ᠵᠢᠦ ᠶᠤᠸᠠᠨ ᠲᠣᠭᠤᠷᠢᠭ ᠤᠨ ᠠᠵᠢᠯ ᠣᠯᠭᠤᠬᠤ ᠲᠣᠪᠴᠢᠶᠠᠨ ᠤ ︽ᠬᠠᠪᠤᠷ ᠤᠨ ᠤᠷᠢᠬᠠᠨ ᠰᠠᠯᠬᠢ ᠠᠵᠢᠯᠯᠠᠭ᠎ᠠ︾
ᠨᠡᠶᠢᠲᠡᠯᠡᠭᠰᠡᠨ ᠴᠠᠭ᠄
2018/6/26
ᠭᠤᠣᠯ ᠰᠡᠳᠦᠪ᠄ᠵᠢᠦ ᠶᠤᠸᠠᠨ ᠲᠣᠭᠤᠷᠢᠭ ᠤᠨ ᠠᠵᠢᠯ ᠣᠯᠭᠤᠬᠤ ᠲᠣᠪᠴᠢᠶᠠᠨ ᠤ ︽ᠬᠠᠪᠤᠷ ᠤᠨ ᠤᠷᠢᠬᠠᠨ ᠰᠠᠯᠬᠢ ᠠᠵᠢᠯᠯᠠᠭ᠎ᠠ︾ᠵᠣᠴᠢᠮᠠᠳ᠄ ᠵᠢᠦ ᠶᠤᠸᠠᠨ ᠲᠣᠭᠤᠷᠢᠭ ᠤᠨ ᠠᠵᠢᠯ ᠣᠯᠭᠤᠬᠤ ᠲᠣᠪᠴᠢᠶ᠎ᠠ ᠶᠢᠨ ᠨᠠᠮ ᠤᠨ ᠶᠡᠷᠦᠩᠬᠡᠢ ᠡᠭᠦᠷ ᠤᠨ ᠱᠦᠵᠢ ᠵᠠᠩ ᠰᠢᠦ ᠫᠢᠩᠲᠣᠪᠴᠢᠯᠠᠯ᠄      ︽ᠬᠠᠪᠤᠷ ᠤᠨ ᠤᠷᠢᠬᠠᠨ ᠰᠠᠯᠬᠢ ᠠᠵᠢᠯᠯᠠᠭ᠎ᠠ︾᠎ ᠨᠢ ᠭᠤᠣᠯᠳᠠᠭᠤ ︽ᠲᠥᠷᠦ ᠶᠢᠨ ᠪᠣᠳᠣᠯᠭ᠎ᠠ ᠶᠢ ᠣᠶᠢᠯᠠᠭᠠᠭᠤᠯᠬᠤ᠂ ᠠᠵᠢᠯ ᠤᠨ ᠪᠠᠶᠢᠷᠢ ᠣᠯᠭᠤᠬᠤ᠂ ᠮᠡᠷᠭᠡᠵᠢᠯ ᠭᠦᠷᠳᠡᠭᠡᠬᠦ᠂ ᠦᠢᠯᠡᠴᠢᠯᠡᠭᠡ  ᠬᠠᠩᠭᠠᠬᠤ︾᠎ ᠪᠠᠷ ᠠᠭᠤᠯᠭ᠎ᠠ ᠪᠠᠨ ᠪᠣᠯᠭᠠᠭᠰᠠᠨ ᠲᠤᠰᠬᠠᠢ ᠲᠥᠷᠥᠯ ᠤᠨ ᠦᠢᠯᠡᠴᠢᠯᠡᠭᠡᠡ ᠪᠣᠯᠣᠨ᠎ᠠ᠃ ᠮᠠᠯᠴᠢᠨ ᠲᠠᠷᠢᠶᠠᠴᠢᠳ ᠤᠨ ᠬᠤᠲᠠ ᠣᠷᠣᠵᠤ ᠠᠵᠢᠯ ᠣᠯᠬᠤ ᠣᠷᠴᠢᠨ ᠠᠬᠤᠢ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠳᠤ ᠠᠵᠢᠯ ᠣᠯᠭᠤᠬᠤ ᠬᠦᠴᠦᠯᠡᠴᠡ ᠪᠠᠨ ᠴᠢᠩᠭᠠᠳᠬᠠᠵᠤ᠂ ᠠᠵᠤ ᠠᠬᠤᠶᠢᠯᠠᠯ ᠪᠠ ᠡᠯ᠎ᠡ ᠨᠢᠭᠡᠴᠡ ᠶᠢᠨ ᠬᠥᠮᠥᠨ ᠬᠡᠷᠡᠭᠴᠡᠬᠦ  ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ‍ᠤᠨ‌ᠠᠵᠢᠯ ᠣᠯᠭᠤᠬᠤ ᠲᠣᠪᠴᠢᠶ᠎ᠠ ᠬᠠᠪᠤᠷ ᠤᠨ ᠤᠯᠠᠷᠢᠯ ᠤᠨ ᠠᠵᠢᠯ ᠡᠷᠢᠬᠦ ᠣᠷᠭᠢᠯ ᠴᠠᠭ ᠢ ᠡᠵᠡᠮᠳᠡᠨ︽ᠬᠠᠪᠤᠷ ᠤᠨ ᠤᠷᠢᠬᠠᠨ ᠰᠠᠯᠬᠢ︾ ᠲᠤᠰᠬᠠᠢ ᠤᠷᠢᠵᠤ ᠡᠯᠰᠡᠬᠦ ᠠᠵᠢᠯᠯᠠᠭ᠎ᠠ ᠥᠷᠨᠢᠭᠦᠯᠵᠦ᠂1500 ᠢᠯᠡᠭᠦᠦ ᠬᠤᠪᠢ ᠠᠵᠢᠯᠴᠢᠨ ᠡᠯᠰᠡᠬᠦ ᠵᠠᠷ ᠲᠠᠷᠬᠠᠭᠠᠨ᠂1000 ᠢᠯᠡᠭᠦᠦ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ ᠬᠥᠲᠥᠯᠥᠭᠴᠢ᠄ ᠵᠢᠦ ᠶᠤᠸᠠᠨ ᠲᠣᠭᠤᠷᠢᠭ ᠤᠨ ︽ᠬᠠᠪᠤᠷ ᠤᠨ ᠤᠷᠢᠬᠠᠨ ᠰᠠᠯᠬᠢ ᠠᠵᠢᠯᠯᠠᠭ᠎ᠠ︾᠎ ᠶᠢᠨ ᠦᠷ᠎ᠡ  ᠪᠦᠳᠦᠮᠵᠢ ᠶᠢᠨ ᠲᠤᠬᠠᠢ ᠲᠠᠨᠢᠯᠴᠠᠭᠤᠯᠵᠤ ᠥᠭᠭᠦᠨᠦ︖ᠵᠣᠴᠢᠮᠠᠳ᠄ ᠵᠠᠩ ᠰᠢᠦ ᠫᠢᠩ      ︽ᠬᠠᠪᠤᠷ ᠤᠨ ᠤᠷᠢᠬᠠᠨ ᠰᠠᠯᠬᠢ ᠠᠵᠢᠯᠯᠠᠭ᠎ᠠ︾᠎ ᠨᠢ ᠭᠤᠣᠯᠳᠠᠭᠤ ︽ᠲᠥᠷᠦ ᠶᠢᠨ ᠪᠣᠳᠣᠯᠭ᠎ᠠ ᠶᠢ ᠣᠶᠢᠯᠠᠭᠠᠭᠤᠯᠬᠤ᠂ ᠠᠵᠢᠯ ᠤᠨ ᠪᠠᠶᠢᠷᠢ ᠣᠯᠭᠤᠬᠤ᠂ ᠮᠡᠷᠭᠡᠵᠢᠯ ᠭᠦᠷᠳᠡᠭᠡᠬᠦ᠂ ᠦᠢᠯᠡᠴᠢᠯᠡᠭᠡ  ᠬᠠᠩᠭᠠᠬᠤ︾᠎ ᠪᠠᠷ ᠠᠭᠤᠯᠭ᠎ᠠ ᠪᠠᠨ ᠪᠣᠯᠭᠠᠭᠰᠠᠨ ᠲᠤᠰᠬᠠᠢ ᠲᠥᠷᠥᠯ ᠤᠨ ᠦᠢᠯᠡᠴᠢᠯᠡᠭᠡᠨ ᠪᠣᠯᠣᠨ᠎ᠠ᠃ ᠮᠠᠯᠴᠢᠨ ᠲᠠᠷᠢᠶᠠᠴᠢᠳ ᠤᠨ ᠬᠤᠲᠠ ᠣᠷᠣᠵᠤ ᠠᠵᠢᠯ ᠣᠯᠬᠤ ᠣᠷᠴᠢᠨ ᠠᠬᠤᠢ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠳᠤ ᠠᠵᠢᠯ ᠣᠯᠭᠤᠬᠤ ᠬᠦᠴᠦᠯᠡᠴᠡ ᠪᠠᠨ ᠴᠢᠩᠭᠠᠳᠬᠠᠵᠤ᠂ ᠠᠵᠤ ᠠᠬᠤᠶᠢᠯᠠᠯ ᠪᠠ ᠡᠯ᠎ᠡ ᠨᠢᠭᠡᠴᠡ ᠶᠢᠨ ᠬᠥᠮᠥᠨ ᠬᠡᠷᠡᠭᠴᠡᠬᠦ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ‍ᠤᠨ‌ᠠᠵᠢᠯ ᠣᠯᠭᠤᠬᠤ ᠲᠣᠪᠴᠢᠶ᠎ᠠ  ᠬᠠᠪᠤᠷ ᠤᠨ ᠤᠯᠠᠷᠢᠯ ᠤᠨ ᠠᠵᠢᠯ ᠡᠷᠢᠬᠦ ᠣᠷᠭᠢᠯ ᠴᠠᠭ ᠢ ᠡᠵᠡᠮᠳᠡᠨ︽ᠬᠠᠪᠤᠷ ᠤᠨ ᠤᠷᠢᠬᠠᠨ ᠰᠠᠯᠬᠢ︾ ᠲᠤᠰᠬᠠᠢ ᠤᠷᠢᠵᠤ ᠡᠯᠰᠡᠬᠦ ᠠᠵᠢᠯᠯᠠᠭ᠎ᠠ ᠥᠷᠨᠢᠭᠦᠯᠵᠦ᠂1500 ᠢᠯᠡᠭᠦᠦ ᠬᠤᠪᠢ ᠠᠵᠢᠯᠴᠢᠨ ᠡᠯᠰᠡᠬᠦ ᠵᠠᠷ ᠲᠠᠷᠬᠠᠭᠠᠨ᠂1000 ᠢᠯᠡᠭᠦᠦ ᠠᠵᠢᠯ ᠤᠨ ᠪᠠᠶᠢᠷᠢ ᠬᠠᠩᠭᠠᠵᠤ᠂ 801 ᠬᠥᠮᠥᠨ ᠢ ᠲᠤᠬᠠᠶᠢᠯᠠᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠭᠤᠯᠵᠤ᠂ 238 ᠬᠥᠮᠥᠨ ᠢ ᠠᠳᠠᠯ ᠪᠣᠰᠬᠠᠬᠤ ᠪᠣᠯᠪᠠᠰᠤᠷᠠᠯ ᠳᠤ ᠣᠷᠣᠯᠴᠠᠭᠤᠯᠤᠨ᠂ 542 ᠬᠥᠮᠥᠨ ᠳᠤ ᠠᠵᠢᠯ ᠤᠨ ᠪᠠᠶᠢᠷᠢ ᠰᠣᠯᠢᠵᠤ᠂ 321 ᠨᠡᠷ᠎ᠡ ᠬᠥᠳᠡᠯᠮᠦᠷᠢᠴᠢᠳ ᠲᠤ ᠬᠥᠳᠡᠯᠮᠦᠷᠢ ᠶᠢᠨ ᠡᠷᠬᠡ ᠠᠰᠢᠭ ᠢᠶᠠᠨ ᠬᠠᠮᠠᠭᠠᠯᠠᠬᠤ ᠪᠠ ᠬᠠᠤᠯᠢ ᠴᠠᠭᠠᠵᠠ ᠶᠢᠨ ᠳᠡᠮᠵᠢᠯᠭᠡ  ᠦᠵᠡᠭᠦᠯᠦᠭᠰᠡᠨ ᠪᠠᠶᠢᠨ᠎ᠠ᠃ ᠪᠠᠰᠠ ᠰᠢᠨ᠎ᠡ ᠪᠠᠷ ᠠᠳᠠᠯ ᠪᠣᠰᠬᠠᠬᠤ ᠳᠤᠷᠠᠲᠠᠢ ᠬᠥᠮᠥᠰ ᠲᠤ ᠲᠤᠰᠬᠠᠢ ᠵᠢᠯᠣᠭᠤᠳᠤᠯᠭ᠎ᠠ ᠂ ᠰᠤᠷᠠᠭ ᠵᠠᠩᠭᠢ ᠠᠰᠠᠭᠤᠵᠤ ᠯᠠᠪᠯᠠᠬᠤ᠂  ᠪᠦᠷᠢᠳᠭᠡᠭᠦᠯᠦᠨ ᠲᠡᠮᠳᠡᠭᠯᠡᠬᠦ᠂ ᠠᠳᠠᠯ ᠪᠣᠰᠬᠠᠬᠤ ᠳᠠᠭᠠᠭᠠᠯᠲᠠ ᠲᠠᠢ ᠵᠢᠭᠡᠯᠡᠯᠭᠡ  ᠲᠠᠯᠪᠢᠬᠤ ᠵᠡᠷᠭᠡ ᠶᠢ ᠪᠠᠭᠲᠠᠭᠠᠭᠰᠠᠨ ︽ᠨᠢᠭᠡ ᠴᠣᠭᠴᠠᠲᠤ︾ ᠦᠢᠯᠡᠴᠢᠯᠡᠭᠡ  ᠬᠠᠩᠭᠠᠵᠠᠢ᠃ᠬᠥᠲᠥᠯᠥᠭᠴᠢ᠄ ︽ᠬᠠᠪᠤᠷ ᠤᠨ ᠤᠷᠢᠬᠠᠨ ᠰᠠᠯᠬᠢ︾ ᠲᠤᠰᠬᠠᠢ ᠠᠵᠢᠯᠯᠠᠭ᠎ᠠ  ᠎ ᠨᠢ  ᠭᠦᠮᠦᠨ ᠤᠷᠢᠵᠤ ᠬᠡᠷᠡᠭᠯᠡᠬᠦ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠨᠦᠭᠦᠳ ᠢ ᠠᠪᠤᠭᠰᠠᠨ ᠪᠣᠢ︖ᠵᠣᠴᠢᠮᠠᠳ᠄ ᠵᠠᠩ ᠰᠢᠦ ᠫᠢᠩ      ᠨᠢᠭᠡ ᠳᠤ  ᠂ ᠤᠬᠠᠭᠤᠯᠭ᠎ᠠ ᠪᠠᠨ ᠴᠢᠩᠭᠠᠳᠬᠠᠨ ᠰᠠᠶᠢᠨ ᠰᠠᠶᠢᠬᠠᠨ ᠣᠷᠴᠢᠨ ᠠᠬᠤᠢ ᠶᠢ ᠪᠤᠢ ᠪᠣᠯᠭᠠᠪᠠ᠃ ︽ᠬᠠᠪᠤᠷ ᠤᠨ ᠤᠷᠢᠬᠠᠨ ᠰᠠᠯᠬᠢ ᠠᠵᠢᠯᠯᠠᠭ᠎ᠠ︾᠎ ᠶᠢᠨ ᠤᠷᠢᠵᠤ ᠬᠡᠷᠡᠭᠯᠡᠬᠦ ᠠᠵᠢᠯ ᠢ ᠰᠠᠶᠢᠲᠤᠷ ᠡᠷᠬᠢᠯᠡᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦ ᠶᠢᠨ ᠬᠤᠲᠠ ᠣᠷᠣᠵᠤ ᠠᠵᠢᠯ ᠣᠯᠬᠤ ᠳᠤ ᠴᠠᠭ ᠳᠠᠷᠤᠢ᠂  ᠪᠦᠳᠦᠮᠵᠢ ᠥᠨᠳᠥᠷ  ᠦᠢᠯᠡᠴᠢᠯᠡᠭᠡ ᠬᠠᠩᠭᠠᠬᠤ ᠶᠢᠨ ᠲᠦᠯᠦᠭᠡ  ᠂ ᠵᠢᠦ ᠶᠤᠸᠠᠨ ᠲᠣᠭᠤᠷᠢᠭ ᠤᠨ ᠠᠵᠢᠯ ᠣᠯᠭᠤᠬᠤ ᠲᠣᠪᠴᠢᠶᠠᠨ ᠤ ᠠᠵᠢᠯᠲᠠᠨ ᠨᠢ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ ︵ᠲᠣᠰᠬᠤᠨ︶᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠤᠬᠠᠭᠤᠯᠤᠯ ᠤᠨ ᠯᠣᠽᠦ᠋ᠩ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ  ᠦᠷᠭᠡᠨ ᠭᠡᠪᠴᠢᠶᠠᠨ ᠤ  ᠤᠬᠠᠭᠤᠯᠭ᠎ᠠ ᠬᠢᠭᠰᠡᠨ ᠪᠠᠶᠢᠨ᠎ᠠ᠃ ︽ᠪᠤᠭᠤᠲᠤ ᠎ ᠶᠢᠨ ᠠᠵᠢᠯ  ᠣᠯᠭᠤᠯᠳᠠ︾᠂ ︽ᠵᠢᠦ ᠶᠤᠸᠠᠨ ᠤ ᠠᠵᠢᠯ ᠣᠯᠭᠤᠯᠳᠠ︾  ᠵᠡᠷᠭᠡ ᠸᠢᠴᠠᠲ ᠤᠨ ᠲᠠᠪᠴᠠᠩ ᠪᠠ ᠵᠠᠰᠠᠭ ᠤᠨ ᠣᠷᠳᠣᠨ ᠤ ᠰᠦᠯᠵᠢᠶ᠎ᠡ ᠶᠢ ᠠᠰᠢᠭᠯᠠᠨ ᠤᠬᠠᠭᠤᠯᠭ᠎ᠠ ᠬᠢᠬᠦ ᠶᠢᠨ ᠳᠠᠭᠠᠤ᠂ ᠪᠤᠭᠤᠲᠤ ᠶᠢᠨ ᠵᠠᠮ ᠬᠠᠷᠢᠯᠴᠠᠭᠠᠨ ᠤ ᠷᠠᠳᠢᠣ᠋ ᠵᠡᠷᠭᠡ ᠰᠣᠨᠢᠨ ᠮᠡᠳᠡᠭᠡᠨ ᠤ  ᠵᠠᠭᠤᠴᠢᠯᠠᠭᠤᠷ ᠢ ᠠᠰᠢᠭᠯᠠᠨ ᠠᠵᠢᠯᠴᠢᠨ ᠡᠯᠰᠡᠬᠦ ᠵᠠᠷ ᠮᠡᠳᠡᠭᠡ  ᠲᠠᠷᠬᠠᠭᠠᠭᠰᠠᠨ ᠶᠤᠮ᠃      ᠬᠤᠶᠠᠷ ᠲᠤ᠂  ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠠᠵᠢᠯ ᠤᠨ ᠪᠠᠶᠢᠷᠢ ᠶᠢ ᠢᠳᠡᠪᠬᠢᠲᠡᠢ ᠪᠠᠷ ᠡᠷᠢᠯᠬᠢᠯᠠᠨ ᠬᠠᠩᠭᠠᠪᠠ᠃ ᠵᠣᠷᠢᠯᠲᠠ ᠳᠤ ᠴᠢᠭᠯᠡᠭᠦᠯᠦᠨ ᠦᠢᠯᠡᠴᠢᠯᠡᠭᠡᠨ ᠤ ᠠᠵᠢᠯᠯᠠᠭ᠎ᠠ ᠪᠠᠨ ᠡᠷᠭᠢᠯᠠᠨ  ᠡᠯ᠎ᠠ  ᠲᠦᠷᠦᠯ ᠤᠨ ᠠᠵᠢᠯ ᠣᠯᠣᠭᠰᠠᠳ ᠢ  ᠱᠠᠭᠠᠷᠳᠠᠯᠭ᠎ᠠ ᠎ ᠪᠠᠨ ᠦᠨᠳᠦᠰᠦᠯᠡᠨ ᠡᠮᠬᠢ ᠲᠢᠭᠯᠢᠮ ᠲᠠᠢ ᠰᠠᠨᠠᠭᠠᠴᠢᠯᠠᠭ᠎ᠠ ᠠᠴᠠ ᠪᠠᠨ ᠠᠵᠢᠯ ᠣᠯᠭᠤᠭᠤᠯᠬᠤ  ᠶᠢᠨ ᠲᠦᠯᠦᠭᠡ᠂ ᠵᠢᠦ ᠶᠤᠸᠠᠨ ᠲᠣᠭᠤᠷᠢᠭ ᠤᠨ ᠠᠵᠢᠯ ᠣᠯᠭᠤᠬᠤ ᠲᠣᠪᠴᠢᠶ᠎ᠠ ᠬᠥᠮᠥᠨ ᠬᠡᠷᠡᠭᠴᠡᠬᠦ  ᠪᠠᠶᠢᠭᠤᠯᠭ᠎ᠠ ᠲᠠᠢ ᠮᠡᠳᠡᠭᠡ ᠵᠠᠩᠭᠢ ᠪᠠᠨ  ᠢᠳᠡᠪᠬᠢᠳᠡᠢ ᠰᠣᠯᠢᠯᠴᠠᠵᠥ᠂ ᠠᠵᠤ ᠠᠬᠤᠶᠢᠯᠠᠯ ᠤᠨ ᠬᠥᠮᠥᠨ ᠬᠡᠷᠡᠭᠴᠡᠬᠦ  ᠲᠤᠭ᠎ᠠ᠂  ᠪᠦᠲᠦᠴᠡ᠂ ᠴᠠᠭ ᠬᠤᠭᠤᠴᠠᠭ᠎ᠠ ᠵᠡᠷᠭᠡ ᠶᠢ ᠴᠠᠭ ᠲᠤᠬᠠᠢ ᠳᠤᠨᠢ ᠡᠵᠡᠮᠳᠡᠪᠠ᠃ ᠲᠣᠭᠤᠷᠢᠭ ᠤᠨ ᠰᠢᠨ᠎ᠡ ᠪᠠᠷ ᠣᠷᠣᠭᠤᠯᠵᠤ ᠪᠠᠶᠢᠭ᠎ᠠ ᠠᠵᠢᠯ ᠲᠥᠷᠥᠯ  ᠢ ᠭᠤᠤᠯᠴᠢᠯᠠᠨ ᠠᠩᠬᠠᠷᠴᠤ᠂ ᠸᠡᠨ ᠳ᠋ᠠ ᠲᠠᠯᠠᠪᠤᠷ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠤᠷᠤᠨ᠂ ᠬᠥᠨᠳᠡᠯᠡᠨ ᠭᠤᠯᠳᠤ ᠵᠡᠭᠡᠯᠢ᠂ ᠠᠳᠠᠯ ᠪᠣᠰᠬᠠᠬᠤ ᠬᠦᠷᠢᠶᠡᠯᠡᠩ  ᠪᠣᠯᠣᠨ ᠶᠡᠭᠡ ᠰᠤᠷᠭᠠᠭᠤᠯᠢ ᠎ ᠠᠴᠠ ᠲᠡᠭᠦᠰᠦᠭᠰᠡᠨ ᠤᠶᠤᠳᠠᠳ ᠢ  ᠭᠦᠮᠦᠵᠢᠬᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠵᠡᠷᠭᠡ ᠭᠠᠵᠠᠷ ᠤᠳ ᠲᠤ ᠭᠦᠨᠵᠡᠭᠡᠶᠢᠷᠡᠨ᠂ ᠠᠵᠤ ᠠᠬᠤᠶᠢᠯᠠᠯ ᠲᠠᠢ ᠬᠠᠷᠢᠴᠠᠨ ᠨᠠᠯᠢᠶᠠᠳ ᠣᠯᠠᠨ ᠠᠵᠢᠯ ᠤᠨ ᠣᠷᠣᠨ ᠪᠠᠶᠢᠷᠢ ᠶᠢ ᠣᠯᠵᠤ ᠮᠡᠳᠡᠭᠰᠡᠨ ᠪᠠᠶᠢᠨ᠎ᠠ᠃   ᠡᠬᠦᠨ ᠤ ᠬᠠᠮᠳᠥ   ᠲᠣᠭᠤᠷᠢᠭ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠎ ᠢ ᠲᠦᠰᠢᠭᠯᠡᠨ᠂ ᠠᠵᠢᠯ  ᠣᠯᠣᠭᠰᠠᠳ ᠤᠨ  ᠦᠨᠳᠦᠰᠦᠨ ᠪᠠᠶᠢᠳᠠᠯ ᠪᠠ ᠠᠵᠤ ᠠᠬᠤᠶᠢᠯᠠᠯ ᠤᠨ  ᠠᠵᠢᠯ ᠤᠨ ᠪᠠᠶᠢᠷᠢ ᠶᠢᠨ ᠪᠠᠶᠢᠳᠠᠯ ᠢ  ᠲᠠᠩᠰᠠᠯᠠᠵᠥ᠂  ᠤᠷᠳᠤ ᠬᠤᠭᠤᠴᠠᠭᠠᠨ ᠤ ᠠᠵᠢᠯ  ᠲᠠᠨᠢᠯᠴᠠᠭᠤᠯᠬᠤ ᠲᠣᠭᠲᠠᠯᠴᠠᠭ᠎ᠠ ᠶᠢ ᠪᠠᠶᠢᠭᠤᠯᠪᠠ᠃      ᠭᠤᠷᠪᠠ ᠳᠤ᠂  ᠨᠠᠷᠢᠯᠢᠭ ᠲᠣᠬᠢᠷᠠᠭᠤᠯᠵᠤ᠂ ᠨᠢᠮᠪᠠᠢ ᠨᠠᠶᠢᠳᠠᠪᠤᠷᠢᠵᠢᠭᠤᠯᠪᠠ᠃ 2 ᠰᠠᠷ᠎ᠠ ᠶᠢᠨ 28᠎ ᠤ ᠡᠳᠦᠷ ᠂ ᠵᠢᠦ ᠶᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠬᠠᠪᠤᠷ ᠤᠨ ᠤᠷᠢᠬᠠᠨ ᠰᠠᠯᠬᠢ ᠠᠵᠢᠯᠯᠠᠭ᠎ᠠ︾᠎ ᠶᠢᠨ ᠲᠤᠰᠬᠠᠢ ᠠᠵᠢᠯᠴᠢᠨ ᠡᠯᠰᠡᠬᠦ ᠴᠤᠭᠯᠠᠭᠠᠨ ᠶᠠᠪᠤᠭᠳᠠᠭᠤᠯᠵᠤ᠂ 73 ᠠᠵᠤ ᠠᠬᠤᠶᠢᠯᠠᠯ ᠣᠷᠣᠯᠴᠠᠨ 1000 ᠢᠯᠡᠭᠦᠦ ᠠᠵᠢᠯ ᠤᠨ ᠪᠠᠶᠢᠷᠢ ᠬᠠᠩᠭᠠᠵᠥ᠂ ᠬᠠᠮᠢᠶᠠᠷᠤᠯᠲᠠ᠂ ᠨᠠᠷᠢᠨ ᠪᠢᠴᠢᠭ ᠂  ᠪᠣᠷᠤᠯᠠᠭᠤᠯᠤᠨ  ᠦᠢᠯᠡᠴᠢᠯᠡᠬᠦ᠂  ᠤᠷ᠎ᠠ ᠮᠡᠷᠭᠡᠵᠢᠯ ᠤᠨ ᠠᠵᠢᠯ  ᠮᠠᠳᠥ ᠶᠢᠨ  ᠣᠯᠠᠨ ᠠᠵᠢᠯ ᠲᠥᠷᠥᠯ ᠢ ᠬᠠᠮᠥᠷᠴᠠᠢ ᠃  2000  ᠰᠢᠬᠠᠮ ᠠᠵᠢᠯ ᠡᠷᠢᠭᠰᠡᠳ ᠴᠤᠭᠯᠠᠭᠠᠨ ᠳᠤ ᠣᠷᠣᠯᠴᠠᠨ᠂ 650 ᠣᠷᠴᠢᠮ ᠬᠥᠮᠥᠨ ᠲᠤᠬᠠᠢ ᠶᠢᠨ ᠭᠠᠵᠠᠷ ᠲᠤ ᠠᠵᠤ ᠠᠬᠤᠶᠢᠯᠠᠯ ᠲᠠᠢ ᠠᠵᠢᠯ ᠤᠨ ᠬᠠᠷᠢᠴᠠᠭ᠎ᠠ  ᠲᠣᠭᠳᠠᠭᠠᠪᠠ᠂  ᠠᠵᠢᠯ ᠡᠷᠢᠬᠦ ᠠᠳᠠᠯ ᠪᠤᠰᠬᠠᠬᠤ᠂  ᠨᠠᠶᠢᠭᠡᠮ ᠤᠨ ᠪᠠᠳᠤᠯᠠᠭ᠎ᠠ᠂  ᠭᠦᠳᠡᠯᠮᠥᠷᠢ ᠶᠢᠨ ᠡᠷᠬᠡ ᠠᠰᠢᠭ ᠢᠶᠠᠨ ᠬᠠᠮᠠᠭᠠᠯᠠᠠᠬᠤ  ᠠᠭᠤᠯᠭ᠎ᠠ ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠢ 2000 ᠭᠠᠷᠤᠢ ᠬᠤᠪᠢ ᠲᠠᠷᠬᠠᠭᠠᠪᠠ᠃ ᠡᠨᠡ ᠤᠳᠠᠭᠠᠨ ᠤ  ᠠᠵᠢᠯᠳᠠᠨ ᠤᠷᠢᠬᠤ ᠴᠤᠭᠯᠠᠭᠠᠨ ᠨᠢ ᠠᠷᠭ᠎ᠠ ᠠᠪᠴᠢᠯ ᠢᠶᠠᠨ ᠥᠭᠡᠷᠡᠴᠢᠯᠡᠨ᠂ ᠲᠤᠰᠬᠠᠢ ᠠᠰᠠᠭᠤᠵᠤ ᠯᠠᠪᠠᠯᠬᠤ ᠦᠢᠯᠡᠴᠢᠯᠡᠭᠡᠨ ᠤ ᠴᠣᠩᠬᠤᠪᠴᠢ ᠭᠠᠷᠭᠠᠵᠤ᠂ ᠠᠵᠢᠯ ᠡᠷᠢᠵᠦ ᠪᠠᠶᠢᠭ᠎ᠠ ᠬᠥᠮᠥᠰ ᠲᠤ ᠴᠢᠭᠯᠡᠭᠦᠯᠦᠨ᠂ ᠪᠣᠳᠠᠲᠤ ᠬᠡᠷᠡᠭᠴᠡᠭᠡᠲᠦ ᠠᠵᠢᠯ ᠤᠨ ᠰᠤᠷᠠᠭ ᠵᠠᠩᠭᠢ ᠬᠠᠩᠭᠠᠵᠤ᠂ ᠲᠡᠳᠡᠨ ᠢ ᠬᠠᠪᠰᠤᠷᠤᠨ ᠠᠵᠢᠯ  ᠣᠯᠭᠤᠬᠤ ᠨᠣᠷᠮ᠎ᠠ ᠶᠢ ᠳᠡᠭᠡᠭᠰᠢᠯᠡᠭᠦᠯᠦᠭᠰᠡᠨ ᠪᠠᠶᠢᠨ᠎ᠠ ᠬᠥᠲᠥᠯᠥᠭᠴᠢ᠄  ᠠᠵᠢᠯᠳᠠᠨ ᠤᠷᠢᠬᠤ ᠲᠤᠰᠬᠠᠢ ᠴᠤᠭᠯᠠᠭᠠᠨ ᠠᠴᠠ ᠭᠠᠳᠠᠨ᠎ᠠ᠂  ᠥᠭᠡᠷ᠎ᠡ ᠶᠠᠮᠠᠷ ᠠᠷᠭ᠎ᠠ ᠬᠡᠮᠵᠢᠶ᠎ᠡ ᠠᠪᠴᠤ᠂ ᠲᠠᠷᠢᠶᠠᠴᠢᠨ ᠮᠠᠯᠴᠢᠳ ᠤᠨ ᠰᠢᠨ᠎ᠡ ᠠᠵᠢᠯ ᠣᠯᠭᠤᠯᠲᠠ ᠶᠢ ᠲᠦᠷᠭᠡᠳᠬᠡᠭᠰᠡᠨ ᠪᠣᠢ︖ᠵᠣᠴᠢᠮᠠᠳ᠄ ᠵᠠᠩ ᠰᠢᠦ ᠫᠢᠩ      ᠮᠠᠯᠴᠢᠳ ᠲᠠᠷᠢᠶᠠᠴᠢᠳ ᠤᠨ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠲᠤᠰᠬᠠᠢ ᠪᠣᠯᠪᠠᠰᠤᠷᠠᠯ ᠡᠷᠬᠢᠯᠡᠨ ᠮᠡᠳᠡᠯᠭᠡ ᠮᠡᠷᠭᠡᠵᠢᠯ ᠢ ᠨᠢ ᠨᠡᠮᠡᠭᠳᠡᠭᠦᠯᠦᠭᠰᠡᠨ ᠪᠠᠶᠢᠨ᠎ᠠ᠃ ᠵᠠᠬ᠎ᠠ ᠳᠡᠯᠭᠡᠭᠦᠷ ᠤᠨ ᠠᠵᠢᠯᠴᠢᠨ ᠬᠡᠷᠡᠭᠴᠡᠬᠦ ᠪᠠ ᠮᠠᠯᠴᠢᠳ ᠲᠠᠷᠢᠶᠠᠴᠢᠳ ᠤᠨ ᠳᠤᠷᠠᠰᠢᠯ ᠢ ᠦᠨᠳᠦᠰᠦᠯᠡᠨ ︽ᠵᠠᠬᠢᠶᠠᠯᠠᠭ᠎ᠠ ᠶᠢᠨ ᠬᠡᠯᠪᠡᠷᠢᠲᠡᠢ᠂ ᠬᠠᠨᠳᠤᠯᠭ᠎ᠠ ᠶᠢᠨ ᠬᠡᠯᠪᠡᠷᠢᠲᠡᠢ᠂ ᠪᠠᠶᠢᠷᠢ ᠲᠣᠭᠲᠠᠭᠠᠬᠤ ᠬᠡᠯᠪᠡᠷᠢᠲᠡᠢ︾ ᠪᠣᠯᠪᠠᠰᠤᠷᠠᠯ ᠢ ᠥᠷᠭᠡᠨ ᠳᠡᠯᠭᠡᠷ ᠡᠷᠬᠢᠯᠡᠭᠰᠡᠨ ᠪᠠᠶᠢᠨ᠎ᠠ᠃ ︽ᠬᠠᠪᠤᠷ ᠤᠨ ᠤᠷᠢᠬᠠᠨ ᠰᠠᠯᠬᠢ ᠠᠵᠢᠯᠯᠠᠭ᠎ᠠ︾᠎ ᠶᠢᠨ ᠬᠤᠭᠤᠴᠠᠭᠠᠨ ᠳᠤ᠂ ᠬᠤᠷᠢᠨᠭᠡᠷ ᠪᠠᠯᠭᠠᠰᠤ᠂ ᠮᠠ ᡂᠢ ᠪᠠᠯᠭᠠᠰᠤ ᠵᠡᠷᠭᠡ ᠭᠠᠵᠠᠷ ᠤᠨ 801 ᠨᠡᠷᠡᠰ ᠲᠠᠷᠢᠶᠠᠴᠢᠨ ᠮᠠᠯᠴᠢᠨ ᠢ ᠵᠣᠬᠢᠶᠠᠨ ᠪᠠᠶᠢᠭᠤᠯᠵᠤ᠂  ᠨᠧᠲ ᠠᠷᠠᠯᠵᠢᠶ᠎ᠠ᠂ ᠤᠲᠠᠰᠤ ᠵᠠᠯᠭᠠᠬᠤ ᠠᠵᠢᠯᠴᠢᠨ᠂  ᠦᠷᠦᠭᠡ ᠴᠢᠮᠡᠭᠯᠡᠬᠦ ᠠᠵᠢᠯᠴᠢᠨ ᠤ ᠪᠣᠯᠪᠠᠰᠤᠷᠠᠯ ᠤᠨ ᠠᠩᠭᠢ ᠡᠷᠬᠢᠯᠡᠵᠦ᠂ ᠮᠠᠯᠴᠢᠳ ᠲᠠᠷᠢᠶᠠᠴᠢᠳ‌‍ᠲ᠋ᠣᠰ ᠭᠠᠵᠠᠷ ᠣᠷᠣᠨ ᠪᠤᠶᠤ ᠣᠶᠢᠷᠠᠯᠴᠠᠭ᠎ᠠ ᠭᠠᠵᠠᠷ ᠣᠷᠣᠨ ᠳᠤ ᠠᠵᠢᠯ ᠣᠯᠵᠤ ᠠᠮᠢᠳᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ ᠪᠠᠰᠠ 238  ᠨᠡᠷᠡᠰ ᠠᠳᠠᠯ ᠪᠣᠰᠬᠠᠬᠤ ᠳᠤᠷᠠᠲᠠᠢ ᠬᠥᠮᠥᠰ ᠢ ᠠᠳᠠᠯ ᠪᠣᠰᠬᠠᠬᠤ ᠲᠤᠰᠬᠠᠢ ᠪᠣᠯᠪᠠᠰᠤᠷᠠᠯ ᠳᠤ ᠣᠷᠣᠯᠴᠠᠭᠤᠯᠤᠨ᠂ ᠲᠡᠳᠡᠨ ᠤ ᠬᠦᠰᠡᠯ ᠵᠣᠷᠢᠯᠲᠠ ᠪᠠᠨ ᠪᠡᠶᠡᠯᠡᠭᠦᠯᠬᠦ ᠶᠢ  ᠶᠡᠭᠡᠪᠡᠷ ᠳᠡᠮᠵᠢᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号