ᠠᠵᠦ ᠦᠢᠯᠡᠰ ᠤᠨ ᠪᠦᠲᠦᠴᠡ ᠎ ᠶᠢ ᠲᠣᠬᠢᠷᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠮᠠᠷᠠᠲᠤ ᠵᠢᠨ‌ᠣᠨᠴᠠᠯᠢᠭᠲᠤ ︽ᠦᠷᠭᠡᠨ ᠨᠠᠷᠢᠨ ᠭᠤᠳᠤᠮᠵᠢ︾᠎ ᠶᠢ  ᠴᠣᠭᠴᠠᠯᠠᠶ᠎ᠠ᠃
ᠨᠡᠶᠢᠲᠡᠯᠡᠭᠰᠡᠨ ᠴᠠᠭ᠄
2018/5/26
     ᠰᠤᠷᠪᠤᠯᠵᠢᠯᠠᠨ ᠶᠠᠷᠢᠯᠴᠠᠭᠰᠠᠨ ᠭᠤᠤᠯ ᠰᠡᠳᠦᠪ᠄ ᠠᠵᠦ ᠦᠢᠯᠡᠰ ᠤᠨ ᠪᠦᠲᠦᠴᠡ ᠎ ᠶᠢ ᠲᠣᠬᠢᠷᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠮᠠᠷᠠᠲᠤ ᠵᠢᠨ‌ᠣᠨᠴᠠᠯᠢᠭᠲᠤ ︽ᠦᠷᠭᠡᠨ ᠨᠠᠷᠢᠨ ᠭᠤᠳᠤᠮᠵᠢ︾᠎ ᠶᠢ  ᠴᠣᠭᠴᠠᠯᠠᠶ᠎ᠠ᠃      ᠰᠤᠷᠪᠤᠯᠵᠢᠯᠠᠨ ᠶᠠᠷᠢᠯᠴᠠᠭᠰᠠᠨ ᠴᠠᠭ᠄ 2017 ᠤᠨ ᠤ 11 ᠰᠠᠷ᠎ᠠ ᠶᠢᠨ 6᠎ ᠤ ᠡᠳᠦᠷ      ᠰᠤᠷᠪᠤᠯᠵᠢᠯᠠᠬᠤ ᠵᠤᠴᠢᠨ᠄  ᠵᠢᠦ  ᠶᠤᠸᠠᠨ ᠲᠤᠭᠤᠷᠢᠭ ᠤᠨ ᠵᠠᠰᠠᠭ ᠤᠨ ᠤᠷᠳᠤᠨ ᠤ ᠲᠤᠭᠤᠷᠢᠭ ᠤᠨ ᠳᠡᠳ᠋ ᠳᠠᠷᠤᠭ᠎ᠠ  ᠬᠤᠸᠠᠩ ᠹᠧᠩ ᠱᠠᠨ      ᠠᠭᠤᠯᠭ᠎ᠠ ᠶᠢᠨ ᠲᠤᠪᠴᠢᠯᠠᠯ᠄      ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠲᠤ᠂ ᠨᠢᠭᠡᠨ ᠤᠮᠠᠷᠠᠲᠤ ᠶᠢᠨ ᠣᠨᠴᠠᠯᠢᠭᠲᠤ ︽ ᠥᠷᠭᠡᠨ ᠨᠠᠷᠢᠨ ᠭᠤᠳᠤᠮᠵᠢ︾ ᠶᠠᠭ ᠰᠠᠶ᠋ᠢᠬᠠᠨ ᠪᠦᠷᠢᠯᠳᠦᠵᠦ ᠪᠣᠢ᠂ ᠡᠨᠡ ᠭᠠᠵᠠᠷ  ᠪᠣᠯ ᠲᠠᠷᠥᠢ ︽ᠬᠥᠨᠳᠡᠯᠡᠨ ᠭᠤᠯᠳᠤ ᠵᠡᠭᠡᠯᠢ︾  ᠮᠦᠨ᠃ ᠲᠣᠰ ᠵᠡᠭᠡᠯᠢ ᠪᠣᠯ ᠵᠢᠦ ᠶᠤᠸᠠᠨ ᠲᠣᠭᠤᠷᠢᠭ ᠤᠨ ᠶᠡᠬᠡᠪᠡᠷ ᠲᠥᠯᠥᠪᠯᠡᠨ ᠪᠠᠶᠢᠭᠤᠯᠵᠤ ᠪᠠᠶᠢᠭ᠎ᠠ ᠣᠨᠴᠠᠯᠢᠭᠲᠤ ᠢᠳᠡᠭᠡᠨ ᠤᠮᠳᠠᠭᠠᠨ ᠤ ᠵᠡᠭᠡᠯᠢ ᠪᠤᠯᠬᠤ  ᠪᠦᠭᠡᠳ ᠵᠠᠰᠠᠨ ᠰᠢᠨᠡᠳᠭᠡᠭᠰᠡᠨ ᠠᠴᠠ ᠪᠤᠯᠵᠥ ᠭᠠᠵᠠᠷ ᠤᠨ ᠪᠠᠶᠢᠷᠢᠰᠢᠯ ᠢᠶᠠᠷ ᠰᠠᠶᠢᠨ᠂ ᠵᠠᠮ ᠬᠠᠷᠢᠯᠴᠠᠭ᠎ᠠ ᠳᠦᠭᠦᠮ  ᠵᠡᠷᠭᠡ ᠲᠠᠪᠠᠭᠤᠯᠢᠭ ᠲᠠᠯ᠎ᠠ ᠶᠢ ᠡᠵᠡᠯᠡᠵᠥ᠂ ᠰᠢᠨ᠎ᠡ ᠠᠮᠢᠵᠢᠷᠠᠯ ᠤᠨ ᠬᠦᠴᠦᠨ ᠲᠠᠢ  ᠪᠣᠯᠤᠭᠠᠳ᠂ ᠢᠷᠡᠭᠡᠳᠦᠢ ᠳᠤ ᠢᠳᠡᠭᠡᠨ ᠤᠮᠳᠠᠭᠠᠨ᠂ ᠵᠤᠭ᠎ᠠ ᠴᠡᠩᠬᠡᠯ᠂ ᠰᠡᠯᠡᠭᠦᠴᠡᠯ᠂ ᠵᠤᠭᠠᠴᠠᠯ ᠢ ᠪᠦᠷᠢᠯᠳᠦᠭᠦᠯᠦᠭᠰᠡᠨ  ᠦᠪᠡᠷᠮᠢᠴᠠ ᠣᠨᠴᠠᠯᠢᠭᠳᠤ ᠠᠷᠠᠯᠵᠢᠶ᠎ᠠ ᠬᠤᠳᠠᠯᠳᠤᠭᠠᠨ ᠤ ᠶᠠᠪᠠᠭᠠᠨ ᠵᠡᠭᠡᠯᠢ  ᠣᠯᠠᠨ ᠤ ᠨᠢᠳᠥᠨ ᠳᠤ ᠳᠤᠷᠠᠶᠢᠬᠤ  ᠶᠤᠮᠰᠠᠨ᠃      ᠬᠥᠲᠥᠯᠥᠭᠴᠢ᠄ ᠵᠢᠦ ᠶᠤᠸᠠᠨ ᠲᠣᠭᠤᠷᠢᠭ ᠤᠨ ᠵᠠᠰᠠᠭ ᠤᠨ ᠣᠷᠳᠣᠨ ᠶᠠᠭᠤᠨ ᠳᠤ ︽ᠬᠥᠨᠳᠡᠯᠡᠨ ᠭᠤᠯᠳᠤ ᠵᠡᠭᠡᠯᠢ︾᠎ ᠶᠢ ᠪᠠᠶᠢᠭᠤᠯᠬᠤ ᠪᠣᠢ︖      ᠵᠣᠴᠢᠮᠠᠳ᠄ ᠬᠤᠸᠠᠩ ᠹᠧᠩ ᠱᠠᠨ      ᠠᠵᠦ ᠦᠢᠯᠡᠰ ᠤᠨ ᠪᠦᠲᠦᠴᠡ ᠶᠢ ᠲᠣᠬᠢᠷᠠᠭᠤᠯᠤᠨ᠂ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠢᠳᠡᠭᠡᠨ ᠤᠮᠳᠠᠭᠠᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠮᠠᠨ ᠤ ᠲᠣᠭᠤᠷᠢᠭ ᠤᠨ ᠭᠤᠷᠪᠠᠳᠤᠭᠠᠷ ᠠᠵᠦ ᠦᠢᠯᠡᠰ ᠢ ᠪᠠᠶᠠᠯᠢᠭᠵᠢᠭᠤᠯᠤᠨ ᠬᠦᠭᠵᠢᠭᠦᠯᠭᠦ ᠶᠢᠨ ᠲᠦᠯᠦᠭᠡ᠂ ᠲᠣᠭᠤᠷᠢᠭ ᠤᠨ ᠨᠠᠮ ᠵᠠᠰᠠᠭ ᠡᠴᠡ‌‍ᠰᠢᠨ᠎ᠡ ᠬᠤᠲᠠ ᠲᠣᠭᠤᠷᠢᠭ ᠤᠨ ᠪᠥᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠦᠪᠡᠷᠮᠢᠴᠠ ᠣᠨᠴᠠᠯᠢᠭᠲᠤ ᠠᠷᠠᠯᠵᠢᠶᠠᠨ ᠤ ᠵᠠᠬ᠎ᠠ ᠵᠡᠭᠡᠯᠢ ᠶᠢᠨ ᠪᠥᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠣᠰᠣᠭᠠᠷ᠂ ᠢᠳᠡᠭᠡᠨ᠂ ᠰᠣᠶᠣᠯ᠂ ᠵᠤᠭᠠᠴᠠᠯ ᠎ ᠢ ᠬᠠᠮᠳᠥᠷᠠᠭᠤᠯᠥᠭ᠌ᠰᠠᠨ ︽ᠬᠥᠨᠳᠡᠯᠡᠨ ᠭᠤᠯᠳᠤ ᠵᠡᠭᠡᠯᠢ︾᠎ ᠶᠢ ᠪᠥᠲᠦᠭᠡᠨ ᠪᠠᠶᠢᠭᠤᠯᠤᠨ᠎ᠠ᠃      ᠬᠥᠲᠥᠯᠥᠭᠴᠢ᠄ ︽ᠬᠥᠨᠳᠡᠯᠡᠨ ᠭᠤᠯᠳᠤ ᠵᠡᠭᠡᠯᠢ︾᠎ ᠶᠢ ᠪᠥᠲᠦᠭᠡᠨ ᠪᠠᠶᠢᠭᠤᠯᠬᠤ ᠨᠢ ᠠᠷᠠᠳ ᠣᠯᠠᠨ ᠳᠤ ᠠᠪᠴᠤ ᠬᠡᠯᠡᠪᠡᠯ᠂ ᠶᠠᠮᠠᠷ ᠬᠠᠷᠢᠴᠠᠭ᠎ᠠ ᠲᠠᠢ ᠪᠣᠢ︖      ᠵᠣᠴᠢᠮᠠᠳ᠄ ᠬᠤᠸᠠᠩ ᠹᠧᠩ ᠱᠠᠨ      1 . ᠥᠨᠳᠥᠷ  ᠬᠢᠷᠢ ᠲᠦᠪᠰᠢᠨ ᠪᠦᠬᠦᠢ ᠬᠡᠷᠡᠭᠯᠡᠭᠡᠨ ᠤ ᠵᠦᠢᠯᠡᠰ ᠢ ᠬᠠᠩᠭᠠᠨ᠎ᠠ᠃      2 . ᠬᠠᠭᠤᠴᠢᠨ ᠬᠤᠲᠠ ᠲᠣᠭᠤᠷᠢᠭ ᠢ ᠵᠠᠰᠠᠨ ᠰᠢᠨᠡᠴᠢᠯᠠᠵᠥ ᠳᠠᠰ ᠢ ᠨᠢ ᠳᠡᠭᠡᠭᠰᠢᠯᠡᠭᠦᠯᠦᠨ᠎ᠡ᠃      3 .  ᠠᠵᠢᠯᠯᠠᠬᠤ ᠬᠥᠮᠥᠨ ᠤ ᠲᠤᠭ᠎ᠠ ᠶᠢ ᠠᠷᠪᠢᠳᠬᠠᠵᠤ ᠣᠷᠣᠯᠭ᠎ᠠ ᠶᠢ  ᠎ ᠨᠢ ᠨᠡᠮᠡᠭᠳᠡᠭᠦᠯᠦᠨ᠎ᠡ᠃      ᠬᠥᠲᠥᠯᠥᠭᠴᠢ᠄ ᠲᠠ ︽ᠬᠥᠨᠳᠡᠯᠡᠨ ᠭᠤᠯᠳᠤ ᠵᠡᠭᠡᠯᠢ︾᠎ ᠶᠢ ᠪᠠᠶᠢᠭᠤᠯᠵᠥ ᠪᠠᠶᠢᠭ᠎ᠠ ᠪᠠᠶᠢᠳᠠᠯ ᠢ ᠲᠠᠨᠢᠯᠴᠠᠭᠤᠯᠵᠤ ᠥᠭᠭᠦᠨᠡᠦ︖      ᠵᠣᠴᠢᠮᠠᠳ᠄ ᠬᠤᠸᠠᠩ ᠹᠧᠩ ᠱᠠᠨ      ᠮᠠᠨ ᠤ ᠲᠣᠭᠤᠷᠢᠭ 2015 ᠣᠨ ᠤ 5 ᠰᠠᠷ᠎ᠠ ᠠᠴᠠ ᠡᠬᠢᠯᠡᠨ ᠠᠷᠠᠯᠵᠢᠶᠠᠨ ᠤ ᠵᠡᠭᠡᠯᠢ ᠪᠠ ᠶᠠᠪᠠᠭᠠᠨ ᠵᠡᠭᠡᠯᠢ ᠬᠤᠶᠠᠷ ᠬᠠᠭᠤᠴᠢᠨ ᠠᠷᠠᠯᠵᠢᠶᠠᠨ ᠤ ᠵᠡᠭᠡᠯᠢ ᠶᠢ ᠬᠠᠮᠲᠤ ᠳᠤᠨᠢ ᠶᠡᠷᠥᠩᠬᠡᠶᠢᠯᠡᠨ ᠵᠠᠰᠠᠵᠤ ᠡᠬᠢᠯᠡᠭᠰᠡᠨ ᠪᠠᠶᠢᠨ᠎ᠠ᠃ ︽ᠬᠥᠨᠳᠡᠯᠡᠨ ᠭᠤᠯᠳᠤ ᠵᠡᠭᠡᠯᠢ︾ ᠎ ᠶᠢᠨ ᠨᠢᠭᠡᠳᠦᠭᠡᠷ ᠬᠤᠭᠤᠴᠠᠭᠠᠨ ᠳᠤ 4000 ᠲᠦᠮᠡᠨ ᠲᠥᠭᠦᠷᠢᠭ ᠤᠨ ᠪᠡᠯᠡ ᠣᠷᠣᠭᠤᠯᠵᠤ᠂  568 ᠮᠧᠲᠷ ᠵᠠᠮ᠂147 ᠳᠡᠯᠭᠡᠭᠦᠷ᠂ 217 ᠲᠦᠮᠡᠨ ᠲᠡᠭᠰᠢ ᠳᠦᠷᠪᠡᠯᠵᠡ ᠮᠧᠲᠷ  ᠤᠨ ᠠᠷᠠᠯᠵᠢᠶᠠᠨ ᠤ ᠲᠠᠯᠠᠪᠠᠢ ᠶᠢ  ᠬᠠᠮᠥᠷᠥᠭ᠌ᠰᠠᠨ ᠪᠠᠶᠢᠪᠠ᠃ 2017 ᠤᠨ ᠳᠤ᠂  ᠲᠠᠬᠢᠨᠳᠠ 4000 ᠲᠦᠮᠡᠨ ᠲᠥᠭᠦᠷᠢᠭ ᠤᠨ ᠪᠡᠯᠡ ᠣᠷᠣᠭᠤᠯᠵᠤ᠂ ︽ᠬᠥᠨᠳᠡᠯᠡᠨ ᠵᠡᠭᠡᠯᠢ︾᠎ ᠶᠢ ᠵᠡᠭᠦᠨᠰᠢ ᠤᠷᠲᠤᠳᠬᠠᠨ ᠥᠭᠡᠷᠡᠴᠢᠯᠡᠨ ᠵᠠᠰᠠᠵᠤ᠂ 430 ᠮᠧᠲᠷ ᠤᠷᠳᠤ ᠵᠠᠮ᠂ 163  ᠲᠡᠯᠭᠡᠭᠦᠷ᠂ 4  ᠰᠠᠭᠤᠭᠠᠯᠢ ᠡᠷᠦᠭᠡ  ᠶᠢ ᠬᠠᠮᠥᠷᠴᠤ᠂ ᠵᠡᠭᠡᠯᠢ ᠳᠠᠭᠠᠤ  ᠶᠢᠨ ᠦᠭᠡᠷᠡᠴᠢᠯᠡᠯᠳᠠ 9.5 ᠲᠦᠮᠡᠨ ᠲᠡᠭᠰᠢ ᠳᠥᠷᠪᠡᠯᠵᠢᠨ ᠮᠧᠲᠷ  ᠬᠦᠷᠴᠡᠢ᠃      ᠳᠠᠷᠠᠭᠠᠴᠢ ᠪᠠᠷ᠂ ᠮᠠᠨ ᠤ ᠲᠣᠭᠤᠷᠢᠭ ᠲᠠᠶᠢᠶᠤᠸᠠᠨ ᠵᠠᠮ ᠳᠠᠬᠢ ᠬᠤᠶᠠᠳᠤᠭᠠᠷ ᠵᠡᠭᠡᠯᠢ ᠶᠢᠨ ᠪᠣᠷᠣ ᠪᠦᠷᠭᠡ ᠶᠢ ᠵᠠᠰᠠᠨ ᠥᠭᠡᠷᠡᠴᠢᠯᠡᠯᠲᠡ ᠲᠠᠢ ᠤᠶᠠᠯᠳᠤᠭᠤᠯᠤᠨ ᠭᠤᠣᠯᠳᠠᠯᠭ᠎ᠠ ᠲᠠᠢ ᠪᠠᠷ ︽ᠡᠮᠦᠨ᠎ᠡ ᠭᠤᠯᠳᠤ ᠵᠡᠭᠡᠯᠢ︾᠎ ᠶᠢ ᠨᠡᠭᠡᠭᠡᠨ ᠪᠠᠶᠢᠭᠤᠯᠬᠤ  ᠪᠠᠷ ᠪᠤᠢ᠂  ᠶᠡᠷᠥᠩᠭᠡᠢ ᠪᠡᠯᠡ ᠣᠷᠣᠭᠤᠯᠤᠯᠲᠠ ᠪᠠᠷᠤᠭ 9 ᠳ᠋ᠦᠩᠰᠢᠭᠤᠷ ᠲᠥᠭᠦᠷᠢᠭ ᠲᠤ ᠭᠦᠷᠦᠨ᠎ᠠ  ᠃ ᠭᠤᠣᠯᠳᠠᠭᠤ ᠠᠷᠠᠯᠵᠢᠶᠠᠨ ᠤ ᠵᠡᠭᠡᠯᠢ᠂ ᠭᠠᠵᠠᠷ ᠳᠤᠤᠷᠠᠬᠢ ᠲᠡᠷᠭᠡᠨ ᠤ ᠵᠣᠭᠰᠣᠭᠠᠯ᠂ ᠬᠥᠨᠳᠡᠯᠡᠨ ᠭᠤᠯᠳᠤ ᠵᠡᠭᠡᠯᠢ ᠶᠢᠨ ᠴᠡᠴᠡᠷᠯᠢᠭ᠂ ᠵᠠᠮ᠂ ᠰᠠᠭᠤᠭᠠᠯᠢ ᠬᠤᠷᠤᠭᠠᠯᠠᠯ ᠵᠡᠷᠭᠡ 6 ᠵᠦᠢᠯ ᠤᠨ ᠪᠦᠲᠦᠭᠡᠨ ᠪᠠᠶᠢᠭᠤᠯᠤᠯᠲᠠ ᠬᠢᠨ᠎ᠡ᠃ ᠣᠳᠣᠬᠠᠨ ᠳᠤ  ᠂ ᠡᠮᠦᠨ᠎ᠡ ᠬᠤᠭᠤᠴᠠᠭᠠᠨ ᠤ  ᠨᠤᠷᠠᠭᠠᠵᠥ  ᠲᠡᠭᠰᠢᠯᠡᠬᠦ ᠠᠵᠢᠯ ᠢᠶᠠᠨ ᠲᠠᠭᠤᠰᠬᠠᠭᠠᠳ ᠪᠠᠶᠢᠨ᠎ᠠ᠃      ᠬᠥᠲᠥᠯᠥᠭᠴᠢ᠄ ᠣᠳᠣᠬᠠᠨ ᠤ ︽ᠬᠥᠨᠳᠡᠯᠡᠨ ᠭᠤᠯᠳᠤ ᠵᠡᠭᠡᠯᠢ︾᠎ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠴᠠ ᠶᠠᠮᠠᠷ  ᠪᠤᠯᠤᠭᠠᠳ ᠪᠠᠶᠢᠨ᠎ᠠ︖ ᠪᠠᠷᠢᠮᠵᠢᠶ᠎ᠠ ᠨᠢ ᠶᠠᠭᠤ ᠪᠣᠢ︖      ᠵᠣᠴᠢᠮᠠᠳ᠄  ᠬᠤᠸᠠᠩ ᠹᠧᠩ ᠱᠠᠨ      2016 ᠣᠨ ᠤ 6 ᠰᠠᠷ᠎ᠠ ᠶᠢᠨ 21᠎ ᠤ ᠡᠳᠦᠷ᠂ ︽ᠬᠥᠨᠳᠡᠯᠡᠨ ᠭᠤᠯᠳᠤ ᠵᠡᠭᠡᠯᠢ︾᠎ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠭᠳᠠᠪᠠ᠃ ᠡᠮᠦᠨ᠎ᠡ ᠬᠤᠭᠤᠴᠠᠭᠠᠨ ᠎ ᠤ ᠪᠠᠶᠢᠴᠠᠭᠠᠠ ᠰᠣᠳᠣᠯᠤᠯᠲᠠ᠂ ᠬᠢᠨᠠᠨ ᠰᠢᠯᠭᠠᠬᠤ ᠪᠠ ᠬᠡᠯᠡᠯᠴᠡᠭᠡᠷ  ᠬᠢᠬᠦ ᠪᠠᠷ ᠲᠠᠮᠵᠢᠨ᠂ ᠲᠣᠭᠤᠷᠢᠭ ᠤᠨ ᠨᠠᠮ ᠵᠠᠰᠠᠭ ᠢᠶᠠᠷ ᠵᠥᠪᠰᠢᠶᠡᠷᠡᠭᠦᠯᠦᠭᠡᠳ᠂ ᠱᠠᠨᠳᠦ᠋ᠩ ᠤᠨ ᠺᠠᠢ ᠷᠦᠢ ᠢᠳᠡᠭᠡᠨ ᠤᠮᠳᠠᠭᠠᠨ ᠤ ᠪᠦᠯᠦᠭᠯᠡᠯ ᠢ ᠤᠷᠢᠵᠥ ᠣᠷᠣᠭᠤᠯᠤᠨ᠂  ᠵᠠᠬ᠎ᠠ ᠵᠡᠭᠡᠯᠢ ᠳᠤ ᠲᠤᠰᠬᠠᠶᠢᠵᠢᠭᠰᠠᠨ ᠲᠥᠯᠥᠪᠵᠢᠭᠦᠯᠭᠡ᠂ ᠠᠷᠠᠯᠵᠢᠶᠠᠴᠢᠨ ᠤᠷᠢᠬᠤ᠂ ᠡᠵᠡᠩᠨᠡᠯᠲᠡ ᠪᠠ ᠬᠠᠮᠢᠶᠠᠷᠤᠯᠲᠠ ᠬᠢᠯᠭᠡᠭᠰᠡᠨ ᠪᠠᠶᠢᠨ᠎ᠠ᠃ 2016 ᠤᠨ ᠤ 9 ᠰᠠᠷ᠎ᠠ ᠺᠠᠢ ᠷᠦᠢ ᠪᠦᠯᠦᠭᠯᠡᠯ  ︽ᠬᠥᠨᠳᠡᠯᠡᠨ ᠭᠤᠯᠳᠤ ᠵᠡᠭᠡᠯᠢ︾᠎ ᠎ ᠳᠤ ᠠᠵᠢᠯ ᠲᠥᠷᠥᠯ ᠤᠨ  ᠪᠠᠶᠢᠴᠠᠭᠠᠨ ᠰᠤᠳᠤᠯᠤᠯᠲᠠ ᠲᠥᠯᠥᠪᠵᠢᠭᠦᠯᠭᠡ  ᠬᠢᠬᠦ᠂ ᠠᠷᠠᠯᠵᠢᠶᠠᠴᠢᠨ ᠤᠷᠢᠬᠤ ᠠᠵᠢᠯ ᠢᠶᠠᠨ ᠡᠬᠢᠯᠡᠭᠦᠯᠪᠡ᠃      ᠠᠵᠢᠯ ᠲᠥᠷᠥᠯ ᠤᠨ ᠠᠷᠠᠯᠵᠢᠶᠠᠴᠢᠨ ᠤᠷᠢᠬᠤ ᠠᠵᠢᠯ ᠢ 2016 ᠤᠨ ᠤ 8 ᠰᠠᠷ᠎ᠠ ᠠᠴᠠ ᠵᠢᠩᠬᠢᠨᠢ ᠪᠠᠷ  ᠡᠬᠢᠯᠡᠭᠦᠯᠵᠡᠢ᠂ ᠬᠥᠨᠳᠡᠯᠡᠨ ᠵᠡᠭᠡᠯᠢ ᠶᠢ ᠨᠠᠷᠠᠲᠤ ᠢᠳᠡᠭᠡᠨ ᠢᠶᠠᠷ ᠭᠤᠣᠯ ᠪᠣᠯᠭᠠᠵᠤ᠂ ᠭᠤᠯᠳᠤ ᠵᠡᠭᠡᠯᠢ ᠶᠢ ᠳᠥᠭᠦᠮ ᠢᠳᠡᠭᠡᠨ ᠢᠶᠠᠷ  ᠭᠤᠤᠯᠯᠠᠭᠤᠯᠪᠠ᠃ ᠨᠠᠷᠠᠲᠤ ᠲᠡᠮᠳᠡᠭᠳᠥ ᠵᠦᠢᠯᠡᠰ ᠢ ᠣᠷᠣᠭᠤᠯᠬᠤ ᠶᠠᠪᠤᠴᠠ ᠳᠤ᠂ ᠪᠢᠳᠡ ᠰᠤᠩᠭᠤᠯᠲᠠ ᠲᠠᠢ ᠪᠠᠷ ᠣᠷᠣᠭᠤᠯᠬᠤ ᠶᠢ ᠪᠠᠷᠢᠮᠲᠠᠯᠠᠵᠤ  ᠪᠦᠳᠦᠭᠡᠯᠴᠢ ᠪᠠᠷ ᠭᠦᠭᠵᠢᠭᠦᠯᠦᠨ᠂ ᠪᠦᠬᠦ ᠤᠯᠤᠰ ᠤᠨ ᠬᠡᠪᠴᠢᠶᠡᠨ᠎ᠡ ᠠᠷᠠᠯᠵᠢᠶᠠᠴᠢᠨ ᠤᠷᠢᠵᠤ᠂ ᠨᠢᠭᠡ ᠳᠤ ᠢᠳᠡᠭᠡᠨ ᠤ ᠰᠣᠶᠣᠯ ᠤᠨ ᠡᠯᠪᠡᠭ ᠪᠠᠶᠠᠯᠢᠭ᠂ ᠡᠮᠦᠨ᠎ᠡ ᠤᠮᠠᠷ᠎ᠠ ᠶᠢᠨ ᠦᠨᠦᠷ ᠠᠮᠲᠠ᠂ ᠨᠠᠢᠮᠠᠨ ᠶᠡᠭᠡ ᠨᠣᠭᠤᠭ᠎ᠠ ᠶᠢᠨ ᠲᠥᠷᠥᠯ ᠤᠨ ᠠᠭᠤᠰᠤᠯᠴᠠᠭ᠎ᠠ ᠶᠢ ᠢᠯᠡᠷᠡᠭᠦᠯᠦᠭᠰᠡᠨ ᠪᠠᠶᠢᠬᠤ  ᠂ ᠬᠤᠶᠠᠷ ᠲᠤ ᠬᠤᠭᠤᠯᠠ ᠤᠮᠳᠠ ᠶᠢᠨ ᠲᠥᠷᠥᠯ ᠵᠦᠢᠯ ᠎ ᠨᠢ ᠪᠣᠰᠤᠳ ᠠᠴᠠ ᠢᠯᠭᠠᠭᠳᠠᠬᠤ ᠦᠪᠡᠷᠮᠢᠴᠠ ᠴᠢᠨᠠᠷ ᠎ ᠲᠠᠢ ᠪᠠᠶᠢᠵᠥ᠂ ︽ ᠪᠤᠰᠤᠳ ᠲᠤ  ᠪᠠᠶᠢᠬᠤ ᠦᠭᠡᠢ  ᠴᠤ ᠨᠠᠳᠠ ᠪᠠᠶᠢᠬᠤ᠂  ᠪᠤᠰᠤᠳ ᠲᠤ ᠪᠠᠶᠢᠪᠠᠯ  ᠮᠢᠨᠥᠬᠢ ᠤᠯᠠᠮ ᠨᠠᠷᠢᠯᠢᠭ ᠪᠠᠶᠢᠬᠤ᠂  ᠪᠤᠰᠤᠳ ᠤᠨ ᠬᠢ ᠨᠠᠷᠢᠯᠢᠭ ᠪᠠᠶᠢᠪᠠᠯ ᠮᠢᠨᠤᠬᠢ ᠣᠨᠴᠠ ᠶᠢᠨ ᠰᠢᠯᠢᠳᠡᠭ  ᠪᠠᠶᠢᠬᠤ︾᠎ ᠶᠢ ᠪᠡᠶᠡᠯᠡᠭᠦᠯᠬᠦ  ᠂ ᠭᠤᠷᠪᠠ ᠳᠤ  ᠬᠤᠭᠤᠯᠠ ᠤᠮᠳᠠ ᠶᠢᠨ ᠠᠵᠢᠯ ᠲᠥᠷᠥᠯ ᠤᠨ  ᠪᠦᠳᠦᠭᠡᠯᠴᠢ ᠴᠢᠨᠠᠷ ᠢ ᠢᠯᠡᠷᠡᠭᠦᠯᠵᠦ᠂ ︽ᠣᠯᠠᠨ ᠢᠶᠠᠷ ᠢᠶᠠᠨ ᠦᠢᠯᠡᠰ ᠪᠣᠰᠬᠠᠵᠤ᠂ ᠲᠦᠮᠡᠨ ᠢᠶᠠᠷ ᠢᠶᠠᠨ ᠰᠢᠨ᠎ᠡ ᠶᠢ ᠡᠭᠦᠳᠬᠦ︾ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠲᠠᠢ ᠤᠶᠠᠯᠳᠤᠭᠤᠯᠤᠨ᠂ ᠣᠷᠣᠨ ᠨᠤᠲᠤᠭ ᠤᠨ ᠨᠠᠷᠠᠲᠤ  ᠤᠭᠢ ᠬᠤᠭᠤᠯᠠ ᠤᠮᠳᠠ ᠶᠢ ᠥᠷᠭᠡᠨ ᠢᠶᠠᠷ  ᠪᠤᠶᠢᠵᠢᠭᠤᠯᠤᠨ  ᠭᠦᠭᠵᠢᠭᠦᠯᠦᠨ᠎ᠡ᠃ ᠣᠳᠣ ᠪᠣᠯᠲᠠᠯ᠎ᠠ᠂ ᠪᠢᠳᠡ ᠬᠥᠨᠳᠡᠯᠡᠨ ᠵᠡᠭᠡᠯᠢ ᠳᠤ 14 ᠡᠵᠡᠩᠨᠡᠯᠲᠡ ᠶᠢᠨ ᠡᠷᠦᠬᠡ ᠤᠷᠢᠨ ᠣᠷᠣᠭᠤᠯᠵᠤ᠂ 6 ᠡᠷᠦᠬᠡ ᠨᠢ ᠰᠢᠨᠡᠳᠬᠡᠨ ᠵᠠᠰᠠᠵᠤ ᠪᠠᠶᠢᠬᠤ ᠠᠴᠠ ᠥᠭᠡᠷ᠎ᠡ ᠨᠢ ᠪᠦᠷ ᠡᠷᠦᠬᠡ ᠪᠠᠨ ᠰᠡᠬᠦᠵᠦ ᠨᠡᠭᠡᠭᠡᠭᠰᠡᠨ ᠪᠠᠶᠢᠨ᠎ᠠ᠃ ᠭᠤᠯᠳᠤ ᠵᠡᠭᠡᠯᠢ ᠳᠤ 20 ᠡᠷᠦᠬᠡ ᠤᠷᠢᠨ ᠣᠷᠣᠭᠤᠯᠵᠤ᠂15 ᠡᠷᠦᠬᠡ ᠨᠢ ᠰᠢᠨᠡᠳᠬᠡᠨ ᠵᠠᠰᠠᠵᠤ᠂10 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠷ ᠡᠷᠦᠬᠡ ᠪᠠᠨ ᠰᠡᠬᠦᠵᠦ ᠵᠣᠴᠢᠨ ᠤᠭᠲᠤᠬᠤ ᠪᠠᠷ ᠪᠣᠢ᠃ ᠡᠳᠡᠭᠡᠷ ᠨᠢ ︽ᠬᠥᠨᠳᠡᠯᠡᠨ ᠭᠤᠯᠳᠤ ᠵᠡᠭᠡᠯᠢ︾᠎ ᠶᠢᠨ ᠨᠠᠷᠠᠲᠤ ᠢᠳᠡᠭᠡᠨ᠂ ᠳᠥᠭᠦᠮ ᠬᠤᠭᠤᠯᠠ ᠶᠢ ᠵᠡᠷᠭᠡᠪᠡᠷ ᠬᠥᠭᠵᠢᠭᠦᠯᠦᠨ᠂ ᠦᠢᠯᠡᠰ ᠪᠣᠰᠬᠠᠨ ᠪᠠᠶᠠᠵᠢᠯ ᠤᠨ ᠵᠠᠮ ᠳᠠᠭᠠᠨ ᠣᠷᠣᠭᠰᠠᠨ ᠢ ᠬᠠᠷᠠᠭᠤᠯᠵᠤ ᠪᠠᠶᠢᠬᠤ ᠶᠤᠮ᠃      ᠬᠥᠲᠥᠯᠥᠭᠴᠢ᠄ ︽ᠬᠥᠨᠳᠡᠯᠡᠨ ᠭᠤᠯᠳᠤ ᠵᠡᠭᠡᠯᠢ︾ ᠬᠡᠷᠬᠢᠨ ᠲᠦᠭᠡᠮᠡᠯᠵᠢᠭᠦᠯᠦᠯᠲᠡ ᠪᠠ ᠡᠵᠡᠩᠨᠡᠯᠲᠡ ᠬᠢᠭᠰᠡᠨ ᠪᠣᠢ︖      ᠵᠣᠴᠢᠮᠠᠳ᠄ ᠬᠤᠸᠠᠩ ᠹᠧᠩ ᠱᠠᠨ      ᠪᠢᠳᠡ ︽ᠬᠥᠨᠳᠡᠯᠡᠨ ᠭᠤᠯᠳᠤ ᠵᠡᠭᠡᠯᠢ︾᠎ ᠶᠢᠨ ᠲᠤᠬᠠᠢ  ᠤᠬᠠᠭᠤᠯᠭ᠎ᠠ ᠶᠢ ᠲᠦᠭᠡᠮᠡᠯᠵᠢᠭᠦᠯᠬᠦ ᠳᠡᠭᠡᠨ ᠭᠤᠣᠯ  ᠵᠠᠭᠤᠴᠢᠯᠠᠭᠤᠷ ᠪᠠ ᠢᠨᠲ᠋ᠧᠷ ᠰᠦᠯᠵᠢᠶ᠎ᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠧᠯᠸᠢᠰ ᠷᠠᠳᠢᠣ᠋ ᠪᠠᠷ ᠭᠤᠣᠯᠳᠠᠯᠭ᠎ᠠ ᠪᠣᠯᠭᠠᠨ᠂ ᠤᠷᠢᠳ ᠬᠤᠵᠢᠳ ︽ᠪᠤᠭᠤ ᠲᠠᠢ ᠬᠤᠲᠠ ᠶᠢᠨ ᠠᠷᠪᠠᠨ ᠶᠡᠭᠡ ᠨᠠᠷᠠᠲᠤ ᠳᠥᠭᠦᠮ ᠢᠳᠡᠭᠡᠨ ᠢ ᠡᠷᠢᠵᠦ ᠢᠯᠡᠷᠡᠭᠦᠯᠬᠦ ᠰᠣᠶᠣᠯ ᠤᠨ ᠠᠵᠢᠯᠯᠠᠭᠠᠨ︾᠎ ᠢ ᠥᠷᠨᠢᠭᠦᠯᠵᠦ᠂ ︽ᠬᠥᠨᠳᠡᠯᠡᠨ ᠭᠤᠯᠳᠤ ᠵᠡᠭᠡᠯᠢ ᠶᠢᠨ ᠠᠮᠲᠠᠲᠤ ᠢᠳᠡᠭᠡᠨ︾ ᠭᠡᠬᠦ ᠫᠷᠣᠭ᠍ᠷᠠᠮ ᠦᠢᠯᠡᠳᠴᠦ᠂ ᠲᠥᠪ ᠤᠨ ᠲᠧᠯᠸᠢᠰ ᠬᠤᠷᠢᠶᠠᠨ ᠤ ᠬᠤᠶᠠᠳᠤᠭᠠᠷ ᠰᠤᠪᠠᠭ ᠤᠨ ᠬᠡᠷᠡᠭᠯᠡᠭᠡᠨ ᠤ ᠵᠣᠷᠢᠯᠲᠠ ᠪᠤᠯᠤᠩ ᠲᠠᠢ ᠬᠠᠮᠵᠢᠯᠴᠠᠨ ᠤᠬᠠᠭᠤᠯᠤᠯ ᠮᠡᠳᠡᠭᠡᠯᠡᠯ ᠬᠢᠭᠰᠡᠨ ᠪᠠᠶᠢᠨ᠎ᠠ᠃ ︽ᠬᠥᠨᠳᠡᠯᠡᠨ ᠭᠤᠯᠳᠤ ᠵᠡᠭᠡᠯᠢ ᠶᠢᠨ ᠦᠪᠡᠷ ᠤᠨ ᠵᠠᠭᠤᠴᠢᠯᠠᠭᠤᠷ ᠬᠤᠯᠪᠣᠭᠠᠯᠠᠯ︾ ᠎ ᠢ ᠪᠠᠶᠢᠭᠤᠯᠵᠤ᠂ ︽ᠪᠤᠭᠤᠲᠤ ᠶᠢᠨ ᠦᠪᠡᠷ ᠤᠨ ᠵᠠᠭᠤᠴᠢᠯᠠᠭᠤᠷ ᠬᠥᠨᠳᠡᠯᠡᠨ ᠭᠤᠯᠳᠤ ᠵᠡᠭᠡᠯᠢ ᠳᠤ ᠭᠦᠨᠵᠡᠭᠡᠶᠢᠷᠡᠬᠦ  ᠠᠵᠢᠯᠯᠠᠭ᠎ᠠ︾ ᠎ ᠶᠢ ᠥᠷᠨᠢᠭᠦᠯᠵᠦ᠂ ᠲᠣᠣᠷ ᠰᠦᠯᠵᠢᠶ᠎ᠡ ᠪᠠᠷ ᠳᠠᠮᠵᠢᠨ ᠤᠬᠠᠭᠤᠯᠭ᠎ᠠ ᠬᠢᠪᠡ᠃ 7 ᠰᠠᠷ᠎ᠠ ᠶᠢᠨ 1᠎ ᠤ ᠡᠳᠦᠷ  ᠂ ᠳᠤᠮᠳᠠᠳᠤ ᠤᠯᠤᠰ ᠤᠨ ᠬᠠᠭᠤᠷᠤᠯᠭ᠎ᠠ ᠬᠠᠭᠠᠷᠢᠯᠭ᠎ᠠ ᠶᠢᠨ ᠨᠡᠶᠢᠭᠡᠮᠯᠢᠭ ᠤᠨ ᠦᠢᠯᠡᠴᠢᠯᠡᠭᠡᠨ ᠤ ᠵᠥᠪᠯᠡᠯ ᠲᠠᠢ ᠬᠠᠮᠲᠤᠷᠠᠨ ︽ᠵᠢᠦ ᠶᠤᠸᠠᠨ ᠲᠣᠭᠤᠷᠢᠭ ᠤᠨ ᠬᠤᠭᠤᠯᠠ ᠤᠮᠳᠠ ᠶᠢᠨ ᠦᠢᠯᠡᠴᠢᠯᠡᠭᠡᠨ ᠤ ᠰᠠᠭᠤᠷᠢ ᠶᠤᠰᠤ ᠪᠣᠯᠪᠠᠰᠤᠷᠠᠯ ᠤᠨ ᠠᠩᠬᠢ︾ ᠡᠷᠬᠢᠯᠡᠨ ᠪᠦᠬᠦ ᠲᠣᠭᠤᠷᠢᠭ ᠤᠨ 80 ᠢᠯᠡᠭᠦᠦ ᠡᠷᠦᠬᠡ ᠬᠤᠭᠤᠯᠠ ᠤᠮᠳᠠ ᠶᠢᠨ ᠠᠵᠦ ᠠᠬᠤᠶᠢᠯᠠᠯ ᠤᠨ ᠬᠠᠮᠢᠶᠠᠷᠤᠯᠲᠠ ᠪᠠ ᠦᠢᠯᠡᠴᠢᠯᠡᠭᠡᠨ ᠤ 160 ᠭᠠᠷᠤᠢ ᠬᠥᠮᠥᠰ ᠢ ᠪᠣᠯᠪᠠᠰᠤᠷᠠᠭᠤᠯᠤᠭᠰᠠᠨ ᠪᠠᠶᠢᠨ᠎ᠠ᠃ 8 ᠰᠠᠷ᠎ᠠ ᠶᠢᠨ17᠎ ᠤ ᠡᠳᠦᠷ᠂ ᠪᠢᠳᠡ ︽ᠳᠤᠮᠳᠠᠳᠤ ᠤᠯᠤᠰ ᠪᠤᠭᠤᠲᠤ ᠶᠢᠨ ᠭᠤᠷᠪᠠᠳᠡᠬᠢ ᠬᠤᠭᠤᠴᠠᠭᠠᠨ ᠤ ᠣᠯᠠᠨ ᠤᠯᠤᠰ ᠤᠨ ᠦᠬᠡᠷ ᠬᠤᠨᠢᠨ ᠮᠢᠬᠠᠨ ᠤ ᠠᠵᠦ ᠦᠢᠯᠡᠰ ᠤᠨ ᠶᠡᠭᠡ ᠬᠤᠷᠠᠯ︾᠎ ᠤᠨ ᠲᠣᠬᠢᠶᠠᠯ ᠢ ᠡᠵᠡᠮᠳᠡᠨ᠂ ᠪᠦᠬᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ150 ᠭᠠᠷᠤᠢ ᠨᠡᠷᠡᠰ  ᠬᠤᠭᠤᠯᠠ ᠤᠮᠳᠠ ᠶᠢᠨ ᠠᠵᠦ ᠠᠬᠤᠶᠢᠯᠠᠯᠲᠠᠨ ᠢ ᠤᠷᠢᠵᠤ᠂ ︽ᠬᠥᠨᠳᠡᠯᠡᠨ ᠭᠤᠯᠳᠤ ᠵᠡᠭᠡᠯᠢ ᠶᠢᠨ ᠲᠤᠬᠠᠢ ᠲᠠᠨᠢᠯᠴᠠᠭᠤᠯᠭ᠎ᠠ︾᠎ ᠶᠢᠨ ᠠᠵᠢᠯᠯᠠᠭᠠᠨ ᠢ ᠥᠷᠨᠢᠭᠦᠯᠪᠡ᠃ ᠣᠷᠴᠢᠮ ᠪᠠᠰᠠ ᠥᠪᠡᠷᠲᠡᠭᠡᠨ ᠵᠠᠰᠠᠬᠤ ᠣᠷᠣᠨ ᠤ 2017 ᠤᠨ ᠤ ︽ᠣᠯᠠᠨ ᠢᠶᠠᠷ ᠢᠶᠠᠨ ᠦᠢᠯᠡᠰ ᠪᠣᠰᠬᠠᠵᠤ᠂  ᠲᠦᠮᠡᠨ ᠢᠶᠠᠷ ᠢᠶᠠᠨ ᠰᠢᠨ᠎ᠡ ᠶᠢ ᠡᠭᠦᠳᠬᠦ︾  ᠰᠢᠷᠢᠰ ᠤᠬᠠᠭᠤᠯᠭ᠎ᠠ ᠳᠤ ᠣᠷᠣᠯᠴᠠᠭᠰᠠᠨ ᠪᠠᠶᠢᠨ᠎ᠠ᠃ 10 ᠰᠠᠷᠠᠶᠢᠨ18-28᠎ ᠤ ᠡᠳᠦᠷ ᠪᠣᠯᠲᠠᠯ᠎ᠠ᠂ ᠨᠠᠷᠠᠲᠤ ᠬᠤᠭᠤᠯᠠ ᠤᠮᠳᠠ ᠶᠢᠨ ᠠᠵᠦ ᠠᠬᠤᠶᠢᠯᠠᠯ ᠪᠠ ᠬᠥᠨᠳᠡᠯᠡᠨ ᠭᠤᠯᠳᠤ ᠵᠡᠭᠡᠯᠢ ᠳᠠᠬᠢ ᠬᠤᠭᠤᠯᠠ ᠤᠮᠳᠠ ᠶᠢᠨ ᠠᠵᠦ ᠠᠬᠤᠶᠢᠯᠠᠯ ᠢ ᠵᠣᠬᠢᠶᠠᠨ ᠪᠠᠶᠢᠭᠤᠯᠵᠤ ︽ᠳᠤᠮᠳᠠᠳᠤ ᠤᠯᠤᠰ ᠤᠨ ᠬᠤᠭᠤᠯᠠ ᠤᠮᠳᠠ ᠶᠢᠨ ᠦᠢᠯᠡᠴᠢᠯᠡᠭᠡᠨ ᠤ ᠶᠠᠷᠢᠶᠠᠨ ᠤ ᠲᠠᠪᠴᠠᠩ︾᠂ ︽ᠳᠤᠮᠳᠠᠳᠤ ᠤᠯᠤᠰ ᠤᠨ ᠬᠤᠭᠤᠯᠠ ᠤᠮᠳᠠ ᠶᠢᠨ ᠮᠠᠩᠯᠠᠶᠢᠯᠠᠭᠴᠢ ᠶᠢᠨ ᠰᠤᠳᠤᠯᠭᠠᠨ ᠤ ᠬᠥᠨᠳᠡᠯᠡᠨ ᠭᠤᠯᠳᠤ ᠵᠡᠭᠡᠯᠢ ᠶᠢᠨ ᠰᠢᠨ᠎ᠡ ᠶᠢ ᠡᠭᠦᠳᠦᠨ ᠦᠢᠯᠡᠰ ᠪᠣᠰᠬᠠᠬᠤ ᠶᠠᠷᠢᠶᠠᠨ ᠤ ᠲᠠᠪᠴᠠᠩ︾ ᠵᠡᠷᠭᠡ ︽2017 ᠣᠨ ᠤ ᠵᠢᠦ ᠶᠤᠸᠠᠨ ᠲᠣᠭᠤᠷᠢᠭ ᠤᠨ ᠬᠥᠨᠳᠡᠯᠡᠨ ᠭᠤᠯᠳᠤ ᠵᠡᠭᠡᠯᠢ ᠶᠢᠨ ᠵᠢᠯ ᠤᠨ ᠠᠵᠢᠯᠯᠠᠭ᠎ᠠ︾᠎ ᠶᠢᠨ ᠰᠢᠷᠢᠰ ᠬᠥᠳᠡᠯᠭᠡᠭᠡᠨ ᠳᠤ ᠣᠷᠣᠯᠴᠠᠭᠤᠯᠤᠭᠰᠠᠨ ᠪᠠᠶᠢᠨ᠎ᠠ᠃      ᠡᠭᠦᠨ ᠠᠴᠠ ᠭᠠᠳᠠᠨ᠎ᠠ᠂ ᠲᠦᠷᠢᠶᠡᠰᠦᠨ ᠮᠠᠰᠢᠨ ᠤ ᠠᠪᠰᠠᠷ ᠵᠠᠷ ᠮᠡᠳᠡᠭᠡ ᠪᠠᠷ ᠤᠬᠠᠭᠤᠯᠭ᠎ᠠ ᠬᠢᠵᠦ᠂ ᠰᠠᠶᠢᠬᠠᠨᠲᠠᠯ᠎ᠠ ᠶᠢᠨ ᠨᠡᠶᠢᠲᠡ ᠶᠢᠨ ᠮᠠᠰᠢᠨ ᠤ ᠥᠷᠲᠡᠭᠡ ᠵᠣᠭᠰᠣᠭᠠᠯ ᠳᠤ ᠲᠤᠰᠬᠠᠢ ᠪᠤᠯᠤᠩ  ᠭᠠᠷᠭᠠᠨ᠂ 210 ᠤᠯᠤᠰ ᠤᠨ ᠵᠠᠮ᠂ ᠪᠦᠲᠦᠭᠡᠨ ᠪᠠᠶᠢᠭᠤᠯᠤᠯᠲᠠ ᠵᠠᠮ᠂ ᠱᠠ ᠾᠧ ᠵᠡᠭᠡᠯᠢ᠂ ᠪᠣᠯᠪᠠᠰᠤᠨ ᠵᠠᠮ ᠵᠡᠷᠭᠡ ᠭᠤᠣᠯ ᠪᠣᠯᠬᠤ ᠵᠠᠮ ᠤᠨ ᠬᠡᠰᠡᠭ ᠲᠤ ᠲᠤᠰᠬᠠᠢ  ᠵᠢᠭᠠᠨ ᠭᠦᠳᠦᠯᠬᠦ ᠫᠠᠶᠢᠰᠠ ᠭᠠᠷᠭᠠᠭᠰᠠᠨ ᠪᠢᠯᠡ᠃ ᠪᠢᠳᠡ ᠣᠯᠠᠨ ᠲᠠᠯ᠎ᠠ ᠶᠢᠨ ᠠᠷᠭ᠎ᠠ ᠵᠠᠮ ᠰᠦᠪᠡᠭᠴᠢᠯᠡᠨ᠂ ᠲᠤᠰᠬᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ ᠠᠴᠠ  ᠬᠠᠩᠭᠠᠮᠵᠢᠲᠠᠢ ᠦᠷ᠎ᠡ ᠪᠦᠲᠦᠭᠡᠯ ᠣᠯᠣᠭᠰᠠᠨ ᠪᠠᠶᠢᠨ᠎ᠠ᠃      ᠬᠥᠨᠳᠡᠯᠡᠨ ᠭᠤᠯᠳᠤ ᠵᠡᠭᠡᠯᠢ ᠶᠢᠨ ᠳᠡᠰ ᠪᠠᠷᠢᠮᠵᠢᠶ᠎ᠠ᠂ ᠶᠠᠰᠤ ᠴᠢᠨᠠᠷ᠂ ᠡᠵᠡᠩᠨᠡᠯᠲᠡ ᠶᠢᠨ ᠦᠷ᠎ᠡ ᠠᠰᠢᠭ ᠢ ᠪᠠᠲᠤᠯᠠᠬᠤ ᠶᠢᠨ ᠲᠥᠯᠥᠭᠡ᠂ ᠪᠢᠳᠡ ︽ᠬᠠᠮᠢᠶᠠᠷᠤᠯᠲᠠ ᠶᠢᠨ ᠵᠥᠪᠯᠡᠯ ᠪᠣᠯᠣᠨ ᠠᠷᠠᠯᠵᠢᠶ᠎ᠠ ᠡᠵᠡᠩᠨᠡᠯᠲᠡ ᠶᠢᠨ ᠬᠠᠮᠢᠶᠠᠷᠤᠯᠲᠠ ᠶᠢᠨ ᠺᠣᠮᠫᠠᠨᠢ︾ ᠵᠡᠷᠭᠡ ᠶᠢ ᠵᠣᠬᠢᠶᠠᠨ ᠪᠠᠶᠢᠭᠤᠯᠵᠤ᠂ ᠱᠠᠨᠳᠦ᠋ᠩ ᠤᠨ ᠺᠠᠢ ᠷᠦᠢ ᠢᠳᠡᠭᠡᠨ ᠤᠮᠳᠠᠭᠠᠨ ᠤ ᠪᠦᠯᠦᠭᠯᠡᠯ ᠲᠠᠢ ᠬᠠᠮᠵᠢᠯᠴᠠᠨ᠂ ᠬᠥᠨᠳᠡᠯᠡᠨ ᠭᠤᠯᠳᠤ ᠵᠡᠭᠡᠯᠢ ᠶᠢᠨ ᠡᠳ᠋ᠯᠡᠩ ᠲᠦᠷᠢᠶᠡᠰᠥᠨ ᠤ ᠬᠠᠮᠢᠶᠠᠷᠤᠯᠲᠠ᠂ ᠠᠷᠠᠯᠵᠢᠶᠠᠴᠢᠨ ᠤᠷᠢᠬᠤ ᠵᠡᠷᠭᠡ ᠶᠢ ᠶᠠᠪᠤᠭᠳᠠᠭᠤᠯᠬᠤ ᠶᠢᠨ ᠬᠠᠮᠲᠤ ︽ᠳᠥᠷᠪᠡᠨ ᠨᠢᠭᠡᠲᠦᠯᠲᠠᠢ ᠪᠠᠶᠢᠬᠤ︾ ᠬᠡᠯᠪᠡᠷᠢ ᠪᠠᠷ ᠲᠤᠰᠬᠠᠶᠢᠵᠢᠭᠰᠠᠨ ᠡᠵᠡᠩᠨᠡᠯᠲᠡ  ᠬᠠᠮᠢᠶᠠᠷᠤᠯᠲᠠ ᠶᠢ ᠶᠠᠪᠤᠭᠳᠠᠭᠤᠯᠪᠠ᠃ ᠡᠵᠡᠩᠨᠡᠯᠲᠡ ᠶᠢᠨ ᠡᠩᠨᠡᠭᠡ ᠪᠦᠯᠬᠦᠮ ᠨᠢ ᠳᠠᠷᠠᠭ᠎ᠠ ᠠᠯᠬᠤᠮ ᠳᠤ ᠠᠷᠠᠯᠵᠢᠶᠠᠴᠢᠨ ᠤᠷᠢᠬᠤ ᠪᠠ ᠡᠵᠡᠩᠨᠡᠯᠲᠡ ᠶᠢᠨ ᠠᠶᠢᠵᠠᠮ ᠪᠠᠨ ᠲᠣᠬᠢᠷᠠᠭᠤᠯᠤᠨ ᠲᠣᠭᠲᠠᠭᠰᠠᠨ ᠬᠤᠭᠤᠴᠠᠭᠠᠨ ᠳᠤ   ᠭᠤᠣᠯ ᠰᠡᠳᠥᠪᠳᠥ  ᠪᠠᠶᠠᠯᠢᠭ ᠠᠭᠤᠯᠭ᠎ᠠ ᠪᠦᠬᠦᠢ ᠠᠷᠠᠯᠵᠢᠶ᠎ᠠ ᠬᠤᠳᠠᠯᠳᠤᠭᠠᠨ ᠤ ᠪᠣᠷᠣᠯᠠᠭᠤᠯᠭ᠎ᠠ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ᠂ ᠬᠥᠨᠳᠡᠯᠡᠨ ᠭᠤᠯᠳᠤ ᠵᠡᠭᠡᠯᠢ ᠶᠢᠨ  ᠦᠷᠭᠦᠯᠵᠢᠳᠡ ᠬᠥᠭᠵᠢᠶᠡᠨ ᠲᠠᠢ ᠪᠠᠶᠢᠬᠤ ᠶᠢ ᠪᠠᠲᠤᠯᠠᠨ᠎ᠠ᠃      ᠬᠥᠲᠥᠯᠥᠭᠴᠢ᠄ ︽ᠬᠥᠨᠳᠡᠯᠡᠨ ᠭᠤᠯᠳᠤ ᠵᠡᠭᠡᠯᠢ︾ ᠎ ᠶᠢᠨ ᠠᠩᠬᠠᠳᠠᠭᠴᠢ ᠨᠡᠭᠡᠭᠡᠯᠲᠡ  ᠶᠢᠨ ᠠᠵᠢᠯ ᠨᠢᠭᠡᠨᠲᠡ ᠡᠬᠢᠯᠡᠪᠡ᠂ ᠳᠠᠷᠠᠭ᠎ᠠ ᠠᠯᠬᠤᠮ ᠤᠨ ᠠᠵᠢᠯ ᠢᠶᠠᠨ ᠶᠠᠭᠠᠬᠢᠵᠤ ᠥᠷᠨᠢᠭᠦᠯᠬᠦ ᠪᠠᠷ ᠲᠥᠯᠥᠪᠯᠡᠵᠦ ᠪᠠᠶᠢᠬᠤ ᠪᠣᠢ︖      ᠵᠣᠴᠢᠮᠠᠳ᠄ ᠬᠤᠸᠠᠩ ᠹᠧᠩ ᠱᠠᠨ      ᠬᠤᠵᠢᠮ ᠪᠢᠳᠡ ︽ᠲᠤᠭᠤᠷᠢᠨ ᠵᠤᠭᠠᠴᠠᠬᠤ︾ ᠠᠭᠤᠯᠭ᠎ᠠ ᠎ ᠶᠢ ᠣᠷᠤᠭᠤᠯᠤᠨ ᠰᠣᠶᠣᠯ ᠵᠤᠭᠠᠴᠠᠯ ᠤᠨ ᠡᠯᠧᠮᠧᠨ᠋ᠲ ᠢ ᠨᠡᠮᠡᠭᠳᠡᠭᠦᠯᠦᠨ᠎ᠡ᠂ ᠵᠢᠱᠢᠶᠡᠯᠡᠪᠡᠯ᠂ ᠦᠨᠳᠦᠰᠦᠲᠡᠨ ᠤ ᠣᠨᠴᠠᠯᠢᠭ ᠲᠠᠢ ᠪᠠᠷᠠᠭ᠎ᠠ ᠲᠠᠸᠠᠷ ᠤᠨ ᠳᠡᠯᠭᠡᠭᠦᠷ᠂  ᠺᠤᠹᠢ ᠨᠣᠮ ᠤᠨ ᠪᠠᠭᠠᠷ᠂ ᠣᠨᠴᠠᠯᠢᠭᠲᠤ ᠳᠡᠯᠭᠡᠨ ᠦᠵᠡᠭᠦᠯᠦᠯᠭᠡ᠂ ᠰᠣᠶᠣᠯ ᠤᠷᠠᠯᠢᠭ ᠤᠨ ᠳᠡᠯᠭᠡᠨ ᠦᠵᠡᠭᠦᠯᠦᠯᠭᠡ ᠶᠢᠨ ᠲᠥᠪ ᠵᠡᠷᠭᠡ  ᠶᠢ ᠨᠡᠮᠡᠵᠦ ᠭᠠᠷᠭᠠᠨ᠎ᠠ᠃ ᠳᠠᠰ  ᠪᠠᠷᠢᠮᠵᠢᠶ᠎ᠠ ᠳᠡᠭᠡᠭᠰᠢᠯᠡᠭᠰᠡᠨ ᠬᠥᠨᠳᠡᠯᠡᠨ ᠭᠤᠯᠳᠤ ᠵᠡᠭᠡᠯᠢ ᠨᠢ ᠵᠥᠪᠬᠡᠨ ᠨᠢᠭᠡᠨ ᠢᠳᠡᠭᠡᠨ ᠤ ᠵᠡᠭᠡᠯᠢ  ᠲᠡᠳᠦᠢ ᠪᠢᠰᠢ᠂  ᠬᠠᠷᠢᠨ ᠢᠳᠡᠭᠡᠨ ᠤ ᠠᠶᠥᠯᠭᠦᠢ ᠶᠢᠨ ᠵᠢᠱᠢᠶ᠎ᠡ ᠦᠵᠡᠭᠦᠯᠬᠦ ᠵᠡᠭᠡᠯᠢ᠂ ᠣᠨᠴᠠᠯᠢᠭᠲᠤ ᠰᠣᠶᠣᠯ ᠵᠤᠭᠠᠴᠠᠯ ᠤᠨ ᠵᠡᠭᠡᠯᠢ ᠵᠢᠴᠢ ᠭᠤᠷᠪᠠᠳᠤᠭᠠᠷ ᠠᠵᠦ ᠦᠢᠯᠡᠰ ᠤᠨ ᠠᠳᠠᠯ ᠪᠣᠰᠬᠠᠬᠤ ᠰᠢᠨ᠎ᠡ ᠵᠡᠭᠡᠯᠢ  ᠪᠤᠯᠤᠭᠰᠠᠨ ᠶᠤᠮ  ᠃      ᠡᠭᠦᠨ ᠠᠴᠠ ᠭᠠᠳᠠᠨ᠎ᠠ᠂ ᠪᠢᠳᠡ ᠳᠤᠮᠳᠠᠳᠤ ᠤᠯᠤᠰ ᠤᠨ ᠬᠠᠭᠤᠷᠤᠯᠭ᠎ᠠ ᠬᠠᠭᠠᠷᠢᠯᠭ᠎ᠠ ᠶᠢᠨ ᠨᠡᠶᠢᠭᠡᠮᠯᠢᠭ ᠲᠠᠢ ᠬᠠᠮᠵᠢᠯᠴᠠᠭ᠎ᠠ ᠪᠠᠨ ᠪᠠᠲᠤᠳᠬᠠᠵᠤ᠂  ᠲᠤᠰ ᠨᠡᠶᠢᠭᠡᠮᠯᠢᠭ ᠤᠨ ᠠᠵᠢᠯ ᠲᠥᠷᠥᠯ ᠢ ᠵᠣᠬᠢᠶᠠᠨ ᠪᠠᠶᠢᠭᠤᠯᠬᠤ᠂ ᠡᠬᠢ ᠪᠠᠶᠠᠯᠢᠭ ᠢ ᠨᠢᠭᠡᠳᠬᠡᠬᠦ᠂ ᠦᠢᠯᠡᠴᠢᠯᠡᠭᠡ ᠶᠢ ᠵᠢᠯᠣᠭᠤᠳᠬᠤ᠂ ᠰᠤᠷᠠᠭ ᠵᠠᠩᠬᠢ ᠰᠣᠯᠢᠯᠴᠠᠬᠤ ᠵᠡᠷᠭᠡ ᠦᠢᠯᠡᠳᠦᠯ ᠢ ᠨᠢ ᠰᠠᠶᠢᠲᠤᠷ ᠪᠠᠳᠠᠷᠠᠭᠤᠯᠤᠨ᠂ ᠬᠠᠮᠲᠤᠪᠠᠷ ︽ᠬᠥᠨᠳᠡᠯᠡᠨ ᠭᠤᠯᠳᠤ ᠵᠡᠭᠡᠯᠢ︾᠎ ᠶᠢᠨ ᠬᠤᠶᠠᠳᠤᠭᠠᠷ ᠬᠤᠭᠤᠴᠠᠭᠠᠨ ᠤ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠠᠪᠥᠭ᠌ᠳᠠᠭᠤᠯᠤᠨ᠎ᠠ᠃ ᠬᠠᠮᠲᠤᠷᠠᠨ ᠠᠵᠢᠯᠯᠠᠬᠤ ᠵᠥᠪᠳᠡᠯᠴᠡᠭᠡᠷ ᠲᠡᠭᠡᠷ᠎ᠠ 2017 ᠣᠨ ᠤ 4 ᠰᠠᠷᠠᠶᠢᠨ28᠎ ᠤ ᠡᠳᠦᠷ ᠵᠢᠩᠬᠢᠨᠢ ᠪᠠᠷ ᠭᠠᠷ ᠤᠨ ᠦᠰᠦᠭ ᠵᠢᠷᠤᠵᠤ᠂ ᠡᠯ᠎ᠡ ᠲᠠᠯ᠎ᠠ ᠶᠢᠨ ᠠᠵᠢᠯ  ᠶᠠᠭ ᠡᠮᠬᠢ ᠳᠠᠷᠠᠭ᠎ᠠ ᠲᠠᠢ ᠶᠠᠪᠤᠭᠳᠠᠵᠤ ᠪᠠᠶᠢᠨ᠎ᠠ᠃ ᠬᠤᠶᠠᠳᠤᠭᠠᠷ ᠬᠤᠭᠤᠴᠠᠭᠠᠨ ᠤ ᠠᠵᠢᠯ ᠨᠢ ᠨᠢᠭᠡᠳᠦᠭᠡᠷ ᠬᠤᠭᠤᠴᠠᠭᠠᠨ ᠤ ᠪᠠᠨ ᠰᠢᠨᠡᠳᠬᠡᠯ ᠦᠷᠭᠦᠯᠵᠢᠯᠡᠯ ᠪᠣᠯᠣᠨ᠎ᠠ  ᠂ ᠨᠢᠭᠡᠳᠦᠭᠡᠷ ᠬᠤᠭᠤᠴᠠᠭ᠎ᠠ ᠲᠠᠢ ᠪᠠᠨ ᠬᠠᠷᠢᠴᠠᠭᠤᠯᠪᠠᠯ᠂  ᠪᠠᠶᠢᠷᠢᠰᠢᠭᠤᠯᠥᠯᠳᠠ ᠪᠠᠷ ᠨᠡᠩ ᠲᠣᠬᠢᠷᠠᠮᠵᠢᠲᠠᠢ᠂  ᠴᠢᠳᠠᠮᠵᠢ ᠨᠢ ᠪᠦᠷᠢᠨ ᠲᠥᠬᠦᠷ᠂ ᠪᠠᠷᠢᠯᠭ᠎ᠠ ᠨᠢ  ᠤᠯᠠᠮ ᠭᠤᠴᠣ ᠰᠠᠶᠢᠬᠠᠨ ᠪᠢᠯᠡ᠃ ︽ᠬᠥᠨᠳᠡᠯᠡᠨ ᠭᠤᠯᠳᠤ ᠵᠡᠭᠡᠯᠢ︾᠎ ᠶᠢᠨ  ᠬᠤᠶᠠᠳᠤᠭᠠᠷ ᠬᠤᠭᠤᠴᠠᠭ᠎ᠠ ᠨᠢ  ᠪᠠᠷᠤᠭ 2019 ᠣᠨ ᠤ 9 ᠰᠠᠷ᠎ᠠ ᠳᠤ ᠠᠰᠢᠭᠯᠠᠯᠲᠠ ᠳᠤ ᠣᠷᠣᠬᠤ ᠪᠣᠯᠣᠨ᠎ᠠ᠃
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号