯ ᠶᠤᠰᠤᠭᠠᠷ ᠭᠠᠯ ᠤᠨ ᠠᠶᠤᠯ ᠠᠴᠠ ᠰᠡᠷᠭᠡᠶᠢᠯᠡᠬᠦ ᠬᠠᠮᠢᠶᠠᠷᠤᠯᠲᠠ ᠶᠢᠨ ᠳᠦᠷᠢᠮ ᠢ ᠪᠦᠷᠢᠨ ᠲᠣᠭᠲᠠᠭᠠᠭᠰᠠᠨ ᠡᠰᠡᠬᠦ᠂ ᠭᠠᠯ ᠤᠨ ᠠᠶᠤᠯ ᠠᠴᠠ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ  ᠳᠠᠯᠳᠠ ᠠᠶᠤᠯ ᠢ ᠵᠠᠰᠠᠨ  ᠴᠡᠭᠴᠡᠯᠡᠭᠰᠡᠨ ᠡᠰᠡᠬᠦ      5. ᠲᠤᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ  ᠴᠠᠭ ᠲᠤᠬᠠᠢ ᠳᠤ ᠨᠢ ᠬᠤᠷᠢᠭᠯᠠᠬᠤ ᠮᠦᠷᠲᠡᠭᠡᠨ  ᠰᠢᠢᠳᠪᠦᠷᠢᠯᠡᠬᠦ ᠶᠢ ᠱᠠᠭᠠᠷᠳᠠᠨ᠎ᠠ᠃
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号