ᠰᠤᠷᠪᠤᠯᠵᠢᠯᠠᠨ ᠶᠠᠷᠢᠯᠴᠠᠭᠰᠠᠨ ᠭᠤᠤᠯ ᠰᠡᠳᠦᠪ᠄ ᠠᠵᠦ ᠦᠢᠯᠡᠰ ᠤᠨ ᠪᠦᠲᠦᠴᠡ ᠶᠢ ᠲᠣᠬᠢᠷᠠᠭᠤᠯᠵᠤ᠂ | ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠮᠠᠷᠠᠲᠤ ᠵᠢᠨᠣᠨᠴᠠᠯᠢᠭᠲᠤ ︽ᠦᠷᠭᠡᠨ | ᠨᠠᠷᠢᠨ ᠭᠤᠳᠤᠮᠵᠢ︾ ᠶᠢ ᠴᠣᠭᠴᠠᠯᠠᠶ᠎ᠠ᠃ | ᠰᠤᠷᠪᠤᠯᠵᠢᠯᠠᠨ ᠶᠠᠷᠢᠯᠴᠠᠭᠰᠠᠨ ᠴᠠᠭ᠄ 2017 ᠤᠨ ᠤ 11 ᠰᠠᠷ᠎ᠠ ᠶᠢᠨ 6 ᠤ ᠡᠳᠦᠷ | ᠰᠤᠷᠪᠤᠯᠵᠢᠯᠠᠬᠤ ᠵᠤᠴᠢᠨ᠄ ᠵᠢᠦ ᠶᠤᠸᠠᠨ ᠲᠤᠭᠤᠷᠢᠭ ᠤᠨ ᠵᠠᠰᠠᠭ ᠤᠨ ᠤᠷᠳᠤᠨ ᠤ ᠲᠤᠭᠤᠷᠢᠭ ᠤᠨ ᠳᠡᠳ᠋ | ᠳᠠᠷᠤᠭ᠎ᠠ ᠬᠤᠸᠠᠩ ᠹᠧᠩ ᠱᠠᠨ | ᠠᠭᠤᠯᠭ᠎ᠠ ᠶᠢᠨ ᠲᠤᠪᠴᠢᠯᠠᠯ᠄ | ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠲᠤ᠂ ᠨᠢᠭᠡᠨ ᠤᠮᠠᠷᠠᠲᠤ ᠶᠢᠨ ᠣᠨᠴᠠᠯᠢᠭᠲᠤ ︽ ᠥᠷᠭᠡᠨ | ᠨᠠᠷᠢᠨ ᠭᠤᠳᠤᠮᠵᠢ︾ ᠶᠠᠭ ᠰᠠᠶ᠋ᠢᠬᠠᠨ ᠪᠦᠷᠢᠯᠳᠦᠵᠦ ᠪᠣᠢ᠂ ᠡᠨᠡ ᠭᠠᠵᠠᠷ ᠪᠣᠯ ᠲᠠᠷᠥᠢ ︽ᠬᠥᠨᠳᠡᠯᠡᠨ ᠭᠤᠯᠳᠤ | ᠵᠡᠭᠡᠯᠢ︾ ᠮᠦᠨ᠃ ᠲᠣᠰ ᠵᠡᠭᠡᠯᠢ ᠪᠣᠯ ᠵᠢᠦ ᠶᠤᠸᠠᠨ ᠲᠣᠭᠤᠷᠢᠭ ᠤᠨ ᠶᠡᠬᠡᠪᠡᠷ ᠲᠥᠯᠥᠪᠯᠡᠨ ᠪᠠᠶᠢᠭᠤᠯᠵᠤ ᠪᠠᠶᠢᠭ᠎ᠠ | ᠣᠨᠴᠠᠯᠢᠭᠲᠤ ᠢᠳᠡᠭᠡᠨ ᠤᠮᠳᠠᠭᠠᠨ ᠤ ᠵᠡᠭᠡᠯᠢ ᠪᠤᠯᠬᠤ ᠪᠦᠭᠡᠳ ᠵᠠᠰᠠᠨ ᠰᠢᠨᠡᠳᠭᠡᠭᠰᠡᠨ ᠠᠴᠠ ᠪᠤᠯᠵᠥ ᠭᠠᠵᠠᠷ ᠤᠨ | ᠪᠠᠶᠢᠷᠢᠰᠢᠯ ᠢᠶᠠᠷ ᠰᠠᠶᠢᠨ᠂ ᠵᠠᠮ ᠬᠠᠷᠢᠯᠴᠠᠭ᠎ᠠ ᠳᠦᠭᠦᠮ ᠵᠡᠷᠭᠡ ᠲᠠᠪᠠᠭᠤᠯᠢᠭ ᠲᠠᠯ᠎ᠠ ᠶᠢ ᠡᠵᠡᠯᠡᠵᠥ᠂ ᠰᠢᠨ᠎ᠡ | ᠠᠮᠢᠵᠢᠷᠠᠯ ᠤᠨ ᠬᠦᠴᠦᠨ ᠲᠠᠢ ᠪᠣᠯᠤᠭᠠᠳ᠂ ᠢᠷᠡᠭᠡᠳᠦᠢ ᠳᠤ ᠢᠳᠡᠭᠡᠨ ᠤᠮᠳᠠᠭᠠᠨ᠂ ᠵᠤᠭ᠎ᠠ ᠴᠡᠩᠬᠡᠯ᠂ ᠰᠡᠯᠡᠭᠦᠴᠡᠯ᠂ | ᠵᠤᠭᠠᠴᠠᠯ ᠢ ᠪᠦᠷᠢᠯᠳᠦᠭᠦᠯᠦᠭᠰᠡᠨ ᠦᠪᠡᠷᠮᠢᠴᠠ ᠣᠨᠴᠠᠯᠢᠭᠳᠤ ᠠᠷᠠᠯᠵᠢᠶ᠎ᠠ ᠬᠤᠳᠠᠯᠳᠤᠭᠠᠨ ᠤ ᠶᠠᠪᠠᠭᠠᠨ ᠵᠡᠭᠡᠯᠢ | ᠣᠯᠠᠨ ᠤ ᠨᠢᠳᠥᠨ ᠳᠤ ᠳᠤᠷᠠᠶᠢᠬᠤ ᠶᠤᠮᠰᠠᠨ᠃ | ᠬᠥᠲᠥᠯᠥᠭᠴᠢ᠄ ᠵᠢᠦ ᠶᠤᠸᠠᠨ ᠲᠣᠭᠤᠷᠢᠭ ᠤᠨ ᠵᠠᠰᠠᠭ ᠤᠨ ᠣᠷᠳᠣᠨ ᠶᠠᠭᠤᠨ ᠳᠤ ︽ᠬᠥᠨᠳᠡᠯᠡᠨ ᠭᠤᠯᠳᠤ | ᠵᠡᠭᠡᠯᠢ︾ ᠶᠢ ᠪᠠᠶᠢᠭᠤᠯᠬᠤ ᠪᠣᠢ︖ | ᠵᠣᠴᠢᠮᠠᠳ᠄ ᠬᠤᠸᠠᠩ ᠹᠧᠩ ᠱᠠᠨ | ᠠᠵᠦ ᠦᠢᠯᠡᠰ ᠤᠨ ᠪᠦᠲᠦᠴᠡ ᠶᠢ ᠲᠣᠬᠢᠷᠠᠭᠤᠯᠤᠨ᠂ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠢᠳᠡᠭᠡᠨ ᠤᠮᠳᠠᠭᠠᠨ ᠤ ᠰᠣᠶᠣᠯ ᠤᠨ | ᠬᠡᠷᠡᠭᠴᠡᠭᠡ ᠶᠢ ᠬᠠᠩᠭᠠᠵᠤ᠂ ᠮᠠᠨ ᠤ ᠲᠣᠭᠤᠷᠢᠭ ᠤᠨ ᠭᠤᠷᠪᠠᠳᠤᠭᠠᠷ ᠠᠵᠦ ᠦᠢᠯᠡᠰ ᠢ ᠪᠠᠶᠠᠯᠢᠭᠵᠢᠭᠤᠯᠤᠨ | ᠬᠦᠭᠵᠢᠭᠦᠯᠭᠦ ᠶᠢᠨ ᠲᠦᠯᠦᠭᠡ᠂ ᠲᠣᠭᠤᠷᠢᠭ ᠤᠨ ᠨᠠᠮ ᠵᠠᠰᠠᠭ ᠡᠴᠡᠰᠢᠨᠡ ᠬᠤᠲᠠ ᠲᠣᠭᠤᠷᠢᠭ ᠤᠨ ᠪᠥᠲᠦᠭᠡᠨ | ᠪᠠᠶᠢᠭᠤᠯᠤᠯᠲᠠ ᠲᠠᠢ ᠤᠶᠠᠯᠳᠤᠭᠤᠯᠤᠨ᠂ ᠦᠪᠡᠷᠮᠢᠴᠠ ᠣᠨᠴᠠᠯᠢᠭᠲᠤ ᠠᠷᠠᠯᠵᠢᠶᠠᠨ ᠤ ᠵᠠᠬ᠎ᠠ ᠵᠡᠭᠡᠯᠢ ᠶᠢᠨ ᠪᠥᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠣᠰᠣᠭᠠᠷ᠂ ᠢᠳᠡᠭᠡᠨ᠂ ᠰᠣᠶᠣᠯ᠂ ᠵᠤᠭᠠᠴᠠᠯ ᠢ ᠬᠠᠮᠳᠥᠷᠠᠭᠤᠯᠥᠭ᠌ᠰᠠᠨ ︽ | ᠬᠥᠨᠳᠡᠯᠡᠨ ᠭᠤᠯᠳᠤ ᠵᠡᠭᠡᠯᠢ︾ ᠶᠢ ᠪᠥᠲᠦᠭᠡᠨ ᠪᠠᠶᠢᠭᠤᠯᠤᠨ᠎ᠠ᠃ | ᠬᠥᠲᠥᠯᠥᠭᠴᠢ᠄ ︽ᠬᠥᠨᠳᠡᠯᠡᠨ ᠭᠤᠯᠳᠤ ᠵᠡᠭᠡᠯᠢ︾ ᠶᠢ ᠪᠥᠲᠦᠭᠡᠨ ᠪᠠᠶᠢᠭᠤᠯᠬᠤ ᠨᠢ ᠠᠷᠠᠳ ᠣᠯᠠᠨ ᠳᠤ | ᠠᠪᠴᠤ ᠬᠡᠯᠡᠪᠡᠯ᠂ ᠶᠠᠮᠠᠷ ᠬᠠᠷᠢᠴᠠᠭ᠎ᠠ ᠲᠠᠢ ᠪᠣᠢ︖ | ᠵᠣᠴᠢᠮᠠᠳ᠄ ᠬᠤᠸᠠᠩ ᠹᠧᠩ ᠱᠠᠨ | 1 . ᠥᠨᠳᠥᠷ ᠬᠢᠷᠢ ᠲᠦᠪᠰᠢᠨ ᠪᠦᠬᠦᠢ ᠬᠡᠷᠡᠭᠯᠡᠭᠡᠨ ᠤ ᠵᠦᠢᠯᠡᠰ ᠢ ᠬᠠᠩᠭᠠᠨ᠎ᠠ᠃ | 2 . ᠬᠠᠭᠤᠴᠢᠨ ᠬᠤᠲᠠ ᠲᠣᠭᠤᠷᠢᠭ ᠢ ᠵᠠᠰᠠᠨ ᠰᠢᠨᠡᠴᠢᠯᠠᠵᠥ ᠳᠠᠰ ᠢ ᠨᠢ ᠳᠡᠭᠡᠭᠰᠢᠯᠡᠭᠦᠯᠦᠨ᠎ᠡ᠃ | 3 . ᠠᠵᠢᠯᠯᠠᠬᠤ ᠬᠥᠮᠥᠨ ᠤ ᠲᠤᠭ᠎ᠠ ᠶᠢ ᠠᠷᠪᠢᠳᠬᠠᠵᠤ ᠣᠷᠣᠯᠭ᠎ᠠ ᠶᠢ ᠨᠢ ᠨᠡᠮᠡᠭᠳᠡᠭᠦᠯᠦᠨ᠎ᠡ᠃ | ᠬᠥᠲᠥᠯᠥᠭᠴᠢ᠄ ᠲᠠ ︽ᠬᠥᠨᠳᠡᠯᠡᠨ ᠭᠤᠯᠳᠤ ᠵᠡᠭᠡᠯᠢ︾ ᠶᠢ ᠪᠠᠶᠢᠭᠤᠯᠵᠥ ᠪᠠᠶᠢᠭ᠎ᠠ ᠪᠠᠶᠢᠳᠠᠯ ᠢ | ᠲᠠᠨᠢᠯᠴᠠᠭᠤᠯᠵᠤ ᠥᠭᠭᠦᠨᠡᠦ︖ | ᠵᠣᠴᠢᠮᠠᠳ᠄ ᠬᠤᠸᠠᠩ ᠹᠧᠩ ᠱᠠᠨ | ᠮᠠᠨ ᠤ ᠲᠣᠭᠤᠷᠢᠭ 2015 ᠣᠨ ᠤ 5 ᠰᠠᠷ᠎ᠠ ᠠᠴᠠ ᠡᠬᠢᠯᠡᠨ ᠠᠷᠠᠯᠵᠢᠶᠠᠨ ᠤ ᠵᠡᠭᠡᠯᠢ ᠪᠠ ᠶᠠᠪᠠᠭᠠᠨ ᠵᠡᠭᠡᠯᠢ | ᠬᠤᠶᠠᠷ ᠬᠠᠭᠤᠴᠢᠨ ᠠᠷᠠᠯᠵᠢᠶᠠᠨ ᠤ ᠵᠡᠭᠡᠯᠢ ᠶᠢ ᠬᠠᠮᠲᠤ ᠳᠤᠨᠢ ᠶᠡᠷᠥᠩᠬᠡᠶᠢᠯᠡᠨ ᠵᠠᠰᠠᠵᠤ ᠡᠬᠢᠯᠡᠭᠰᠡᠨ ᠪᠠᠶᠢᠨ᠎ᠠ᠃ ︽ | ᠬᠥᠨᠳᠡᠯᠡᠨ ᠭᠤᠯᠳᠤ ᠵᠡᠭᠡᠯᠢ︾ ᠶᠢᠨ ᠨᠢᠭᠡᠳᠦᠭᠡᠷ ᠬᠤᠭᠤᠴᠠᠭᠠᠨ ᠳᠤ 4000 ᠲᠦᠮᠡᠨ ᠲᠥᠭᠦᠷᠢᠭ ᠤᠨ ᠪᠡᠯᠡ | ᠣᠷᠣᠭᠤᠯᠵᠤ᠂ 568 ᠮᠧᠲᠷ ᠵᠠᠮ᠂147 ᠳᠡᠯᠭᠡᠭᠦᠷ᠂ 217 ᠲᠦᠮᠡᠨ ᠲᠡᠭᠰᠢ ᠳᠦᠷᠪᠡᠯᠵᠡ ᠮᠧᠲᠷ ᠤᠨ | ᠠᠷᠠᠯᠵᠢᠶᠠᠨ ᠤ ᠲᠠᠯᠠᠪᠠᠢ ᠶᠢ ᠬᠠᠮᠥᠷᠥᠭ᠌ᠰᠠᠨ ᠪᠠᠶᠢᠪᠠ᠃ 2017 ᠤᠨ ᠳᠤ᠂ ᠲᠠᠬᠢᠨᠳᠠ 4000 ᠲᠦᠮᠡᠨ | ᠲᠥᠭᠦᠷᠢᠭ ᠤᠨ ᠪᠡᠯᠡ ᠣᠷᠣᠭᠤᠯᠵᠤ᠂ ︽ᠬᠥᠨᠳᠡᠯᠡᠨ ᠵᠡᠭᠡᠯᠢ︾ ᠶᠢ ᠵᠡᠭᠦᠨᠰᠢ ᠤᠷᠲᠤᠳᠬᠠᠨ ᠥᠭᠡᠷᠡᠴᠢᠯᠡᠨ ᠵᠠᠰᠠᠵᠤ᠂ | 430 ᠮᠧᠲᠷ ᠤᠷᠳᠤ ᠵᠠᠮ᠂ 163 ᠲᠡᠯᠭᠡᠭᠦᠷ᠂ 4 ᠰᠠᠭᠤᠭᠠᠯᠢ ᠡᠷᠦᠭᠡ ᠶᠢ ᠬᠠᠮᠥᠷᠴᠤ᠂ ᠵᠡᠭᠡᠯᠢ ᠳᠠᠭᠠᠤ ᠶᠢᠨ | ᠦᠭᠡᠷᠡᠴᠢᠯᠡᠯᠳᠠ 9.5 ᠲᠦᠮᠡᠨ ᠲᠡᠭᠰᠢ ᠳᠥᠷᠪᠡᠯᠵᠢᠨ ᠮᠧᠲᠷ ᠬᠦᠷᠴᠡᠢ᠃ | ᠳᠠᠷᠠᠭᠠᠴᠢ ᠪᠠᠷ᠂ ᠮᠠᠨ ᠤ ᠲᠣᠭᠤᠷᠢᠭ ᠲᠠᠶᠢᠶᠤᠸᠠᠨ ᠵᠠᠮ ᠳᠠᠬᠢ ᠬᠤᠶᠠᠳᠤᠭᠠᠷ ᠵᠡᠭᠡᠯᠢ ᠶᠢᠨ ᠪᠣᠷᠣ ᠪᠦᠷᠭᠡ ᠶᠢ | ᠵᠠᠰᠠᠨ ᠥᠭᠡᠷᠡᠴᠢᠯᠡᠯᠲᠡ ᠲᠠᠢ ᠤᠶᠠᠯᠳᠤᠭᠤᠯᠤᠨ ᠭᠤᠣᠯᠳᠠᠯᠭ᠎ᠠ ᠲᠠᠢ ᠪᠠᠷ ︽ᠡᠮᠦᠨ᠎ᠡ ᠭᠤᠯᠳᠤ ᠵᠡᠭᠡᠯᠢ︾ ᠶᠢ ᠨᠡᠭᠡᠭᠡᠨ | ᠪᠠᠶᠢᠭᠤᠯᠬᠤ ᠪᠠᠷ ᠪᠤᠢ᠂ ᠶᠡᠷᠥᠩᠭᠡᠢ ᠪᠡᠯᠡ ᠣᠷᠣᠭᠤᠯᠤᠯᠲᠠ ᠪᠠᠷᠤᠭ 9 ᠳ᠋ᠦᠩᠰᠢᠭᠤᠷ ᠲᠥᠭᠦᠷᠢᠭ ᠲᠤ ᠭᠦᠷᠦᠨ᠎ᠠ ᠃ | ᠭᠤᠣᠯᠳᠠᠭᠤ ᠠᠷᠠᠯᠵᠢᠶᠠᠨ ᠤ ᠵᠡᠭᠡᠯᠢ᠂ ᠭᠠᠵᠠᠷ ᠳᠤᠤᠷᠠᠬᠢ ᠲᠡᠷᠭᠡᠨ ᠤ ᠵᠣᠭᠰᠣᠭᠠᠯ᠂ ᠬᠥᠨᠳᠡᠯᠡᠨ ᠭᠤᠯᠳᠤ | ᠵᠡᠭᠡᠯᠢ ᠶᠢᠨ ᠴᠡᠴᠡᠷᠯᠢᠭ᠂ ᠵᠠᠮ᠂ ᠰᠠᠭᠤᠭᠠᠯᠢ ᠬᠤᠷᠤᠭᠠᠯᠠᠯ ᠵᠡᠷᠭᠡ 6 ᠵᠦᠢᠯ ᠤᠨ ᠪᠦᠲᠦᠭᠡᠨ ᠪᠠᠶᠢᠭᠤᠯᠤᠯᠲᠠ ᠬᠢᠨ᠎ᠡ᠃ | ᠣᠳᠣᠬᠠᠨ ᠳᠤ ᠂ ᠡᠮᠦᠨ᠎ᠡ ᠬᠤᠭᠤᠴᠠᠭᠠᠨ ᠤ ᠨᠤᠷᠠᠭᠠᠵᠥ ᠲᠡᠭᠰᠢᠯᠡᠬᠦ ᠠᠵᠢᠯ ᠢᠶᠠᠨ ᠲᠠᠭᠤᠰᠬᠠᠭᠠᠳ ᠪᠠᠶᠢᠨ᠎ᠠ᠃ | ᠬᠥᠲᠥᠯᠥᠭᠴᠢ᠄ ᠣᠳᠣᠬᠠᠨ ᠤ ︽ᠬᠥᠨᠳᠡᠯᠡᠨ ᠭᠤᠯᠳᠤ ᠵᠡᠭᠡᠯᠢ︾ ᠶᠢᠨ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠠᠵᠢᠯ ᠤᠨ ᠠᠬᠢᠴᠠ ᠶᠠᠮᠠᠷ ᠪᠤᠯᠤᠭᠠᠳ ᠪᠠᠶᠢᠨ᠎ᠠ︖ ᠪᠠᠷᠢᠮᠵᠢᠶ᠎ᠠ ᠨᠢ ᠶᠠᠭᠤ ᠪᠣᠢ︖ | ᠵᠣᠴᠢᠮᠠᠳ᠄ ᠬᠤᠸᠠᠩ ᠹᠧᠩ ᠱᠠᠨ | 2016 ᠣᠨ ᠤ 6 ᠰᠠᠷ᠎ᠠ ᠶᠢᠨ 21 ᠤ ᠡᠳᠦᠷ᠂ ︽ᠬᠥᠨᠳᠡᠯᠡᠨ ᠭᠤᠯᠳᠤ ᠵᠡᠭᠡᠯᠢ︾ ᠶᠢᠨ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠭᠳᠠᠪᠠ᠃ ᠡᠮᠦᠨ᠎ᠡ ᠬᠤᠭᠤᠴᠠᠭᠠᠨ | ᠤ ᠪᠠᠶᠢᠴᠠᠭᠠᠠ ᠰᠣᠳᠣᠯᠤᠯᠲᠠ᠂ ᠬᠢᠨᠠᠨ ᠰᠢᠯᠭᠠᠬᠤ ᠪᠠ ᠬᠡᠯᠡᠯᠴᠡᠭᠡᠷ ᠬᠢᠬᠦ ᠪᠠᠷ ᠲᠠᠮᠵᠢᠨ᠂ ᠲᠣᠭᠤᠷᠢᠭ ᠤᠨ ᠨᠠᠮ | ᠵᠠᠰᠠᠭ ᠢᠶᠠᠷ ᠵᠥᠪᠰᠢᠶᠡᠷᠡᠭᠦᠯᠦᠭᠡᠳ᠂ ᠱᠠᠨᠳᠦ᠋ᠩ ᠤᠨ ᠺᠠᠢ ᠷᠦᠢ ᠢᠳᠡᠭᠡᠨ ᠤᠮᠳᠠᠭᠠᠨ ᠤ ᠪᠦᠯᠦᠭᠯᠡᠯ ᠢ ᠤᠷᠢᠵᠥ | ᠣᠷᠣᠭᠤᠯᠤᠨ᠂ ᠵᠠᠬ᠎ᠠ ᠵᠡᠭᠡᠯᠢ ᠳᠤ ᠲᠤᠰᠬᠠᠶᠢᠵᠢᠭᠰᠠᠨ ᠲᠥᠯᠥᠪᠵᠢᠭᠦᠯᠭᠡ᠂ ᠠᠷᠠᠯᠵᠢᠶᠠᠴᠢᠨ ᠤᠷᠢᠬᠤ᠂ ᠡᠵᠡᠩᠨᠡᠯᠲᠡ | ᠪᠠ ᠬᠠᠮᠢᠶᠠᠷᠤᠯᠲᠠ ᠬᠢᠯᠭᠡᠭᠰᠡᠨ ᠪᠠᠶᠢᠨ᠎ᠠ᠃ 2016 ᠤᠨ ᠤ 9 ᠰᠠᠷ᠎ᠠ ᠺᠠᠢ ᠷᠦᠢ ᠪᠦᠯᠦᠭᠯᠡᠯ ︽ᠬᠥᠨᠳᠡᠯᠡᠨ | ᠭᠤᠯᠳᠤ ᠵᠡᠭᠡᠯᠢ︾ ᠳᠤ ᠠᠵᠢᠯ ᠲᠥᠷᠥᠯ ᠤᠨ ᠪᠠᠶᠢᠴᠠᠭᠠᠨ ᠰᠤᠳᠤᠯᠤᠯᠲᠠ ᠲᠥᠯᠥᠪᠵᠢᠭᠦᠯᠭᠡ ᠬᠢᠬᠦ᠂ | ᠠᠷᠠᠯᠵᠢᠶᠠᠴᠢᠨ ᠤᠷᠢᠬᠤ ᠠᠵᠢᠯ ᠢᠶᠠᠨ ᠡᠬᠢᠯᠡᠭᠦᠯᠪᠡ᠃ | ᠠᠵᠢᠯ ᠲᠥᠷᠥᠯ ᠤᠨ ᠠᠷᠠᠯᠵᠢᠶᠠᠴᠢᠨ ᠤᠷᠢᠬᠤ ᠠᠵᠢᠯ ᠢ 2016 ᠤᠨ ᠤ 8 ᠰᠠᠷ᠎ᠠ ᠠᠴᠠ ᠵᠢᠩᠬᠢᠨᠢ ᠪᠠᠷ | ᠡᠬᠢᠯᠡᠭᠦᠯᠵᠡᠢ᠂ ᠬᠥᠨᠳᠡᠯᠡᠨ ᠵᠡᠭᠡᠯᠢ ᠶᠢ ᠨᠠᠷᠠᠲᠤ ᠢᠳᠡᠭᠡᠨ ᠢᠶᠠᠷ ᠭᠤᠣᠯ ᠪᠣᠯᠭᠠᠵᠤ᠂ ᠭᠤᠯᠳᠤ ᠵᠡᠭᠡᠯᠢ ᠶᠢ ᠳᠥᠭᠦᠮ | ᠢᠳᠡᠭᠡᠨ ᠢᠶᠠᠷ ᠭᠤᠤᠯᠯᠠᠭᠤᠯᠪᠠ᠃ ᠨᠠᠷᠠᠲᠤ ᠲᠡᠮᠳᠡᠭᠳᠥ ᠵᠦᠢᠯᠡᠰ ᠢ ᠣᠷᠣᠭᠤᠯᠬᠤ ᠶᠠᠪᠤᠴᠠ ᠳᠤ᠂ ᠪᠢᠳᠡ | ᠰᠤᠩᠭᠤᠯᠲᠠ ᠲᠠᠢ ᠪᠠᠷ ᠣᠷᠣᠭᠤᠯᠬᠤ ᠶᠢ ᠪᠠᠷᠢᠮᠲᠠᠯᠠᠵᠤ ᠪᠦᠳᠦᠭᠡᠯᠴᠢ ᠪᠠᠷ ᠭᠦᠭᠵᠢᠭᠦᠯᠦᠨ᠂ ᠪᠦᠬᠦ ᠤᠯᠤᠰ ᠤᠨ | ᠬᠡᠪᠴᠢᠶᠡᠨ᠎ᠡ ᠠᠷᠠᠯᠵᠢᠶᠠᠴᠢᠨ ᠤᠷᠢᠵᠤ᠂ ᠨᠢᠭᠡ ᠳᠤ ᠢᠳᠡᠭᠡᠨ ᠤ ᠰᠣᠶᠣᠯ ᠤᠨ ᠡᠯᠪᠡᠭ ᠪᠠᠶᠠᠯᠢᠭ᠂ ᠡᠮᠦᠨ᠎ᠡ | ᠤᠮᠠᠷ᠎ᠠ ᠶᠢᠨ ᠦᠨᠦᠷ ᠠᠮᠲᠠ᠂ ᠨᠠᠢᠮᠠᠨ ᠶᠡᠭᠡ ᠨᠣᠭᠤᠭ᠎ᠠ ᠶᠢᠨ ᠲᠥᠷᠥᠯ ᠤᠨ ᠠᠭᠤᠰᠤᠯᠴᠠᠭ᠎ᠠ ᠶᠢ ᠢᠯᠡᠷᠡᠭᠦᠯᠦᠭᠰᠡᠨ | ᠪᠠᠶᠢᠬᠤ ᠂ ᠬᠤᠶᠠᠷ ᠲᠤ ᠬᠤᠭᠤᠯᠠ ᠤᠮᠳᠠ ᠶᠢᠨ ᠲᠥᠷᠥᠯ ᠵᠦᠢᠯ ᠨᠢ ᠪᠣᠰᠤᠳ ᠠᠴᠠ ᠢᠯᠭᠠᠭᠳᠠᠬᠤ ᠦᠪᠡᠷᠮᠢᠴᠠ | ᠴᠢᠨᠠᠷ ᠲᠠᠢ ᠪᠠᠶᠢᠵᠥ᠂ ︽ ᠪᠤᠰᠤᠳ ᠲᠤ ᠪᠠᠶᠢᠬᠤ ᠦᠭᠡᠢ ᠴᠤ ᠨᠠᠳᠠ ᠪᠠᠶᠢᠬᠤ᠂ ᠪᠤᠰᠤᠳ ᠲᠤ ᠪᠠᠶᠢᠪᠠᠯ | ᠮᠢᠨᠥᠬᠢ ᠤᠯᠠᠮ ᠨᠠᠷᠢᠯᠢᠭ ᠪᠠᠶᠢᠬᠤ᠂ ᠪᠤᠰᠤᠳ ᠤᠨ ᠬᠢ ᠨᠠᠷᠢᠯᠢᠭ ᠪᠠᠶᠢᠪᠠᠯ ᠮᠢᠨᠤᠬᠢ ᠣᠨᠴᠠ ᠶᠢᠨ ᠰᠢᠯᠢᠳᠡᠭ | ᠪᠠᠶᠢᠬᠤ︾ ᠶᠢ ᠪᠡᠶᠡᠯᠡᠭᠦᠯᠬᠦ ᠂ ᠭᠤᠷᠪᠠ ᠳᠤ ᠬᠤᠭᠤᠯᠠ ᠤᠮᠳᠠ ᠶᠢᠨ ᠠᠵᠢᠯ ᠲᠥᠷᠥᠯ ᠤᠨ ᠪᠦᠳᠦᠭᠡᠯᠴᠢ ᠴᠢᠨᠠᠷ ᠢ | ᠢᠯᠡᠷᠡᠭᠦᠯᠵᠦ᠂ ︽ᠣᠯᠠᠨ ᠢᠶᠠᠷ ᠢᠶᠠᠨ ᠦᠢᠯᠡᠰ ᠪᠣᠰᠬᠠᠵᠤ᠂ ᠲᠦᠮᠡᠨ ᠢᠶᠠᠷ ᠢᠶᠠᠨ ᠰᠢᠨ᠎ᠡ ᠶᠢ ᠡᠭᠦᠳᠬᠦ︾ | ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠲᠠᠢ ᠤᠶᠠᠯᠳᠤᠭᠤᠯᠤᠨ᠂ ᠣᠷᠣᠨ ᠨᠤᠲᠤᠭ ᠤᠨ ᠨᠠᠷᠠᠲᠤ ᠤᠭᠢ | ᠬᠤᠭᠤᠯᠠ ᠤᠮᠳᠠ ᠶᠢ ᠥᠷᠭᠡᠨ ᠢᠶᠠᠷ ᠪᠤᠶᠢᠵᠢᠭᠤᠯᠤᠨ ᠭᠦᠭᠵᠢᠭᠦᠯᠦᠨ᠎ᠡ᠃ ᠣᠳᠣ ᠪᠣᠯᠲᠠᠯ᠎ᠠ᠂ ᠪᠢᠳᠡ ᠬᠥᠨᠳᠡᠯᠡᠨ | ᠵᠡᠭᠡᠯᠢ ᠳᠤ 14 ᠡᠵᠡᠩᠨᠡᠯᠲᠡ ᠶᠢᠨ ᠡᠷᠦᠬᠡ ᠤᠷᠢᠨ ᠣᠷᠣᠭᠤᠯᠵᠤ᠂ 6 ᠡᠷᠦᠬᠡ ᠨᠢ ᠰᠢᠨᠡᠳᠬᠡᠨ ᠵᠠᠰᠠᠵᠤ | ᠪᠠᠶᠢᠬᠤ ᠠᠴᠠ ᠥᠭᠡᠷ᠎ᠡ ᠨᠢ ᠪᠦᠷ ᠡᠷᠦᠬᠡ ᠪᠠᠨ ᠰᠡᠬᠦᠵᠦ ᠨᠡᠭᠡᠭᠡᠭᠰᠡᠨ ᠪᠠᠶᠢᠨ᠎ᠠ᠃ ᠭᠤᠯᠳᠤ ᠵᠡᠭᠡᠯᠢ ᠳᠤ 20 ᠡᠷᠦᠬᠡ | ᠤᠷᠢᠨ ᠣᠷᠣᠭᠤᠯᠵᠤ᠂15 ᠡᠷᠦᠬᠡ ᠨᠢ ᠰᠢᠨᠡᠳᠬᠡᠨ ᠵᠠᠰᠠᠵᠤ᠂10 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠷ | ᠡᠷᠦᠬᠡ ᠪᠠᠨ ᠰᠡᠬᠦᠵᠦ ᠵᠣᠴᠢᠨ ᠤᠭᠲᠤᠬᠤ ᠪᠠᠷ ᠪᠣᠢ᠃ ᠡᠳᠡᠭᠡᠷ ᠨᠢ ︽ᠬᠥᠨᠳᠡᠯᠡᠨ ᠭᠤᠯᠳᠤ ᠵᠡᠭᠡᠯᠢ︾ ᠶᠢᠨ ᠨᠠᠷᠠᠲᠤ | ᠢᠳᠡᠭᠡᠨ᠂ ᠳᠥᠭᠦᠮ ᠬᠤᠭᠤᠯᠠ ᠶᠢ ᠵᠡᠷᠭᠡᠪᠡᠷ ᠬᠥᠭᠵᠢᠭᠦᠯᠦᠨ᠂ ᠦᠢᠯᠡᠰ ᠪᠣᠰᠬᠠᠨ ᠪᠠᠶᠠᠵᠢᠯ ᠤᠨ ᠵᠠᠮ ᠳᠠᠭᠠᠨ | ᠣᠷᠣᠭᠰᠠᠨ ᠢ ᠬᠠᠷᠠᠭᠤᠯᠵᠤ ᠪᠠᠶᠢᠬᠤ ᠶᠤᠮ᠃ | ᠬᠥᠲᠥᠯᠥᠭᠴᠢ᠄ ︽ᠬᠥᠨᠳᠡᠯᠡᠨ ᠭᠤᠯᠳᠤ ᠵᠡᠭᠡᠯᠢ︾ ᠬᠡᠷᠬᠢᠨ ᠲᠦᠭᠡᠮᠡᠯᠵᠢᠭᠦᠯᠦᠯᠲᠡ ᠪᠠ ᠡᠵᠡᠩᠨᠡᠯᠲᠡ ᠬᠢᠭᠰᠡᠨ | ᠪᠣᠢ︖ | ᠵᠣᠴᠢᠮᠠᠳ᠄ ᠬᠤᠸᠠᠩ ᠹᠧᠩ ᠱᠠᠨ | ᠪᠢᠳᠡ ︽ᠬᠥᠨᠳᠡᠯᠡᠨ ᠭᠤᠯᠳᠤ ᠵᠡᠭᠡᠯᠢ︾ ᠶᠢᠨ ᠲᠤᠬᠠᠢ ᠤᠬᠠᠭᠤᠯᠭ᠎ᠠ ᠶᠢ ᠲᠦᠭᠡᠮᠡᠯᠵᠢᠭᠦᠯᠬᠦ ᠳᠡᠭᠡᠨ ᠭᠤᠣᠯ | ᠵᠠᠭᠤᠴᠢᠯᠠᠭᠤᠷ ᠪᠠ ᠢᠨᠲ᠋ᠧᠷ ᠰᠦᠯᠵᠢᠶ᠎ᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠧᠯᠸᠢᠰ ᠷᠠᠳᠢᠣ᠋ ᠪᠠᠷ | ᠭᠤᠣᠯᠳᠠᠯᠭ᠎ᠠ ᠪᠣᠯᠭᠠᠨ᠂ ᠤᠷᠢᠳ ᠬᠤᠵᠢᠳ ︽ᠪᠤᠭᠤ ᠲᠠᠢ ᠬᠤᠲᠠ ᠶᠢᠨ ᠠᠷᠪᠠᠨ ᠶᠡᠭᠡ ᠨᠠᠷᠠᠲᠤ ᠳᠥᠭᠦᠮ | ᠢᠳᠡᠭᠡᠨ ᠢ ᠡᠷᠢᠵᠦ ᠢᠯᠡᠷᠡᠭᠦᠯᠬᠦ ᠰᠣᠶᠣᠯ ᠤᠨ ᠠᠵᠢᠯᠯᠠᠭᠠᠨ︾ ᠢ ᠥᠷᠨᠢᠭᠦᠯᠵᠦ᠂ ︽ᠬᠥᠨᠳᠡᠯᠡᠨ ᠭᠤᠯᠳᠤ ᠵᠡᠭᠡᠯᠢ ᠶᠢᠨ | ᠠᠮᠲᠠᠲᠤ ᠢᠳᠡᠭᠡᠨ︾ ᠭᠡᠬᠦ ᠫᠷᠣᠭ᠍ᠷᠠᠮ ᠦᠢᠯᠡᠳᠴᠦ᠂ ᠲᠥᠪ ᠤᠨ ᠲᠧᠯᠸᠢᠰ ᠬᠤᠷᠢᠶᠠᠨ ᠤ ᠬᠤᠶᠠᠳᠤᠭᠠᠷ ᠰᠤᠪᠠᠭ ᠤᠨ | ᠬᠡᠷᠡᠭᠯᠡᠭᠡᠨ ᠤ ᠵᠣᠷᠢᠯᠲᠠ ᠪᠤᠯᠤᠩ ᠲᠠᠢ ᠬᠠᠮᠵᠢᠯᠴᠠᠨ ᠤᠬᠠᠭᠤᠯᠤᠯ ᠮᠡᠳᠡᠭᠡᠯᠡᠯ ᠬᠢᠭᠰᠡᠨ ᠪᠠᠶᠢᠨ᠎ᠠ᠃ ︽ᠬᠥᠨᠳᠡᠯᠡᠨ | ᠭᠤᠯᠳᠤ ᠵᠡᠭᠡᠯᠢ ᠶᠢᠨ ᠦᠪᠡᠷ ᠤᠨ ᠵᠠᠭᠤᠴᠢᠯᠠᠭᠤᠷ ᠬᠤᠯᠪᠣᠭᠠᠯᠠᠯ︾ ᠢ ᠪᠠᠶᠢᠭᠤᠯᠵᠤ᠂ ︽ᠪᠤᠭᠤᠲᠤ ᠶᠢᠨ ᠦᠪᠡᠷ ᠤᠨ | ᠵᠠᠭᠤᠴᠢᠯᠠᠭᠤᠷ ᠬᠥᠨᠳᠡᠯᠡᠨ ᠭᠤᠯᠳᠤ ᠵᠡᠭᠡᠯᠢ ᠳᠤ ᠭᠦᠨᠵᠡᠭᠡᠶᠢᠷᠡᠬᠦ ᠠᠵᠢᠯᠯᠠᠭ᠎ᠠ︾ ᠶᠢ ᠥᠷᠨᠢᠭᠦᠯᠵᠦ᠂ ᠲᠣᠣᠷ | ᠰᠦᠯᠵᠢᠶ᠎ᠡ ᠪᠠᠷ ᠳᠠᠮᠵᠢᠨ ᠤᠬᠠᠭᠤᠯᠭ᠎ᠠ ᠬᠢᠪᠡ᠃ 7 ᠰᠠᠷ᠎ᠠ ᠶᠢᠨ 1 ᠤ ᠡᠳᠦᠷ ᠂ ᠳᠤᠮᠳᠠᠳᠤ ᠤᠯᠤᠰ ᠤᠨ | ᠬᠠᠭᠤᠷᠤᠯᠭ᠎ᠠ ᠬᠠᠭᠠᠷᠢᠯᠭ᠎ᠠ ᠶᠢᠨ ᠨᠡᠶᠢᠭᠡᠮᠯᠢᠭ ᠤᠨ ᠦᠢᠯᠡᠴᠢᠯᠡᠭᠡᠨ ᠤ ᠵᠥᠪᠯᠡᠯ ᠲᠠᠢ ᠬᠠᠮᠲᠤᠷᠠᠨ ︽ᠵᠢᠦ ᠶᠤᠸᠠᠨ | ᠲᠣᠭᠤᠷᠢᠭ ᠤᠨ ᠬᠤᠭᠤᠯᠠ ᠤᠮᠳᠠ ᠶᠢᠨ ᠦᠢᠯᠡᠴᠢᠯᠡᠭᠡᠨ ᠤ ᠰᠠᠭᠤᠷᠢ ᠶᠤᠰᠤ ᠪᠣᠯᠪᠠᠰᠤᠷᠠᠯ ᠤᠨ ᠠᠩᠬᠢ︾ ᠡᠷᠬᠢᠯᠡᠨ | ᠪᠦᠬᠦ ᠲᠣᠭᠤᠷᠢᠭ ᠤᠨ 80 ᠢᠯᠡᠭᠦᠦ ᠡᠷᠦᠬᠡ ᠬᠤᠭᠤᠯᠠ ᠤᠮᠳᠠ ᠶᠢᠨ ᠠᠵᠦ ᠠᠬᠤᠶᠢᠯᠠᠯ ᠤᠨ ᠬᠠᠮᠢᠶᠠᠷᠤᠯᠲᠠ ᠪᠠ | ᠦᠢᠯᠡᠴᠢᠯᠡᠭᠡᠨ ᠤ 160 ᠭᠠᠷᠤᠢ ᠬᠥᠮᠥᠰ ᠢ ᠪᠣᠯᠪᠠᠰᠤᠷᠠᠭᠤᠯᠤᠭᠰᠠᠨ ᠪᠠᠶᠢᠨ᠎ᠠ᠃ 8 ᠰᠠᠷ᠎ᠠ ᠶᠢᠨ17 ᠤ ᠡᠳᠦᠷ᠂ | ᠪᠢᠳᠡ ︽ᠳᠤᠮᠳᠠᠳᠤ ᠤᠯᠤᠰ ᠪᠤᠭᠤᠲᠤ ᠶᠢᠨ ᠭᠤᠷᠪᠠᠳᠡᠬᠢ ᠬᠤᠭᠤᠴᠠᠭᠠᠨ ᠤ ᠣᠯᠠᠨ ᠤᠯᠤᠰ ᠤᠨ ᠦᠬᠡᠷ ᠬᠤᠨᠢᠨ | ᠮᠢᠬᠠᠨ ᠤ ᠠᠵᠦ ᠦᠢᠯᠡᠰ ᠤᠨ ᠶᠡᠭᠡ ᠬᠤᠷᠠᠯ︾ ᠤᠨ ᠲᠣᠬᠢᠶᠠᠯ ᠢ ᠡᠵᠡᠮᠳᠡᠨ᠂ ᠪᠦᠬᠦ ᠤᠯᠤᠰ ᠤᠨ ᠡᠯ᠎ᠡ ᠭᠠᠵᠠᠷ ᠠᠴᠠ | ᠬᠦᠷᠦᠯᠴᠡᠨ ᠢᠷᠡᠭᠰᠡᠨ150 ᠭᠠᠷᠤᠢ ᠨᠡᠷᠡᠰ ᠬᠤᠭᠤᠯᠠ ᠤᠮᠳᠠ ᠶᠢᠨ ᠠᠵᠦ ᠠᠬᠤᠶᠢᠯᠠᠯᠲᠠᠨ ᠢ ᠤᠷᠢᠵᠤ᠂ ︽ | ᠬᠥᠨᠳᠡᠯᠡᠨ ᠭᠤᠯᠳᠤ ᠵᠡᠭᠡᠯᠢ ᠶᠢᠨ ᠲᠤᠬᠠᠢ ᠲᠠᠨᠢᠯᠴᠠᠭᠤᠯᠭ᠎ᠠ︾ ᠶᠢᠨ ᠠᠵᠢᠯᠯᠠᠭᠠᠨ ᠢ ᠥᠷᠨᠢᠭᠦᠯᠪᠡ᠃ ᠣᠷᠴᠢᠮ ᠪᠠᠰᠠ | ᠥᠪᠡᠷᠲᠡᠭᠡᠨ ᠵᠠᠰᠠᠬᠤ ᠣᠷᠣᠨ ᠤ 2017 ᠤᠨ ᠤ ︽ᠣᠯᠠᠨ ᠢᠶᠠᠷ ᠢᠶᠠᠨ ᠦᠢᠯᠡᠰ ᠪᠣᠰᠬᠠᠵᠤ᠂ ᠲᠦᠮᠡᠨ ᠢᠶᠠᠷ ᠢᠶᠠᠨ | ᠰᠢᠨ᠎ᠡ ᠶᠢ ᠡᠭᠦᠳᠬᠦ︾ ᠰᠢᠷᠢᠰ ᠤᠬᠠᠭᠤᠯᠭ᠎ᠠ ᠳᠤ ᠣᠷᠣᠯᠴᠠᠭᠰᠠᠨ ᠪᠠᠶᠢᠨ᠎ᠠ᠃ 10 ᠰᠠᠷᠠᠶᠢᠨ18-28 ᠤ ᠡᠳᠦᠷ | ᠪᠣᠯᠲᠠᠯ᠎ᠠ᠂ ᠨᠠᠷᠠᠲᠤ ᠬᠤᠭᠤᠯᠠ ᠤᠮᠳᠠ ᠶᠢᠨ ᠠᠵᠦ ᠠᠬᠤᠶᠢᠯᠠᠯ ᠪᠠ ᠬᠥᠨᠳᠡᠯᠡᠨ ᠭᠤᠯᠳᠤ ᠵᠡᠭᠡᠯᠢ ᠳᠠᠬᠢ ᠬᠤᠭᠤᠯᠠ | ᠤᠮᠳᠠ ᠶᠢᠨ ᠠᠵᠦ ᠠᠬᠤᠶᠢᠯᠠᠯ ᠢ ᠵᠣᠬᠢᠶᠠᠨ ᠪᠠᠶᠢᠭᠤᠯᠵᠤ ︽ᠳᠤᠮᠳᠠᠳᠤ ᠤᠯᠤᠰ ᠤᠨ ᠬᠤᠭᠤᠯᠠ ᠤᠮᠳᠠ ᠶᠢᠨ | ᠦᠢᠯᠡᠴᠢᠯᠡᠭᠡᠨ ᠤ ᠶᠠᠷᠢᠶᠠᠨ ᠤ ᠲᠠᠪᠴᠠᠩ︾᠂ ︽ᠳᠤᠮᠳᠠᠳᠤ ᠤᠯᠤᠰ ᠤᠨ ᠬᠤᠭᠤᠯᠠ ᠤᠮᠳᠠ ᠶᠢᠨ | ᠮᠠᠩᠯᠠᠶᠢᠯᠠᠭᠴᠢ ᠶᠢᠨ ᠰᠤᠳᠤᠯᠭᠠᠨ ᠤ ᠬᠥᠨᠳᠡᠯᠡᠨ ᠭᠤᠯᠳᠤ ᠵᠡᠭᠡᠯᠢ ᠶᠢᠨ ᠰᠢᠨ᠎ᠡ ᠶᠢ ᠡᠭᠦᠳᠦᠨ ᠦᠢᠯᠡᠰ ᠪᠣᠰᠬᠠᠬᠤ | ᠶᠠᠷᠢᠶᠠᠨ ᠤ ᠲᠠᠪᠴᠠᠩ︾ ᠵᠡᠷᠭᠡ ︽2017 ᠣᠨ ᠤ ᠵᠢᠦ ᠶᠤᠸᠠᠨ ᠲᠣᠭᠤᠷᠢᠭ ᠤᠨ ᠬᠥᠨᠳᠡᠯᠡᠨ ᠭᠤᠯᠳᠤ ᠵᠡᠭᠡᠯᠢ ᠶᠢᠨ | ᠵᠢᠯ ᠤᠨ ᠠᠵᠢᠯᠯᠠᠭ᠎ᠠ︾ ᠶᠢᠨ ᠰᠢᠷᠢᠰ ᠬᠥᠳᠡᠯᠭᠡᠭᠡᠨ ᠳᠤ ᠣᠷᠣᠯᠴᠠᠭᠤᠯᠤᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠲᠦᠷᠢᠶᠡᠰᠦᠨ ᠮᠠᠰᠢᠨ ᠤ ᠠᠪᠰᠠᠷ ᠵᠠᠷ ᠮᠡᠳᠡᠭᠡ ᠪᠠᠷ ᠤᠬᠠᠭᠤᠯᠭ᠎ᠠ ᠬᠢᠵᠦ᠂ | ᠰᠠᠶᠢᠬᠠᠨᠲᠠᠯ᠎ᠠ ᠶᠢᠨ ᠨᠡᠶᠢᠲᠡ ᠶᠢᠨ ᠮᠠᠰᠢᠨ ᠤ ᠥᠷᠲᠡᠭᠡ ᠵᠣᠭᠰᠣᠭᠠᠯ ᠳᠤ ᠲᠤᠰᠬᠠᠢ ᠪᠤᠯᠤᠩ ᠭᠠᠷᠭᠠᠨ᠂ 210 | ᠤᠯᠤᠰ ᠤᠨ ᠵᠠᠮ᠂ ᠪᠦᠲᠦᠭᠡᠨ ᠪᠠᠶᠢᠭᠤᠯᠤᠯᠲᠠ ᠵᠠᠮ᠂ ᠱᠠ ᠾᠧ ᠵᠡᠭᠡᠯᠢ᠂ ᠪᠣᠯᠪᠠᠰᠤᠨ ᠵᠠᠮ ᠵᠡᠷᠭᠡ ᠭᠤᠣᠯ ᠪᠣᠯᠬᠤ | ᠵᠠᠮ ᠤᠨ ᠬᠡᠰᠡᠭ ᠲᠤ ᠲᠤᠰᠬᠠᠢ ᠵᠢᠭᠠᠨ ᠭᠦᠳᠦᠯᠬᠦ ᠫᠠᠶᠢᠰᠠ ᠭᠠᠷᠭᠠᠭᠰᠠᠨ ᠪᠢᠯᠡ᠃ ᠪᠢᠳᠡ ᠣᠯᠠᠨ ᠲᠠᠯ᠎ᠠ ᠶᠢᠨ | ᠠᠷᠭ᠎ᠠ ᠵᠠᠮ ᠰᠦᠪᠡᠭᠴᠢᠯᠡᠨ᠂ ᠲᠤᠰᠬᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ ᠠᠴᠠ ᠬᠠᠩᠭᠠᠮᠵᠢᠲᠠᠢ | ᠦᠷ᠎ᠡ ᠪᠦᠲᠦᠭᠡᠯ ᠣᠯᠣᠭᠰᠠᠨ ᠪᠠᠶᠢᠨ᠎ᠠ᠃ | ᠬᠥᠨᠳᠡᠯᠡᠨ ᠭᠤᠯᠳᠤ ᠵᠡᠭᠡᠯᠢ ᠶᠢᠨ ᠳᠡᠰ ᠪᠠᠷᠢᠮᠵᠢᠶ᠎ᠠ᠂ ᠶᠠᠰᠤ ᠴᠢᠨᠠᠷ᠂ ᠡᠵᠡᠩᠨᠡᠯᠲᠡ ᠶᠢᠨ ᠦᠷ᠎ᠡ ᠠᠰᠢᠭ ᠢ | ᠪᠠᠲᠤᠯᠠᠬᠤ ᠶᠢᠨ ᠲᠥᠯᠥᠭᠡ᠂ ᠪᠢᠳᠡ ︽ᠬᠠᠮᠢᠶᠠᠷᠤᠯᠲᠠ ᠶᠢᠨ ᠵᠥᠪᠯᠡᠯ ᠪᠣᠯᠣᠨ ᠠᠷᠠᠯᠵᠢᠶ᠎ᠠ ᠡᠵᠡᠩᠨᠡᠯᠲᠡ ᠶᠢᠨ | ᠬᠠᠮᠢᠶᠠᠷᠤᠯᠲᠠ ᠶᠢᠨ ᠺᠣᠮᠫᠠᠨᠢ︾ ᠵᠡᠷᠭᠡ ᠶᠢ ᠵᠣᠬᠢᠶᠠᠨ ᠪᠠᠶᠢᠭᠤᠯᠵᠤ᠂ ᠱᠠᠨᠳᠦ᠋ᠩ ᠤᠨ ᠺᠠᠢ ᠷᠦᠢ ᠢᠳᠡᠭᠡᠨ | ᠤᠮᠳᠠᠭᠠᠨ ᠤ ᠪᠦᠯᠦᠭᠯᠡᠯ ᠲᠠᠢ ᠬᠠᠮᠵᠢᠯᠴᠠᠨ᠂ ᠬᠥᠨᠳᠡᠯᠡᠨ ᠭᠤᠯᠳᠤ ᠵᠡᠭᠡᠯᠢ ᠶᠢᠨ ᠡᠳ᠋ᠯᠡᠩ ᠲᠦᠷᠢᠶᠡᠰᠥᠨ ᠤ | ᠬᠠᠮᠢᠶᠠᠷᠤᠯᠲᠠ᠂ ᠠᠷᠠᠯᠵᠢᠶᠠᠴᠢᠨ ᠤᠷᠢᠬᠤ ᠵᠡᠷᠭᠡ ᠶᠢ ᠶᠠᠪᠤᠭᠳᠠᠭᠤᠯᠬᠤ ᠶᠢᠨ ᠬᠠᠮᠲᠤ ︽ᠳᠥᠷᠪᠡᠨ ᠨᠢᠭᠡᠲᠦᠯᠲᠠᠢ | ᠪᠠᠶᠢᠬᠤ︾ ᠬᠡᠯᠪᠡᠷᠢ ᠪᠠᠷ ᠲᠤᠰᠬᠠᠶᠢᠵᠢᠭᠰᠠᠨ ᠡᠵᠡᠩᠨᠡᠯᠲᠡ ᠬᠠᠮᠢᠶᠠᠷᠤᠯᠲᠠ ᠶᠢ ᠶᠠᠪᠤᠭᠳᠠᠭᠤᠯᠪᠠ᠃ ᠡᠵᠡᠩᠨᠡᠯᠲᠡ ᠶᠢᠨ | ᠡᠩᠨᠡᠭᠡ ᠪᠦᠯᠬᠦᠮ ᠨᠢ ᠳᠠᠷᠠᠭ᠎ᠠ ᠠᠯᠬᠤᠮ ᠳᠤ ᠠᠷᠠᠯᠵᠢᠶᠠᠴᠢᠨ ᠤᠷᠢᠬᠤ ᠪᠠ ᠡᠵᠡᠩᠨᠡᠯᠲᠡ ᠶᠢᠨ ᠠᠶᠢᠵᠠᠮ ᠪᠠᠨ | ᠲᠣᠬᠢᠷᠠᠭᠤᠯᠤᠨ ᠲᠣᠭᠲᠠᠭᠰᠠᠨ ᠬᠤᠭᠤᠴᠠᠭᠠᠨ ᠳᠤ ᠭᠤᠣᠯ ᠰᠡᠳᠥᠪᠳᠥ ᠪᠠᠶᠠᠯᠢᠭ ᠠᠭᠤᠯᠭ᠎ᠠ ᠪᠦᠬᠦᠢ ᠠᠷᠠᠯᠵᠢᠶ᠎ᠠ | ᠬᠤᠳᠠᠯᠳᠤᠭᠠᠨ ᠤ ᠪᠣᠷᠣᠯᠠᠭᠤᠯᠭ᠎ᠠ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ᠂ ᠬᠥᠨᠳᠡᠯᠡᠨ ᠭᠤᠯᠳᠤ ᠵᠡᠭᠡᠯᠢ ᠶᠢᠨ | ᠦᠷᠭᠦᠯᠵᠢᠳᠡ ᠬᠥᠭᠵᠢᠶᠡᠨ ᠲᠠᠢ ᠪᠠᠶᠢᠬᠤ ᠶᠢ ᠪᠠᠲᠤᠯᠠᠨ᠎ᠠ᠃ | ᠬᠥᠲᠥᠯᠥᠭᠴᠢ᠄ ︽ᠬᠥᠨᠳᠡᠯᠡᠨ ᠭᠤᠯᠳᠤ ᠵᠡᠭᠡᠯᠢ︾ ᠶᠢᠨ ᠠᠩᠬᠠᠳᠠᠭᠴᠢ ᠨᠡᠭᠡᠭᠡᠯᠲᠡ ᠶᠢᠨ ᠠᠵᠢᠯ ᠨᠢᠭᠡᠨᠲᠡ | ᠡᠬᠢᠯᠡᠪᠡ᠂ ᠳᠠᠷᠠᠭ᠎ᠠ ᠠᠯᠬᠤᠮ ᠤᠨ ᠠᠵᠢᠯ ᠢᠶᠠᠨ ᠶᠠᠭᠠᠬᠢᠵᠤ ᠥᠷᠨᠢᠭᠦᠯᠬᠦ ᠪᠠᠷ ᠲᠥᠯᠥᠪᠯᠡᠵᠦ ᠪᠠᠶᠢᠬᠤ ᠪᠣᠢ︖ | ᠵᠣᠴᠢᠮᠠᠳ᠄ ᠬᠤᠸᠠᠩ ᠹᠧᠩ ᠱᠠᠨ | ᠬᠤᠵᠢᠮ ᠪᠢᠳᠡ ︽ᠲᠤᠭᠤᠷᠢᠨ ᠵᠤᠭᠠᠴᠠᠬᠤ︾ ᠠᠭᠤᠯᠭ᠎ᠠ ᠶᠢ ᠣᠷᠤᠭᠤᠯᠤᠨ ᠰᠣᠶᠣᠯ ᠵᠤᠭᠠᠴᠠᠯ ᠤᠨ | ᠡᠯᠧᠮᠧᠨ᠋ᠲ ᠢ ᠨᠡᠮᠡᠭᠳᠡᠭᠦᠯᠦᠨ᠎ᠡ᠂ ᠵᠢᠱᠢᠶᠡᠯᠡᠪᠡᠯ᠂ ᠦᠨᠳᠦᠰᠦᠲᠡᠨ ᠤ ᠣᠨᠴᠠᠯᠢᠭ ᠲᠠᠢ ᠪᠠᠷᠠᠭ᠎ᠠ ᠲᠠᠸᠠᠷ ᠤᠨ ᠳᠡᠯᠭᠡᠭᠦᠷ᠂ | ᠺᠤᠹᠢ ᠨᠣᠮ ᠤᠨ ᠪᠠᠭᠠᠷ᠂ ᠣᠨᠴᠠᠯᠢᠭᠲᠤ ᠳᠡᠯᠭᠡᠨ ᠦᠵᠡᠭᠦᠯᠦᠯᠭᠡ᠂ ᠰᠣᠶᠣᠯ ᠤᠷᠠᠯᠢᠭ ᠤᠨ ᠳᠡᠯᠭᠡᠨ | ᠦᠵᠡᠭᠦᠯᠦᠯᠭᠡ ᠶᠢᠨ ᠲᠥᠪ ᠵᠡᠷᠭᠡ ᠶᠢ ᠨᠡᠮᠡᠵᠦ ᠭᠠᠷᠭᠠᠨ᠎ᠠ᠃ ᠳᠠᠰ ᠪᠠᠷᠢᠮᠵᠢᠶ᠎ᠠ ᠳᠡᠭᠡᠭᠰᠢᠯᠡᠭᠰᠡᠨ ᠬᠥᠨᠳᠡᠯᠡᠨ | ᠭᠤᠯᠳᠤ ᠵᠡᠭᠡᠯᠢ ᠨᠢ ᠵᠥᠪᠬᠡᠨ ᠨᠢᠭᠡᠨ ᠢᠳᠡᠭᠡᠨ ᠤ ᠵᠡᠭᠡᠯᠢ ᠲᠡᠳᠦᠢ ᠪᠢᠰᠢ᠂ ᠬᠠᠷᠢᠨ ᠢᠳᠡᠭᠡᠨ ᠤ ᠠᠶᠥᠯᠭᠦᠢ ᠶᠢᠨ | ᠵᠢᠱᠢᠶ᠎ᠡ ᠦᠵᠡᠭᠦᠯᠬᠦ ᠵᠡᠭᠡᠯᠢ᠂ ᠣᠨᠴᠠᠯᠢᠭᠲᠤ ᠰᠣᠶᠣᠯ ᠵᠤᠭᠠᠴᠠᠯ ᠤᠨ ᠵᠡᠭᠡᠯᠢ ᠵᠢᠴᠢ ᠭᠤᠷᠪᠠᠳᠤᠭᠠᠷ ᠠᠵᠦ | ᠦᠢᠯᠡᠰ ᠤᠨ ᠠᠳᠠᠯ ᠪᠣᠰᠬᠠᠬᠤ ᠰᠢᠨ᠎ᠡ ᠵᠡᠭᠡᠯᠢ ᠪᠤᠯᠤᠭᠰᠠᠨ ᠶᠤᠮ ᠃ | ᠡᠭᠦᠨ ᠠᠴᠠ ᠭᠠᠳᠠᠨ᠎ᠠ᠂ ᠪᠢᠳᠡ ᠳᠤᠮᠳᠠᠳᠤ ᠤᠯᠤᠰ ᠤᠨ ᠬᠠᠭᠤᠷᠤᠯᠭ᠎ᠠ ᠬᠠᠭᠠᠷᠢᠯᠭ᠎ᠠ ᠶᠢᠨ ᠨᠡᠶᠢᠭᠡᠮᠯᠢᠭ ᠲᠠᠢ | ᠬᠠᠮᠵᠢᠯᠴᠠᠭ᠎ᠠ ᠪᠠᠨ ᠪᠠᠲᠤᠳᠬᠠᠵᠤ᠂ ᠲᠤᠰ ᠨᠡᠶᠢᠭᠡᠮᠯᠢᠭ ᠤᠨ ᠠᠵᠢᠯ ᠲᠥᠷᠥᠯ ᠢ ᠵᠣᠬᠢᠶᠠᠨ ᠪᠠᠶᠢᠭᠤᠯᠬᠤ᠂ ᠡᠬᠢ | ᠪᠠᠶᠠᠯᠢᠭ ᠢ ᠨᠢᠭᠡᠳᠬᠡᠬᠦ᠂ ᠦᠢᠯᠡᠴᠢᠯᠡᠭᠡ ᠶᠢ ᠵᠢᠯᠣᠭᠤᠳᠬᠤ᠂ ᠰᠤᠷᠠᠭ ᠵᠠᠩᠬᠢ ᠰᠣᠯᠢᠯᠴᠠᠬᠤ ᠵᠡᠷᠭᠡ ᠦᠢᠯᠡᠳᠦᠯ ᠢ ᠨᠢ | ᠰᠠᠶᠢᠲᠤᠷ ᠪᠠᠳᠠᠷᠠᠭᠤᠯᠤᠨ᠂ ᠬᠠᠮᠲᠤᠪᠠᠷ ︽ᠬᠥᠨᠳᠡᠯᠡᠨ ᠭᠤᠯᠳᠤ ᠵᠡᠭᠡᠯᠢ︾ ᠶᠢᠨ ᠬᠤᠶᠠᠳᠤᠭᠠᠷ ᠬᠤᠭᠤᠴᠠᠭᠠᠨ ᠤ | ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠠᠪᠥᠭ᠌ᠳᠠᠭᠤᠯᠤᠨᠠ᠃ ᠬᠠᠮᠲᠤᠷᠠᠨ ᠠᠵᠢᠯᠯᠠᠬᠤ ᠵᠥᠪᠳᠡᠯᠴᠡᠭᠡᠷ | ᠲᠡᠭᠡᠷ᠎ᠠ 2017 ᠣᠨ ᠤ 4 ᠰᠠᠷᠠᠶᠢᠨ28 ᠤ ᠡᠳᠦᠷ ᠵᠢᠩᠬᠢᠨᠢ ᠪᠠᠷ ᠭᠠᠷ ᠤᠨ ᠦᠰᠦᠭ ᠵᠢᠷᠤᠵᠤ᠂ ᠡᠯ᠎ᠡ ᠲᠠᠯ᠎ᠠ ᠶᠢᠨ | ᠠᠵᠢᠯ ᠶᠠᠭ ᠡᠮᠬᠢ ᠳᠠᠷᠠᠭ᠎ᠠ ᠲᠠᠢ ᠶᠠᠪᠤᠭᠳᠠᠵᠤ ᠪᠠᠶᠢᠨ᠎ᠠ᠃ ᠬᠤᠶᠠᠳᠤᠭᠠᠷ ᠬᠤᠭᠤᠴᠠᠭᠠᠨ ᠤ ᠠᠵᠢᠯ ᠨᠢ ᠨᠢᠭᠡᠳᠦᠭᠡᠷ | ᠬᠤᠭᠤᠴᠠᠭᠠᠨ ᠤ ᠪᠠᠨ ᠰᠢᠨᠡᠳᠬᠡᠯ ᠦᠷᠭᠦᠯᠵᠢᠯᠡᠯ ᠪᠣᠯᠣᠨ᠎ᠠ ᠂ ᠨᠢᠭᠡᠳᠦᠭᠡᠷ ᠬᠤᠭᠤᠴᠠᠭ᠎ᠠ ᠲᠠᠢ ᠪᠠᠨ ᠬᠠᠷᠢᠴᠠᠭᠤᠯᠪᠠᠯ᠂ | ᠪᠠᠶᠢᠷᠢᠰᠢᠭᠤᠯᠥᠯᠳᠠ ᠪᠠᠷ ᠨᠡᠩ ᠲᠣᠬᠢᠷᠠᠮᠵᠢᠲᠠᠢ᠂ ᠴᠢᠳᠠᠮᠵᠢ ᠨᠢ ᠪᠦᠷᠢᠨ ᠲᠥᠬᠦᠷ᠂ ᠪᠠᠷᠢᠯᠭ᠎ᠠ ᠨᠢ ᠤᠯᠠᠮ ᠭᠤᠴᠣ | ᠰᠠᠶᠢᠬᠠᠨ ᠪᠢᠯᠡ᠃ ︽ᠬᠥᠨᠳᠡᠯᠡᠨ ᠭᠤᠯᠳᠤ ᠵᠡᠭᠡᠯᠢ︾ ᠶᠢᠨ ᠬᠤᠶᠠᠳᠤᠭᠠᠷ ᠬᠤᠭᠤᠴᠠᠭ᠎ᠠ ᠨᠢ ᠪᠠᠷᠤᠭ 2019 | ᠣᠨ ᠤ 9 ᠰᠠᠷ᠎ᠠ ᠳᠤ ᠠᠰᠢᠭᠯᠠᠯᠲᠠ ᠳᠤ ᠣᠷᠣᠬᠤ ᠪᠣᠯᠣᠨ᠎ᠠ᠃ |