ᠬᠤᠲᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠵᠢᠯᠣᠭᠤᠳᠬᠤ ᠳᠤᠭᠤᠢᠯᠠᠩ ᠤᠨ ᠳᠠᠷᠤᠭ᠎ᠠ᠂ ᠬᠤᠲᠠ ᠶᠢᠨ ᠰᠣᠶᠣᠯ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠶᠢᠨ  ᠪᠠᠶᠢᠴᠠᠭᠠᠨ‌‍ᠰᠤᠳᠤᠯᠤᠭᠴᠢ ᠹᠠᠩ ᠶᠢᠨ ᠯᠢᠶᠠᠩ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2019/12/24
 ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠹᠠᠩ ᠶᠢᠨ ᠯᠢᠶᠠᠩ ᠣᠯᠠᠨ ᠵᠢᠯ ᠤᠨ  ᠲᠤᠷᠰᠢᠬᠢ ᠰᠤᠲᠤᠯᠤᠯᠲᠠ ᠶᠢᠨ ᠦᠷ᠎ᠡ ᠪᠦᠲᠤᠭᠡᠯ ᠲᠠᠢ ᠪᠠᠨ ᠤᠶᠠᠯᠲᠠᠭᠤᠯᠤᠨ᠂ ᠶᠡᠭᠡ ᠬᠡᠮᠵᠢᠶᠡᠨ ᠤ ᠭᠡᠷᠡᠯ ᠵᠢᠷᠤᠭ ᠪᠣᠯᠤᠨ ᠲᠡᠤᠬᠡ ᠶᠢᠨ ᠪᠣᠳᠠᠲᠤ ᠮᠠᠲ᠋ᠧᠷᠢᠶᠠᠯ ᠢ  ᠠᠰᠢᠭᠯᠠᠨ᠂ ᠪᠤᠭᠤᠲᠤ ᠶᠢᠨ ᠭᠠᠵᠠᠷ ᠣᠷᠣᠨ ᠳᠤ ᠢᠯᠡᠷᠡᠵᠦ ᠥᠩᠭᠡᠷᠡᠭᠰᠡᠨ 9 ᠭᠡᠷᠡᠯ ᠰᠠᠴᠤᠷᠠᠩᠭᠤᠶ ᠴᠠᠭ ᠦᠶ᠎ᠡ ᠶᠢᠨ ᠲᠡᠤᠬᠡ ᠶᠢᠨ ᠠᠬᠤᠶ  ᠪᠠᠶᠢᠲᠠᠯ ᠵᠢᠴᠢ ᠤᠯᠤᠰ ᠲᠥᠷᠥ᠂ ᠠᠵᠤ ᠠᠬᠤᠶ᠂ ᠰᠣᠶᠣᠯ ᠪᠣᠯᠤᠨ ᠲᠡᠤᠬᠡ ᠶᠢᠨ ᠦᠯᠡᠲᠡᠭᠲᠡᠯ ᠵᠡᠷᠭᠡ ᠶᠢ ᠭᠦᠨᠵᠡᠭᠡᠶ ᠲᠠᠨᠢᠯᠴᠠᠭᠤᠯᠵᠤ᠂ ︽ᠡᠯ᠎ᠡ ᠴᠠᠭ ᠦᠶ᠎ᠡ ᠶᠢᠨ ᠭᠡᠷᠡᠯ ᠰᠠᠴᠤᠷᠠᠩᠭᠤᠶ ᠲᠡᠤᠬᠡ ᠶᠢ ᠲᠣᠪᠴᠢ ᠥᠭᠦᠯᠡᠬᠦ︾᠂ ︽ᠪᠤᠭᠤᠲᠤ ᠵᠢᠴᠢ  ᠮᠤᠨᠠ ᠠᠭᠤᠯᠠ ᠶᠢᠨ ᠲᠡᠤᠬᠡ︾ ᠵᠡᠷᠭᠡ ᠲᠠᠯ᠎ᠠ ᠪᠠᠷ ᠭᠦᠨᠵᠡᠭᠡᠶ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠲᠤ ᠪᠤᠭᠤᠲᠤ ᠶᠢᠨ ᠥᠨᠢ ᠤᠳᠠᠭᠠᠨ ᠲᠡᠤᠬᠡ ᠰᠣᠶᠣᠯ ᠤᠨ ᠲᠤᠬᠠᠶ  ᠰᠢᠨ᠎ᠡ ᠣᠶᠢᠯᠠᠭᠠᠯᠲᠠ ᠪᠠ ᠲᠠᠨᠢᠯᠲᠠ ᠲᠠᠢ ᠪᠣᠯᠭᠠᠵᠠᠶ᠃    ᠳᠤᠮᠳᠠᠳᠤ ᠶᠢᠨ ᠦᠨᠳᠦᠰᠦᠲᠡᠨ ᠤ ᠥᠷᠭᠡᠨ ᠳᠡᠯᠭᠡᠷ ᠭᠦᠨ ᠭᠦᠨᠵᠡᠭᠡᠶ ᠲᠡᠤᠬᠡ ᠰᠣᠶᠣᠯ ᠢ ᠣᠶᠢᠯᠠᠭᠠᠬᠤ ᠶᠢᠨ ᠬᠠᠮᠲᠤ ᠪᠠᠰᠠ ᠣᠷᠣᠨ ᠨᠤᠲᠤᠭ ᠲᠤ ᠣᠨᠴᠠ  ᠪᠠᠶᠢᠲᠠᠭ ᠲᠡᠤᠬᠡ ᠰᠣᠶᠣᠯ ᠢ ᠣᠶᠢᠯᠠᠭᠠᠵᠤ᠂ ᠲᠡᠭᠦᠨ ᠠᠴᠠ ᠰᠢᠮ᠎ᠡ ᠲᠡᠵᠢᠭᠡᠯ ᠰᠢᠩᠭᠡᠭᠡᠨ ᠠᠪᠴᠤ᠂ ᠬᠤᠪᠢ ᠬᠥᠮᠦᠨ ᠤ ᠰᠣᠶᠣᠯ ᠤᠨ ᠪᠣᠯᠪᠠᠰᠤᠷᠠᠯ ᠪᠣᠯᠤᠨ ᠶᠡᠷᠦᠩᠬᠡᠶᠢᠯᠡᠭᠰᠡᠨ ᠬᠡᠪ ᠴᠢᠨᠠᠷ ᠎ ᠢᠶᠠᠨ ᠳᠡᠭᠡᠭᠰᠢᠯᠡᠭᠦᠯᠵᠦ᠂ ᠤᠷᠤᠭᠰᠢᠯᠠᠨ ᠳᠠᠪᠰᠢᠵᠤ ᠰᠢᠨ᠎ᠡ ᠶᠢ ᠡᠭᠦᠳᠬᠦ ᠰᠥᠰᠥ ᠵᠣᠷᠢᠭ ᠪᠣᠯᠤᠨ ᠠᠮᠢᠵᠢᠷᠠᠯ ᠤᠨ ᠬᠦᠴᠦᠨ ᠢ ᠬᠥᠭᠵᠢᠭᠡᠵᠦ᠂  ᠵᠢᠦ  ᠶᠤᠸᠠᠨ ᠤ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠨᠠᠩ ᠰᠠᠶᠢᠲᠤᠷ  ᠨᠡᠮᠡᠷᠯᠡᠶ᠎ᠡ ᠭᠡᠵᠤ ᠬᠤᠷᠠᠯ ᠳᠤ ᠤᠷᠤᠯᠴᠠᠭᠰᠠᠳ ᠶᠠᠷᠢᠵᠠᠭᠠᠵᠤ ᠪᠠᠶᠢᠯ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号