︽ᠵᠢᠥ ᠶᠤᠸᠠᠨ ᠲᠤᠭᠤᠷᠢᠭ ᠤᠨ ᠰᠠᠭᠤᠭᠠᠯᠢ ᠠᠷᠠᠳ  ᠤᠨ ᠬᠤᠷᠤᠭᠠᠯᠠᠯ ᠤᠨ ᠡᠳ᠋ᠯᠠᠩ ᠤᠨ ᠬᠠᠮᠢᠶᠠᠷᠥᠯᠳᠠ ᠶᠢᠨ ᠲᠡᠰ ᠢ ᠲᠡᠭᠡᠭᠰᠢᠯᠡᠭᠦᠯᠭᠦ ᠠᠵᠢᠯ ᠤᠨ ᠭᠡᠷᠡᠭᠵᠢᠭᠦᠯᠭᠦ ᠲᠦᠰᠦᠯ︾᠎ ᠢ ᠲᠠᠷᠥᠮᠠᠯᠯᠠᠨ ᠶᠠᠪᠥᠭᠤᠯᠬᠤ ᠲᠤᠬᠠᠢ ᠵᠢᠥ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠥᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018/4/9
          ᠪᠤᠭᠤᠳᠤ ᠵᠢᠥ ᠶᠤᠸᠠᠨ ᠵᠠᠰᠠᠭ ᠠᠯᠪᠠᠨ ᠲᠠᠷᠬᠠᠭᠠᠭᠰᠠᠨ ﹇2018﹈ 6  ᠳ᠋ᠤᠭᠠᠷ ᠲᠤᠭᠠᠳᠥ                                                       ᠡᠯ᠎ᠠ ᠬᠠᠮᠢᠶ᠎ᠠ ᠪᠦᠭᠦᠢ ᠭᠠᠵᠠᠷ ᠤᠷᠥᠨ᠂  ᠰᠠᠯᠠᠭ᠎ᠠ ᠨᠢᠭᠡᠴᠠ᠄        ︽ᠵᠢᠥ ᠶᠤᠸᠠᠨ ᠲᠤᠭᠤᠷᠢᠭ ᠤᠨ ᠰᠠᠭᠤᠭᠠᠯᠢ ᠠᠷᠠᠳ ᠤᠨ ᠬᠤᠷᠤᠭᠠᠯᠠᠯ ᠤᠨ ᠡᠳ᠋ᠯᠠᠩ ᠤᠨ ᠬᠠᠮᠢᠶᠠᠷᠥᠯᠳᠠ ᠶᠢᠨ ᠲᠡᠰ ᠢ ᠲᠡᠭᠡᠭᠰᠢᠯᠡᠭᠦᠯᠭᠦ ᠠᠵᠢᠯ ᠤᠨ ᠭᠡᠷᠡᠭᠵᠢᠭᠦᠯᠭᠦ ᠲᠦᠰᠦᠯ︾᠎ ᠢ ᠲᠤᠭᠤᠷᠢᠭ ᠤᠨ ᠵᠠᠰᠠᠭ ᠤᠨ ᠤᠷᠳᠤᠨ ᠢᠶᠠᠷ ᠵᠥᠪᠰᠢᠶᠡᠷᠡᠭᠦᠯᠥᠭᠡᠳ᠂ ᠡᠳᠥᠭᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂  ᠵᠢᠷᠤᠮᠯᠠᠨ ᠭᠦᠢᠴᠡᠳᠭᠡᠳᠦᠭᠡᠢ᠃                         ᠵᠢᠥ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠥᠨ ᠤ ᠠᠯᠪᠠᠨ ᠭᠡᠷ                                    2018 ᠤᠨ ᠤ1 ᠰᠠᠷ᠎ᠠ ᠶᠢᠨ10᠎ ᠤ ᠡᠳᠥᠷ         ᠵᠢᠥ ᠶᠤᠸᠠᠨ ᠲᠤᠭᠤᠷᠢᠭ ᠤᠨ ᠰᠠᠭᠤᠭᠠᠯᠢ ᠠᠷᠠᠳ ᠤᠨ ᠬᠤᠷᠤᠭᠠᠯᠠᠯ ᠤᠨ ᠡᠳ᠋ᠯᠠᠩ ᠤᠨ         ᠬᠠᠮᠢᠶᠠᠷᠥᠯᠳᠠ ᠶᠢᠨ ᠲᠡᠰ ᠢ ᠲᠡᠭᠡᠭᠰᠢᠯᠡᠭᠦᠯᠭᠦ  ᠠᠵᠢᠯ ᠎ ᠤᠨ ᠭᠡᠷᠡᠭᠵᠢᠭᠦᠯᠭᠦ  ᠲᠦᠰᠦᠯ         ᠵᠢᠥ ᠶᠤᠸᠠᠨ ᠲᠤᠭᠤᠷᠢᠭ ᠤᠨ ᠡᠳ᠋ᠯᠠᠩ ᠤᠨ ᠬᠠᠮᠢᠶᠠᠷᠥᠯᠳᠠ ᠶᠢᠨ  ᠪᠦᠭᠦᠶᠢᠯᠠ  ᠦᠢᠯᠡᠴᠢᠯᠡᠭᠡᠨ ᠤ ᠭᠢᠷᠢ ᠭᠡᠮ ᠢ ᠲᠡᠭᠡᠭᠰᠢᠯᠡᠭᠦᠯᠵᠥ  ᠂  ᠲᠢᠭᠯᠢᠮ ᠲᠠᠢ ᠭᠦᠭᠵᠢᠭᠦᠯᠦᠨ᠂ ᠰᠠᠭᠤᠭᠠᠯᠢ ᠠᠷᠠᠳ ᠤᠨ ᠠᠮᠢᠳᠤᠷᠠᠯ ᠤᠨ  ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠲᠦᠯᠦᠭᠡ᠂  ︽ᠡᠳ᠋ᠯᠠᠩ ᠤᠨ ᠬᠠᠮᠢᠶᠠᠷᠥᠯᠳᠠ ᠎ ᠶᠢ ᠴᠢᠩᠭᠠᠳᠬᠠᠵᠥ ᠡᠳ᠋ᠯᠠᠩ ᠤᠨ ᠦᠢᠯᠡᠴᠢᠯᠡᠭᠡᠨ ᠤ  ᠦᠢᠯᠡᠰ ᠤᠨ   ᠭᠦᠭᠵᠢᠯᠳᠠ  ᠶᠢ ᠠᠭᠢᠭᠤᠯᠬᠤ  ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ  ᠰᠠᠨᠠᠯ  ︾ ︵ᠦᠪᠦᠷ ᠵᠠᠰᠠᠭ ᠲᠠᠷᠬᠠᠭᠠᠭᠰᠠᠨ ﹇2015﹈ 91 ᠳ᠋ᠦ᠋ᠭᠡᠷ  ᠲᠤᠭᠠᠳᠥ︶᠂  ︽ ᠬᠤᠰᠢᠭᠤ ᠰᠢᠶᠠᠨ  ᠲᠤᠭᠤᠷᠢᠭ ᠤᠨ ᠡᠳ᠋ᠯᠠᠩ ᠤᠨ ᠬᠠᠮᠢᠶᠠᠷᠥᠯᠳᠠ ᠶᠢᠨ  ᠠᠵᠢᠯ ᠢ ᠰᠢᠯᠭᠠᠨ ᠭᠢᠨᠠᠬᠤ ᠶᠢᠨ ᠲᠤᠬᠠᠢ ᠪᠤᠭᠤᠳᠤ ᠬᠤᠳᠠ ᠶᠢᠨ ᠤᠷᠤᠨ ᠰᠠᠭᠤᠴᠠ ᠶᠢᠨ ᠪᠠᠳᠥᠯᠠᠭ᠎ᠠ ᠪᠤᠯᠤᠨ ᠭᠡᠷ ᠪᠠᠶᠢᠰᠢᠩ ᠤᠨ ᠬᠠᠮᠢᠶᠠᠷᠥᠯᠳᠠ ᠶᠢᠨ ᠲᠤᠪᠴᠢᠶᠠᠨ ᠤ ︵ᠲᠦᠷ ᠭᠡᠷᠡᠭᠵᠢᠭᠦᠯᠭᠦ︶  ᠠᠷᠭ᠎ᠠ ︾  ︵ᠪᠤᠭᠤᠳᠤ ᠤᠷᠤᠨ ᠰᠠᠭᠤᠴᠠ ᠲᠠᠷᠬᠠᠭᠠᠭᠰᠠᠨ ﹇2014﹈ 298 ᠳ᠋ᠤᠭᠠᠷ ᠲᠤᠭᠠᠳᠥ︶  ᠂  ︽ ᠪᠤᠭᠤᠳᠤ ᠬᠤᠳᠠ ᠶᠢᠨ ᠰᠠᠭᠤᠭᠠᠯᠢ ᠠᠷᠠᠳ ᠤᠨ ᠬᠤᠷᠤᠭᠠᠯᠠᠯ ᠤᠨ ᠡᠳ᠋ᠯᠠᠩ ᠤᠨ ᠬᠠᠮᠢᠶᠠᠷᠥᠯᠳᠠ ᠶᠢᠨ ᠲᠡᠰ ᠢ ᠲᠡᠭᠡᠭᠰᠢᠯᠡᠭᠦᠯᠭᠦ ᠠᠵᠢᠯ ᠤᠨ ᠭᠡᠷᠡᠭᠵᠢᠭᠦᠯᠭᠦ ᠲᠦᠰᠦᠯ︾ ︵ ﹇2017﹈ 199 ᠳ᠋ᠦ᠋ᠭᠡᠷ  ᠲᠤᠭᠠᠳᠥ︶᠂  ︽ᠵᠢᠥ ᠶᠤᠸᠠᠨ ᠲᠤᠭᠤᠷᠢᠭ ᠤᠨ ᠡᠳ᠋ᠯᠠᠩ ᠤᠨ ᠬᠠᠮᠢᠶᠠᠷᠥᠯᠳᠠ ᠶᠢᠨ  ᠭᠡᠷᠡᠭᠵᠢᠭᠦᠯᠭᠦ ᠲᠦᠰᠦᠯ︾  ︵ ﹇2017﹈ 22 ᠳ᠋ᠤᠭᠠᠷ ᠲᠤᠭᠠᠳᠥ  ︶  ᠵᠡᠷᠭᠡ ᠮᠠᠲ᠋ᠧᠷᠢᠶᠠᠯ ᠤᠨ  ᠵᠣᠷᠢᠭ  ᠰᠠᠨᠠᠭ᠎ᠠ ᠶᠢ ᠦᠨᠳᠦᠰᠦᠯᠡᠨ᠂  ᠦᠪᠡᠷ ᠤᠨ ᠲᠤᠭᠤᠷᠢᠭ ᠤᠨ ᠢᠶᠠᠨ ᠪᠤᠳᠠᠳᠠᠢ ᠲᠠᠢ ᠤᠶᠠᠯᠳᠤᠭᠤᠯᠥᠨ ᠲᠤᠰ ᠭᠡᠷᠡᠭᠵᠢᠭᠦᠯᠭᠦ ᠲᠦᠰᠦᠯ ᠢ ᠲᠤᠭᠳᠠᠭᠠᠪᠠ᠃           ᠨᠢᠭᠡ᠂ ᠶᠡᠷᠥᠩᠭᠡᠢ ᠪᠤᠳᠤᠯᠭᠢᠯᠠᠯ          ᠰᠢᠨᠵᠢᠯᠡᠭᠦ  ᠤᠬᠠᠭᠠᠨᠴᠢ ᠭᠥᠭᠵᠢᠯᠳᠠ ᠶᠢᠨ ᠦᠵᠡᠯᠳᠠ ᠪᠠᠷ ᠵᠢᠯᠣᠭᠤᠳᠤᠯᠭ᠎ᠠ ᠪᠤᠯᠭᠠᠵᠥ᠂ ᠪᠠᠶᠢᠭᠤᠯᠤᠯ ᠲᠤᠭᠲᠠᠯᠴᠠᠭ᠎ᠠ  ᠪᠠᠨ ᠰᠢᠨᠠᠴᠢᠯᠠᠨ ᠡᠭᠦᠳᠭᠦ ᠪᠠᠷ ᠭᠤᠣᠯᠯᠠᠨ᠂  ︽ᠭᠢᠨᠠᠯᠳᠠ  ᠪᠠᠨ ᠴᠢᠩᠭᠠᠳᠬᠠᠨ᠂ ᠲᠡᠰ ᠬᠤᠪᠢᠶᠠᠨ ᠦᠢᠯᠡᠴᠢᠯᠡᠵᠥ᠂ ᠬᠠᠮᠢᠶᠠᠷᠥᠯᠳᠠ ᠪᠠᠨ ᠨᠠᠷᠢᠯᠢᠭᠰᠢᠭᠤᠯᠵᠥ᠂ ᠪᠠᠷᠢᠮᠵᠢᠶ᠎ᠠ ᠪᠠᠨ ᠨᠢᠭᠡᠳᠦᠭᠦᠯᠭᠦ︾ ᠡᠭᠦᠳᠡᠨ ᠠᠴᠠ ᠠᠵᠢᠯ ᠲᠦᠷᠦᠯ ᠤᠨ ᠬᠠᠮᠢᠶᠠᠷᠥᠯᠳᠠ ᠪᠤᠯᠤᠨ ᠬᠠᠷᠢᠶᠠᠯᠠᠬᠤ ᠤᠷᠤᠨ ᠤ ᠬᠠᠮᠢᠶᠠᠷᠥᠯᠳᠠ ᠬᠤᠶᠠᠷ ᠢ ᠤᠶᠠᠯᠳᠤᠭᠤᠯᠬᠤ  ᠵᠠᠷᠴᠢᠮ ᠢ ᠪᠠᠷᠢᠮᠳᠠᠯᠠᠨ᠂ ᠬᠠᠷᠢᠶᠠᠯᠠᠬᠤ ᠤᠷᠤᠨ  ᠤ ᠬᠠᠮᠢᠶᠠᠷᠥᠯᠳᠠ ᠶᠢᠨ  ᠡᠷᠬᠡ ᠲᠤᠰᠢᠶᠠᠯ ᠢ ᠴᠢᠩᠭᠠᠳᠬᠠᠵᠥ᠂ ᠡᠳ᠋ᠯᠠᠩ ᠤᠨ ᠬᠠᠮᠢᠶᠠᠷᠥᠯᠳᠠ ᠶᠢᠨ  ᠲᠣᠭᠳᠠᠯᠴᠠᠭ᠎ᠠ ᠶᠢ ᠵᠣᠭᠢᠴᠠᠭᠤᠯᠤᠨ᠂ ᠡᠳ᠋ᠯᠠᠩ ᠤᠨ ᠬᠠᠮᠢᠶᠠᠷᠥᠯᠳᠠ ᠶᠢᠨ  ᠲᠡᠰ ᠢ ᠲᠡᠭᠡᠭᠰᠢᠯᠡᠭᠦᠯᠭᠦ ᠠᠵᠢᠯ ᠢ ᠴᠢᠩᠭ᠎ᠠ ᠠᠳᠬᠤᠵᠥ᠂ ᠡᠳ᠋ᠯᠠᠩ ᠤᠨ ᠬᠠᠮᠢᠶᠠᠷᠥᠯᠳᠠ ᠎ ᠨᠢ ᠨᠡᠶᠢᠭᠡᠮ ᠤᠨ ᠬᠡᠪᠰᠢᠮᠡᠯ ᠬᠠᠮᠢᠶᠠᠷᠥᠯᠳᠠ ᠳᠤ ᠠᠭᠤᠰᠬᠤ ᠶᠢ ᠪᠡᠶᠡᠯᠡᠭᠦᠯᠵᠥ᠂  ᠲᠡᠭᠡᠳᠥ ᠲᠤᠤᠷᠠᠳᠥ ᠱᠠᠳᠥ ᠬᠤᠯᠪᠤᠯᠳᠤᠨ ᠬᠠᠮᠳᠥᠪᠠᠷ ᠬᠠᠮᠢᠶᠠᠷᠥᠨ ᠠᠳᠬᠤᠵᠥ ᠬᠠᠮᠳᠥᠪᠠᠷ ᠴᠣᠭᠴᠠᠯᠠᠨ ᠬᠠᠮᠳᠤ ᠳᠠᠭᠠᠨ ᠡᠳ᠋ᠯᠡᠭᠦ ᠠᠵᠢᠯ ᠤᠨ  ᠲᠣᠭᠳᠠᠯᠴᠠᠭ᠎ᠠ ᠶᠢ ᠪᠤᠢ  ᠪᠤᠯᠭᠠᠨ᠂ ᠡᠳ᠋ᠯᠠᠩ ᠤᠨ ᠬᠠᠮᠢᠶᠠᠷᠥᠯᠳᠠ ᠶᠢᠨ  ᠠᠵᠢᠯ ᠤᠨ  ᠤᠷᠤᠭᠰᠢᠳᠠᠢ  ᠶᠠᠪᠤᠭᠳᠠᠬᠤ ᠶᠢ ᠠᠬᠢᠭᠤᠯᠤᠶ᠎ᠠ᠃         ᠬᠤᠶᠠᠷ᠂ ᠬᠠᠮᠥᠷᠬᠤ ᠭᠦᠷᠢᠶ᠎ᠡ ᠭᠡᠪᠴᠢᠶ᠎ᠡ        ᠲᠤᠰ ᠤᠳᠠᠭᠠᠨ ᠤ ᠡᠳ᠋ᠯᠠᠩ ᠤᠨ ᠬᠠᠮᠢᠶᠠᠷᠥᠯᠳᠠ ᠶᠢᠨ  ᠲᠡᠰ ᠢ ᠲᠡᠭᠡᠭᠰᠢᠯᠡᠭᠦᠯᠭᠦ ᠠᠵᠢᠯ ᠎ ᠤᠨ ᠭᠦᠷᠢᠶ᠎ᠡ ᠭᠡᠪᠴᠢᠶ᠎ᠡ   ᠪᠣᠯ ᠲᠠᠷᠤᠢ ᠮᠠᠨ ᠤ ᠲᠤᠭᠤᠷᠢᠭ ᠤᠨ ᠬᠤᠳᠠ ᠶᠢᠨ ᠭᠡᠪᠴᠢᠶᠠᠨ  ᠳᠠᠬᠢ ᠰᠠᠭᠤᠭᠠᠯᠢ ᠠᠷᠠᠳ ᠤᠨ ᠬᠤᠷᠤᠭᠠᠯᠠᠯ ᠪᠣᠯᠤᠨ᠎ᠠ᠃         ᠭᠤᠷᠪᠠ᠂ ᠠᠵᠢᠯ ᠤᠨ ᠲᠤᠰᠢᠶᠠᠯ ᠬᠠᠷᠢᠭᠤᠴᠠᠯᠭ᠎ᠠ        ᠲᠤᠭᠤᠷᠢᠭ ᠤᠨ ᠭᠡᠷ ᠪᠠᠶᠢᠰᠢᠩ ᠤᠨ ᠬᠠᠮᠢᠶᠠᠷᠥᠯᠳᠠ ᠶᠢᠨ ᠲᠥᠪ᠄  ᠤᠯᠤᠰ ᠤᠨ᠂ ᠦᠪᠡᠷᠳᠡᠭᠡᠨ ᠵᠠᠰᠠᠬᠤ ᠣᠷᠣᠨ ᠤ᠂ ᠬᠤᠳᠠ ᠶᠢᠨ ᠭᠡᠷ ᠪᠠᠶᠢᠰᠢᠩ ᠤᠨ ᠬᠠᠮᠢᠶᠠᠷᠥᠯᠳᠠ ᠳᠠᠬᠢ ᠡᠳ᠋ᠯᠡᠩ ᠤᠨ ᠬᠠᠮᠢᠶᠠᠷᠥᠯᠳᠠ ᠶᠢᠨ ᠬᠠᠮᠢᠶ᠎ᠠ ᠪᠦᠭᠦᠢ ᠲᠣᠭᠳᠠᠭᠠᠯ ᠢ ᠲᠤᠤᠱᠯᠠᠭᠤᠯᠤᠨ ᠭᠡᠷᠡᠭᠵᠢᠭᠦᠯᠭᠦ ; ᠮᠠᠨ ᠤ ᠲᠤᠭᠤᠷᠢᠭ ᠤᠨ ᠡᠳ᠋ᠯᠡᠩ ᠤᠨ ᠦᠢᠯᠡᠴᠢᠯᠡᠭᠡᠨ ᠤ ᠠᠵᠢᠯ ᠲᠦᠷᠦᠯ ᠢ ᠬᠢᠨᠠᠨ ᠬᠠᠮᠢᠶᠠᠷᠴᠤ ᠵᠢᠯᠣᠭᠤᠳᠬᠤ ; ᠡᠯ᠎ᠡ ᠵᠡᠭᠡᠯᠢ ᠭᠤᠳᠤᠮᠵᠢ ︵ᠪᠠᠯᠭᠠᠰᠤ︶ ᠢᠳᠡᠭᠡᠮᠵᠢᠳᠡᠢ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠤᠨ ᠳᠠᠩᠰᠠ ᠡᠪᠭᠡᠮᠡᠯ ᠢ ᠪᠠᠶᠢᠭᠤᠯᠥᠨ ᠬᠠᠮᠢᠶᠠᠷᠬᠤ ᠶᠢ ᠵᠢᠯᠣᠭᠤᠳᠬᠤ ;  ᠬᠠᠮᠢᠶ᠎ᠠ ᠪᠦᠭᠦᠢ ᠪᠠᠶᠢᠭᠤᠯᠭ᠎ᠠ ᠲᠠᠢ ᠬᠠᠮᠳᠥᠷᠠᠨ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠤᠨ ᠡᠵᠡᠩᠨᠡᠯᠳᠠ ᠶᠢᠨ ᠠᠵᠢᠯᠯᠠᠭ᠎ᠠ  ᠶᠢ ᠭᠢᠨᠠᠨ ᠪᠠᠶᠢᠴᠠᠭᠠᠬᠤ  ᠵᠢᠴᠢ ᠨᠡᠶᠢᠭᠡᠮ ᠲᠤᠭᠤᠷᠢᠭ  ᠤᠨ ᠵᠦᠪᠳᠡᠯᠴᠡᠭᠡᠨ ᠤ ᠠᠵᠢᠯ  ᠳᠤ ᠣᠷᠤᠯᠴᠠᠨ ᠭᠢᠨᠠᠨ ᠪᠠᠶᠢᠴᠠᠭᠠᠬᠤ᠂  ᠬᠠᠷᠢᠶᠠᠯᠠᠬᠤ ᠤᠷᠤᠨ ᠤ ᠪᠠᠨ ᠡᠳ᠋ᠯᠡᠩ ᠤᠨ ᠬᠠᠮᠢᠶᠠᠷᠥᠯᠳᠠ ᠶᠢᠨ ᠠᠵᠢᠯᠯᠠᠭ᠎ᠠ ᠲᠤᠮᠳᠠᠭᠢ ᠬᠠᠥᠯᠢ  ᠳᠦᠷᠢᠮ  ᠰᠠᠬᠢᠯᠭ᠎ᠠ ᠪᠠᠳᠥ ᠶᠢ ᠵᠦᠷᠢᠴᠡᠭᠰᠡᠨ ᠠᠵᠢᠯᠯᠠᠭ᠎ᠠ ᠶᠢ ᠵᠢᠯᠤᠭᠤᠳᠤᠨ ᠵᠠᠯᠠᠷᠠᠭᠤᠯᠬᠤ ;  ᠬᠠᠷᠢᠶᠠᠯᠠᠬᠤ ᠤᠷᠤᠨ ᠤ ᠪᠠᠨ ᠡᠳ᠋ᠯᠡᠩ ᠤᠨ ᠬᠠᠮᠢᠶᠠᠷᠥᠯᠳᠠ ᠶᠢᠨ ᠠᠵᠢᠯ ᠤᠨ ᠰᠢᠯᠭᠠᠨ ᠬᠢᠨᠠᠯᠳᠠ  ᠶᠢ ᠵᠤᠬᠢᠶᠠᠨ ᠪᠠᠶᠢᠭᠤᠯᠬᠤ᠃ ᠡᠳ᠋ᠯᠡᠩ ᠤᠨ ᠠᠵᠢᠯᠳᠠᠳ ᠎ ᠲᠤ ᠲᠣᠬᠠᠶᠢᠯᠠᠭᠰᠠᠨ ᠠᠵᠢᠯ ᠤᠨ ᠪᠣᠯᠪᠠᠰᠤᠷᠠᠯ  ᠬᠢᠵᠥ ᠡᠳ᠋ᠯᠡᠩ ᠤᠨ ᠦᠢᠯᠡᠴᠢᠯᠡᠭᠡᠨ ᠤ ᠠᠵᠢᠯᠳᠠᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠲᠥᠷᠢᠮ ᠢ ᠠᠬᠢᠭᠤᠯᠤᠨ᠎ᠠ᠃          ᠵᠡᠭᠡᠯᠢ ᠭᠤᠳᠤᠮᠵᠢ ︵ᠪᠠᠯᠭᠠᠰᠥ︶᠄  ᠬᠠᠷᠢᠶᠠᠯᠠᠬᠤ ᠤᠷᠤᠨ ᠤ ᠪᠠᠨ ᠡᠳ᠋ᠯᠡᠩ ᠤᠨ ᠬᠠᠮᠢᠶᠠᠷᠥᠯᠳᠠ ᠶᠢᠨ ᠠᠵᠢᠯᠯᠠᠭ᠎ᠠ ᠶᠢ ᠵᠢᠯᠣᠭᠤᠳᠬᠤ᠂ ᠭᠢᠨᠠᠬᠤ᠂ ᠵᠣᠬᠢᠴᠠᠭᠤᠯᠬᠤ ᠠᠵᠢᠯ ᠢ  ᠬᠠᠷᠢᠭᠤᠴᠠᠵᠥ ᠡᠳ᠋ᠯᠡᠩ ᠤᠨ ᠬᠠᠮᠢᠶᠠᠷᠥᠯᠳᠠ ᠶᠢᠨ ᠦᠢᠯᠡᠴᠢᠯᠡᠭᠡᠨ ᠤ ᠠᠵᠢᠯ ᠢ ᠨᠡᠶᠢᠭᠡᠮ ᠤᠨ ᠠᠵᠢᠯ ᠤᠨ ᠰᠢᠯᠭᠠᠨ ᠥᠨᠡᠯᠡᠭᠦ ᠲᠣᠭᠳᠠᠯᠴᠠᠭ᠎ᠠ ᠳᠤ ᠣᠷᠤᠭᠤᠯᠤᠨ᠎ᠠ᠃ ᠵᠡᠭᠡᠯᠢ ᠭᠤᠳᠤᠮᠵᠢ ︵ᠪᠠᠯᠭᠠᠰᠥ︶ ᠎ ᠶᠢᠨ ᠭᠤᠣᠯ ᠬᠠᠷᠢᠭᠤᠴᠠᠯᠭᠠᠳᠠᠨ ᠪᠣᠯ ᠬᠠᠷᠢᠶᠠᠯᠠᠬᠤ ᠣᠷᠣᠨ ᠤ ᠪᠠᠨ ᠡᠳ᠋ᠯᠡᠩ ᠤᠨ ᠬᠠᠮᠢᠶᠠᠷᠥᠯᠳᠠ ᠶᠢᠨ ᠠᠵᠢᠯ ᠤᠨ ᠲᠡᠷᠢᠭᠦᠨ ᠤ ᠬᠠᠷᠢᠭᠤᠴᠠᠯᠭᠠᠳᠠᠨ ᠮᠦᠨ᠂ ᠡᠳ᠋ᠯᠡᠩ ᠤᠨ ᠠᠵᠢᠯ ᠲᠤᠮᠳᠠᠭᠢ ᠵᠥᠷᠢᠴᠡᠯ ᠰᠢᠢᠳᠪᠥᠷᠢ ᠶᠢᠨ ᠲᠣᠭᠳᠠᠯᠴᠠᠭ᠎ᠠ ᠶᠢ ᠲᠡᠭᠦᠯᠳᠡᠷᠵᠢᠭᠦᠯᠵᠥ᠂ ᠡᠳ᠋ᠯᠡᠩ ᠤᠨ ᠬᠠᠮᠢᠶᠠᠷᠥᠯᠳᠠ ᠪᠤᠯᠤᠨ ᠨᠡᠶᠢᠭᠡᠮ ᠎ ᠤᠨ ᠬᠠᠮᠢᠶᠠᠷᠥᠯᠳᠠ᠂ ᠨᠡᠶᠢᠭᠡᠮ ᠲᠣᠭᠤᠷᠢᠭ ᠤᠨ ᠬᠤᠭᠤᠷᠤᠨᠳᠡᠭᠢ ᠬᠠᠷᠢᠴᠠᠭ᠎ᠠ ᠶᠢ ᠵᠣᠬᠢᠴᠠᠭᠤᠯᠤᠨ᠂ ᠥᠮᠴᠢᠳᠡᠨ᠂ ᠥᠮᠴᠢᠳᠡᠨ ᠤ ᠺᠣᠮᠢᠰ᠂ ᠡᠳ᠋ᠯᠡᠩ ᠢ  ᠬᠡᠷᠡᠭᠯᠡᠭᠴᠢ ᠪᠣᠯᠣᠨ  ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠨᠢ ᠡᠳ᠋ᠯᠡᠩ ᠤᠨ ᠬᠠᠮᠢᠶᠠᠷᠥᠯᠳᠠ  ᠶᠢᠨ  ᠠᠵᠢᠯᠯᠠᠭ᠎ᠠ ᠲᠤᠮᠳ᠋ᠨ ᠪᠣᠯᠤᠭᠰᠠᠨ ᠵᠦᠷᠢᠴᠡᠯ ᠮᠠᠷᠭᠤᠭᠠᠨ  ᠪᠠ ᠵᠠᠷᠭᠤ ᠵᠠᠭᠠᠯᠳᠤᠯᠭ᠎ᠠ ᠶᠢ ᠰᠢᠢᠳᠪᠥᠷᠢᠯᠠᠨ᠎ᠠ ;  ᠡᠭᠦᠨ ᠤ ᠬᠠᠮᠳᠥ ᠵᠡᠭᠡᠯᠢ ᠭᠤᠳᠤᠮᠵᠢ ︵ᠪᠠᠯᠭᠠᠰᠥ︶  ᠂ ᠭᠡᠷ ᠪᠠᠶᠢᠰᠢᠩ ᠤᠨ ᠬᠠᠮᠢᠶᠠᠷᠥᠯᠳᠠ ᠶᠢᠨ  ᠲᠥᠪ  ᠬᠤᠶᠠᠷ  ᠬᠠᠮᠢᠶ᠎ᠠ ᠪᠥᠭᠦᠢ ᠡᠷᠬᠡ ᠲᠤᠰᠢᠶᠠᠯ ᠢᠶᠠᠨ ᠲᠤᠰᠢᠶᠠᠨ ᠭᠦᠯᠢᠶᠡᠵᠥ᠂ ᠡᠯ᠎ᠠ  ᠲᠥᠷᠥᠯ ᠤᠨ ᠡᠳ᠋ᠯᠡᠩ ᠤᠨ ᠬᠠᠮᠢᠶᠠᠷᠥᠯᠳᠠ ᠶᠢᠨ ᠠᠵᠥ ᠠᠬᠤᠶᠢᠯᠠᠯ  ᠢ ᠭᠢᠨᠠᠨ ᠵᠦᠪᠰᠢᠶᠡᠷᠡᠭᠦ᠂  ᠪᠠᠳᠤᠯᠠᠬᠤ  ᠪᠠ ᠲᠠᠩᠰᠠᠯᠠᠬᠤ ᠠᠵᠢᠯ  ︵ᠲᠠᠷᠤᠢ ᠡᠳ᠋ᠯᠡᠩ ᠤᠨ ᠬᠠᠮᠢᠶᠠᠷᠥᠯᠳᠠ ᠶᠢᠨ ᠠᠵᠢᠯ ᠲᠦᠷᠦᠯ ᠢ ᠰᠢᠯᠭᠠᠨ ᠥᠨᠡᠯᠡᠭᠦ᠂  ᠡᠳ᠋ᠯᠡᠩ ᠤᠨ ᠠᠵᠢᠯ ᠲᠦᠷᠦᠯ ᠢ ᠳᠠᠭᠠᠭᠠᠨ ᠠᠪᠬᠤ ᠪᠠᠶᠢᠴᠠᠭᠠᠬᠤ ᠳᠠᠩᠰᠠᠯᠠᠬᠤ᠂  ᠡᠳ᠋ᠯᠡᠩ ᠤᠨ ᠶᠠᠪᠥᠳᠠᠯ ᠳᠤ ᠭᠡᠷᠡᠭᠯᠡᠭᠦ ᠭᠡᠷ ᠪᠠᠶᠢᠰᠢᠩ ᠢ ᠬᠢᠨᠠᠨ ᠵᠦᠪᠰᠢᠶᠡᠷᠡᠭᠦ᠂ ᠡᠳ᠋ᠯᠡᠩ ᠤᠨ ᠠᠵᠢᠯ ᠲᠦᠷᠦᠯ ᠤᠨ ᠲᠡᠰ ᠢ ᠲᠣᠭᠳᠠᠭᠠᠬᠤ ᠪᠣᠯᠣᠨ ᠢᠳᠡᠭᠡᠮᠵᠢ ᠶᠢᠨ ᠲᠡᠰ ᠢ ᠲᠣᠭᠳᠠᠭᠠᠬᠤ ᠵᠡᠷᠭᠡ ᠬᠠᠮᠢᠶ᠎ᠠ ᠪᠦᠭᠦᠢ ᠠᠵᠢᠯ︶᠎ ᠢ ᠰᠠᠶᠢᠳᠥᠷ ᠭᠢᠨ᠎ᠠ᠃        ᠨᠡᠶᠢᠭᠡᠮ ᠲᠤᠭᠤᠷᠢᠭ᠄  ᠵᠡᠭᠡᠯᠢ ᠭᠤᠳᠤᠮᠵᠢ ︵ᠪᠠᠯᠭᠠᠰᠥ︶᠎ ᠲᠠᠢ ᠬᠠᠮᠵᠢᠨ ᠥᠮᠴᠢᠳᠡᠨ ᠤ ᠶᠡᠭᠡ ᠬᠤᠷᠠᠯ ᠤᠨ ᠬᠤᠷᠠᠯᠳᠤᠬᠤ ᠪᠠ ᠲᠥᠷᠢᠮᠵᠢᠭᠰᠡᠨ ᠠᠵᠢᠯᠯᠠᠭ᠎ᠠ ᠎ ᠳᠤ ᠵᠢᠯᠥᠭᠤᠳᠤᠯᠭ᠎ᠠ ᠬᠢᠭᠦ᠂ ᠵᠣᠬᠢᠴᠠᠭᠤᠯᠬᠤ᠂ ᠬᠢᠨᠠᠯᠳᠠ ᠲᠠᠯᠪᠢᠨ᠎ᠠ᠃ ᠥᠮᠴᠢᠳᠡᠨ ᠤ ᠺᠣᠮᠢᠰ ᠪᠠᠶᠢᠭᠤᠯᠤᠭᠳᠠᠬᠤ ᠠᠴᠠ ᠡᠮᠥᠨ᠎ᠠ  ᠥᠮᠴᠢᠳᠡᠨ ᠤ ᠺᠣᠮᠢᠰ ᠤᠨ ᠡᠷᠬᠡ ᠲᠤᠰᠢᠶᠠᠯ ᠢ ᠣᠷᠣᠯᠠᠨ ᠭᠦᠢᠴᠡᠳᠭᠡᠨ᠎ᠠ  ᠃ ᠬᠠᠷᠢᠶᠠᠯᠠᠬᠤ ᠣᠷᠣᠨ ᠤ ᠬᠤᠷᠤᠭᠠᠯᠠᠯ ᠳᠤ ᠪᠣᠯᠣᠭᠰᠠᠨ ᠥᠮᠴᠢᠳᠡᠨ ᠤ ᠶᠡᠭᠡ ᠬᠤᠷᠠᠯ᠂ ᠥᠮᠴᠢᠳᠡᠨ ᠤ ᠺᠣᠮᠢᠰ ᠤᠨ ᠰᠤᠩᠭᠤᠭᠤᠯᠢ ᠶᠢᠨ  ᠠᠵᠢᠯᠯᠠᠭ᠎ᠠ ᠎ ᠶᠢ  ᠵᠢᠯᠣᠭᠤᠳᠴᠤ᠂ ᠪᠥᠷᠢᠯᠳᠦᠭᠦ ᠨᠥᠭᠦᠴᠡᠯ᠂ ᠠᠯᠬᠤᠮ ᠲᠠᠷᠠᠭ᠎ᠠ  ᠶᠢ ᠲᠦᠷᠢᠮᠵᠢᠭᠦᠯᠥᠨ᠂ ᠥᠮᠴᠢᠳᠡᠨ ᠤ ᠶᠡᠭᠡ ᠬᠤᠷᠠᠯ ᠠᠴᠠ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠢ ᠤᠷᠢᠬᠤ ᠪᠤᠶᠤ ᠪᠣᠯᠢᠬᠤ ᠶᠢ ᠵᠢᠯᠣᠭᠤᠳᠤᠨ᠎ᠠ᠃ ᠡᠳ᠋ᠯᠡᠩ ᠤᠨ ᠬᠠᠮᠢᠶᠠᠷᠥᠯᠳᠠ ᠶᠢᠨ ᠠᠵᠢᠯ ᠤᠨ ᠬᠤᠯᠪᠤᠭᠠᠳᠥ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠥ᠂ ᠨᠡᠶᠢᠭᠡᠮ ᠲᠤᠭᠤᠷᠢᠭ ᠤᠨ ᠡᠳ᠋ᠯᠡᠩ ᠤᠨ ᠠᠵᠢᠯᠯᠠᠭ᠎ᠠ ᠲᠤᠮᠳᠠᠭᠢ  ᠵᠢᠭᠤᠷᠠᠯᠳᠤᠭᠠᠨ ᠢ ᠡᠶᠡᠳᠡᠭᠦᠯᠦᠨ᠎ᠠ᠃ ᠵᠡᠭᠡᠯᠢ ᠭᠤᠳᠤᠮᠵᠢ ︵ᠪᠠᠯᠭᠠᠰᠥ︶᠎ ᠲᠠᠢ  ᠬᠤᠯᠪᠤᠯᠳᠤᠭᠰᠠᠨ ᠳᠣᠭᠳᠠᠯᠴᠠᠭ᠎ᠠ ᠶᠢ ᠪᠠᠶᠢᠭᠤᠯᠵᠥ᠂ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠎ ᠢ ᠰᠢᠯᠭᠠᠨ ᠥᠨᠡᠯᠡᠭᠦ᠂ ᠲᠡᠰ ᠲᠣᠭᠳᠠᠭᠠᠬᠤ ᠠᠵᠢᠯ ᠳᠤ ᠠᠩᠬᠠᠨ ᠤ ᠬᠢᠨᠠᠯᠳᠠ ᠶᠢᠨ ᠰᠠᠨᠠᠯ  ᠳᠤᠷᠠᠳᠤᠨ᠎ᠠ᠃ ᠲᠤᠰ ᠭᠠᠵᠠᠷ ᠣᠷᠣᠨ ᠳᠤ ᠬᠠᠥᠯᠢ ᠶᠢ ᠵᠥᠷᠢᠴᠡᠭᠰᠡᠨ ᠪᠠᠷᠢᠯᠭ᠎ᠠ  ᠪᠠᠷᠢᠬᠤ ᠵᠡᠷᠭᠡ ᠡᠳ᠋ᠯᠡᠩ ᠤᠨ ᠬᠠᠮᠢᠶᠠᠷᠥᠯᠳᠠ ᠶᠢᠨ ᠬᠠᠮᠢᠶ᠎ᠠ ᠪᠦᠭᠦᠢ ᠬᠠᠥᠯᠢ ᠲᠥᠷᠢᠮ ᠢ ᠵᠥᠷᠢᠴᠡᠬᠦ ᠠᠵᠢᠯᠯᠠᠭ᠎ᠠ ᠶᠢ ᠲᠠᠷᠥᠢ ᠳᠤᠨᠢ ᠬᠤᠷᠢᠭᠯᠠᠵᠤ ᠬᠠᠮᠢᠶ᠎ᠠ ᠪᠦᠭᠦᠢ ᠪᠠᠶᠢᠭᠤᠯᠭ᠎ᠠ ᠳᠤ ᠮᠡᠳᠡᠭᠦᠯᠦᠨ᠎ᠠ᠃        ᠲᠥᠷᠪᠡ᠂ ᠠᠵᠢᠯ ᠤᠨ ᠠᠭᠤᠯᠭ᠎ᠠ        ︵ᠨᠢᠭᠡ︶  ᠲᠦᠷᠪᠡᠨ ᠵᠤᠶᠢᠯ ᠤᠨ ᠡᠳ᠋ᠯᠡᠩ ᠤᠨ ᠬᠠᠮᠢᠶᠠᠷᠥᠯᠳᠠ ᠶᠢᠨ ᠭᠡᠯᠪᠡᠷᠢ ᠶᠢ ᠭᠦᠨᠵᠡᠭᠡᠢ ᠠᠭᠢᠭᠤᠯᠤᠶ᠎ᠠ       ᠨᠢᠭᠡ  ᠂ ᠡᠳ᠋ᠯᠡᠩ ᠤᠨ ᠬᠠᠮᠢᠶᠠᠷᠥᠯᠳᠠ ᠶᠢᠨ ᠵᠠᠬ᠎ᠠ ᠲᠡᠯᠭᠡᠭᠦᠷᠵᠢᠯᠳᠠ ᠶᠢᠨ ᠭᠡᠯᠪᠡᠷᠢ᠃  ᠰᠢᠨ᠎ᠡ ᠪᠠᠶᠢᠭᠤᠯᠤᠭᠳᠠᠭᠰᠠᠨ᠂ ᠭᠡᠪᠴᠢᠶ᠎ᠡ ᠪᠠᠷ ᠥᠷᠭᠡᠨ᠂  ᠰᠠᠭᠤᠭ᠎ᠠ ᠠᠷᠠᠳ ᠤᠨ ᠣᠷᠣᠯᠭ᠎ᠠ ᠨᠢ ᠬᠠᠷᠢᠴᠠᠩᠭᠤᠢ ᠦᠨᠳᠦᠷ ᠪᠠᠶᠢᠬᠤ ᠳᠤᠮᠳᠠ ᠲᠡᠭᠡᠳᠥ ᠲᠡᠰ ᠤᠨ ᠬᠤᠷᠤᠭᠠᠯᠠᠯ ᠳᠤ ᠴᠢᠭᠯᠡᠭᠦᠯᠦᠨ ᠲᠤᠰᠬᠠᠶᠢᠵᠢᠭᠰᠠᠨ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠢ ᠲᠤᠭᠢᠷᠠᠭᠤᠯᠵᠥ᠂ ᠨᠢᠭᠡᠳᠤᠯᠳᠡᠢ ᠬᠠᠮᠢᠶᠠᠷᠤᠨ᠂ ᠨᠡᠶᠢᠭᠡᠮᠵᠢᠭᠰᠡᠨ ᠵᠠᠬ᠎ᠠ ᠲᠡᠯᠭᠡᠭᠦᠷᠵᠢᠭᠰᠡᠨ  ᠴᠢᠨᠠᠷᠯᠢᠭ ᠡᠳ᠋ᠯᠡᠩ ᠤᠨ ᠦᠢᠯᠡᠴᠢᠯᠡᠭᠡ ᠬᠠᠩᠭᠠᠨ᠎ᠠ᠃ ᠬᠤᠶᠠᠷ᠂  ᠲᠥᠰᠥᠷᠭᠡᠥ ᠡᠳ᠋ᠯᠡᠩ ᠤᠨ ᠬᠠᠮᠢᠶᠠᠷᠥᠯᠳᠠ ᠶᠢᠨ ᠭᠡᠯᠪᠡᠷᠢ᠃ ᠪᠠᠷᠢᠯᠭ᠎ᠠ ᠶᠢᠨ ᠲᠤᠭ᠎ᠠ ᠪᠠᠷ  ᠠᠷᠪᠢᠨ᠂ ᠵᠣᠬᠢᠬᠤ ᠬᠡᠪᠴᠢᠶᠠᠨ ᠳᠤ ᠭᠦᠷᠦᠭᠰᠡᠨ  ᠪᠥᠭᠡᠳ ᠬᠤᠷᠤᠭᠠᠯᠠᠯ ᠤᠨ  ᠭᠠᠵᠠᠷ ᠣᠷᠣᠨ ᠨᠢ ᠪᠦᠷᠢᠨ  ᠲᠡᠭᠦᠰ᠂ ᠰᠠᠭᠤᠷᠢ ᠲᠦᠭᠦᠭᠡᠷᠥᠮᠵᠢ ᠪᠠᠷ ᠬᠠᠷᠢᠴᠠᠩᠭᠤᠢ  ᠭᠥᠢᠴᠡᠳ ᠬᠠᠭᠤᠴᠢᠨ ᠬᠤᠷᠤᠭᠠᠯᠠᠯ ᠳᠤ ᠴᠢᠭᠯᠡᠭᠦᠯᠦᠨ᠂ ᠬᠠᠭᠤᠴᠢᠨ ᠬᠤᠷᠤᠭᠠᠯᠠᠯ ᠎ ᠢ ᠥᠭᠡᠷᠡᠴᠢᠯᠡᠨ ᠵᠠᠰᠠᠬᠤ ᠲᠠᠢ ᠤᠶᠠᠯᠳᠤᠭᠤᠯᠤᠨ ᠵᠠᠰᠠᠭ ᠤᠨ ᠣᠷᠳᠣᠨ ᠠᠴᠠ ᠲᠡᠳᠭᠦᠨ  ᠲᠥᠰᠦᠷᠭᠡᠥ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠢ ᠲᠤᠭᠢᠷᠠᠭᠤᠯᠥᠨ᠎ᠠ᠃ ᠭᠤᠷᠪᠠ᠂ ᠰᠠᠭᠤᠭᠠᠯᠢ ᠠᠷᠠᠳ ᠤᠨ ᠥᠪᠡᠰᠦᠪᠡᠨ ᠬᠠᠮᠢᠶᠠᠷᠬᠤ ᠭᠡᠯᠪᠡᠷᠢ᠃ ᠪᠠᠷᠢᠯᠭ᠎ᠠ ᠶᠢᠨ ᠲᠠᠯᠠᠪᠠᠢ ᠪᠠᠭ᠎ᠠ᠂ ᠡᠷᠥᠭᠡ ᠴᠦᠭᠡᠨ᠂ ᠲᠦᠭᠦᠭᠡᠷᠦᠮᠵᠢ ᠨᠢ ᠬᠠᠭᠤᠴᠢᠨ᠂  ᠡᠳ᠋ᠯᠡᠩ ᠤᠨ ᠦᠢᠯᠡᠴᠢᠯᠡᠭᠡ ᠬᠢᠭᠦ ᠨᠥᠭᠦᠴᠡᠯ ᠳᠤ ᠬᠥᠷᠬᠦ ᠦᠭᠡᠢ᠂ ᠰᠠᠭᠤᠭᠠᠯᠢ ᠠᠷᠠᠳ ᠤᠨ ᠦᠪᠡᠷᠳᠡᠭᠡᠨ ᠵᠠᠰᠠᠬᠤ ᠢᠳᠡᠪᠭᠢᠵᠢᠯ ᠢᠶᠠᠷ ᠬᠠᠷᠢᠴᠠᠩᠭᠤᠢ ᠦᠨᠳᠦᠷ ᠬᠤᠷᠤᠭᠠᠯᠠᠯ ᠳᠤ ᠴᠢᠭᠯᠡᠭᠦᠯᠦᠨ᠂  ᠰᠠᠭᠤᠭᠠᠯᠢ ᠠᠷᠠᠳ ᠤᠨ ᠡᠳ᠋ᠯᠡᠩ ᠤᠨ ᠬᠠᠮᠢᠶᠠᠷᠥᠯᠳᠠ ᠲᠤᠮᠳᠠᠭᠢ ᠭᠤᠤᠯᠯᠠᠬᠤ ᠦᠢᠯᠡᠳᠤᠯ ᠢ ᠢᠳᠡᠪᠭᠢᠳᠡᠢ ᠪᠠᠳᠠᠷᠠᠭᠤᠯᠤᠨ᠂ ᠰᠠᠭᠤᠭᠠᠯᠢ ᠠᠷᠠᠳ ᠤᠨ ᠦᠮᠴᠢᠳᠡᠨ ᠤ ᠵᠦᠪᠯᠡᠯ ᠢ ᠪᠠᠶᠢᠭᠤᠯᠵᠥ᠂ ᠥᠪᠡᠰᠦᠪᠡᠨ ᠬᠠᠮᠢᠶᠠᠷᠥᠨ ᠦᠢᠯᠡᠴᠢᠯᠡᠨ᠎ᠠ᠃  ᠳᠥᠷᠪᠡ᠂ ᠨᠡᠶᠢᠭᠡᠮ  ᠲᠤᠭᠤᠷᠢᠭ ᠠᠴᠠ ᠣᠷᠤᠯᠠᠨ ᠬᠠᠮᠢᠶᠠᠷᠬᠤ ᠭᠡᠯᠪᠡᠷᠢ᠃  ᠬᠡᠪᠴᠢᠶ᠎ᠡ ᠪᠠᠷ ᠪᠠᠭ᠎ᠠ᠂ ᠲᠦᠷ  ᠲᠤᠰᠬᠠᠶᠢᠵᠢᠭᠰᠠᠨ ᠬᠠᠮᠢᠶᠠᠷᠥᠯᠳᠠ ᠶᠢ ᠬᠡᠷᠡᠭᠵᠢᠭᠦᠯᠵᠥ ᠲᠡᠶᠢᠯᠭᠦ ᠦᠭᠡᠢ ᠬᠤᠷᠤᠭᠠᠯᠠᠯ ᠳᠤ  ᠴᠢᠭᠯᠡᠭᠦᠯᠦᠨ᠂ ᠵᠡᠭᠡᠯᠢ ᠭᠤᠳᠤᠮᠵᠢ ︵ᠪᠠᠯᠭᠠᠰᠥ︶᠂ ᠨᠡᠶᠢᠭᠡᠮ ᠲᠤᠭᠤᠷᠢᠭ ᠠᠴᠠ ᠬᠠᠷᠢᠭᠤᠴᠠᠨ ᠡᠳ᠋ᠯᠡᠩ ᠤᠨ ᠬᠠᠮᠢᠶᠠᠷᠥᠯᠳᠠ ᠶᠢᠨ ᠠᠵᠢᠯ ᠢ ᠶᠠᠪᠥᠭ᠌ᠳᠠᠭᠤᠯᠥᠨ᠎ᠠ᠂ ᠲᠠᠷᠠᠭᠠᠴᠢ ᠪᠠᠷ ᠡᠶᠢᠮᠥᠷᠭᠦ ᠬᠤᠷᠤᠭᠠᠯᠠᠯ ᠢ ᠲᠥᠪᠯᠡᠷᠡᠭᠦᠯᠦᠨ ᠡᠳ᠋ᠯᠡᠩ ᠤᠨ ᠬᠠᠮᠢᠶᠠᠷᠥᠯᠳᠠ ᠶᠢᠨ ᠨᠢᠭᠡᠨ ᠠᠵᠥ ᠠᠬᠤᠶᠢᠯᠠᠯ ᠳᠤ ᠲᠤᠭᠢᠷᠠᠭᠤᠯᠤᠨ ᠲᠤᠰᠬᠠᠶᠢᠵᠢᠭᠰᠠᠨ ᠡᠳ᠋ᠯᠡᠩ ᠤᠨ ᠬᠠᠮᠢᠶᠠᠷᠥᠯᠳᠠ ᠭᠢᠵᠥ᠂ ᠮᠠᠨ ᠤ ᠲᠤᠭᠤᠷᠢᠭ ᠤᠨ ᠡᠳ᠋ᠯᠡᠩ ᠤᠨ ᠬᠠᠮᠢᠶᠠᠷᠥᠯᠳᠠ ᠶᠢᠨ ᠪᠦᠷᠢᠨ ᠪᠦᠷᠭᠦᠴᠠ ᠶᠢ ᠠᠭᠢᠭᠤᠯᠤᠨ᠎ᠠ᠃      ︵ᠬᠤᠶᠠᠷ︶  ᠰᠠᠭᠤᠭᠠᠯᠢ ᠠᠷᠠᠳ ᠤᠨ ᠬᠤᠷᠤᠭᠠᠯᠠᠯ ᠤᠨ ᠡᠳ᠋ᠯᠡᠩ ᠤᠨ ᠦᠢᠯᠡᠴᠢᠯᠡᠭᠡᠨ ᠤ ᠪᠠᠷᠢᠮᠵᠢᠶ᠎ᠠ ᠶᠢ ᠪᠦᠭᠦ  ᠲᠠᠯ᠎ᠠ ᠪᠠᠷ ᠨᠡᠶᠢᠳᠠᠪᠤᠷᠢᠵᠢᠭᠤᠯᠤᠨ᠎ᠠ᠃      ︽ᠪᠠᠷᠢᠮᠵᠢᠶ᠎ᠠ︾᠎ ᠶᠢᠨ ᠱᠠᠭᠠᠷᠳᠠᠯᠭ᠎ᠠ ᠶᠤᠰᠤᠭᠠᠷ᠂ ᠰᠠᠭᠤᠭᠠᠯᠢ ᠠᠷᠠᠳ ᠤᠨ ᠬᠤᠷᠤᠭᠠᠯᠠᠯ  ᠡᠳ᠋ᠯᠡᠩ ᠤᠨ ᠦᠢᠯᠡᠴᠢᠯᠡᠭᠡᠨ ᠤ ᠲᠡᠰ ᠢ ᠵᠢᠯ ᠳᠠᠷᠠᠭᠠᠯᠠᠨ ᠪᠠᠷᠢᠮᠵᠢᠶᠠᠯᠠᠬᠤ ᠶᠢ ᠠᠭᠢᠭᠤᠯᠵᠥ᠂ ᠲᠡᠰ ᠲᠤ ᠭᠦᠷᠦᠭᠰᠡᠨ ᠬᠤᠷᠤᠭᠠᠯᠠᠯ ᠳᠤ ᠠᠳᠠᠯᠢ ᠪᠤᠰᠤ ᠵᠡᠷᠭᠡ ᠶᠢᠨ ᠣᠳᠤᠨ  ᠪᠢᠴᠢᠭᠡᠰᠥ ᠫᠠᠶᠢᠰᠠ ᠣᠯᠭᠤᠨ᠎ᠠ᠄  ᠨᠢᠭᠡᠳᠦᠭᠡᠷ ᠲᠡᠰ ᠤᠨ ᠪᠠᠷᠢᠮᠵᠢᠶᠠᠨ ᠳᠤ ᠭᠦᠷᠦᠭᠰᠡᠨ ᠬᠤᠷᠤᠭᠠᠯᠠᠯ ᠳᠤ ᠭᠤᠷᠪᠠᠨ ᠣᠳᠤᠳᠤ ᠪᠢᠴᠢᠭᠡᠰᠥ ᠫᠠᠶᠢᠰᠠ᠂  ᠬᠤᠶᠠᠳᠤᠭᠠᠷ ᠲᠡᠰ ᠤᠨ ᠪᠠᠷᠢᠮᠵᠢᠶᠠᠨ ᠳᠤ ᠭᠦᠷᠦᠭᠰᠡᠨ ᠬᠤᠷᠤᠭᠠᠯᠠᠯ ᠳᠤ  ᠬᠤᠶᠠᠷ ᠣᠳᠤᠳᠤ ᠪᠢᠴᠢᠭᠡᠰᠥ ᠫᠠᠶᠢᠰᠠ᠂ ᠭᠤᠷᠪᠠᠳᠤᠭᠠᠷ ᠲᠡᠰ ᠤᠨ ᠪᠠᠷᠢᠮᠵᠢᠶᠠᠨ ᠳᠤ ᠭᠦᠷᠦᠭᠰᠡᠨ ᠬᠤᠷᠤᠭᠠᠯᠠᠯ ᠳᠤ  ᠨᠢᠭᠡ ᠣᠳᠤᠳᠤ ᠪᠢᠴᠢᠭᠡᠰᠥ ᠫᠠᠶᠢᠰᠠ  ᠣᠯᠭᠤᠨ᠎ᠠ᠃ ᠬᠤᠶᠠᠷ ᠭᠤᠷᠪᠠᠳᠥᠭᠠᠷ ᠲᠡᠰ ᠤᠨ ᠬᠤᠷᠤᠭᠠᠯᠠᠯ ᠳᠤ ᠬᠤᠳᠠ ᠪᠤᠯᠤᠨ‌ᠬᠤᠰᠢᠭᠤ  ᠰᠢᠶᠠᠨ ᠲᠤᠭᠤᠷᠢᠭ ᠬᠤᠶᠠᠷ  ᠱᠠᠳᠥᠨ ᠤ ᠵᠠᠰᠠᠭ ᠤᠨ ᠣᠷᠳᠤᠨ ᠠᠴᠠ ᠪᠤᠳᠠᠳᠤ ᠪᠠᠶᠢᠳᠠᠯ ᠢ ᠦᠨᠳᠦᠰᠦᠯᠡᠨ ᠠᠵᠥ ᠠᠬᠤᠶᠢᠯᠠᠯ ᠳᠤ ᠵᠤᠬᠢᠬᠤ ᠭᠡᠮᠵᠢᠶᠠᠨ ᠤ ᠨᠦᠭᠦᠪᠥᠷᠢ ᠮᠥᠩᠭᠦ ᠦᠭᠭᠦᠨ᠎ᠡ᠂ ᠬᠤᠳᠠ ᠪᠤᠯᠤᠨ‌ᠬᠤᠰᠢᠭᠤ  ᠰᠢᠶᠠᠨ ᠲᠤᠭᠤᠷᠢᠭ ᠬᠤᠶᠠᠷ  ᠱᠠᠳᠥᠨ ᠤ ᠵᠠᠰᠠᠭ ᠤᠨ ᠣᠷᠳᠤᠨ ᠠᠴᠠ1᠄1᠎ ᠎ ᠶᠢᠨ ᠬᠠᠷᠢᠴᠠᠯ ᠢᠶᠠᠷ ᠡᠨᠡᠬᠦ ᠮᠥᠩᠭᠦ ᠶᠢ ᠡᠳ᠋ ᠤᠨ ᠵᠠᠰᠠᠭ ᠤᠨ ᠵᠢᠯ ᠤᠨ ᠲᠦᠰᠦᠪ ᠲᠤ ᠣᠷᠤᠭᠤᠯᠤᠨ᠎ᠠ᠃ ᠰᠢᠯᠭᠠᠨ ᠦᠨᠡᠯᠡᠭᠰᠡᠨ  ᠦᠷ᠎ᠡ ᠳ᠋ᠥᠩ ᠢ ᠦᠨᠳᠦᠰᠦᠯᠡᠨ ᠰᠠᠭᠤᠭᠠᠯᠢ ᠠᠷᠠᠳ ᠤᠨ ᠬᠤᠷᠤᠭᠠᠯᠠᠯ ᠤᠨ ︽ᠪᠠᠷᠢᠯᠭ᠎ᠠ ᠶᠢᠨ ᠲᠥᠯᠦᠪᠵᠢᠭᠦᠯᠭᠡ ᠶᠢᠨ ᠵᠦᠪᠰᠢᠶᠡᠷᠡᠯ ᠤᠨ ᠥᠨᠡᠮᠯᠡᠯ︾᠎ ᠳᠤ ᠪᠢᠴᠢᠭᠰᠡᠨ ᠪᠠᠷᠢᠯᠭ᠎ᠠ ᠶᠢᠨ ᠶᠡᠷᠥᠩᠭᠡᠢ ᠲᠠᠯᠠᠪᠠᠢ ᠶᠢᠨ ᠲᠤᠭ᠎ᠠ ᠪᠠᠷ ᠨᠦᠭᠦᠪᠥᠷᠢ ᠮᠥᠩᠭᠦ ᠶᠢ ᠨᠢᠭᠡ ᠯᠠ ᠤᠳᠠᠭ᠎ᠠ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠳᠤ ᠦᠭᠭᠦᠨ᠎ᠠ᠂ ᠡᠭᠦᠨ ᠳᠤ  ᠄ ᠭᠤᠷᠪᠠᠳᠥᠭᠠᠷ ᠲᠡᠰ ᠤᠨ ᠡᠳ᠋ᠯᠡᠩ ᠤᠨ ᠦᠢᠯᠡᠴᠢᠯᠡᠭᠡᠨ  ᠤ  ᠪᠠᠷᠢᠮᠵᠢᠶ᠎ᠠ ᠳᠤ ᠭᠦᠷᠦᠭᠰᠡᠳ  ᠲᠤ ᠲᠡᠭᠰᠢ ᠲᠦᠷᠪᠠᠯᠵᠢᠨ ᠮᠧᠲᠷ ᠪᠦᠷᠢ2 ᠲᠦᠭᠦᠷᠢᠭ ᠤᠨ ᠨᠥᠭᠦᠪᠥᠷᠢ ᠤᠯᠭᠤᠵᠥ ᠪᠤᠭᠤᠳᠤ ᠬᠤᠳᠠ ᠶᠢᠨ ᠰᠢᠯᠢᠳᠡᠭ ᠵᠢᠱᠢᠶ᠎ᠠ  ᠦᠵᠡᠭᠦᠯᠭᠦ ᠠᠵᠢᠯ ᠲᠦᠷᠦᠯ ᠎ ᠢ ᠭᠤᠶᠤᠴᠢᠯᠠᠬᠤ ᠎ ᠳᠤ ᠲᠡᠷᠢᠭᠦᠯᠠᠨ ᠲᠠᠨᠢᠯᠴᠠᠭᠤᠯᠵᠥ ᠥᠭᠭᠦᠨ᠎ᠡ᠃ ᠬᠤᠶᠠᠳᠥᠭᠠᠷ ᠲᠡᠰ ᠤᠨ ᠡᠳ᠋ᠯᠡᠩ ᠤᠨ ᠦᠢᠯᠡᠴᠢᠯᠡᠭᠡᠨ  ᠤ  ᠪᠠᠷᠢᠮᠵᠢᠶ᠎ᠠ ᠳᠤ ᠭᠦᠷᠦᠭᠰᠡᠳ ᠲᠤ ᠲᠡᠭᠰᠢ ᠲᠦᠷᠪᠠᠯᠵᠢᠨ ᠮᠧᠲᠷ ᠪᠦᠷᠢ 1 ᠲᠦᠭᠦᠷᠢᠭ ᠤᠨ ᠨᠥᠭᠦᠪᠥᠷᠢ ᠣᠯᠭᠤᠵᠥ᠂  ᠦᠪᠡᠷᠳᠡᠭᠡᠨ ᠵᠠᠰᠠᠬᠤ ᠣᠷᠤᠨ ᠤ ᠰᠢᠯᠢᠳᠡᠭ ᠵᠢᠱᠢᠶ᠎ᠠ  ᠦᠵᠡᠭᠦᠯᠭᠦ ᠠᠵᠢᠯ ᠲᠦᠷᠦᠯ ᠎ ᠢ ᠭᠤᠶᠤᠴᠢᠯᠠᠬᠤ ᠎ ᠳᠤ ᠲᠡᠷᠢᠭᠦᠯᠠᠨ ᠲᠠᠨᠢᠯᠴᠠᠭᠤᠯᠵᠥ ᠥᠭᠭᠦᠨ᠎ᠡ᠃ ᠨᠢᠭᠡᠳᠦᠭᠡᠷ ᠲᠡᠰ  ᠎ ᠤᠨ ᠡᠳ᠋ᠯᠡᠩ ᠤᠨ ᠦᠢᠯᠡᠴᠢᠯᠡᠭᠡᠨ  ᠤ  ᠪᠠᠷᠢᠮᠵᠢᠶ᠎ᠠ ᠳᠤ  ᠭᠥᠷᠥᠭᠰᠡᠨ ᠬᠤᠷᠤᠭᠠᠯᠠᠯ ᠨᠢ  ᠤᠯᠤᠰ ᠤᠨ ᠰᠢᠯᠢᠳᠡᠭ ᠵᠢᠱᠢᠶ᠎ᠠ ᠦᠵᠡᠭᠦᠯᠭᠦ ᠠᠵᠢᠯ ᠲᠦᠷᠦᠯ ᠢ ᠭᠤᠶᠤᠴᠢᠯᠠᠬᠤ ᠳᠤ ᠲᠡᠷᠢᠭᠦᠯᠠᠨ ᠲᠠᠨᠢᠯᠴᠠᠭᠤᠯᠵᠥ ᠥᠭᠭᠦᠨ᠎ᠡ  ᠂ ᠲᠠᠭᠠᠭᠠᠴᠢᠯᠠᠯᠳᠠ ᠵᠠᠷᠯᠠᠭᠴᠢ ᠨᠢ ᠡᠭᠢᠨ ᠤ ᠦᠶ᠎ᠡ ᠶᠢᠨ ᠡᠳ᠋ᠯᠡᠩ ᠤᠨ ᠬᠠᠮᠢᠶᠠᠷᠥᠯᠳᠠ ᠶᠢᠨ ᠲᠠᠭᠠᠭᠠᠴᠢᠯᠠᠯᠳᠠ ᠵᠠᠷᠯᠠᠵᠥ  ᠭᠦᠯᠢᠶᠡᠭᠦ  ᠬᠤᠪᠢ ᠳᠣᠭᠳᠠᠭᠠᠬᠤ ᠠᠷᠭ᠎ᠠ ᠳᠦᠷᠢᠮ ᠳᠤ ᠯᠠᠪᠯᠠᠯᠳᠠ ᠪᠤᠯᠭᠠᠵᠤ ᠪᠣᠯᠤᠨ᠎ᠠ᠃        ︵ᠭᠤᠷᠪᠠ︶  ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠳᠤ ᠢᠳᠡᠭᠡᠮᠵᠢ ᠶᠢᠨ ᠦᠨᠡᠯᠡᠯᠳᠠ ᠬᠢᠭᠦ ᠠᠵᠢᠯ ᠢ ᠦᠷᠨᠢᠭᠦᠯᠦᠨ᠎ᠠ᠃        ︽ᠪᠤᠭᠤᠳᠤ ᠬᠤᠳᠠ ᠶᠢᠨ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠤᠨ ᠢᠳᠡᠭᠡᠮᠵᠢ ᠶᠢ ᠦᠨᠡᠯᠡᠨ ᠬᠠᠮᠢᠶᠠᠷᠬᠤ ︵ᠲᠦᠷ ᠭᠡᠷᠡᠭᠵᠢᠭᠦᠯᠭᠦ︶ ᠠᠷᠭ᠎ᠠ︾᠎ ᠶᠢ ᠦᠨᠳᠦᠰᠦᠯᠡᠨ  ᠂ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠨᠢ ᠡᠳ᠋ᠯᠡᠩ ᠤᠨ ᠬᠠᠮᠢᠶᠠᠷᠥᠯᠳᠠ ᠶᠢᠨ ᠠᠵᠢᠯᠯᠠᠭ᠎ᠠ   ᠳᠤᠮᠳᠠ ᠬᠠᠮᠢᠶ᠎ᠠ ᠪᠦᠭᠦᠢ ᠬᠠᠥᠯᠢ ᠳᠦᠷᠢᠮ  ᠤᠷᠤᠨ ᠨᠤᠲᠤᠭ ᠤᠨ ᠪᠠᠷᠢᠮᠵᠢᠶ᠎ᠠ ᠶᠢ ᠭᠡᠷᠡᠭᠵᠢᠭᠦᠯᠦᠭᠰᠡᠨ᠂ ᠡᠳ᠋ᠯᠡᠩ ᠤᠨ ᠦᠢᠯᠡᠴᠢᠯᠡᠭᠡᠨ ᠤ ᠭᠡᠷ᠎ᠠ ᠶᠢ ᠵᠢᠷᠥᠮᠯᠠᠭᠰᠠᠨ᠂ ᠲᠤᠬᠠᠶᠢᠯᠠᠭᠰᠠᠨ ᠠᠵᠢᠯ ᠲᠦᠷᠦᠯ ᠤᠨ ᠦᠪᠡᠷ ᠢ  ᠪᠠᠨ ᠱᠠᠭᠠᠷᠳᠠᠬᠤ ᠵᠠᠷᠴᠢᠮ ᠢ ᠳᠠᠭᠠᠭᠰᠠᠨ ᠵᠡᠷᠭᠡ ᠠᠵᠢᠯᠯᠠᠭ᠎ᠠ ᠳᠤ ᠶᠡᠷᠦᠩᠭᠡᠢ ᠢᠲᠡᠭᠡᠮᠵᠢ ᠶᠢᠨ ᠦᠨᠡᠯᠡᠯᠳᠠ ᠭᠢᠵᠥ᠂ ᠵᠡᠭᠡᠯᠢ ᠭᠤᠳᠤᠮᠵᠢ ︵ᠪᠠᠯᠭᠠᠰᠥ︶  ᠂ ᠨᠡᠶᠢᠭᠡᠮ ᠲᠤᠭᠤᠷᠢᠭ ᠨᠢ ᠭᠡᠷ ᠪᠠᠶᠢᠰᠢᠩ ᠤᠨ ᠬᠠᠮᠢᠶᠠᠷᠥᠯᠳᠠ ᠶᠢᠨ ᠲᠥᠪ ᠲᠠᠢ ᠬᠠᠮᠵᠢᠯᠴᠠᠨ ᠦᠪᠡᠷ ᠤᠨ ᠬᠠᠷᠢᠶᠠᠯᠠᠬᠤ ᠭᠠᠵᠠᠷ ᠤᠨ ᠢᠶᠠᠨ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠳᠤ ᠢᠳᠡᠭᠡᠮᠵᠢ ᠶᠢᠨ ᠦᠨᠡᠯᠡᠯᠳᠠ ᠬᠢᠭᠦ ᠠᠵᠢᠯ ᠰᠠᠶᠢᠳᠥᠷ ᠬᠢᠵᠥ᠂ ᠦᠨᠡᠯᠡᠭᠰᠡᠨ ᠥᠷ᠎ᠠ ᠳ᠋ᠦᠩ ᠢᠶᠠᠷ ᠵᠠᠰᠠᠭ ᠤᠨ ᠣᠷᠳᠤᠨ ᠠᠴᠠ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠢ ᠤᠷᠢᠨ ᠭᠡᠷᠡᠭᠯᠡᠭᠦ ᠴᠢᠬᠤᠯᠠ ᠯᠠᠪᠯᠠᠯᠳᠠ  ᠪᠤᠯᠭᠠᠬᠤ ᠪᠦᠭᠡᠳ ᠡᠳ᠋ᠯᠡᠩ ᠤᠨ ᠬᠠᠮᠢᠶᠠᠷᠥᠯᠳᠠ ᠶᠢᠨ ᠰᠢᠯᠢᠳᠡᠭ ᠵᠢᠱᠢᠶ᠎ᠡ ᠦᠵᠡᠭᠦᠯᠭᠦ ᠠᠵᠢᠯ ᠲᠦᠷᠦᠯ ᠤᠨ ᠰᠢᠯᠭᠠᠨ ᠳᠣᠭᠳᠠᠭᠠᠬᠤ ᠠᠭᠤᠯᠭ᠎ᠠ ᠵᠢᠴᠢ ᠵᠠᠰᠠᠭ ᠵᠠᠭᠢᠷᠭᠠᠨ ᠤ ᠬᠢᠨᠠᠨ ᠬᠠᠮᠢᠶᠠᠷᠥᠯᠳᠠ ᠶᠢᠨ ᠠᠵᠢᠯ ᠢ ᠶᠠᠪᠥᠭ᠌ᠳᠠᠭᠤᠯᠬᠤ ᠶᠢᠨ ᠴᠢᠬᠤᠯᠠ ᠦᠨᠳᠦᠰᠦ  ᠪᠠᠷᠢᠮᠳᠠ   ᠪᠤᠯᠭᠠᠵᠥ᠂ ᠬᠠᠭᠠᠰ ᠵᠢᠯ ᠪᠦᠷᠢ ᠳᠤ ᠬᠤᠳᠠ ᠶᠢᠨ ᠣᠷᠣᠨ ᠰᠠᠭᠤᠴᠠ ᠶᠢᠨ ᠪᠠᠳᠤᠯᠠᠭ᠎ᠠ ᠶᠢᠨ ᠲᠣᠪᠴᠢᠶ᠎ᠠ ᠪᠣᠯᠣᠨ ᠬᠤᠳᠠ ᠶᠢᠨ  ᠡᠳ᠋ᠯᠡᠩ ᠤᠨ ᠬᠠᠮᠢᠶᠠᠷᠥᠯᠳᠠ ᠶᠢᠨ ᠨᠡᠶᠢᠭᠡᠮᠯᠢᠭ ᠤᠨ ᠰᠦᠯᠵᠢᠶᠡᠨ ᠲᠡᠭᠡᠷ᠎ᠠ ᠨᠡᠶᠢᠳᠡᠯᠠᠨ᠎ᠠ᠃         ︵ᠳᠦᠷᠪᠠ︶ ᠡᠳ᠋ᠯᠡᠩ ᠤᠨ ᠦᠢᠯᠡᠴᠢᠯᠡᠭᠡᠨ ᠤ ᠵᠢᠭᠤᠷᠠᠯᠳᠤᠭᠠᠨ ᠢ  ᠪᠤᠰᠢᠭᠤ ᠡᠶᠡᠳᠡᠭᠦᠯᠦᠨ ᠰᠢᠢᠳᠪᠥᠷᠢᠯᠡᠭᠦ ᠲᠣᠭᠳᠠᠯᠴᠠᠭ᠎ᠠ ᠶᠢ ᠲᠡᠭᠦᠯᠳᠡᠷᠵᠢᠭᠦᠯᠦᠶ᠎ᠡ᠃         1.ᠬᠤᠯᠪᠤᠭᠠᠳᠥ ᠬᠤᠷᠠᠯ ᠤᠨ ᠳᠦᠷᠢᠮ         ︽ᠪᠤᠭᠤᠳᠤ ᠬᠤᠳᠠ ᠶᠢᠨ ᠡᠳ᠋ᠯᠡᠩ ᠤᠨ ᠬᠠᠮᠢᠶᠠᠷᠥᠯᠳᠠ ᠶᠢᠨ ᠳᠦᠷᠢᠮ︾᠎ ᠢ ᠦᠨᠳᠦᠰᠦᠯᠡᠨ᠂ ᠬᠠᠷᠢᠶᠠᠯᠠᠬᠤ  ᠭᠠᠵᠠᠷ ᠠᠴᠠ  ᠬᠠᠮᠢᠶᠠᠷᠥᠨ ᠠᠵᠢᠯ ᠤᠨ  ᠬᠦᠨᠳᠦᠴᠡ ᠪᠠᠨ ᠳᠣᠷᠤᠭᠰᠢ ᠪᠠᠭᠤᠯᠭᠠᠬᠤ ᠵᠠᠷᠴᠢᠮ ᠢᠶᠠᠷ ᠡᠯ᠎ᠠ ᠵᠡᠭᠡᠯᠢ ᠭᠤᠳᠤᠮᠵᠢ ︵ᠪᠠᠯᠭᠠᠰᠥ︶  ᠎ ᠨᠢ ᠵᠠᠬᠢᠳᠠᠯ ᠰᠤᠷᠪᠤᠯᠵᠢᠯᠠᠯ ᠤᠨ ᠨᠢᠭᠡᠳᠦᠭᠡᠷ ᠬᠠᠷᠢᠭᠤᠴᠠᠯᠭᠠᠳᠠᠨ ᠪᠤᠯᠤᠭᠰᠠᠨ ᠤ ᠬᠤᠪᠢ ᠳᠤ᠂ ᠦᠮᠴᠢᠳᠡᠨ᠂ ᠦᠮᠴᠢᠳᠡᠨ ᠤ ᠵᠦᠪᠯᠡᠯ᠂ ᠡᠳ᠋ᠯᠡᠩ ᠤᠨ ᠡᠳ᠋ᠯᠡᠭᠴᠢ ᠪᠠ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ ᠡᠳ᠋ᠯᠡᠩ ᠤᠨ ᠬᠠᠮᠢᠶᠠᠷᠥᠯᠳᠠ ᠶᠢᠨ ᠠᠵᠢᠯᠯᠠᠭ᠎ᠠ ᠳᠤᠮᠳᠠ  ᠡᠭᠦᠰᠦᠭᠰᠡᠨ ᠵᠦᠷᠢᠴᠡᠯ ᠵᠢᠭᠤᠷᠠᠯᠳᠤᠭᠠᠨ ᠪᠤᠯᠤᠨ ᠵᠠᠭᠠᠯᠳᠤᠯᠭ᠎ᠠ ᠶᠢ ᠭᠦᠯᠢᠶᠡᠨ ᠠᠪᠴᠤ ᠰᠢᠢᠳᠪᠥᠷᠢᠯᠠᠨ᠎ᠠ  ᠃ ᠡᠯ᠎ᠠ ᠵᠡᠭᠡᠯᠢ ᠭᠤᠳᠤᠮᠵᠢ ︵ᠪᠠᠯᠭᠠᠰᠥ︶ ᠲᠣᠭᠳᠠᠭᠰᠠᠨ ᠬᠤᠭᠤᠴᠠᠭ᠎ᠠ ᠲᠠᠢ ᠬᠠᠮᠢᠶ᠎ᠠ ᠪᠦᠭᠦᠢ ᠰᠠᠯᠠᠭ᠎ᠠ ᠮᠦᠴᠢᠷ᠂ ᠭᠡᠷ ᠪᠠᠶᠢᠰᠢᠩ ᠤᠨ ᠬᠠᠮᠢᠶᠠᠷᠥᠯᠳᠠ ᠶᠢᠨ ᠲᠥᠪ᠂ ᠬᠠᠥᠯᠢ ᠴᠠᠭᠠᠵᠠ ᠶᠢᠨ ᠰᠠᠯᠠᠭ᠎ᠠ ᠮᠦᠴᠢᠷ᠂ ᠬᠠᠷᠢᠶᠠᠯᠠᠬᠤ ᠭᠠᠵᠠᠷ ᠤᠨ ᠲᠤᠮᠢᠯᠠᠭᠰᠠᠨ ᠰᠠᠯᠪᠤᠷᠢ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ ᠦᠢᠯᠡᠴᠢᠯᠡᠭᠡᠨ ᠤ ᠦᠷᠲᠡᠭᠡ᠂ ᠡᠳ᠋ᠯᠡᠩ ᠤᠨ ᠦᠢᠯᠡᠴᠢᠯᠡᠭᠡᠨ ᠤ  ᠠᠵᠥ ᠠᠬᠤᠶᠢᠯᠠᠯ᠂ ᠦᠮᠴᠢᠳᠡᠨ ᠤ ᠵᠦᠪᠯᠡᠯ᠂ ᠦᠮᠴᠢᠳᠡᠨ ᠤ ᠲᠦᠯᠦᠭᠡᠯᠡᠭᠴᠢ  ᠪᠠ ᠰᠠᠭᠤᠭᠠᠯᠢ ᠠᠷᠠᠳ ᠤᠨ ᠲᠦᠯᠦᠭᠡᠯᠡᠭᠴᠢ ᠵᠡᠷᠭᠡ ᠶᠢ ᠴᠤᠭᠯᠠᠭᠤᠯᠵᠤ ᠲᠤᠰ ᠬᠠᠷᠢᠶᠠᠯᠠᠬᠤ ᠣᠷᠣᠨ ᠤ ᠪᠠᠨ ᠡᠳ᠋ᠯᠡᠩ ᠤᠨ ᠬᠠᠮᠢᠶᠠᠷᠥᠯᠳᠠ ᠳᠤ ᠲᠤᠯᠭᠠᠷᠠᠭᠰᠠᠨ ᠠᠰᠠᠭᠤᠳᠠᠯ ᠢ ᠶᠠᠷᠢᠯᠴᠠᠨ ᠰᠢᠢᠳᠪᠥᠷᠢᠯᠠᠨ᠎ᠠ᠃          2.ᠡᠳ᠋ᠯᠡᠩ ᠤᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠥᠷᠢᠯᠡᠭᠦ ᠲᠣᠭᠳᠠᠯᠴᠠᠭ᠎ᠠ ᠶᠢ ᠪᠠᠶᠢᠭᠤᠯᠤᠨ᠎ᠠ᠃          ᠡᠳ᠋ᠯᠡᠩ ᠤᠨ ᠬᠠᠮᠢᠶᠠᠷᠥᠯᠳᠠ᠂ ᠭᠡᠷ ᠪᠠᠶᠢᠰᠢᠩ ᠤᠨ ᠬᠠᠮᠢᠶᠠᠷᠥᠯᠳᠠ ᠳᠤᠮᠳᠠᠭᠢ ᠪᠠᠶᠢᠰᠢᠩ ᠲᠠᠢ ᠬᠤᠯᠪᠤᠭᠳᠠᠭᠰᠠᠨ ᠵᠥᠷᠢᠴᠡᠯ ᠵᠢᠭᠤᠷᠠᠯᠳᠤᠭᠠᠨ ᠢ ᠪᠦᠳᠦᠮᠵᠢᠳᠡᠢ  ᠠᠷᠢᠯᠭᠠᠵᠥ ᠬᠠᠮᠢᠶ᠎ᠠ ᠪᠦᠭᠦᠢ ᠬᠠᠥᠯᠢ ᠳᠥᠷᠢᠮ ᠵᠢᠴᠢ  ᠲᠥᠷᠥ ᠶᠢᠨ   ᠪᠣᠳᠣᠯᠭ᠎ᠠ ᠶᠢ ᠤᠷᠤᠭᠰᠢᠲᠠᠢ ᠭᠡᠷᠡᠭᠵᠢᠭᠦᠯᠭᠦ ᠶᠢᠨ ᠲᠦᠯᠦᠭᠡ᠂ ᠭᠡᠷ ᠭᠥᠷᠥᠩᠭᠡ ᠡᠳ᠋ᠯᠡᠩ ᠤᠨ ᠭᠦᠨᠳᠥ ᠨᠣᠴᠢᠳᠠᠢ ᠵᠦᠷᠢᠴᠡᠯ ᠵᠢᠭᠤᠷᠠᠯᠳᠤᠭᠠᠨ ᠢ ᠡᠶᠡᠳᠡᠭᠦᠯᠭᠦ ᠳᠣᠭᠲᠠᠯᠴᠠᠭ᠎ᠠ ᠶᠢ ᠪᠠᠶᠢᠭᠤᠯᠤᠨ᠎ᠠ᠃ ᠠᠷᠠᠳ ᠤᠨ ᠡᠶᠡᠳᠡᠭᠦᠯᠭᠦ ᠵᠦᠪᠯᠡᠯ ᠵᠢᠴᠢ ᠭᠡᠷ ᠭᠦᠷᠦᠩᠭᠡ ᠡᠳ᠋ᠯᠡᠩ ᠤᠨ ᠨᠡᠭᠦᠳᠡᠯ  ᠰᠢᠭᠦᠭᠦ  ᠲᠢᠩᠭᠢᠮ ᠤᠨ ᠪᠠᠶᠢᠭᠤᠯᠥᠭ᠌ᠳᠠᠬᠤ ᠶᠢ ᠠᠭᠢᠭᠤᠯᠵᠥ᠂ ᠠᠷᠠᠳ ᠤᠨ ᠡᠶᠡᠳᠡᠭᠦᠯᠭᠡ ᠪᠤᠯᠤᠨ ᠬᠠᠥᠯᠢ ᠴᠠᠭᠠᠵᠠ ᠶᠢᠨ ᠡᠶᠡᠳᠡᠭᠦᠯᠭᠡ ᠡᠳ᠋ᠯᠡᠩ  ᠤᠨ ᠠᠵᠢᠯᠯᠠᠭ᠎ᠠ ᠶᠢᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠥᠷᠢᠯᠡᠭᠦ ᠳᠤ ᠦᠵᠡᠭᠦᠯᠭᠦ ᠦᠢᠯᠡᠳᠥᠯ ᠢ ᠭᠦᠢᠴᠡᠳ ᠪᠠᠳᠠᠷᠠᠭᠤᠯᠤᠨ᠎ᠠ᠃ ᠠᠷᠠᠳ ᠤᠨ ᠡᠶᠡᠳᠡᠭᠦᠯᠭᠦ ᠵᠦᠪᠯᠡᠯ ᠵᠢᠴᠢ ᠭᠡᠷ ᠭᠦᠷᠦᠩᠭᠡ ᠡᠳ᠋ᠯᠡᠩ ᠤᠨ ᠨᠡᠭᠦᠳᠡᠯ ᠰᠢᠭᠦᠭᠦ ᠲᠢᠩᠭᠢᠮ ᠢ ᠲᠦᠰᠢᠭᠯᠡᠨ ᠪᠦᠬᠦ ᠲᠤᠭᠤᠷᠢᠭ ᠤᠨ ᠡᠳ᠋ᠯᠡᠩ ᠤᠨ ᠬᠠᠮᠢᠶᠠᠷᠥᠯᠳᠠ᠂ ᠦᠢᠯᠡᠴᠢᠯᠡᠭᠡᠨ ᠤ ᠭᠡᠷ᠎ᠡ᠂ ᠣᠷᠣᠨ ᠰᠠᠭᠤᠴᠠ ᠶᠢᠨ ᠪᠠᠳᠥᠯᠠᠭ᠎ᠠ ᠵᠡᠷᠭᠡ ᠶᠢᠨ ᠡᠳ᠋ᠯᠡᠩ ᠤᠨ ᠲᠣᠬᠠᠢ ᠵᠠᠷᠭᠤ ᠶᠢ ᠭᠦᠯᠢᠶᠡᠨ ᠠᠪᠴᠤ ᠰᠢᠢᠳᠪᠥᠷᠢᠯᠠᠨ᠎ᠠ  ᠂ ᠦᠮᠴᠢᠳᠡᠨ  ᠪᠣᠯᠣᠨ ᠡᠳ᠋ᠯᠡᠩ ᠤᠨ ᠦᠢᠯᠡᠴᠢᠯᠡᠭᠡᠨ ᠤ ᠠᠵᠥ ᠠᠬᠤᠶᠢᠯᠠᠯ  ᠤᠨ ᠬᠤᠭᠤᠷᠥᠨᠳᠡᠭᠢ ᠵᠦᠷᠢᠴᠡᠯ ᠢ ᠡᠶᠡᠳᠡᠭᠦᠯᠵᠥ᠂ ᠡᠳ᠋ᠯᠡᠩ ᠤᠨ ᠬᠠᠮᠢᠶᠠᠷᠥᠯᠳᠠ ᠶᠢᠨ ᠠᠵᠢᠯᠯᠠᠭ᠎ᠠ ᠳᠤᠮᠳᠠᠭᠢ ᠡᠶᠡᠳᠡᠭᠦᠯᠵᠦ ᠴᠢᠳᠠᠭ᠎ᠠ ᠦᠭᠡᠢ ᠵᠢᠭᠤᠷᠠᠯᠳᠤᠭᠠᠨ ᠢ ᠰᠢᠢᠳᠪᠥᠷᠢᠯᠠᠨ᠎ᠠ᠃          ︵ᠲᠠᠪᠤ︶   ︽ᠲᠦᠷᠪᠠᠨ ᠲᠡᠰ ᠤᠨ ᠡᠳ᠋ᠯᠡᠩ︾᠎ ᠎ ᠤᠨ ᠬᠠᠮᠢᠶᠠᠷᠥᠯᠳᠠ ᠶᠢᠨ ᠭᠡᠪᠰᠢᠭᠰᠡᠨ ᠲᠣᠭᠳᠠᠯᠴᠠᠭ᠎ᠠ ᠶᠢ ᠪᠠᠶᠢᠭᠤᠯᠤᠨ᠎ᠠ᠃          ᠮᠠᠨ ᠤ ᠬᠤᠳᠠ ᠶᠢᠨ ᠡᠳ᠋ᠯᠡᠩ ᠤᠨ ᠬᠠᠮᠢᠶᠠᠷᠥᠯᠳᠠ ᠶᠢᠨ ᠠᠵᠢᠯ ᠢ ᠡᠯ᠎ᠠ ᠬᠤᠰᠢᠭᠤ ᠰᠢᠶᠠᠨ ᠲᠣᠭᠤᠷᠢᠭ ᠤᠨ ᠵᠢᠯ ᠤᠨ ᠠᠵᠢᠯ ᠤᠨ ᠰᠢᠯᠭᠠᠷᠠᠭᠤᠯᠥᠯᠳᠠ ᠳᠤ ᠣᠷᠤᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠲᠤᠰ ᠲᠤᠭᠤᠷᠢᠭ ᠲᠠᠭᠠᠨ ᠲᠣᠭᠢᠷᠠᠭᠰᠠᠨ ᠪᠠᠯᠭᠠᠰᠥ᠂ ᠵᠡᠭᠡᠯᠢ ᠭᠤᠳᠤᠮᠵᠢ ︵ᠨᠡᠶᠢᠭᠡᠮ ᠲᠤᠭᠤᠷᠢᠭ︶ ᠎ ᠤᠨ ᠡᠳ᠋ᠯᠡᠩ ᠤᠨ ᠬᠠᠮᠢᠶᠠᠷᠥᠯᠳᠠ ᠶᠢᠨ ᠠᠵᠢᠯ ᠤᠨ ᠰᠢᠯᠭᠠᠷᠠᠭᠤᠯᠥᠯᠳᠠ ᠶᠢᠨ ᠠᠷᠭ᠎ᠠ ᠶᠢ ᠳᠣᠭᠳᠠᠭᠠᠵᠤ᠂ ᠡᠳ᠋ᠯᠡᠩ ᠤᠨ ᠠᠵᠢᠯ ᠎ ᠢ ᠵᠡᠭᠡᠯᠢ ᠭᠤᠳᠤᠮᠵᠢ ︵ᠪᠠᠯᠭᠠᠰᠥ︶᠎ ᠶᠢᠨ ᠵᠢᠯ ᠤᠨ ᠠᠵᠢᠯ ᠤᠨ ᠰᠢᠯᠭᠠᠷᠠᠭᠤᠯᠥᠯᠳᠠ ᠶᠢᠨ ᠴᠢᠬᠤᠯᠠ ᠠᠭᠤᠯᠭ᠎ᠠ ᠪᠣᠯᠭᠠᠨ᠎ᠠ  ᠂ ᠡᠳ᠋ᠯᠡᠩ ᠤᠨ ᠬᠠᠮᠢᠶᠠᠷᠥᠯᠳᠠ ᠶᠢᠨ  ᠠᠵᠢᠯ ᠤᠨ  ᠬᠠᠷᠠᠯᠲᠠ᠂ ᠠᠵᠢᠯ ᠤᠨ ᠲᠤᠰᠢᠶᠠᠯ ᠬᠠᠷᠢᠭᠤᠴᠠᠯᠭ᠎ᠠ᠂ ᠠᠵᠢᠯ ᠤᠨ ᠡᠭᠦᠷᠭᠡ  ᠶᠢ ᠤᠯᠠᠮ ᠨᠢᠭᠡ ᠠᠯᠬᠤᠮ ᠲᠣᠳᠤᠳᠬᠠᠵᠥ᠂ ᠵᠢᠯ ᠪᠦᠷᠢ ᠰᠢᠯᠭᠠᠷᠠᠭᠤᠯᠥᠯᠳᠠ ᠶᠢᠨ  ᠦᠷ᠎ᠡ ᠳ᠋ᠦᠩ ᠢ ᠨᠡᠶᠢᠳᠡᠯᠡᠭᠦ ᠪᠦᠭᠡᠳ‌ᠡᠳ᠋ᠯᠡᠩ ᠤᠨ ᠬᠠᠮᠢᠶᠠᠷᠥᠯᠳᠠ ᠶᠢ ᠤᠯᠠᠷᠢᠯ ᠪᠦᠷᠢ ᠰᠢᠯᠭᠠᠷᠠᠭᠤᠯᠬᠤ ᠠᠵᠢᠯ ᠢ ᠶᠠᠪᠥᠭ᠌ᠳᠠᠭᠤᠯᠥᠨ᠎ᠠ᠃ ᠰᠢᠯᠭᠠᠷᠠᠭᠤᠯᠬᠤ ᠪᠠᠷ ᠲᠠᠮᠵᠢᠨ ᠬᠠᠮᠢᠶᠠᠷᠥᠯᠳᠠ ᠶᠢᠨ ᠣᠨᠣᠯᠵᠠᠬᠤᠨ ᠢᠶᠠᠨ ᠤᠯᠠᠮ ᠨᠢᠭᠡ ᠠᠯᠬᠤᠮ ᠰᠢᠨᠡᠳᠭᠡᠵᠥ᠂ ᠬᠠᠮᠢᠶᠠᠷᠥᠯᠳᠠ ᠶᠢᠨ ᠠᠷᠭ᠎ᠠ ᠭᠡᠯᠪᠡᠷᠢ ᠪᠠᠨ ᠰᠢᠨᠠᠴᠢᠯᠠᠵᠥ᠂ ᠬᠠᠮᠢᠶᠠᠷᠥᠯᠳᠠ ᠶᠢᠨ ᠰᠢᠰᠲ᠋ᠧᠮ ᠢᠶᠠᠨ ᠲᠡᠭᠦᠯᠳᠡᠷᠵᠢᠭᠦᠯᠥᠨ᠂ ᠠᠵᠢᠯ ᠤᠨ ᠪᠦᠲᠦᠮᠵᠢ ᠪᠠᠨ ᠲᠡᠭᠡᠭᠰᠢᠯᠡᠭᠦᠯᠵᠥ᠂ ᠮᠠᠨ ᠤ ᠲᠤᠭᠤᠷᠢᠭ ᠤᠨ ᠡᠳ᠋ᠯᠡᠩ ᠤᠨ ᠬᠠᠮᠢᠶᠠᠷᠥᠯᠳᠠ ᠶᠢᠨ ᠠᠵᠢᠯ ᠤᠨ ᠭᠢᠷᠢ ᠭᠡᠮᠵᠢᠶ᠎ᠡ ᠪᠠᠨ  ᠲᠡᠭᠡᠭᠰᠢᠯᠡᠭᠦᠯᠦᠶ᠎ᠡ᠃          ᠲᠠᠪᠤ᠂ ᠠᠵᠢᠯ ᠤᠨ ᠱᠠᠭᠠᠷᠳᠠᠯᠭ᠎ᠠ ᠪᠤᠯᠤᠨ ᠪᠠᠳᠤᠯᠠᠭ᠎ᠠ          ︵ᠨᠢᠭᠡ︶  ᠤᠳᠤᠷᠢᠳᠤᠯᠭ᠎ᠠ ᠪᠠᠨ ᠴᠢᠩᠭᠠᠳᠬᠠᠨ᠂ ᠲᠠᠨᠢᠯᠲᠠ ᠪᠠᠨ ᠲᠡᠭᠡᠭᠰᠢᠯᠡᠭᠦᠯᠵᠥ᠂ ᠬᠠᠷᠢᠭᠤᠴᠠᠯᠭ᠎ᠠ ᠪᠠᠨ ᠨᠡᠶᠢᠳᠠᠪᠤᠷᠢᠵᠢᠭᠤᠯᠤᠨ᠎ᠠ᠃           ᠰᠢᠨ᠎ᠡ ᠮᠠᠶ᠋ᠢᠭ ᠤᠨ ᠣᠳᠣᠬᠢᠴᠢᠯᠠᠭᠰᠠᠨ  ᠨᠡᠶᠢᠭᠡᠮ ᠲᠤᠭᠤᠷᠢᠭ ᠢ ᠪᠠᠶᠢᠭᠤᠯᠬᠤ᠂ ᠬᠤᠳᠠ ᠶᠢᠨ ᠬᠠᠮᠢᠶᠠᠷᠥᠯᠳᠠ ᠶᠢᠨ ᠭᠢᠷᠢ ᠭᠡᠮ ᠢ ᠲᠡᠭᠡᠭᠰᠢᠯᠡᠭᠦᠯᠭᠦ᠂ ᠡᠶ᠎ᠡ ᠵᠤᠬᠢᠴᠠᠯᠳᠤ ᠨᠡᠶᠢᠭᠡᠮ ᠤᠨ ᠪᠠᠶᠢᠭᠤᠯᠥᠯᠳᠠ ᠶᠢ ᠠᠬᠢᠭᠤᠯᠬᠤ ᠂ ᠪᠤᠯᠪᠠᠰᠤᠨ ᠬᠤᠳᠠ ᠶᠢᠨ ᠡᠭᠦᠳᠦᠨ ᠪᠠᠶᠢᠭᠤᠯᠥᠯᠳᠠ ᠶᠢ ᠠᠬᠢᠭᠤᠯᠬᠤ ᠵᠢᠴᠢ ︽ᠲᠦᠷᠪᠠᠨ ᠲᠡᠰ ᠤᠨ ᠡᠳ᠋ᠯᠡᠩ ᠤᠨ ᠬᠠᠮᠢᠶᠠᠷᠥᠯᠳᠠ︾᠎ ᠶᠢᠨ ᠡᠭᠦᠳᠡᠨ ᠠᠴᠠ᠂  ᠡᠳ᠋ᠯᠡᠩ ᠤᠨ ᠬᠠᠮᠢᠶᠠᠷᠥᠯᠳᠠ ᠶᠢᠨ ᠳᠣᠭᠳᠠᠯᠴᠠᠭ᠎ᠠ ᠶᠢ ᠰᠢᠨᠡᠳᠭᠡᠭᠦ ᠴᠢᠬᠤᠯᠠ ᠠᠴᠢ ᠬᠤᠯᠪᠤᠭᠳᠠᠯ ᠢ ᠬᠢᠨᠠᠮᠠᠭᠠᠢ ᠣᠶᠢᠯᠠᠭᠠᠨ ᠮᠡᠳᠡᠵᠥ᠂ ᠬᠠᠷᠢᠭᠤᠴᠠᠬᠤ ᠤᠬᠠᠮᠰᠠᠷ ᠢᠶᠠᠨ ᠴᠢᠩᠭᠠᠳᠬᠠᠨ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠥ᠂ ᠨᠠᠷᠢᠨ ᠨᠢᠮᠪᠠᠢ ᠪᠠᠶᠢᠷᠢᠯᠠᠭᠤᠯᠥᠨ᠂ ᠠᠪᠬᠤ ᠠᠷᠭ᠎ᠠ ᠭᠡᠮᠵᠢᠶ᠎ᠡ ᠪᠠᠨ ᠲᠣᠳᠤᠷᠬᠠᠶᠢᠯᠠᠵᠥ᠂ ᠵᠠᠰᠠᠭ ᠤᠨ ᠣᠷᠳᠤᠨ ᠤ ᠲᠤᠭᠤᠷᠢᠭ ᠤᠨ ᠲᠠᠷᠤᠭ᠎ᠠ ᠪᠠᠷ ᠲᠤᠭᠤᠶᠢᠯᠠᠩ ᠤᠨ ᠲᠠᠷᠤᠭ᠎ᠠ ᠪᠤᠯᠭᠠᠭᠰᠠᠨ ᠂ ᠬᠤᠪᠢᠶᠠᠨ ᠬᠠᠮᠢᠶᠠᠷᠬᠤ ᠲᠡᠳ᠋ ᠲᠤᠭᠤᠷᠢᠭ ᠤᠨ ᠲᠠᠷᠤᠭ᠎ᠠ ᠎ ᠪᠠᠷ  ᠳᠡᠳ᠋ ᠲᠤᠭᠤᠶᠢᠯᠠᠩ ᠤᠨ ᠲᠠᠷᠤᠭ᠎ᠠ ᠪᠤᠯᠭᠠᠭᠰᠠᠨ᠂ ᠬᠠᠮᠢᠶ᠎ᠠ ᠪᠦᠭᠦᠢ ᠡᠷᠬᠡ ᠲᠤᠰᠢᠶᠠᠯᠳᠥ ᠰᠠᠯᠠᠭ᠎ᠠ ᠮᠦᠴᠢᠷ ᠪᠤᠯᠤᠨ ᠪᠠᠯᠭᠠᠰᠥ ᠵᠡᠭᠡᠯᠢ ᠭᠤᠳᠤᠮᠵᠢ ᠶᠢᠨ ᠭᠤᠣᠯ ᠤᠳᠤᠷᠢᠳᠤᠯᠭ᠎ᠠ ᠪᠠᠷ ᠪᠦᠷᠢᠯᠳᠦᠭᠦᠨ ᠭᠡᠰᠢᠭᠦᠨ ᠪᠤᠯᠭᠠᠭᠰᠠᠨ ᠡᠳ᠋ᠯᠠᠩ ᠤᠨ ᠬᠠᠮᠢᠶᠠᠷᠥᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠥ᠂ ᠲᠣᠭᠳᠠᠮᠠᠯ ᠬᠤᠭᠤᠴᠠᠭ᠎ᠠ ᠲᠠᠢ ᠵᠡᠭᠢᠳᠡᠯ ᠰᠤᠷᠪᠤᠯᠵᠢᠯᠠᠯ ᠤᠨ ᠬᠤᠯᠪᠤᠭᠠᠳᠥ ᠬᠤᠷᠠᠯᠳᠤᠭᠠᠨ ᠢ ᠬᠤᠷᠠᠯᠳᠤᠭᠤᠯᠵᠥ᠂ ᠬᠠᠮᠢᠶ᠎ᠠ ᠪᠦᠭᠦᠢ  ᠲᠦᠷᠥ ᠶᠢᠨ ᠪᠣᠳᠣᠯᠭ᠎ᠠ ᠶᠢ ᠲᠣᠭᠲᠠᠭᠠᠵᠤ᠂ ᠡᠭᠦᠷᠭᠡ  ᠬᠠᠷᠠᠯᠲᠠ ᠪᠠᠨ ᠵᠠᠳᠠᠯᠵᠥ᠂ ᠭᠦᠨᠳᠥ ᠴᠢᠬᠤᠯᠠ ᠠᠰᠠᠭᠤᠳᠠᠯ ᠢ ᠵᠦᠪᠳᠡᠯᠴᠡᠨ ᠰᠢᠢᠳᠪᠥᠷᠢᠯᠠᠨ᠎ᠠ᠃          ︵ᠬᠤᠶᠠᠷ︶  ᠡᠳ᠋ᠯᠠᠩ ᠤᠨ ᠰᠢᠯᠭᠠᠷᠠᠭᠤᠯᠥᠯᠳᠠ ᠶᠢᠨ ᠠᠷᠭ᠎ᠠ ᠶᠢ ᠲᠡᠭᠦᠯᠳᠡᠷᠵᠢᠭᠦᠯᠦᠨ᠎ᠡ᠃          ︽ᠪᠤᠭᠤᠳᠤ ᠬᠤᠳᠠ ᠶᠢᠨ ᠣᠷᠣᠨ ᠰᠠᠭᠤᠴᠠ ᠶᠢᠨ ᠪᠠᠳᠥᠯᠠᠭ᠎ᠠ ᠪᠤᠯᠤᠨ ᠭᠡᠷ ᠪᠠᠶᠢᠰᠢᠩ ᠤᠨ ᠬᠠᠮᠢᠶᠠᠷᠥᠯᠳᠠ ᠶᠢᠨ ᠲᠣᠪᠴᠢᠶᠠᠨ ᠤ ᠬᠤᠰᠢᠭᠤ ᠰᠢᠶᠠᠨ ᠲᠤᠭᠤᠷᠢᠭ ᠤᠨ ᠡᠳ᠋ᠯᠡᠩ ᠤᠨ ᠬᠠᠮᠢᠶᠠᠷᠥᠯᠳᠠ ᠶᠢᠨ ᠠᠵᠢᠯ ᠢ ᠰᠢᠯᠭᠠᠷᠠᠭᠤᠯᠬᠤ ︵ᠲᠦᠷ ᠭᠡᠷᠡᠭᠵᠢᠭᠦᠯᠭᠦ︶ ᠠᠷᠭ᠎ᠠ︾ ︵ᠪᠤᠭᠤᠳᠤ  ᠪᠠᠶᠢᠰᠢᠩ ᠠᠴᠠ ᠲᠠᠷᠬᠠᠭᠠᠭᠰᠠᠨ ﹇2014﹈1298 ᠳ᠋ᠤᠭᠠᠷ ᠲᠣᠭᠠᠳᠥ︶᠂ ︽ᠰᠠᠭᠤᠭᠠᠯᠢ ᠠᠷᠠᠳ ᠤᠨ ᠬᠤᠷᠤᠭᠠᠯᠠᠯ ᠤᠨ ᠡᠳ᠋ᠯᠡᠩ ᠤᠨ ᠦᠢᠯᠡᠴᠢᠯᠡᠭᠡᠨ ᠤ ᠠᠵᠢᠯ ᠲᠦᠷᠦᠯ ᠢ ᠶᠡᠷᠥᠩᠭᠡᠶᠢᠯᠡᠨ ᠰᠢᠯᠭᠠᠷᠠᠭᠤᠯᠬᠤ ᠠᠷᠭ᠎ᠠ︾ ᠵᠡᠷᠭᠡ ᠬᠠᠮᠢᠶ᠎ᠠ ᠪᠦᠭᠦᠢ ᠲᠦᠭᠦᠷᠵᠢᠭᠰᠡᠨ ᠳᠦᠷᠢᠮ ᠳᠣᠭᠳᠠᠭᠠᠯ ᠢ ᠦᠨᠳᠦᠰᠦᠯᠡᠨ᠂ ᠭᠡᠷ ᠪᠠᠶᠢᠰᠢᠩ ᠤᠨ ᠬᠠᠮᠢᠶᠠᠷᠥᠯᠳᠠ ᠶᠢᠨ ᠲᠥᠪ  ᠎ ᠨᠢ ᠵᠡᠭᠡᠯᠢ ᠭᠤᠳᠤᠮᠵᠢ ︵ᠪᠠᠯᠭᠠᠰᠥ︶᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ ᠦᠢᠯᠡᠴᠢᠯᠡᠭᠡᠨ ᠤ ᠥᠷᠳᠡᠭᠡ᠂ ᠦᠮᠴᠢᠳᠡᠨ ᠤ ᠵᠦᠪᠯᠡᠯ ᠲᠠᠢ ᠬᠠᠮᠳᠤᠷᠠᠨ ᠡᠳ᠋ᠯᠡᠩ ᠤᠨ ᠬᠠᠮᠢᠶᠠᠷᠥᠯᠳᠠ ᠶᠢᠨ ᠬᠢᠨᠠᠨ ᠰᠢᠯᠭᠠᠷᠠᠭᠤᠯᠬᠤ ᠲᠤᠭᠳᠠᠯᠴᠠᠭ᠎ᠠ ᠶᠢ ᠲᠣᠭᠳᠠᠭᠠᠵᠤ ᠂ ᠰᠢᠯᠭᠠᠷᠠᠭᠤᠯᠥᠭ᠌ᠰᠠᠨ ᠬᠤᠪᠢ ᠪᠠᠷ ᠡᠳ᠋ᠯᠡᠩ ᠤᠨ ᠦᠢᠯᠡᠴᠢᠯᠡᠭᠡᠨ ᠤ ᠴᠢᠨᠠᠷ  ᠢ ᠭᠡᠮᠵᠢᠶᠡᠯᠡᠨ ᠲᠤᠭᠳᠠᠭᠠᠵᠤ᠂ ᠦᠨᠡᠨᠬᠦ ᠴᠢᠨᠠᠷ ᠢ ᠪᠠᠳᠤᠯᠠᠨ᠂ ᠡᠳ᠋ᠯᠡᠩ ᠤᠨ ᠠᠵᠢᠯᠯᠠᠭ᠎ᠠ ᠶᠢᠨ ᠬᠠᠥᠯᠢ ᠶᠤᠰᠤᠨ ᠤ ᠲᠦᠷᠢᠮᠵᠢᠭᠰᠡᠨ  ᠬᠥᠭᠵᠢᠯᠲᠡ ᠳᠤ ᠳᠦᠷᠢᠮ ᠤᠨ ᠪᠠᠳᠤᠯᠠᠭ᠎ᠠ ᠬᠠᠩᠭᠠᠨ᠎ᠠ᠃         ︵ᠭᠤᠷᠪᠠ︶  ᠦᠮᠴᠢᠳᠡᠨ ᠤ ᠬᠠᠷᠢᠭᠤᠴᠠᠯᠭᠠᠳᠥ ᠦᠵᠡᠯ ᠤᠬᠠᠮᠰᠠᠷ ᠢ ᠴᠢᠩᠭᠠᠳᠬᠠᠨ᠎ᠠ᠃         ᠪᠠᠯᠭᠠᠰᠥ᠂ ᠵᠡᠭᠡᠯᠢ ᠭᠤᠳᠤᠮᠵᠢ᠂ ᠨᠡᠶᠢᠭᠡᠮ ᠲᠤᠭᠤᠷᠢᠭ᠂ ᠰᠠᠭᠤᠭᠠᠯᠢ ᠠᠷᠠᠳ ᠤᠨ ᠵᠦᠪᠯᠡᠯ ᠨᠢ  ᠦᠮᠴᠢᠳᠡᠨ ᠤ ︽ᠡᠵᠡᠨ  ᠮᠡᠳᠡᠬᠦ︾ ᠦᠵᠡᠯ ᠤᠬᠠᠮᠰᠠᠷ  ᠬᠠᠥᠯᠢ ᠳᠦᠷᠢᠮ ᠤᠨ ᠤᠬᠠᠮᠰᠠᠷ ᠢ ᠭᠦᠢᠴᠡᠳ ᠪᠠᠳᠠᠷᠠᠭᠤᠯᠵᠥ᠂ ᠬᠠᠥᠯᠢ ᠶᠤᠰᠤᠭᠠᠷ ᠬᠤᠷᠤᠭᠠᠯᠠᠯ ᠤᠨ ᠡᠳ᠋ᠯᠡᠩ ᠤᠨ ᠬᠠᠮᠢᠶᠠᠷᠥᠯᠳᠠ ᠶᠢᠨ ᠠᠵᠢᠯᠯᠠᠭ᠎ᠠ ᠳᠤ ᠢᠳᠡᠪᠭᠢᠳᠡᠢ ᠣᠷᠣᠯᠴᠠᠨ᠂ ᠦᠮᠴᠢᠳᠡᠨ ᠤ ᠶᠡᠭᠡ ᠬᠤᠷᠠᠯ ᠢ ᠬᠤᠷᠠᠯᠳᠤᠭᠤᠯᠬᠤ᠂ ᠦᠮᠴᠢᠳᠡᠨ ᠤ ᠵᠦᠪᠯᠡᠯ ᠪᠠ ᠦᠪᠡᠰᠥᠪᠡᠨ ᠬᠠᠮᠢᠶᠠᠷᠬᠤ ᠵᠥᠪᠯᠡᠯ ᠎ ᠢ ᠵᠢᠯᠥᠭᠤᠳᠤᠨ ᠪᠠᠶᠢᠭᠤᠯᠵᠥ᠂ ᠦᠮᠴᠢᠳᠡᠨ ᠤ  ᠦᠪᠡᠷᠳᠡᠭᠡᠨ ᠵᠠᠰᠠᠬᠤ ᠵᠣᠬᠢᠶᠠᠨ ᠪᠠᠶᠢᠭᠤᠯᠥᠯᠳᠠ ᠪᠤᠯᠤᠨ ᠲᠤᠰ ᠪᠡᠶ᠎ᠡ ᠶᠢᠨ ᠪᠠᠶᠢᠭᠤᠯᠥᠯᠳᠠ ᠶᠢ ᠴᠢᠩᠭᠠᠳᠬᠠᠨ᠂ ᠨᠡᠶᠢᠭᠡᠮ ᠲᠤᠭᠤᠷᠢᠭ ᠤᠨ  ᠲᠦᠰᠦᠷᠬᠡᠥ ᠡᠳ᠋ᠯᠡᠩ ᠤᠨ ᠬᠠᠮᠢᠶᠠᠷᠥᠯᠳᠠ᠂ ᠰᠠᠭᠤᠭᠠᠯᠢ ᠠᠷᠠᠳ ᠦᠪᠡᠰᠥᠪᠠᠨ ᠬᠠᠮᠢᠶᠠᠷᠬᠤ  ᠵᠡᠷᠭᠡ ᠶᠢᠨ  ᠡᠳ᠋ᠯᠡᠩ ᠤᠨ ᠬᠠᠮᠢᠶᠠᠷᠥᠯᠳᠠ  ᠶᠢᠨ ᠠᠵᠢᠯ  ᠳᠤ ᠣᠷᠣᠯᠴᠠᠨ᠂ ᠵᠦᠪᠳᠡᠯᠴᠡᠨ  ᠲᠣᠭᠳᠠᠭᠠᠨ᠎ᠠ  ᠂ ᠲᠤᠰᠢᠶᠠᠯ ᠢᠶᠠᠨ  ᠭᠦᠢᠴᠡᠳᠭᠡᠭᠦ ᠠᠵᠢᠯᠯᠠᠭ᠎ᠠ ᠶᠢ ᠲᠦᠷᠢᠮᠵᠢᠭᠦᠯᠦᠨ᠂ ᠬᠠᠮᠳᠤᠪᠠᠷ ᠴᠣᠭᠴᠠᠯᠠᠨ ᠬᠠᠮᠳᠤ ᠳᠠᠭᠠᠨ ᠡᠳ᠋ᠯᠡᠭᠦ ᠵᠤᠷᠢᠯᠳᠠ ᠪᠠᠨ ᠪᠠᠶᠡᠯᠡᠭᠦᠯᠦᠨ᠎ᠠ᠃         ︵ᠳᠦᠷᠪᠠ︶  ᠤᠬᠠᠭᠤᠯᠭ᠎ᠠ  ᠶᠢᠨ ᠭᠦᠴᠦᠯᠡᠴᠠ ᠪᠠᠨ ᠶᠡᠭᠡᠳᠡᠭᠦᠯᠦᠨ᠎ᠠ᠃         ᠤᠬᠠᠭᠤᠯᠬᠤ ᠰᠠᠯᠠᠭ᠎ᠠ ᠮᠦᠴᠢᠷ ᠪᠤᠯᠤᠨ ᠡᠯ᠎ᠠ ᠬᠠᠮᠢᠶ᠎ᠠ ᠪᠦᠭᠦᠢ ᠪᠠᠶᠢᠭᠤᠯᠭ᠎ᠠ ᠨᠢ ᠡᠯ᠎ᠠ ᠵᠥᠢᠯ ᠤᠨ ᠵᠠᠭᠤᠴᠢᠯᠠᠭᠤᠷ ᠤᠨ ᠦᠢᠯᠡᠳᠥᠯ ᠢ  ᠭᠦᠢᠴᠡᠳ ᠪᠠᠳᠠᠷᠠᠭᠤᠯᠵᠥ᠂ ᠡᠳ᠋ᠯᠡᠩ ᠤᠨ ᠬᠠᠮᠢᠶᠠᠷᠥᠯᠳᠠ ᠶᠢᠨ ᠲᠤᠬᠠᠢ ᠲᠦᠷᠥ ᠶᠢᠨ ᠪᠤᠳᠤᠯᠭ᠎ᠠ ᠬᠠᠥᠯᠢ ᠳᠥᠷᠢᠮ ᠢ ᠲᠡᠯᠭᠡᠷᠡᠩᠭᠦᠢ ᠤᠬᠠᠭᠤᠯᠤᠨ᠂ ︽ᠭᠦᠮᠦᠨ   ᠪᠦᠬᠦᠨ ᠡᠳ᠋ᠯᠡᠩ ᠤᠨ ᠬᠠᠮᠢᠶᠠᠷᠥᠯᠳᠠ ᠶᠢ ᠲᠡᠮᠵᠢᠵᠥ᠂ ᠡᠷᠥᠭᠡ ᠪᠤᠯᠭᠠᠨ ᠡᠳ᠋ᠯᠡᠩ ᠤᠨ   ᠬᠥᠭᠵᠢᠯᠲᠡ ᠶᠢ ᠬᠠᠯᠠᠮᠵᠢᠯᠠᠬᠤ︾ ᠰᠠᠶᠢᠨ ᠰᠠᠶᠢᠬᠠᠨ ᠨᠡᠶᠢᠭᠡᠮ ᠬᠡᠪ ᠳᠦᠷᠢ ᠶᠢ ᠪᠤᠢ ᠪᠤᠯᠭᠠᠨ᠎ᠠ᠃ ᠰᠠᠭᠤᠭᠠᠯᠢ ᠠᠷᠠᠳ ᠤᠨ ᠵᠥᠪ ᠣᠨᠣᠪᠴᠢᠳᠡᠢ ᠡᠳ᠋ᠯᠡᠩ ᠤᠨ  ᠦᠢᠯᠡᠴᠢᠯᠡᠭᠡ ᠶᠢ ᠭᠡᠷᠡᠭᠯᠡᠨ ᠡᠳ᠋ᠯᠡᠭᠦ ᠣᠨᠣᠯᠵᠠᠬᠤᠨ ᠢ ᠭᠦᠲᠦᠯᠦᠨ ᠲᠠᠭᠠᠭᠤᠯᠵᠥ᠂ ᠰᠠᠭᠤᠭᠠᠯᠢ ᠠᠷᠠᠳ ᠤᠨ ᠢᠳᠡᠪᠭᠢᠳᠡᠢ ᠣᠷᠣᠯᠴᠠᠬᠤ ᠤᠬᠠᠮᠰᠠᠷ᠂ ᠦᠪᠡᠷ ᠢ ᠪᠠᠨ ᠱᠠᠭᠠᠷᠳᠠᠬᠤ ᠤᠬᠠᠮᠰᠠᠷ ᠪᠠ ᠲᠦᠯᠦᠪᠥᠷᠢᠳᠥ ᠦᠢᠯᠡᠴᠢᠯᠡᠭᠡ ᠶᠢᠨ ᠤᠬᠠᠮᠰᠠᠷ ᠢ ᠴᠢᠩᠭᠠᠳᠬᠠᠵᠥ᠂ ᠡᠳ᠋ᠯᠡᠩ ᠤᠨ ᠦᠢᠯᠡᠴᠢᠯᠡᠭᠡᠨ ᠤ ᠵᠠᠷᠥᠳᠠᠯ ᠢ ᠴᠠᠭ ᠲᠤᠬᠠᠢ ᠳᠤᠨᠢ ᠲᠤᠰᠢᠶᠠᠵᠥ᠂ ᠡᠶ᠎ᠡ ᠵᠤᠭᠢᠴᠠᠯᠳᠠᠢ ᠬᠠᠮᠳᠤᠪᠠᠷ ᠪᠠᠶᠢᠭᠤᠯᠥᠭ᠌ᠰᠠᠨ᠂  ᠳᠦᠷᠢᠮ ᠳᠣᠭᠳᠠᠭᠠᠯ ᠢ ᠰᠠᠭᠢᠨ ᠵᠢᠷᠤᠮᠯᠠᠭᠰᠠᠨ᠂ ᠪᠣᠯᠪᠠᠰᠥᠨ ᠢᠳᠡᠭᠡᠯᠳᠠᠢ ᠨᠡᠶᠢᠭᠡᠮ ᠲᠤᠭᠤᠷᠢᠭ ᠤᠨ ᠡᠳ᠋ᠯᠡᠩ ᠤᠨ ᠬᠠᠮᠢᠶᠠᠷᠥᠯᠳᠠ  ᠶᠢᠨ  ᠬᠡᠪ ᠪᠠᠶᠢᠳᠠᠯ ᠢ ᠪᠤᠢ ᠪᠤᠯᠭᠠᠨ᠎ᠠ  ᠃  ᠡᠭᠦᠨ ᠤ ᠬᠠᠮᠳᠥ᠂ ᠡᠳ᠋ᠯᠡᠩ ᠤᠨ ᠠᠵᠢᠯᠯᠠᠭ᠎ᠠ ᠳᠤᠮᠳᠠ ᠴᠣᠯᠭᠤᠷᠠᠨ ᠭᠠᠷᠤᠭᠰᠠᠨ ᠵᠢᠱᠢᠶ᠎ᠡ ᠲᠠᠭᠤᠷᠢᠶᠠᠯ  ᠪᠣᠯᠬᠤ  ᠬᠡᠷᠡᠭ ᠤᠴᠢᠷ ᠢ ᠢᠳᠡᠪᠬᠢᠳᠡᠢ ᠤᠬᠠᠭᠤᠯᠵᠥ᠂ ᠡᠳ᠋ᠯᠡᠩ ᠤᠨ ᠬᠠᠮᠢᠶᠠᠷᠥᠯᠳᠠ ᠶᠢᠨ  ᠦᠢᠯᠡᠴᠢᠯᠡᠭᠡᠨ ᠤ ᠠᠵᠢᠯ ᠤᠨ ᠭᠢᠷᠢ ᠭᠡᠮ ᠢ ᠲᠠᠰᠥᠷᠠᠯᠳᠠ ᠦᠭᠡᠢ ᠲᠡᠭᠡᠭᠰᠢᠯᠡᠭᠦᠯᠦᠶ᠎ᠡ᠃                    
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号