ᠵᠢᠦ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠵᠠᠩ ᠰᠢ ᠫᠢᠩ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠎ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠰᠣᠯᠢᠯᠴᠠᠬᠤ ᠶᠠᠷᠢᠶ᠎ᠠ
ᠨᠡᠶᠢᠲᠡᠯᠡᠭᠰᠡᠨ ᠴᠠᠭ᠄
2019/12/24
   ᠵᠠᠩ ᠰᠢ ᠫᠢᠩ ᠵᠢᠭᠠᠵᠤ ᠭᠠᠷᠭᠠᠬᠤ ᠳᠤ ᠪᠠᠨ᠄    ᠪᠠᠶᠢᠴᠠᠭᠠᠨ ᠰᠤᠳᠤᠯᠤᠯᠲᠠ ᠬᠢᠬᠦ ᠪᠣᠯ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠢᠮᠠᠭᠲᠠ ᠶᠢᠨ ᠱᠠᠭᠠᠷᠳᠠᠯᠭ᠎ᠠ ᠪᠣᠯᠤᠨ᠎ᠠ᠂ ᠮᠥᠨᠴᠦ ᠠᠵᠢᠯ ᠢᠶᠠᠨ  ᠠᠬᠢᠭᠤᠯᠬᠤ ︽ ᠲᠡᠭᠦᠰ ᠢᠯᠠᠭᠴᠢ ᠡᠷᠲᠡᠨᠢ︾ ᠪᠣᠯᠤᠨ᠎ᠠ᠃  ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ  ᠪᠤᠲᠠᠲᠠᠢ  ᠪᠤᠯᠭᠠᠬᠤ ᠢ ᠬᠦᠴᠦᠯᠡᠨ ᠰᠠᠶᠢᠲᠤᠷ ᠬᠢᠵᠦ᠂ ᠪᠠᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠰᠤᠷᠤᠯᠴᠠᠯᠭ᠎ᠠ ᠬᠥᠮᠦᠵᠢᠯ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠡᠷᠭᠡ ᠡᠯ᠎ᠡ ᠲᠠᠯ᠎ᠠ ᠳᠤ ᠠᠭᠤᠰᠤᠯᠴᠠᠭᠤᠯᠬᠤ ᠬᠡᠷᠡᠭᠲᠡᠶ᠃ ᠨᠢᠭᠡ ᠳᠤ ᠰᠤᠷᠤᠯᠴᠠᠯᠭ᠎ᠠ ᠬᠥᠮᠦᠵᠢᠯ ᠢ ᠠᠳᠬᠤᠵᠤ᠂    ᠬᠦᠢᠴᠡᠳ ᠰᠤᠷᠤᠯᠴᠠᠨ ᠣᠶᠢᠯᠠᠭᠠᠵᠤ᠂ ᠴᠢᠳᠠᠮᠠᠭᠠᠶ ᠰᠤᠷᠴᠤ ᠴᠢᠳᠠᠮᠠᠭᠠᠶ ᠬᠡᠷᠡᠭᠯᠡᠵᠦ᠂ ᠪᠠᠶᠢᠩᠭᠤ ᠰᠤᠷᠤᠯᠴᠠᠵᠤ ᠪᠠᠶᠢᠩᠭᠤ ᠰᠢᠨᠡᠳᠬᠡᠬᠦ ᠬᠡᠷᠡᠭᠲᠡᠶ᠃  ᠬᠤᠶᠠᠷ  ᠎ ᠲᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠨᠠᠷᠢᠯᠢᠭ ᠠᠳᠬᠤᠵᠤ᠂ ᠢᠮᠠᠭᠲᠠ ᠲᠤᠭᠤᠰᠢᠯᠠᠭᠤᠯᠬᠤ ᠶᠢ ᠴᠢᠬᠤᠯᠠᠴᠢᠯᠠᠵᠤ᠂ ᠠᠰᠠᠭᠤᠳᠠᠯ ᠢ ᠴᠢᠬᠤᠯᠠᠴᠢᠯᠠᠨ᠂ ᠦᠷ᠎ᠡ ᠪᠦᠲᠦᠭᠡᠯ ᠢ ᠬᠤᠪᠢᠷᠠᠭᠤᠯᠬᠤ ᠶᠢ ᠴᠢᠬᠤᠯᠠᠴᠢᠯᠠᠨ᠎ᠠ᠃  ᠭᠤᠷᠪᠠ ᠳᠤ  ᠂  ᠪᠠᠴᠢᠮ ᠬᠦᠴᠢᠷ ᠠᠰᠠᠭᠤᠳᠠᠯ ᠢ ᠪᠠᠶᠢᠴᠠᠭᠠᠨ ᠦᠵᠡᠵᠦ᠂ ᠥᠷᠭᠡᠨ ᠢᠶᠠᠷ ᠡᠷᠢᠯᠬᠢᠯᠡᠵᠦ᠂ ᠥᠪᠡᠷ ᠎ ᠢᠶᠠᠨ ᠡᠷᠢᠵᠦ᠂ ᠨᠠᠷᠢᠨ ᠳᠠᠩᠰᠠ ᠪᠠᠶᠢᠭᠤᠯᠤᠨ᠎ᠠ᠃ ᠳᠥᠷᠪᠡ ᠳᠤ᠂ ᠦᠨᠡᠨ ᠪᠣᠳᠠᠲᠠᠶ ᠬᠦᠴᠢᠷ ᠠᠰᠠᠭᠤᠳᠠᠯ ᠢ  ᠰᠢᠢᠳᠪᠤᠷᠢᠯᠡᠵᠤ ᠴᠡᠭᠴᠡᠯᠡᠨ ᠰᠠᠶᠢᠵᠢᠷᠠᠭᠤᠯᠬᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠰᠠᠶᠢᠲᠤᠷ  ᠪᠠᠶᠢᠭᠤᠯᠵᠤ᠂ ᠲᠤᠰᠬᠠᠶ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠪᠦᠬᠦ  ᠲᠤᠭᠤᠷᠢᠭ ᠳᠠᠶᠠᠭᠠᠷ ᠭᠤᠤᠯ ᠰᠡᠳᠦᠪᠲᠦ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠣᠯᠠᠨ ᠲᠦᠮᠡᠨ ᠤ ᠠᠩᠬᠠᠷᠴᠤ  ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠲᠦᠭᠵᠢᠷᠡᠯ ᠤᠨ ᠠᠰᠠᠭᠤᠳᠠᠯ ᠢ ᠬᠦᠴᠦᠯᠡᠨ  ᠰᠢᠢᠳᠪᠤᠷᠢᠯᠡᠵᠤ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠮᠠᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ᠃    ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠨᠠᠮ ︵ ᠠᠵᠢᠯ︶᠎ ᠤᠨ ᠬᠤᠷᠢᠶ᠎ᠠ ᠶᠢᠨ ᠱᠦᠵᠢ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ  ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷᠳᠡᠯ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ ᠳᠣᠪᠤᠶᠢᠯᠭᠠᠬᠤ ᠵᠡᠷᠭᠡ ᠲᠠᠯ᠎ᠠ ᠪᠠᠷ᠂ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ  ᠲᠤᠪᠤᠶᠢᠮ᠎ᠠ ᠠᠰᠠᠭᠤᠳᠠᠯ᠂ ᠠᠰᠠᠭᠤᠳᠠᠯ ᠡᠭᠦᠰᠦᠭᠰᠡᠨ ᠦᠨᠳᠦᠰᠦ ᠰᠤᠷᠪᠤᠯᠵᠢ ᠵᠢᠴᠢ ᠪᠦᠷᠢᠯᠳᠦᠭᠰᠡᠨ  ᠰᠡᠳᠬᠢᠮᠵᠢ ᠠᠷᠭ᠎ᠠ ᠬᠡᠮᠵᠢᠶ᠎ᠡ ᠪᠠᠨ   ᠬᠦᠢᠴᠡᠳ ᠰᠣᠯᠢᠯᠴᠠᠪᠠ᠃ ᠪᠠᠶᠢᠴᠠᠭᠠᠨ ᠰᠤᠳᠤᠯᠵᠤ ᠰᠣᠯᠢᠯᠴᠠᠨ ᠶᠠᠷᠢᠶ᠎ᠠ ᠲᠠᠯᠪᠢᠬᠤ ᠭᠤᠤᠯ ᠰᠡᠳᠦᠪ ᠨᠢ ᠢᠯᠠ ᠲᠣᠳᠣ᠂ ᠭᠤᠤᠯᠳᠠᠯᠭ᠎ᠠ ᠨᠢ  ᠲᠣᠪᠣᠶᠢᠮ᠎ᠠ᠂ ᠴᠢᠭᠯᠡᠭᠦᠯᠦᠯᠲᠡ ᠴᠢᠨᠠᠷ ᠢᠶᠠᠷ ᠴᠢᠩᠭ᠎ᠠ ᠪᠠᠶᠢᠵᠤ᠂ ᠰᠢᠯᠲᠠᠭᠠᠨ ᠶᠢ ᠵᠠᠲᠠᠯᠤᠭᠰᠠᠨ ᠪᠥᠭᠡᠳ ᠨᠠᠩ ᠴᠤ ᠬᠦᠴᠢᠷ ᠠᠰᠠᠭᠤᠳᠠᠯ ᠢ  ᠰᠢᠳᠪᠤᠷᠢᠯᠡᠬᠦ ᠬᠠᠲᠠᠭᠤ ᠠᠷᠭ᠎ᠠ ᠲᠠᠢ ᠪᠠᠶᠢᠵᠤ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠠᠵᠢᠯ ᠢ ᠠᠬᠢᠭᠤᠯᠬᠤ ᠳᠤ ᠰᠠᠶᠢᠨ ᠰᠠᠢᠬᠠᠨ ᠰᠠᠭᠤᠷᠢ ᠲᠠᠯᠪᠢᠵᠤ ᠥᠭᠴᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号