ᠬᠠᠶᠢᠷ᠎ᠠ ᠬᠠᠯᠠᠮᠵᠢᠯᠠᠯ ᠢᠶᠠᠨ ᠬᠤᠷᠢᠨᠭᠡᠷ ᠭᠤᠣᠯ ᠰᠤᠷᠭᠠᠭᠤᠯᠢ ᠳᠤ ᠳᠠᠮᠵᠢᠭᠤᠯᠤᠨ ᠬᠦᠷᠭᠡᠭᠰᠡᠨ ᠨᠢ
ᠨᠡᠶᠢᠲᠡᠯᠡᠭᠰᠡᠨ ᠴᠠᠭ᠄
2018/5/16
     5ᠰᠠᠷ᠎ᠠ ᠶᠢᠨ4 ᠤ ᠡᠳᠦᠷ᠂ ᠵᠢᠦ ᠶᠤᠸᠠᠨ ᠲᠣᠭᠤᠷᠢᠭ ᠤᠨ ᠬᠤᠷᠢᠨᠭᠡᠷ ᠭᠤᠣᠯ ᠰᠤᠷᠭᠠᠭᠤᠯᠢ ︽ ᠲᠠᠪᠥᠨ ᠰᠠᠷᠠᠶᠢᠨ ᠲᠦᠷᠪᠠᠨ ᠤ ᠵᠣᠷᠢᠭ ᠰᠠᠨᠠᠭ᠎ᠠ ᠶᠢ ᠵᠠᠯᠭᠠᠮᠵᠢᠯᠠᠨ ᠤᠯᠠᠮᠵᠢᠯᠠᠵᠤ᠂ ᠪᠠᠭᠠᠴᠤᠳ ᠬᠡᠦᠬᠡᠳ ᠤᠨ ᠥᠰᠦᠨ ᠪᠣᠶᠢᠵᠢᠯᠲᠠ ᠳᠤ ᠬᠦᠴᠦᠨ ᠨᠡᠮᠡᠷᠢᠯᠡᠬᠦ︾  ᠭᠤᠣᠯ ᠰᠡᠳᠦᠪᠲᠦ ᠲᠤᠰᠠᠯᠠᠨ ᠬᠦᠷᠭᠡᠬᠦ ᠠᠵᠢᠯᠯᠠᠭ᠎ᠠ  ᠦᠷᠨᠢᠭᠦᠯᠪᠠ᠃ ᠥᠷᠯᠥᠭᠡ ᠡᠷᠲᠡ᠂ ᠰᠣᠷᠣᠭᠴᠢᠳ ᠳᠤᠮᠳᠠᠳᠤ ᠤᠯᠤᠰ ᠤᠨ ᠪᠠᠩᠬᠢ ᠶᠢᠨ ᠪᠤᠭᠤᠲᠤ ᠬᠤᠲᠠ ᠶᠢᠨ ᠨᠡᠬᠡᠭᠡᠯᠲᠡ ᠶᠢᠨ  ᠣᠷᠣᠨ ᠤ ᠰᠠᠯᠪᠤᠷᠢ ᠪᠠᠩᠬᠢ ᠶᠢᠨ  ᠨᠢᠭᠡ ᠪᠦᠯᠦᠭ ᠠᠵᠢᠯᠳᠠᠳ ᠢ ᠤᠭᠲᠤᠨ  ᠠᠪᠴᠤ ᠲᠡᠳᠡᠨ ᠤ ᠭᠦᠷᠭᠡᠭᠰᠡᠨ ᠨᠠᠷᠠᠯᠢᠭ ᠰᠠᠶᠢᠬᠠᠨ ᠨᠣᠮ ᠳᠡᠪᠲᠡᠷ᠂ ᠪᠢᠴᠢᠭ ᠤᠨ ᠬᠡᠷᠡᠭᠰᠡᠯ ᠵᠡᠷᠭᠡ ᠶᠢ  ᠪᠠᠶᠠᠷᠳᠡᠢ ᠭᠦᠯᠢᠶᠡᠨ ᠠᠪᠴᠠᠢ᠃ ᠡᠨᠡ ᠨᠢ ᠬᠡᠦᠬᠡᠳ ᠤᠳ ᠤᠨ ᠰᠤᠷᠤᠯᠭ᠎ᠠ ᠳᠠᠪᠰᠢᠯᠲᠠ ᠳᠤ   ᠨᠡᠮᠡᠷᠢ ᠪᠣᠯᠬᠤ ᠶᠤᠮ᠃      ᠬᠤᠷᠢᠨᠭᠡᠷ ᠭᠤᠣᠯ ᠰᠤᠷᠭᠠᠭᠤᠯᠢ ᠨᠢ ᠬᠤᠲᠠ ᠬᠥᠳᠡᠭᠡ ᠶᠢᠨ ᠠᠭᠤᠯᠵᠠᠷ ᠵᠠᠭᠠᠭ ᠲᠤ ᠪᠠᠶᠢᠷᠢᠰᠢᠵᠤ᠂  ᠴᠠᠭᠠᠨ ᠣᠪᠤᠭ᠎ᠠ ᠪᠠᠭ᠎ᠠ ᠰᠤᠷᠭᠠᠭᠤᠯᠢ᠂  ᠬᠤᠷᠢᠨᠭᠡᠷ ᠪᠠᠭ᠎ᠠ ᠰᠤᠷᠭᠠᠭᠤᠯᠢ ᠵᠡᠷᠭᠡ 5 ᠪᠠᠭ᠎ᠠ ᠰᠤᠷᠭᠠᠭᠤᠯᠢ ᠠᠴᠠ ᠨᠡᠶᠢᠯᠡᠨ ᠪᠦᠲᠦᠭᠰᠡᠨ ᠬᠤᠨᠣᠭᠯᠠᠨ ᠪᠠᠶᠢᠷᠢᠯᠠᠬᠤ ᠬᠡᠯᠪᠡᠷᠢ ᠶᠢᠨ ᠪᠦᠷᠢᠨ ᠪᠠᠭ᠎ᠠ ᠰᠤᠷᠭᠠᠭᠤᠯᠢ ᠪᠣᠯᠣᠨ᠎ᠠ᠂ ᠰᠤᠷᠭᠠᠭᠤᠯᠢ ᠳᠤ ᠰᠠᠭᠤᠬᠤ ᠰᠤᠷᠤᠭᠴᠢ 200 ᠭᠠᠷᠤᠢ ᠪᠠᠶᠢᠵᠤ᠂ ᠤᠯᠠᠩᠬᠢ ᠭᠡᠷ ᠤᠨ ᠠᠬᠠᠮᠠᠳ ᠨᠢ ᠭᠠᠳᠠᠨ᠎ᠠ ᠠᠴᠠ ᠢᠷᠡᠭᠰᠡᠨ ᠶᠠᠪᠤᠭᠤᠯ ᠠᠵᠢᠯᠴᠢᠨ ᠪᠣᠯᠣᠨ᠎ᠠ᠃  ᠨᠢᠭᠡ ᠳᠡᠪᠲᠡᠷ᠂  ᠨᠢᠭᠡ ᠪᠣᠭᠴᠣ ᠴᠦ ᠬᠡᠦᠬᠡᠳ ᠤᠳ ᠲᠤ  ᠶᠡᠭᠡ ᠬᠠᠪᠰᠤᠷᠤᠯᠭ᠎ᠠ ᠤᠯᠭᠤᠯᠵᠤ ᠳᠡᠶᠢᠯᠦᠨ᠎ᠡ᠃  ᠪᠠᠩᠬᠢ ᠶᠢᠨ ᠠᠵᠢᠯᠲᠠᠨ ᠨᠠᠷ ᠪᠡᠯᠡᠭ  ᠢᠶᠠᠨ ᠬᠡᠦᠬᠡᠳ ᠤᠳ ᠤᠨ ᠭᠠᠷ ᠲᠤ ᠬᠦᠷᠭᠡᠬᠦ ᠦᠶᠡᠰ ᠂ ᠬᠡᠦᠬᠡᠳ ᠤᠳ ᠤᠨ ᠬᠠᠴᠠᠷ ᠳᠡᠭᠡᠷ᠎ᠡ ᠢᠨᠢᠶᠡᠳᠦ ᠪᠠᠶᠠᠰᠤᠯ ᠪᠢᠯᠬᠠᠵᠤ᠂ ᠭᠠᠷ ᠲᠠᠬᠢ ᠨᠣᠮ ᠢᠶᠠᠨ ᠪᠠᠭ᠋ᠠᠷᠬᠠᠨ ᠢᠯᠪᠢᠨ᠂ ᠬᠠᠶᠠ ᠬᠠᠨᠢ ᠨᠥᠬᠦᠳ ᠲᠠᠢ ᠪᠠᠨ ᠰᠣᠯᠢᠯᠴᠠᠨ ᠦᠵᠡᠵᠦ᠂ ᠨᠣᠮ ᠤᠩᠰᠢᠬᠤ ᠪᠠᠶᠠᠷ ᠪᠠᠭ᠋ᠠᠳᠤᠯ ᠢ ᠬᠤᠪᠢᠶᠠᠯᠴᠠᠨ ᠡᠳ᠋ᠯᠡᠭᠰᠡᠨ ᠪᠠᠶᠢᠨ᠎ᠠ᠃ ᠰᠠᠯᠪᠤᠷᠢ ᠪᠠᠩᠬᠢ ᠶᠢᠨ ᠠᠵᠢᠯᠲᠠᠳ ᠪᠠᠭᠰᠢ ᠶᠢᠨ ᠳᠠᠭᠠᠭᠤᠯᠭ᠎ᠠ ᠳᠤᠤᠷ᠎ᠠ ᠰᠤᠷᠭᠠᠭᠤᠯᠢ ᠶᠢᠨ ᠬᠦᠷᠢᠶ᠎ᠡ ᠵᠢᠴᠢ ᠰᠤᠷᠭᠠᠭᠤᠯᠢ ᠶᠢᠨ ᠨᠣᠮ ᠤᠨ ᠦᠷᠦᠭᠡ᠂ ᠤᠷᠠᠨ ᠪᠢᠴᠢᠯᠭᠡ ᠶᠢᠨ ᠪᠤᠯᠤᠩ ᠂ ᠬᠢᠴᠢᠶᠡᠯ ᠤᠨ ᠭᠡᠷ ᠵᠡᠷᠭᠡ ᠶᠢ ᠲᠤᠭᠤᠷᠢᠨ ᠦᠵᠡᠵᠦ  ᠲᠤᠰ ᠰᠤᠷᠭᠠᠭᠤᠯᠢ ᠳᠤ ᠤᠯᠠᠮ ᠨᠢᠭᠡ ᠠᠯᠬᠤᠮ ᠪᠥᠬᠦ ᠲᠠᠯ᠎ᠠ ᠶᠢᠨ ᠤᠶᠢᠯᠠᠭᠠᠯᠲᠠ ᠲᠠᠢ ᠪᠣᠯᠪᠠ᠃ ᠡᠨᠡ ᠤᠳᠠᠭᠠᠨ ᠤ ᠠᠵᠢᠯᠯᠠᠭ᠎ᠠ ᠨᠢ ᠬᠡᠦᠬᠡᠳ ᠤᠳ ᠤᠨ ᠥᠰᠦᠨ ᠪᠣᠶᠢᠵᠢᠯᠲᠠ ᠳᠤ  ᠶᠡᠭᠡ ᠬᠠᠪᠰᠤᠷᠤᠯᠭ᠎ᠠ ᠪᠣᠯᠣᠭᠰᠠᠨ ᠢᠶᠠᠷ ᠪᠠᠷᠠᠬᠤ ᠦᠭᠡᠢ᠂ ᠳᠤᠬᠠᠢ ᠶᠢᠨ ᠭᠠᠵᠠᠷ ᠲᠤ ᠪᠠᠶᠢᠭ᠎ᠠ ᠬᠥᠮᠥᠰ ᠥᠪᠡᠷ ᠤᠨ  ᠡᠭᠦᠷᠭᠡᠯᠡᠵᠥ  ᠪᠠᠶᠢᠭ᠎ᠠ ᠨᠡᠶᠢᠭᠡᠮ ᠤᠨ ᠬᠠᠷᠢᠭᠤᠴᠠᠯᠭ᠎ᠠ ᠪᠠᠨ ᠤᠯᠵᠤ ᠲᠠᠨᠢᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号