ᠵᠢᠥ ᠶᠤᠸᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠬᠠᠷᠢᠶᠠᠲᠤ ᠣᠷᠣᠨ ᠤ ᠠᠵᠤ  ᠦᠢᠯᠠᠳᠪᠦᠷᠢ ᠶᠢᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠦᠭᠡᠶ ᠭᠠᠳᠠᠭᠰᠢᠯᠠᠭᠤᠯᠤᠯᠲᠠ ᠶᠢ ᠵᠠᠰᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2020/11/20
       ︽ᠵᠢᠥ ᠶᠤᠸᠠᠨ ᠲᠣᠭᠤᠷᠢᠭ ᠤᠨ 2020 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠠᠵᠢᠯᠯᠠᠭ᠎ᠠ ᠶᠢᠨ ᠲᠥᠰᠦᠯ︾ ︵ᠪᠦᠦ ᠵᠢᠦ ᠶᠤᠸᠠᠨ ᠨᠠᠮ ᠤᠨ ᠠᠯᠪᠠᠨ ᠭᠡᠷ ᠠᠴᠠ ᠲᠠᠷᠬᠠᠭᠠᠭᠰᠠᠨ ︹2020 ︺ ᠣᠨ ᠤ 21 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠢᠥ ᠶᠤᠸᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠬᠠᠷᠢᠶᠠᠳᠤ ᠣᠷᠣᠨ ᠤ ᠠᠵᠤ ᠦᠢᠯᠠᠳᠪᠦᠷᠢ ᠶᠢᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠦᠭᠡᠶ ᠭᠠᠳᠠᠭᠰᠢᠯᠠᠭᠤᠯᠤᠯᠲᠠ ᠶᠢ ᠵᠠᠰᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ  ᠰᠢᠪᠳᠤᠯᠬᠤ ᠠᠵᠢᠯ ᠤᠨ ᠬᠠᠷᠠᠯᠲᠠ ᠶᠢᠨ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠵᠢᠴᠢ ᠠᠭᠠᠷ ᠤᠨ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠪᠠᠳᠤᠯᠠᠪᠠ᠃ ᠴᠡᠭᠴᠡᠯᠡᠨ ᠵᠠᠰᠠᠬᠤ ᠠᠵᠢᠯ ᠤᠨ ᠭᠤᠤᠯᠳᠠᠯᠭ᠎ᠠ ᠨᠢ ᠬᠠᠷᠢᠶᠠᠳᠤ ᠣᠷᠣᠨ ᠤ ᠠᠵᠤ ᠦᠢᠯᠠᠳᠪᠦᠷᠢ ᠶᠢᠨ ᠠᠵᠤ ᠠᠬᠤᠶᠢᠯᠠᠯ ᠤᠨ ᠡᠳ᠋ ᠮᠠᠲ᠋ᠧᠷᠢᠶᠠᠯ ᠢ ᠤᠪᠤᠭᠠᠯᠠᠵᠤ ᠲᠠᠯᠪᠢᠬᠤ ᠲᠠᠯᠠᠪᠠᠢ ᠶᠢᠨ  