ᠣᠶᠢᠷ᠎ᠠ ᠳᠤ᠂ ᠰᠣᠶᠣᠯ ᠬᠢᠬᠡᠳ ᠵᠢᠭᠤᠯᠴᠢᠯᠠᠯ ᠤᠨ ᠶᠠᠮᠤᠨ ᠲᠠᠪᠤᠳᠤᠭᠠᠷ ᠪᠦᠯᠦᠭ ᠤᠨ ᠤᠯᠤᠰ ᠤᠨ | ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ ᠨᠡᠷᠡᠰ ᠤᠨ | ᠵᠢᠭᠰᠠᠭᠠᠯᠲᠠ ᠶᠢ ᠵᠢᠩᠬᠢᠨᠢ ᠪᠠᠷ ᠵᠠᠷᠯᠠᠨ ᠨᠡᠶᠢᠲᠡᠯᠡᠵᠦ᠂ ᠠᠷᠠᠳ ᠤᠨ ᠠᠮᠠᠨ ᠵᠣᠬᠢᠶᠠᠯ᠂ ᠤᠯᠠᠮᠵᠢᠯᠠᠯᠲᠤ ᠳᠠᠭᠤᠤ | ᠬᠥᠭᠵᠢᠮ᠂ ᠤᠯᠠᠮᠵᠢᠯᠠᠯᠲᠤ ᠪᠥᠵᠢᠭ ᠵᠡᠷᠭᠡ 10 ᠶᠡᠭᠡ ᠲᠥᠷᠥᠯ ᠳᠤ ᠨᠡᠶᠢᠲᠡ 337 ᠵᠦᠢᠯ ᠰᠣᠩᠭᠤᠭᠳᠠᠵᠠᠶ᠃ | ᠡᠭᠦᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠠᠮᠠᠨ ᠵᠣᠬᠢᠶᠠᠯ ︽ᠡᠸᠡᠩᠬᠢ ᠦᠨᠳᠦᠰᠦᠲᠡᠨ ᠤ | ᠠᠷᠠᠳ ᠤᠨ ᠠᠮᠠᠨ ᠥᠯᠢᠬᠡᠷ︾ ᠰᠣᠩᠭᠤᠭᠳᠠᠪᠠ᠃ | ᠤᠢᠢᠯᠠᠭᠠᠭᠰᠠᠨ ᠢᠶᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠬᠠᠤᠯᠢ︾ ᠶᠢ ᠦᠨᠳᠦᠰᠦᠯᠡᠨ᠂ 2019 ᠣᠨ ᠳᠤ ᠰᠣᠶᠣᠯ ᠪᠠ ᠵᠢᠭᠤᠯᠴᠢᠯᠠᠯ ᠤᠨ ᠶᠠᠮᠤᠨ | ᠲᠠᠪᠤᠳᠤᠭᠠᠷ ᠪᠦᠯᠦᠭ ᠤᠨ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠲᠦᠷᠦᠯ ᠵᠦᠢᠯ ᠢ ᠲᠠᠨᠢᠯᠴᠠᠭᠤᠯᠤᠨ ᠮᠡᠳᠡᠭᠦᠯᠬᠦ ᠠᠵᠢᠯ ᠢ ᠥᠷᠨᠢᠭᠦᠯᠪᠡ᠃ 2020 ᠣᠨ ᠳᠤ᠂ ᠰᠣᠶᠣᠯ ᠬᠢᠬᠡᠳ | ᠵᠢᠭᠤᠯᠴᠢᠯᠠᠯ ᠤᠨ ᠶᠠᠮᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠥᠬᠦ ᠤᠯᠤᠰ ᠤᠨ 31 ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ᠂ | ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠰᠠᠯᠠᠭ᠎ᠠ | ᠮᠥᠴᠢᠷ ᠤᠨ ᠲᠠᠨᠢᠯᠴᠠᠭᠤᠯᠤᠨ ᠮᠡᠳᠡᠭᠦᠯᠦᠭᠰᠡᠨ 943 ᠲᠥᠷᠥᠯ ᠵᠦᠢᠯ ᠢ ᠬᠢᠨᠠᠨ ᠲᠣᠭᠲᠠᠭᠠᠪᠠ᠃ |