——2021 ᠣᠨ ᠤ 3 ᠰᠠᠷ᠎ᠠ ᠶᠢᠨ 9 ᠤ ᠡᠳᠦᠷ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ | ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ | ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ | ᠯᠢ ᠱᠣᠣ ᠴᠢᠶᠠᠩ | ᠲᠥᠯᠥᠭᠡᠯᠡᠭᠴᠢᠳ ᠡ᠄ | ᠣᠳᠣ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ | ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ 2020 | ᠣᠨ ᠤ ᠠᠵᠢᠯ ᠤᠨ ᠡᠷᠭᠢᠴᠡᠭᠦᠯᠦᠯ | 2016 ᠣᠨ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ | ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ | ᠳᠣᠤᠷ᠎ᠠ᠂ ᠮᠠᠨᠤᠰ ᠪᠦᠯᠬᠦᠮᠳᠡᠨ ᠨᠢᠭᠳᠠᠷᠠᠨ ᠪᠦᠬᠦ ᠲᠤᠭᠤᠷᠢᠭ ᠤᠨ ᠡᠯ᠎ᠡ ᠦᠨᠳᠦᠰᠦᠳᠡᠨ ᠤ ᠠᠷᠠᠳ ᠲᠦᠮᠡᠨ ᠢ | ᠲᠦᠰᠢᠭᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠪᠥᠬᠦ ᠬᠤᠲᠠ ᠶᠢᠨ ᠵᠠᠰᠠᠭ | ᠵᠠᠬᠢᠷᠭᠠᠨ ᠤ ᠲᠥᠪ ᠤᠨ ᠵᠡᠭᠦᠨᠰᠢ ᠰᠢᠯᠵᠢᠵᠦ ᠳᠠᠶᠢᠴᠢᠯᠠᠬᠤ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠨᠠᠷᠢᠨ | ᠪᠤᠳᠤᠯᠢᠶᠠᠨᠲᠠᠶ ᠬᠦᠨᠳᠦ ᠬᠡᠴᠡᠭᠦᠦ ᠳᠣᠲᠣᠭᠠᠳᠤ ᠭᠠᠳᠠᠭᠠᠳᠤ ᠣᠷᠴᠢᠨ ᠢ ᠢᠳᠡᠪᠬᠢᠲᠡᠶ ᠠᠷᠭᠠᠴᠠᠭᠠᠵᠤ᠂ ᠡᠷᠡᠮᠡᠬᠡᠶᠢᠯᠡᠨ | ᠤᠷᠤᠭᠰᠢᠯᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ ᠠᠯᠬᠤᠮ | ᠢ ᠠᠯᠬᠤᠵᠤ᠂《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ ᠳᠤ ᠲᠣᠭᠲᠠᠭᠠᠭᠰᠠᠨ ᠭᠤᠤᠯ ᠡᠭᠦᠷᠭᠡ | ᠶᠢ ᠦᠨᠳᠦᠰᠦᠨ ᠳᠡᠭᠡᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠠᠵᠢᠯ ᠰᠢᠶᠳᠪᠦᠷᠢᠲᠦ | ᠴᠢᠨᠠᠷᠲᠠᠶ ᠠᠮᠵᠢᠯᠲᠠ ᠤᠯᠪᠠ᠃ | —— ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃ | ᠪᠢᠳᠡ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ | ᠵᠥᠪ ᠬᠥᠭᠵᠢᠯᠲᠡ ᠶᠢᠨ ᠦᠵᠡᠯᠲᠡ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠴᠢᠨᠠᠷᠲᠠᠶ ᠪᠠᠯᠠ | ᠣᠷᠣᠭᠤᠯᠤᠯᠲᠠ ᠶᠢᠨ ᠲᠥᠷᠥᠯ ᠵᠦᠶᠯ ᠢ ᠶᠡᠭᠡ ᠪᠠᠷ ᠪᠠᠭᠠᠰᠬᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠵᠤ᠂ ᠦᠨᠡᠨ ᠠᠴᠠ ᠵᠥᠪ ᠢ ᠡᠷᠢᠵᠦ ᠠᠵᠤ ᠠᠬᠤᠶ ᠶᠢᠨ | ᠬᠠᠭᠤᠷᠮᠠᠭ ᠵᠦᠶᠯ ᠢ ᠰᠢᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠲᠠᠭᠠᠷᠢᠯᠲᠠ ᠶᠢ ᠢᠳᠡᠪᠬᠢᠲᠡᠶ ᠠᠷᠭᠠᠴᠠᠭᠠᠵᠤ᠂ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠲᠣᠭᠲᠠᠭᠤᠨ | ᠢᠶᠠᠷ ᠨᠡᠮᠡᠭᠳᠡᠪᠡ᠃ ᠪᠥᠬᠦ ᠲᠣᠭᠤᠷᠢᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ ᠨᠡᠶᠢᠲᠡ | 1120.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠪᠤᠳᠤᠪᠠᠯ ᠵᠢᠯ ᠪᠦᠷᠢ | ᠳᠤᠮᠳᠠᠴᠢ ᠪᠠᠷ 5.9 % ᠨᠡᠮᠡᠭᠳᠡᠵᠦ᠂ ᠬᠥᠮᠦᠨ ᠪᠦᠷᠢ ᠶᠢᠨ ᠳᠤᠮᠳᠠᠴᠢ ᠭᠠᠵᠠᠷ ᠣᠷᠣᠨ ᠤ ᠦᠶᠯᠡᠳᠪᠦᠷᠢᠯᠡᠯ ᠤᠨ | ᠶᠡᠷᠦᠩᠬᠡᠶ ᠥᠷᠲᠡᠭ 1.7 ᠲᠦᠮᠡᠨ ᠳ᠋ᠣᠯᠯᠠᠷ ᠲᠤ ᠬᠥᠷᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠨᠡᠶᠢᠲᠡ 77.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠣᠷᠣᠯᠭ᠎ᠠ ᠶᠢᠨ ᠪᠦᠲᠦᠴᠡ ᠨᠠᠩ ᠵᠦᠶ | ᠵᠣᠬᠢᠰᠲᠠᠶ ᠪᠣᠯᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ ᠨᠡᠶᠢᠲᠡ | 279.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠨᠡ ᠨᠢ《ᠠᠷᠪᠠᠨ ᠬᠤᠶᠠᠳᠤᠭᠠᠷ ᠲᠠᠪᠤᠨ ᠵᠢᠯ》 ᠤᠨ | ᠲᠥᠯᠥᠪᠵᠢᠭᠦᠯᠭᠡ ᠶᠢᠨ ᠬᠤᠭᠤᠴᠠᠭᠠᠨ ᠤ 1.5 ᠳᠠᠬᠢᠨ ᠪᠣᠯᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠨᠢ ᠲᠤᠰ ᠲᠤᠰ 52997 ᠲᠥᠭᠦᠷᠢᠭ᠂ 25047 | ᠲᠥᠭᠦᠷᠢᠭ ᠲᠤ ᠬᠦᠷᠴᠦ᠂ ᠡᠨᠡ ᠨᠢ《ᠠᠷᠪᠠᠨ ᠬᠤᠶᠠᠳᠤᠭᠠᠷ ᠲᠠᠪᠤᠨ ᠵᠢᠯ》 ᠶᠢᠨ ᠲᠥᠯᠥᠪᠵᠢᠭᠦᠯᠭᠡ ᠶᠢᠨ ᠡᠴᠦᠰ | ᠤᠨ ᠬᠤᠭᠤᠴᠠᠭᠠᠨ ᠤ 1.3 ᠳᠠᠬᠢᠨ᠂ 1.5 ᠳᠠᠬᠢᠨ ᠪᠣᠯᠪᠠ᠃ ᠵᠦᠢᠯᠡᠰ ᠤᠨ ᠪᠦᠲᠦᠭᠡᠨ ᠪᠠᠶᠢᠭᠤᠯᠤᠯᠲᠠ ᠪᠠᠷ | ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ ᠨᠡᠶᠢᠲᠡ 1159 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠭᠤᠣᠯᠳᠠᠯᠭ᠎ᠠ ᠲᠠᠢ ᠵᠦᠢᠯᠡᠰ ᠢ 403 ᠬᠡᠷᠡᠭᠵᠢᠭᠦᠯᠵᠦ᠂ ᠲᠣᠭᠲᠠᠮᠠᠯ ᠬᠥᠷᠥᠩᠭᠡ | ᠶᠢᠨ ᠪᠡᠯᠡ ᠣᠷᠣᠭᠤᠯᠤᠯᠲᠠ ᠶᠢ 568 ᠳ᠋ᠦᠩᠰᠢᠭᠤᠷ ᠲᠥᠭᠦᠷᠢᠭ ᠳᠠᠶᠢᠴᠢᠯᠠᠨ ᠪᠡᠶᠡᠯᠡᠭᠦᠯᠵᠦ᠂ ᠨᠢᠭᠡ ᠪᠦᠯᠦᠭ | ᠭᠤᠷᠪᠠᠨ ᠠᠵᠤ ᠦᠢᠯᠡᠰ᠂ ᠰᠠᠭᠤᠷᠢ ᠲᠦᠬᠦᠭᠡᠷᠦᠮᠵᠢ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ | ᠨᠡᠶᠢᠭᠡᠮ ᠠᠷᠠᠳ ᠤᠨ ᠠᠮᠢᠳᠤᠷᠠᠯ ᠵᠡᠷᠭᠡ ᠴᠢᠬᠤᠯᠠ ᠶᠡᠭᠡ ᠵᠦᠢᠯᠡᠰ ᠢ ᠪᠠᠶᠢᠭᠤᠯᠪᠠ᠃ | —— ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠨᠠᠩ ᠵᠦᠶ ᠵᠣᠬᠢᠰᠲᠠᠶ ᠪᠣᠯᠪᠠ᠃ ᠭᠤᠷᠪᠠᠨ | ᠠᠵᠤ ᠦᠶᠯᠡᠰ ᠤᠨ ᠪᠦᠲᠦᠴᠡ ᠶᠢ 2015 ᠣᠨ ᠤ 7.2᠄ 41.9᠄ 50.9 ᠪᠠᠶᠢᠭᠰᠠᠨ ᠠᠴᠠ ᠪᠠᠨ 2020 | ᠣᠨ ᠤ 5.3᠄ 41.3᠄ 