ᠦᠨᠳᠦᠰᠦᠲᠡᠨ ᠤ ᠪᠥᠵᠢᠭᠲᠦ ᠵᠦᠴᠦᠭᠡ ︽ᠮᠣᠷᠢᠲᠤ ᠴᠡᠷᠢᠭ︾ ᠤᠨ ᠲᠤᠬᠠᠢ ᠶᠠᠷᠢᠯᠴᠠᠬᠤ ᠬᠤᠷᠠᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2020/12/23
       ᠠᠷᠠᠳ ᠤᠨ ᠡᠳᠦᠷ ᠤᠨ ᠰᠣᠨᠢᠨ ᠤ 10 ᠰᠠᠷ᠎ᠠ ᠶᠢᠨ 20 ᠤ ᠡᠳᠦᠷ ᠤᠨ ᠮᠡᠳᠡᠭᠡ ︵ᠰᠤᠷᠪᠤᠯᠵᠢᠯᠠᠭᠴᠢ ᠰᠢᠤᠢ ᠶᠤᠸᠠᠢ︶ 10 ᠰᠠᠷ᠎ᠠ ᠶᠢᠨ 20 ᠤ ᠡᠳᠦᠷ᠂ ᠦᠨᠳᠦᠰᠦᠲᠡᠨ ᠤ ᠪᠥᠵᠢᠭᠲᠦ ᠵᠦᠴᠦᠭᠡ ︽ᠮᠣᠷᠢᠲᠤ  ᠴᠡᠷᠢᠭ︾ ᠤᠨ ᠲᠤᠬᠠᠢ ᠶᠠᠷᠢᠯᠴᠠᠬᠤ ᠬᠤᠷᠠᠯ ᠬᠥᠬᠡᠬᠤᠲᠠ ᠳᠠᠬᠢ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠤᠨ ᠲᠢᠶᠠᠲᠷ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠢ ᠢᠦᠢ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠠᠢ ᠢᠦᠢ ᠭᠠᠩ᠄ ᠪᠥᠵᠢᠭᠲᠦ ᠵᠦᠴᠦᠭᠡ ︽ᠮᠣᠷᠢᠲᠤ  ᠴᠡᠷᠢᠭ︾ ᠤᠨ ᠭᠤᠣᠯ ᠰᠡᠳᠦᠪ ᠨᠢ ᠢᠯᠡ ᠲᠣᠳᠣᠷᠬᠠᠢ ᠵᠤᠬᠢᠶᠠᠮᠵᠢ ᠨᠢ ᠠᠪᠴᠠᠯᠳᠤᠩᠭᠤᠢ᠂ ᠬᠥᠮᠦᠰ ᠤᠨ ᠰᠡᠳᠬᠢᠯ ᠢ ᠬᠥᠳᠡᠯᠭᠡᠮ᠎ᠡ ᠪᠦᠭᠡᠳ ᠥᠪᠡᠷᠮᠢᠴᠡ ᠣᠨᠴᠠᠯᠢᠭ ᠲᠠᠢ  ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠲᠤᠤᠷ᠎ᠠ᠂ ᠮᠣᠩᠭᠤᠯ ᠦᠨᠳᠦᠰᠦᠲᠡᠨ ᠤ  ᠵᠠᠯᠠᠭᠤᠴᠤᠳ ᠦᠩᠭᠡ ᠭᠡᠷᠡᠯᠲᠡᠢ ᠮᠣᠷᠢᠲᠤ ᠴᠡᠷᠢᠭ ᠤᠨ ᠪᠠᠶᠢᠯᠳᠤᠭᠴᠢᠳ  ᠪᠤᠯᠵᠤ ᠦᠰᠦᠨ ᠪᠤᠶᠢᠵᠢᠭᠰᠠᠨ ᠥᠩᠭᠡᠷᠡᠯᠲᠡ ᠶᠢ ᠲᠤᠰᠬᠠᠵᠤ᠂ ᠰᠠᠶᠢᠨ‌‍ᠰᠠᠶᠢᠬᠠᠨ ᠢᠨᠠᠬ ᠬᠠᠶᠢᠷ᠎ᠠ ᠪᠣᠯᠤᠨ ᠡᠬᠡ ᠣᠷᠣᠨᠴᠢ ᠬᠠᠶᠢᠷ᠎ᠠ ᠰᠡᠳᠬᠢᠯᠭᠡ ᠶᠢ ᠵᠢᠷᠤᠭᠯᠠᠵᠤ᠂ ᠮᠣᠩᠭᠤᠯ  ᠮᠣᠷᠢᠨ ᠤ ᠦᠨᠡᠨᠴᠢ ᠰᠢᠳᠤᠷᠭᠤ᠂ ᠡᠷᠡᠯᠬᠡᠭ  ᠪᠠᠭᠠᠲᠤᠷᠯᠢᠭ᠂ ᠡᠷᠡᠰ  ᠬᠠᠲᠠᠭᠤ ᠮᠥᠷᠲᠡᠭᠡᠨ ᠤᠶᠠᠨ ᠵᠥᠭᠡᠯᠡᠨ ᠪᠠᠶᠢᠳᠠᠭ ᠢ ᠲᠠᠶᠢᠰᠠᠨ ᠳᠡᠭᠡᠷ᠎ᠡ ᠢᠯᠡᠷᠡᠭᠦᠯᠵᠦ᠂ ︽ᠲᠠᠰᠪᠤᠷᠢ ᠬᠠᠳᠠᠭᠤᠵᠢᠯᠳᠠᠢ ᠲᠡᠮᠡᠴᠡᠭᠦ᠂ ᠪᠤᠴᠠᠯᠲᠠ ᠦᠭᠡᠢ ᠤᠷᠤᠭᠰᠢᠯᠠᠬᠤ᠂ ᠵᠣᠷᠢᠬᠰᠠᠨ ᠳᠠᠭᠠᠨ ᠬᠦᠷᠭᠦ ᠦᠭᠡᠢ ᠪᠤᠯ ᠶᠠᠭᠠᠬᠢᠬᠰᠠᠨ ᠴᠤ ᠵᠤᠷᠢᠬ ᠮᠤᠬᠤᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠲᠦᠷᠰᠦᠯᠢᠭ ᠢᠶᠠᠷ ᠬᠠᠷᠠᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠡᠷᠡᠯᠬᠡᠭ ᠪᠠᠭᠠᠲᠤᠷᠯᠢᠭ ᠢᠶᠠᠷ ᠬᠤᠪᠢ ᠨᠡᠮᠡᠷᠢ ᠦᠵᠡᠭᠦᠯᠬᠦ ᠮᠣᠷᠢᠲᠤ ᠴᠡᠷᠢᠭ ᠤᠨ ᠵᠣᠷᠢᠭ  ᠰᠠᠨᠠᠭ᠎ᠠ ᠶᠢ ᠨᠠᠩ ᠰᠠᠶᠢᠲᠤᠷ  ᠪᠠᠳᠠᠷᠠᠭᠤᠯᠬᠤ ᠶᠢ ᠵᠤᠷᠢᠬᠵᠢᠭᠤᠯᠵᠠᠢ᠃ ᠥᠪᠡᠷᠲᠡᠭᠡᠨ ᠵᠠᠰᠠᠬᠤ ᠣᠷᠣᠨ ︽ᠮᠣᠷᠢᠲᠤ ᠴᠡᠷᠢᠭ︾ ᠤᠨ ᠨᠠᠩ ᠶᠡᠭᠡ ᠲᠠᠪᠴᠠᠩ ᠵᠦᠭ ᠤᠷᠤᠭᠰᠢᠯᠠᠵᠤ᠂ ᠪᠦᠬᠦ ᠤᠯᠤᠰ ᠤᠨ ᠲᠠᠶᠢᠰᠠᠨ ᠳᠡᠭᠡᠷ᠎ᠡ ︽ᠮᠣᠷᠢᠲᠤ ᠴᠡᠷᠢᠭ︾ ᠢ ᠪᠠᠶᠢᠡᠭᠭᠤ ᠬᠦᠭᠵᠢᠶᠡᠡᠲᠡᠢ ᠲᠤᠬᠯᠠᠬᠤ ᠳᠤ  ᠦᠷᠭᠦᠯᠵᠢᠯᠡᠨ ᠤᠯᠠᠨ‌‍ᠲ᠋ᠠᠯ᠎ᠠ ᠠᠴᠠ ᠲᠡᠮᠵᠢᠯᠭᠡ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ ᠪᠠᠢ ᠢᠦᠢ ᠭᠠᠩ᠄ ᠢᠷᠡᠬᠦ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ  ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂  ᠪᠦᠬᠦ  ᠣᠷᠣᠨ ᠤ  ᠤᠳᠬ᠎ᠠ ᠤᠷᠠᠯᠢᠭ ᠤᠨ ᠹᠷᠣᠨᠲ ᠤᠨ ᠬᠢᠨ ᠴᠢᠬᠤᠯᠠ ᠶᠡᠭᠡ ᠭᠤᠣᠯ ᠰᠡᠳᠦᠪ ᠤᠨ ᠲᠣᠭᠤᠷᠢᠨ ᠳᠤ ᠨᠡᠩ  ᠤᠯᠠᠨ ᠰᠣᠳᠣᠨ  ᠪᠦᠲᠦᠭᠡᠯ ᠢ ᠦᠷᠭᠦᠯᠵᠢᠯᠡᠨ ᠵᠣᠬᠢᠶᠠᠨ ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃ ᠵᠧᠩ ᠬᠤᠩ ᠹᠠᠨ᠄ ᠪᠥᠵᠢᠭᠲᠦ ᠵᠦᠴᠦᠭᠡ ︽ᠮᠣᠷᠢᠲᠤ ᠴᠡᠷᠢᠭ︾ ᠪᠣᠯ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ ᠪᠠ ᠰᠣᠨᠢᠷᠬᠠᠯᠳᠤ ᠴᠢᠨᠠᠷ ᠢ ᠪᠦᠷᠢᠳᠦᠭᠦᠯᠦᠭᠰᠡᠨ ᠤᠷᠠᠯᠢᠭ ᠤᠨ ᠰᠣᠳᠣᠨ ᠪᠦᠲᠦᠭᠡᠯ ᠪᠤᠯᠬᠤ ᠶᠤᠮ᠃ ᠲᠡᠭᠦᠨ ᠤ ᠬᠢᠵᠠᠭᠠᠷᠳᠠᠢ ᠴᠠᠬ ᠪᠠ ᠤᠷᠤᠨ ᠵᠠᠢ ᠳᠤ ᠲᠡᠯᠭᠡᠨ ᠦᠵᠡᠭᠦᠯᠦᠭᠰᠡᠨ ᠠᠭᠤᠯᠭ᠎ᠠ ᠨᠢ ᠮᠠᠰᠢ ᠪᠦᠷᠢᠨ᠂ ᠳᠡᠰ ᠳᠠᠪᠬᠤᠷᠭ᠎ᠠ ᠨᠢ ᠪᠠᠶᠠᠯᠢᠭ᠂ ᠠᠳᠠᠯᠢ ᠪᠤᠰᠤ ᠨᠠᠰᠤ ᠵᠢᠯ ᠪᠠ ᠠᠳᠠᠯᠢ ᠪᠤᠰᠤ ᠠᠵᠢᠯ ᠮᠡᠷᠭᠡᠵᠢᠯ ᠤᠨ ᠦᠵᠡᠭᠴᠢᠳ ᠪᠦᠷ ᠵᠦᠴᠦᠭᠡ ᠠᠴᠠ ᠬᠠᠮᠳᠤ ᠶᠢᠨ ᠴᠤᠤᠷᠢᠶᠠᠳᠤᠯ ᠢ ᠤᠯᠵᠤ ᠴᠢᠳᠠᠨ᠎ᠠ᠃ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠠᠷᠠᠳ ᠲᠦᠮᠡᠨ ᠳᠤ ᠦᠢᠯᠡᠴᠢᠯᠡᠬᠦ ᠵᠣᠬᠢᠶᠠᠨ  ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠡᠨᠡᠭᠦ ᠪᠦᠲᠦᠭᠡᠯ ᠢ ᠰᠤᠳᠤᠨ  ᠪᠦᠲᠦᠭᠡᠯ ᠪᠣᠯᠭᠠᠵᠤ ᠥᠨᠢ ᠤᠳᠠᠭᠠᠨ ᠤ ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号