ᠵᠢᠦ ᠶᠤᠸᠠᠨ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2020/12/18
       ᠰᠤᠷᠪᠤᠯᠵᠢᠯᠠᠭᠰᠠᠨ ᠵᠤᠴᠢᠨ᠄ ᠵᠢᠥ ᠶᠤᠸᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠡᠷᠬᠢᠯᠡᠭᠴᠢ   ᠱᠧᠨ ᠳ᠋ᠠᠨ        ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠨᠢᠭᠡ ᠵᠦᠢᠯ ᠤᠨ ᠴᠢᠬᠤᠯᠠ ᠠᠭᠤᠯᠭ᠎ᠠ ᠮᠦᠷᠳᠡᠬᠡᠨ ᠭᠤᠭᠴᠤᠭ᠎ᠠ ᠪᠣᠯᠤᠨ᠎ᠠ᠂ ᠡᠨᠡ ᠵᠢᠯ ᠠᠴᠠ ᠨᠠᠰᠢ᠂ ᠵᠢᠦ ᠶᠤᠸᠠᠨ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠠᠶᠢᠵᠢᠷᠠᠯᠳᠠ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠬᠤ ᠶᠢ ᠪᠠᠷᠢᠮᠲᠠᠯᠠᠵᠤ᠂ ︽ᠴᠥᠭᠡᠨ᠂ ᠰᠠᠶᠢᠨ᠂ ᠲᠦᠷᠭᠡᠨ︾᠎ ᠪᠠᠷ ᠬᠠᠷᠠᠯᠲᠠ ᠪᠠᠨ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠳᠦᠷᠢᠮᠵᠢᠭᠦᠯᠬᠦ᠂ ᠳᠥᠭᠦᠮᠴᠢᠯᠡᠬᠦ ᠪᠠᠶᠢᠭᠤᠯᠤᠯᠳᠠ ᠶᠢ ᠶᠡᠬᠡᠪᠡᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠨ᠎ᠠ᠃        ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠮᠳᠠ ᠵᠢᠦ ᠶᠤᠸᠠᠨ ᠲᠣᠭᠤᠷᠢᠭ ᠶᠠᠮᠠᠷ ᠶᠠᠮᠠᠷ ᠠᠷᠭ᠎ᠠ ᠬᠡᠮᠵᠢᠶ᠎ᠡ ᠨᠡᠶᠢᠲᠡᠯᠡᠭᠰᠡᠨ ᠪᠣᠶ︖ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠡᠷᠬᠢᠨ ᠦᠨᠡᠨ ᠬᠦ ᠪᠦᠲᠦᠮᠵᠢᠲᠡᠶ ᠳᠡᠭᠡᠭᠰᠢᠯᠡᠭᠦᠯᠬᠦ ᠪᠣᠶ︖        ᠭᠤᠭᠴᠤᠭ᠎ᠠ ᠶᠢ ᠬᠠᠰᠤᠵᠤ ᠡᠮᠬᠢᠯᠡᠨ ᠨᠡᠶᠢᠯᠡᠭᠦᠯᠪᠡ᠃ ︽ᠭᠤᠷᠪᠠ ᠶᠢ ᠪᠠᠭᠠᠰᠬᠠᠵᠤ ᠬᠤᠶᠠᠷ ᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠲᠤᠭᠤᠷᠢᠭ ᠲᠤ ︽ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠬᠠᠰᠤᠬᠤ᠂ ᠴᠠᠭ ᠤᠨ ᠬᠢᠵᠠᠭᠠᠷ ᠢ ᠬᠠᠰᠤᠬᠤ ᠪᠠ ᠦᠢᠯᠡᠴᠢᠯᠡᠭᠡ ᠶᠢ ᠰᠢᠯᠢᠳᠡᠭᠵᠢᠭᠦᠯᠬᠦ᠂ ᠴᠤᠪᠤᠷᠠᠯ ᠢ ᠰᠢᠯᠢᠳᠡᠭᠵᠢᠭᠦᠯᠬᠦ︾᠎ ᠶᠢ ᠬᠡᠷᠡᠭᠵᠢᠭᠦᠯᠵᠦ᠂ ᠨᠢᠭᠡᠨᠲᠡ ᠪᠦᠬᠦ ᠲᠠᠯ᠎ᠠ ᠪᠠᠷ ᠴᠣᠮᠬᠠᠳᠬᠠᠭᠰᠠᠨ ᠰᠠᠭᠤᠷᠢᠨ ᠳᠡᠭᠡᠷ᠎ᠡ᠂ ᠡᠨᠡ ᠵᠢᠯ ᠪᠦᠬᠦ ᠲᠤᠭᠤᠷᠢᠭ ᠤᠨ 2 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠳᠠᠬᠢᠨ ᠬᠦᠴᠦᠨ ᠦᠭᠡᠢ ᠪᠣᠯᠭᠠᠵᠤ᠂ ᠬᠡᠯᠪᠡᠷᠢ ᠦᠭᠡᠷᠡᠳᠦᠬᠦᠯᠦᠨ ᠬᠢᠨᠠᠨ ᠵᠥᠪᠰᠢᠶᠡᠷᠡᠬᠦ ᠵᠦᠢᠯᠡᠰ ᠢ ᠪᠦᠬᠦ ᠲᠠᠯ᠎ᠠ ᠪᠠᠷ ᠬᠦᠴᠦᠨ ᠦᠭᠡᠢ ᠪᠤᠯᠭᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠯ ᠤᠨ ᠭᠦᠢᠴᠡᠳᠬᠡᠬᠦ ᠬᠤᠭᠤᠴᠠᠭ᠎ᠠ ᠶᠢ 385.5 ᠠᠵᠢᠯᠯᠠᠬᠤ ᠡᠳᠦᠷ ᠪᠠᠭᠠᠰᠬᠠᠨ᠂ ᠠᠮᠠᠯᠠᠯᠲᠠ ᠶᠢᠨ ᠴᠠᠭ ᠤᠨ ᠬᠢᠵᠠᠭᠠᠷ ᠢ ᠪᠠᠭᠠᠰᠬᠠᠭᠰᠠᠨ ᠬᠠᠷᠢᠴᠠᠯ ᠨᠢ 64% ᠬᠦᠷᠴᠦ᠂ ᠡᠯ᠎ᠡ ᠲᠥᠷᠥᠯ ᠤᠨ ᠭᠤᠶᠤᠴᠢᠯᠠᠯ ᠤᠨ ᠮᠠᠲ᠋ᠧᠷᠢᠶᠠᠯ 61 ᠬᠤᠪᠢ ᠪᠠ ᠭᠤᠭᠴᠤᠭ᠎ᠠ ᠠᠴᠠ1᠎ ᠶᠢ ᠬᠠᠰᠤᠵᠤ᠂ ᠬᠢᠨᠠᠨ ᠵᠥᠪᠰᠢᠶᠡᠷᠡᠬᠦ ᠶᠠᠪᠤᠴᠠ ᠶᠢ 7 ᠵᠦᠢᠯ ᠰᠢᠯᠢᠳᠡᠭᠵᠢᠭᠦᠯᠵᠦ᠂ ᠣᠯᠠᠨ ᠲᠦᠮᠡᠨ ᠤ ᠭᠦᠶᠦᠯᠲᠡ ᠶᠢ 8 ᠵᠦᠢᠯ ᠪᠠᠭᠠᠰᠬᠠᠪᠠ᠃ ᠠᠵᠤ ᠠᠬᠤᠶᠢᠯᠠᠯ ᠪᠣᠯᠤᠨ ᠣᠯᠠᠨ ᠲᠦᠮᠡᠨ ᠤ ︽ᠨᠢᠭᠡ ᠤᠴᠢᠷ ︾᠎ ᠢ ᠰᠠᠶᠢᠲᠤᠷ ᠬᠢᠬᠦ ᠪᠠᠷ ᠪᠠᠷᠢᠮᠵᠢᠶ᠎ᠠ ᠪᠣᠯᠭᠠᠵᠤ᠂ ᠠᠵᠤ ᠠᠬᠤᠶᠢᠯᠠᠯ ᠡᠷᠬᠢᠯᠡᠬᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠬᠤ᠂ ᠪᠠᠷᠢᠯᠭ᠎ᠠ ᠪᠠᠷᠢᠬᠤ ᠵᠥᠪᠰᠢᠶᠡᠷᠡᠯ᠂ ᠴᠠᠬᠢᠯᠭᠠᠨ ᠬᠦᠴᠦᠨ ᠢ ᠵᠠᠯᠭᠠᠵᠤ ᠣᠷᠣᠭᠤᠯᠬᠤ ᠵᠡᠷᠭᠡ ᠬᠦᠷᠢᠶᠡᠨ ᠳᠠᠬᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠶᠢ ᠬᠡᠷᠡᠭᠵᠢᠭᠦᠯᠵᠦ ᠂ ᠣᠳᠣᠬᠠᠨ ᠳᠤ ᠡᠯ᠎ᠡ ᠰᠠᠯᠠᠭ᠎ᠠ ᠮᠥᠴᠢᠷ ︽ᠪᠢ ᠬᠤᠭᠤᠯᠠᠨ ᠭᠡᠷ ᠨᠡᠭᠡᠭᠡᠨ᠎ᠡ︾ ᠵᠡᠷᠭᠡ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠢ 50 ᠵᠦᠢᠯ ᠡᠮᠬᠢᠯᠡᠨ ᠳᠢᠭᠯᠡᠵᠦ ᠭᠠᠷᠭᠠᠪᠠ᠃ ᠬᠤᠶᠢᠰᠢᠳᠠ ᠠᠵᠤ ᠠᠬᠤᠶᠢᠯᠠᠯ ᠪᠣᠯᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠦᠨᠳᠦᠷ ᠳᠠᠪᠲᠠᠮᠵᠢᠲᠤ ᠵᠦᠢᠯᠡᠰ ᠢ ᠪᠦᠬᠦᠨ ᠢ ᠢᠵᠢ ᠬᠤᠭᠤᠯᠠᠨ ᠤ ᠬᠡᠯᠪᠡᠷᠢ ᠪᠠᠷ ᠬᠦᠢᠴᠡᠳᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃        ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ ᠦᠢᠯᠡᠴᠢᠯᠡᠭᠡ ᠪᠠᠨ ᠰᠠᠶᠢᠵᠢᠷᠠᠭᠤᠯᠪᠠ᠃ ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ ᠪᠦᠬᠦ ᠲᠤᠭᠤᠷᠢᠭ ᠤᠨ 30 ᠬᠢᠨᠠᠨ ᠵᠥᠪᠰᠢᠶᠡᠷᠡᠬᠦ ᠵᠦᠢᠯᠡᠰ ᠤᠨ ᠰᠠᠯᠠᠭ᠎ᠠ ᠮᠥᠴᠢᠷ᠂ ᠨᠢᠭᠡᠴᠢ ᠨᠢᠭᠡᠨᠲᠡ ᠪᠦᠬᠦ ᠲᠠᠯ᠎ᠠ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠲᠠᠪᠴᠠᠩ ᠳᠤ ᠣᠷᠣᠵᠤ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠭᠦ︾᠎ ᠳᠤ 282 ᠵᠦᠢᠯ ᠣᠷᠣᠭᠤᠯᠵᠤ᠂ ᠪᠥᠬᠦ ᠶᠠᠪᠤᠴᠠ ᠳᠤ ᠰᠦᠯᠵᠢᠶ᠎ᠡ ᠪᠠᠷ ᠰᠢᠢᠳᠪᠦᠷᠢᠯᠡᠭᠰᠡᠨ ᠨᠢ 98.94%᠎ ᠶᠢ ᠡᠵᠡᠯᠡᠪᠡ᠃ ︽ᠳᠠᠷᠦ᠋ᠢᠬᠠᠨ ᠰᠢᠢᠳᠪᠦᠷᠢᠯᠡᠬᠦ︾᠂ ︽ᠰᠦᠯᠵᠢᠶᠡᠨ ᠳᠡᠭᠡᠷ᠎ᠡ ᠰᠢᠢᠳᠪᠦᠷᠢᠯᠡᠬᠦ︾᠂ ︽ᠨᠢᠭᠡ ᠯᠡ ᠤᠳᠠᠭ᠎ᠠ ᠳᠤ ᠰᠢᠢᠳᠪᠦᠷᠢᠯᠡᠬᠦ︾᠂ ︽ᠤᠶᠢᠷᠠᠬᠠᠨ ᠠᠴᠠ ᠰᠢᠢᠳᠪᠦᠷᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠲᠤᠭᠤᠷᠢᠭ ᠤᠨ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ 282 ᠵᠦᠢᠯ ᠢ ᠪᠡᠶᠡᠯᠡᠭᠦᠯᠵᠦ᠂ ᠲᠦᠷᠦᠭᠦᠤ ᠪᠦᠯᠦᠭ ︽ᠳᠠᠷᠦ᠋ᠢᠬᠠᠨ ᠰᠢᠢᠳᠪᠦᠷᠢᠯᠡᠬᠦ︾᠂ ︽ᠰᠦᠯᠵᠢᠶᠡᠨ ᠳᠡᠭᠡᠷ᠎ᠡ ᠰᠢᠢᠳᠪᠦᠷᠢᠯᠡᠬᠦ︾᠂ ︽ᠨᠢᠭᠡ ᠯᠡ ᠤᠳᠠᠭ᠎ᠠ ᠳᠤ ᠰᠢᠢᠳᠪᠦᠷᠢᠯᠡᠬᠦ︾᠂ ︽ᠤᠶᠢᠷᠠᠬᠠᠨ ᠠᠴᠠ ᠰᠢᠢᠳᠪᠦᠷᠢᠯᠡᠬᠦ︾ ᠬᠡᠷᠡᠭ ᠶᠠᠪᠤᠳᠠᠯ 151 ᠪᠠᠶᠢᠵᠤ᠂ ᠠᠵᠤ ᠠᠬᠤᠶᠢᠯᠠᠯ ᠪᠠ ᠣᠯᠠᠨ ᠲᠦᠮᠡᠨ ᠤ ᠭᠦᠶᠦᠬᠦ ᠤᠳᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠳᠠᠮᠵᠢᠨ᠂ ᠯᠦ ᠴᠢᠨ ᠪᠦᠯᠦᠭᠯᠡᠯ ᠠᠴᠠ ᠮᠠᠨ ᠤ ᠲᠤᠭᠤᠷᠢᠭ ᠲᠤ 10 ᠨᠡᠷᠡᠰ ᠶᠡᠷᠦᠩᠬᠡᠶᠢᠯᠡᠭᠰᠡᠨ ᠴᠣᠩᠬᠤᠨ ᠤ ᠠᠵᠢᠯᠲᠠᠨ ᠡᠯᠰᠡᠵᠦ᠂ ᠶᠣᠰᠣᠯᠠᠯ ᠪᠠ ᠲᠤᠬᠠᠶᠢᠯᠠᠭᠰᠠᠨ ᠠᠵᠢᠯ ᠤᠨ ᠲᠤᠰᠬᠠᠶ ᠪᠣᠯᠪᠠᠰᠤᠷᠠᠯ ᠢᠶᠠᠷ ᠳᠠᠮᠵᠢᠨ᠂ ᠣᠨᠣᠯ ᠪᠠ ᠪᠣᠳᠠᠲᠠᠶ ᠠᠵᠢᠯᠯᠠᠭᠠᠨ ᠤ ᠰᠢᠯᠭᠠᠨ ᠦᠨᠡᠯᠡᠯᠲᠡ ᠶᠢ ᠦᠩᠭᠡᠷᠡᠵᠦ᠂ ᠣᠳᠣᠬᠠᠨ ᠳᠤ ᠠᠵᠢᠯᠲᠠᠨ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠪᠠ᠃ ᠶᠡᠷᠦᠩᠬᠡᠶᠢᠯᠡᠭᠰᠡᠨ ᠴᠣᠩᠬᠤᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ 70%᠎ ᠠᠴᠠ ᠳᠡᠭᠡᠭᠰᠢᠬᠢ ᠭᠤᠶᠤᠴᠢᠯᠠᠬᠤ ᠵᠦᠢᠯᠡᠰ ᠢ ᠶᠡᠷᠦᠩᠬᠡᠶᠢᠯᠡᠭᠰᠡᠨ ᠴᠣᠩᠬᠤᠨ ᠳᠤ ᠣᠷᠣᠭᠤᠯᠤᠨ ᠭᠦᠢᠴᠡᠳᠭᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠢᠶᠠᠨ ᠬᠦᠢᠴᠡᠳᠭᠡᠬᠦ ᠳᠤ ︽ᠶᠡᠷᠦᠩᠬᠡᠶ ᠰᠠᠯᠠᠭ᠎ᠠ ᠳᠤ ᠢᠯᠭᠠᠭ᠎ᠠ ᠥᠬᠡᠶ ᠭᠥᠯᠢᠶᠡᠨ ᠠᠪᠴᠤ ᠰᠢᠢᠳᠪᠦᠷᠢᠯᠡᠬᠦ︾᠎ ᠶᠢ ᠪᠡᠶᠡᠯᠡᠭᠦᠯᠦᠨ᠎ᠡ᠃ ᠡᠨᠡ ᠵᠢᠯ ᠤᠨ 9 ᠰᠠᠷ᠎ᠠ ᠠᠴᠠ ᠡᠬᠢᠯᠡᠨ᠂ ᠵᠢᠥ ᠶᠤᠸᠠᠨ ᠲᠤᠭᠤᠷᠢᠭ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ  ᠦᠢᠯᠡᠴᠢᠯᠡᠭᠡ ᠥᠷᠨᠢᠭᠦᠯᠵᠦ᠂ ᠡᠯ᠎ᠡ ᠰᠠᠯᠠᠭ᠎ᠠ ᠮᠥᠴᠢᠷ᠂ ᠬᠦᠷᠢᠶᠡᠯᠡᠩ ᠠᠴᠠ 21 ᠬᠥᠮᠦᠨ ᠲᠠᠲᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠡᠩᠨᠡᠭᠡ ᠪᠠᠶᠢᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯ ᠨᠡᠶᠢᠳᠡ 67 ᠪᠠᠶᠢᠵᠤ᠂ ᠣᠲᠣ ᠪᠣᠯᠲᠠᠯ᠎ᠠ᠂ ᠨᠢᠭᠡᠨᠲᠡ 189 ᠠᠵᠢᠯ ᠢ ᠭᠦᠢᠴᠡᠳᠭᠡᠵᠦ᠂ ᠠᠵᠤ ᠠᠬᠤᠶᠢᠯᠠᠯ ᠤᠨ ᠨᠢᠭᠡᠳᠦᠯᠲᠡᠶ ᠰᠠᠶᠢᠨ ᠦᠨᠡᠯᠡᠯᠳᠡ ᠶᠢ ᠣᠯᠵᠠᠶ᠃        ᠴᠤᠭᠭᠠᠷ ᠠᠳᠬᠤᠨ ᠬᠠᠮᠲᠤ ᠪᠠᠷ ᠬᠠᠮᠢᠶᠠᠷᠴᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠡᠯ᠎ᠡ ᠵᠠᠰᠠᠭ ᠤᠨ ᠶᠠᠪᠤᠳᠠᠯ ᠤᠨ ᠲᠢᠩᠬᠢᠮ ᠪᠣᠯᠤᠨ ᠰᠤᠮᠤ ᠪᠠᠯᠭᠠᠰᠤᠨ ᠤ ᠬᠡᠷᠡᠭ ᠡᠷᠬᠢᠯᠡᠬᠦ ᠭᠠᠵᠠᠷ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ 14 ᠰᠠᠤᠷᠢ ︽ᠰᠠᠶᠢᠨ ᠮᠠᠭᠤ ᠦᠨᠡᠯᠡᠯᠳᠡ︾ ᠲᠥᠬᠦᠭᠡᠷᠦᠮᠵᠢ ᠤᠭᠰᠠᠷᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠳᠡ︾᠎ ᠶᠢᠨ ᠳᠦᠷᠢᠮ ᠵᠢᠴᠢ ᠰᠢᠯᠭᠠᠨ ᠦᠨᠡᠯᠡᠬᠦ ᠨᠠᠷᠢᠨ ᠳᠦᠷᠢᠮ᠂ ᠮᠠᠭᠤ ᠦᠨᠡᠯᠡᠯᠳᠡ ᠶᠢ ᠴᠡᠭᠴᠡᠯᠡᠨ ᠰᠠᠶᠢᠵᠢᠷᠠᠭᠤᠯᠬᠤ ᠳᠦᠷᠢᠮ ᠢ ᠲᠣᠭᠲᠠᠭᠠᠵᠤ᠂ ᠣᠯᠠᠨ ᠲᠦᠮᠡᠨ ᠤ ᠰᠠᠨᠠᠭᠠᠨ ᠳᠤ ᠨᠢ ᠬᠦᠷᠦᠭᠰᠡᠨ ᠬᠡᠮᠵᠢᠶ᠎ᠡ ᠪᠠᠷ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠭᠡᠳᠡᠷᠭᠦ ᠰᠢᠬᠠᠮᠳᠠᠭᠤᠯᠪᠠ᠃ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠠᠪᠴᠠᠩ ᠳᠡᠭᠡᠷ᠎ᠡ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠳᠤ ᠬᠢᠨᠠᠯᠲᠠ ᠲᠠᠯᠪᠢᠬᠤ ᠳᠠᠩᠰᠠᠨ ᠨᠣᠮᠧᠷ ᠪᠠᠶᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠬᠢᠨᠠᠨ ᠪᠠᠶᠢᠴᠠᠭᠠᠬᠤ ᠵᠥᠪᠯᠡᠯ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠠᠪᠴᠠᠩ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢᠨ ᠬᠢᠨᠠᠯᠲᠠ ᠬᠠᠮᠢᠶᠠᠷᠤᠯᠲᠠ ᠶᠢ ᠴᠠᠭ ᠢᠮᠠᠭᠲᠠ ᠥᠷᠨᠢᠭᠦᠯᠬᠦ ᠳᠤ ᠳᠥᠭᠦᠮ ᠦᠵᠡᠭᠦᠯᠦᠨ᠎ᠡ᠃ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠠᠪᠴᠠᠩ ᠤᠨ ᠬᠢᠨᠠᠯᠲᠠ ᠲᠠᠯᠪᠢᠬᠤ ᠴᠢᠳᠠᠮᠵᠢ ᠶᠢ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ︽ᠤᠯᠠᠭᠠᠨ ᠰᠢᠷ᠎ᠠ ᠳ᠋ᠧᠩ︾ ᠬᠤᠭᠤᠴᠠᠭ᠎ᠠ ᠬᠡᠳᠦᠷᠡᠪᠡᠯ ᠰᠠᠨᠠᠭᠤᠯᠬᠤ ᠪᠠ ᠳᠣᠩᠭᠤᠳᠬᠤ ᠶᠢ ᠪᠠᠶᠢᠭᠤᠯᠵᠤ᠂ ᠰᠦᠯᠵᠢᠶᠡᠨ ᠳᠡᠭᠡᠷ᠎ᠡ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠲᠠᠪᠴᠠᠩ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠯ᠎ᠡ ᠭᠤᠭᠴᠤᠭ᠎ᠠ ᠲᠤ ᠰᠢᠬᠢᠳᠭᠡᠵᠦ᠂ ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠴᠠᠭ  ᠬᠢᠵᠠᠭᠠᠷᠯᠠᠨ ᠬᠦᠢᠴᠡᠳᠭᠡᠬᠦ︾᠎ ᠶᠢ ᠪᠡᠶᠡᠯᠡᠭᠦᠯᠦᠨ᠎ᠡ᠃        ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠵᠦ ᠤᠬᠠᠭᠤᠯᠭ᠎ᠠ ᠪᠠᠨ ᠴᠢᠩᠭᠠᠷᠠᠭᠤᠯᠪᠠ᠃ ᠵᠢᠥ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠳᠡᠭᠡᠷ᠎ᠡ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠪᠤᠯᠤᠩ︾᠎ ᠢ ᠨᠡᠭᠡᠭᠡᠵᠦ᠂ ᠬᠤᠳᠠᠯᠳᠤᠭ᠎ᠠ ᠡᠵᠡᠩᠨᠡᠬᠦ ᠲᠦᠷᠦ ᠶᠢᠨ ᠪᠤᠳᠤᠯᠭ᠎ᠠ᠂ ᠰᠠᠯᠠᠭ᠎ᠠ ᠮᠥᠴᠢᠷ ᠤᠨ ᠡᠭᠦᠷᠭᠡ ᠲᠤᠰᠢᠶᠠᠯ᠂ ᠲᠡᠷᠢᠭᠦᠨ ᠤ ᠲᠤᠷᠰᠢᠯᠭ᠎ᠠ᠂ ᠬᠤᠳᠠᠯᠳᠤᠭ᠎ᠠ ᠡᠵᠡᠩᠨᠡᠬᠦ ᠭᠡᠷᠡᠯᠳᠦ ᠴᠡᠭ ᠵᠡᠷᠭᠡ ᠲᠦᠷᠪᠡᠨ ᠬᠡᠪᠯᠡᠯ ᠢ ᠪᠠᠶᠢᠭᠤᠯᠪᠠ᠃ ᠨᠢᠭᠡ ᠲᠠᠯ᠎ᠠ ᠪᠠᠷ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠵᠢᠥ ᠶᠤᠸᠠᠨ ᠲᠣᠭᠤᠷᠢᠭ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠨ᠎ᠠ᠃ ᠨᠥᠭᠦᠭᠡ ᠲᠠᠯ᠎ᠠ ᠪᠠᠷ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠤ ᠪᠥᠲᠥᠭᠡᠨ ᠪᠠᠶᠢᠭᠤᠯᠤᠯᠲᠠ ᠳᠠᠬᠢ ᠨᠡᠶᠢᠳᠡᠯᠢᠭ ᠲᠤᠷᠰᠢᠯᠭ᠎ᠠ ᠠᠷᠭ᠎ᠠ ᠬᠢᠳᠡᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠣᠶ ᠪᠣᠯᠭᠠᠨ᠎ᠠ᠃ ᠤᠨᠴᠠᠭᠠᠶᠢᠯᠠᠨ ᠵᠢᠥ ᠶᠤᠸᠠᠨ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠵᠦᠢᠯᠡᠰ ᠤᠨ ᠨᠠᠷᠢᠨ ᠳᠠᠩᠰᠠ᠂ ᠵᠢᠥ ᠶᠤᠸᠠᠨ ᠲᠣᠭᠤᠷᠢᠭ ᠤᠨ ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠭᠡᠬᠦ ᠵᠦᠢᠯᠡᠰ ᠤᠨ ᠨᠠᠷᠢᠨ ᠳᠠᠩᠰᠠ᠂ ︽ᠳᠠᠷᠦ᠋ᠢᠬᠠᠨ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠰᠢᠢᠳᠪᠦᠷᠢᠯᠡᠬᠦ᠂ ᠤᠶᠢᠷᠠᠬᠠᠨ ᠠᠴᠠ ᠰᠢᠢᠳᠪᠦᠷᠢᠯᠡᠬᠦ᠂ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠵᠦᠢᠯᠡᠰ ᠤᠨ ᠨᠠᠷᠢᠨ ᠳᠠᠩᠰᠠ ᠵᠡᠷᠭᠡ ᠶᠢ ᠫᠤᠷᠲ᠋ᠧᠯ ᠰᠦᠯᠵᠢᠶ᠎ᠡ ᠳᠤ ᠵᠠᠷᠯᠠᠨ ᠨᠡᠶᠢᠲᠡᠯᠡᠵᠦ᠂ ᠠᠷᠠᠳ ᠣᠯᠠᠨ ᠪᠣᠯᠤᠨ ᠠᠵᠤ ᠠᠬᠤᠶᠢᠯᠠᠯ ᠳᠤ ᠤᠶᠢᠯᠠᠭᠠᠵᠤ ᠳᠡᠶᠢᠯᠬᠦ᠂ ᠮᠡᠳᠡᠵᠦ ᠳᠡᠶᠢᠯᠬᠦ᠂ ᠪᠠᠶᠢᠴᠠᠭᠠᠨ ᠯᠠᠪᠯᠠᠵᠤ ᠴᠢᠳᠠᠬᠤ ᠪᠣᠯᠭᠠᠨ᠎ᠠ᠃ ︽ᠵᠢᠦ ᠶᠤᠸᠠᠨ ᠠᠵᠤ ᠠᠬᠤᠶᠢᠯᠠᠯ ᠤᠨ ᠳᠡᠭᠡᠳᠦ ᠬᠠᠮᠢᠶᠠᠷᠤᠭᠴᠢ︾᠎ ᠶᠢᠨ ᠸᠢᠴᠠᠲ ᠤᠨ ᠰᠦᠷᠦᠭᠵᠢᠯ ᠢ ᠪᠠᠶᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠵᠢᠴᠢ ᠡᠯ᠎ᠡ ᠡᠷᠬᠡ ᠲᠤᠰᠢᠶᠠᠯᠳᠤ ᠰᠠᠯᠠᠭ᠎ᠠ ᠮᠥᠴᠢᠷ᠂ ᠬᠦᠷᠢᠶᠡᠯᠡᠩ ᠤᠨ ᠬᠠᠷᠢᠭᠤᠴᠠᠯᠭᠠᠲᠠᠨ ᠪᠦᠬᠦᠨ ᠢ ᠸᠢᠴᠠᠲ ᠤᠨ ᠰᠦᠷᠦᠭᠵᠢᠯ ᠳᠤ ᠣᠷᠣᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠸᠢᠴᠠᠲ ᠤᠨ ᠰᠦᠷᠦᠭᠵᠢᠯ ᠳᠤ ᠴᠠᠭ ᠲᠤᠬᠠᠶ ᠳᠤᠨᠢ ᠨᠡᠶᠢᠲᠡᠯᠡᠨ᠎ᠡ︔ ᠠᠵᠤ ᠠᠬᠤᠶᠢᠯᠠᠯ ᠤᠨ ᠸᠢᠴᠠᠲ ᠤᠨ ᠰᠦᠷᠦᠭᠵᠢᠯ ᠳᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠡᠷᠬᠡ ᠲᠤᠰᠢᠶᠠᠯᠳᠤ ᠰᠠᠯᠠᠭ᠎ᠠ ᠮᠥᠴᠢᠷ ᠤᠳ ︽ᠳᠠᠷᠤᠢ ᠳᠤ ᠨᠢ ᠬᠠᠷᠢᠭᠤᠯᠬᠤ︾ ᠬᠦᠯᠢᠶᠡᠨ ᠠᠪᠬᠤ᠂ 3 ᠡᠳᠦᠷ ᠳᠤᠲᠤᠷ᠎ᠠ ᠬᠠᠷᠢᠭᠤ ᠥᠭᠬᠦ ᠬᠡᠷᠡᠭᠲᠡᠶ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号