ᠪᠦᠷᠢᠮᠦᠰᠦᠨ ᠪᠢᠳᠡᠭᠦᠮᠵᠢᠯᠡᠭᠰᠡ ᠪᠠᠶᠢᠳᠠᠯ ᠢ ᠴᠡᠭᠴᠡᠯᠡᠨ ᠵᠠᠰᠠᠵᠤ᠂ ᠭᠤᠷᠪᠠᠳᠤᠭᠠᠷ ᠴᠠᠬᠢᠯᠭᠠᠨ ᠤ ᠦᠢᠯᠠᠳᠪᠦᠷᠢ᠂ ᠮᠢᠩ ᠲᠦᠸᠧ᠂ ᠬᠤᠸᠠ ᠳ᠋ᠢᠶᠠᠨ ᠳᠠᠬᠢ ᠲᠣᠭᠤᠰᠣ ᠳᠡᠭᠳᠡᠬᠦ ᠶᠢ ᠵᠠᠰᠠᠬᠤ ᠢᠨᠵᠧᠨᠧᠷᠢᠩ ᠢ ᠱᠠᠯᠠᠪᠳᠠᠨ ᠪᠠᠶᠢᠭᠤᠯᠤᠨ᠎ᠠ᠃ ᠣᠳᠣ ᠪᠣᠯᠲᠠᠯ᠎ᠠ ᠭᠤᠷᠪᠠᠳᠤᠭᠠᠷ ᠴᠠᠬᠢᠯᠭᠠᠨ ᠤ ᠦᠢᠯᠠᠳᠪᠦᠷᠢ ᠶᠢᠨ ᠨᠡᠭᠦᠷᠡᠰᠦᠨ ᠲᠠᠯᠠᠪᠠᠶ ᠳᠠᠬᠢ ᠲᠣᠭᠤᠰᠣ ᠳᠡᠭᠳᠡᠬᠦ ᠶᠢ ᠵᠠᠰᠠᠬᠤ ᠪᠠᠷᠢᠯᠭ᠎ᠠ ᠶᠢᠨ ᠠᠵᠢᠯ ᠦᠨᠳᠦᠰᠦᠨ ᠳᠡᠭᠡᠨ ᠳᠠᠭᠤᠰᠴᠤ᠂ ᠲᠣᠤᠷ ᠤᠨ ᠵᠢᠶᠠᠰᠠ ᠪᠤᠰᠬᠠᠬᠤ ᠠᠵᠢᠯ ᠤᠨ ᠭᠠᠷ ᠴᠠᠬᠤ ᠶᠢ ᠨᠢᠭᠡᠨᠳᠡ ᠵᠤᠬᠢᠷᠠᠭᠤᠯᠵᠤ᠂ ᠤᠳᠤ ᠶᠠᠭ ᠪᠥᠮᠪᠥᠭᠡᠨ ᠬᠡᠯᠪᠡᠷᠢᠲᠦ ᠲᠣᠣᠷ ᠤᠨ ᠵᠢᠶᠠᠰᠠ ᠶᠢᠨ ᠭᠠᠩᠨᠠᠨ ᠵᠠᠯᠭᠠᠬᠤ ᠠᠵᠢᠯ ᠢ ᠬᠢᠵᠦ᠂ ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠨ᠎ᠠ︔ ᠮᠢᠩ ᠲᠦᠸᠧ ᠭᠧ ᠶᠧ ᠦᠢᠯᠠᠳᠪᠦᠷᠢ  ᠶᠢᠨ ᠤᠷᠤᠨ ᠤ ᠡᠮᠦᠨ᠎ᠡ ᠲᠠᠯ᠎ᠠ ᠶᠢᠨ ᠵᠠᠳᠠᠭᠠᠶ ᠣᠪᠣᠭᠠᠯᠠᠨ ᠬᠠᠳᠠᠭᠠᠯᠠᠬᠤ ᠲᠠᠯᠠᠪᠠᠢ ᠶᠢ ᠨᠢᠭᠡᠨᠲᠡ ᠪᠠᠶᠢᠭᠤᠯᠤᠨ ᠳᠠᠭᠤᠰᠬᠠᠵᠠᠢ︔ ᠬᠤᠸᠠ ᠳ᠋ᠢᠶᠠᠨ ᠪᠤᠭᠤᠲᠤ ᠶᠢᠨ ᠺᠣᠮᠫᠠᠨᠢ ᠶᠢᠨ ᠦᠨᠡᠰᠦ ᠬᠠᠳᠠᠭᠠᠯᠠᠬᠤ ᠲᠠᠯᠠᠪᠠᠶ ᠶᠢ ᠥᠷᠭᠡᠳᠬᠡᠨ ᠪᠠᠶᠢᠭᠤᠯᠬᠤ ᠠᠵᠢᠯ ᠲᠦᠷᠦᠯ ᠨᠢ ᠣᠳᠣ ᠳᠡᠭᠡᠷ᠎ᠡ ᠵᠡᠭᠦᠨ ᠲᠠᠯ᠎ᠠ᠂ ᠡᠮᠦᠨ᠎ᠡ ᠲᠠᠯ᠎ᠠ᠂ ᠬᠤᠶᠢᠲᠤ ᠲᠠᠯ᠎ᠠ ᠶᠢᠨ ᠬᠠᠰᠢᠯᠭ᠎ᠠ ᠶᠢᠨ ᠪᠡᠶ᠎ᠡ ᠶᠢ ᠥᠨᠳᠥᠷ ᠪᠤᠯᠭᠠᠬᠤ ᠠᠵᠢᠯ ᠢ ᠬᠢᠵᠦ᠂  ᠪᠠᠷᠢᠯᠭ᠎ᠠ ᠨᠢ 42 ᠲᠦᠮᠡᠨ ᠺᠦᠪ ᠮᠧᠲᠷ ᠢ ᠪᠠᠷᠠᠭᠠᠵᠤ᠂ ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃  
 
ᠢᠷᠡᠯᠲᠡ᠄ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号