︽ᠠᠯᠪᠠᠨ ᠪᠠᠶᠢᠭᠤᠯᠤᠯᠭ᠎ᠠ ᠬᠠᠮᠲᠤ ᠨᠡᠶᠢᠲᠡ ᠶᠢᠨ ᠠᠵᠢᠯᠯᠠᠬᠤ ᠠᠰᠠᠷ ᠪᠠᠷᠢᠬᠤ ᠬᠠᠮᠢᠶᠠᠷᠤᠯᠲᠠ ᠶᠢᠨ ᠳᠦᠷᠢᠮ︾᠎ ᠢ  ᠳᠠᠮᠵᠢᠭᠤᠯᠤᠨ ᠶᠠᠪᠤᠭᠤᠯᠬᠤ ᠲᠤᠬᠠᠢ ᠵᠢᠦ ᠶᠣᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ 
ᠨᠡᠶᠢᠲᠡᠯᠡᠭᠰᠡᠨ ᠴᠠᠭ᠄
2018/4/8
          ᠪᠤᠭᠤᠲᠤ ᠬᠤᠲᠠ ᠶᠢᠨ ᠵᠢᠦ ᠶᠣᠸᠠᠨ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠤᠨ ᠲᠠᠷᠬᠠᠭᠠᠬᠰᠠᠨ ﹇2017﹈  156  ᠨᠤᠮᠧᠷᠳᠤ ᠡᠯ᠎ᠠ  ᠭᠠᠵᠠᠷ ᠤᠷᠤᠨ᠂ ᠲᠤᠭᠤᠷᠢᠬ ᠤᠨ ᠬᠠᠷᠢᠶ᠎ᠠ  ᠪᠣᠯᠣᠨ ᠲᠤᠭᠤᠷᠢᠬ ᠲᠤ ᠰᠠᠭᠤᠭ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠠᠶᠢᠭᠤᠯᠤᠯᠭ᠎ᠠ ᠨᠢᠭᠡᠴᠢ᠄           ︽ᠠᠯᠪᠠᠨ ᠪᠠᠶᠢᠭᠤᠯᠤᠯᠭ᠎ᠠ ᠬᠠᠮᠲᠤ ᠨᠡᠶᠢᠲᠡ ᠶᠢᠨ ᠠᠵᠢᠯᠯᠠᠬᠤ ᠠᠰᠠᠷ ᠪᠠᠷᠢᠬᠤ ᠬᠠᠮᠢᠶᠠᠷᠤᠯᠲᠠ ᠶᠢᠨ ᠳᠦᠷᠢᠮ︾ ︵ᠲᠦᠷᠥ ᠶᠢᠨ ᠶᠠᠪᠤᠳᠠᠯ ᠤᠨ ᠬᠤᠷᠢᠶ᠎ᠠ ﹇2017﹈ 688 ᠨᠤᠮᠧᠷᠳᠤ︶᠎ ᠶᠢ ᠲᠤᠭᠤᠷᠢᠭ ᠤᠨ ᠠᠷᠠᠳ ᠤᠨ ᠵᠠᠰᠠᠬ ᠤᠨ ᠤᠷᠳᠤᠨ ᠎ ᠢᠶᠠᠷ  ᠵᠦᠪᠰᠢᠶᠡᠷᠡᠭᠦᠯᠦᠬᠡᠳ᠂ ᠡᠳᠦᠬᠡ ᠲᠠᠨᠠᠷ ᠲᠤ ᠳᠠᠮᠵᠢᠭᠤᠯᠤᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠤᠨ᠂  ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠳᠤᠭᠠᠢ᠃                                                  ︵ᠲᠤᠰ ᠪᠢᠴᠢᠭ ᠮᠠᠲ᠋ᠧᠷᠢᠶᠠᠯ ᠢ  ᠢᠯᠡ ᠪᠠᠷ ᠨᠡᠶᠢᠲᠡᠯᠡᠨ᠎ᠡ︶  ᠠᠯᠪᠠᠨ ᠪᠠᠶᠢᠭᠤᠯᠤᠯᠭ᠎ᠠ ᠬᠠᠮᠲᠤ ᠨᠡᠶᠢᠲᠡ ᠶᠢᠨ ᠠᠵᠢᠯᠯᠠᠬᠤ  ᠠᠰᠠᠷ ᠪᠠᠷᠢᠬᠤ ᠬᠠᠮᠢᠶᠠᠷᠤᠯᠲᠠ ᠶᠢᠨ ᠳᠦᠷᠢᠮ                         ᠨᠢᠭᠡᠳᠦᠭᠡᠷ  ᠪᠦᠯᠦᠭ    ᠶᠡᠷᠦᠩᠬᠡᠢ ᠳᠦᠷᠢᠮ       ᠨᠢᠭᠡᠳᠦᠭᠡᠷ ᠵᠤᠷᠪᠤᠰ  ᠠᠯᠪᠠᠨ ᠪᠠᠶᠢᠭᠤᠯᠤᠯᠭ᠎ᠠ᠂ ᠬᠠᠮᠲᠤ ᠨᠡᠶᠢᠲᠡ ᠠᠰᠠᠷ ᠪᠠᠷᠢᠬᠤ ᠶᠢ ᠴᠢᠩᠭ᠎ᠠ ᠬᠢᠵᠠᠭᠠᠷᠯᠠᠵᠤ᠂ ᠠᠷᠪᠢᠯᠠᠨ ᠭᠠᠮᠨᠠᠬᠤ ᠶᠢ ᠡᠷᠬᠢᠮᠯᠡᠨ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠶᠢᠨ ᠲᠦᠯᠦᠭᠡ ᠲᠤᠰ ᠳᠦᠷᠢᠮ ᠢ ᠲᠤᠭᠲᠠᠭᠠᠭᠰᠠᠨ ᠪᠠᠶᠢᠨ᠎ᠠ᠃       ᠬᠤᠶᠠᠳᠤᠭᠠᠷ ᠵᠤᠷᠪᠤᠰ  ᠲᠤᠰ ᠳᠦᠷᠢᠮ ᠨᠢ ᠠᠯᠪᠠᠨ ᠪᠠᠶᠢᠭᠤᠯᠤᠯᠭ᠎ᠠ᠂ ᠬᠠᠮᠲᠤ ᠨᠡᠶᠢᠲᠡ ᠠᠰᠠᠷ ᠢ  ᠪᠠᠷᠢᠬᠤ ᠳᠤ ᠲᠣᠬᠢᠷᠠᠨ᠎ᠠ᠃       ᠲᠤᠰ ᠳᠦᠷᠢᠮ ᠳᠠᠬᠢ ᠪᠠᠷᠢᠬᠤ ᠭᠡᠳᠡᠭ ᠨᠢ ᠰᠢᠨ᠎ᠡ ᠪᠠᠷ ᠪᠠᠷᠢᠬᠤ᠂ ᠦᠷᠭᠡᠳᠭᠡᠬᠦ᠂ ᠵᠠᠰᠠᠬᠤ᠂ ᠬᠤᠳᠠᠯᠳᠤᠨ ᠠᠪᠬᠤ ᠶᠢ ᠵᠢᠭᠠᠨ᠎ᠠ᠃ ᠠᠰᠠᠷ ᠭᠡᠳᠡᠭ ᠨᠢ ᠠᠯᠪᠠᠨ ᠭᠡᠷ ᠤᠨ ᠬᠡᠷᠡᠭᠴᠡᠭᠡᠨ ᠳᠤ ᠪᠤᠯᠤᠨ ᠪᠣᠯᠪᠠᠰᠤᠷᠠᠯ ᠤᠨ ᠲᠥᠪ ᠵᠡᠷᠭᠡ ᠡᠯ᠎ᠡ ᠲᠦᠷᠥᠯ ᠤᠨ ᠬᠤᠨᠤᠬᠤ  ᠭᠠᠵᠠᠷ᠂ ᠬᠤᠷᠠᠯ ᠴᠤᠭᠯᠠᠭ᠎ᠠ ᠶᠢᠨ  ᠭᠡᠷ  ᠂ ᠬᠤᠭᠤᠯᠠᠨ ᠭᠡᠷ ᠵᠡᠷᠭᠡ ᠬᠦᠯᠢᠶᠡᠨ ᠵᠤᠴᠢᠯᠠᠬᠤ ᠴᠢᠳᠠᠮᠵᠢ ᠪᠦᠬᠦᠢ ᠲᠠᠯᠠᠪᠤᠷ ᠪᠤᠯᠤᠨ ᠲᠤᠨᠤᠭ ᠲᠥᠬᠦᠭᠡᠷᠦᠮᠵᠢ ᠶᠢ ᠵᠢᠭᠠᠨ᠎ᠠ᠃       ᠭᠤᠷᠪᠠᠳᠤᠭᠠᠷ  ᠵᠤᠷᠪᠤᠰ ᠠᠯᠪᠠᠯᠠᠬᠤ ᠠᠰᠠᠷ ᠢ ᠪᠠᠷᠢᠬᠤ ᠳᠤ ᠬᠢᠨᠠᠨ ᠵᠦᠪᠰᠢᠶᠡᠷᠡᠬᠦ ᠳᠦᠷᠢᠮ ᠢ ᠴᠢᠩᠭ᠎ᠠ ᠵᠢᠷᠦᠮᠯᠡᠵᠦ᠂ ᠪᠠᠶᠢᠭᠤᠯᠬᠤ ᠪᠠᠷᠢᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠵᠦᠪᠰᠢᠶᠡᠷᠡᠯ ᠤᠯᠤᠭᠰᠠᠨ ᠦᠭᠡᠢ ᠪᠠᠷ ᠠᠯᠪᠠᠯᠠᠬᠤ ᠠᠰᠠᠷ ᠢ ᠪᠠᠶᠢᠭᠤᠯᠵᠤ ᠪᠤᠯᠠᠬᠤ ᠦᠭᠡᠢ᠃       ᠮᠡᠷᠭᠡᠵᠢᠯ ᠤᠨ ᠠᠵᠢᠯ ᠳᠤ ᠬᠡᠷᠡᠭᠯᠡᠬᠦ ᠠᠰᠠᠷ ᠤᠨ ᠨᠡᠷ᠎ᠡ ᠪᠠᠷ ᠠᠯᠪᠠᠯᠠᠬᠤ ᠠᠰᠠᠷ ᠪᠠᠷᠢᠬᠤ ᠪᠤᠶᠤ ᠳᠦᠷᠢᠮ ᠲᠤᠭᠲᠠᠭᠠᠯ ᠠᠴᠠ ᠵᠦᠷᠢᠴᠡᠵᠦ ᠮᠡᠷᠭᠡᠵᠢᠯ ᠤᠨ ᠠᠵᠢᠯ ᠳᠤ ᠬᠡᠷᠡᠭᠯᠡᠬᠦ ᠠᠰᠠᠷ ᠳᠤᠲᠤᠷ᠎ᠠ ᠠᠯᠪᠠᠯᠠᠬᠤ ᠭᠠᠵᠠᠷ ᠪᠠᠶᠢᠭᠤᠯᠬᠤ ᠶᠢ ᠬᠤᠷᠢᠭᠯᠠᠨ᠎ᠠ᠃        ᠳᠥᠷᠪᠡᠳᠦᠭᠡᠷ ᠵᠤᠷᠪᠤᠰ  ᠠᠯᠪᠠᠯᠠᠬᠤ ᠠᠰᠠᠷ ᠢ ᠪᠠᠶᠢᠭᠤᠯᠬᠤ ᠳᠤ ᠡᠭᠡᠯ ᠪᠤᠷᠤᠭᠵᠢᠭᠤᠨ᠂ ᠬᠡᠷᠡᠭᠯᠡᠬᠦ ᠳᠤ ᠲᠤᠬᠢᠷᠠᠮᠵᠢᠲᠠᠢ᠂ ᠠᠮᠤᠷ ᠲᠦᠪᠰᠢᠨ᠂ ᠡᠨᠧᠷᠬᠢ ᠠᠷᠪᠢᠯᠡᠬᠤ ᠵᠠᠷᠴᠢᠮ ᠢ ᠪᠠᠷᠢᠮᠳᠠᠯᠠᠬᠤ ᠬᠡᠷᠡᠭᠲᠡᠢ᠃       ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠪᠠᠶᠢᠭᠤᠯᠤᠯᠭ᠎ᠠ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠷᠤᠨ ᠰᠠᠭᠤᠴᠠ ᠬᠤᠲᠠ ᠬᠥᠳᠡᠭᠡ ᠶᠢᠨ ᠪᠠᠶᠢᠭᠤᠯᠤᠯᠲᠠ ᠶᠢᠨ ᠪᠠᠶᠢᠭᠤᠯᠤᠯᠭ᠎ᠠ᠂ ᠡᠳ᠋ ᠤᠨ ᠵᠠᠰᠠᠭ ᠤᠨ ᠪᠠᠶᠢᠭᠤᠯᠤᠯᠭ᠎ᠠ ᠲᠠᠢ ᠬᠠᠮᠲᠤᠷᠠᠨ ᠠᠯᠪᠠᠯᠠᠬᠤ ᠭᠡᠷ ᠢ ᠪᠠᠶᠢᠭᠤᠯᠬᠤ ᠪᠠᠷᠢᠮᠵᠢᠶ᠎ᠠ ᠶᠢ ᠲᠣᠭᠲᠠᠭᠠᠬᠤ ᠮᠥᠷᠲᠡᠭᠡᠨ ᠨᠡᠶᠢᠭᠡᠮ ᠨᠡᠶᠢᠲᠡ ᠳᠤ  ᠨᠡᠶᠢᠲᠡᠯᠡᠬᠦ ᠬᠡᠷᠡᠭᠲᠡᠢ᠃       ᠲᠠᠪᠤᠳᠤᠭᠠᠷ ᠵᠤᠷᠪᠤᠰ  ᠠᠯᠪᠠᠨ ᠪᠠᠶᠢᠭᠤᠯᠤᠯᠭ᠎ᠠ᠂ ᠬᠠᠮᠲᠤ ᠨᠡᠶᠢᠲᠡ ᠠᠴᠠ ᠪᠣᠯᠪᠠᠰᠤᠷᠠᠯ ᠤᠨ ᠲᠥᠪ ᠵᠡᠷᠭᠡ ᠶᠢᠨ ᠡᠯ᠎ᠡ ᠲᠦᠷᠥᠯ ᠤᠨ ᠬᠤᠨᠤᠬᠤ ᠪᠠᠶᠢᠷᠢ᠂ ᠬᠤᠷᠠᠯ ᠴᠤᠭᠯᠠᠭ᠎ᠠ ᠶᠢᠨ  ᠭᠡᠷ  ᠂ ᠬᠤᠭᠤᠯᠠᠨ ᠭᠡᠷ ᠵᠡᠷᠭᠡ ᠬᠦᠯᠢᠶᠡᠨ ᠵᠣᠴᠢᠯᠠᠬᠤ ᠴᠢᠳᠠᠮᠵᠢ ᠪᠦᠬᠦᠢ ᠲᠠᠯᠠᠪᠤᠷ ᠪᠤᠯᠤᠨ ᠲᠤᠨᠤᠭ ᠲᠥᠬᠦᠭᠡᠷᠦᠮᠵᠢ ᠶᠢ ᠪᠠᠶᠢᠭᠤᠯᠵᠤ ᠪᠣᠯᠬᠤ ᠦᠭᠡᠢ᠃᠎                   ᠬᠤᠶᠠᠳᠤᠭᠠᠷ ᠪᠦᠯᠦᠭ   ᠠᠵᠢᠯ ᠲᠥᠷᠥᠯ ᠤᠨ ᠬᠢᠨᠠᠨ ᠵᠥᠪᠰᠢᠶᠡᠷᠡᠯᠲᠡ        ᠵᠢᠷᠭᠤᠳᠤᠭᠠᠷ ᠵᠤᠷᠪᠤᠰ  ᠠᠯᠪᠠᠯᠠᠬᠤ ᠠᠰᠠᠷ ᠪᠠᠶᠢᠭᠤᠯᠬᠤ ᠥᠶ᠎ᠡ ᠳᠤ᠂ ᠠᠵᠢᠯ ᠲᠦᠰᠦᠯ ᠢ ᠬᠢᠨᠠᠨ ᠵᠥᠪᠰᠢᠶᠡᠷᠡᠬᠦ ᠪᠠᠶᠢᠭᠤᠯᠭ᠎ᠠ ︵ᠳᠤᠤᠷ᠎ᠠ ᠬᠢᠨᠠᠨ ᠵᠥᠪᠰᠢᠶᠡᠷᠡᠬᠦ ᠪᠠᠶᠢᠭᠤᠯᠭ᠎ᠠ ᠭᠡᠵᠦ ᠳᠥᠭᠦᠮᠴᠢᠯᠡᠶ᠎ᠡ )᠎ ᠳᠤ ᠰᠠᠨᠠᠯ ᠳᠡᠪᠰᠢᠭᠦᠯᠬᠦ ᠪᠢᠴᠢᠭ᠂ ᠪᠣᠯᠣᠮᠵᠢ ᠶᠢᠨ ᠰᠤᠳᠤᠯᠤᠯ ᠤᠨ ᠮᠡᠳᠡᠭᠦᠯᠦᠯᠲᠡ᠂ ᠠᠩᠬᠠᠨ ᠤ ᠲᠥᠯᠦᠪᠯᠡᠭᠡ ᠪᠠᠨ ᠲᠤᠰᠢᠶᠠᠬᠤ ᠬᠡᠷᠡᠭᠲᠡᠢ᠃ ᠠᠯᠪᠠᠯᠠᠬᠤ ᠠᠰᠠᠷ ᠢ  ᠬᠤᠳᠠᠯᠳᠤᠨ ᠠᠪᠤᠭᠰᠠᠨ ᠪᠠᠶᠢᠪᠠᠯ ᠠᠩᠬᠠᠨ ᠤ ᠲᠥᠯᠥᠪᠯᠡᠭᠡ ᠲᠤᠰᠢᠶᠠᠬᠤ ᠬᠡᠷᠡᠭ ᠦᠭᠡᠢ᠃       ᠬᠢᠨᠠᠨ ᠵᠥᠪᠰᠢᠶᠡᠷᠡᠬᠦ ᠪᠠᠶᠢᠭᠤᠯᠭ᠎ᠠ ᠶᠢᠨ ᠵᠥᠪᠰᠢᠶᠡᠷᠡᠯ ᠢᠶᠠᠷ ᠠᠯᠪᠠᠯᠠᠬᠤ ᠠᠰᠠᠷ ᠤᠨ ᠠᠵᠢᠯ ᠲᠥᠷᠥᠯ ᠤᠨ ᠪᠤᠳᠠᠲᠣ ᠪᠠᠶᠢᠳᠠᠯ ᠢ ᠦᠨᠳᠦᠰᠦᠯᠡᠵᠦ ᠰᠠᠨᠠᠯ ᠳᠡᠪᠰᠢᠭᠦᠯᠬᠦ ᠪᠢᠴᠢᠭ᠂ ᠪᠣᠯᠣᠮᠵᠢ ᠶᠢᠨ ᠰᠤᠳᠤᠯᠤᠯ ‍ᠤᠨ‌ᠮᠡᠳᠡᠭᠦᠯᠦᠯᠲᠡ᠂ ᠠᠩᠬᠠᠨ ᠤ ᠲᠥᠯᠥᠪᠯᠡᠭᠡ ᠶᠢ ᠨᠡᠶᠢᠯᠡᠭᠦᠯᠦᠨ ᠵᠤᠬᠢᠶᠠᠭᠠᠳ ᠮᠡᠳᠡᠭᠦᠯᠵᠦ ᠪᠤᠯᠤᠨ᠎ᠠ᠃       ᠳᠣᠯᠤᠳᠤᠭᠠᠷ ᠵᠤᠷᠪᠤᠰ   ᠠᠯᠪᠠᠯᠠᠬᠤ ᠠᠰᠠᠷ ᠤᠨ ᠠᠵᠢᠯ ᠲᠦᠷᠥᠯ ᠢ ᠬᠢᠨᠠᠨ ᠵᠦᠪᠰᠢᠶᠡᠷᠡᠬᠦ ᠪᠠᠶᠢᠭᠤᠯᠭ᠎ᠠ ᠪᠣᠯᠣᠨ ᠬᠢᠨᠠᠨ ᠵᠦᠪᠰᠢᠶᠡᠷᠡᠬᠦ ᠡᠷᠬᠡ ᠶᠢᠨ ᠬᠢᠵᠠᠭᠠᠷᠯᠠᠯ ᠢ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃       ᠨᠠᠢᠮᠠᠳᠤᠭᠠᠷ  ᠵᠤᠷᠪᠤᠰ  ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠠᠯᠪᠠᠯᠠᠬᠤ ᠠᠰᠠᠷ ᠤᠨ ᠠᠵᠢᠯ ᠲᠥᠷᠥᠯ ᠢ ᠬᠢᠨᠠᠨ ᠬᠠᠷᠭᠤᠭᠤᠯᠬᠤ ᠳᠠᠭᠠᠨ ᠴᠢᠩᠭ᠎ᠠ ᠪᠠᠶᠢᠵᠤ᠂ ᠪᠠᠶᠢᠭᠤᠯᠬᠤ ᠪᠠᠷᠢᠮᠵᠢᠶ᠎ᠠ ᠶᠤᠰᠤᠭᠠᠷ ᠪᠠᠶᠢᠭᠤᠯᠬᠤ ᠠᠭᠤᠯᠭ᠎ᠠ᠂ ᠪᠠᠶᠢᠭᠤᠯᠬᠤ ᠬᠡᠪᠴᠢᠶ᠎ᠡ ᠪᠣᠯᠣᠨ  ᠪᠡᠯᠡ ᠤᠷᠤᠭᠤᠯᠬᠤ ᠲᠥᠰᠥᠪᠯᠡᠯ ᠢ ᠬᠢᠨᠠᠨ ᠲᠤᠭᠲᠠᠭᠠᠬᠤ ᠬᠡᠷᠡᠭᠲᠡᠢ᠃       ᠶᠢᠰᠦᠳᠦᠭᠡᠷ  ᠵᠤᠷᠪᠤᠰ   ᠠᠯᠪᠠᠯᠠᠬᠤ ᠠᠰᠠᠷ ᠤᠨ ᠠᠵᠢᠯ ᠲᠥᠷᠥᠯ ᠳᠤ ᠳᠣᠣᠷᠠᠬᠢ ᠪᠠᠶᠢᠳᠠᠯ ᠣᠷᠣᠰᠢᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠵᠦᠪᠰᠢᠶᠡᠷᠡᠵᠦ ᠪᠣᠯᠬᠤ ᠦᠭᠡᠢ᠄       ︵ᠨᠢᠭᠡ︶ ᠠᠯᠪᠠᠯᠠᠬᠤ ᠠᠰᠠᠷ ᠪᠠᠷᠢᠬᠤ ᠶᠢ ᠬᠤᠷᠢᠭᠯᠠᠭᠰᠠᠨ ᠪᠠᠶᠢᠳᠠᠯ ᠳᠣᠣᠷ᠎ᠠ᠂       ︵ᠬᠤᠶᠠᠷ︶ ᠪᠠᠶᠢᠭᠤᠯᠬᠤ ᠱᠠᠭᠠᠷᠳᠠᠯᠭ᠎ᠠ ᠨᠢ ᠭᠦᠢᠴᠡᠳ ᠪᠣᠰᠤ᠂       ︵ᠭᠤᠷᠪᠠ  ︶  ᠮᠦᠩᠭᠦᠨ ᠤ ᠢᠷᠡᠯᠲᠡ ᠨᠢ ᠳᠦᠷᠢᠮ ᠲᠤᠭᠲᠠᠭᠠᠯ ᠳᠤ ᠨᠡᠶᠢᠴᠡᠬᠦ ᠦᠭᠡᠢ᠂       ︵ᠳᠥᠷᠪᠡ︶ ᠪᠠᠶᠢᠭᠤᠯᠬᠤ ᠠᠭᠤᠯᠭ᠎ᠠ᠂ ᠪᠠᠶᠢᠭᠤᠯᠬᠤ ᠬᠡᠪᠴᠢᠶ᠎ᠡ  ᠵᠡᠷᠭᠡ ᠨᠢ ᠪᠠᠶᠢᠭᠤᠯᠬᠤ ᠪᠠᠷᠢᠮᠵᠢᠶᠠᠨ ᠳᠤ ᠨᠡᠶᠢᠴᠡᠬᠦ ᠦᠭᠡᠢ᠂       ︵ᠲᠠᠪᠤ︶ ᠪᠣᠰᠤᠳ ᠵᠥᠪᠰᠢᠶᠡᠷᠡᠵᠦ ᠪᠣᠯᠬᠤ ᠦᠭᠡᠢ ᠪᠠᠶᠢᠳᠠᠯ᠃       ᠠᠷᠪᠠᠳᠤᠭᠠᠷ ᠵᠤᠷᠪᠤᠰ  ᠵᠦᠪᠰᠢᠶᠡᠷᠡᠯ ᠤᠯᠤᠭᠰᠠᠨ ᠦᠭᠡᠢ ᠠᠯᠪᠠᠯᠠᠬᠤ  ᠠᠰᠠᠷ ᠤᠨ ᠠᠵᠢᠯ ᠲᠥᠷᠥᠯ ᠳᠤ  ᠲᠥᠯᠦᠪᠵᠢᠭᠦᠯᠭᠡ᠂ ᠬᠡᠷᠡᠭᠯᠡᠬᠦ ᠭᠠᠵᠠᠷ᠂ ᠪᠠᠷᠢᠯᠭ᠎ᠠ ᠪᠠᠷᠢᠬᠤ ᠵᠡᠷᠭᠡ ᠬᠤᠯᠪᠤᠭᠳᠠᠯ ᠪᠦᠬᠦᠢ ᠭᠠᠷ ᠭᠦᠢᠴᠡᠳᠭᠡᠯ ᠵᠢᠴᠢ ᠲᠦᠰᠦᠪ ᠲᠦᠰᠦᠪᠯᠡᠬᠦ᠂ ᠵᠠᠷᠤᠳᠠᠯ ᠮᠦᠩᠭᠦ ᠣᠯᠭᠤᠬᠤ ᠶᠢ ᠭᠦᠢᠴᠡᠳᠭᠡᠵᠦ ᠥᠭᠬᠦ ᠦᠭᠡᠢ᠃       ᠠᠷᠪᠠᠨ ᠨᠢᠭᠡᠳᠦᠭᠡᠷ ᠵᠤᠷᠪᠤᠰ ᠠᠯᠪᠠᠯᠠᠬᠤ ᠠᠰᠠᠷ ᠤᠨ ᠠᠵᠢᠯ ᠲᠦᠷᠦᠯ ᠨᠢ ᠡᠷᠬᠡᠪᠰᠢ ᠬᠢᠨᠠᠨ ᠵᠦᠪᠰᠢᠶᠡᠷᠡᠬᠦ ᠪᠠᠶᠢᠭᠤᠯᠭ᠎ᠠ ᠶᠢᠨ ᠬᠢᠨᠠᠨ ᠲᠤᠭᠲᠠᠭᠠᠭᠰᠠᠨ ᠪᠠᠶᠢᠭᠤᠯᠬᠤ ᠠᠭᠤᠯᠭ᠎ᠠ᠂ ᠪᠠᠶᠢᠭᠤᠯᠬᠤ ᠬᠡᠪᠴᠢᠶ᠎ᠡ ᠪᠠ ᠪᠡᠯᠡ ᠣᠷᠤᠭᠤᠯᠬᠤ ᠲᠦᠰᠦᠪᠯᠡᠯ ᠶᠤᠰᠤᠭᠠᠷ ᠲᠦᠯᠦᠪᠯᠡᠵᠦ᠂ ᠪᠠᠷᠢᠯᠭ᠎ᠠ ᠪᠠᠨ ᠡᠬᠢᠯᠡᠭᠦᠯᠬᠦ ᠬᠡᠷᠡᠭᠲᠡᠢ᠃ ᠤᠯᠤᠰ ᠤᠨ ᠲᠦᠷᠥ ᠶᠢᠨ ᠪᠣᠳᠣᠯᠭ᠎ᠠ ᠶᠢᠨ ᠲᠤᠬᠢᠷᠠᠭᠤᠯᠤᠯᠲᠠ᠂ ᠦᠨ᠎ᠡ ᠦᠰᠦᠭᠰᠡᠨ᠂ ᠭᠠᠵᠠᠷ ᠰᠢᠨᠵᠢᠯᠡᠭᠡᠨ ᠤ ᠨᠦᠬᠦᠴᠡᠯ ᠶᠡᠭᠡ ᠬᠤᠪᠢᠷᠠᠯᠲᠠ ᠭᠠᠷᠬᠤ ᠵᠡᠷᠭᠡ ᠰᠢᠯᠲᠠᠭᠠᠨ ᠠᠴᠠ ᠪᠣᠯᠵᠤ ᠪᠡᠯᠡ ᠤᠷᠤᠭᠤᠯᠬᠤ ᠲᠦᠰᠦᠪᠯᠡᠯ ᠢᠶᠠᠨ ᠨᠡᠮᠡᠭᠳᠡᠭᠦᠯᠬᠦ ᠭᠡᠪᠡᠯ ᠤᠤᠯ ᠤᠨ ᠬᠢᠨᠠᠨ ᠵᠦᠪᠰᠢᠶᠡᠷᠡᠬᠦ ᠪᠠᠶᠢᠭᠤᠯᠭ᠎ᠠ ᠶᠢᠨ ᠵᠥᠪᠰᠢᠶᠡᠷᠡᠯ ᠢ ᠣᠯᠬᠤ ᠬᠡᠷᠡᠭᠲᠡᠢ᠃       ᠠᠷᠪᠠᠨ ᠬᠤᠶᠠᠳᠤᠭᠠᠷ ᠵᠣᠷᠪᠤᠰ   ᠬᠢᠨᠠᠨ ᠵᠥᠪᠰᠢᠶᠡᠷᠡᠬᠦ ᠪᠠᠶᠢᠭᠤᠯᠭ᠎ᠠ ᠨᠢ ᠬᠢᠨᠠᠨ ᠵᠥᠪᠰᠢᠶᠡᠷᠡᠬᠦ ᠶᠠᠪᠤᠴᠠ ᠪᠠᠨ ᠲᠡᠭᠦᠯᠳᠡᠷᠵᠢᠭᠦᠯᠬᠦ ᠬᠡᠷᠡᠭᠲᠡᠢ᠃ ᠬᠢᠨᠠᠨ ᠵᠥᠪᠰᠢᠶᠡᠷᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠣᠯᠣᠨ ᠳᠤᠲᠤᠭᠠᠳᠤ ᠬᠢᠨᠠᠯᠲᠠ ᠲᠠᠯᠪᠢᠬᠤ ᠲᠤᠭᠲᠠᠯᠴᠠᠭ᠎ᠠ ᠶᠢ ᠪᠦᠷᠢᠨ ᠲᠡᠭᠦᠰ  ᠪᠠᠶᠢᠭᠤᠯᠬᠤ ᠬᠡᠷᠡᠭᠲᠡᠢ᠃                 ᠭᠤᠷᠪᠠᠳᠤᠭᠠᠷ ᠪᠦᠯᠦᠭ   ᠪᠦᠲᠦᠭᠡᠨ ᠪᠠᠶᠢᠭᠤᠯᠤᠯᠲᠠ ᠶᠢᠨ ᠮᠦᠩᠭᠦ       ᠠᠷᠪᠠᠨ ᠭᠤᠷᠪᠠᠳᠤᠭᠠᠷ ᠵᠤᠷᠪᠤᠰ ᠠᠯᠪᠠᠯᠠᠬᠤ ᠠᠰᠠᠷ ᠤᠨ ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠮᠦᠩᠭᠦ ᠶᠢ ᠲᠦᠰᠦᠪ ᠤᠨ ᠪᠡᠯᠡ ᠮᠦᠩᠭᠦ ᠠᠴᠠ ᠲᠣᠬᠢᠷᠠᠭᠤᠯᠤᠨ᠎ᠠ᠃ ᠠᠯᠪᠠᠯᠠᠬᠤ ᠠᠰᠠᠷ ᠤᠨ ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠮᠦᠩᠭᠦᠨ ᠤ ᠢᠷᠡᠯᠲᠡ ᠳᠤ ᠳᠣᠣᠷᠠᠬᠢ ᠬᠡᠳᠦᠨ ᠪᠠᠶᠢᠳᠠᠯ ᠣᠷᠣᠰᠢᠵᠤ ᠪᠣᠯᠬᠤ ᠦᠭᠡᠢ᠃      ︵ᠨᠢᠭᠡ︶ ᠡᠯ᠎ᠡ ᠵᠦᠢᠯ ᠤᠨ ᠲᠤᠰᠬᠠᠢ ᠬᠡᠷᠡᠭᠴᠡᠭᠡᠨ ᠤ ᠮᠦᠩᠭᠦ ᠶᠢ ᠰᠢᠯᠵᠢᠭᠦᠯᠦᠨ ᠬᠡᠷᠡᠭᠯᠡᠬᠦ᠂      ︵ᠬᠤᠶᠠᠷ︶ ᠪᠠᠶᠢᠭᠤᠯᠭ᠎ᠠ᠂ ᠬᠤᠪᠢ ᠬᠦᠮᠦᠨ ᠠᠴᠠ ᠲᠡᠭᠰᠢᠳᠭᠡᠨ ᠬᠤᠷᠢᠶᠠᠬᠤ᠂      ︵ᠭᠤᠷᠪᠠ︶ ᠪᠠᠩᠭᠢ ᠵᠡᠷᠭᠡ ᠶᠢᠨ ᠮᠦᠩᠭᠦᠨ ᠭᠦᠢᠯᠭᠡᠭᠡᠨ ᠤ ᠪᠠᠶᠢᠭᠤᠯᠭ᠎ᠠ ᠠᠴᠠ ᠵᠢᠭᠡᠯᠡᠬᠦ᠂      ︵ᠳᠥᠷᠪᠡ︶ ᠲᠤᠰᠠᠯᠠᠨ ᠲᠡᠳᠭᠦᠬᠦ ᠪᠣᠶᠤ ᠬᠠᠨᠳᠢᠪᠯᠠᠬᠤ ᠶᠢ ᠬᠦᠯᠢᠶᠡᠨ ᠠᠪᠬᠤ᠂      ︵ᠲᠠᠪᠤ︶ ᠪᠣᠰᠤᠳ ᠲᠤᠭᠲᠠᠭᠠᠯ ᠠᠴᠠ ᠵᠦᠷᠢᠴᠡᠭᠰᠡᠨ᠂      ᠠᠷᠪᠠᠨ ᠳᠦᠷᠪᠡᠳᠦᠭᠡᠷ ᠵᠤᠷᠪᠤᠰ  ᠤᠯᠤᠰ ᠤᠨ ᠰᠠᠩ ᠤᠨ ᠲᠦᠪᠯᠡᠷᠡᠭᠦᠯᠦᠨ ᠲᠦᠯᠦᠬᠦ ᠳᠦᠷᠢᠮ ᠤᠨ ᠬᠤᠯᠪᠤᠭᠳᠠᠯ ᠪᠦᠬᠦᠢ ᠲᠤᠭᠲᠠᠭᠠᠯ ᠤᠨ ᠶᠤᠰᠤᠭᠠᠷ ᠠᠯᠪᠠᠯᠠᠬᠤ ᠠᠰᠠᠷ ᠤᠨ ᠠᠵᠢᠯ ᠲᠦᠷᠦᠯ ᠤᠨ ᠪᠦᠲᠦᠭᠡᠨ ᠪᠠᠶᠢᠭᠤᠯᠤᠯᠲᠠ ᠶᠢᠨ ᠬᠦᠷᠦᠩᠭᠡ ᠶᠢ ᠣᠯᠭᠤᠨ᠎ᠠ᠃      ᠠᠷᠪᠠᠨ ᠲᠠᠪᠤᠳᠤᠭᠠᠷ ᠵᠤᠷᠪᠤᠰ   ᠠᠯᠪᠠᠯᠠᠬᠤ ᠠᠰᠠᠷ ᠤᠨ ᠠᠵᠢᠯ ᠲᠥᠷᠥᠯ ᠳᠠᠭᠤᠰᠤᠭᠰᠠᠨ ᠤ ᠳᠠᠷᠠᠭ᠎ᠠ᠂ ᠪᠠᠷᠢᠯᠭ᠎ᠠ ᠶᠢᠨ ᠪᠠᠶᠢᠭᠤᠯᠭ᠎ᠠ ᠠᠴᠠ ᠴᠠᠭ ᠲᠤᠬᠠᠢ ᠳᠤ ᠨᠢ ᠲᠤᠭᠲᠠᠭᠠᠯ ᠶᠤᠰᠤᠭᠠᠷ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠦᠰᠦᠪ ᠤᠨ ᠭᠦᠢᠴᠡᠳᠭᠡᠯ ᠢᠶᠠᠨ ᠮᠡᠳᠡᠭᠦᠯᠬᠦ ᠠᠵᠢᠯ ᠢ ᠵᠤᠬᠢᠶᠠᠨ ᠪᠠᠶᠢᠭᠤᠯᠵᠤ ᠮᠦᠷᠲᠡᠬᠡᠨ ᠲᠣᠭᠲᠠᠮᠠᠯ ᠬᠦᠷᠦᠩᠭᠡ ᠶᠢᠨ ᠳᠠᠩᠰᠠᠨ ᠳᠤ ᠣᠷᠣᠭᠤᠯᠬᠤ ᠪᠢᠴᠢᠭ ᠪᠠᠷᠢᠮᠲᠠ ᠶᠢ ᠭᠦᠢᠴᠡᠳᠭᠡᠨ᠎ᠡ᠃                       ᠳᠥᠷᠪᠡᠳᠦᠭᠡᠷ ᠪᠦᠯᠦᠭ    ᠬᠢᠨᠠᠨ ᠪᠠᠶᠢᠴᠠᠭᠠᠯᠲᠠ       ᠠᠷᠪᠠᠨ ᠵᠢᠷᠭᠤᠳᠤᠭᠠᠷ ᠵᠣᠷᠪᠤᠰ   ᠬᠢᠨᠠᠨ ᠵᠥᠪᠰᠢᠶᠡᠷᠡᠬᠦ ᠪᠠᠶᠢᠭᠤᠯᠭ᠎ᠠ᠂ ᠡᠳ᠋ ᠤᠨ ᠵᠠᠰᠠᠭ ᠤᠨ ᠰᠠᠯᠠᠭ᠎ᠠ ᠮᠦᠴᠢᠷ᠂ ᠬᠢᠨᠠᠨ ᠪᠣᠳᠤᠬᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ ︵ᠳᠣᠷᠣᠭᠰᠢ ᠬᠢᠨᠠᠨ ᠪᠠᠶᠢᠴᠠᠭᠠᠯᠲᠠ ᠶᠢᠨ ᠪᠠᠶᠢᠭᠤᠯᠭ᠎ᠠ ᠭᠡᠵᠦ ᠶᠡᠷᠦᠩᠬᠡᠶᠢᠯᠡᠨ ᠨᠡᠷᠡᠯᠡᠶ᠎ᠡ︶ ᠥᠪᠡᠷ ᠤᠨ ᠲᠣᠰᠢᠶᠠᠯ ᠬᠠᠷᠢᠭᠤᠴᠠᠯᠭ᠎ᠠ ᠶᠢᠨ ᠶᠤᠰᠤᠭᠠᠷ ᠠᠵᠢᠯᠯᠠᠬᠤ ᠠᠰᠠᠷ ᠪᠠᠶᠢᠭᠤᠯᠬᠤ ᠠᠵᠢᠯᠯᠠᠭ᠎ᠠ ᠳᠤ ᠬᠢᠨᠠᠨ ᠪᠠᠶᠢᠴᠠᠭᠠᠯᠲᠠ ᠪᠠ ᠦᠷ᠎ᠡ ᠪᠦᠲᠦᠮᠵᠢ ᠶᠢᠨ ᠦᠨᠡᠯᠡᠯᠲᠡ ᠬᠢᠬᠦ ᠪᠠᠨ ᠴᠢᠩᠭᠠᠳᠬᠠᠬᠤ ᠬᠡᠷᠡᠭᠲᠡᠢ᠃       ᠬᠢᠨᠠᠨ ᠪᠠᠶᠢᠴᠠᠭᠠᠯᠲᠠ ᠶᠢᠨ ᠪᠠᠶᠢᠭᠤᠯᠭ᠎ᠠ ᠨᠢᠭᠲᠠ ᠬᠠᠮᠵᠢᠯᠴᠠᠨ᠂ ᠰᠤᠷᠠᠭ ᠵᠠᠩᠬᠢ ᠶᠢᠨ ᠬᠠᠮᠲᠤ ᠡᠳ᠋ᠯᠡᠬᠦ ᠲᠣᠭᠲᠠᠯᠴᠠᠭ᠎ᠠ ᠶᠢ ᠪᠠᠶᠢᠭᠤᠯᠵᠤ᠂ ᠪᠣᠳᠠᠲᠤ ᠪᠠᠶᠢᠳᠠᠯ ᠢ ᠦᠨᠳᠦᠰᠦᠯᠡᠵᠦ ᠪᠠᠶᠢᠭᠠᠳ ᠬᠠᠮᠲᠤᠷᠠᠭᠰᠠᠨ ᠬᠢᠨᠠᠨ ᠪᠠᠶᠢᠴᠠᠭᠠᠯᠲᠠ᠂ ᠲᠣᠰᠬᠠᠢ ᠬᠢᠨᠠᠨ ᠪᠠᠶᠢᠴᠠᠭᠠᠯᠲᠠ ᠶᠢ ᠶᠠᠪᠤᠭᠳᠠᠭᠤᠯᠤᠨ᠎ᠠ᠃        ᠠᠷᠪᠠᠨ ᠳᠤᠯᠤᠳᠤᠭᠠᠷ ᠵᠣᠷᠪᠣᠰ   ᠬᠢᠨᠠᠨ ᠪᠠᠶᠢᠴᠠᠭᠠᠯᠲᠠ ᠶᠢᠨ ᠪᠠᠶᠢᠭᠤᠯᠭ᠎ᠠ ᠠᠴᠠ ᠠᠵᠢᠯᠯᠠᠬᠤ ᠠᠰᠠᠷ ᠪᠠᠶᠢᠭᠤᠯᠬᠤ ᠠᠵᠢᠯᠯᠠᠭ᠎ᠠ ᠳᠤ ᠬᠢᠨᠠᠨ ᠪᠠᠶᠢᠴᠠᠭᠠᠯᠲᠠ ᠬᠢᠵᠦ᠂ ᠪᠦᠲᠦᠭᠡᠨ ᠪᠠᠶᠢᠭᠤᠯᠤᠯᠲᠠ ᠶᠢᠨ ᠪᠠᠶᠢᠭᠤᠯᠭ᠎ᠠ ᠪᠤᠯᠤᠨ ᠪᠤᠰᠤᠳ ᠬᠤᠯᠪᠤᠭᠳᠠᠯ ᠪᠦᠬᠦᠢ ᠪᠠᠶᠢᠭᠤᠯᠭ᠎ᠠ ᠠᠴᠠ ᠬᠤᠯᠪᠤᠭᠳᠠᠬᠤ ᠪᠢᠴᠢᠭ ᠮᠠᠲ᠋ᠧᠷᠢᠶᠠᠯ ᠬᠠᠩᠭᠠᠵᠤ ᠥᠭᠬᠦ ᠶᠢ ᠱᠠᠭᠠᠷᠳᠠᠬᠤ ᠡᠷᠬᠡ ᠲᠠᠢ᠂ ᠬᠤᠯᠪᠤᠭᠳᠠᠬᠤ ᠬᠦᠮᠦᠰ ᠠᠴᠠ ᠪᠠᠶᠢᠳᠠᠯ ᠢ ᠣᠶᠢᠯᠠᠭᠠᠵᠤ᠂ ᠲᠤᠬᠠᠢ ᠶᠢᠨ ᠭᠠᠵᠠᠷ ᠲᠤ ᠬᠢᠨᠠᠨ ᠪᠠᠶᠢᠴᠠᠭᠠᠯᠲᠠ ᠬᠢᠬᠦ ᠡᠷᠬᠡ ᠲᠠᠢ᠃ ᠪᠦᠲᠦᠭᠡᠨ ᠪᠠᠶᠢᠭᠤᠯᠤᠯᠲᠠ ᠶᠢᠨ ᠪᠠᠶᠢᠭᠤᠯᠭ᠎ᠠ ᠪᠤᠯᠤᠨ ᠪᠤᠰᠤᠳ ᠬᠤᠯᠪᠤᠭᠳᠠᠯ ᠪᠦᠬᠦᠢ ᠪᠠᠶᠢᠭᠤᠯᠭ᠎ᠠ ᠠᠴᠠ ᠬᠢᠨᠠᠨ ᠪᠠᠶᠢᠴᠠᠭᠠᠯᠲᠠ ᠶᠢᠨ ᠠᠵᠢᠯ ᠢ ᠡᠷᠬᠡᠪᠰᠢ ᠲᠤᠰᠠᠯᠠᠬᠤ ᠬᠡᠷᠡᠭᠲᠡᠢ᠂ ᠲᠣᠰᠠᠯᠠᠬᠤ ᠦᠭᠡᠢ ᠪᠤᠶᠤ ᠬᠠᠷᠰᠢᠯᠠᠵᠤ ᠪᠣᠯᠬᠤ ᠦᠭᠡᠢ᠃        ᠠᠷᠪᠠᠨ ᠨᠠᠢᠮᠠᠳᠤᠭᠠᠷ ᠵᠣᠷᠪᠤᠰ  ᠪᠦᠲᠦᠭᠡᠨ ᠪᠠᠶᠢᠭᠤᠯᠤᠯᠲᠠ ᠶᠢᠨ ᠪᠠᠶᠢᠭᠤᠯᠭ᠎ᠠ ᠬᠤᠯᠪᠣᠭᠳᠠᠬᠤ ᠲᠤᠭᠲᠠᠭᠠᠯ ᠶᠤᠰᠤᠭᠠᠷ ᠠᠯᠪᠠᠯᠠᠬᠤ ᠠᠰᠠᠷ ᠤᠨ ᠠᠵᠢᠯ ᠲᠥᠷᠦᠯ ᠤᠨ ᠳᠠᠩᠰᠤᠯᠠᠭᠤᠯᠬᠤ ᠠᠵᠢᠯ ᠤᠨ ᠬᠠᠮᠢᠶᠠᠷᠤᠯᠲᠠ ᠪᠠᠨ ᠴᠢᠩᠭᠠᠳᠬᠠᠨ᠂ ᠠᠵᠢᠯ ᠲᠦᠷᠦᠯ ᠤᠨ ᠬᠢᠨᠠᠨ ᠵᠥᠪᠰᠢᠶᠡᠷᠡᠯᠲᠡ ᠪᠣᠯᠣᠨ ᠠᠵᠢᠯ ᠤᠨ ᠶᠠᠪᠤᠴᠠ ᠳᠤᠮᠳᠠᠬᠢ  ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠳᠠᠩᠰᠠᠯᠠᠨ ᠪᠠᠶᠢᠴᠠᠭᠠᠯᠲᠠ ᠳᠤ ᠪᠡᠯᠡᠳᠭᠡᠨ᠎ᠡ᠃       ᠠᠷᠪᠠ ᠶᠢᠰᠦᠳᠦᠭᠡᠷ ᠵᠣᠷᠪᠤᠰ   ᠬᠠᠤᠯᠢ ᠶᠤᠰᠤᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠢ ᠪᠠᠶᠢᠳᠠᠯ ᠠᠴᠠ ᠭᠠᠳᠠᠨ᠎ᠠ᠂ ᠳᠣᠣᠷᠠᠬᠢ ᠰᠤᠷᠠᠭ ᠵᠠᠩᠭᠢ ᠶᠢ ᠵᠠᠰᠠᠭ ᠤᠨ ᠤᠷᠳᠤᠨ ᠤ ᠰᠦᠯᠵᠢᠶ᠎ᠡ ᠵᠡᠷᠭᠡ ᠣᠯᠠᠨ ᠤ ᠮᠡᠳᠡᠳᠡᠭ ᠠᠷᠭ᠎ᠠ ᠬᠡᠯᠪᠡᠷᠢ ᠪᠠᠷ ᠢᠯᠡ ᠪᠠᠷ ᠨᠡᠶᠢᠲᠡᠯᠡᠬᠦ ᠬᠡᠷᠡᠭᠲᠡᠢ᠄       ︵ᠨᠢᠭᠡ︶ ᠠᠯᠪᠠᠯᠠᠬᠤ ᠠᠰᠠᠷ ᠤᠨ ᠠᠵᠢᠯ ᠲᠥᠷᠥᠯ ᠤᠨ ᠬᠢᠨᠠᠨ ᠵᠦᠪᠰᠢᠶᠡᠷᠡᠬᠦ ᠪᠠᠶᠢᠳᠠᠯ᠂ ᠪᠦᠲᠦᠭᠡᠨ ᠪᠠᠶᠢᠭᠤᠯᠬᠤ ᠪᠠᠶᠢᠭᠤᠯᠭ᠎ᠠ ᠶᠢᠨ ᠨᠡᠷᠡᠶᠢᠳᠦᠯ᠂ ᠬᠢᠨᠠᠨ ᠵᠥᠪᠰᠢᠶᠡᠷᠡᠭᠦᠯᠬᠦ ᠰᠢᠯᠲᠠᠭᠠᠨ ᠪᠣᠯᠣᠨ ᠪᠠᠶᠢᠭᠤᠯᠬᠤ ᠠᠭᠤᠯᠭ᠎ᠠ᠂ ᠪᠠᠶᠢᠭᠤᠯᠬᠤ ᠬᠡᠪᠴᠢᠶ᠎ᠡ᠂ ᠪᠡᠯᠡ ᠤᠷᠤᠭᠤᠯᠤᠯᠲᠠ ᠶᠢᠨ ᠲᠦᠰᠦᠪᠯᠡᠯ ᠵᠡᠷᠭᠡ ᠶᠢ ᠪᠠᠭᠲᠠᠭᠠᠨ᠎ᠠ᠃ ᠪᠡᠯᠡ ᠤᠷᠤᠭᠤᠯᠤᠯᠲᠠ ᠶᠢᠨ ᠲᠦᠰᠦᠪᠯᠡᠯ ᠪᠠᠨ ᠨᠡᠮᠡᠭᠳᠡᠭᠦᠯᠬᠦ ᠳᠤ  ᠪᠠᠶᠢᠳᠠᠯ ᠪᠣᠯᠣᠨ ᠰᠢᠯᠲᠠᠭᠠᠨ ᠢᠶᠠᠨ ᠢᠯᠡ ᠪᠠᠷ ᠨᠡᠶᠢᠲᠡᠯᠡᠬᠦ ᠴᠢᠬᠤᠯᠠ ᠲᠠᠢ᠃       ︵ᠬᠤᠶᠠᠷ︶ ᠬᠢᠨᠠᠨ ᠪᠠᠶᠢᠴᠠᠭᠠᠯᠲᠠ ᠶᠢᠨ ᠪᠠᠶᠢᠳᠠᠯ ᠳᠤ ᠬᠠᠤᠯᠢ ᠪᠤᠰᠤ ᠪᠠᠷ ᠠᠵᠢᠯᠯᠠᠬᠤ ᠠᠰᠠᠷ ᠪᠠᠶᠢᠭᠤᠯᠤᠭᠰᠠᠨ ᠪᠠᠶᠢᠭᠤᠯᠭ᠎ᠠ ᠶᠢᠨ ᠨᠡᠷᠡᠶᠢᠳᠦᠯ᠂ ᠬᠡᠷᠡᠭ ᠤᠨ ᠦᠨᠳᠦᠰᠦᠨ ᠪᠠᠶᠢᠳᠠᠯ ᠪᠣᠯᠣᠨ ᠰᠢᠢᠳᠪᠦᠷᠢᠯᠡᠭᠰᠡᠨ ᠳ᠋ᠦᠩ ᠵᠡᠷᠭᠡ ᠶᠢ ᠪᠠᠭᠲᠠᠭᠠᠨ᠎ᠠ᠃       ᠬᠤᠷᠢᠳᠤᠭᠠᠷ  ᠵᠤᠷᠪᠤᠰ  ᠶᠠᠮᠠᠷᠪᠠ ᠪᠠᠶᠢᠭᠤᠯᠭ᠎ᠠ ᠪᠠ ᠬᠤᠪᠢ ᠬᠦᠮᠦᠨ ᠠᠴᠠ ᠬᠢᠨᠠᠨ ᠪᠠᠶᠢᠴᠠᠭᠠᠯᠲᠠ ᠶᠢᠨ ᠪᠠᠶᠢᠭᠤᠯᠭ᠎ᠠ ᠳᠤ ᠲᠤᠰ ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃       ᠬᠢᠨᠠᠨ ᠪᠠᠶᠢᠴᠠᠭᠠᠯᠲᠠ ᠶᠢᠨ ᠪᠠᠶᠢᠭᠤᠯᠭ᠎ᠠ ᠨᠢ ᠢᠯᠡᠴᠢᠯᠡᠨ ᠮᠡᠳᠡᠭᠦᠯᠬᠦ ᠤᠲᠠᠰᠤ ᠪᠣᠯᠣᠨ email ᠬᠠᠶᠠᠭ᠂ ᠵᠠᠰᠠᠭ ᠤᠨ ᠤᠷᠳᠤᠨ ᠤ ᠰᠦᠯᠵᠢᠶᠡᠨ ᠳᠤ ᠢᠯᠡᠴᠢᠯᠡᠨ ᠮᠡᠳᠡᠭᠦᠯᠬᠦ ᠲᠤᠰᠬᠠᠢ ᠪᠣᠯᠣᠩ ᠭᠠᠷᠭᠠᠬᠤ ᠵᠡᠷᠭᠡ ᠠᠷᠭ᠎ᠠ ᠪᠠᠷᠢᠯ ᠢᠶᠠᠷ ᠳᠠᠮᠵᠢᠨ ᠪᠠᠶᠢᠭᠤᠯᠭ᠎ᠠ ᠪᠠ ᠬᠤᠪᠢ ᠬᠦᠮᠦᠨ ᠤ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ ᠮᠦᠷᠲᠡᠭᠡᠨ ᠴᠠᠭ ᠲᠤᠬᠠᠢ ᠳᠤ ᠨᠢ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠡᠢ᠃                    ᠲᠠᠪᠤᠳᠤᠭᠠᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ        ᠬᠤᠷᠢᠨ ᠨᠢᠭᠡᠳᠦᠭᠡᠷ ᠵᠤᠷᠪᠤᠰ   ᠠᠯᠪᠠᠨ ᠪᠠᠶᠢᠭᠤᠯᠭ᠎ᠠ᠂ ᠬᠠᠮᠲᠤ ᠨᠡᠶᠢᠲᠡ ᠳᠤ ᠳᠣᠣᠷᠠᠬᠢ ᠪᠠᠶᠢᠳᠠᠯ ᠤᠨ ᠨᠢᠭᠡ ᠨᠢ ᠣᠷᠣᠰᠢᠪᠠᠯ᠂ ᠪᠣᠳᠠᠲᠤ ᠪᠠᠶᠢᠳᠠᠯ ᠢ ᠨᠢ ᠦᠨᠳᠦᠰᠦᠯᠡᠵᠦ ᠪᠠᠶᠢᠭᠠᠳ ᠪᠠᠶᠢᠭᠤᠯᠬᠤ ᠠᠵᠢᠯᠯᠠᠭ᠎ᠠ ᠶᠢ ᠵᠣᠭᠰᠤᠭᠠᠬᠤ ᠪᠤᠶᠤ ᠵᠠᠯᠠᠷᠠᠭᠤᠯᠬᠤ᠂ ᠪᠠᠷᠢᠭᠰᠠᠨ ᠠᠰᠠᠷ ᠢ  ᠎ ᠨᠢ ᠬᠤᠷᠢᠶᠠᠨ ᠠᠪᠬᠤ᠂ ᠦᠨᠡᠨ ᠬᠠᠶᠠᠯᠴᠠᠨ ᠬᠤᠳᠠᠯᠳᠤᠬᠤ ᠪᠤᠶᠤ ᠲᠤᠭᠲᠠᠭᠰᠠᠨ ᠬᠤᠭᠤᠴᠠᠭᠠᠨ ᠳᠤ ᠰᠤᠯᠠᠯᠠᠵᠤ ᠥᠭᠬᠦ ᠶᠢ ᠱᠠᠭᠠᠷᠳᠠᠨ᠂ ᠬᠠᠷᠢᠭᠤᠴᠠᠯᠭ᠎ᠠ ᠲᠠᠢ ᠤᠳᠤᠷᠢᠳᠤᠯᠭ᠎ᠠ ᠶᠢᠨ ᠬᠦᠮᠦᠰ ᠪᠣᠯᠣᠨ ᠰᠢᠭᠤᠳ ᠬᠠᠷᠢᠭᠤᠴᠠᠯᠭ᠎ᠠ ᠲᠠᠢ ᠤᠳᠤᠷᠢᠳᠤᠯᠭ᠎ᠠ ᠶᠢᠨ ᠬᠦᠮᠦᠰ ᠢ ᠬᠠᠤᠯᠢ ᠶᠤᠰᠤᠭᠠᠷ ᠰᠢᠢᠳᠭᠡᠯ ᠦᠭᠭᠦᠨ᠎ᠡ᠄       ︵ᠨᠢᠭᠡ︶ ᠪᠣᠯᠪᠠᠰᠤᠷᠠᠯ ᠤᠨ ᠲᠥᠪ ᠵᠡᠷᠭᠡ ᠡᠯ᠎ᠡ ᠲᠦᠷᠥᠯ ᠤᠨ ᠬᠤᠨᠤᠬᠤ ᠪᠠᠶᠢᠷᠢ᠂ ᠬᠤᠷᠠᠯ ᠴᠤᠭᠯᠠᠭ᠎ᠠ ᠶᠢᠨ  ᠭᠡᠷ  ᠂ ᠬᠤᠭᠤᠯᠠᠨ ᠭᠡᠷ ᠵᠡᠷᠭᠡ ᠬᠦᠯᠢᠶᠡᠨ ᠵᠣᠴᠢᠯᠠᠬᠤ ᠴᠢᠳᠠᠪᠤᠷᠢ ᠲᠠᠢ ᠲᠠᠯᠠᠪᠤᠷ ᠪᠤᠯᠤᠨ ᠲᠤᠨᠤᠭ ᠲᠥᠬᠦᠭᠡᠷᠦᠮᠵᠢ᠂       ︵ᠬᠤᠶᠠᠷ︶ ᠵᠦᠪᠰᠢᠶᠡᠷᠡᠯ ᠣᠯᠣᠭᠰᠠᠨ ᠦᠭᠡᠢ ᠪᠠᠷ ᠠᠯᠪᠠᠯᠠᠬᠤ ᠠᠰᠠᠷ ᠪᠠᠶᠢᠭᠤᠯᠬᠤ ᠪᠠᠶᠢᠳᠠᠯ᠂       ︵ᠭᠤᠷᠪᠠ︶ ᠮᠡᠷᠭᠡᠵᠢᠯ ᠤᠨ ᠠᠵᠢᠯ ᠳᠤ ᠬᠡᠷᠡᠭᠯᠡᠬᠦ ᠠᠰᠠᠷ ᠤᠨ ᠨᠡᠷ᠎ᠡ ᠪᠠᠷ ᠠᠯᠪᠠᠯᠠᠬᠤ ᠠᠰᠠᠷ ᠪᠠᠶᠢᠭᠤᠯᠬᠤ ᠪᠤᠶᠤ ᠳᠦᠷᠢᠮ ᠲᠤᠭᠲᠠᠭᠠᠯ ᠠᠴᠠ ᠵᠦᠷᠢᠴᠡᠵᠦ ᠮᠡᠷᠭᠡᠵᠢᠯ ᠤᠨ ᠠᠵᠢᠯ ᠳᠤ ᠬᠡᠷᠡᠭᠯᠡᠬᠦ ᠠᠰᠠᠷ ᠳᠣᠲᠣᠷ᠎ᠠ ᠠᠯᠪᠠᠯᠠᠬᠤ  ᠭᠠᠵᠠᠷ ᠪᠠᠶᠢᠭᠤᠯᠬᠤ  ᠪᠠᠶᠢᠳᠠᠯ  ᠂       ︵ᠳᠥᠷᠪᠡ︶ ᠪᠠᠶᠢᠭᠤᠯᠬᠤ ᠠᠭᠤᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠵᠤ᠂ ᠪᠠᠶᠢᠭᠤᠯᠬᠤ ᠬᠡᠪᠴᠢᠶ᠎ᠡ ᠶᠢ ᠶᠡᠭᠡᠰᠬᠡᠬᠦ ᠪᠣᠶᠤ ᠳᠤᠷ᠎ᠠ ᠪᠠᠷ ᠢᠶᠠᠨ ᠪᠡᠯᠡ ᠤᠷᠤᠭᠤᠯᠤᠯᠲᠠ ᠶᠢᠨ ᠲᠦᠰᠦᠪᠯᠡᠯ ᠢᠶᠠᠨ ᠨᠡᠮᠡᠭᠳᠡᠭᠦᠯᠬᠦ ᠪᠠᠶᠢᠳᠠᠯ᠂       ︵ᠲᠠᠪᠤ︶ ᠠᠯᠪᠠᠯᠠᠬᠤ ᠠᠰᠠᠷ ᠤᠨ ᠠᠵᠢᠯ ᠲᠥᠷᠥᠯ ᠤᠨ ᠪᠠᠶᠢᠭᠤᠯᠤᠯᠲᠠ ᠶᠢᠨ ᠮᠦᠩᠭᠦᠨ ᠤ ᠢᠷᠡᠯᠲᠡ ᠨᠢ ᠳᠦᠷᠢᠮ ᠲᠤᠭᠲᠠᠭᠠᠯ ᠳᠤ ᠨᠡᠶᠢᠴᠡᠬᠦ ᠦᠭᠡᠢ ᠪᠠᠶᠢᠳᠠᠯ᠃       ᠬᠤᠷᠢᠨ ᠬᠤᠶᠠᠳᠤᠭᠠᠷ ᠵᠣᠷᠪᠤᠰ  ᠳᠣᠣᠷᠠᠬᠢ ᠪᠠᠶᠢᠳᠠᠯ ᠤᠨ ᠨᠢᠭᠡ ᠨᠢ ᠣᠷᠣᠰᠢᠪᠠᠯ᠂ ᠵᠠᠯᠠᠷᠠᠭᠤᠯᠬᠤ ᠪᠠᠷ ᠵᠠᠷᠯᠢᠭᠳᠠᠵᠤ᠂ ᠬᠠᠷᠢᠭᠤᠴᠠᠯᠭ᠎ᠠ ᠪᠦᠬᠦᠢ ᠤᠳᠤᠷᠢᠳᠤᠯᠭ᠎ᠠ ᠶᠢᠨ ᠬᠦᠮᠦᠰ ᠪᠣᠯᠣᠨ ᠰᠢᠭᠤᠳ ᠬᠠᠷᠢᠭᠤᠴᠠᠯᠭᠠᠲᠠᠨ ᠳᠤ ᠬᠠᠤᠯᠢ ᠶᠤᠰᠤᠭᠠᠷ ᠰᠢᠢᠳᠭᠡᠯ ᠦᠭᠭᠦᠨ᠎ᠡ᠄       ︵ᠨᠢᠭᠡ︶ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠢ ᠳᠠᠪᠠᠨ᠂ ᠠᠯᠪᠠᠯᠠᠬᠤ ᠠᠰᠠᠷ ᠤᠨ ᠠᠵᠢᠯ ᠲᠥᠷᠥᠯ ᠢ ᠬᠢᠨᠠᠨ ᠵᠥᠪᠰᠢᠶᠡᠷᠡᠬᠦ ᠪᠠᠶᠢᠳᠠᠯ᠂       ︵ᠬᠤᠶᠠᠷ︶  ᠳᠦᠷᠢᠮ ᠲᠤᠭᠲᠠᠭᠠᠯ ᠳᠤ ᠨᠡᠶᠢᠴᠡᠬᠦ ᠦᠭᠡᠢ ᠠᠯᠪᠠᠯᠠᠬᠤ ᠠᠰᠠᠷ ᠤᠨ ᠠᠵᠢᠯ ᠲᠦᠷᠦᠯ ᠢ ᠵᠦᠪᠰᠢᠶᠡᠷᠡᠭᠰᠡᠨ ᠪᠠᠶᠢᠳᠠᠯ᠂       ︵ᠭᠤᠷᠪᠠ︶ ᠬᠢᠨᠠᠨ ᠵᠥᠪᠰᠢᠶᠡᠷᠡᠯᠲᠡ ᠬᠢᠭᠰᠡᠨ ᠦᠭᠡᠢ ᠠᠯᠪᠠᠯᠠᠬᠤ ᠠᠰᠠᠷ ᠤᠨ ᠠᠵᠢᠯ ᠲᠦᠷᠥᠯ ᠳᠤ ᠲᠥᠯᠥᠪᠵᠢᠭᠦᠯᠭᠡ᠂ ᠬᠡᠷᠡᠭᠯᠡᠬᠦ ᠭᠠᠵᠠᠷ᠂ ᠪᠠᠷᠢᠯᠭ᠎ᠠ ᠡᠬᠢᠯᠡᠭᠦᠯᠬᠦ ᠬᠤᠯᠪᠤᠭᠳᠠᠯ ᠪᠦᠬᠦᠢ ᠭᠠᠷ ᠭᠦᠢᠴᠡᠳᠭᠡᠯ ᠢ ᠬᠢᠬᠦ ᠪᠣᠶᠣ  ᠲᠥᠰᠦᠪ ᠲᠤᠬᠢᠷᠠᠭᠤᠯᠬᠤ᠂ ᠪᠡᠯᠡ ᠮᠦᠩᠭᠦ ᠣᠯᠭᠤᠬᠤ ᠪᠠᠶᠢᠳᠠᠯ᠂       ︵ᠳᠥᠷᠪᠡ︶ ᠪᠣᠰᠤᠳ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠠᠵᠢᠯ ᠡᠭᠦᠷᠭᠡ ᠪᠠᠨ ᠴᠠᠯᠭᠠᠷᠳᠠᠭᠤᠯᠬᠤ᠂ ᠬᠤᠪᠢ ᠶᠢᠨ ᠲᠥᠯᠦᠭᠡ ᠬᠠᠤᠯᠢ ᠵᠦᠷᠢᠴᠡᠬᠦ  ᠪᠠᠶᠢᠳᠠᠯ᠂       ᠬᠤᠷᠢᠨ ᠭᠤᠷᠪᠠᠳᠤᠭᠠᠷ ᠵᠤᠷᠪᠤᠰ  ᠪᠦᠲᠦᠭᠡᠨ ᠪᠠᠶᠢᠭᠤᠯᠬᠤ ᠪᠠᠶᠢᠭᠤᠯᠭ᠎ᠠ ᠲᠤᠭᠲᠠᠭᠠᠯ ᠶᠤᠰᠤᠭᠠᠷ ᠠᠯᠪᠠᠯᠠᠬᠤ ᠠᠰᠠᠷ ᠤᠨ ᠠᠵᠢᠯ ᠲᠤᠷᠤᠯ ᠤᠨ ᠬᠢᠨᠠᠨ ᠵᠥᠪᠰᠢᠶᠡᠷᠡᠯᠲᠡ ᠪᠣᠯᠣᠨ ᠪᠡᠶᠡᠯᠡᠭᠦᠯᠬᠦ ᠶᠠᠪᠤᠴᠠ ᠳᠤᠮᠳᠠᠬᠢ ᠬᠤᠯᠪᠣᠭᠳᠠᠬᠤ ᠪᠢᠴᠢᠭ ᠮᠠᠲ᠋ᠧᠷᠢᠶᠠᠯ ᠢ  ᠳᠠᠩᠰᠠᠯᠠᠵᠤ ᠪᠠᠶᠢᠴᠠᠭᠠᠯᠲᠠ ᠳᠤ  ᠪᠡᠯᠡᠳᠭᠡᠭᠰᠡᠨ ᠦᠭᠡᠢ ᠪᠣᠶᠤ ᠬᠤᠯᠪᠤᠭᠳᠠᠯ ᠪᠦᠬᠦᠢ  ᠪᠢᠴᠢᠭ ᠮᠠᠲ᠋ᠧᠷᠢᠶᠠᠯ ᠢ ᠰᠢᠯᠵᠢᠭᠦᠯᠬᠦ᠂ ᠨᠢᠭᠤᠬᠤ᠂ ᠭᠠᠵᠢᠭᠤᠯᠤᠨ ᠥᠭᠡᠷᠡᠴᠢᠯᠡᠬᠦ᠂ ᠡᠪᠳᠡᠨ ᠬᠠᠶᠠᠭᠰᠠᠨ ᠪᠠᠶᠢᠪᠠᠯ ᠵᠠᠷᠯᠢᠭᠳᠠᠨ ᠵᠠᠯᠠᠷᠠᠭᠤᠯᠵᠤ᠂ ᠬᠠᠷᠢᠭᠤᠴᠠᠯᠭ᠎ᠠ ᠲᠠᠢ ᠤᠳᠤᠷᠢᠳᠤᠯᠭ᠎ᠠ ᠶᠢᠨ ᠬᠦᠮᠦᠰ ᠪᠣᠯᠣᠨ ᠰᠢᠭᠤᠳ ᠬᠠᠷᠢᠭᠤᠴᠠᠯᠭᠠᠲᠠᠨ ᠳᠤ ᠬᠠᠤᠯᠢ ᠶᠤᠰᠤᠭᠠᠷ ᠰᠢᠢᠳᠭᠡᠯ ᠦᠭᠭᠦᠨ᠎ᠡ᠃       ᠬᠤᠷᠢᠨ ᠳᠥᠷᠪᠡᠳᠦᠭᠡᠷ ᠵᠤᠷᠪᠤᠰ  ᠬᠢᠨᠠᠨ ᠪᠠᠶᠢᠴᠠᠭᠠᠯᠲᠠ ᠶᠢᠨ ᠪᠠᠶᠢᠭᠤᠯᠭ᠎ᠠ ᠪᠣᠶᠣ ᠪᠣᠰᠤᠳ ᠬᠤᠯᠪᠤᠭᠳᠠᠯ ᠪᠦᠬᠦᠢ ᠪᠠᠶᠢᠭᠤᠯᠭ᠎ᠠ ᠠᠴᠠ ᠬᠠᠮᠢᠶᠠᠷᠤᠯᠲᠠ ᠶᠢᠨ ᠡᠷᠬᠡ ᠶᠢᠨ ᠬᠢᠵᠠᠭᠠᠷᠯᠠᠯ ᠢᠶᠠᠨ ᠦᠨᠳᠦᠰᠦᠯᠡᠨ ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠠᠴᠠ ᠬᠤᠷᠢᠨ ᠭᠤᠷᠪᠠᠳᠤᠭᠠᠷ ᠵᠦᠢᠯ ᠳᠠᠬᠢ ᠲᠤᠭᠲᠠᠭᠠᠭᠰᠠᠨ ᠰᠢᠢᠳᠭᠡᠯ ᠢ ᠬᠡᠷᠡᠭᠵᠢᠭᠦᠯᠦᠨ᠎ᠡ᠂ ᠬᠢᠨᠠᠨ ᠵᠦᠪᠰᠢᠶᠡᠷᠡᠬᠦ ᠪᠠᠶᠢᠭᠤᠯᠭ᠎ᠠ ᠠᠴᠠ ᠪᠤᠰᠤᠳ ᠰᠢᠢᠳᠭᠡᠯ ᠤᠨ ᠠᠷᠭ᠎ᠠ ᠠᠪᠴᠢᠯ ᠢ ᠬᠡᠷᠡᠭᠵᠢᠭᠦᠯᠦᠨ᠎ᠡ᠃ᠬᠤᠷᠢᠨ ᠲᠠᠪᠤᠳᠤᠭᠠᠷ ᠵᠤᠷᠪᠤᠰ   ᠲᠤᠰ ᠳᠦᠷᠢᠮ ᠢ ᠵᠦᠷᠢᠴᠡᠵᠦ ᠶᠠᠯᠠᠲᠤ ᠠᠵᠢᠯᠯᠠᠭ᠎ᠠ ᠪᠤᠯᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠢ ᠨᠡᠬᠡᠮᠵᠢᠯᠡᠨ᠎ᠡ᠃                           ᠵᠢᠷᠭᠤᠳᠤᠭᠠᠷ ᠪᠦᠯᠦᠭ   ᠳᠠᠭᠠᠯᠲᠠ ᠳᠦᠷᠢᠮ       ᠬᠤᠷᠢᠨ ᠵᠢᠷᠭᠤᠳᠤᠭᠠᠷ ᠵᠤᠷᠪᠤᠰ  ᠲᠤᠰ ᠳᠦᠷᠢᠮ ᠳᠠᠬᠢ ᠬᠠᠮᠲᠤ ᠨᠡᠶᠢᠲᠡ ᠭᠡᠳᠡᠭ ᠨᠢ  ᠠᠵᠢᠯᠴᠢᠨ ᠤ ᠡᠪᠯᠡᠯ ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠠᠷᠠᠳ ᠤᠨ ᠪᠦᠯᠬᠦᠮ ᠢ ᠵᠢᠭᠠᠨ᠎ᠠ᠃       ᠬᠤᠷᠢᠨ ᠳᠤᠯᠤᠳᠤᠭᠠᠷ ᠵᠤᠷᠪᠤᠰ   ᠲᠤᠰ ᠳᠦᠷᠢᠮ ᠨᠢ  ᠡᠳ᠋ ᠤᠨ ᠵᠠᠰᠠᠭ ᠠᠴᠠ ᠵᠠᠷᠤᠳᠠᠯ ᠤᠨ ᠪᠠᠲᠤᠯᠠᠭ᠎ᠠ ᠬᠠᠩᠭᠠᠵᠤ ᠪᠠᠶᠢᠭ᠎ᠠ ᠠᠵᠢᠯ ᠦᠢᠯᠡᠰ ᠤᠨ ᠨᠢᠭᠡᠴᠡ ᠪᠣᠯᠣᠨ ᠠᠷᠠᠳ ᠤᠨ ᠪᠦᠯᠬᠦᠮ ᠠᠴᠠ ᠪᠤᠰᠤᠳ ᠬᠠᠮᠲᠤ ᠨᠡᠶᠢᠲᠡ ᠠᠵᠢᠯᠯᠠᠬᠤ ᠠᠰᠠᠷ ᠪᠠᠶᠢᠭᠤᠯᠬᠤ ᠳᠤ ᠯᠠᠪᠯᠠᠨ ᠬᠡᠷᠡᠭᠯᠡᠬᠦ ᠳᠤ ᠲᠤᠬᠢᠷᠠᠨ᠎ᠠ᠃       ᠬᠤᠷᠢᠨ‌ᠨᠠᠢᠮᠠᠳᠤᠭᠠᠷ  ᠵᠤᠷᠪᠤᠰ  ᠠᠯᠪᠠᠨ ᠪᠠᠶᠢᠭᠤᠯᠭ᠎ᠠ᠂ ᠠᠷᠠᠳ ᠤᠨ ᠪᠦᠯᠬᠦᠮ᠂ ᠡᠳ᠋ ᠤᠨ ᠵᠠᠰᠠᠭ ᠠᠴᠠ ᠵᠠᠷᠤᠳᠠᠯ ᠤᠨ ᠪᠠᠲᠤᠯᠠᠭ᠎ᠠ ᠬᠠᠩᠭᠠᠵᠤ ᠪᠠᠶᠢᠭ᠎ᠠ ᠠᠵᠢᠯ ᠦᠢᠯᠡᠰ ᠤᠨ ᠨᠢᠭᠡᠴᠡ ᠪᠣᠯᠣᠨ ᠪᠦᠯᠬᠦᠮ ᠠᠯᠪᠠᠯᠠᠬᠤ ᠠᠰᠠᠷ ᠢᠶᠠᠨ ᠰᠡᠯᠪᠢᠨ ᠵᠠᠰᠠᠬᠤ ᠳᠤ ᠬᠢᠨᠠᠨ  ᠵᠦᠪᠰᠢᠶᠡᠷᠡᠭᠦᠯᠬᠦ ᠳᠠᠷᠠᠭᠠᠯᠠᠯ ᠢ ᠴᠢᠩᠭ᠎ᠠ ᠵᠢᠷᠤᠮᠯᠠᠨ᠂ ᠰᠡᠯᠪᠢᠨ ᠵᠠᠰᠠᠬᠤ ᠪᠠᠷᠢᠮᠵᠢᠶ᠎ᠠ ᠪᠠᠷ ᠪᠠᠷᠢᠮᠵᠢᠶᠠᠯᠠᠨ᠎ᠠ᠃ ᠪᠠᠷᠢᠮᠵᠢᠶᠠᠨ ᠠᠴᠠ ᠬᠡᠲᠦᠷᠡᠭᠰᠡᠨ ᠰᠡᠯᠪᠢᠨ ᠵᠠᠰᠠᠯᠲᠠ ᠪᠤᠶᠤ ᠪᠠᠷᠢᠮᠵᠢᠶᠠᠨ ᠠᠴᠠ ᠳᠠᠪᠠᠭᠰᠠᠨ ᠲᠥᠬᠦᠭᠡᠷᠦᠮᠵᠢ ᠲᠤᠬᠢᠷᠠᠭᠤᠯᠬᠤ ᠶᠢ ᠬᠤᠷᠢᠭᠯᠠᠨ᠎ᠠ᠃       ᠡᠮᠦᠨᠡᠬᠢ ᠳᠦᠷᠢᠮ ᠲᠤᠭᠲᠠᠭᠠᠯ ᠠᠴᠠ ᠵᠥᠷᠢᠴᠡᠪᠡᠯ᠂ ᠪᠤᠳᠠᠲᠠᠢ ᠪᠠᠶᠢᠳᠠᠯ ᠢ ᠦᠨᠳᠦᠰᠦᠯᠡᠨ ᠰᠡᠯᠪᠢᠨ ᠵᠠᠰᠠᠯᠲᠠ ᠶᠢᠨ ᠠᠵᠢᠯ ᠢ ᠵᠠᠷᠯᠢᠭᠳᠠᠨ ᠵᠤᠭᠰᠤᠭᠠᠬᠤ ᠪᠤᠶᠤ ᠵᠠᠯᠠᠷᠠᠭᠤᠯᠵᠤ᠂ ᠬᠠᠷᠢᠭᠤᠴᠠᠯᠭ᠎ᠠ ᠲᠠᠢ ᠤᠳᠤᠷᠢᠳᠤᠯᠭ᠎ᠠ ᠶᠢᠨ ᠬᠦᠮᠦᠰ ᠪᠣᠯᠣᠨ ᠰᠢᠭᠤᠳ ᠬᠠᠷᠢᠭᠤᠴᠠᠯᠭᠠᠲᠠᠨ ᠳᠤ ᠬᠠᠤᠯᠢ ᠶᠤᠰᠤᠭᠠᠷ ᠰᠢᠢᠳᠭᠡᠯ ᠦᠭᠭᠦᠨ᠎ᠡ       ᠬᠤᠷᠢ ᠶᠢᠰᠦᠳᠦᠭᠡᠷ ᠵᠤᠷᠪᠤᠰ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠭᠡᠷᠡᠴᠢᠯᠡᠯᠲᠡ ᠪᠠ ᠬᠦᠭᠵᠢᠭᠦᠯᠦᠯᠲᠡ ᠶᠢᠨ ᠰᠠᠯᠠᠭ᠎ᠠ ᠮᠦᠴᠢᠷ ᠨᠢ ᠡᠳ᠋ ᠤᠨ ᠵᠠᠰᠠᠭ ᠤᠨ ᠰᠠᠯᠠᠭ᠎ᠠ ᠮᠦᠴᠢᠷ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ  ᠰᠠᠯᠠᠭ᠎ᠠ ᠮᠦᠴᠢᠷ ᠵᠡᠷᠭᠡ ᠬᠤᠯᠪᠤᠭᠳᠠᠯ ᠪᠦᠬᠦᠢ ᠪᠠᠶᠢᠭᠤᠯᠭ᠎ᠠ ᠵᠢᠴᠢ ᠬᠤᠯᠪᠤᠭᠳᠠᠯ ᠪᠦᠬᠦᠢ ᠠᠯᠪᠠᠨ ᠪᠠᠶᠢᠭᠤᠯᠭ᠎ᠠ ᠶᠢᠨ ᠬᠡᠷᠡᠭ ᠶᠠᠪᠤᠳᠠᠯ ᠢ ᠬᠠᠮᠢᠶᠠᠷᠠᠬᠤ ᠰᠠᠯᠠᠭ᠎ᠠ ᠮᠦᠴᠢᠷ ᠲᠠᠢ ᠬᠠᠮᠲᠤ ᠪᠠᠷ ︽ᠪᠠᠶᠢᠭᠤᠯᠬᠤ ᠱᠠᠭᠠᠷᠳᠠᠯᠭ᠎ᠠ ᠲᠠᠢ᠂ ᠴᠢᠩᠭ᠎ᠠ ᠬᠢᠵᠠᠭᠠᠷᠯᠠᠬᠤ ᠵᠠᠷᠴᠢᠮ︾᠎ ᠢ ᠦᠨᠳᠦᠰᠦᠯᠡᠨ ᠡᠳ᠋ ᠤᠨ ᠵᠠᠰᠠᠭ ᠠᠴᠠ ᠵᠠᠷᠤᠳᠠᠯ ᠤᠨ ᠨᠦᠬᠦᠪᠦᠷᠢ ᠬᠠᠩᠭᠠᠵᠤ ᠪᠠᠶᠢᠭ᠎ᠠ ᠠᠵᠢᠯ ᠦᠢᠯᠡᠰ ᠤᠨ ᠨᠢᠭᠡᠴᠡ ᠪᠣᠯᠣᠨ ᠠᠷᠠᠳ ᠤᠨ ᠪᠠᠶᠢᠭᠤᠯᠭ᠎ᠠ ᠠᠴᠠ ᠪᠤᠰᠤᠳ ᠠᠰᠠᠷ  ᠪᠠᠷᠢᠬᠤ᠂ ᠰᠡᠯᠪᠢᠨ ᠵᠠᠰᠠᠬᠤ ᠬᠠᠮᠢᠶᠠᠷᠤᠯᠲᠠ ᠶᠢᠨ ᠠᠷᠭ᠎ᠠ ᠠᠪᠴᠢᠯ ᠢ ᠲᠤᠭᠲᠠᠭᠠᠨ᠎ᠠ᠃       ᠤᠯᠤᠰ ᠤᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ᠂ ᠠᠯᠪᠠᠯᠠᠬᠤ ᠠᠰᠠᠷ ᠢ ᠰᠡᠯᠪᠢᠨ ᠵᠠᠰᠠᠬᠤ ᠬᠠᠮᠢᠶᠠᠷᠤᠯᠲᠠ ᠶᠢᠨ ᠳᠦᠷᠢᠮ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠭᠡᠷᠡᠴᠢᠯᠡᠯᠲᠡ ᠪᠠ ᠬᠦᠭᠵᠢᠭᠦᠯᠦᠯᠲᠡ ᠶᠢᠨ ᠰᠠᠯᠠᠭ᠎ᠠ ᠮᠦᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠬᠦᠷᠦᠩᠭᠡ ᠶᠢᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ ᠮᠦᠴᠢᠷ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠵᠡᠷᠭᠡ ᠬᠤᠯᠪᠤᠭᠳᠠᠯ ᠪᠦᠬᠦᠢ ᠪᠠᠶᠢᠭᠤᠯᠭ᠎ᠠ ᠲᠠᠢ ᠬᠠᠮᠲᠤ ᠪᠠᠷ ᠡᠮᠦᠨᠡᠬᠢ ᠲᠤᠭᠲᠠᠭᠠᠯ ᠢ ᠦᠨᠳᠦᠰᠦᠯᠡᠨ ᠲᠤᠭᠲᠠᠭᠠᠨ᠎ᠠ᠃       ᠭᠤᠴᠢᠳᠤᠭᠠᠷ ᠵᠤᠷᠪᠤᠰ   ᠴᠡᠷᠢᠭ ᠠᠩᠭᠢ ᠪᠠᠷᠢᠯᠭ᠎ᠠ ᠪᠠᠷᠢᠵᠤ ᠰᠡᠯᠪᠢᠨ ᠵᠠᠰᠠᠯᠲᠠ ᠬᠢᠪᠡᠯ ᠴᠡᠷᠢᠭ ᠠᠩᠭᠢ ᠶᠢᠨ ᠬᠠᠮᠢᠶ᠎ᠠ ᠪᠦᠬᠦᠢ ᠳᠦᠷᠢᠮ ᠲᠤᠭᠲᠠᠭᠠᠯ ᠢ ᠵᠢᠷᠤᠮᠯᠠᠨ᠎ᠠ᠃       ᠭᠤᠴᠢᠨ ᠨᠢᠭᠡᠳᠦᠭᠡᠷ ᠵᠤᠷᠪᠤᠰ  ᠲᠤᠰ ᠳᠦᠷᠢᠮ ᠢ 2017 ᠣᠨ ᠤ 12 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠤ ᠵᠡᠷᠭᠡ ᠪᠠᠷ ᠲᠥᠷᠥ ᠶᠢᠨ ᠶᠠᠪᠤᠳᠠᠯ ᠤᠨ ᠬᠤᠷᠢᠶ᠎ᠠ ᠠᠴᠠ 1988 ᠣᠨ ᠤ 9 ᠰᠠᠷ᠎ᠠ ᠶᠢᠨ 22᠎ ᠤ ᠡᠳᠦᠷ ᠨᠡᠶᠢᠳᠡᠯᠡᠨ ᠬᠡᠷᠡᠭᠵᠢᠭᠦᠯᠦᠭᠰᠡᠨ ︽ᠠᠰᠠᠷ ᠪᠠᠶᠢᠭᠤᠯᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠬᠦᠴᠦᠨ ᠦᠭᠡᠢ ᠪᠣᠯᠣᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号