| ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠠᠷᠪᠠᠨ | ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠠᠯ ᠤᠨ ᠭᠤᠴᠢᠳᠤᠭᠠᠷ ᠤᠳᠠᠭᠠᠨ ᠤ ᠬᠤᠷᠠᠯ ᠳᠤ ᠳᠤᠷᠠᠳᠤᠭᠳᠠᠪᠠ᠃ ᠳᠡᠭᠡᠪᠡᠯ ᠲᠦᠰᠦᠯ ᠨᠢ | ᠶᠠᠮᠠᠷ ᠠᠰᠢᠭ ᠲᠠᠢ ᠲᠠᠯ᠎ᠠ ᠶᠢ ᠠᠪᠴᠢᠷᠠᠳᠠᠭ ᠪᠤᠯ︖ ᠬᠦᠳᠡᠭᠡ ᠲᠤᠰᠬᠤᠨ ᠤ ᠭᠠᠵᠠᠷ ᠰᠢᠷᠤᠢ ᠶᠢᠨ ︽ᠭᠤᠷᠪᠠᠨ | ᠡᠷᠬᠡ ᠶᠢ ᠰᠠᠯᠭᠠᠬᠤ︾ ᠶᠠᠪᠤᠳᠠᠯ ᠢ ᠬᠠᠤᠯᠢ ᠶᠢᠨ ᠳᠤᠭᠳᠠᠭᠠᠯ ᠳᠤ ᠤᠷᠤᠭᠤᠯᠤᠨ᠎ᠠ ᠲᠦᠰᠦᠯ ᠨᠢ ᠬᠦᠳᠡᠭᠡ | ᠲᠤᠰᠬᠤᠨ ᠤ ᠭᠠᠵᠠᠷ ᠰᠢᠷᠤᠢ ᠶᠢᠨ ᠦᠮᠴᠢᠯᠡᠬᠦ ᠡᠷᠭᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠵᠡᠷᠭᠡ ᠭᠤᠷᠪᠠᠨ | ᠡᠷᠬᠡ ᠶᠢ ᠰᠠᠯᠭᠠᠵᠤ᠂ ᠬᠠᠤᠯᠢ ᠲᠤᠭᠲᠠᠭᠠᠬᠤ ᠲᠠᠯ᠎ᠠ ᠪᠠᠷ ᠲᠤᠳᠤᠷᠬᠠᠢ ᠪᠤᠯᠭᠠᠪᠠ᠃ ᠬᠦᠳᠡᠭᠡ ᠲᠤᠰᠬᠤᠨ ᠤ ᠭᠠᠵᠠᠷ | ᠰᠢᠷᠤᠢ ᠶᠢᠨ ᠦᠮᠴᠢᠯᠡᠬᠦ ᠡᠷᠬᠡ ᠨᠢ ᠬᠠᠮᠲᠤ ᠨᠡᠶᠢᠲᠡ ᠶᠢᠨ ᠪᠠᠶᠢᠵᠦ᠂ ᠲᠠᠷᠢᠶᠠᠴᠢᠳ ᠲᠤ ᠭᠠᠵᠠᠷ ᠰᠢᠷᠤᠢ ᠶᠢᠨ | ᠳᠠᠭᠠᠭᠠᠴᠢᠯᠠᠬᠤ ᠡᠷᠬᠡ ᠶᠢ ᠤᠯᠭᠤᠨ᠎ᠠ᠃ ᠬᠤᠲᠠ ᠤᠷᠤᠵᠤ ᠬᠦᠯᠦᠰᠦᠨ ᠠᠵᠢᠯ ᠬᠢᠬᠦ ᠲᠠᠷᠢᠶᠠᠴᠢᠨ ᠡᠳᠦᠷ ᠢᠷᠡᠬᠦᠶ᠎ᠡ | ᠤᠯᠠᠰᠢᠷᠠᠬᠤ ᠶᠢ ᠳᠠᠭᠠᠯᠳᠤᠨ ᠲᠠᠷᠢᠶᠠᠴᠢᠳ ᠳᠠᠭᠠᠭᠠᠴᠢᠯᠠᠵᠤ ᠠᠪᠤᠭᠰᠠᠨ ᠭᠠᠵᠠᠷ ᠢᠶᠠᠨ ᠭᠠᠳᠠᠭᠰᠢ ᠳᠦᠷᠢᠶᠡᠰᠦᠯᠡᠵᠦ᠂ | ᠪᠤᠰᠤᠳ ᠬᠦᠮᠦᠨ ᠳᠤ ᠰᠢᠯᠵᠢᠭᠦᠯᠵᠤ ᠦᠭᠳᠡᠭ ᠶᠠᠪᠤᠳᠠᠯ ᠤᠯᠠᠨ ᠪᠤᠯᠤᠯ᠎ᠠ᠃ ᠰᠢᠯᠵᠢᠭᠦᠯᠵᠦ ᠠᠪᠤᠭᠰᠠᠳ ᠡᠵᠡᠩᠨᠡᠬᠦ | ᠡᠷᠬᠡ ᠲᠠᠢ ᠠᠴᠠ ᠪᠢᠰᠢ ᠳᠠᠭᠠᠭᠠᠴᠢᠯᠠᠬᠤ ᠡᠷᠬᠡ ᠦᠭᠡᠢ ᠪᠠᠶᠢᠳᠠᠭ᠃ ᠡᠶᠢᠮᠦ ᠠᠴᠠ᠂ ᠬᠠᠮᠲᠤ ᠨᠡᠶᠢᠲᠡ ᠶᠢᠨ ᠭᠠᠵᠠᠷ | ᠰᠢᠷᠤᠢ ᠶᠢᠨ ᠦᠮᠴᠢᠯᠡᠬᠦ ᠡᠷᠬᠡ᠂ ᠤᠤᠯ ᠤᠨ ᠲᠠᠷᠢᠶᠠᠴᠢᠨ ᠡᠷᠦᠬᠡ ᠶᠢᠨ ᠳᠠᠭᠠᠭᠠᠴᠢᠯᠠᠬᠤ ᠡᠷᠬᠡ ᠵᠢᠴᠢ ᠪᠤᠲᠠᠲᠠᠢ | ᠡᠵᠡᠩᠨᠡᠬᠦ ᠡᠲᠡᠭᠡᠳ ᠤᠨ ᠡᠵᠡᠩᠨᠡᠬᠦ ᠡᠷᠬᠡ ᠭᠡᠵᠦ ᠭᠤᠷᠪᠠᠨ ᠡᠷᠬᠡ ᠲᠠᠢ ᠪᠤᠯᠤᠭᠰᠠᠨ ᠪᠠᠶᠢᠳᠠᠭ᠃ ᠲᠠᠷᠢᠶᠠᠴᠢᠳ ᠤᠨ | ᠭᠠᠵᠠᠷ ᠰᠢᠷᠤᠢ ᠳᠠᠭᠠᠭᠠᠴᠢᠯᠠᠬᠤ ᠡᠷᠬᠡ ᠶᠢ ᠦᠯᠡᠳᠡᠭᠡᠵᠤ᠂ ᠭᠠᠵᠠᠷ ᠰᠢᠷᠤᠢ ᠶᠢᠨ ᠡᠵᠡᠩᠨᠡᠬᠦ ᠡᠷᠬᠡ ᠪᠠᠨ ᠰᠢᠯᠵᠢᠭᠦᠯᠭᠦ | ᠬᠦᠰᠡᠯ ᠡᠷᠡᠮᠡᠯᠵᠡᠯ ᠢᠶᠠᠷ᠂ ᠤᠯᠤᠰ ᠠᠴᠠ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢ ᠳᠠᠭᠠᠭᠠᠴᠢᠯᠠᠬᠤ ᠡᠷᠬᠡ | ᠪᠠ ᠡᠵᠡᠩᠨᠡᠬᠦ ᠡᠷᠬᠡ ᠪᠤᠯᠭᠠᠨ ᠬᠤᠪᠢᠶᠠᠵᠤ᠂ ᠦᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠶᠢ | ᠰᠠᠯᠭᠠᠵᠤ ᠵᠡᠷᠭᠡᠪᠡᠷ ᠬᠡᠷᠡᠭᠵᠢᠭᠦᠯᠬᠦ ᠪᠠᠷ ᠪᠤᠢ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ ᠯᠢᠦ ᠵᠧᠨ ᠸᠧᠢ᠄ ︽ | ︿ᠭᠤᠷᠪᠠᠨ ᠡᠷᠬᠡ ᠶᠢ ᠰᠠᠯᠭᠠᠬᠤ﹀ ᠪᠤᠯ ᠭᠡᠷ ᠪᠦᠯᠢ ᠶᠢᠨ ᠬᠤᠷᠢᠶᠠᠯᠲᠠ ᠲᠠᠢ ᠨᠢ ᠬᠤᠯᠪᠤᠭᠳᠠᠭᠤᠯᠤᠨ ᠳᠠᠭᠠᠭᠠᠴᠢᠯᠠᠬᠤ | ᠬᠠᠷᠢᠭᠤᠴᠠᠯᠭᠠᠲᠤ ᠳᠦᠷᠢᠮ ᠠᠴᠠ ᠰᠡᠭᠦᠯᠡᠷᠬᠢ ᠬᠦᠳᠡᠭᠡ ᠲᠤᠰᠬᠤᠨ ᠤ ᠦᠭᠡᠷᠡᠴᠢᠯᠡᠯᠲᠡ ᠶᠢᠨ ᠪᠠᠰᠠ ᠨᠢᠭᠡ ᠲᠤᠮᠤ | ᠳᠦᠷᠢᠮ ᠤᠨ ᠰᠢᠨᠡᠴᠢᠯᠡᠯᠲᠡ ᠮᠦᠨ︾ ᠭᠡᠵᠦ ᠬᠡᠯᠡᠭᠰᠡᠨ ᠪᠠᠶᠢᠨ᠎ᠠ᠃ ᠤᠳᠤᠬᠠᠨ ᠳᠤ᠂ ᠬᠦᠳᠡᠭᠡ ᠲᠤᠰᠬᠤᠨ ᠤ | 30% ᠠᠴᠠ ᠳᠡᠭᠡᠭᠰᠢᠬᠢ ᠲᠠᠷᠢᠶᠠᠴᠢᠨ ᠡᠷᠦᠬᠡ ᠳᠠᠭᠠᠭᠠᠴᠢᠯᠠᠵᠤ ᠠᠪᠤᠭᠰᠠᠨ ᠭᠠᠵᠠᠷ ᠢᠶᠠᠨ ᠭᠠᠳᠠᠭᠰᠢ | ᠳᠦᠷᠢᠶᠡᠰᠦᠯᠡᠵᠦ᠂ ᠳᠦᠷᠢᠶᠠᠰᠦᠯᠡᠵᠦ ᠪᠠᠶᠢᠬᠤ ᠭᠠᠵᠠᠷ ᠨᠡᠶᠢᠲᠡ 4.79 ᠳ᠋ᠦᠡᠭᠰᠢᠭᠤᠷ ᠮᠦ ᠪᠤᠯᠵᠠᠢ᠃ ᠲᠦᠰᠦᠯ ᠳᠤ | ᠂ ᠭᠡᠷ ᠪᠦᠯᠢ ᠪᠠᠷ ᠳᠠᠭᠠᠭᠠᠴᠢᠯᠠᠨ ᠠᠪᠬᠤ ᠠᠷᠭ᠎ᠠ ᠮᠡᠶ᠋ᠢᠭ ᠢᠶᠠᠷ ᠤᠯᠤᠭᠰᠠᠨ ᠭᠠᠵᠠᠷ ᠰᠢᠷᠤᠢ ᠶᠢᠨ ᠳᠠᠭᠠᠭᠠᠴᠢᠯᠠᠨ | ᠡᠵᠡᠩᠨᠡᠬᠦ ᠡᠷᠬᠡ ᠶᠢ ᠰᠢᠯᠵᠢᠭᠦᠯᠬᠦ ᠦᠶ᠎ᠡ ᠳᠤ ᠭᠠᠵᠠᠷ ᠰᠢᠷᠤᠢ ᠳᠠᠭᠠᠭᠠᠴᠢᠯᠠᠬᠤ ᠡᠷᠬᠡ ᠪᠠ ᠭᠠᠵᠠᠷ ᠰᠢᠷᠤᠢ ᠶᠢᠨ | ᠡᠵᠡᠩᠨᠡᠬᠦ ᠡᠷᠬᠡ ᠪᠤᠯᠭᠠᠨ ᠰᠠᠯᠭᠠᠵᠤ᠂ ᠡᠭᠦᠨ ᠤ ᠬᠠᠮᠲᠤ ᠭᠠᠵᠠᠷ ᠰᠢᠷᠤᠢ ᠳᠠᠭᠠᠭᠠᠴᠢᠯᠠᠬᠤ ᠡᠷᠬᠡ ᠪᠤᠯᠤᠨ ᠭᠠᠵᠠᠷ | ᠰᠢᠷᠤᠢ ᠶᠢᠨ ᠡᠵᠡᠩᠨᠡᠬᠦ ᠡᠷᠬᠡ ᠶᠢᠨ ᠡᠭᠦᠷᠬᠡ ᠴᠢᠳᠠᠪᠬᠢ ᠶᠢ ᠳᠤᠲᠤᠷᠬᠠᠢ ᠪᠤᠯᠭᠠᠨ᠎ᠠ᠃ ᠭᠠᠵᠠᠷ ᠰᠢᠷᠤᠢ ᠶᠢᠨ | ᠳᠠᠭᠠᠭᠠᠴᠢᠯᠠᠬᠤ ᠡᠷᠬᠡ ᠶᠢ ᠬᠠᠮᠠᠭᠠᠯᠠᠬᠤ ᠶᠢ ᠴᠢᠩᠭᠠᠳᠬᠠᠬᠤ ᠶᠢᠨ ᠲᠦᠯᠦᠭᠡ᠂ ᠲᠦᠰᠦᠯ ᠳᠤ᠂ ᠭᠠᠵᠠᠷ ᠰᠢᠷᠤᠢ ᠶᠢᠨ | ᠡᠵᠡᠩᠨᠡᠬᠦ ᠡᠷᠬᠡ ᠶᠢ ᠰᠢᠯᠵᠢᠭᠦᠯᠦᠭᠰᠡᠨ ᠤ ᠳᠠᠷᠠᠭ᠎ᠠ᠂ ᠳᠠᠭᠠᠭᠠᠴᠢᠯᠠᠵᠤ ᠠᠪᠤᠭᠰᠠᠨ ᠲᠠᠯ᠎ᠠ ᠪᠠ ᠳᠠᠭᠠᠭᠠᠴᠢᠯᠠᠭᠤᠯᠤᠭᠰᠠᠨ | ᠲᠠᠯ᠎ᠠ ᠶᠢᠨ ᠳᠠᠭᠠᠭᠠᠴᠢᠯᠠᠬᠤ ᠬᠠᠷᠢᠴᠠᠭ᠎ᠠ ᠬᠤᠪᠢᠷᠠᠬᠤ ᠦᠭᠡᠢ᠂ ᠳᠠᠭᠠᠭᠠᠴᠢᠯᠠᠵᠤ ᠠᠪᠤᠭᠰᠠ ᠲᠠᠯ᠎ᠠ ᠶᠢᠨ ᠭᠠᠵᠠᠷ | ᠰᠢᠷᠤᠢ ᠳᠠᠭᠠᠭᠠᠴᠢᠯᠠᠬᠤ ᠡᠷᠬᠡ ᠨᠢ ᠬᠤᠪᠢᠷᠠᠬᠤ ᠦᠭᠡᠢ ᠭᠡᠵᠡᠢ᠃ ᠲᠠᠷᠢᠶᠠᠨ ᠭᠠᠵᠠᠷ ᠤᠨ ᠳᠠᠭᠠᠭᠠᠴᠢᠯᠠᠬᠤ | ᠬᠤᠭᠤᠴᠠᠭ᠎ᠠ ᠨᠢ ᠭᠦᠢᠴᠡᠭᠰᠡᠨ ᠤ ᠰᠡᠭᠦᠯᠡᠷ ᠵᠠᠯᠭᠠᠭᠠᠳ 30 ᠵᠢᠯ ᠤᠷᠲᠤᠳᠬᠠᠨ᠎ᠠ ᠳᠤᠰ ᠤᠳᠠᠭᠠᠨ ᠤ ᠵᠠᠰᠠᠪᠤᠷᠢ | ᠤᠷᠤᠭᠤᠯᠬᠤ ᠲᠦᠰᠦᠯ ᠳᠤ᠂ ᠬᠦᠳᠡᠭᠡ ᠲᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠬᠤ ᠬᠠᠷᠢᠴᠠᠭ᠎ᠠ ᠶᠢᠨ | ᠲᠤᠭᠲᠠᠭᠤᠨ᠂ ᠤᠷᠲᠤ ᠬᠤᠭᠤᠴᠠᠭ᠎ᠠ ᠪᠠᠷ ᠬᠤᠪᠢᠷᠠᠬᠤ ᠦᠭᠡᠢ ᠪᠠᠶᠢᠬᠤ ᠶᠢ ᠪᠠᠲᠤᠯᠠᠬᠤ ᠶᠢᠨ ᠲᠦᠯᠦᠭᠡ᠂ | ᠤᠯᠤᠰ ᠠᠴᠠ ᠬᠠᠤᠯᠢ ᠴᠠᠭᠠᠵᠠ ᠶᠢᠨ ᠬᠠᠮᠠᠭᠠᠯᠠᠯᠲᠠ ᠲᠠᠢ ᠪᠤᠯᠭᠠᠬᠤ ᠶᠢᠨ ᠵᠡᠷᠭᠡᠪᠡᠷ ᠲᠠᠷᠢᠶᠠᠨ ᠭᠠᠵᠠᠷ ᠤᠨ | ᠳᠠᠭᠠᠭᠠᠴᠢᠯᠠᠬᠤ ᠬᠤᠭᠤᠴᠠᠭ᠎ᠠ ᠭᠦᠢᠴᠡᠭᠰᠡᠨ ᠤ ᠰᠡᠭᠦᠯᠡᠷ ᠵᠠᠯᠭᠠᠭᠠᠳ 30 ᠵᠢᠯ ᠦᠷᠬᠦᠯᠵᠢᠯᠡᠵᠦ ᠪᠤᠯᠬᠤ ᠲᠤᠬᠠᠢ | ᠲᠤᠳᠤᠷᠬᠠᠢ ᠲᠤᠭᠲᠠᠭᠠᠯ ᠭᠠᠷᠭᠠᠭᠰᠠᠨ ᠪᠠᠶᠢᠨ᠎ᠠ᠃ ᠤᠨᠴᠠ ᠵᠠᠷᠢᠮ ᠲᠠᠷᠢᠶᠠᠯᠠᠬᠤ ᠡᠷᠦᠬᠡ ᠶᠢᠨ ᠬᠤᠭᠤᠷᠤᠨᠳᠤᠬᠢ | ᠳᠠᠭᠠᠭᠠᠴᠢᠯᠠᠵᠤ ᠠᠪᠤᠭᠰᠠᠨ ᠲᠠᠷᠢᠶᠠᠨ ᠭᠠᠵᠠᠷ ᠪᠠ ᠡᠪᠡᠰᠦᠳᠤ ᠭᠠᠵᠠᠷ ᠢ ᠤᠯᠠᠮ ᠨᠢᠭᠡ ᠠᠯᠬᠤᠮ ᠲᠤᠬᠢᠷᠠᠮᠵᠢᠲᠠᠢ | ᠵᠤᠬᠢᠴᠠᠭᠤᠯᠬᠤ ᠶᠢᠨ ᠲᠦᠯᠦᠭᠡ ᠲᠦᠰᠦᠯ ᠳᠤ ᠤᠯᠠᠭᠠᠨ ᠱᠤᠭᠤᠮ ᠢᠶᠠᠷ ᠢᠯᠭᠠᠨ ᠲᠤᠭᠲᠠᠭᠠᠭᠰᠠᠨ ᠪᠠᠶᠢᠨ᠎ᠠ᠄ | ᠡᠭᠦᠨ ᠳᠤ᠂ ᠵᠠᠪᠠᠯ ᠭᠠᠵᠠᠷ ᠰᠢᠷᠤᠢ ᠶᠢᠨ ᠳᠠᠭᠠᠭᠠᠴᠢᠯᠠᠬᠤ ᠬᠠᠷᠢᠴᠠᠭ᠎ᠠ ᠶᠢ ᠲᠤᠭᠲᠠᠭᠤᠨ ᠪᠠᠶᠢᠯᠭᠠᠵᠤ᠂ ᠳᠠᠬᠢᠵᠤ | ᠳᠤᠷ᠎ᠠ ᠪᠠᠷ ᠬᠤᠪᠢᠶᠠᠵᠤ ᠪᠤᠯᠬᠤ ᠦᠭᠡᠢ ᠪᠠᠶᠢᠬᠤ ᠵᠠᠷᠴᠢᠮ ᠢ ᠪᠠᠷᠢᠮᠳᠠᠯᠠᠬᠤ ᠬᠡᠷᠡᠭᠲᠡᠢ︔ ᠵᠠᠪᠠᠯ ᠲᠤᠰ ᠠᠵᠤ | ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠭᠡᠰᠢᠭᠦᠨ ᠤ ᠲᠤᠰᠬᠤᠨ ᠤ ᠠᠷᠠᠳ ᠤᠨ ᠬᠤᠷᠠᠯ ᠤᠨ ᠭᠤᠷᠪᠠᠨ ᠤ | ᠬᠤᠶᠠᠷ ᠠᠴᠠ ᠳᠡᠭᠡᠭᠰᠢᠬᠢ ᠭᠡᠰᠢᠭᠦᠨ ᠪᠤᠶᠤ ᠭᠤᠷᠪᠠᠨ ᠤ ᠬᠤᠶᠠᠷ ᠠᠴᠠ ᠳᠡᠭᠡᠭᠰᠢᠬᠢ ᠲᠤᠰᠬᠤᠨ ᠤ ᠠᠷᠠᠳ ᠤᠨ | ᠲᠦᠯᠦᠭᠡᠯᠡᠭᠴᠢᠳ ᠤᠨ ᠵᠦᠪᠰᠢᠶᠡᠷᠡᠯ ᠢ ᠤᠯᠵᠤ᠂ ᠡᠭᠦᠨ ᠤ ᠬᠠᠮᠲᠤ ᠰᠢᠶᠠᠩ ︵ᠪᠠᠯᠭᠠᠰᠤ︶ ᠤᠨ ᠠᠷᠠᠳ ᠤᠨ | ᠵᠠᠰᠠᠭ ᠤᠨ ᠤᠷᠳᠤᠨ ᠪᠠ ᠰᠢᠶᠠᠨ ᠤ ᠳᠡᠰ ᠤᠨ ᠠᠷᠠᠳ ᠤᠨ ᠵᠠᠰᠠᠭ ᠤᠨ ᠤᠷᠳᠤᠨ ᠤ ᠲᠠᠷᠢᠶᠠᠯᠠᠩ ᠵᠡᠷᠭᠡ ᠵᠠᠰᠠᠭ | ᠵᠠᠬᠢᠷᠭᠠᠠ ᠤ ᠭᠤᠤᠯᠯᠠᠨ ᠬᠠᠮᠢᠶᠠᠷᠬᠤ ᠭᠠᠵᠠᠷ ᠤᠨ ᠵᠦᠪᠰᠢᠶᠡᠷᠡᠯ ᠢ ᠤᠯᠬᠤ ᠬᠡᠷᠡᠭᠲᠡᠢ᠃ ᠳᠠᠭᠠᠭᠠᠴᠢᠯᠠᠭᠰᠠᠨ ᠭᠠᠵᠠᠷ | ᠰᠢᠷᠤᠢ ᠶᠢᠨ ᠡᠵᠡᠩᠨᠡᠬᠦ ᠡᠷᠬᠡ ᠪᠠᠷ ᠢᠶᠠᠨ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠳᠤ ᠪᠡᠯᠡ ᠬᠤᠷᠠᠮᠳᠤᠭᠤᠯᠬᠤ | ᠪᠠᠲᠤᠯᠠᠭ᠎ᠠ ᠬᠢᠵᠦ ᠪᠤᠯᠤᠨ᠎ᠠ ᠲᠦᠰᠦᠯ ᠳᠤ᠂ ᠭᠠᠵᠠᠷ ᠰᠢᠷᠤᠢ ᠳᠠᠭᠠᠭᠠᠴᠢᠯᠠᠵᠤ ᠠᠪᠤᠭᠰᠠᠨ ᠲᠠᠯ᠎ᠠ ᠶᠢᠨ ᠬᠢᠨ | ᠳᠠᠭᠠᠭᠠᠴᠢᠯᠠᠵᠤ ᠠᠪᠤᠭᠰᠠᠨ ᠭᠠᠵᠠᠷ ᠰᠢᠷᠤᠢ ᠶᠢᠨ ᠡᠵᠡᠩᠨᠡᠬᠦ ᠡᠷᠬᠡ ᠪᠠᠷ ᠢᠶᠠᠨ ᠮᠦᠡᠭᠭᠦᠨ ᠭᠦᠢᠯᠭᠡᠭᠡᠨ ᠤ | ᠪᠠᠶᠢᠭᠤᠯᠤᠮᠵᠢ ᠳᠤ ᠪᠡᠯᠡ ᠬᠤᠷᠠᠮᠳᠤᠭᠤᠯᠬᠤ ᠪᠠᠲᠤᠯᠠᠭ᠎ᠠ ᠬᠢᠵᠦ ᠪᠤᠯᠬᠤ ᠪᠠᠷ ᠲᠤᠭᠲᠠᠭᠠᠪᠠ᠃ ᠭᠤᠷᠪᠠᠳᠤᠭᠠᠷ | ᠲᠠᠯ᠎ᠠ ᠶᠢᠨ ᠬᠢᠨ ᠳᠠᠭᠠᠭᠠᠴᠢᠯᠠᠨ ᠠᠪᠤᠭᠰᠠᠨ ᠲᠠᠯ᠎ᠠ ᠪᠤᠶᠤ ᠤᠷᠤᠯᠠᠭᠴᠢ ᠶᠢᠨ ᠨᠠᠶᠢᠳᠠᠯᠭ᠎ᠠ ᠶᠢᠨ ᠪᠢᠴᠢᠭ ᠤᠨ | ᠵᠦᠪᠰᠢᠶᠡᠷᠡᠯ ᠲᠠᠢ ᠪᠤᠯ ᠰᠢᠯᠵᠢᠭᠦᠯᠦᠨ ᠠᠪᠤᠭᠰᠠᠨ ᠭᠠᠵᠠᠷ ᠰᠢᠷᠤᠢ ᠶᠢᠨ ᠡᠷᠬᠡ ᠪᠠᠷ ᠢᠶᠠᠨ ᠮᠦᠡᠭᠭᠦᠨ ᠭᠦᠢᠯᠭᠡᠭᠡᠨ ᠤ | ᠪᠠᠶᠢᠭᠤᠯᠤᠮᠵᠢ ᠳᠤ ᠪᠡᠯᠡ ᠮᠦᠡᠭᠭᠦ ᠤᠷᠤᠭᠤᠯᠬᠤ ᠪᠠᠲᠤᠯᠠᠭ᠎ᠠ ᠬᠢᠵᠦ ᠪᠤᠯᠤᠨ᠎ᠠ᠃ ᠲᠦᠰᠦᠯ ᠳᠤ᠂ ᠭᠠᠵᠠᠷ ᠰᠢᠷᠤᠢ ᠶᠢᠨ | ᠡᠵᠡᠩᠨᠡᠬᠦ ᠡᠷᠬᠡ ᠶᠢ ᠬᠠᠤᠯᠢ ᠶᠤᠰᠤᠭᠠᠷ ᠳᠦᠷᠢᠶᠡᠰᠦᠯᠡᠬᠦ ︵ᠰᠢᠯᠵᠢᠭᠦᠯᠦᠨ ᠳᠠᠭᠠᠭᠠᠴᠢᠯᠠᠭᠤᠯᠬᠤ︶᠂ ᠪᠡᠯᠡ | ᠤᠷᠤᠭᠤᠯᠬᠤ ᠪᠤᠶᠤ ᠪᠤᠰᠤᠳ ᠠᠷᠭ᠎ᠠ ᠪᠠᠷ ᠰᠢᠯᠵᠢᠭᠦᠯᠵᠦ ᠪᠤᠯᠤᠨ᠎ᠠ᠃ ᠰᠢᠯᠵᠢᠭᠦᠯᠦᠨ ᠳᠠᠭᠠᠭᠠᠴᠢᠯᠠᠭᠤᠯᠤᠭᠰᠠᠨ ᠲᠠᠯ᠎ᠠ | ᠂ ᠳᠠᠭᠠᠭᠠᠴᠢᠯᠠᠨ ᠠᠪᠤᠭᠰᠠᠨ ᠲᠠᠯ᠎ᠠ ᠶᠢᠨ ᠬᠢᠨ ᠬᠠᠤᠯᠢ ᠶᠤᠰᠤᠭᠠᠷ ᠭᠡᠷ᠎ᠡ ᠶᠢᠨ ᠪᠤᠯᠵᠤᠭ᠎ᠠ ᠪᠠᠨ ᠬᠦᠢᠴᠡᠳᠬᠡᠵᠦ᠂ | ᠭᠤᠷᠪᠠᠳᠤᠭᠠᠷ ᠲᠠᠯ᠎ᠠ ᠶᠢᠨ ᠬᠠᠤᠯᠢ ᠶᠤᠰᠤᠭᠠᠷ ᠤᠯᠤᠭᠰᠠᠨ ᠡᠷᠬᠡ ᠶᠢ ᠬᠦᠨᠳᠦᠳᠭᠡᠬᠦ ᠬᠡᠷᠡᠭᠲᠡᠢ᠃ ᠲᠦᠷᠦ ᠶᠢᠨ | ᠶᠠᠪᠤᠳᠠᠯ ᠤᠨ ᠬᠤᠷᠢᠶᠠᠨ ᠤ ᠬᠦᠭᠵᠢᠬᠦᠯᠤᠯᠳᠠ ᠶᠢᠨ ᠰᠤᠳᠤᠯᠭᠠᠨ ᠤ ᠲᠦᠪ ᠤᠨ ᠬᠦᠳᠡᠭᠡ ᠲᠤᠰᠬᠤᠨ ᠤ ᠠᠵᠤ | ᠠᠬᠤᠢ ᠶᠢ ᠰᠤᠳᠤᠯᠬᠤ ᠬᠡᠯᠳᠡᠰ ᠤᠨ ᠳᠠᠷᠤᠭ᠎ᠠ ᠶᠧ ᠰᠢᠩ ᠴᠢᠩ᠄ ︽ᠡᠵᠡᠩᠨᠡᠬᠦ ᠡᠷᠬᠡ ᠶᠢ ᠤᠯᠤᠭᠰᠠᠨ ᠤ ᠳᠠᠷᠠᠭ᠎ᠠ᠂ | ᠳᠠᠭᠠᠭᠠᠴᠢᠯᠠᠨ ᠠᠪᠤᠭᠰᠠᠨ ᠲᠠᠯ᠎ᠠ ᠶᠢᠨ ᠵᠦᠪᠰᠢᠶᠡᠷᠡᠯ ᠢ ᠤᠯᠪᠠᠯ᠂ ᠪᠠᠷᠢᠴᠠᠭᠠᠨ ᠤ ᠡᠷᠬᠡ ᠪᠤᠯᠭᠠᠵᠤ ᠪᠤᠯᠤᠨ᠎ᠠ᠃ | ᠵᠢᠱᠢᠶᠡᠯᠡᠪᠡᠯ᠂ ᠬᠡᠪᠴᠢᠶᠡᠵᠢᠬᠦᠯᠦᠨ ᠡᠵᠡᠩᠨᠡᠬᠦ ᠭᠤᠤᠯ ᠴᠤᠭᠴᠠ᠂ ᠬᠤᠶᠠᠷ ᠭᠤᠷᠪᠡᠨ ᠵᠠᠭᠤᠨ ᠮᠦ ᠶᠢᠨ ᠡᠵᠡᠩᠨᠡᠬᠦ | ᠡᠷᠭᠡ ᠲᠠᠢ ᠪᠤᠯ᠂ ᠳᠠᠭᠠᠭᠠᠴᠢᠯᠠᠭᠰᠠᠨ ᠳᠠᠯ᠎ᠠ ᠶᠢᠨ ᠵᠦᠪᠰᠢᠶᠡᠷᠡᠯ ᠢ ᠤᠯᠤᠭᠰᠠᠨ ᠤ ᠳᠠᠷᠠᠭ᠎ᠠ᠂ ᠪᠠᠩᠬᠢ ᠳᠤ ᠬᠦᠷᠴᠤ | ᠡᠵᠡᠩᠨᠡᠬᠦ ᠡᠷᠭᠡ ᠪᠠᠨ ᠪᠠᠷᠢᠴᠠᠭᠠᠯᠠᠨ᠂ ᠪᠡᠯᠡ ᠮᠦᠩᠬᠦ ᠳᠤᠳᠠᠭᠳᠠᠬᠤ ᠠᠰᠠᠭᠤᠳᠠᠯ ᠢ ᠰᠢᠢᠳᠪᠤᠷᠢᠯᠡᠵᠦ ᠪᠤᠯᠤᠨ᠎ᠠ︾ | ᠭᠡᠵᠠᠢ᠃ ᠲᠠᠷᠢᠶᠠᠴᠢᠨ ᠬᠤᠲᠠ ᠳᠤ ᠡᠷᠦᠬᠡ ᠠᠮᠠ ᠶᠢᠨ ᠲᠠᠩᠰᠠ ᠤᠷᠤᠬᠤ ᠳᠤ ᠭᠠᠵᠠᠷ ᠰᠢᠷᠤᠢ ᠳᠠᠭᠠᠭᠠᠴᠢᠯᠠᠬᠤ | ᠡᠷᠬᠡ ᠶᠢ ᠨᠢ ᠪᠤᠴᠠᠭᠠᠯᠭᠠᠬᠤ ᠪᠠᠷ ᠨᠦᠬᠦᠴᠡᠯ ᠪᠤᠯᠭᠠᠵᠤ ᠪᠤᠯᠬᠤ ᠦᠭᠡᠢ ᠳᠤᠰ ᠤᠳᠠᠭᠠᠨ ᠤ ᠲᠦᠰᠦᠯ ᠳᠤ᠂ | ᠤᠳᠤᠬᠠᠨ ᠤ ᠬᠠᠤᠯᠢ ᠳᠤ ᠪᠠᠶᠢᠭ᠎ᠠ ᠳᠠᠭᠠᠭᠠᠴᠢᠯᠠᠨ ᠠᠪᠤᠭᠰᠠᠨ ᠲᠠᠯ᠎ᠠ ᠶᠢᠨ ᠬᠢᠨ ᠪᠦᠬᠦ ᠭᠡᠷ ᠢᠶᠠᠷ ᠢᠶᠠᠨ ᠬᠤᠲᠠ ᠳᠤ | ᠨᠡᠭᠦᠵᠦ᠂ ᠲᠠᠷᠢᠶᠠᠯᠠᠩ ᠤᠨ ᠪᠤᠰᠤ ᠡᠷᠦᠬᠡ ᠠᠮᠠ ᠪᠤᠯᠭᠠᠨ ᠦᠭᠡᠷᠡᠴᠢᠯᠡᠪᠡᠯ᠂ ᠳᠠᠭᠠᠭᠠᠴᠢᠯᠠᠵᠤ ᠠᠪᠤᠭᠰᠠᠨ ᠭᠠᠵᠠᠷ | ᠰᠢᠷᠤᠢ ᠪᠠᠨ ᠳᠠᠭᠠᠭᠠᠴᠢᠯᠠᠭᠤᠯᠤᠭᠰᠠᠨ ᠲᠠᠯ᠎ᠠ ᠳᠤ ᠪᠤᠴᠠᠭᠠᠬᠤ ᠬᠡᠷᠡᠭᠳᠡᠢ ᠭᠡᠰᠡᠨ ᠲᠤᠭᠲᠠᠭᠠᠯ ᠢ ᠦᠭᠡᠶᠢᠰᠭᠡᠬᠦ | ᠲᠤᠲᠤᠷᠬᠠᠢ ᠲᠤᠭᠲᠠᠭᠠᠯ ᠭᠠᠷᠭᠠᠪᠠ᠂ ᠦᠬᠡᠷ᠎ᠠ ᠪᠠᠷ ᠬᠡᠯᠡᠪᠡᠯ ᠲᠠᠷᠢᠶᠠᠴᠢᠨ ᠬᠤᠳᠠ ᠳᠤ ᠡᠷᠣᠬᠡ ᠠᠮᠠ ᠣᠷᠣᠬᠤ ᠳᠤ | ᠣᠣᠯ ᠤᠨ ᠭᠠᠵᠠᠷ ᠰᠢᠷᠣᠢ ᠲᠠᠭᠠᠭᠠᠴᠢᠯᠠᠬᠰᠠᠨ ᠡᠷᠭᠡ ᠪᠠᠨ ᠦᠷᠬᠦᠯᠵᠢᠯᠡᠨ ᠡᠳ᠋ᠯᠡᠬᠦ ᠡᠷᠭᠡ ᠲᠠᠢ᠃ ᠲᠦᠰᠦᠯ ᠳᠤ᠂ | ᠬᠤᠲᠠ ᠤᠷᠤᠵᠤ ᠬᠦᠯᠦᠰᠦᠨ ᠠᠵᠢᠯ ᠬᠢᠵᠦ ᠪᠠᠶᠢᠭ᠎ᠠ ᠲᠠᠷᠢᠶᠠᠴᠢᠳ ᠤᠨ ᠭᠠᠵᠠᠷ ᠰᠢᠷᠤᠢ ᠳᠠᠭᠠᠭᠠᠴᠢᠯᠠᠬᠤ ᠡᠷᠬᠡ᠂ | ᠡᠵᠡᠩᠨᠡᠬᠦ ᠡᠷᠬᠡ ᠶᠢ ᠬᠠᠮᠠᠭᠠᠯᠠᠵᠤ᠂ ᠭᠠᠵᠠᠷ ᠰᠢᠷᠤᠢ ᠳᠠᠭᠠᠭᠠᠴᠢᠯᠠᠬᠤ ᠡᠷᠬᠡ ᠪᠠᠨ ᠪᠤᠴᠠᠭᠠᠬᠤ ᠪᠠᠷ ᠲᠠᠷᠢᠶᠠᠴᠢᠨ ᠤ | ᠬᠤᠲᠠ ᠳᠤ ᠡᠷᠦᠬᠡ ᠠᠮᠠ ᠤᠷᠤᠬᠤ ᠨᠦᠬᠦᠴᠡᠯ ᠪᠤᠯᠭᠠᠵᠤ ᠪᠤᠯᠬᠤ ᠦᠭᠡᠢ ᠭᠡᠮᠡᠨ ᠲᠤᠭᠲᠠᠭᠠᠪᠠ᠃ ᠭᠠᠵᠠᠷ ᠰᠢᠷᠤᠢ | ᠳᠠᠭᠠᠭᠠᠴᠢᠯᠠᠨ ᠡᠵᠡᠩᠨᠡᠬᠦ ᠡᠷᠬᠡ ᠪᠠᠨ ᠦᠯᠡᠳᠡᠭᠡᠬᠦ ᠡᠰᠡᠬᠦ ᠶᠢᠨ ᠲᠤᠬᠠᠢ᠂ ᠲᠠᠷᠢᠶᠠᠴᠢᠳ ᠦᠪᠡᠷ ᠢᠶᠠᠨ ᠡᠷᠬᠡ ᠮᠡᠳᠡᠨ | ᠰᠤᠩᠭᠤᠬᠤ ᠠᠴᠠ ᠪᠢᠰᠢ ᠲᠠᠷᠢᠶᠠᠴᠢᠨ ᠢ ᠤᠷᠤᠯᠠᠵᠤ ᠰᠤᠩᠭᠤᠵᠤ ᠦᠭᠴᠦ ᠪᠤᠯᠬᠤ ᠦᠭᠡᠢ᠃ ︵ᠡᠬᠡ ᠪᠢᠴᠢᠭ ︽ | ᠳᠤᠮᠳᠠᠳᠤ ᠤᠯᠤᠰ ᠤᠨ ᠠᠵᠤ ᠠᠬᠤᠢ ᠶᠢᠨ ᠰᠦᠯᠵᠢᠶ᠎ᠡ︾ ᠠᠴᠠ ᠤᠷᠴᠢᠭᠤᠯᠤᠨ ᠨᠠᠶᠢᠷᠠᠭᠤᠯᠵᠣ ᠠᠪᠣᠪᠠ︶ |