ᠬᠠᠮᠤᠭ ᠤᠨ ᠠᠷᠢᠭᠤᠨ ᠴᠡᠪᠡᠷ᠂ ᠬᠠᠮᠤᠭ ᠤᠨ ᠭᠤᠶᠤ ᠰᠠᠶᠢᠬᠠᠨ᠂  ᠰᠠᠭᠤᠷᠢᠰᠢᠨ ᠳᠣᠭᠳᠠᠨᠢᠬᠤ ᠳᠤ ᠲᠠᠭᠠᠯᠠᠮᠵᠢᠲᠠᠢ ᠠᠮᠢ ᠠᠬᠤᠶᠢᠴᠢ ᠪᠤᠯᠪᠠᠰᠤᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠥᠲᠦᠭᠡᠨ ᠪᠠᠶᠢᠭᠤᠯᠤᠶ᠎ᠡ᠃
ᠨᠡᠶᠢᠲᠡᠯᠡᠭᠰᠡᠨ ᠴᠠᠭ᠄
2018/5/15
           ᠰᠤᠷᠪᠤᠯᠵᠢᠯᠠᠨ ᠶᠠᠷᠢᠯᠴᠠᠭᠰᠠᠨ ᠭᠤᠤᠯ ᠰᠡᠳᠦᠪ᠄ ᠬᠠᠮᠤᠭ ᠤᠨ ᠠᠷᠢᠭᠤᠨ ᠴᠡᠪᠡᠷ᠂ ᠬᠠᠮᠤᠭ ᠤᠨ ᠭᠤᠶᠤ ᠰᠠᠶᠢᠬᠠᠨ᠂  ᠰᠠᠭᠤᠷᠢᠰᠢᠨ ᠳᠣᠭᠳᠠᠨᠢᠬᠤ ᠳᠤ ᠲᠠᠭᠠᠯᠠᠮᠵᠢᠲᠠᠢ ᠠᠮᠢ  ᠠᠬᠤᠶᠢᠴᠢ ᠪᠤᠯᠪᠠᠰᠤᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠥᠲᠦᠭᠡᠨ  ᠪᠠᠶᠢᠭᠤᠯᠤᠶ᠎ᠡ᠃      ᠰᠤᠷᠪᠤᠯᠵᠢᠯᠠᠨ ᠶᠠᠷᠢᠯᠴᠠᠭᠰᠠᠨ ᠴᠠᠭ᠄ 2017 ᠤᠨ ᠤ 9 ᠰᠠᠷ᠎ᠠ ᠶᠢᠨ 30᠎ ᠤ ᠡᠳᠦᠷ      ᠰᠤᠷᠪᠤᠯᠵᠢᠯᠠᠬᠤ ᠵᠤᠴᠢᠨ᠄  ᠵᠢᠦ  ᠶᠤᠸᠠᠨ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂  ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ ᠭᠤᠤ ᠶᠥᠩ      ᠠᠭᠤᠯᠭ᠎ᠠ ᠶᠢᠨ ᠲᠤᠪᠴᠢᠯᠠᠯ᠄      1997 ᠤᠨ ᠳᠤ᠂ ᠪᠤᠭᠤᠲᠤ ᠬᠤᠲᠠ ᠵᠢᠩᠬᠢᠨᠢ ᠪᠠᠷ ᠤᠯᠤᠰ ᠤᠨ ᠳᠡᠰ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤᠷᠠᠳᠤᠯᠭ᠎ᠠ  ᠭᠠᠷᠭᠠᠭᠠᠳ᠂ 2005 ᠤᠨ ᠳᠤ ᠪᠥᠬᠦ ᠤᠯᠤᠰ ᠤᠨ ᠠᠩᠬᠠᠳᠠᠭᠴᠢ ᠪᠤᠯᠪᠠᠰᠤᠨ ᠬᠤᠲᠠ ᠶᠢᠨ ᠡᠩᠨᠡᠭᠡ ᠳᠤ  ᠣᠷᠤᠵᠤ᠂ ᠪᠥᠬᠦ ᠤᠯᠤᠰ ᠲᠤ ᠭᠤᠷᠪᠠᠭ᠋ᠠᠨ ᠪᠠᠶᠢᠳᠠᠭ  ᠣᠷᠣᠨ ᠤ ᠳᠡᠰ ᠤᠨ ᠬᠤᠲᠠ ᠶᠢᠨ  ᠨᠢᠭᠡ ᠨᠢ ᠪᠤᠯᠤᠭᠰᠠᠨ ᠪᠢᠯᠡ᠃ 2008 ᠤᠨ᠂ 2011 ᠣᠨ᠂ 2014 ᠤᠨ ᠳᠤ ᠪᠤᠭᠤᠲᠤ ᠬᠤᠲᠠ ᠪᠥᠬᠦ ᠤᠯᠤᠰ ᠤᠨ ᠪᠤᠯᠪᠠᠰᠤᠨ ᠬᠤᠲᠠ ᠶᠢᠨ ᠭᠤᠷᠪᠠᠨ ᠤᠳᠠᠭᠠᠨ ᠤ  ᠲᠠᠬᠢᠨ ᠬᠢᠨᠠᠯᠳᠠ ᠶᠢ ᠲᠤᠭᠤᠯᠵᠥ᠂ ᠦᠷᠭᠦᠯᠵᠢᠯᠡᠨ ᠲᠦᠷᠪᠠᠨ ᠬᠤᠭᠤᠴᠠᠭ᠎ᠠ ᠪᠤᠯᠪᠠᠰᠤᠨ ᠬᠤᠲᠠ ᠶᠢᠨ ᠴᠤᠯᠠ ᠪᠠᠨ  ᠬᠠᠮᠠᠭᠠᠯᠠᠪᠠ᠃ 2017 ᠤᠨ ᠪᠤᠯ ᠪᠤᠯᠪᠠᠰᠤᠨ ᠬᠤᠲᠠ ᠎ ᠶᠢ ᠡᠭᠦᠳᠥᠨ ᠪᠠᠶᠢᠭᠤᠯᠬᠤ ᠵᠠᠩᠭᠢᠯᠠᠭ᠎ᠠ ᠶᠢᠨ ᠵᠢᠯ  ᠪᠣᠯᠬᠤ ᠶᠤᠮ᠂ ᠡᠯ᠎ᠡ ᠬᠤᠰᠢᠭᠤ ᠰᠢᠶᠠᠨ ᠲᠤᠭᠤᠷᠢᠭ ᠨᠢ  ᠬᠦᠴᠦ ᠵᠣᠷᠢᠭ ᠢᠶᠠᠨ ᠬᠥᠪᠴᠢᠯᠡᠨ ︽ᠦᠷᠭᠦᠯᠵᠢᠯᠡᠭᠰᠡᠨ ᠲᠠᠪᠤᠳᠡᠬᠢ  ᠴᠤᠯᠠ ᠬᠠᠮᠠᠭᠠᠯᠠᠬᠤ︾᠎  ᠬᠠᠷᠠᠯᠲᠠ ᠪᠠᠨ ᠪᠡᠶᠡᠯᠡᠭᠦᠯᠬᠦ ᠪᠠᠷ ᠴᠢᠷᠮᠠᠶᠢᠨ  ᠲᠡᠮᠡᠴᠡᠭᠰᠡᠨ ᠪᠢᠯᠡ᠃  ᠴᠢᠷᠮᠠᠶᠢᠨ  ᠭᠦᠭᠵᠢᠭᠰᠡᠨ᠂  ᠴᠤᠭ ᠪᠠᠳᠠᠷᠠᠭ᠎ᠠ ᠪᠢᠯᠬᠠᠭᠰᠠᠨ ᠬᠤᠲᠠ ᠶᠢᠨ ᠨᠢᠭᠡᠨ ᠲᠤᠭᠤᠷᠢᠭ ᠪᠤᠯᠤᠭᠰᠠᠨ ᠤ ᠬᠤᠪᠢ ᠳᠤ᠂ ᠵᠢᠦ ᠶᠤᠸᠠᠨ ᠲᠤᠭᠤᠷᠢᠭ  ᠱᠠᠯᠠᠮᠠᠭᠠᠢ ᠠᠵᠢᠯᠯᠠᠨ᠂  ᠬᠤᠪᠢᠶᠠᠷᠢᠯᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂  ᠠᠵᠢᠯ ᠢᠶᠠᠨ  ᠪᠣᠳᠠᠳᠠᠶᠢᠵᠢᠭᠤᠯᠤᠨ ᠨᠠᠷᠢᠯᠢᠭᠵᠢᠭᠤᠯᠵᠥ᠂ ᠨᠢᠮᠪᠠᠢ ᠨᠠᠶᠢᠳᠠᠪᠤᠷᠢᠵᠢᠭᠤᠯᠤᠨ᠂ ᠠᠷᠠᠳ ᠤᠯᠠᠨ ᠠᠰᠢᠭ ᠬᠦᠷᠲᠡᠵᠦ᠂ ᠪᠤᠯᠪᠠᠰᠤᠨ ᠴᠢᠨᠠᠷ ᠴᠢᠨᠰᠠᠭ᠎ᠠ ᠦᠨᠡᠨᠬᠦ ᠳᠡᠭᠡᠭᠰᠢᠯᠡᠯᠲᠡ ᠲᠠᠢ ᠪᠠᠶᠢᠬᠤ ᠶᠢ ᠪᠡᠶᠡᠯᠡᠭᠦᠯᠦᠨ᠎ᠡ᠃     ᠬᠥᠲᠥᠯᠥᠭᠴᠢ᠄ ᠵᠢᠦ ᠶᠤᠸᠠᠨ ᠲᠤᠭᠤᠷᠢᠭ ᠪᠤᠭᠤᠲᠤ ᠬᠤᠲᠠ ᠶᠢᠨ ᠭᠤᠤᠯ ᠬᠤᠲᠠ ᠲᠤᠭᠤᠷᠢᠭ ᠤᠨ ᠨᠢᠭᠡ ᠨᠢ ᠪᠤᠯᠤᠭᠰᠠᠨ ᠤ ᠬᠤᠪᠢ ᠳᠤ᠂ ᠪᠥᠬᠦ ᠬᠤᠲᠠ ᠶᠢᠨ ︽ᠪᠤᠯᠪᠠᠰᠤᠨ ᠬᠤᠲᠠ ᠶᠢᠨ ᠪᠠᠶᠢᠭᠤᠯᠤᠯᠲᠠ︾ ᠎ ᠶᠢᠨ ᠠᠵᠢᠯ ᠤᠨ ᠭᠤᠤᠯ ᠲᠠᠯᠠᠪᠤᠷ᠂  ᠭᠤᠣᠯ ᠵᠢᠭᠰᠠᠭᠠᠯ ᠤᠨ ᠭᠠᠵᠠᠷ   ᠪᠣᠯᠬᠤ ᠶᠤᠮᠰᠠᠨ᠂ ᠢᠩᠭᠢᠭᠡᠳ ᠡᠭᠦᠷᠭᠡ ᠬᠠᠷᠢᠭᠤᠴᠠᠯᠭ᠎ᠠ ᠪᠠᠨ ᠭᠥᠢᠴᠡᠳᠬᠡᠬᠦ ᠲᠠᠯ᠎ᠠ ᠪᠠᠷ  ᠭᠤᠤᠯᠳᠠᠭᠤ ᠶᠠᠮᠠᠷ ᠠᠵᠢᠯ ᠬᠢᠭᠰᠡᠨ ᠪᠤᠢ︖      ᠵᠣᠴᠢᠮᠠᠳ᠄ ᠭᠤᠤ ᠶᠥᠩ      ᠵᠢᠦ ᠶᠤᠸᠠᠨ ᠤ ᠪᠤᠯᠪᠠᠰᠤᠨ ᠬᠤᠲᠠ ᠶᠢ ᠡᠭᠦᠳᠬᠦ ᠠᠵᠢᠯᠯᠠᠭᠠᠨ ᠤ ᠠᠶᠢᠵᠢᠮ ᠡᠳᠦᠷ ᠢᠷᠡᠬᠦᠶ᠎ᠡ ᠲᠥᠷᠭᠡᠨ ᠪᠤᠯᠵᠤ ᠤᠳᠤᠬᠠᠨ ᠳᠤ ᠨᠢᠭᠡᠨᠲᠡ ᠬᠠᠮᠤᠭ ᠰᠡᠡᠭᠦᠯᠴᠢ ᠶᠢᠨ ᠰᠢᠪᠲᠤᠯᠤᠯᠲᠠ ᠶᠢᠨ ᠱᠠᠲᠤᠨ ᠤ ᠵᠠᠩᠬᠢᠯᠠᠭ᠎ᠠ ᠶᠢᠨ ᠴᠠᠭ ᠪᠤᠯᠤᠭᠰᠠᠨ ᠠᠴᠠ ᠠᠵᠢᠯ ᠤᠨ ᠡᠷᠴᠢᠮ ᠢᠶᠠᠨ ᠥᠴᠦᠬᠡᠨ ᠴᠦ ᠰᠤᠯᠠᠷᠠᠭᠤᠯᠵᠤ ᠪᠤᠯᠬᠤ ᠦᠭᠡᠢ᠃ ᠬᠢᠨᠠᠨ ᠰᠢᠯᠭᠠᠬᠤ ᠠᠵᠢᠯ ᠤᠨ ᠳᠤᠭᠤᠶᠢᠯᠠᠩ ᠨᠢ ᠪᠠᠶᠢᠴᠠᠭᠠᠯᠲᠠ ᠪᠠᠷ ᠲᠠᠮᠵᠢᠨ ᠤᠷᠤᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠦᠨ ᠲᠤᠳᠤᠷᠠᠬᠠᠶᠢᠯᠠᠵᠤ᠂ ᠮᠦᠨᠴᠦ ︽ᠳᠤᠲᠠᠮᠠᠭ ᠲᠠᠯ᠎ᠠ︾᠎ ᠳᠤ ᠴᠢᠭᠯᠡᠭᠦᠯᠦᠨ ᠨᠠᠷᠢᠯᠢᠭ ᠠᠵᠢᠯ ᠤᠨ ᠪᠠᠶᠢᠷᠢᠰᠢᠭᠤᠯᠤᠯᠲᠠ ᠬᠢᠭᠰᠡᠨ ᠪᠠᠶᠢᠨ᠎ᠠ᠃ ᠮᠠᠨ ᠤ ᠠᠵᠢᠯᠲᠠᠨ ᠪᠠ ᠰᠠᠶᠢᠨ ᠳᠤᠷᠠᠴᠤᠤᠯ ᠬᠦᠴᠦ ᠬᠠᠮᠵᠢᠯᠴᠠᠨ᠂ ︽ ᠦᠷᠭᠦᠯᠵᠢᠯᠡᠭᠰᠡᠨ ᠲᠠᠪᠤᠳᠡᠬᠢ ᠲᠡᠷᠢᠭᠦᠨ ᠨᠡᠷᠡᠶᠢᠳᠦᠯ︾᠎ ᠢ ᠵᠤᠷᠢᠵᠤ ᠴᠢᠷᠮᠠᠶᠢᠨ  ᠠᠵᠢᠯᠯᠠᠵᠤ ᠪᠠᠶᠢᠨ᠎ᠠ᠃ ᠭᠡᠪᠡᠴᠦ ᠰᠤᠬᠤᠷ ᠪᠠᠯᠠᠢ ᠳᠤᠷ᠎ᠠ ᠎ ᠪᠠᠷ ᠢᠶᠠᠨ ᠠᠵᠢᠯ ᠬᠢᠵᠦ ᠪᠤᠯᠬᠤ ᠦᠭᠡᠢ᠂ ᠡᠷᠬᠡᠪᠰᠢ ᠲᠤᠳᠤᠷᠬᠠᠢ ᠬᠠᠷᠠᠯᠲᠠ ᠡᠭᠦᠷᠭᠡ ᠲᠠᠢ ᠪᠠᠶᠢᠬᠤ ᠬᠡᠷᠡᠭᠲᠡᠢ᠃      ᠨᠢᠭᠡ ᠳᠤ᠄ ᠤᠳᠤᠬᠢ ᠪᠠᠶᠢᠳᠠᠯ ᠢ ᠤᠨᠤᠪᠴᠢᠲᠠᠢ ᠦᠵᠡᠬᠦ      ᠲᠦᠷᠦᠭᠦᠦ ᠬᠡᠳᠦᠨ ᠬᠤᠭᠤᠴᠠᠭᠠᠨ ᠤ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠲᠠᠢ ᠬᠠᠷᠢᠴᠠᠭᠤᠯᠵᠤ ᠦᠵᠡᠪᠡᠯ᠂ ᠡᠨᠡ ᠵᠢᠯ ᠤᠨ ᠠᠵᠢᠯ ᠨᠢ ᠪᠡᠯᠡ ᠤᠷᠤᠭᠤᠯᠤᠯᠲᠠ ᠪᠠᠷ ᠬᠠᠮᠤᠭ ᠠᠷᠪᠢᠨ᠂ ᠤᠷᠴᠢᠨ ᠲᠤᠭᠤᠷᠢᠨ ᠤ ᠰᠠᠶᠢᠵᠢᠷᠠᠭᠤᠯᠤᠯᠲᠠ ᠪᠠᠷ ᠬᠠᠮᠤᠭ ᠶᠡᠭᠡ᠂ ᠲᠤᠬᠢᠷᠠᠭᠤᠯᠤᠯᠲᠠ ᠪᠠᠶᠢᠷᠢᠰᠢᠯᠠᠭᠤᠯᠤᠯᠲᠠ ᠪᠠᠷ ᠬᠠᠮᠤᠭ  ᠨᠠᠷᠢᠯᠢᠭ᠂ ᠤᠷᠤᠯᠴᠠᠭᠰᠠᠨ ᠬᠥᠮᠥᠨ ᠤ ᠲᠤᠭ᠎ᠠ ᠪᠠᠷ ᠬᠠᠮᠤᠭ ᠠᠷᠪᠢᠨ ᠨᠢᠭᠡ ᠵᠢᠯ ᠪᠤᠯᠤᠨ᠎ᠠ᠃ ᠤᠨᠴᠠᠭᠠᠶᠢᠯᠠᠨ ᠬᠠᠭᠤᠴᠢᠨ  ᠰᠠᠭᠤᠭᠠᠯᠢ ᠬᠤᠷᠤᠭᠠᠯᠠᠯ ᠢ  ᠰᠢᠨᠡᠳᠭᠡᠨ ᠵᠠᠰᠠᠬᠤ᠂ ᠤᠷᠴᠢᠨ ᠲᠤᠭᠤᠷᠢᠨ ᠢ ᠶᠡᠷᠥᠩᠬᠡᠶᠢᠯᠡᠨ ᠵᠠᠰᠠᠬᠤ᠂ ᠫᠠᠶᠢᠰᠠ ᠢᠯᠡᠷᠬᠡᠶᠢᠯᠡᠯ ᠢ ᠳᠦᠷᠢᠮᠵᠢᠭᠦᠯᠬᠦ᠂ ᠳᠦᠷᠢᠮ ᠳᠤᠭᠲᠠᠭᠠᠯ ᠢ ᠵᠦᠷᠢᠴᠠᠨ ᠳᠤᠷᠠᠪᠡᠷ ᠢᠶᠠᠨ ᠪᠠᠷᠢᠵᠤ ᠪᠠᠶᠢᠭᠤᠯᠤᠭᠰᠠᠨ ᠪᠠᠷᠢᠯᠭ᠎ᠠ ᠎ ᠶᠢ  ᠨᠤᠷᠠᠭᠠᠬᠤ ᠵᠡᠷᠭᠡ ᠲᠠᠯ᠎ᠠ ᠶᠢᠨ ᠠᠯᠢ ᠤᠯᠠᠨ ᠪᠦᠲᠦᠮᠵᠢ ᠲᠠᠢ ᠠᠵᠢᠯ ᠬᠢᠭᠰᠡᠨ ᠠᠴᠠ ᠠᠷᠠᠳ ᠤᠯᠠᠨ ᠤ ᠰᠠᠶᠢᠨ ᠦᠨᠡᠯᠡᠯᠲᠡ ᠶᠢ ᠤᠯᠵᠤ  ᠂ ᠮᠡᠳᠡᠭᠳᠡᠮ᠎ᠡ ᠠᠮᠵᠢᠯᠲᠠ ᠤᠯᠤᠭᠰᠠᠨ ᠪᠠᠶᠢᠨ᠎ᠠ᠃ ᠭᠡᠪᠡᠴᠦ ᠮᠠᠨ ᠤ ᠲᠤᠭᠤᠷᠢᠭ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ ᠪᠠᠰᠠ ᠠᠯᠢ ᠤᠯᠠᠨ ᠡᠮᠵᠡᠭ ᠲᠠᠯ᠎ᠠ ᠪᠠ ᠳᠤᠪᠤᠶᠢᠮ᠎ᠠ ᠠᠰᠠᠭᠤᠳᠠᠯ ᠤᠷᠤᠰᠢᠵᠤ ᠪᠠᠶᠢᠬᠤ ᠪᠥᠭᠡᠳ ᠪᠤᠯᠪᠠᠰᠤᠨ ᠬᠤᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠪᠠ ᠬᠤᠲᠠ ᠶᠢᠨ ᠱᠠᠭᠠᠷᠳᠠᠯᠭ᠎ᠠ ᠲᠠᠢ ᠬᠠᠷᠢᠴᠠᠭᠤᠯᠪᠠᠯ  ᠵᠦᠷᠢᠶ᠎ᠡ ᠶᠡᠭᠡ  ᠪᠠᠶᠢᠬᠤ ᠶᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠢ᠃      ᠬᠤᠶᠠᠷ ᠲᠤ᠄ ᠠᠭᠤᠯᠭ᠎ᠠ ᠎ ᠪᠠᠨ ᠮᠡᠳᠡᠵᠦ ᠤᠶᠢᠯᠠᠭᠠᠬᠤ      ᠡᠨᠡ ᠵᠢᠯ ᠤᠨ ︽ᠪᠤᠯᠪᠠᠰᠤᠨ ᠬᠤᠲᠠ ᠶᠢᠨ ᠪᠠᠶᠢᠭᠤᠯᠤᠯᠲᠠ︾᠎ ᠶᠢ ᠬᠢᠨᠠᠨ ᠰᠢᠯᠭᠠᠬᠤ ᠰᠢᠰᠲ᠋ᠧᠮ ᠨᠢ 12 ᠬᠢᠨᠠᠨ ᠰᠢᠯᠭᠠᠬᠤ ᠲᠥᠷᠦᠯ ᠵᠥᠢᠯ᠂ 90 ᠵᠥᠢᠯ ᠤᠨ ᠬᠢᠨᠠᠨ ᠰᠢᠯᠭᠠᠬᠤ ᠠᠭᠤᠯᠭ᠎ᠠ᠂ 188 ᠵᠤᠷᠪᠤᠰ ᠬᠢᠨᠠᠨ ᠰᠢᠯᠭᠠᠬᠤ ᠪᠠᠷᠢᠮᠵᠢᠶ᠎ᠠ  ᠲᠣᠭᠳᠠᠭᠠᠪᠠ᠃ ᠡᠨᠡ ᠤᠳᠠᠭᠠᠨ ᠤ ᠬᠢᠨᠠᠨ ᠰᠢᠯᠭᠠᠬᠤ ᠪᠥᠬᠦᠯᠢ ᠬᠤᠪᠢ ᠨᠢ100 ᠬᠤᠪᠢ᠂ ᠬᠢᠨᠠᠨ ᠰᠢᠯᠭᠠᠬᠤ ᠲᠤᠭ᠎ᠠ ᠪᠠᠷᠢᠮᠲᠠ ᠶᠢ ᠭᠤᠤᠯᠳᠠᠭᠤ ᠰᠦᠯᠵᠢᠶᠡᠨ ᠳᠡᠭᠡᠷ᠎ᠡ ᠮᠡᠳᠡᠭᠦᠯᠬᠦ᠂ ᠪᠤᠳᠠᠲᠠᠢ ᠭᠠᠵᠠᠷ ᠲᠤᠨᠢ  ᠬᠠᠶᠢᠨ ᠪᠠᠶᠢᠴᠠᠭᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠭᠤᠷᠪᠠᠨ ᠵᠥᠢᠯ ᠤᠨ ᠬᠡᠯᠪᠡᠷᠢ ᠶᠢ ᠠᠪᠤᠨ᠎ᠠ᠃ ᠮᠠᠨ ᠤ ᠪᠤᠭᠤᠲᠤ ᠬᠤᠲᠠ  ᠰᠢᠭ᠋ ᠪᠤᠯᠪᠠᠰᠤᠨ ᠬᠤᠲᠠ ᠪᠠᠷ ᠨᠡᠷᠡᠯᠡᠭᠳᠡᠵᠦ ᠥᠩᠭᠡᠷᠡᠭᠰᠡᠨ ᠭᠠᠵᠠᠷ ᠨᠢ ᠳᠠᠬᠢᠨ  ᠰᠢᠯᠭᠠᠷᠠᠭᠤᠯᠤᠯᠳᠠ ᠳᠤ ᠤᠷᠤᠯᠴᠠᠬᠤ ᠳᠤ ᠡᠷᠬᠡᠪᠰᠢ 80 ᠬᠤᠪᠢ ᠠᠴᠠ ᠳᠡᠭᠡᠭᠰᠢ ᠤᠯᠤᠭᠰᠠᠨ ᠪᠠᠶᠢᠬᠤ ᠬᠡᠷᠡᠭᠲᠡᠢ ᠶᠤᠮ᠃      ᠭᠤᠷᠪᠠ ᠳᠤ᠄  ᠬᠦᠴᠦ ᠪᠠᠨ ᠲᠥᠪᠯᠡᠷᠡᠭᠦᠯᠬᠦ      ᠤᠯᠤᠰ ᠤᠨ  ᠳᠠᠯᠳᠠ ᠰᠤᠷᠪᠤᠯᠵᠢᠯᠠᠭ᠎ᠠ ᠶᠢᠨ ᠳᠤᠭᠤᠶᠢᠯᠠᠩ ᠨᠢ ᠭᠤᠤᠯᠳᠠᠭᠤ ᠪᠤᠳᠠᠲᠤ ᠭᠠᠵᠠᠷ ᠲᠤᠨᠢ ᠬᠢᠨᠠᠨ ᠰᠢᠯᠭᠠᠬᠤ ᠪᠠ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠬᠡᠯᠪᠡᠷᠢ ᠪᠠᠷ ᠭᠤᠤᠯ ᠪᠤᠯᠭᠠᠨ᠎ᠠ᠃ ᠤᠳᠤᠬᠠᠨ ᠤ ᠤᠶᠢᠯᠭᠠᠭᠰᠠᠨ ᠪᠠᠶᠢᠳᠠᠯ ᠠᠴᠠ ᠦᠵᠡᠪᠡᠯ᠂ ᠲᠤᠰ ᠰᠠᠷ᠎ᠠ ᠶᠢᠨ 9᠎ ᠤ ᠡᠳᠦᠷ ᠠᠴᠠ 11᠎ ᠤ ᠡᠳᠦᠷ ᠪᠤᠯᠲᠠᠯ᠎ᠠ ᠰᠦᠯᠵᠢᠶᠡᠨ ᠳᠡᠭᠡᠷ᠎ᠡ  ᠭᠤᠶᠤᠴᠢᠯᠠᠨ ᠮᠠᠳᠡᠭᠦᠯᠦᠨ᠎ᠡ᠃ ᠡᠭᠦᠨ ᠤ ᠵᠡᠷᠭᠡ ᠪᠠᠷ ᠲᠤᠰ ᠲᠥᠷᠦᠯ ᠤᠨ ᠠᠵᠢᠯ  ᠢ 10 ᠰᠠᠷᠠᠶᠢᠨ ᠳᠤᠮᠳᠠᠴᠢ ᠠᠴᠠ ᠡᠮᠦᠨ᠎ᠡ ᠦᠨᠳᠦᠰᠦᠨ ᠳᠡᠭᠡᠨ  ᠪᠡᠶᠡᠯᠡᠭᠦᠯᠦᠭᠰᠡᠨ ᠪᠠᠶᠢᠬᠤ ᠭᠡᠷᠡᠭᠳᠡᠢ᠃ ᠡᠯ᠎ᠡ ᠱᠠᠲᠤᠨ ᠤ ᠺᠠᠳ᠋ᠷᠴᠤᠳ ᠡᠷᠬᠡᠪᠰᠢ  ᠵᠠᠪᠰᠢᠬᠤ ᠪᠤᠳᠤᠯ ᠢ ᠡᠷᠡᠰ ᠳᠡᠪᠴᠢᠵᠦ᠂ ᠪᠡᠶᠡᠴᠢ ᠮᠠᠭᠠᠳᠯᠠᠯ  ᠂ ᠪᠤᠭᠤᠮᠲᠠ ᠶᠢ  ᠵᠠᠪᠰᠢᠨ  ᠦᠩᠭᠡᠷᠡᠭᠦᠯᠭᠦ ᠶᠢ ᠰᠠᠨᠠᠭᠠᠷᠬᠠᠵᠤ ᠪᠤᠯᠬᠤ ᠦᠭᠡᠢ᠃ ᠡᠶᠢᠮᠦᠷᠬᠦ ᠦᠵᠡᠯ ᠰᠠᠨᠠᠭ᠎ᠠ ᠨᠢ ᠲᠤᠶᠢᠯ ᠤᠨ ᠬᠤᠤᠷᠲᠠᠢ ᠶᠤᠮ᠃      ᠳᠦᠷᠪᠡ ᠳᠤ᠄ ᠳᠤᠲᠠᠭᠳᠠᠭᠰᠠᠨ ᠵᠥᠢᠯᠡᠰ ᠢ ᠪᠠᠶᠢᠴᠠᠭᠠᠨ ᠨᠥᠬᠦᠪᠦᠷᠢᠯᠡᠬᠦ      ᠬᠤᠲᠠ ᠶᠢᠨ ᠬᠠᠮᠢᠶᠠᠷᠤᠯᠲᠠ ᠶᠢᠨ ᠠᠵᠢᠯ  ᠳᠤ ᠮᠦᠨᠴᠦ ᠳᠤᠲᠠᠭᠳᠠᠯ ᠲᠠᠢ ᠵᠥᠢᠯᠡᠰ ᠤᠷᠦᠰᠢᠵᠤ ᠪᠠᠶᠢᠨ᠎ᠠ᠃ ᠵᠢᠱᠢᠶᠡᠯᠡᠪᠡᠯ᠂ ᠵᠠᠮ ᠡᠵᠡᠯᠡᠨ ᠡᠵᠡᠩᠨᠡᠯᠲᠡ ᠬᠢᠬᠦ᠂ ᠳᠡᠯᠭᠡᠭᠦᠷ ᠤᠨ ᠭᠠᠳᠠᠨ᠎ᠠ ᠡᠵᠡᠩᠨᠡᠯᠲᠡ ᠬᠢᠬᠦ᠂ ᠭᠤᠤᠯ  ᠰᠤᠯᠠ ᠵᠠᠮ ᠳᠡᠭᠡᠷ᠎ᠡ   ᠳᠡᠭᠡᠷ᠎ᠡ ᠶᠠᠪᠤᠭᠤᠯ ᠠᠷᠯᠵᠢᠶᠠᠴᠢᠨ ᠪᠠᠶᠢᠬᠤ ᠵᠡᠷᠭᠡ ᠠᠰᠠᠭᠤᠳᠠᠯ ᠣᠷᠤᠰᠢᠵᠥ  ᠪᠠᠶᠢᠨ᠎ᠠ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠡᠷᠬᠢᠮᠯᠡᠬᠦ ᠵᠡᠷᠭᠡ ᠲᠠᠯ᠎ᠠ ᠪᠠᠷ  ᠴᠤ ᠭᠥᠢᠴᠡᠳ ᠦᠭᠡᠢ᠃ ᠵᠠᠷᠢᠮ ᠤᠯᠠᠨ ᠨᠡᠶᠢᠲᠡ ᠶᠢᠨ ᠲᠠᠯᠠᠪᠤᠷ ᠤᠨ ᠤᠷᠴᠢᠨ ᠲᠣᠭᠤᠷᠢᠨ ᠠᠷᠢᠭᠤᠨ ᠴᠡᠪᠡᠷ  ᠪᠣᠰᠤ᠂ ᠬᠤᠭ ᠨᠤᠪᠰᠢ ᠶᠢ ᠴᠠᠭ ᠲᠤᠨᠢ ᠴᠡᠪᠡᠷᠯᠡᠬᠦ ᠦᠭᠡᠢ᠂ ᠲᠡᠷᠭᠡ ᠪᠠᠨ ᠡᠷᠦᠢ ᠬᠤᠷᠦᠢ ᠦᠭᠡᠢ  ᠵᠣᠭᠰᠤᠭᠠᠬᠤ ᠦᠵᠡᠭᠳᠡᠯ ᠪᠤᠢ  ᠃ ᠵᠢᠱᠢᠶᠡᠯᠡᠪᠡᠯ᠂ ᠱᠠ ᠾᠧ ᠨᠢᠭᠡᠳᠦᠭᠡᠷ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠵᠡᠭᠦᠨ ᠬᠡᠷᠡᠮ ᠤᠨ ᠭᠠᠳᠠᠨ᠎ᠠ᠂  ᠰᠠᠭᠤᠭᠠᠯᠢ ᠬᠤᠷᠤᠭᠠᠯᠠᠯ ᠤᠨ ᠬᠠᠮᠢᠶᠠᠷᠤᠯᠲᠠ ᠰᠤᠯᠠ᠂ ᠵᠠᠷᠢᠮ ᠨᠡᠶᠢᠭᠡᠮ ᠲᠣᠭᠤᠷᠢᠭ ᠤᠨ ᠠᠰᠠᠷ ᠤᠨ ᠭᠤᠳᠤᠮ ᠳᠤ ᠠᠷᠰᠠᠷ ᠶᠠᠭᠤᠮᠠᠰ ᠢ ᠳᠤᠷᠠᠪᠡᠷ ᠢᠶᠠᠨ  ᠣᠪᠤᠭᠠᠯᠠᠭᠰᠠᠨ ᠪᠠᠶᠢᠬᠤ᠂  ᠵᠠᠷ ᠴᠢᠮᠡᠭᠡᠯᠡᠯ ᠢ ᠳᠤᠷ᠎ᠠ  ᠪᠠᠷ ᠢᠶᠠᠨ ᠪᠢᠴᠢᠵᠦ ᠨᠠᠭᠠᠬᠤ᠂ ᠡᠪᠳᠡᠷᠬᠡᠢ ᠪᠠᠯᠪᠠᠷᠬᠠᠢ ᠲᠡᠷᠭᠡ ᠤᠨᠤᠭ᠎ᠠ ᠶᠢ  ᠳᠠᠷᠤᠢ ᠳᠤᠨᠢ  ᠬᠠᠶᠠᠵᠥ ᠲᠢᠭᠯᠢᠭᠰᠡᠨ ᠦᠭᠡᠢ᠂ ᠠᠷᠠᠯᠵᠢᠶᠠᠨ ᠤ ᠵᠠᠬ᠎ᠠ ᠳᠡᠯᠭᠡᠭᠦᠷ ᠡᠮᠬᠢ ᠲᠢᠭᠯᠢᠮ ᠦᠭᠡᠢ  ᠃ ︽ᠵᠠᠮ ᠤᠨ ᠵᠠᠬ᠎ᠠ ᠳᠡᠯᠭᠡᠭᠦᠷ︾᠎  ᠬᠢᠭᠡᠳ ︽ᠲᠠᠪᠤᠨ ᠵᠢᠵᠢᠭ︾ ᠠᠵᠢᠯ ᠲᠦᠷᠦᠯ ᠨᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ  ᠮᠡᠳᠥ ᠶᠢᠨ ᠠᠰᠠᠭᠤᠳᠠᠯ ᠮᠦᠨᠴᠦ ᠳᠤᠪᠤᠶᠢᠮ᠎ᠠ ᠪᠠᠶᠢᠨ᠎ᠠ᠃ ᠤᠨᠴᠠᠭᠠᠶᠢᠯᠠᠨ᠂  ᠪᠤᠶᠢᠳᠠ ᠪᠦᠭᠯᠡᠭᠦᠦ ᠵᠡᠭᠡᠯᠢ ᠭᠤᠳᠤᠮᠵᠢ ᠶᠢᠨ ᠬᠠᠮᠢᠶᠠᠷᠤᠯᠲᠠ ᠰᠤᠯᠠ  ᠪᠠᠶᠢᠬᠤ ᠠᠰᠠᠭᠤᠳᠠᠯ ᠳᠠᠬᠢᠨ  ᠢᠯᠡᠷᠡᠵᠥ᠂ ᠵᠠᠮ ᠬᠠᠷᠢᠯᠴᠠᠭᠠᠨ ᠤ ᠪᠣᠯᠪᠠᠰᠤᠨ ᠤ ᠬᠡᠮᠵᠢᠶ᠎ᠡ  ᠴᠤ ᠪᠠᠰᠠ ᠬᠦᠷᠦᠯᠴᠡᠬᠦ ᠦᠭᠡᠢ ᠪᠠᠶᠢᠨ᠎ᠠ᠃ ᠴᠢᠩᠱᠠᠨ᠂ ᠬᠥᠨᠳᠡᠯᠡᠨ ᠬᠤᠶᠠᠷ ᠲᠣᠭᠤᠷᠢᠭ ᠨᠢ ᠨᠢᠳᠤᠨᠤᠨ ᠨᠢᠭᠡ ᠵᠢᠯ ᠭᠠᠷᠤᠢ ᠶᠢᠨ ᠳᠦᠷᠢ ᠰᠢᠩᠭᠡᠭᠡᠯᠲᠡ ᠬᠢᠵᠦ ᠰᠡᠭᠦᠳᠡᠷᠯᠡᠬᠦ ᠠᠷᠭ᠎ᠠ ᠬᠡᠮᠵᠢᠶ᠎ᠡ ᠶᠢ ᠠᠪᠤᠭᠰᠠᠨ ᠠᠴᠠ ᠮᠠᠰᠢᠨ ᠲᠡᠷᠭᠡᠨ ᠤ ᠬᠠᠤᠯᠢ ᠵᠦᠷᠢᠴᠡᠬᠦ  ᠠᠵᠢᠯᠯᠠᠭ᠎ᠠ  ᠶᠠᠬᠡᠪᠡᠷ  ᠪᠠᠭᠠᠰᠥᠭ᠌ᠰᠠᠨ ᠴᠤ ᠮᠠᠰᠢᠨ ᠲᠡᠷᠭᠡᠨ ᠠᠴᠠ ᠪᠤᠰᠤᠳ ᠲᠡᠷᠭᠡ ᠤᠨᠤᠭ᠎ᠠ᠂ ᠶᠠᠪᠠᠭᠠᠨ ᠬᠥᠮᠥᠨ ᠎ ᠨᠢ ᠳᠤᠷᠠᠪᠡᠷ ᠢᠶᠠᠨ ᠵᠠᠮ ᠥᠩᠭᠡᠷᠡᠬᠦ ᠵᠡᠷᠭᠡ ᠪᠣᠯᠪᠠᠰᠤᠨ ᠪᠤᠰᠤ ᠪᠠᠶᠢᠳᠠᠯ  ᠨᠡᠶᠢᠳᠡᠮ ᠣᠷᠣᠰᠢᠵᠥ ᠪᠠᠶᠢᠭ᠎ᠠ ᠶᠤᠮ᠂ ᠵᠠᠰᠠᠮᠠᠯ ᠵᠠᠮ ᠤᠨ ᠬᠤᠶᠠᠷ ᠲᠠᠯ᠎ᠠ  ᠳᠤ ᠮᠠᠰᠢᠨᠲᠦ ᠲᠡᠷᠭᠡ᠂ ᠳᠤᠭᠤᠢ ᠲᠡᠷᠭᠡ ᠪᠠᠨ ᠡᠮᠬᠢ ᠵᠠᠮᠪᠠᠷᠠᠭ᠎ᠠ ᠦᠭᠡᠢ  ᠵᠤᠭᠰᠤᠭᠠᠬᠤ ᠵᠡᠷᠭᠡ ᠦᠵᠡᠭᠳᠡᠯ  ᠴᠤ  ᠦᠷᠭᠦᠯᠵᠢ ᠭᠠᠷᠳᠠᠭ ᠪᠠᠶᠢᠨ᠎ᠠ᠃      ᠡᠳᠡᠭᠡᠷ ᠠᠰᠠᠭᠤᠳᠠᠯ ᠤᠨ ᠵᠠᠩᠭᠢᠯᠠᠭ᠎ᠠ ᠨᠢ ᠬᠠᠰᠢᠯᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠤᠳᠤᠷᠢᠳᠤᠯᠭ᠎ᠠ ᠬᠦᠨᠳᠦᠳᠬᠡᠵᠦ ᠦᠵᠡᠬᠦ ᠦᠭᠡᠢ ᠡᠪᠯᠡᠭᠦᠯᠦᠨ ᠠᠷᠭᠠᠴᠠᠵᠤ ᠬᠠᠷᠢᠭᠤᠴᠠᠯᠭ᠎ᠠ ᠪᠠᠨ ᠠᠯᠳᠠᠭᠰᠠᠨ ᠠᠴᠠ ᠪᠣᠢ ᠪᠤᠯᠤᠭᠰᠠᠨ ᠶᠤᠮ᠃ ᠮᠠᠨ ᠤ ᠲᠣᠭᠤᠷᠢᠭ ᠨᠢ ᠪᠤᠭᠤᠲᠤ ᠬᠤᠲᠠ ᠶᠢᠨ ᠭᠤᠤᠯ ᠬᠤᠲᠠ ᠲᠣᠭᠤᠷᠢᠭ ᠤᠨ ᠨᠢᠭᠡᠨ ᠪᠤᠯᠤᠭᠰᠠᠨ ᠤ ᠬᠤᠪᠢ ᠳᠤ᠂ ᠪᠥᠬᠦ ᠬᠦᠴᠦᠨ ᠢᠶᠠᠨ ᠲᠥᠪᠯᠡᠷᠡᠭᠦᠯᠦᠨ ︽ᠪᠣᠯᠪᠠᠰᠤᠨ ᠬᠤᠲᠠ ᠶᠢᠨ ᠪᠠᠶᠢᠭᠤᠯᠤᠯᠲᠠ︾ ᠎ ᠶᠢᠨ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠡᠷᠬᠡᠪᠡᠰᠢ ᠲᠡᠮᠡᠴᠡᠨ ᠤᠯᠬᠤ ᠬᠡᠷᠡᠭᠲᠡᠢ᠃      ᠬᠥᠲᠥᠯᠥᠭᠴᠢ᠄ ᠵᠢᠦ ᠶᠤᠸᠠᠨ ᠲᠤᠭᠤᠷᠢᠭ ᠪᠣᠯᠪᠠᠰᠤᠨ ᠬᠤᠲᠠ ᠶᠢᠨ ᠪᠠᠶᠢᠭᠤᠯᠤᠯᠲᠠ ᠶᠢᠨ ᠠᠵᠢᠯ  ᠳᠤ ᠳᠠᠷᠠᠭᠠᠴᠢ ᠪᠠᠷ  ᠶᠠᠮᠠᠷ ᠲᠦᠯᠦᠪᠯᠡᠭᠡ ᠲᠠᠢ ᠪᠠᠶᠢᠨ᠎ᠠ︖      ᠵᠣᠴᠢᠮᠠᠳ᠄ ᠭᠤᠤ ᠶᠥᠩ      ᠡᠩ ᠲᠡᠷᠢᠭᠦᠨ ᠳᠤ ᠤᠯᠠᠨ ᠲᠥᠮᠡᠨ ᠢ ᠳᠠᠶᠢᠴᠢᠯᠠᠨ᠎ᠠ᠃      ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠶᠢᠨ ᠠᠵᠢᠯ ᠪᠣᠯ  ᠨᠢᠭᠡᠨ ᠠᠷᠠᠳ ᠤᠨ ᠲᠥᠯᠥᠭᠡ᠂ ᠠᠷᠠᠳ ᠲᠤ ᠠᠰᠢᠭ ᠲᠤᠰᠠᠲᠠᠢ ᠢᠨᠵᠧᠨᠧᠷᠢᠩ ᠪᠣᠯᠣᠨ᠎ᠠ᠃ ᠡᠬᠢᠯᠡᠯᠲᠡ ᠶᠢᠨ ᠴᠡᠭ ᠨᠢ ᠤᠯᠠᠨ ᠲᠦᠮᠡᠨ᠂ ᠲᠤᠰᠤᠯᠲᠠ ᠶᠢᠨ ᠴᠡᠭ ᠨᠢ ᠴᠦ ᠤᠯᠠᠨ ᠲᠦᠮᠡᠨ ᠪᠣᠯᠣᠨ᠎ᠠ᠃ ᠪᠢᠳᠡ ᠵᠠᠪᠠᠯ ᠤᠯᠠᠨ ᠲᠦᠮᠡᠨ ᠢ ᠳᠠᠶᠢᠴᠢᠯᠠᠨ᠂ ᠤᠯᠠᠨ ᠲᠦᠮᠡᠨ ᠤ ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠶᠢᠨ ᠠᠵᠢᠯ ᠢ ᠤᠶᠢᠯᠠᠭᠠᠬᠤ ᠨᠣᠷᠮ᠎ᠠ᠂ ᠳᠡᠮᠵᠢᠬᠦ ᠨᠣᠷᠮ᠎ᠠ ᠪᠠ ᠤᠷᠤᠯᠴᠠᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠶᠢᠨ ᠠᠵᠢᠯ ᠎ ᠢ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠦᠨ᠂ ᠵᠢᠦ ᠶᠤᠸᠠᠨ ᠲᠣᠭᠤᠷᠢᠭ ᠤᠨ ᠬᠥᠮᠥᠰ ᠤᠨ ᠤᠮᠤᠭᠰᠢᠯ ᠢ ᠳᠡᠭᠡᠭᠰᠢᠯᠡᠭᠦᠯᠵᠦ᠂ ᠬᠥᠮᠥᠨ ᠪᠥᠬᠦᠨ ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠶᠢᠨ ᠠᠵᠢᠯ ᠎ ᠢ ᠬᠠᠯᠠᠮᠵᠢᠯᠠᠨ ᠲᠡᠮᠵᠢᠵᠥ ᠤᠷᠤᠯᠴᠠᠭᠰᠠᠨ ᠰᠠᠶᠢᠨ ᠰᠠᠶᠢᠬᠠᠨ  ᠬᠡᠪ ᠲᠦᠷᠬᠦ ᠎ ᠶᠢ ᠪᠣᠢ ᠪᠣᠯᠭᠠᠨ᠎ᠠ᠃      ᠡᠭᠦᠨ ᠤ ᠬᠠᠮᠳᠥ᠂ ᠠᠯᠢᠪᠠ ᠠᠰᠢᠭᠯᠠᠵᠤ ᠪᠣᠯᠬᠤᠶᠢᠴᠠ ᠤᠬᠠᠭᠤᠯᠭ᠎ᠠ ᠶᠢᠨ ᠵᠠᠭᠤᠴᠢᠯᠠᠭᠤᠷ ᠢ ᠠᠰᠢᠭᠯᠠᠨ᠂ ᠠᠯᠢᠪᠠ ᠤᠬᠠᠭᠤᠯᠬᠤ ᠠᠷᠭ᠎ᠠ ᠪᠠᠷᠢᠯ ᠢ ᠬᠡᠷᠡᠭᠯᠡᠵᠦ᠂ ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠎ ᠶᠢᠨ ᠠᠵᠢᠯ ᠢ ᠪᠥᠬᠦ ᠲᠠᠯ᠎ᠠ ᠪᠠᠷ᠂ ᠤᠯᠠᠨ ᠬᠠᠷᠠᠭᠠᠰᠤ ᠠᠴᠠ᠂ ᠬᠥᠳᠡᠯᠭᠡᠭᠡᠨᠲᠦ ᠬᠡᠯᠪᠡᠷᠢ ᠪᠠᠷ ᠤᠬᠠᠭᠤᠯᠵᠤ᠂ ᠵᠠᠷᠢᠮ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠴᠠᠭ ᠳᠠᠷᠤᠢ ᠳᠤᠨᠢ ᠢᠯᠡᠴᠢᠯᠡᠵᠥ᠂ ᠤᠯᠠᠨ ᠲᠦᠮᠡᠨ ᠢ ᠳᠠᠭᠠᠭᠤᠯᠤᠨ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠶᠢᠨ ᠠᠵᠢᠯ ᠳᠤ ᠢᠳᠡᠪᠬᠢᠲᠡᠢ ᠤᠷᠤᠯᠴᠠᠭᠤᠯᠤᠨ᠂ ᠪᠣᠯᠪᠠᠰᠤᠨ ᠬᠤᠲᠠ ᠶᠢᠨ ᠠᠷᠠᠳ ᠪᠣᠯᠭᠠᠬᠤ ᠪᠠᠷ ᠴᠢᠷᠮᠠᠶᠢᠨ᠎ᠠ᠃ ᠤᠬᠠᠭᠤᠯᠭ᠎ᠠ ᠪᠠᠷ ᠳᠠᠮᠵᠢᠭᠤᠯᠤᠨ᠂ ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠶᠢᠨ ᠠᠵᠢᠯ ᠢ ᠡᠷᠦᠬᠡ ᠪᠣᠯᠭᠠᠨ᠂ ᠬᠥᠮᠥᠨ ᠪᠣᠯᠭᠠᠨ ᠳᠤ ᠮᠡᠳᠡᠭᠦᠯᠦᠨ᠎ᠡ᠃ ᠤᠨᠴᠠᠭᠠᠶᠢᠯᠠᠨ᠂ ᠡᠯ᠎ᠡ ᠨᠡᠶᠢᠭᠡᠮ ᠲᠣᠭᠤᠷᠢᠭ ᠤᠨ ᠲᠤᠤᠷ ᠰᠦᠯᠵᠢᠶᠡᠨ ᠤ ᠠᠵᠢᠯᠲᠠᠨ ᠪᠠ ᠰᠠᠭᠤᠭᠠᠯᠢ ᠵᠥᠪᠯᠡᠯ ᠤᠨ ᠠᠵᠢᠯᠲᠠᠨ ᠨᠠᠷ ᠤᠯᠠᠨ ᠲᠥᠮᠡᠨ ᠤ ᠳᠤᠮᠳᠠ ᠢᠯᠡᠭᠦᠭᠡᠨ ᠭᠦᠨᠵᠡᠭᠡᠶᠢᠷᠡᠨ᠂ ᠠᠷᠠᠳ ᠤᠯᠠᠨ ᠤ ᠬᠦᠰᠡᠯ ᠡᠷᠡᠮᠡᠯᠵᠡᠯ ᠢ ᠤᠶᠢᠯᠡᠭᠠᠵᠤ᠂ ᠤᠯᠠᠨ ᠲᠥᠮᠡᠨ ᠢ ᠤᠬᠠᠭᠤᠯᠤᠨ ᠳᠠᠶᠢᠴᠢᠯᠠᠵᠤ᠂ ᠤᠯᠠᠨ ᠲᠥᠮᠡᠨ ᠤ ᠲᠤᠰᠬᠠᠭᠰᠠᠨ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠤᠯᠠᠨ ᠲᠦᠮᠡᠨ ᠤ  ᠬᠠᠨᠥᠮᠵᠢᠳᠥ ᠰᠡᠳᠬᠢᠯ ᠢ ᠲᠠᠰᠤᠷᠠᠯ ᠦᠭᠡᠢ ᠳᠡᠭᠡᠭᠰᠢᠯᠡᠭᠦᠯᠦᠨ᠎ᠡ᠃      ᠳᠠᠷᠠᠭ᠎ᠠ ᠳᠤᠨᠢ᠂ ᠰᠠᠶᠢᠨ ᠰᠠᠶᠢᠬᠠᠨ  ᠲᠦᠷᠬᠦ ᠪᠠᠶᠢᠳᠠᠯ ᠢ ᠪᠤᠢ  ᠪᠣᠯᠭᠠᠨ᠎ᠠ᠃      ᠤᠬᠠᠭᠤᠯᠭ᠎ᠠ ᠶᠢᠨ ᠬᠦᠴᠦᠯᠡᠴᠡ ᠎ ᠪᠠᠨ ᠳᠡᠭᠡᠭᠰᠢᠯᠡᠭᠦᠯᠬᠦ ᠴᠢᠬᠤᠯᠠᠲᠠᠢ  ᠪᠠᠶᠢᠨ᠎ᠠ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠴᠡᠴᠡᠷᠯᠢᠭ ᠲᠠᠯᠠᠪᠠᠢ᠂  ᠠᠷᠠᠯᠵᠢᠶᠠᠨ ᠤ ᠵᠠᠬ᠎ᠠ ᠳᠡᠯᠭᠡᠭᠦᠷ᠂ ᠲᠤᠤᠷ ᠰᠦᠯᠵᠢᠶᠡᠨ ᠤ ᠪᠠᠭᠠᠷ᠂ ᠬᠤᠭᠤᠯᠠᠨ ᠭᠡᠷ᠂ ᠪᠠᠭᠤᠳᠠᠯ ᠵᠡᠷᠭᠡ ᠨᠡᠶᠢᠲᠡ ᠶᠢᠨ ᠦᠢᠯᠡᠴᠢᠯᠡᠭᠡᠨ ᠤ ᠭᠠᠵᠠᠷ ᠲᠤ ᠨᠡᠶᠢᠭᠡᠮ ᠵᠢᠷᠤᠮ ᠤᠨ ᠭᠤᠣᠯ ᠥᠷᠲᠡᠭ ᠤᠨ ᠦᠵᠡᠯ ᠤᠨ ᠲᠤᠬᠠᠢ  ᠭᠦᠮᠦᠵᠢᠯ ᠤᠬᠠᠭᠤᠯᠭ᠎ᠠ  ᠪᠠᠷ ᠭᠦᠷᠦᠯᠴᠡᠭᠦ ᠦᠭᠡᠢ᠂ ᠨᠡᠶᠢᠲᠡ ᠶᠢᠨ ᠠᠰᠠᠷᠠᠮᠵᠢ ᠶᠢᠨ ᠵᠠᠷ  ᠴᠢᠮᠡᠭᠡᠯᠡᠯ ᠤᠨ ᠲᠤᠭ᠎ᠠ  ᠪᠠᠷ ᠪᠠᠭ᠎ᠠ᠂ ᠵᠠᠷᠢᠮ ᠤᠬᠠᠭᠤᠯᠭ᠎ᠠ᠂ ᠵᠠᠷ ᠮᠡᠳᠡᠭᠡ ᠵᠡᠷᠭᠡ ᠡᠪᠳᠡᠭᠳᠡᠭᠡᠳ ᠴᠠᠭ  ᠲᠠᠷᠥᠢ  ᠎ ᠳᠤᠨᠢ ᠰᠣᠯᠢᠵᠤ ᠰᠢᠨᠡᠳᠭᠡᠭᠰᠡᠨ ᠦᠭᠡᠢ ᠪᠠᠶᠢᠨ᠎ᠠ᠃ ᠡᠭᠦᠨ ᠤ ᠵᠡᠷᠭᠡ ᠪᠠᠷ ᠦᠷᠭᠦᠯᠵᠢ ᠶᠢᠨ ᠴᠢᠨᠠᠷᠲᠠᠢ ᠭᠦᠮᠦᠵᠢᠯ ᠤᠬᠠᠭᠤᠯᠭ᠎ᠠ  ᠭᠦᠨᠵᠡᠭᠡᠢ ᠦᠭᠡᠢ᠂ ᠤᠯᠠᠨ ᠲᠦᠮᠡᠨ ᠤ ᠮᠡᠳᠡᠵᠦ ᠤᠶᠢᠯᠠᠭᠠᠬᠤ ᠨᠣᠷᠮ᠎ᠠ ᠳᠤᠤᠷ᠎ᠠ᠂ ᠤᠯᠠᠨ ᠲᠦᠮᠡᠨ ᠢ ᠳᠠᠶᠢᠴᠢᠯᠠᠨ ᠤᠯᠠᠨ ᠢᠶᠠᠷ ᠢᠶᠠᠨ ᠤᠷᠤᠯᠴᠠᠬᠤ ᠵᠡᠷᠭᠡ ᠲᠠᠯ᠎ᠠ ᠪᠠᠷ  ᠭᠦᠷᠦᠯᠴᠡᠭᠦ ᠦᠭᠡᠢ  ᠵᠡᠷᠭᠡ ᠠᠰᠠᠭᠤᠳᠠᠯ  ᠣᠷᠣᠰᠢᠵᠥ ᠪᠠᠶᠢᠨ᠎ᠠ᠃ ᠡᠨᠡ ᠨᠢ ᠳᠠᠷᠤᠢ ᠰᠠᠶᠢᠨ ᠰᠠᠶᠢᠬᠠᠨ ᠲᠦᠷᠰᠦ ᠪᠠᠶᠢᠳᠠᠯ ᠢ ᠪᠣᠢ ᠪᠣᠯᠭᠠᠬᠤ ᠶᠢᠨ ᠴᠢᠬᠤᠯᠠᠴᠢᠯᠠᠭ᠎ᠠ᠂ ᠠᠰᠠᠭᠤᠵᠤ ᠪᠠᠶᠢᠴᠠᠭᠠᠬᠤ ᠶᠢᠨ ᠰᠠᠭᠤᠷᠢ ᠠᠵᠢᠯ ᠪᠤᠯᠤᠨ᠎ᠠ᠃ ᠡᠶᠢᠮᠦ ᠠᠴᠠ ᠪᠢᠳᠡ ᠵᠠᠪᠠᠯ ᠤᠯᠠᠨ ᠲᠦᠮᠡᠨ ᠳᠤ ᠬᠤᠲᠠ ᠶᠢᠨ ᠪᠠᠶᠢᠭᠤᠯᠤᠯᠲᠠ ᠶᠢᠨ ᠯᠤᠳᠤ ᠶᠡᠭᠡ ᠬᠤᠪᠢᠷᠠᠯᠲᠠ ᠶᠢ ᠤᠶᠢᠯᠠᠭᠠᠭᠤᠯᠵᠤ᠂ ᠬᠤᠵᠢᠮ ᠬᠠᠮᠲᠤᠪᠠᠷ ᠠᠰᠠᠭᠤᠯᠲᠠ ᠪᠠᠶᠢᠴᠠᠭᠠᠯᠲᠠ ᠳᠤ  ᠬᠠᠮᠵᠢᠯᠴᠠᠨ ᠤᠷᠤᠯᠴᠠᠬᠤ ᠶᠢ ᠪᠡᠶᠡᠯᠡᠭᠦᠯᠦᠨ᠎ᠡ᠃      ᠬᠠᠮᠤᠭ ᠰᠡᠭᠦᠯ ᠳᠤᠨᠢ᠂ ᠬᠠᠷᠢᠭᠤᠴᠠᠯᠭ᠎ᠠ ᠶᠢ ᠪᠤᠳᠠᠲᠠᠶᠢᠵᠢᠭᠤᠯᠤᠨ᠎ᠠ᠃      ᠬᠠᠮᠢᠶ᠎ᠠ ᠪᠦᠬᠦᠢ ᠤᠳᠤᠷᠢᠳᠤᠯᠭ᠎ᠠ  ᠂ ᠡᠯ᠎ᠡ ᠰᠠᠯᠠᠭ᠎ᠠ ᠮᠥᠴᠢᠷ᠂ ᠡᠯ᠎ᠡ ᠪᠠᠶᠢᠭᠤᠯᠤᠯᠭ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ  ᠪᠡᠶ᠎ᠡ ᠪᠠᠷ ᠢᠶᠠᠨ ᠳᠠᠭᠠᠭᠤᠯᠬᠤ ᠮᠥᠷᠲᠡᠭᠡᠨ ᠪᠠᠶᠠᠳᠠᠨ ᠤᠷᠤᠯᠴᠠᠵᠤ᠂ ᠪᠤᠳᠠᠲᠠᠢ ᠳᠤ ᠭᠦᠨᠵᠡᠭᠡᠶᠢᠷᠡᠨ᠂ ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠶᠢᠨ ᠠᠵᠢᠯ ᠢ ᠦᠨᠡᠨᠬᠦ ᠴᠢᠩᠭ᠎ᠠ ᠠᠳᠬᠤᠵᠤ᠂ ᠪᠣᠳᠠᠲᠠᠢ ᠪᠠᠷ ᠳᠦᠯᠬᠢᠨ ᠠᠬᠢᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠤᠷᠢᠭ ᠤᠨ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠎ ᠶᠢ ᠵᠢᠯᠣᠭᠤᠳᠬᠤ ᠠᠯᠪᠠᠨ ᠭᠡᠷ ᠨᠢ ᠶᠡᠷᠦᠩᠬᠡᠶᠢᠯᠡᠨ ᠬᠠᠮᠢᠶᠠᠷᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠠᠵᠢᠯ ᠤᠨ ᠬᠦᠴᠦᠯᠡᠴᠡ ᠪᠠᠨ ᠨᠡᠮᠡᠭᠳᠡᠭᠦᠯᠦᠨ᠂ ᠬᠠᠪᠰᠤᠷᠴᠤ ᠲᠣᠬᠢᠷᠠᠭᠤᠯᠬᠤ ᠶᠢ ᠴᠢᠩᠭ᠎ᠠ ᠠᠳᠬᠤᠵᠤ᠂ ᠠᠵᠢᠯ ᠤᠨ ᠳᠤᠮᠳᠠ ᠤᠷᠦᠰᠢᠵᠤ ᠪᠥᠬᠦᠢ ᠠᠰᠠᠭᠤᠳᠠᠯ ᠪᠠ ᠬᠦᠴᠢᠷᠳᠡᠯ ᠢ ᠴᠠᠭ ᠳᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠡᠯ᠎ᠡ ᠲᠠᠯ᠎ᠠ ᠶᠢᠨ ᠠᠵᠢᠯ ᠤᠨ ᠠᠬᠢᠴᠠ ᠶᠢ ᠲᠦᠷᠭᠡᠳᠬᠡᠨ᠂ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠪᠥᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠨᠢ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ  ᠪᠠᠷᠢᠮᠳᠠᠯᠠᠵᠥ᠂ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠲᠠ ᠶᠢ ᠴᠣᠭᠴᠠᠯᠠᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠢ᠃     ᠬᠥᠲᠥᠯᠥᠭᠴᠢ᠄ ᠬᠡᠳᠦᠶᠢᠪᠡᠷ ᠬᠤᠲᠠ ᠪᠠᠶᠢᠭᠤᠯᠬᠤ ᠠᠵᠢᠯ ᠨᠢ ᠨᠢᠭᠡᠨᠲᠡ ᠡᠴᠦᠰ ᠤᠨ ᠰᠢᠪᠲᠤᠯᠤᠯᠲᠠ ᠶᠢᠨ ᠱᠠᠲᠤᠨ ᠳᠤ ᠤᠷᠤᠭᠰᠠᠨ ᠪᠣᠯᠪᠠᠴᠤ᠂ ᠪᠤᠯᠪᠠᠰᠤᠨ ᠬᠤᠲᠠ ᠶᠢ ᠪᠥᠲᠦᠭᠡᠨ ᠪᠠᠶᠢᠭᠤᠯᠬᠤ ᠶᠢ ᠬᠡᠷᠬᠢᠨ ᠤᠯᠠᠮ ᠡᠷᠴᠢᠮᠲᠡᠢ ᠂ ᠤᠯᠠᠮ ᠴᠢᠨᠠᠭᠰᠢᠲᠠ ᠴᠢᠩᠭ᠎ᠠ ᠠᠳᠬᠤᠬᠤ ᠪᠤᠢ︖     ᠵᠣᠴᠢᠮᠠᠳ᠄ ᠭᠤᠤ ᠶᠥᠩ     ᠰᠢᠨ᠎ᠡ ᠪᠠᠷᠢᠮᠵᠢᠶ᠎ᠠ᠂ ᠰᠢᠨ᠎ᠡ ᠱᠠᠭᠠᠷᠳᠠᠯᠭ᠎ᠠ ᠳᠤ ᠬᠥᠳᠡᠯᠦᠩᠭᠦᠢ ᠪᠠᠷ ᠵᠣᠬᠢᠴᠠᠨ᠂ ᠠᠵᠢᠯ ᠢᠶᠠᠨ ᠡᠳᠦᠷ ᠲᠤᠲᠤᠮ ᠂ ᠦᠷᠭᠦᠯᠵᠢ ᠶᠢᠨ  ᠴᠢᠨᠠᠷᠳᠠᠢ ᠠᠳᠬᠤᠬᠤ ᠬᠡᠷᠡᠭᠲᠡᠢ᠃ ᠪᠢᠳᠡ ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠪᠠᠷ ᠳᠠᠮᠵᠢᠨ᠂ ᠬᠤᠲᠠ ᠲᠣᠭᠤᠷᠢᠭ ᠤᠨ ᠤᠷᠴᠢᠨ ᠲᠤᠭᠤᠷᠢᠨ ᠢ ᠰᠠᠶᠢᠵᠢᠷᠠᠭᠤᠯᠵᠤ᠂ ᠤᠷᠤᠨ ᠭᠠᠵᠠᠷ ᠤᠨ ᠰᠠᠭᠤᠭᠠᠯᠢ ᠠᠷᠠᠳ ᠲᠤ ᠦᠢᠯᠡᠴᠢᠯᠡᠨ᠂ ᠬᠤᠲᠠ ᠶᠢᠨ ᠠᠷᠠᠳ ᠤᠨ  ᠲᠠᠳᠥᠯᠭ᠎ᠠ ᠪᠤᠯᠪᠠᠰᠥᠷᠠᠯ ᠢ  ᠲᠡᠭᠡᠭᠰᠢᠯᠡᠭᠦᠯᠦᠨ᠂ ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠶᠢᠨ ᠵᠠᠪᠰᠢᠶᠠᠨ ᠢᠶᠠᠷ ᠤᠷᠤᠨ ᠭᠠᠵᠠᠷ ᠤᠨ ᠪᠣᠯᠪᠠᠰᠤᠨ ᠤ ᠬᠡᠮᠵᠢᠶ᠎ᠡ ᠪᠣᠯᠣᠨ  ᠪᠦᠭᠦᠶᠢᠯᠠ ᠳᠦᠷᠬᠦ  ᠪᠠᠶᠢᠳᠠᠯ ᠢᠶᠠᠨ ᠳᠡᠭᠡᠭᠰᠢᠯᠡᠭᠦᠯᠦᠨ᠎ᠡ᠃ ᠡᠭᠦᠳᠦᠨ ᠪᠠᠶᠢᠭᠤᠯᠬᠤ ᠪᠠ ᠬᠠᠮᠢᠶᠠᠷᠤᠯᠲᠠ ᠶᠢ ᠦᠷᠭᠦᠯᠵᠢ ᠶᠢᠨ ᠴᠢᠨᠠᠷᠳᠠᠢ ᠪᠣᠯᠭᠠᠵᠤ᠂  ᠤᠷᠳᠤ ᠬᠤᠭᠤᠴᠠᠭᠠᠨ ᠤ ᠳᠣᠭᠳᠠᠯᠴᠠᠭ᠎ᠠ ᠶᠢ ᠪᠠᠶᠢᠭᠤᠯᠵᠤ᠂ ᠬᠤᠲᠠ ᠬᠥᠳᠡᠭᠡ ᠶᠢᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ  ᠬᠠᠶᠢᠷᠠᠯᠠᠨ ᠬᠠᠮᠠᠭᠠᠯᠠᠬᠤ ᠂ ᠤᠷᠴᠢᠨ ᠲᠣᠭᠤᠷᠢᠨ ᠤ  ᠠᠷᠢᠭᠤᠨ ᠴᠡᠪᠡᠷ ᠢ ᠪᠠᠳᠥᠯᠠᠬᠤ᠂  ᠬᠤᠳᠠ ᠶᠢᠨ ᠥᠩᠭᠡ ᠦᠵᠡᠮᠵᠢ  ᠡᠮᠬᠢ ᠲᠢᠭᠯᠢᠮ ᠤᠨ ᠬᠠᠮᠢᠶᠠᠷᠤᠯᠲᠠ  ᠵᠡᠷᠭᠡ ᠎ ᠶᠢᠨ ᠲᠡᠰ ᠲᠦᠪᠰᠢᠨ ᠢ ᠦᠨᠳᠦᠷᠵᠢᠭᠦᠯᠭᠦ ᠶᠢ ᠪᠥᠬᠦ ᠲᠠᠯ᠎ᠠ ᠪᠠᠷ ᠠᠬᠢᠭᠤᠯᠥᠭᠠᠳ᠂ ᠬᠢᠨᠠᠨ  ᠰᠢᠯᠭᠠᠷᠠᠭᠤᠯᠬᠤ ᠳᠤ ᠭᠦᠢᠴᠡᠳᠭᠡᠭᠦ ᠠᠵᠢᠯ ᠢ ᠦᠨᠡᠨᠬᠦ  ᠦᠷᠭᠦᠯᠵᠢ ᠶᠢᠨ ᠬᠠᠷᠠᠯᠲᠠ ᠪᠣᠯᠭᠠᠵᠤ᠂ ᠬᠢᠨᠠᠨ  ᠰᠢᠯᠭᠠᠷᠠᠭᠤᠯᠬᠤ ᠠᠷᠭ᠎ᠠ  ᠠᠪᠴᠢᠯ ᠢ ᠦᠷᠭᠦᠯᠵᠢ ᠶᠢᠨ ᠠᠷᠭ᠎ᠠ ᠠᠪᠴᠢᠯ ᠪᠣᠯᠭᠠᠨ ᠠᠳᠬᠤᠵᠤ᠂ ︽ᠪᠣᠯᠪᠠᠰᠤᠨ ᠬᠤᠲᠠ ᠶᠢᠨ ᠪᠠᠶᠢᠭᠤᠯᠤᠯᠲᠠ︾᠎ ᠶᠢᠨ ᠬᠠᠮᠢᠶᠠᠷᠤᠯᠲᠠ ᠶᠢ ᠴᠠᠭ ᠦᠷᠭᠦᠯᠵᠢᠳᠡ ᠠᠳᠬᠤᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号