ᠰᠤᠷᠪᠤᠯᠵᠢᠯᠠᠭᠰᠠᠨ ᠵᠤᠴᠢᠨ᠄ ᠵᠢᠥ ᠶᠤᠸᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠦᠪ ᠤᠨ ᠡᠷᠬᠢᠯᠡᠭᠴᠢ ᠱᠧᠨ ᠳ᠋ᠠᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠨᠢᠭᠡ | ᠵᠦᠢᠯ ᠤᠨ ᠴᠢᠬᠤᠯᠠ ᠠᠭᠤᠯᠭ᠎ᠠ ᠮᠦᠷᠳᠡᠬᠡᠨ ᠭᠤᠭᠴᠤᠭ᠎ᠠ ᠪᠣᠯᠤᠨ᠎ᠠ᠂ ᠡᠨᠡ ᠵᠢᠯ ᠠᠴᠠ ᠨᠠᠰᠢ᠂ ᠵᠢᠦ ᠶᠤᠸᠠᠨ | ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠤ ᠰᠠᠶᠢᠵᠢᠷᠠᠯᠳᠠ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠬᠤ ᠶᠢ ᠪᠠᠷᠢᠮᠲᠠᠯᠠᠵᠤ᠂ ︽ | ᠴᠥᠭᠡᠨ᠂ ᠰᠠᠶᠢᠨ᠂ ᠲᠦᠷᠭᠡᠨ︾ ᠪᠠᠷ ᠬᠠᠷᠠᠯᠲᠠ ᠪᠠᠨ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠪᠠᠷᠢᠮᠵᠢᠶᠠᠵᠢᠭᠤᠯᠬᠤ᠂ ᠳᠦᠷᠢᠮᠵᠢᠭᠦᠯᠬᠦ᠂ ᠳᠥᠭᠦᠮᠴᠢᠯᠡᠬᠦ ᠪᠠᠶᠢᠭᠤᠯᠤᠯᠳᠠ ᠶᠢ ᠶᠡᠬᠡᠪᠡᠷ ᠬᠡᠷᠡᠭᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠲᠡᠷᠢᠭᠦᠨ ᠵᠡᠷᠭᠡ ᠶᠢᠨ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠮᠳᠠ ᠵᠢᠦ ᠶᠤᠸᠠᠨ ᠲᠣᠭᠤᠷᠢᠭ | ᠶᠠᠮᠠᠷ ᠶᠠᠮᠠᠷ ᠠᠷᠭ᠎ᠠ ᠬᠡᠮᠵᠢᠶ᠎ᠡ ᠨᠡᠶᠢᠲᠡᠯᠡᠭᠰᠡᠨ ᠪᠣᠶ︖ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠬᠡᠷᠬᠢᠨ ᠦᠨᠡᠨ ᠬᠦ ᠪᠦᠲᠦᠮᠵᠢᠲᠡᠶ ᠳᠡᠭᠡᠭᠰᠢᠯᠡᠭᠦᠯᠬᠦ ᠪᠣᠶ︖ | ᠭᠤᠭᠴᠤᠭ᠎ᠠ ᠶᠢ ᠬᠠᠰᠤᠵᠤ ᠡᠮᠬᠢᠯᠡᠨ ᠨᠡᠶᠢᠯᠡᠭᠦᠯᠪᠡ᠃ ︽ᠭᠤᠷᠪᠠ ᠶᠢ ᠪᠠᠭᠠᠰᠬᠠᠵᠤ ᠬᠤᠶᠠᠷ ᠢ | ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠲᠤᠭᠤᠷᠢᠭ ᠲᠤ ︽ᠮᠠᠲ᠋ᠧᠷᠢᠶᠠᠯ ᠢ | ᠪᠠᠭᠠᠰᠬᠠᠬᠤ᠂ ᠭᠤᠭᠴᠤᠭ᠎ᠠ ᠶᠢ ᠬᠠᠰᠤᠬᠤ᠂ ᠴᠠᠭ ᠤᠨ ᠬᠢᠵᠠᠭᠠᠷ ᠢ ᠬᠠᠰᠤᠬᠤ ᠪᠠ ᠦᠢᠯᠡᠴᠢᠯᠡᠭᠡ ᠶᠢ | ᠰᠢᠯᠢᠳᠡᠭᠵᠢᠭᠦᠯᠬᠦ᠂ ᠴᠤᠪᠤᠷᠠᠯ ᠢ ᠰᠢᠯᠢᠳᠡᠭᠵᠢᠭᠦᠯᠬᠦ︾ ᠶᠢ ᠬᠡᠷᠡᠭᠵᠢᠭᠦᠯᠵᠦ᠂ ᠨᠢᠭᠡᠨᠲᠡ ᠪᠦᠬᠦ ᠲᠠᠯ᠎ᠠ ᠪᠠᠷ | ᠴᠣᠮᠬᠠᠳᠬᠠᠭᠰᠠᠨ ᠰᠠᠭᠤᠷᠢᠨ ᠳᠡᠭᠡᠷ᠎ᠡ᠂ ᠡᠨᠡ ᠵᠢᠯ ᠪᠦᠬᠦ ᠲᠤᠭᠤᠷᠢᠭ ᠤᠨ 2 ᠵᠦᠢᠯ ᠤᠨ ᠵᠠᠰᠠᠭ ᠵᠠᠬᠢᠷᠭᠠᠨ ᠤ | ᠵᠥᠪᠰᠢᠶᠡᠷᠡᠯ ᠢ ᠳᠠᠬᠢᠨ ᠬᠦᠴᠦᠨ ᠦᠭᠡᠢ ᠪᠣᠯᠭᠠᠵᠤ᠂ ᠬᠡᠯᠪᠡᠷᠢ ᠦᠭᠡᠷᠡᠳᠦᠬᠦᠯᠦᠨ ᠬᠢᠨᠠᠨ ᠵᠥᠪᠰᠢᠶᠡᠷᠡᠬᠦ ᠵᠦᠢᠯᠡᠰ ᠢ | ᠪᠦᠬᠦ ᠲᠠᠯ᠎ᠠ ᠪᠠᠷ ᠬᠦᠴᠦᠨ ᠦᠭᠡᠢ ᠪᠤᠯᠭᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠯ ᠤᠨ ᠭᠦᠢᠴᠡᠳᠬᠡᠬᠦ | ᠬᠤᠭᠤᠴᠠᠭ᠎ᠠ ᠶᠢ 385.5 ᠠᠵᠢᠯᠯᠠᠬᠤ ᠡᠳᠦᠷ ᠪᠠᠭᠠᠰᠬᠠᠨ᠂ ᠠᠮᠠᠯᠠᠯᠲᠠ ᠶᠢᠨ ᠴᠠᠭ ᠤᠨ ᠬᠢᠵᠠᠭᠠᠷ ᠢ ᠪᠠᠭᠠᠰᠬᠠᠭᠰᠠᠨ | ᠬᠠᠷᠢᠴᠠᠯ ᠨᠢ 64% ᠬᠦᠷᠴᠦ᠂ ᠡᠯ᠎ᠡ ᠲᠥᠷᠥᠯ ᠤᠨ ᠭᠤᠶᠤᠴᠢᠯᠠᠯ ᠤᠨ ᠮᠠᠲ᠋ᠧᠷᠢᠶᠠᠯ 61 ᠬᠤᠪᠢ ᠪᠠ | ᠭᠤᠭᠴᠤᠭ᠎ᠠ ᠠᠴᠠ1 ᠶᠢ ᠬᠠᠰᠤᠵᠤ᠂ ᠬᠢᠨᠠᠨ ᠵᠥᠪᠰᠢᠶᠡᠷᠡᠬᠦ ᠶᠠᠪᠤᠴᠠ ᠶᠢ 7 ᠵᠦᠢᠯ ᠰᠢᠯᠢᠳᠡᠭᠵᠢᠭᠦᠯᠵᠦ᠂ ᠣᠯᠠᠨ | ᠲᠦᠮᠡᠨ ᠤ ᠭᠦᠶᠦᠯᠲᠡ ᠶᠢ 8 ᠵᠦᠢᠯ ᠪᠠᠭᠠᠰᠬᠠᠪᠠ᠃ ᠠᠵᠤ ᠠᠬᠤᠶᠢᠯᠠᠯ ᠪᠣᠯᠤᠨ ᠣᠯᠠᠨ ᠲᠦᠮᠡᠨ ᠤ ︽ᠨᠢᠭᠡ ᠤᠴᠢᠷ | ︾ ᠢ ᠰᠠᠶᠢᠲᠤᠷ ᠬᠢᠬᠦ ᠪᠠᠷ ᠪᠠᠷᠢᠮᠵᠢᠶ᠎ᠠ ᠪᠣᠯᠭᠠᠵᠤ᠂ ᠠᠵᠤ ᠠᠬᠤᠶᠢᠯᠠᠯ ᠡᠷᠬᠢᠯᠡᠬᠦ᠂ ᠥᠯᠥ ᠬᠥᠳᠡᠯᠬᠦ ᠬᠥᠷᠥᠩᠭᠡ ᠶᠢ | ᠳᠠᠩᠰᠠᠯᠠᠬᠤ᠂ ᠪᠠᠷᠢᠯᠭ᠎ᠠ ᠪᠠᠷᠢᠬᠤ ᠵᠥᠪᠰᠢᠶᠡᠷᠡᠯ᠂ ᠴᠠᠬᠢᠯᠭᠠᠨ ᠬᠦᠴᠦᠨ ᠢ ᠵᠠᠯᠭᠠᠵᠤ ᠣᠷᠣᠭᠤᠯᠬᠤ ᠵᠡᠷᠭᠡ | ᠬᠦᠷᠢᠶᠡᠨ ᠳᠠᠬᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠶᠢ ᠬᠡᠷᠡᠭᠵᠢᠭᠦᠯᠵᠦ | ᠂ ᠣᠳᠣᠬᠠᠨ ᠳᠤ ᠡᠯ᠎ᠡ ᠰᠠᠯᠠᠭ᠎ᠠ ᠮᠥᠴᠢᠷ ︽ᠪᠢ ᠬᠤᠭᠤᠯᠠᠨ ᠭᠡᠷ ᠨᠡᠭᠡᠭᠡᠨ᠎ᠡ︾ ᠵᠡᠷᠭᠡ ︽ᠨᠢᠭᠡ ᠤᠴᠢᠷ ᠢ ᠨᠢᠭᠡ ᠯᠡ | ᠤᠳᠠᠭ᠎ᠠ ᠳᠤ ᠭᠦᠢᠴᠡᠳᠭᠡᠬᠦ︾ ᠵᠦᠢᠯᠡᠰ ᠢ 50 ᠵᠦᠢᠯ ᠡᠮᠬᠢᠯᠡᠨ ᠳᠢᠭᠯᠡᠵᠦ ᠭᠠᠷᠭᠠᠪᠠ᠃ ᠬᠤᠶᠢᠰᠢᠳᠠ ᠠᠵᠤ | ᠠᠬᠤᠶᠢᠯᠠᠯ ᠪᠣᠯᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠦᠨᠳᠦᠷ | ᠳᠠᠪᠲᠠᠮᠵᠢᠲᠤ ᠵᠦᠢᠯᠡᠰ ᠢ ᠪᠦᠬᠦᠨ ᠢ ᠢᠵᠢ ᠬᠤᠭᠤᠯᠠᠨ ᠤ ᠬᠡᠯᠪᠡᠷᠢ ᠪᠠᠷ ᠬᠦᠢᠴᠡᠳᠭᠡᠬᠦ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ | ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ ᠦᠢᠯᠡᠴᠢᠯᠡᠭᠡ ᠪᠠᠨ ᠰᠠᠶᠢᠵᠢᠷᠠᠭᠤᠯᠪᠠ᠃ | ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ | ᠪᠦᠬᠦ ᠲᠤᠭᠤᠷᠢᠭ ᠤᠨ 30 ᠬᠢᠨᠠᠨ ᠵᠥᠪᠰᠢᠶᠡᠷᠡᠬᠦ ᠵᠦᠢᠯᠡᠰ ᠤᠨ ᠰᠠᠯᠠᠭ᠎ᠠ ᠮᠥᠴᠢᠷ᠂ ᠨᠢᠭᠡᠴᠢ ᠨᠢᠭᠡᠨᠲᠡ ᠪᠦᠬᠦ | ᠲᠠᠯ᠎ᠠ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠲᠠᠪᠴᠠᠩ ᠳᠤ ᠣᠷᠣᠵᠤ᠂ ︽ | ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠭᠦ︾ ᠳᠤ 282 ᠵᠦᠢᠯ ᠣᠷᠣᠭᠤᠯᠵᠤ᠂ ᠪᠥᠬᠦ ᠶᠠᠪᠤᠴᠠ ᠳᠤ | ᠰᠦᠯᠵᠢᠶ᠎ᠡ ᠪᠠᠷ ᠰᠢᠢᠳᠪᠦᠷᠢᠯᠡᠭᠰᠡᠨ ᠨᠢ 98.94% ᠶᠢ ᠡᠵᠡᠯᠡᠪᠡ᠃ ︽ᠳᠠᠷᠦ᠋ᠢᠬᠠᠨ ᠰᠢᠢᠳᠪᠦᠷᠢᠯᠡᠬᠦ︾᠂ ︽ | ᠰᠦᠯᠵᠢᠶᠡᠨ ᠳᠡᠭᠡᠷ᠎ᠡ ᠰᠢᠢᠳᠪᠦᠷᠢᠯᠡᠬᠦ︾᠂ ︽ᠨᠢᠭᠡ ᠯᠡ ᠤᠳᠠᠭ᠎ᠠ ᠳᠤ ᠰᠢᠢᠳᠪᠦᠷᠢᠯᠡᠬᠦ︾᠂ ︽ᠤᠶᠢᠷᠠᠬᠠᠨ ᠠᠴᠠ | ᠰᠢᠢᠳᠪᠦᠷᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠲᠤᠭᠤᠷᠢᠭ ᠤᠨ ︽ᠬᠠᠮᠤᠭ ᠣᠯᠠᠨ ᠳᠠᠭᠠᠨ | ᠨᠢᠭᠡ ᠯᠡ ᠤᠳᠠᠭ᠎ᠠ ᠭᠦᠶᠦᠬᠦ︾ 282 ᠵᠦᠢᠯ ᠢ ᠪᠡᠶᠡᠯᠡᠭᠦᠯᠵᠦ᠂ ᠲᠦᠷᠦᠭᠦᠤ ᠪᠦᠯᠦᠭ ︽ᠳᠠᠷᠦ᠋ᠢᠬᠠᠨ | ᠰᠢᠢᠳᠪᠦᠷᠢᠯᠡᠬᠦ︾᠂ ︽ᠰᠦᠯᠵᠢᠶᠡᠨ ᠳᠡᠭᠡᠷ᠎ᠡ ᠰᠢᠢᠳᠪᠦᠷᠢᠯᠡᠬᠦ︾᠂ ︽ᠨᠢᠭᠡ ᠯᠡ ᠤᠳᠠᠭ᠎ᠠ ᠳᠤ ᠰᠢᠢᠳᠪᠦᠷᠢᠯᠡᠬᠦ︾᠂ | ︽ᠤᠶᠢᠷᠠᠬᠠᠨ ᠠᠴᠠ ᠰᠢᠢᠳᠪᠦᠷᠢᠯᠡᠬᠦ︾ ᠬᠡᠷᠡᠭ ᠶᠠᠪᠤᠳᠠᠯ 151 ᠪᠠᠶᠢᠵᠤ᠂ ᠠᠵᠤ ᠠᠬᠤᠶᠢᠯᠠᠯ ᠪᠠ ᠣᠯᠠᠨ ᠲᠦᠮᠡᠨ ᠤ | ᠭᠦᠶᠦᠬᠦ ᠤᠳᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ ᠬᠡᠯᠪᠡᠷᠢ ᠪᠠᠷ ᠳᠠᠮᠵᠢᠨ᠂ ᠯᠦ ᠴᠢᠨ ᠪᠦᠯᠦᠭᠯᠡᠯ ᠠᠴᠠ ᠮᠠᠨ ᠤ ᠲᠤᠭᠤᠷᠢᠭ ᠲᠤ 10 ᠨᠡᠷᠡᠰ | ᠶᠡᠷᠦᠩᠬᠡᠶᠢᠯᠡᠭᠰᠡᠨ ᠴᠣᠩᠬᠤᠨ ᠤ ᠠᠵᠢᠯᠲᠠᠨ ᠡᠯᠰᠡᠵᠦ᠂ ᠶᠣᠰᠣᠯᠠᠯ ᠪᠠ ᠲᠤᠬᠠᠶᠢᠯᠠᠭᠰᠠᠨ ᠠᠵᠢᠯ ᠤᠨ ᠲᠤᠰᠬᠠᠶ | ᠪᠣᠯᠪᠠᠰᠤᠷᠠᠯ ᠢᠶᠠᠷ ᠳᠠᠮᠵᠢᠨ᠂ ᠣᠨᠣᠯ ᠪᠠ ᠪᠣᠳᠠᠲᠠᠶ ᠠᠵᠢᠯᠯᠠᠭᠠᠨ ᠤ ᠰᠢᠯᠭᠠᠨ ᠦᠨᠡᠯᠡᠯᠲᠡ ᠶᠢ ᠦᠩᠭᠡᠷᠡᠵᠦ᠂ | ᠣᠳᠣᠬᠠᠨ ᠳᠤ ᠠᠵᠢᠯᠲᠠᠨ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠪᠠ᠃ ᠶᠡᠷᠦᠩᠬᠡᠶᠢᠯᠡᠭᠰᠡᠨ ᠴᠣᠩᠬᠤᠨ ᠤ | ᠦᠢᠯᠡᠳᠦᠯ ᠢ ᠭᠦᠢᠴᠡᠳ ᠪᠠᠳᠠᠷᠠᠭᠤᠯᠵᠤ᠂ 70% ᠠᠴᠠ ᠳᠡᠭᠡᠭᠰᠢᠬᠢ ᠭᠤᠶᠤᠴᠢᠯᠠᠬᠤ ᠵᠦᠢᠯᠡᠰ ᠢ ᠶᠡᠷᠦᠩᠬᠡᠶᠢᠯᠡᠭᠰᠡᠨ | ᠴᠣᠩᠬᠤᠨ ᠳᠤ ᠣᠷᠣᠭᠤᠯᠤᠨ ᠭᠦᠢᠴᠡᠳᠭᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠢᠶᠠᠨ | ᠬᠦᠢᠴᠡᠳᠭᠡᠬᠦ ᠳᠤ ︽ᠶᠡᠷᠦᠩᠬᠡᠶ ᠰᠠᠯᠠᠭ᠎ᠠ ᠳᠤ ᠢᠯᠭᠠᠭ᠎ᠠ ᠥᠬᠡᠶ ᠭᠥᠯᠢᠶᠡᠨ ᠠᠪᠴᠤ ᠰᠢᠢᠳᠪᠦᠷᠢᠯᠡᠬᠦ︾ ᠶᠢ | ᠪᠡᠶᠡᠯᠡᠭᠦᠯᠦᠨ᠎ᠡ᠃ ᠡᠨᠡ ᠵᠢᠯ ᠤᠨ 9 ᠰᠠᠷ᠎ᠠ ᠠᠴᠠ ᠡᠬᠢᠯᠡᠨ᠂ ᠵᠢᠥ ᠶᠤᠸᠠᠨ ᠲᠤᠭᠤᠷᠢᠭ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ ᠦᠢᠯᠡᠴᠢᠯᠡᠭᠡ ᠥᠷᠨᠢᠭᠦᠯᠵᠦ᠂ ᠡᠯ᠎ᠡ ᠰᠠᠯᠠᠭ᠎ᠠ ᠮᠥᠴᠢᠷ᠂ ᠬᠦᠷᠢᠶᠡᠯᠡᠩ ᠠᠴᠠ 21 ᠬᠥᠮᠦᠨ | ᠲᠠᠲᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠡᠩᠨᠡᠭᠡ ᠪᠠᠶᠢᠭᠤᠯᠵᠤ᠂ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ ᠵᠦᠢᠯ ᠨᠡᠶᠢᠳᠡ 67 ᠪᠠᠶᠢᠵᠤ᠂ ᠣᠲᠣ ᠪᠣᠯᠲᠠᠯ᠎ᠠ᠂ ᠨᠢᠭᠡᠨᠲᠡ 189 ᠠᠵᠢᠯ ᠢ | ᠭᠦᠢᠴᠡᠳᠭᠡᠵᠦ᠂ ᠠᠵᠤ ᠠᠬᠤᠶᠢᠯᠠᠯ ᠤᠨ ᠨᠢᠭᠡᠳᠦᠯᠲᠡᠶ ᠰᠠᠶᠢᠨ ᠦᠨᠡᠯᠡᠯᠳᠡ ᠶᠢ ᠣᠯᠵᠠᠶ᠃ | ᠴᠤᠭᠭᠠᠷ ᠠᠳᠬᠤᠨ ᠬᠠᠮᠲᠤ ᠪᠠᠷ ᠬᠠᠮᠢᠶᠠᠷᠴᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠡᠯ᠎ᠡ ᠵᠠᠰᠠᠭ ᠤᠨ | ᠶᠠᠪᠤᠳᠠᠯ ᠤᠨ ᠲᠢᠩᠬᠢᠮ ᠪᠣᠯᠤᠨ ᠰᠤᠮᠤ ᠪᠠᠯᠭᠠᠰᠤᠨ ᠤ ᠬᠡᠷᠡᠭ ᠡᠷᠬᠢᠯᠡᠬᠦ ᠭᠠᠵᠠᠷ ᠤᠨ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠲᠤ 14 ᠰᠠᠤᠷᠢ ︽ᠰᠠᠶᠢᠨ ᠮᠠᠭᠤ ᠦᠨᠡᠯᠡᠯᠳᠡ︾ ᠲᠥᠬᠦᠭᠡᠷᠦᠮᠵᠢ ᠤᠭᠰᠠᠷᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠳᠡ︾ ᠶᠢᠨ ᠳᠦᠷᠢᠮ ᠵᠢᠴᠢ ᠰᠢᠯᠭᠠᠨ | ᠦᠨᠡᠯᠡᠬᠦ ᠨᠠᠷᠢᠨ ᠳᠦᠷᠢᠮ᠂ ᠮᠠᠭᠤ ᠦᠨᠡᠯᠡᠯᠳᠡ ᠶᠢ ᠴᠡᠭᠴᠡᠯᠡᠨ ᠰᠠᠶᠢᠵᠢᠷᠠᠭᠤᠯᠬᠤ ᠳᠦᠷᠢᠮ ᠢ ᠲᠣᠭᠲᠠᠭᠠᠵᠤ᠂ ᠣᠯᠠᠨ | ᠲᠦᠮᠡᠨ ᠤ ᠰᠠᠨᠠᠭᠠᠨ ᠳᠤ ᠨᠢ ᠬᠦᠷᠦᠭᠰᠡᠨ ᠬᠡᠮᠵᠢᠶ᠎ᠡ ᠪᠠᠷ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠭᠡᠳᠡᠷᠭᠦ | ᠰᠢᠬᠠᠮᠳᠠᠭᠤᠯᠪᠠ᠃ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠠᠪᠴᠠᠩ ᠳᠡᠭᠡᠷ᠎ᠡ ᠲᠤᠭᠤᠷᠢᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠳᠤ ᠬᠢᠨᠠᠯᠲᠠ ᠲᠠᠯᠪᠢᠬᠤ ᠳᠠᠩᠰᠠᠨ ᠨᠣᠮᠧᠷ | ᠪᠠᠶᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠬᠢᠨᠠᠨ ᠪᠠᠶᠢᠴᠠᠭᠠᠬᠤ ᠵᠥᠪᠯᠡᠯ ᠤᠨ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠠᠪᠴᠠᠩ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ | ᠴᠢᠳᠠᠪᠤᠷᠢ ᠶᠢᠨ ᠬᠢᠨᠠᠯᠲᠠ ᠬᠠᠮᠢᠶᠠᠷᠤᠯᠲᠠ ᠶᠢ ᠴᠠᠭ ᠢᠮᠠᠭᠲᠠ ᠥᠷᠨᠢᠭᠦᠯᠬᠦ ᠳᠤ ᠳᠥᠭᠦᠮ ᠦᠵᠡᠭᠦᠯᠦᠨ᠎ᠡ᠃ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠠᠪᠴᠠᠩ ᠤᠨ ᠬᠢᠨᠠᠯᠲᠠ ᠲᠠᠯᠪᠢᠬᠤ ᠴᠢᠳᠠᠮᠵᠢ ᠶᠢ | ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ︽ᠤᠯᠠᠭᠠᠨ ᠰᠢᠷ᠎ᠠ ᠳ᠋ᠧᠩ︾ ᠬᠤᠭᠤᠴᠠᠭ᠎ᠠ ᠬᠡᠳᠦᠷᠡᠪᠡᠯ ᠰᠠᠨᠠᠭᠤᠯᠬᠤ | ᠪᠠ ᠳᠣᠩᠭᠤᠳᠬᠤ ᠶᠢ ᠪᠠᠶᠢᠭᠤᠯᠵᠤ᠂ ᠰᠦᠯᠵᠢᠶᠡᠨ ᠳᠡᠭᠡᠷ᠎ᠡ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠲᠠᠪᠴᠠᠩ | ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠯ᠎ᠡ | ᠭᠤᠭᠴᠤᠭ᠎ᠠ ᠲᠤ ᠰᠢᠬᠢᠳᠭᠡᠵᠦ᠂ ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠴᠠᠭ | ᠬᠢᠵᠠᠭᠠᠷᠯᠠᠨ ᠬᠦᠢᠴᠡᠳᠭᠡᠬᠦ︾ ᠶᠢ ᠪᠡᠶᠡᠯᠡᠭᠦᠯᠦᠨ᠎ᠡ᠃ | ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠵᠦ ᠤᠬᠠᠭᠤᠯᠭ᠎ᠠ ᠪᠠᠨ ᠴᠢᠩᠭᠠᠷᠠᠭᠤᠯᠪᠠ᠃ ᠵᠢᠥ | ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠳᠡᠭᠡᠷ᠎ᠡ ︽ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠪᠤᠯᠤᠩ︾ ᠢ ᠨᠡᠭᠡᠭᠡᠵᠦ᠂ ᠬᠤᠳᠠᠯᠳᠤᠭ᠎ᠠ ᠡᠵᠡᠩᠨᠡᠬᠦ ᠲᠦᠷᠦ ᠶᠢᠨ | ᠪᠤᠳᠤᠯᠭ᠎ᠠ᠂ ᠰᠠᠯᠠᠭ᠎ᠠ ᠮᠥᠴᠢᠷ ᠤᠨ ᠡᠭᠦᠷᠭᠡ ᠲᠤᠰᠢᠶᠠᠯ᠂ ᠲᠡᠷᠢᠭᠦᠨ ᠤ ᠲᠤᠷᠰᠢᠯᠭ᠎ᠠ᠂ ᠬᠤᠳᠠᠯᠳᠤᠭ᠎ᠠ ᠡᠵᠡᠩᠨᠡᠬᠦ | ᠭᠡᠷᠡᠯᠳᠦ ᠴᠡᠭ ᠵᠡᠷᠭᠡ ᠲᠦᠷᠪᠡᠨ ᠬᠡᠪᠯᠡᠯ ᠢ ᠪᠠᠶᠢᠭᠤᠯᠪᠠ᠃ ᠨᠢᠭᠡ ᠲᠠᠯ᠎ᠠ ᠪᠠᠷ᠂ ᠤᠯᠤᠰ᠂ ᠥᠪᠡᠷᠲᠡᠭᠡᠨ ᠵᠠᠰᠠᠬᠤ | ᠣᠷᠣᠨ᠂ ᠪᠤᠭᠤᠲᠤ ᠬᠤᠲᠠ᠂ ᠵᠢᠥ ᠶᠤᠸᠠᠨ ᠲᠣᠭᠤᠷᠢᠭ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠪᠣᠶ ᠪᠣᠯᠭᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠥᠷᠭᠡᠨ ᠢᠶᠠᠷ | ᠤᠬᠠᠭᠤᠯᠵᠤ᠂ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠨ᠎ᠠ᠃ ᠨᠥᠭᠦᠭᠡ ᠲᠠᠯ᠎ᠠ ᠪᠠᠷ᠂ ᠬᠤᠳᠠᠯᠳᠤᠭ᠎ᠠ | ᠡᠵᠡᠩᠨᠡᠬᠦ ᠣᠷᠴᠢᠨ ᠲᠤᠭᠤᠷᠢᠨ ᠤ ᠪᠥᠲᠥᠭᠡᠨ ᠪᠠᠶᠢᠭᠤᠯᠤᠯᠲᠠ ᠳᠠᠬᠢ ᠨᠡᠶᠢᠳᠡᠯᠢᠭ ᠲᠤᠷᠰᠢᠯᠭ᠎ᠠ ᠠᠷᠭ᠎ᠠ ᠬᠢᠳᠡᠯ ᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠣᠶ | ᠪᠣᠯᠭᠠᠨ᠎ᠠ᠃ ᠤᠨᠴᠠᠭᠠᠶᠢᠯᠠᠨ ᠵᠢᠥ ᠶᠤᠸᠠᠨ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠤᠨ ᠨᠠᠷᠢᠨ ᠳᠠᠩᠰᠠ᠂ ᠵᠢᠥ ᠶᠤᠸᠠᠨ ᠲᠣᠭᠤᠷᠢᠭ ᠤᠨ ᠬᠠᠪᠰᠤᠷᠤᠨ ᠭᠦᠢᠴᠡᠳᠭᠡᠵᠦ | ᠣᠷᠣᠯᠠᠨ ᠭᠦᠢᠴᠡᠳᠭᠡᠬᠦ ᠵᠦᠢᠯᠡᠰ ᠤᠨ ᠨᠠᠷᠢᠨ ᠳᠠᠩᠰᠠ᠂ ︽ᠳᠠᠷᠦ᠋ᠢᠬᠠᠨ ᠰᠢᠢᠳᠪᠦᠷᠢᠯᠡᠬᠦ᠂ ᠰᠦᠯᠵᠢᠶᠡᠨ ᠳᠡᠭᠡᠷ᠎ᠡ | ᠰᠢᠢᠳᠪᠦᠷᠢᠯᠡᠬᠦ᠂ ᠤᠶᠢᠷᠠᠬᠠᠨ ᠠᠴᠠ ᠰᠢᠢᠳᠪᠦᠷᠢᠯᠡᠬᠦ᠂ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠵᠦᠢᠯᠡᠰ ᠤᠨ | ᠨᠠᠷᠢᠨ ᠳᠠᠩᠰᠠ ᠵᠡᠷᠭᠡ ᠶᠢ ᠫᠤᠷᠲ᠋ᠧᠯ ᠰᠦᠯᠵᠢᠶ᠎ᠡ ᠳᠤ ᠵᠠᠷᠯᠠᠨ ᠨᠡᠶᠢᠲᠡᠯᠡᠵᠦ᠂ ᠠᠷᠠᠳ ᠣᠯᠠᠨ ᠪᠣᠯᠤᠨ ᠠᠵᠤ | ᠠᠬᠤᠶᠢᠯᠠᠯ ᠳᠤ ᠤᠶᠢᠯᠠᠭᠠᠵᠤ ᠳᠡᠶᠢᠯᠬᠦ᠂ ᠮᠡᠳᠡᠵᠦ ᠳᠡᠶᠢᠯᠬᠦ᠂ ᠪᠠᠶᠢᠴᠠᠭᠠᠨ ᠯᠠᠪᠯᠠᠵᠤ ᠴᠢᠳᠠᠬᠤ ᠪᠣᠯᠭᠠᠨ᠎ᠠ᠃ ︽ᠵᠢᠦ | ᠶᠤᠸᠠᠨ ᠠᠵᠤ ᠠᠬᠤᠶᠢᠯᠠᠯ ᠤᠨ ᠳᠡᠭᠡᠳᠦ ᠬᠠᠮᠢᠶᠠᠷᠤᠭᠴᠢ︾ ᠶᠢᠨ ᠸᠢᠴᠠᠲ ᠤᠨ ᠰᠦᠷᠦᠭᠵᠢᠯ ᠢ ᠪᠠᠶᠢᠭᠤᠯᠵᠤ᠂ | ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠵᠢᠴᠢ ᠡᠯ᠎ᠡ ᠡᠷᠬᠡ | ᠲᠤᠰᠢᠶᠠᠯᠳᠤ ᠰᠠᠯᠠᠭ᠎ᠠ ᠮᠥᠴᠢᠷ᠂ ᠬᠦᠷᠢᠶᠡᠯᠡᠩ ᠤᠨ ᠬᠠᠷᠢᠭᠤᠴᠠᠯᠭᠠᠲᠠᠨ ᠪᠦᠬᠦᠨ ᠢ ᠸᠢᠴᠠᠲ ᠤᠨ ᠰᠦᠷᠦᠭᠵᠢᠯ ᠳᠤ | ᠣᠷᠣᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ | ᠸᠢᠴᠠᠲ ᠤᠨ ᠰᠦᠷᠦᠭᠵᠢᠯ ᠳᠤ ᠴᠠᠭ ᠲᠤᠬᠠᠶ ᠳᠤᠨᠢ ᠨᠡᠶᠢᠲᠡᠯᠡᠨ᠎ᠡ︔ ᠠᠵᠤ ᠠᠬᠤᠶᠢᠯᠠᠯ ᠤᠨ ᠸᠢᠴᠠᠲ ᠤᠨ | ᠰᠦᠷᠦᠭᠵᠢᠯ ᠳᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠡᠷᠬᠡ ᠲᠤᠰᠢᠶᠠᠯᠳᠤ ᠰᠠᠯᠠᠭ᠎ᠠ | ᠮᠥᠴᠢᠷ ᠤᠳ ︽ᠳᠠᠷᠤᠢ ᠳᠤ ᠨᠢ ᠬᠠᠷᠢᠭᠤᠯᠬᠤ︾ ᠬᠦᠯᠢᠶᠡᠨ ᠠᠪᠬᠤ᠂ 3 ᠡᠳᠦᠷ ᠳᠤᠲᠤᠷ᠎ᠠ ᠬᠠᠷᠢᠭᠤ ᠥᠭᠬᠦ | ᠬᠡᠷᠡᠭᠲᠡᠶ᠃ |