ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠪᠤᠯᠤᠨ | ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ《ᠮᠤᠩᠭᠤᠯ ᠤᠨ ᠨᠢᠭᠤᠴᠠ ᠲᠤᠪᠴᠢᠶᠠᠨ》 ᠤ ᠰᠤᠳᠤᠯᠤᠯ ᠤᠨ | ᠲᠥᠪ ᠠᠴᠠ ᠰᠠᠨᠠᠭᠠᠴᠢᠯᠠᠨ ᠡᠷᠬᠢᠯᠡᠭᠰᠡᠨ《ᠤᠯᠤᠰ ᠤᠨ ᠲᠤᠳᠤᠭᠠᠳᠤ ᠭᠠᠳᠠᠭᠠᠳᠤ ᠶᠢᠨ〈ᠮᠤᠩᠭᠤᠯ ᠤᠨ ᠨᠢᠭᠤᠴᠠ | ᠲᠤᠪᠴᠢᠶᠠᠨ〉 ᠤ ᠬᠡᠪᠯᠡᠯ ᠤᠨ ᠴᠤᠭᠯᠠᠭᠤᠯᠭ᠎ᠠ ᠪᠠ ᠤᠭ ᠡᠬᠡ ᠶᠢᠨ ᠬᠠᠮ ᠰᠤᠳᠤᠯᠭ᠎ᠠ 》ᠬᠡᠬᠦ ᠤᠯᠤᠰ ᠤᠨ ᠲᠤᠮᠤ | ᠲᠦᠰᠦᠯ ᠢ ᠠᠬᠢᠭᠤᠯᠬᠤ ᠵᠢᠴᠢ《ᠮᠤᠩᠭᠤᠯ ᠤᠨ ᠨᠢᠭᠤᠴᠠ ᠲᠤᠪᠴᠢᠶᠠᠨ 》 ᠵᠤᠬᠢᠶᠠᠭᠳᠠᠭᠰᠠᠨ 780 ᠵᠢᠯ ᠤᠨ | ᠤᠢ ᠶᠢ ᠳᠤᠷᠠᠰᠬᠠᠨ ᠲᠡᠮᠳᠡᠭᠯᠡᠬᠦ ᠪᠦᠬᠦ ᠤᠯᠤᠰ ᠤᠨ ᠡᠷᠳᠡᠮ ᠰᠢᠨᠵᠢᠯᠡᠭᠡᠨ ᠤ ᠬᠤᠷᠠᠯ 12 ᠰᠠᠷ᠎ᠠ ᠶᠢᠨ 19 ᠤ | ᠡᠳᠦᠷ ᠬᠦᠬᠡᠬᠤᠲᠠ ᠳᠤ ᠨᠡᠭᠡᠭᠡᠯᠲᠡ ᠪᠠᠨ ᠬᠢᠵᠤ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠯ᠎ᠠ᠃ ᠬᠤᠷᠠᠯ ᠳᠤ | ᠤᠯᠤᠰ ᠤᠨ ᠳᠤᠲᠤᠭᠠᠳᠤ ᠶᠢᠨ 40 ᠭᠠᠷᠤᠢ ᠡᠷᠳᠡᠮᠲᠡᠨ ᠰᠤᠳᠤᠯᠤᠭᠠᠴᠢ ᠮᠤᠷᠢᠯᠠᠨ ᠰᠠᠭᠠᠲᠠᠵᠤ᠂ | 《〈ᠮᠤᠩᠭᠤᠯ ᠤᠨ ᠨᠢᠭᠤᠴᠠ ᠳᠤᠪᠴᠢᠶᠠᠨ〉 ᠠᠴᠠ ᠡᠷᠳᠡᠨ ᠤ ᠮᠤᠩᠭᠤᠯᠴᠤᠳ ᠤᠨ ᠰᠡᠳᠬᠢᠯᠬᠡᠨ ᠤ ᠤᠨᠴᠠᠯᠢᠭ ᠢ | ᠰᠢᠨᠵᠢᠯᠡᠬᠦ ᠨᠢ》᠂《ᠠᠯᠳᠠᠨ ᠤᠯᠤᠰ ᠤᠨ〈ᠮᠤᠩᠭᠤᠯ ᠤᠨ ᠨᠢᠭᠤᠴᠠ ᠳᠤᠪᠴᠢᠶᠠᠨ〉 ᠤ ᠳᠤᠬᠠᠢ》᠂ | 《〈ᠮᠤᠩᠭᠤᠯ ᠤᠨ ᠨᠢᠭᠤᠴᠠ ᠳᠤᠪᠴᠢᠶᠠᠨ〉 ᠠᠴᠠ ᠴᠢᠩᠬᠢᠰ ᠬᠠᠭᠠᠨ ᠤ ᠳᠠᠶᠢᠯᠭ᠎ᠠ ᠳᠤ ᠬᠢ〈ᠳᠤᠤᠯ〉 | ᠶᠠᠮᠤᠳᠠᠳ ᠤᠨ ᠤᠴᠢᠷ ᠤᠳᠬ᠎ᠠ ᠶᠢ ᠤᠯᠠᠮᠯᠠᠨ ᠮᠦᠷᠳᠡᠬᠦ ᠨᠢ》 ᠵᠡᠷᠬᠡ ᠲᠠᠪᠢ ᠭᠠᠷᠤᠢ ᠦᠭᠦᠯᠡᠯ ᠳᠡᠪᠰᠢᠭᠦᠯᠦᠨ | ᠭᠤᠤᠯ ᠰᠡᠳᠦᠪᠲᠦ ᠢᠯᠡᠳᠬᠡᠯ ᠬᠢᠵᠤ᠂ ᠡᠷᠳᠡᠮ ᠰᠢᠨᠵᠢᠯᠡᠭᠡᠨ ᠤ ᠰᠠᠨᠠᠯ ᠢᠶᠠᠨ ᠰᠤᠯᠢᠯᠴᠠᠪᠠ᠃ ᠥᠪᠦᠷ ᠮᠤᠩᠭᠤᠯ ᠤᠨ | ᠶᠡᠭᠡ ᠰᠤᠷᠭᠠᠭᠤᠯᠢ ᠶᠢᠨ ᠳᠡᠳ᠋ ᠵᠠᠬᠢᠷᠤᠯ ᠡᠷᠬᠢᠮᠪᠠᠶᠠᠷ ᠠᠴᠠ ᠬᠤᠷᠠᠯ ᠤᠨ ᠨᠡᠭᠡᠭᠡᠯᠲᠡ ᠶᠢᠨ ᠶᠤᠰᠤᠯᠠᠯ ᠢᠶᠠᠷ ᠬᠡᠯᠡᠬᠦ | ᠳᠡᠭᠡᠨ᠂ ᠰᠢ ᠶᠢᠨ ᠫᠢᠩ ᠶᠡᠷᠦᠩᠬᠡᠢ ᠱᠦᠵᠢ ᠥᠪᠦᠷ ᠮᠤᠩᠭᠤᠯ ᠤᠨ ᠶᠡᠭᠡ ᠰᠤᠷᠭᠠᠭᠤᠯᠢ ᠳᠤ ᠠᠵᠢᠯ | ᠪᠠᠢᠴᠠᠭᠠᠬᠤ ᠳᠤ ᠪᠠᠨ ᠡᠷᠲᠡᠨ ᠤ ᠮᠤᠩᠭᠤᠯ ᠨᠤᠮ ᠰᠤᠳᠤᠷ ᠢ ᠴᠤᠭᠯᠠᠭᠤᠯᠬᠤ᠂ ᠡᠮᠬᠢᠳᠬᠡᠬᠦ ᠠᠵᠢᠯ ᠢ ᠴᠢᠩᠭᠠᠳᠬᠠᠵᠤ | ᠂ ᠲᠡᠭᠦᠨ ᠤ ᠳᠤᠲᠤᠷ᠎ᠠ ᠠᠭᠤᠯᠤᠭᠳᠠᠬᠤ ᠪᠠᠶᠢᠭ᠎ᠠ ᠦᠨᠳᠦᠰᠦᠲᠡᠨ ᠤ ᠪᠥᠯᠬᠦᠮᠳᠡᠯ ᠤᠨ ᠳᠠᠪᠰᠢᠩᠭᠤᠢ ᠦᠵᠡᠯ | ᠰᠠᠨᠠᠭᠠᠨ ᠤ ᠠᠭᠤᠯᠬᠤᠨ ᠢ ᠠᠭᠤᠳᠠᠯᠠᠵᠤ ᠪᠠᠳᠠᠷᠠᠭᠤᠯᠤᠨ᠂ ᠡᠯ᠎ᠡ ᠦᠨᠳᠦᠰᠦᠲᠡᠨ ᠤ ᠠᠷᠠᠳ ᠲᠦᠮᠡᠨ ᠤ ᠬᠠᠮᠲᠤ ᠪᠠᠷ | ᠪᠦᠯᠬᠦᠮᠳᠡᠨ ᠴᠢᠷᠮᠠᠢᠵᠤ᠂ ᠬᠠᠮᠲᠤ ᠪᠠᠷ ᠴᠡᠴᠡᠭᠯᠡᠨ ᠬᠦᠭᠵᠢᠬᠦ ᠶᠢ ᠰᠤᠳᠤᠯᠤᠨ ᠰᠤᠷᠲᠠᠯᠴᠢᠯᠠᠬᠤ ᠴᠢᠬᠤᠯᠠᠲᠠᠢ ᠬᠡᠮᠡᠨ | ᠵᠢᠭᠠᠪᠤᠷᠢᠯᠠᠭᠰᠠᠨ ᠠᠴᠠ ᠥᠪᠦᠷ ᠮᠤᠩᠭᠤᠯ ᠤᠨ ᠶᠡᠭᠡ ᠰᠤᠷᠭᠠᠭᠤᠯᠢ ᠲᠦᠷᠦᠭᠦᠦ ᠲᠠᠢ ᠮᠤᠩᠭᠤᠯ ᠨᠤᠮ ᠰᠤᠳᠤᠷ ᠤᠨ | ᠴᠤᠭᠯᠠᠭᠤᠯᠭ᠎ᠠ ᠪᠤᠯᠤᠨ ᠬᠠᠮᠠᠭᠠᠯᠠᠯᠲᠠ ᠶᠢᠨ ᠲᠥᠰᠦᠯ ᠢ ᠴᠢᠬᠤᠯᠠᠴᠢᠯᠠᠨ ᠬᠡᠷᠡᠭᠵᠢᠭᠦᠯᠵᠤ ᠪᠤᠢ ᠭᠡᠵᠠᠢ᠃ ᠬᠤᠷᠠᠯ ᠢᠶᠠᠷ | ᠂ ᠳᠤᠮᠳᠠᠳᠤ ᠤᠯᠤᠰ ᠤᠨ ᠨᠡᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠮᠲᠡᠨ ᠰᠡᠴᠡᠨᠴᠤᠭᠲᠤ᠂ | ᠪᠡᠭᠡᠵᠢᠩ ᠶᠡᠭᠡ ᠰᠤᠷᠭᠠᠭᠤᠯᠢ ᠶᠢᠨ ᠫᠷᠤᠹᠧᠰᠰᠤᠷ ᠴᠧᠨ ᠭᠠᠩ ᠯᠥᠩ᠂ ᠤᠯᠤᠰ ᠤᠨ ᠨᠤᠮ ᠤᠨ ᠰᠠᠩ ᠤᠨ | ᠡᠷᠲᠡᠨ ᠤ ᠨᠤᠮ ᠰᠤᠳᠤᠷ ᠤᠨ ᠰᠠᠩ ᠤᠨ ᠰᠠᠩᠴᠢ ᠰᠠᠷᠠᠩᠭᠤᠸ᠎ᠠ᠂ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ | ᠫᠷᠤᠹᠧᠰᠰᠤᠷ ᠪᠦᠷᠢᠨᠪᠠᠲᠤ ᠵᠡᠷᠭᠡ ᠡᠷᠳᠡᠮᠲᠡᠨ ᠰᠤᠳᠤᠯᠭᠠᠳᠠᠨ ᠲᠥᠰᠦᠯ ᠤᠨ ᠲᠤᠭᠤᠷᠢᠨ ᠳᠤ ᠡᠷᠳᠡᠮ ᠰᠢᠨᠵᠢᠯᠡᠭᠡᠨ ᠤ | ᠶᠠᠷᠢᠯᠴᠠᠭᠠᠥᠷᠨᠢᠭᠦᠯᠪᠡ᠃ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ | ᠰᠤᠷᠭᠠᠭᠤᠯᠢ ᠶᠢᠨ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ᠂《ᠮᠤᠩᠭᠤᠯ ᠤᠨ ᠨᠢᠭᠤᠴᠠ | ᠲᠤᠪᠴᠢᠶᠠᠨ》 ᠤ ᠰᠤᠳᠤᠯᠤᠯ ᠤᠨ ᠲᠦᠪ ᠤᠨ ᠡᠷᠬᠢᠯᠡᠭᠴᠢ᠂ ᠲᠥᠰᠦᠯ ᠤᠨ ᠲᠡᠷᠢᠭᠦᠨ ᠰᠠᠭᠤᠳᠠᠯ ᠤᠨ ᠮᠡᠷᠭᠡᠵᠢᠯᠲᠡᠨ | ᠪᠥᠷᠢᠨᠪᠠᠲᠤ ᠳ᠋ᠤᠺᠲ᠋ᠤᠷ ᠠᠴᠠ᠂ 2015 ᠤᠨ ᠠᠴᠠ ᠳᠠᠭᠠᠭᠠᠴᠢᠯᠠᠨ ᠡᠷᠬᠢᠯᠡᠭᠰᠡᠨ 《ᠤᠯᠤᠰ ᠤᠨ ᠨᠡᠢᠭᠡᠮ ᠤᠨ | ᠰᠢᠨᠵᠢᠯᠡᠬᠦ ᠤᠬᠠᠭᠠᠨ ᠤ ᠲᠤᠮᠤ ᠲᠥᠰᠦᠯ ᠪᠤᠯᠬᠤ《ᠤᠯᠤᠰ ᠤᠨ ᠳᠤᠲᠤᠭᠠᠳᠤ ᠭᠠᠳᠠᠭᠠᠳᠤ ᠶᠢᠨ〈ᠮᠤᠩᠭᠤᠯ ᠤᠨ | ᠨᠢᠭᠤᠴᠠ ᠲᠤᠪᠴᠢᠶᠠᠨ〉 ᠤ ᠬᠡᠪᠯᠡᠯ ᠤᠨ ᠴᠤᠭᠯᠠᠭᠤᠯᠭ᠎ᠠ ᠪᠠ ᠤᠭ ᠡᠬᠡ ᠶᠢᠨ ᠬᠠᠮ ᠰᠤᠳᠤᠯᠭ᠎ᠠ》 ᠶᠢ | ᠪᠡᠶᠡᠯᠡᠭᠦᠯᠬᠦ ᠳᠤ ᠳᠦᠯᠬᠢᠴᠡ ᠦᠵᠡᠭᠦᠯᠦᠨ᠂ ᠦᠷ᠎ᠡ ᠪᠦᠲᠦᠭᠡᠯ ᠢ ᠨᠢ ᠨᠡᠩ ᠡᠯᠪᠡᠭ ᠪᠠᠶᠠᠯᠢᠭ ᠪᠤᠯᠭᠠᠵᠤ ᠡᠷᠳᠡᠮ | ᠰᠢᠨᠵᠢᠯᠡᠭᠡᠨ ᠤ ᠲᠦᠪᠰᠢᠨ ᠢ ᠤᠯᠠᠮ ᠳᠡᠭᠡᠭᠰᠢᠯᠡᠭᠦᠯᠦᠨ᠂《ᠮᠤᠩᠭᠤᠯ ᠤᠨ ᠨᠢᠭᠤᠴᠠ ᠲᠤᠪᠴᠢᠶᠠᠨ 》 ᠤ | ᠰᠤᠳᠤᠯᠭᠠᠨ ᠤ ᠲᠠᠯ᠎ᠠ ᠪᠠᠷ ᠠᠮᠵᠢᠯᠲᠠ ᠪᠥᠲᠦᠭᠡᠯ ᠲᠠᠢ ᠡᠷᠳᠡᠮᠲᠡᠳ ᠢ ᠤᠷᠢᠵᠤ ᠰᠠᠨᠠᠯ ᠰᠤᠯᠢᠯᠴᠠᠬᠤ ᠶᠢᠨ ᠲᠥᠯᠦᠭᠡ | ᠬᠤᠷᠠᠯ ᠢ ᠵᠤᠬᠢᠶᠠᠨ ᠪᠠᠢᠭᠤᠯᠤᠭᠰᠠᠨ᠃ ᠮᠥᠨ ᠴᠤ 780 ᠵᠢᠯ ᠤᠨ ᠤᠢ ᠶᠢ ᠲᠤᠬᠢᠶᠠᠯᠳᠤᠭᠤᠯᠤᠨ | ᠮᠤᠩᠭᠤᠯᠴᠤᠳ ᠤᠨ ᠦᠨᠡᠲᠦ ᠥᠪ᠂ ᠤᠯᠠᠨ ᠤᠯᠤᠰ ᠤᠨ ᠬᠤᠯᠪᠤᠭᠠᠲᠤ ᠪᠠᠢᠭᠤᠯᠭ᠎ᠠ ᠶᠢᠨ ᠰᠤᠷᠭᠠᠨ ᠬᠦᠮᠦᠵᠢᠯ | ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠳᠠ ᠶᠢᠨ ᠲᠡᠮᠳᠡᠭᠯᠡᠯ ᠳᠤ ᠪᠥᠷᠢᠳᠬᠡᠭᠦᠯᠦᠭᠰᠡᠨ ᠳᠡᠯᠡᠬᠡᠢ ᠶᠢᠨ | ᠪᠤᠳᠠᠰ ᠤᠨ ᠪᠤᠰᠤ ᠰᠤᠶᠤᠯ ᠤᠨ ᠥᠪ ᠪᠤᠯᠬᠤ ᠠᠭᠤᠤ ᠭᠠᠢᠬᠠᠮᠰᠢᠭᠲᠤ ᠪᠥᠲᠦᠭᠡᠯ ᠤᠨ ᠴᠢᠨᠠᠭᠰᠢᠲᠠ ᠶᠢᠨ | ᠰᠤᠳᠤᠯᠭᠠᠨ ᠤ ᠬᠦᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠬᠦᠯᠬᠦ ᠪᠤᠯᠤᠭᠠᠰᠠᠢ ᠭᠡᠵᠠᠢ᠃ ᠬᠤᠷᠠᠯ ᠢᠶᠠᠷ᠂ | ᠡᠷᠲᠡᠨ ᠤ ᠠᠭᠤᠤ ᠪᠥᠲᠦᠭᠡᠯ ᠢ ᠤᠳᠤᠬᠢᠴᠢᠯᠠᠭᠰᠠᠨ ᠮᠡᠷᠭᠡᠵᠢᠯ ᠲᠠᠢ ᠤᠶᠠᠯᠳᠤᠭᠤᠯᠤᠬᠰᠠᠨ《〈ᠮᠤᠩᠭᠤᠯ ᠤᠨ | ᠨᠢᠭᠤᠴᠠ ᠲᠤᠪᠴᠢᠶᠠᠨ〉 ᠤ ᠰᠤᠳᠤᠯᠭᠠᠨ ᠤ ᠳᠠᠪᠴᠠᠩ》 ᠢ ᠤᠯᠠᠨ ᠳᠤ ᠳᠠᠨᠢᠯᠴᠠᠭᠤᠯᠤᠭᠰᠠᠨ ᠪᠠᠶᠢᠨ᠎ᠠ᠃ | ᠡᠨᠡᠬᠦ ᠳᠠᠪᠴᠠᠩ ᠨᠢ 《ᠮᠤᠩᠭᠤᠯ ᠤᠨ ᠨᠢᠭᠤᠴᠠ ᠲᠤᠪᠴᠢᠶᠠᠨ》 ᠤ ᠰᠤᠳᠤᠯᠭᠠᠨ ᠤ ᠬᠤᠯᠪᠤᠭᠳᠠᠯ ᠪᠥᠬᠦᠢ | ᠬᠠᠮᠤᠭ ᠤᠨ ᠰᠢᠨ᠎ᠡ᠂ ᠬᠠᠮᠤᠭ ᠤᠨ ᠪᠦᠷᠢᠨ ᠰᠤᠨᠢᠨ ᠮᠡᠳᠡᠭᠡ᠂ ᠠᠭᠤᠯᠭ᠎ᠠ ᠵᠢᠴᠢ ᠡᠷᠳᠡᠮᠲᠡᠳ ᠤᠨ ᠦᠭᠦᠯᠡᠯ ᠢ | ᠨᠡᠢᠲᠡᠯᠡᠵᠤ᠂ ᠠᠳᠠᠯᠢ ᠪᠤᠰᠤ ᠬᠡᠪᠯᠡᠯ ᠤᠨ ᠵᠢᠷᠤᠭ ᠳᠦᠷᠰᠦ ᠪᠤᠯᠤᠨ ᠤᠭ ᠡᠬᠡ ᠶᠢ ᠠᠮᠢᠳᠤ ᠦᠰᠦᠭ ᠢᠶᠠᠷ | ᠳᠤᠭᠠᠴᠠᠯᠠᠵᠤ᠂ ᠬᠠᠷᠢᠴᠠᠭᠤᠯᠤᠨ ᠦᠵᠡᠬᠦ ᠴᠢᠳᠠᠮᠵᠢ ᠲᠠᠢ ᠪᠠᠶᠢᠲᠠᠭ ᠠᠴᠠ ᠡᠷᠳᠡᠮᠲᠡᠨ ᠰᠤᠳᠤᠯᠤᠭᠠᠴᠢᠳ ᠤᠨ | ᠦᠭᠦᠯᠡᠯ ᠮᠠᠲ᠋ᠧᠷᠢᠶᠠᠯ ᠡᠷᠢᠬᠦ᠂ ᠰᠤᠳᠤᠯᠭ᠎ᠠ ᠬᠢᠬᠦ ᠳᠤ ᠳᠥᠭᠦᠮ ᠦᠵᠡᠭᠦᠯᠬᠦ ᠪᠤᠯᠤᠨ᠎ᠠ᠃ ᠬᠤᠷᠠᠯ ᠢᠶᠠᠷ ᠪᠠᠰᠠ | 《ᠮᠤᠩᠭᠤᠯ ᠤᠨ ᠨᠢᠭᠤᠴᠠ ᠳᠤᠪᠴᠢᠶᠠᠨ》ᠰᠤᠷᠪᠤᠯᠵᠢ ᠪᠢᠴᠢᠭ ᠤᠨ ᠬᠦᠷᠢᠶᠡᠯᠡᠩ ᠤᠨ《ᠮᠤᠩᠭᠤᠯ ᠤᠨ | ᠨᠢᠭᠤᠴᠠ ᠳᠤᠪᠴᠢᠶᠠᠨ》ᠴᠤᠭᠯᠠᠭᠤᠯᠭ᠎ᠠ ᠶᠢ ᠳᠡᠯᠬᠡᠨ ᠦᠵᠡᠬᠦᠯᠪᠡ᠃ ( ᠰᠤᠪᠤᠳ᠂ ᠴᠧᠨ ᠫᠢᠩ ᠠᠨ ) | | |