ᠠᠯᠪᠠᠨ ᠶᠠᠪᠤᠳᠠᠯ ᠤᠨ ᠬᠦᠯᠢᠶᠡᠨ ᠠᠪᠬᠤ ᠠᠵᠢᠯ ᠤᠨ ᠳᠤᠮᠳᠠ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ  ᠬᠡᠷᠡᠭᠵᠢᠭᠦᠯᠵᠦ᠂ ᠢᠳᠡᠭᠡᠨ ᠤᠮᠳᠠᠭᠠᠨ ᠢ  ᠪᠦᠷᠢᠯᠭᠡᠨ ᠰᠦᠢᠳᠭᠡᠬᠦ ᠎ ᠶᠢ  ᠡᠰᠡᠷᠭᠦᠴᠡᠬᠦ  ᠲᠤᠬᠠᠢ ᠰᠠᠨᠠᠭᠠᠴᠢᠯᠠᠭ᠎ᠠ  ᠶᠢᠨ ᠪᠢᠴᠢᠭ
ᠨᠡᠶᠢᠲᠡᠯᠡᠭᠰᠡᠨ ᠴᠠᠭ᠄
2020/10/21
       ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠢᠳᠡᠭᠡᠨ ᠤᠮᠳᠠᠭᠠᠨ ᠢ ᠪᠦᠷᠢᠯᠭᠡᠨ  ᠰᠦᠢᠳᠬᠡᠬᠦ ᠠᠵᠢᠯᠯᠠᠭ᠎ᠠ ᠶᠢ ᠡᠷᠡᠰ ᠬᠤᠷᠢᠭᠯᠠᠨ  ᠵᠤᠭᠰᠤᠭᠠᠬᠤ ᠶᠢᠨ ᠲᠦᠯᠦᠭᠡ᠂ ᠡᠳᠦᠭᠡ ᠪᠥᠬᠦ  ᠲᠤᠭᠤᠷᠢᠭ ᠤᠨ ᠠᠯᠪᠠᠨ ᠶᠠᠪᠤᠳᠠᠯ ᠤᠨ ᠵᠣᠴᠢᠯᠠᠬᠤ ᠰᠠᠯᠠᠭ᠎ᠠ ᠮᠥᠴᠢᠷ ᠎ ᠲᠤ ᠳᠣᠤᠷᠠᠬᠢ ᠮᠡᠲᠦ ᠰᠠᠨᠠᠭᠠᠴᠢᠯᠠᠭ᠎ᠠ  ᠳᠤᠷᠠᠳᠪᠠ᠄        ᠨᠢᠭᠡ᠂ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ  ᠬᠡᠷᠡᠭᠵᠢᠭᠦᠯᠵᠥ᠂ ᠢᠳᠡᠭᠡᠨ ᠤᠮᠳᠠᠭᠠᠨ ᠎ ᠢ ᠪᠦᠷᠢᠯᠭᠡᠬᠦ ᠶᠢ ᠡᠰᠡᠷᠭᠦᠴᠡᠬᠦ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠶ᠃ ᠪᠦᠬᠦ ᠲᠤᠭᠤᠷᠢᠭ ᠤᠨ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠰᠠᠯᠠᠭ᠎ᠠ ᠮᠥᠴᠢᠷ ᠤᠨ ᠥᠷᠭᠡᠨ ᠣᠯᠠᠨ ᠨᠠᠮ ᠤᠨ  ᠬᠡᠰᠢᠬᠦᠨ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠦᠢᠯᠡ  ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ ᠤᠯᠠᠮᠵᠢᠯᠠᠯ ᠢ ᠤᠯᠠᠮ  ᠨᠢᠭᠡ ᠠᠯᠬᠤᠮ ᠪᠠᠳᠠᠷᠠᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠴᠢᠩᠭᠠᠳᠬᠠᠨ᠎ᠠ ᠃ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠠᠷᠪᠢᠯᠠᠨ ᠭᠠᠮᠨᠠᠬᠤ ᠳᠠᠳᠬᠠᠯ ᠢ ᠬᠥᠮᠦᠵᠢᠭᠦᠯᠵᠦ᠂ ᠡᠳᠦᠷ ᠲᠤᠲᠤᠮ ᠤᠨ ᠶᠠᠪᠤᠳᠠᠯ ᠠᠴᠠ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ︽ ᠠᠶᠠᠭ᠎ᠠ ᠰᠠᠪᠠ ᠪᠠᠨ  ᠬᠤᠭᠤᠰᠤᠯᠠᠬᠤ ᠠᠵᠢᠯᠯᠠᠭ᠎ᠠ︾᠎ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠡᠷᠡᠭᠦᠯ ᠮᠡᠨᠳᠦ ᠢᠳᠡᠭᠡᠨ ᠤᠮᠳᠠᠭᠠᠨ ᠤ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠵᠦ᠂ ᠰᠠᠶᠢᠲᠤᠷ ᠠᠷᠪᠢᠯᠠᠨ  ᠭᠠᠮᠨᠠᠬᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠪᠣᠯᠪᠠᠰᠤᠨ ᠬᠤᠭᠤᠯᠠᠨ ᠰᠢᠷᠡᠭᠡᠨ ᠤ ᠠᠵᠢᠯᠯᠠᠭ᠎ᠠ ᠳᠤ   ᠢᠳᠡᠪᠬᠢᠳᠡᠢ  ᠣᠷᠣᠯᠴᠠᠬᠤ ᠬᠡᠷᠡᠭᠲᠡᠶ᠃       ᠬᠤᠶᠠᠷ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ  ᠴᠢᠩᠭ᠎ᠠ ᠬᠡᠷᠡᠭᠵᠢᠭᠦᠯᠵᠦ᠂ ᠢᠳᠡᠭᠡᠨ ᠤᠮᠳᠠᠭᠠᠨ ᠎ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠵᠢᠱᠢᠶ᠎ᠡ ᠦᠵᠡᠭᠦᠯᠦᠭᠴᠢ ᠪᠣᠯᠬᠤ ᠬᠡᠷᠡᠭᠲᠡᠶ᠃ ᠪᠦᠬᠦ  ᠲᠤᠭᠤᠷᠢᠭ ᠤᠨ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠰᠠᠯᠠᠭ᠎ᠠ ᠮᠥᠴᠢᠷ ᠤᠳ ᠲᠥᠪ ᠤᠨ  ᠨᠠᠢᠮᠠᠨ  ᠵᠤᠶᠢᠯ ᠤᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂  ᠵᠢᠥ ᠶᠤᠸᠠᠨ ᠲᠣᠭᠤᠷᠢᠭ ᠤᠨ ᠡᠯ᠎ᠡ  