ᠵᠢᠦ ᠶᠤᠸᠠᠨ ᠲᠣᠭᠤᠷᠢᠭ ᠤᠨ ᠪᠠᠶᠢᠩᠭᠤ ᠶᠢᠨ ᠬᠤᠷᠢᠶᠠᠨ ᠤ ᠳᠡᠳ᠋  ᠲᠤᠭᠤᠷᠢᠭ ᠶᠢᠨ ᠳᠠᠷᠤᠭ᠎ᠠ ᠳ᠋ᠦ᠋ ᠯᠢᠨ ᠴᠦᠨ 11 ᠳ᠋ᠦᠭᠡᠷ ᠰᠠᠷ᠎ᠠ ᠶᠢᠨ ᠠᠶᠤᠯᠭᠦᠶ  ᠦᠢᠯᠡᠳᠪᠤᠷᠢᠯᠡᠯ ᠤᠨ ᠠᠵᠢᠯ ᠎ ᠤᠨ ᠬᠤᠷᠠᠯ ᠬᠢᠬᠦ ᠲᠤᠬᠠᠶ ᠶᠠᠷᠢᠶ᠎ᠠ
ᠨᠡᠶᠢᠲᠡᠯᠡᠭᠰᠡᠨ ᠴᠠᠭ᠄
2019/12/24
    ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ ᠳᠥᠷᠪᠡᠳᠦᠭᠡᠷ ᠤᠯᠠᠷᠢᠯ ᠤᠨ ᠣᠨᠴᠠᠯᠢᠭ ᠲᠤ ᠴᠢᠭᠯᠡᠭᠦᠯᠦᠨ᠂ ᠠᠶᠤᠯᠭᠦᠢ ᠦᠢᠯᠡᠳᠪᠦᠷᠢᠯᠡᠯ ᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ᠃ ᠡᠭᠦᠨ ᠤ  ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠭᠤᠷᠪᠠᠨ ᠱᠠᠭᠠᠷᠳᠠᠯᠭ᠎ᠠ ᠳᠤᠷᠠᠳᠪᠠ᠃    ᠨᠢᠭᠡ ᠳᠤ᠂ ᠦᠵᠡᠯ ᠰᠠᠨᠠᠭᠠᠨ ᠤ ᠲᠠᠯ᠎ᠠ ᠪᠠᠷ  ᠮᠢᠨᠴᠤᠷᠡᠬᠦ ᠦᠭᠡᠢ᠂ ᠠᠶᠤᠯᠭᠦᠶ ᠦᠢᠯᠡᠳᠪᠤᠷᠢᠯᠡᠯ ᠤᠨ ᠬᠥᠪᠴᠢ ᠶᠢ ᠦᠨᠡᠨᠬᠦ ᠴᠢᠩᠭᠠᠯᠠᠬᠤ ᠬᠡᠷᠡᠭᠲᠡᠢ᠃ ᠵᠢᠯ ᠤᠨ ᠡᠴᠦᠰ  ᠪᠤᠯᠵᠦ᠂ ᠡᠯ᠎ᠡ‌ᠵᠦ᠋ᠢᠯ ᠤᠨ ᠠᠵᠢᠯ  ᠰᠢᠪᠲᠤᠷᠭᠠᠨ ᠳᠤ ᠪᠠᠨ ᠤᠷᠤᠵᠤ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠣᠳᠣᠬᠠᠨ ᠤ ᠬᠦᠨᠳᠦ ᠨᠣᠴᠢᠲᠠᠶ ᠠᠶᠤᠯ ᠦᠭᠡᠢ ᠦᠢᠯᠡᠳᠪᠤᠷᠢᠯᠡᠯ ᠤᠨ ᠪᠠᠶᠢᠳᠠᠯ ᠢ ᠰᠡᠷᠭᠡᠭ ᠢᠶᠠᠷ ᠲᠠᠨᠢᠵᠤ᠂ ᠮᠢᠨᠴᠦᠭᠦᠷᠡᠨ ᠲᠠᠶᠢᠪᠤᠰᠢᠷᠠᠬᠤ ᠶᠢ ᠴᠢᠩᠭ᠎ᠠ ᠴᠡᠭᠡᠷᠯᠡᠵᠦ᠂  ᠠᠶᠤᠯ  ᠦᠭᠡᠢ ᠪᠠᠶᠢᠬᠤ ᠶᠢ ᠪᠠᠲᠤᠯᠠᠨ ᠰᠡᠷᠭᠡᠶᠢᠯᠡᠬᠦ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ  ᠨᠠᠶᠢᠲᠠᠪᠤᠷᠢᠵᠢᠭᠤᠯᠵᠤ᠂ ᠥᠴᠦᠬᠡᠨ ᠴᠦ ᠰᠤᠯᠠᠷᠠᠭᠤᠯᠤᠯ ᠦᠭᠡᠢ ᠪᠠᠷ  ᠠᠶᠤᠯᠭᠦᠢ ᠦᠢᠯᠡᠳᠪᠤᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠶ︔    ᠬᠤᠶᠠᠷ ᠲᠤ ᠠᠵᠢᠯ ᠤᠨ ᠲᠠᠯ᠎ᠠ ᠪᠠᠷ ᠭᠤᠤᠯᠳᠠᠯᠭ᠎ᠠ ᠶᠢ ᠠᠳᠬᠤᠵᠤ᠂ ᠠᠶᠤᠯᠭᠦᠶ ᠦᠢᠯᠡᠳᠪᠤᠷᠢᠯᠡᠯ ᠤᠨ ᠬᠠᠷᠠᠯᠲᠠ ᠡᠭᠦᠷᠭᠡ ᠶᠢ ᠥᠨᠳᠥᠷ ᠪᠦᠲᠦᠮᠵᠢᠲᠡᠶ ᠪᠠᠷ ᠪᠡᠶᠡᠯᠡᠭᠦᠯᠦᠨ᠎ᠡ᠃ ᠠᠶᠤᠯᠭᠦᠶ ᠦᠢᠯᠡᠳᠪᠤᠷᠢᠯᠡᠯ  ᠤᠨ ᠪᠣᠳᠠᠲᠠᠶ ᠠᠵᠢᠯ ᠶᠢᠨ ᠳᠤᠮᠳᠠ ᠭᠤᠤᠯ ᠪᠠ ᠵᠠᠩᠭᠢᠯᠠᠭ᠎ᠠ ᠶᠢ ᠡᠵᠡᠮᠳᠡᠬᠦ ᠳᠡᠭᠡᠨ ᠴᠢᠳᠠᠮᠠᠭᠠᠶ ᠪᠠᠶᠢᠵᠤ᠂ ᠠᠶᠤᠯᠭᠦᠶ ᠦᠢᠯᠡᠳᠪᠤᠷᠢᠯᠡᠯ ᠤᠨ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠨᠢᠭᠡᠴᠡ᠂ ᠭᠤᠤᠯᠳᠠᠯᠭ᠎ᠠ ᠲᠠᠢ ᠣᠷᠣᠨ ᠪᠠᠶᠢᠷᠢ ᠶᠢ ᠠᠳᠬᠤᠵᠤ᠂ ᠠᠶᠤᠯᠭᠦᠶ ᠦᠢᠯᠡᠳᠪᠤᠷᠢᠯᠡᠯ ᠤᠨ ᠠᠳᠡᠯ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠶ︔    ᠭᠤᠷᠪᠠ ᠳᠤ ᠠᠵᠢᠯᠯᠠᠭ᠎ᠠ ᠶᠢᠨ ᠲᠠᠯ᠎ᠠ ᠪᠠᠷ ᠶᠣᠰᠣᠨ ᠲᠡᠳᠦᠶ ᠥᠩᠭᠡᠷᠡᠭᠦᠯᠬᠦ  ᠎ ᠶᠢ ᠲᠡᠪᠴᠢᠵᠤ᠂ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠎ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃  ︽ᠭᠤᠷᠪᠠᠨ ᠬᠤᠪᠢ ᠪᠠᠷ  ᠪᠠᠶᠢᠷᠯᠠᠭᠤᠯᠵᠤ᠂ ᠳᠣᠯᠣᠭᠠᠨ ᠬᠤᠪᠢ ᠪᠠᠷ  ᠨᠠᠶᠢᠳᠠᠪᠤᠷᠢᠵᠢᠭᠤᠯᠬᠤ︾᠎ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠨᠡᠮᠡᠭᠳᠡᠭᠦᠯᠦᠨ ᠂  ᠠᠶᠤᠯᠭᠦᠢ ᠦᠢᠯᠡᠳᠪᠤᠷᠢᠯᠡᠯ ᠤᠨ ᠵᠢᠯ ᠶᠢᠨ ᠡᠭᠦᠷᠭᠡ ᠪᠠᠨ ᠪᠡᠶᠡᠯᠡᠭᠦᠯᠵᠦ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ︽ᠥᠴᠦᠬᠡᠨ ᠴᠦ ᠠᠭᠤᠴᠢᠯᠠᠬᠤ ᠦᠭᠡᠢ︾ ᠪᠠᠶᠢᠬᠤ ᠶᠢ ᠬᠡᠷᠡᠭᠵᠢᠭᠦᠯᠵᠦ᠂ ᠮᠠᠨ ᠤ ᠣᠷᠣᠨ ᠤ ᠠᠶᠦᠯᠭᠦᠢ ᠦᠢᠯᠡᠳᠪᠤᠷᠢᠯᠡᠯ ᠤᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠦᠨ᠂ ᠠᠶᠤᠯ ᠦᠭᠡᠢ ᠦᠢᠯᠡᠳᠪᠤᠷᠢᠯᠡᠯ ᠤᠨ  ᠪᠠᠶᠢᠲᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号