ᠵᠤᠶᠢᠯ ᠤᠨ ᠲᠥᠬᠦᠷ ᠲᠣᠭᠲᠠᠭᠠᠯ ᠢ  ᠲᠤᠤᠱᠯᠠᠭᠤᠯᠥᠨ ᠨᠠᠶᠢᠳᠠᠪᠤᠷᠢᠵᠢᠭᠤᠯᠬᠤ ᠬᠡᠷᠡᠭᠲᠡᠶ᠃ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠡᠯ᠎ᠡ  ᠵᠤᠶᠢᠯ ᠤᠨ ᠬᠠᠮᠢᠶᠠᠷᠤᠯᠲᠠ ᠶᠢᠨ ᠲᠣᠭᠲᠠᠭᠠᠯ  ᠢ ᠴᠢᠩᠭ᠎ᠠ  ᠨᠠᠶᠢᠳᠠᠪᠤᠷᠢᠵᠢᠭᠤᠯᠬᠤ ᠬᠡᠷᠡᠭᠲᠡᠶ᠃ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠬᠤᠭᠤᠯᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠷᠪᠢᠯᠠᠨ ᠭᠠᠮᠨᠠᠬᠤ ᠦᠵᠡᠯᠲᠡ ᠶᠢ ᠠᠯᠪᠠᠨ ᠶᠠᠪᠤᠳᠠᠯ ᠤᠨ ᠬᠦᠯᠢᠶᠡᠨ ᠠᠪᠬᠤ ᠡᠯ᠎ᠡ ᠵᠠᠩᠭᠢᠯᠠᠭ᠎ᠠ ᠳᠤ  ᠲᠤᠭᠤᠰᠢᠯᠠᠭᠤᠯᠵᠤ᠂ ᠠᠯᠪᠠᠨ ᠶᠠᠪᠤᠳᠠᠯ ᠤᠨ ᠬᠦᠯᠢᠶᠡᠨ ᠠᠪᠬᠤ ᠳᠤ ᠳᠥᠭᠦᠮ᠂ ᠡᠷᠡᠭᠦᠯ ᠴᠢᠭᠢᠷᠠᠭ᠂ ᠠᠷᠪᠢᠯᠠᠨ ᠭᠠᠮᠨᠠᠬᠤ  ᠱᠠᠭᠠᠷᠳᠠᠯᠭ᠎ᠠ ᠶᠣᠰᠣᠭᠠᠷ᠂ ᠵᠣᠴᠢᠳ ᠢ ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠣᠭᠤᠳᠴᠤ ᠪᠠᠶᠢᠭᠠᠳ ᠠᠷᠪᠢᠯᠠᠨ ᠬᠤᠭᠤᠯᠠᠯᠠᠵᠤ᠂ ᠢᠳᠡᠭᠡᠨ ᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠣᠬᠢᠷᠠᠭᠤᠯᠵᠤ᠂ ᠬᠤᠭᠤᠯᠠ ᠢᠳᠡᠬᠦ ᠪᠠᠶᠢᠳᠠᠯ ᠢ ᠦᠨᠳᠦᠰᠦᠯᠡᠨ ᠢᠳᠡᠰᠢᠨ ᠨᠣᠭᠤᠭ᠎ᠠ ᠶᠢᠨ ᠲᠤᠭ᠎ᠠ ᠬᠡᠮᠵᠢᠶ᠎ᠡ ᠶᠢ ᠲᠣᠬᠢᠷᠠᠭᠤᠯᠵᠤ᠂ ᠪᠠᠭ᠎ᠠ ᠬᠤᠪᠢ ᠶᠢᠨ ᠨᠣᠭᠤᠭ᠎ᠠ᠂ ᠬᠠᠭᠠᠰ ᠬᠤᠪᠢ ᠶᠢᠨ ᠨᠣᠭᠤᠭ᠎ᠠ ᠶᠢ ᠢᠯᠡᠭᠦᠤ ᠬᠠᠩᠭᠠᠵᠤ᠂ ︽ᠬᠡᠯᠡᠨ ᠤ ᠦᠵᠦᠭᠦᠷ ᠳᠡᠭᠡᠷᠡᠬᠢ  ᠪᠥᠷᠢᠯᠭᠡᠯ ᠠᠴᠠ ᠵᠠᠶᠢᠯᠠᠰᠬᠢᠬᠦ ᠬᠡᠷᠡᠭᠲᠡᠶ︾᠃      ᠭᠤᠷᠪᠠ᠂ ᠡᠷᠬᠢᠮ ᠰᠤᠷᠲᠠᠯ ᠢ ᠤᠯᠠᠮᠵᠢᠯᠠᠨ ᠵᠠᠯᠭᠠᠮᠵᠢᠯᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠢᠳᠡᠭᠡᠨ ᠤᠮᠳᠠᠭᠠᠨ ᠢ ᠪᠦᠷᠢᠯᠭᠡᠬᠦ ᠶᠢ ᠡᠰᠡᠷᠭᠦᠴᠡᠬᠦ ᠳᠠᠭᠠᠭᠤᠯᠤᠭᠴᠢ ᠪᠣᠯᠤᠨ᠎ᠠ᠃ ᠪᠦᠬᠦ  ᠲᠤᠭᠤᠷᠢᠭ ᠤᠨ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠰᠠᠯᠠᠭ᠎ᠠ ᠮᠥᠴᠢᠷ ᠤᠳ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠬᠠᠲᠠᠭᠤᠵᠢᠯᠲᠠᠶ ᠪᠣᠷᠣᠭᠵᠢᠭᠤᠨ᠂ ᠠᠵᠢᠯᠴᠢ ᠠᠷᠪᠢᠴᠢ ᠭᠠᠮᠲᠠᠶ ᠪᠠᠶᠢᠬᠤ ᠶᠢᠨ ᠴᠢᠬᠤᠯᠠ ᠠᠴᠢ ᠬᠤᠯᠪᠣᠭᠳᠠᠯ ᠢ  ᠢᠳᠡᠪᠬᠢᠳᠡᠢ ᠤᠬᠠᠭᠤᠯᠵᠤ᠂ ᠠᠯᠪᠠᠨ ᠠᠵᠢᠯ ᠤᠨ ᠬᠦᠯᠢᠶᠡᠨ ᠠᠪᠬᠤ ᠠᠵᠢᠯ ᠢ ᠬᠥᠲᠥᠯᠥᠨ ᠵᠢᠯᠣᠭᠤᠳᠴᠤ ᠪᠠᠶᠢᠭᠠᠳ ᠠᠯᠪᠠᠨ  ᠶᠠᠪᠤᠳᠠᠯ ᠳᠤ ᠠᠰᠢᠭᠲᠠᠶ᠂ ᠡᠷᠡᠭᠦᠯ ᠴᠢᠭᠢᠷᠠᠭ ᠠᠷᠪᠢᠴᠢ ᠭᠠᠮᠲᠠᠶ᠂ ᠰᠢᠨᠵᠢᠯᠡᠬᠦ ᠤᠬᠠᠭᠠᠨᠴᠢ ᠢᠳᠡᠭᠡᠨ ᠤᠮᠳᠠᠭᠠᠨ ᠤ  ᠣᠶᠢᠯᠠᠭᠠᠭᠳᠠᠬᠤᠨ ᠢ ᠪᠣᠶ ᠪᠣᠯᠭᠠᠬᠤ ᠬᠡᠷᠡᠭᠲᠡᠶ᠃ ᠠᠷᠪᠢᠯᠠᠨ ᠭᠠᠮᠨᠠᠬᠤ ᠶᠢ ᠡᠷᠬᠢᠮᠯᠡᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠨ ᠬᠤᠷᠢᠭᠯᠠᠬᠤ ᠰᠠᠶᠢᠨ ᠰᠠᠶᠢᠬᠠᠨ  ᠣᠷᠴᠢᠨ ᠠᠬᠤᠢ ᠶᠢ  ᠪᠤᠢ ᠪᠣᠯᠭᠠᠵᠤ᠂  ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠰᠠᠶᠢᠨ ᠰᠠᠶᠢᠬᠠᠨ ᠰᠤᠷᠲᠠᠯ ᠢᠶᠠᠷ ᠨᠡᠶᠢᠭᠡᠮ ᠤᠨ ᠬᠡᠪ ᠰᠤᠷᠲᠠᠯ ᠢ  ᠬᠦᠳᠦᠯᠦᠨ ᠳᠠᠭᠠᠭᠤᠯᠵᠤ᠂ ᠠᠯᠪᠠᠨ ᠶᠠᠪᠤᠳᠠᠯ ᠤᠨ ᠬᠤᠭᠤᠯᠠ ᠪᠠᠷ ᠨᠡᠶᠢᠭᠡᠮ ᠤᠨ ᠬᠡᠷᠡᠭᠯᠡᠭᠡᠨ ᠤ ᠪᠣᠯᠪᠠᠰᠤᠨ ᠢ ᠬᠦᠳᠦᠯᠦᠨ ᠳᠠᠭᠠᠭᠤᠯᠤᠨ᠎ᠠ᠃ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠰᠠᠯᠠᠭ᠎ᠠ ᠮᠥᠴᠢᠷ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ  ᠦᠢᠯᠡᠳᠦᠯᠭᠡᠵᠢᠭᠦᠯᠵᠤ᠂ ᠱᠠᠯᠢᠨ ᠪᠦᠷᠢᠯᠭᠡᠬᠦ ᠰᠤᠷᠲᠠᠯ ᠢ ᠡᠰᠡᠷᠭᠦᠴᠡᠵᠦ᠂ ᠰᠣᠬᠤᠷ ᠪᠠᠯᠠᠶ ᠪᠠᠷ ᠠᠳᠠᠯᠢᠳᠬᠠᠬᠤ ᠶᠠᠪᠤᠳᠠᠯ ᠢ ᠲᠠᠶᠠᠭᠳᠠᠵᠤ᠂ ᠢᠳᠡᠭᠡᠨ ᠤᠮᠳᠠᠭᠠᠨ ᠢ ᠪᠦᠷᠢᠯᠭᠡᠨ  ᠰᠦᠢᠳᠬᠡᠬᠦ ᠠᠵᠢᠯᠯᠠᠭ᠎ᠠ ᠶᠢ ᠲᠦᠷᠦᠭᠦᠯᠡᠨ ᠬᠤᠷᠢᠭᠯᠠᠨ ᠵᠣᠭᠰᠣᠭᠠᠵᠤ᠂ ᠲᠡᠰᠪᠦᠷᠢ ᠬᠠᠲᠠᠭᠤᠵᠢᠯᠲᠠᠶ ᠲᠡᠮᠡᠴᠡᠬᠦ ᠰᠤᠷᠲᠠᠯ ᠢ ᠢᠮᠠᠭᠲᠠ ᠪᠠᠷᠢᠮᠲᠠᠯᠠᠨ ᠪᠠᠳᠠᠷᠠᠭᠤᠯᠬᠤ ᠬᠡᠷᠡᠭᠲᠡᠶ᠃      ︽ᠰᠢᠩᠭᠡᠨ  ᠪᠤᠳᠠᠭᠠᠨ ᠤ ᠨᠢᠭᠡ  ᠮᠦᠬᠦᠯᠢᠭ ᠎ ᠨᠢ ᠴᠤ ᠬᠢᠯᠪᠠᠷᠬᠠᠨ ᠢᠶᠠᠷ ᠣᠯᠵᠤ ᠢᠷᠡᠭᠰᠡᠨ ᠪᠢᠰᠢ᠂  ᠪᠠᠭ᠎ᠠ ᠬᠡᠷᠡᠭ ᠪᠤᠳᠠᠰ ᠤᠨ ᠬᠠᠲᠠᠭᠤ  ᠪᠡᠷᠬᠢᠰᠢᠶᠡᠯ ᠢ ᠦᠷᠬᠦᠯᠵᠢ ᠪᠤᠳᠤᠯ ᠎ ᠳᠠᠭᠠᠨ   ᠪᠠᠶᠢᠯᠭᠠᠶ᠎ᠠ︾᠃ ᠪᠢᠳᠡ ᠢᠳᠡᠪᠬᠢᠲᠡᠶ ᠬᠥᠳᠡᠯᠦᠯᠴᠡᠵᠡᠭᠡᠶ᠎ᠡ᠃ ᠥᠪᠡᠷ ᠤᠨ ᠪᠡᠶ᠎ᠡ ᠠᠴᠠ ᠪᠠᠨ ᠡᠬᠢᠯᠡᠨ᠂  ᠣᠳᠣ ᠠᠴᠠ ᠡᠬᠢᠯᠡᠨ᠂ ᠤᠳᠠᠭ᠎ᠠ ᠪᠦᠷᠢ ᠶᠢᠨ ᠬᠦᠯᠢᠶᠡᠨ ᠵᠣᠴᠢᠯᠠᠬᠤ ᠠᠴᠠ ᠡᠬᠢᠯᠡᠨ᠂ ᠠᠵᠢᠯᠴᠢ ᠠᠷᠪᠢᠴᠢ ᠠᠷᠪᠢᠯᠠᠨ ᠭᠠᠮᠨᠠᠵᠤ᠂ ᠢᠳᠡᠭᠡᠨ ᠤᠮᠳᠠᠭᠠᠨ ᠤ ᠪᠦᠷᠢᠯᠭᠡᠯᠲᠡ ᠶᠢ  ᠡᠰᠡᠷᠭᠦᠴᠡᠭᠰᠡᠨ ᠪᠣᠳᠠᠲᠠᠶ ᠦᠷ᠎ᠡ ᠪᠦᠲᠦᠮᠵᠢ ᠪᠠᠷ  ᠵᠢᠥ ᠶᠤᠸᠠᠨ ᠲᠣᠭᠤᠷᠢᠭ ᠤᠨ ᠠᠯᠪᠠᠨ ᠶᠠᠪᠤᠳᠠᠯ ᠤᠨ ᠵᠣᠴᠢᠯᠠᠬᠤ ᠰᠠᠯᠠᠭ᠎ᠠ ᠮᠥᠴᠢᠷ ᠤᠨ ᠰᠠᠶᠢᠨ ᠰᠠᠶᠢᠬᠠᠨ ᠳᠦᠷᠢ ᠳᠦᠷᠬᠦ ᠶᠢ ᠪᠣᠶ ᠪᠣᠯᠭᠠᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ  ᠦᠵᠡᠭᠦᠯᠦᠶ᠎ᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号