53.4 ᠪᠣᠯᠭᠠᠨ ᠰᠢᠯᠢᠳᠡᠭᠵᠢᠭᠦᠯᠪᠡ᠃ ᠰᠢᠨ᠎ᠡ ᠮᠠᠲ᠋ᠧᠷᠢᠶᠠᠯ ᠤᠨ ᠠᠵᠤ ᠦᠢᠯᠡᠰ | ᠬᠥᠭᠵᠢᠨ ᠪᠤᠵᠠᠭᠠᠶᠢᠷᠠᠪᠠ᠃ ᠵᠢᠥ ᠶᠤᠸᠠᠨ ᠲᠤᠭᠤᠷᠢᠭ ᠤᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠨᠢ | ᠥᠪᠡᠷᠲᠡᠭᠡᠨ ᠵᠠᠰᠠᠬᠤ ᠣᠷᠣᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠣᠭᠤᠷᠢᠭ ᠤᠨ | ᠭᠤᠣᠯ ᠲᠣᠭᠤᠷᠢᠭ ᠢᠶᠠᠷ ᠵᠥᠪᠰᠢᠶᠡᠷᠡᠭᠳᠡᠵᠦ᠂ ᠲᠠᠪᠤᠨ ᠵᠢᠯ ᠳᠤ ᠨᠡᠶᠢᠲᠡ 10.3 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ 1 ᠲᠦᠮᠡᠨ ᠮᠦ ᠭᠠᠵᠠᠷ ᠰᠢᠷᠣᠢ ᠶᠢ ᠬᠤᠷᠢᠶᠠᠨ ᠨᠥᠭᠡᠴᠡᠯᠡᠵᠦ᠂ 27 ᠢᠵᠢ ᠪᠦᠷᠢᠳᠦᠭᠦᠯᠬᠦ | ᠰᠠᠭᠤᠷᠢ ᠢᠨᠵᠧᠨᠧᠷᠢᠩ ᠢ ᠬᠡᠷᠡᠭᠵᠢᠭᠦᠯᠵᠦ᠂ ᠪᠦᠲᠦᠭᠡᠨ ᠪᠠᠶᠢᠭᠤᠯᠤᠭᠰᠠᠨ ᠲᠣᠭᠤᠷᠢᠭ ᠨᠢ 25 ᠲᠡᠭᠰᠢ ᠳᠥᠷᠪᠡᠯᠵᠢᠨ | ᠺᠢᠯᠤᠮᠧᠲᠷ ᠬᠦᠷᠲᠡᠯ᠎ᠡ ᠥᠷᠭᠡᠳᠬᠡᠪᠡ︔ ᠶᠡᠷᠦᠩᠬᠡᠢ ᠪᠡᠯᠡ ᠣᠷᠣᠭᠤᠯᠤᠯᠲᠠ ᠨᠢ 252 ᠳ᠋ᠦᠩᠰᠢᠭᠤᠷ ᠲᠥᠭᠦᠷᠢᠭ ᠤᠨ | ᠠᠵᠤ ᠦᠶᠯᠡᠳᠪᠦᠷᠢ ᠶᠢᠨ ᠵᠦᠢᠯᠡᠰ ᠢ 51 ᠬᠡᠷᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ 31 ᠳᠤ ᠬᠦᠷᠴᠦ᠂ ᠳᠡᠯᠡᠬᠡᠢ ᠶᠢᠨ ᠠᠩᠬᠠᠳᠠᠭᠴᠢ ᠢᠵᠢ᠂ ᠤᠯᠤᠰ ᠤᠨ ᠳᠣᠲᠣᠭᠠᠳᠤ | ᠶᠢᠨ ᠠᠩᠬᠠᠨ ᠤ ᠡᠭᠦᠳᠦᠯᠲᠡ᠂ ᠠᠵᠢᠯ ᠲᠥᠷᠥᠯ ᠤᠨ ᠲᠡᠷᠢᠭᠦᠨ ᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ | ᠠᠵᠤ ᠠᠬᠤᠶᠢᠯᠠᠯ ᠢ 9 ᠲᠡᠳᠡᠨ ᠣᠷᠣᠭᠤᠯᠵᠤ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠥᠷᠲᠡᠭ᠂ ᠭᠠᠶᠢᠯᠢ | ᠶᠢᠨ ᠣᠷᠣᠯᠭ᠎ᠠ ᠨᠡᠶᠢᠲᠡ 747.4 ᠳ᠋ᠦᠩᠰᠢᠭᠤᠷ ᠲᠥᠭᠦᠷᠢᠭ᠂ 61.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠲᠣᠰᠪᠣᠷᠢ《ᠠᠷᠪᠠᠨ ᠬᠤᠶᠠᠳᠤᠭᠠᠷ ᠲᠠᠪᠤᠨ ᠵᠢᠯ》 ᠤᠨ ᠬᠤᠭᠤᠴᠠᠭᠠᠨ ᠤ 1.2 ᠳᠠᠬᠢᠨ᠂ 2.2 ᠳᠠᠬᠢᠨ ᠪᠠᠶᠢᠵᠤ᠂ | ᠪᠦᠬᠦ ᠲᠤᠭᠤᠷᠢᠭ ᠤᠨ ᠰᠢᠨ᠎ᠡ ᠬᠡᠯᠪᠡᠷᠢ ᠶᠢᠨ ᠠᠵᠤ ᠦᠶᠯᠡᠳᠪᠦᠷᠢ ᠶᠢᠨ ᠲᠥᠷᠦᠯ ᠵᠦᠢᠯ ᠤᠨ ᠴᠢᠬᠤᠯᠠ ᠠᠴᠢᠶᠠᠯᠠᠪᠤᠷᠢ | ᠶᠢᠨ ᠰᠠᠭᠤᠷᠢᠨ ᠭᠠᠵᠠᠷ ᠪᠣᠯᠵᠠᠢ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ᠃ ᠸᠠᠨ | ᠺᠧ᠂ ᠪᠤᠤ ᠯᠢ᠂ ᠵᠦᠩ ᠬᠠᠢ ᠵᠡᠷᠭᠡ ᠪᠦᠬᠦ ᠤᠯᠤᠰ ᠤᠨ ᠠᠷᠪᠠᠨ ᠬᠦᠴᠦᠷᠬᠡᠭ ᠭᠠᠵᠠᠷ ᠰᠢᠷᠣᠢ ᠶᠢᠨ ᠠᠵᠤ | ᠠᠬᠤᠶᠢᠯᠠᠯ ᠢ 7 ᠲᠡᠳᠡᠨ ᠣᠷᠣᠭᠤᠯᠵᠤ᠂ ᠸᠠᠨ ᠳ᠋ᠠ ᠠᠭᠤᠳᠠᠮ ᠲᠠᠯᠠᠪᠠᠢ᠂ ᠪᠥᠸᠧ ᠡᠯ ᠮᠠᠨ ᠪᠠᠭᠤᠳᠠᠯ᠂ ᠮᠧᠩ ᠱᠠᠩ | ᠪᠠᠩᠬᠢ ᠶᠢᠨ ᠶᠡᠷᠦᠩᠬᠡᠢ ᠬᠡᠯᠲᠡᠰ ᠵᠡᠷᠭᠡ 9 ᠳᠡᠭᠡᠳᠦ ᠲᠡᠰ ᠤᠨ ᠦᠢᠯᠡᠴᠢᠯᠡᠭᠡᠨ ᠤ ᠦᠢᠯᠡᠰ ᠤᠨ ᠲᠥᠷᠦᠯ ᠵᠦᠢᠯ ᠢ | ᠪᠠᠶᠢᠭᠤᠯᠤᠨ ᠡᠵᠡᠩᠨᠡᠵᠦ᠂ ᠣᠷᠣᠨ ᠪᠦᠰᠡ ᠶᠢᠨ ᠬᠤᠳᠠᠯᠳᠤᠭᠠᠨ ᠤ ᠶᠡᠷᠦᠩᠬᠡᠢ ᠴᠣᠭᠴᠠ᠂ ᠣᠳᠣᠨ ᠲᠡᠰ ᠤᠨ | ᠪᠠᠭᠤᠳᠠᠯ᠂ ᠮᠥᠩᠭᠦᠨ ᠭᠦᠢᠯᠭᠡᠭᠡᠨ ᠤ ᠶᠡᠷᠦᠩᠬᠡᠢ ᠬᠡᠯᠲᠡᠰ ᠵᠡᠷᠭᠡ ᠬᠦᠷᠢᠶ᠎ᠡ ᠴᠠᠷᠠᠭ᠎ᠠ ᠶᠢᠨ ᠬᠤᠭᠤᠰᠣᠨ ᠢ | ᠨᠥᠬᠦᠪᠥᠷᠢᠯᠡᠪᠡ᠃ ᠡᠳ᠋ ᠪᠠᠷᠠᠭ᠎ᠠ ᠶᠢᠨ ᠭᠦᠢᠯᠭᠡᠭᠡᠨ ᠤ ᠲᠣᠭᠤᠷᠢᠭ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ | ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠲᠥᠪ᠂ ᠪᠤᠭᠤᠲᠤ ᠶᠢᠨ ᠭᠠᠶᠢᠯᠢ ᠪᠠᠲᠤᠯᠠᠬᠤ ᠡᠳ᠋ ᠪᠠᠷᠠᠭ᠎ᠠ ᠶᠢᠨ | ᠭᠦᠢᠯᠭᠡᠭᠡᠨ ᠤ ᠲᠥᠪ ( B ᠬᠡᠯᠪᠡᠷᠢ ) ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠨᠡᠶᠢᠲᠡ 37 | ᠠᠷᠠᠯᠵᠢᠶᠠᠨ ᠤ ᠡᠳ᠋ ᠪᠠᠷᠠᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠢ ᠲᠡᠳᠡᠨ ᠣᠷᠣᠭᠤᠯᠵᠤ᠂ ᠲᠡᠮᠦᠷ ᠵᠠᠮ ᠤᠨ | ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ 1173 ᠲᠦᠮᠡᠨ ᠲᠣᠨ ᠳᠤ ᠬᠦᠷᠭᠡᠵᠦ᠂ ᠪᠦᠬᠦ ᠬᠤᠲᠠ ᠶᠢᠨ ᠦᠢᠯᠡᠳᠪᠦᠷᠢᠯᠡᠯ | ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠡᠳ᠋ ᠪᠠᠷᠠᠭ᠎ᠠ ᠶᠢᠨ ᠭᠦᠢᠯᠭᠡᠭᠡᠨ ᠤ ᠬᠦᠢᠰᠦ ᠶᠢᠨ ᠭᠤᠣᠯ ᠳᠠᠭᠠᠭᠠᠴᠠ | ᠶᠢᠨ ᠣᠷᠣᠨ ᠪᠣᠯᠪᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠵᠦ | ᠶᠠᠰᠤ ᠴᠢᠨᠠᠷ ᠢ ᠳᠡᠭᠡᠭᠰᠢᠯᠡᠭᠦᠯᠪᠡ᠃ ᠢᠳᠡᠭᠡᠨ ᠤ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠠᠶᠢᠭᠤᠯᠵᠤ᠂ | ᠨᠡᠶᠢᠲᠡ 4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂《 ᠳᠣᠯᠤᠭ᠎ᠠ ᠶᠢ ᠨᠡᠪᠲᠡᠷᠡᠭᠦᠯᠵᠦ ᠨᠢᠭᠡ ᠶᠢ | ᠲᠡᠭᠰᠢᠯᠡᠬᠦ 》ᠰᠠᠭᠤᠷᠢ ᠲᠦᠬᠦᠷ ᠢ ᠪᠡᠶᠡᠯᠡᠭᠦᠯᠵᠦ᠂ 2990 ᠮᠦ ᠭᠠᠵᠠᠷ ᠰᠢᠷᠣᠢ ᠶᠢ ᠬᠤᠷᠢᠶᠠᠨ ᠨᠥᠭᠡᠴᠡᠯᠡᠵᠦ᠂ | 12 ᠠᠵᠤ ᠠᠬᠤᠶᠢᠯᠠᠯ ᠣᠷᠣᠵᠤ ᠰᠠᠭᠤᠨ᠂ ᠪᠦᠬᠦ ᠬᠤᠲᠠ ᠶᠢᠨ ᠴᠢᠬᠤᠯᠠ ᠪᠣᠬᠢᠷᠲᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠪᠣᠯᠪᠠ᠃ ᠲᠠᠪᠤᠨ ᠵᠢᠯ | ᠳᠤ ᠨᠡᠶᠢᠲᠡ 2.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠤᠰᠤ | ᠠᠷᠪᠢᠯᠠᠬᠤ ᠤᠰᠤᠯᠠᠯᠲᠠ ᠶᠢᠨ ᠲᠠᠯᠠᠪᠠᠢ ᠶᠢ 4.5 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ 13 ᠲᠦᠮᠡᠨ ᠲᠡᠭᠰᠢ | ᠳᠥᠷᠪᠡᠯᠵᠢᠨ ᠮᠧᠲᠷ ᠤᠶᠤᠨᠲᠤ ᠬᠦᠯᠡᠮᠵᠢ᠂ 154 ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠢ ᠶᠢ ᠰᠢᠨ᠎ᠡ | ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠵᠤ᠂ 10 ᠠᠵᠤ ᠦᠢᠯᠡᠰᠵᠢᠭᠰᠡᠨ ᠬᠤᠯᠪᠣᠭᠠᠲᠤ ᠴᠣᠭᠴᠠ ᠶᠢ | ᠪᠠᠶᠢᠭᠤᠯᠤᠨ᠂ 43 ᠲᠣᠯᠣᠭᠠᠶᠢᠯᠠᠭᠴᠢ ᠠᠵᠤ ᠠᠬᠤᠶᠢᠯᠠᠯ ᠢ ᠪᠣᠶᠢᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ | ᠤᠨ ᠠᠰᠢᠭ ᠰᠢᠮ᠎ᠡ ᠶᠢ ᠲᠤᠬᠠᠢ ᠶᠢᠨ ᠭᠠᠵᠠᠷ ᠲᠤᠨᠢ ᠪᠣᠯᠪᠠᠰᠤᠷᠠᠭᠤᠯᠤᠨ ᠣᠨᠳᠣᠣᠰᠢᠭᠤᠯᠬᠤ ᠨᠣᠷᠮ᠎ᠠ ᠶᠢ 68 % | ᠠᠴᠠ 70 % ᠬᠦᠷᠲᠡᠯ᠎ᠡ ᠳᠡᠭᠡᠭᠰᠢᠯᠡᠭᠦᠯᠪᠡ᠃ | —— ᠬᠤᠲᠠ ᠬᠥᠳᠡᠭᠡ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠨᠠᠩ ᠭᠤᠶᠤ ᠪᠣᠯᠪᠠ᠃ ᠭᠤᠣᠯ | ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠡᠰ ᠳᠡᠪᠰᠢᠪᠡ᠃ ᠨᠡᠶᠢᠲᠡ 119 ᠳ᠋ᠦᠩᠰᠢᠭᠤᠷ ᠲᠥᠭᠦᠷᠢᠭ | ᠤᠨ ᠪᠡᠯᠡ ᠣᠷᠣᠭᠤᠯᠵᠤ᠂ 12.441 ᠲᠦᠮᠡᠨ ᠲᠡᠭᠰᠢ ᠳᠥᠷᠪᠡᠯᠵᠢᠨ ᠮᠧᠲᠷ ᠤᠨ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠬᠥᠭᠵᠢᠯᠲᠡ | ᠶᠢᠨ ᠣᠷᠣᠨ ᠵᠠᠶ ᠶᠢ ᠶᠡᠬᠡᠪᠡᠷ ᠥᠷᠭᠡᠳᠬᠡᠪᠡ᠃ ᠲᠠᠪᠤᠨ ᠵᠢᠯ ᠳᠤ 68.4 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ 124 ᠭᠤᠣᠯᠳᠠᠯᠭ᠎ᠠ ᠲᠠᠢ ᠲᠥᠷᠥᠯ ᠵᠦᠢᠯ ᠢ | ᠬᠡᠷᠡᠭᠵᠢᠭᠦᠯᠵᠦ᠂ 42 ᠵᠤᠷᠪᠤᠰ᠂ 121 ᠲᠦᠮᠡᠨ ᠲᠡᠭᠰᠢ ᠳᠥᠷᠪᠡᠯᠵᠢᠨ ᠮᠧᠲᠷ ᠤᠨ ᠬᠤᠲᠠ ᠶᠢᠨ ᠲᠣᠭᠤᠷᠢᠭ ᠤᠨ | ᠵᠠᠮ ᠢ ᠪᠠᠶᠢᠭᠤᠯᠵᠤ᠂ ᠡᠯ᠎ᠡ ᠲᠥᠷᠥᠯ ᠤᠨ ᠬᠤᠭᠤᠯᠠᠢ ᠶᠢᠨ ᠲᠣᠣᠷ ᠢ 119 ᠺᠢᠯᠤᠮᠧᠲᠷ᠂ ᠶᠡᠷᠦᠩᠬᠡᠶᠢᠯᠡᠭᠰᠡᠨ | ᠬᠤᠭᠤᠯᠠᠢ ᠶᠢᠨ ᠬᠤᠩᠭᠢᠯ ᠢ 24 ᠺᠢᠯᠤᠮᠧᠲᠷ ᠵᠠᠰᠠᠵᠤ᠂ ᠡᠯ ᠳ᠋ᠤᠤ ᠱᠠ ᠾᠧ ᠭᠤᠣᠯ᠂ ᠰᠧ ᠳ᠋ᠤᠤ ᠱᠠ ᠾᠧ | ᠭᠤᠣᠯ ᠤᠨ ᠤᠰᠤᠨ ᠤ ᠠᠮᠢ ᠠᠬᠤᠢ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠠᠷᠠᠳ ᠤᠨ | ᠴᠡᠴᠡᠷᠯᠢᠭ᠂ ᠪᠦᠰᠡᠯᠢᠭ ᠴᠡᠴᠡᠷᠯᠢᠭ᠂ ᠰᠠᠶᠢᠬᠠᠨᠲᠠᠯ᠎ᠠ ᠴᠡᠴᠡᠷᠯᠢᠭ ᠵᠡᠷᠭᠡ ᠨᠢᠭᠡ ᠪᠦᠯᠦᠭ ᠬᠤᠲᠠ ᠶᠢᠨ ᠴᠡᠴᠡᠷᠯᠢᠭ ᠢ | ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ | ᠲᠠᠯᠠᠪᠠᠢ 149 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠪᠡ᠃ ᠬᠠᠭᠤᠴᠢᠨ ᠬᠤᠲᠠ ᠶᠢᠨ | ᠲᠣᠭᠤᠷᠢᠭ ᠤᠨ ᠰᠢᠨᠡᠴᠢᠯᠡᠬᠦ ᠬᠤᠷᠳᠤᠴᠠ ᠶᠢ ᠳᠡᠭᠡᠭᠰᠢᠯᠡᠭᠦᠯᠪᠡ᠃ ᠨᠡᠶᠢᠲᠡ 3.1 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ ᠬᠠᠭᠤᠴᠢᠨ ᠰᠠᠭᠤᠭᠠᠯᠢ ᠲᠣᠭᠤᠷᠢᠭ ᠢ 33᠂ 122 ᠲᠦᠮᠡᠨ ᠲᠡᠭᠰᠢ ᠳᠥᠷᠪᠡᠯᠵᠢᠨ ᠮᠧᠲᠷ | ᠶᠡᠷᠦᠩᠬᠡᠶᠢᠯᠡᠨ ᠥᠭᠡᠷᠡᠴᠢᠯᠡᠯᠲᠡ ᠬᠢᠵᠦ᠂ 9 ᠵᠤᠷᠪᠤᠰ《 ᠮᠤᠬᠤᠷ ᠵᠠᠮ 》 ᠢ ᠨᠡᠪᠲᠡᠷᠡᠭᠦᠯᠵᠦ᠂ 19 ᠵᠤᠷᠪᠤᠰ | ᠦᠵᠡᠮᠵᠢ ᠶᠢᠨ ᠵᠢᠱᠢᠶ᠎ᠡ ᠦᠵᠡᠭᠦᠯᠬᠦ ᠵᠡᠭᠡᠯᠢ ᠶᠢ ᠡᠭᠦᠳᠦᠨ ᠪᠠᠶᠢᠭᠤᠯᠵᠤ᠂ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠪᠦᠲᠦᠭᠡᠨ ᠪᠠᠶᠢᠭᠤᠯᠤᠯᠲᠠ 2372 ᠲᠠᠯ᠎ᠠ᠂ 46.1 ᠲᠦᠮᠡᠨ ᠲᠡᠭᠰᠢ ᠳᠥᠷᠪᠡᠯᠵᠢᠨ ᠮᠧᠲᠷ ᠢ | ᠨᠤᠷᠠᠭᠠᠵᠤ᠂ ᠬᠤᠲᠠ ᠶᠢᠨ ᠳᠦᠷᠢ ᠲᠥᠷᠬᠦ ᠪᠠ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ | ᠶᠡᠬᠡᠪᠡᠷ ᠳᠡᠭᠡᠭᠰᠢᠯᠡᠭᠦᠯᠪᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠪᠡ᠃ ᠲᠠᠪᠤᠨ ᠵᠢᠯ ᠳᠤ 21 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠲᠣᠰᠬᠤᠨ ᠪᠠᠯᠭᠠᠰᠤ ᠶᠢᠨ ᠵᠠᠮ ᠢ 860 ᠺᠢᠯᠤᠮᠧᠲᠷ ᠵᠠᠰᠠᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ | ᠠᠶᠤᠯᠲᠠᠶ ᠬᠠᠭᠤᠴᠢᠨ ᠰᠢᠷᠣᠶ ᠶᠢᠨ ᠭᠡᠷ ᠪᠠᠶᠢᠰᠢᠩ ᠢ 6209 ᠥᠭᠡᠷᠡᠴᠢᠯᠡᠵᠦ᠂ 150 ᠺᠢᠯᠤᠮᠧᠲᠷ ᠤᠨ ᠰᠦᠪᠡ᠂ | 96 ᠠᠶᠢᠯ ᠲᠣᠰᠬᠤᠨ᠂ 4000 ᠭᠠᠷᠤᠶ ᠡᠷᠦᠬᠡ ᠶᠢᠨ ᠬᠦᠷᠢᠶ᠎ᠡ ᠬᠠᠰᠢᠶᠠᠨ ᠤ ᠨᠣᠭᠤᠭᠠᠷᠠᠭᠤᠯᠤᠯᠲᠠ ᠶᠢ | ᠥᠷᠨᠢᠭᠦᠯᠦᠨ᠂ 43 ᠠᠶᠢᠯ ᠲᠣᠰᠬᠤᠨ ᠤ ᠠᠶᠤᠯ ᠦᠭᠡᠶ ᠤᠤᠭᠤᠬᠤ ᠤᠰᠤᠨ ᠤ ᠶᠠᠰᠤ ᠴᠢᠨᠠᠷ ᠢ ᠳᠡᠭᠡᠭᠰᠢᠯᠡᠭᠦᠯᠬᠦ | ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠪᠡᠶᠡᠯᠡᠭᠦᠯᠵᠦ᠂ 51 ᠭᠠᠴᠠᠭ᠎ᠠ ᠲᠣᠰᠬᠤᠨ ᠤ ᠪᠣᠬᠢᠷ ᠤᠰᠤ ᠶᠢ | ᠵᠠᠰᠠᠬᠤ᠂ ᠵᠣᠷᠯᠣᠩ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠪᠣᠬᠢᠷ ᠤᠰᠤ ᠶᠢ ᠰᠢᠶᠳᠪᠦᠷᠢᠯᠡᠬᠦ ᠨᠣᠷᠮ᠎ᠠ | ᠪᠣᠯᠤᠨ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢ ᠲᠤᠰ ᠲᠤᠰ 60 %᠂ 85 % ᠲᠤ | ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ | —— ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠨᠠᠩ ᠬᠦᠴᠦᠲᠡᠶ ᠪᠣᠯᠪᠠ᠃ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠶᠢ ᠴᠢᠩᠭᠠᠳᠬᠠᠪᠠ᠃ ᠲᠥᠪ᠂ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ 52 ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ᠂ ᠣᠯᠠᠨ ᠲᠦᠮᠡᠨ ᠤ ᠲᠤᠰᠬᠠᠭᠰᠠᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ | 593 ᠰᠢᠶᠳᠪᠦᠷᠢᠯᠡᠪᠡ᠃ ᠬᠦᠬᠡ ᠣᠭᠲᠠᠷᠭᠤᠢ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ 28 | ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠂《 ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ | ᠲᠠᠢ 》 865 ᠠᠵᠤ ᠠᠬᠤᠶᠢᠯᠠᠯ ᠢ ᠴᠡᠪᠡᠷᠯᠡᠨ ᠴᠡᠭᠴᠡᠯᠡᠵᠦ᠂ ᠰᠢᠲᠠᠬᠤ ᠶᠢ ᠴᠠᠭᠠᠵᠠᠯᠠᠬᠤ ᠭᠠᠵᠠᠷ ᠤᠨ ᠨᠡᠭᠦᠷᠡᠰᠦ | ᠶᠢ ᠰᠤᠯᠠ ᠰᠢᠲᠠᠭᠠᠬᠤ ᠶᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ 199 ᠨᠡᠭᠦᠷᠡᠰᠦ | ᠰᠢᠲᠠᠭᠠᠬᠤ ᠵᠤᠤᠬ᠎ᠠ ᠶᠢ ᠬᠦᠴᠦᠨ ᠦᠭᠡᠢ ᠪᠣᠯᠭᠠᠪᠠ︔ ᠤᠰᠤᠨ ᠤ ᠪᠣᠬᠢᠷᠲᠤᠯ ᠢ ᠵᠠᠰᠠᠬᠤ 7 ᠭᠤᠣᠯᠳᠠᠯᠭ᠎ᠠ ᠲᠠᠢ | ᠲᠥᠷᠥᠯ ᠵᠦᠢᠯ ᠢ ᠬᠡᠷᠡᠭᠵᠢᠭᠦᠯᠵᠦ᠂ ᠭᠠᠵᠠᠷ ᠳᠣᠣᠷᠠᠬᠢ ᠲᠣᠰᠣᠨ ᠰᠠᠪᠠ ᠨᠡᠪᠴᠢᠬᠦ ᠶᠢ ᠰᠡᠷᠭᠡᠶᠢᠯᠡᠬᠦ 31 | ᠥᠭᠡᠷᠡᠴᠢᠯᠡᠯᠲᠡ ᠶᠢ ᠪᠡᠶᠡᠯᠡᠭᠦᠯᠵᠦ᠂ ᠵᠤᠤ ᠵᠢᠶᠦ᠋ᠨ ᠤ ᠣᠩᠭᠤᠨ ᠤ ᠤᠤᠭᠤᠬᠤ ᠤᠰᠤᠨ ᠤ ᠡᠬᠢ ᠰᠤᠷᠪᠤᠯᠵᠢ ᠶᠢ | ᠲᠤᠰᠬᠠᠢ ᠴᠡᠭᠴᠡᠯᠡᠨ ᠵᠠᠰᠠᠵᠤ᠂ 13 ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠪᠠ︔ 5 ᠬᠥᠷᠥᠰᠥ | ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠮᠠᠯ | ᠵᠢᠭᠦᠷᠲᠡᠨ ᠤ ᠢᠯᠭᠠᠳᠠᠰᠤ ᠶᠢ ᠴᠡᠪᠡᠷᠯᠡᠬᠦ ᠲᠥᠷᠥᠯ ᠵᠦᠶᠯ ᠢ ᠲᠦᠯᠬᠢᠨ ᠠᠬᠢᠭᠤᠯᠵᠤ᠂ 15 ᠡᠯᠡᠰᠦᠨ ᠨᠦᠬᠡ᠂ | 533 ᠲᠦᠮᠡᠨ ᠪᠣᠰᠤᠭ᠎ᠠ ᠳᠥᠷᠪᠡᠯᠵᠢᠨ ᠮᠧᠲᠷ ᠡᠯᠡᠰᠦᠷᠬᠡᠭ ᠭᠠᠵᠠᠷ ᠢ ᠰᠡᠷᠭᠦᠭᠡᠨ ᠵᠠᠰᠠᠪᠠ᠃ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠨᠡᠶᠢᠲᠡ 5.4 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ᠂ ᠪᠠᠶᠢᠭᠠᠯᠢ ᠶᠢᠨ ᠣᠶ ᠶᠢ ᠬᠠᠮᠠᠭᠠᠯᠠᠬᠤ᠂《 ᠵᠢᠷᠭᠤᠭᠠᠨ ᠶᠡᠭᠡ ᠭᠤᠤᠯᠳᠠᠯᠭ᠎ᠠ ᠲᠠᠢ ᠣᠷᠣᠨ ᠪᠦᠰᠡ | 》 ᠶᠢ ᠨᠣᠭᠤᠭᠠᠷᠠᠭᠤᠯᠬᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠢ ᠰᠡᠷᠭᠦᠭᠡᠬᠦ ᠵᠡᠷᠭᠡ ᠭᠤᠤᠯᠳᠠᠯᠭ᠎ᠠ ᠲᠠᠢ ᠠᠮᠢ | ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ ᠣᠶᠤᠨᠴᠢ ᠤᠰᠤ ᠪᠣᠷᠲᠣᠭᠤᠷ ᠢ ᠨᠢᠭᠡ ᠴᠣᠭᠴᠠᠵᠢᠭᠤᠯᠤᠭᠰᠠᠨ | ᠥᠨᠳᠥᠷ ᠪᠦᠲᠦᠮᠵᠢᠲᠡᠶ ᠤᠰᠤ ᠠᠷᠪᠢᠯᠠᠬᠤ ᠠᠷᠠᠴᠢᠯᠠᠨ ᠬᠠᠮᠠᠭᠠᠯᠠᠬᠤ ᠵᠠᠭᠪᠤᠷ ᠢ ᠬᠡᠷᠡᠭᠯᠡᠨ ᠣᠶ ᠮᠣᠳᠣ ᠶᠢ 1.6 | ᠲᠦᠮᠡᠨ ᠮᠥ ᠬᠠᠮᠢᠶᠠᠷᠤᠨ ᠬᠠᠮᠠᠭᠠᠯᠠᠵᠤ᠂ ᠨᠣᠭᠤᠭᠠᠷᠠᠭᠤᠯᠵᠤ ᠣᠶᠢᠵᠢᠭᠤᠯᠬᠤ ᠲᠠᠯᠠᠪᠠᠶ ᠶᠢ 7487 ᠮᠥ ᠰᠢᠨ᠎ᠡ ᠪᠠᠷ | ᠨᠡᠮᠡᠭᠳᠡᠭᠦᠯᠦᠨ᠂ ᠪᠥᠬᠦ ᠲᠤᠭᠤᠷᠢᠭ ᠤᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 22.44 % ᠪᠣᠯᠲᠠᠯ᠎ᠠ | ᠳᠡᠭᠡᠭᠰᠢᠯᠡᠭᠦᠯᠵᠦ᠂ ᠪᠦᠬᠦ ᠬᠤᠳᠠ ᠠᠴᠠ 4.1%ᠥᠨᠳᠥᠷ ᠪᠣᠯᠭᠠᠪᠠ᠃ ︽ᠠᠮᠢ ᠠᠬᠤᠢ + ᠠᠵᠤ ᠦᠢᠯᠡᠰ︾ ᠤᠨ | ᠬᠥᠭᠵᠢᠯᠲᠡ ᠶᠢᠨ ᠵᠠᠭᠪᠤᠷ ᠢ ᠰᠢᠨᠡᠴᠢᠯᠡᠨ ᠳᠡᠯᠭᠡᠷᠡᠭᠦᠯᠵᠦ᠂ ᠠᠭᠤᠢ ᠶᠢᠨ ᠵᠢᠮᠢᠰ ᠤᠨ ᠣᠢ ᠶᠢᠨ ᠵᠢᠱᠢᠶ᠎ᠡ ᠦᠵᠡᠭᠦᠯᠬᠦ | ᠰᠠᠭᠤᠷᠢᠨ ᠢ ᠪᠠᠶᠢᠭᠤᠯᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ 1500 ᠮᠦ ᠳᠣᠣᠷ᠎ᠠ ᠤᠨᠠᠯᠲᠠ ᠲᠠᠢ | ᠳᠣᠣᠷ᠎ᠠ ᠦᠷ᠎ᠡ ᠠᠰᠢᠭᠲᠤ ᠠᠵᠤ ᠠᠬᠤᠢ ᠶᠢᠨ ᠣᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ | ᠪᠡᠶᠡᠯᠡᠭᠦᠯᠪᠡ᠃ | —— ᠥᠭᠡᠷᠡᠴᠢᠯᠡᠯᠲᠡ ᠨᠡᠭᠡᠭᠡᠯᠲᠡ ᠶᠢᠨ ᠦᠶᠯᠡᠳᠦᠯᠭᠡ ᠨᠠᠩ ᠭᠦᠨᠵᠡᠭᠡᠶᠢᠷᠡᠪᠡ᠃ ᠵᠠᠰᠠᠭ ᠤᠨ ᠣᠷᠳᠣᠨ ᠤ | ᠰᠢᠰᠲ᠋ᠧᠮ ᠤᠨ ᠬᠦᠯᠢᠶᠡᠨ ᠠᠪᠤᠭᠰᠠᠨ 628 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠡᠶᠡᠯᠡᠭᠦᠯᠦᠭᠰᠡᠨ ᠨᠣᠷᠮ᠎ᠠ 94 . 6 % ᠳᠤ ᠬᠦᠷᠪᠡ᠃《 ᠪᠠᠭᠤᠯᠭᠠᠬᠤ ᠬᠠᠮᠢᠶᠠᠷᠬᠤ | ᠦᠶᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠥᠬᠦ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠶᠯᠡᠰ ᠢ 420 ᠵᠦᠶᠯ ᠪᠣᠯᠲᠠᠯ᠎ᠠ ᠴᠣᠮᠬᠠᠳᠬᠠᠵᠤ᠂《 ᠬᠠᠮᠤᠭ ᠣᠯᠠᠨ ᠳᠤ ᠪᠠᠨ ᠨᠢᠭᠡ ᠤᠳᠠᠭ᠎ᠠ | ᠭᠦᠶᠦᠬᠦ 》ᠪᠠ《 ᠳᠦᠷᠪᠡ ᠶᠢ ᠭᠦᠶᠴᠡᠳᠬᠡᠬᠦ 》ᠵᠦᠶᠯᠡᠰ ᠢ 145 ᠵᠦᠶᠯ᠂ 302 ᠵᠦᠶᠯ ᠪᠡᠶᠡᠯᠡᠭᠦᠯᠵᠦ᠂ | ᠶᠡᠷᠦᠩᠬᠡᠶᠢᠯᠡᠭᠰᠡᠨ ᠠᠮᠠᠯᠠᠯᠲᠠ ᠶᠢᠨ ᠴᠠᠭ ᠬᠤᠭᠤᠴᠠᠭ᠎ᠠ ᠶᠢ 64.4 % ᠪᠣᠭᠤᠨᠢᠰᠬᠠᠵᠤ᠂ ᠪᠥᠬᠦ ᠲᠤᠭᠤᠷᠢᠭ ᠤᠨ | ᠵᠠᠬ᠎ᠠ ᠳᠡᠯᠭᠡᠭᠦᠷ ᠤᠨ ᠭᠤᠤᠯ ᠴᠣᠭᠴᠠ ᠶᠢ 2.1 ᠲᠦᠮᠡᠨ ᠡᠷᠦᠬᠡ ᠪᠣᠯᠲᠠᠯ᠎ᠠ ᠨᠡᠮᠡᠭᠳᠡᠭᠦᠯᠪᠡ᠃ ᠡᠳ᠋ ᠤᠨ ᠵᠠᠰᠠᠭ | ᠭᠠᠶᠢᠯᠢ ᠮᠥᠩᠭᠦᠨ ᠭᠦᠶᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂《 ᠭᠠᠶᠢᠯᠢ ᠶᠢ | ᠶᠡᠷᠦᠩᠬᠡᠶᠢᠯᠡᠨ ᠵᠠᠰᠠᠬᠤ 》《 ᠣᠷᠣᠨ ᠨᠤᠲᠤᠭ ᠢᠶᠠᠷ ᠭᠠᠶᠢᠯᠢ ᠶᠢ ᠡᠵᠡᠮᠳᠡᠬᠦ 》ᠲᠠᠲᠠᠪᠤᠷᠢᠯᠠᠨ ᠬᠠᠮᠢᠶᠠᠷᠬᠤ ᠰᠢᠨ᠎ᠡ | ᠵᠠᠭᠪᠤᠷ ᠢ ᠪᠠᠶᠢᠭᠤᠯᠤᠨ᠂ ᠪᠠᠯᠠ ᠲᠣᠬᠢᠷᠠᠭᠤᠯᠭ᠎ᠠ ᠶᠢᠨ ᠲᠦᠷᠢᠶᠡᠰᠦᠯᠡᠬᠦ᠂ ᠳᠠᠭᠠᠭᠠᠯᠲᠠ ᠲᠠᠢ ᠵᠢᠭᠡᠯᠡᠯᠭᠡ ᠶᠢ ᠲᠤᠰᠠᠯᠠᠬᠤ | ᠵᠡᠷᠭᠡ ᠮᠥᠩᠭᠦᠨ ᠭᠦᠶᠯᠭᠡᠭᠡᠨ ᠤ ᠬᠠᠮᠲᠤᠷᠠᠯᠴᠠᠭ᠎ᠠ ᠶᠢ ᠬᠡᠷᠡᠭᠵᠢᠭᠦᠯᠵᠦ᠂ ᠲᠤᠭᠤᠷᠢᠭ ᠤᠨ ᠬᠠᠷᠢᠶ᠎ᠠ ᠪᠥᠬᠦᠶ ᠤᠯᠤᠰ | ᠤᠨ ᠥᠮᠴᠢᠯᠡᠯᠲᠦ ᠺᠣᠮᠫᠠᠨᠢ ᠶᠢᠨ ᠪᠣᠳᠠᠲᠤ ᠴᠣᠭᠴᠠᠵᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠪᠡ᠃ | ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠠᠬᠢᠭᠤᠯᠵᠤ᠂ ᠲᠠᠷᠢᠶᠠᠴᠢᠨ ᠪᠠ ᠠᠵᠤ ᠠᠬᠤᠶᠢᠯᠠᠯ ᠤᠨ | ᠠᠰᠢᠭ ᠲᠤᠰᠠ ᠶᠢ ᠬᠤᠯᠪᠣᠬᠤ ᠲᠣᠭᠲᠠᠴᠠ ᠶᠢ ᠭᠦᠨᠵᠡᠭᠡᠶᠢᠷᠡᠭᠦᠯᠵᠦ᠂ ᠬᠤᠲᠠ ᠬᠥᠳᠡᠭᠡ ᠶᠢᠨ《 ᠭᠤᠷᠪᠠ ᠶᠢ ᠨᠢᠭᠡ | ᠴᠣᠭᠴᠠᠵᠢᠭᠤᠯᠬᠤ 》ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠤᠨ ᠦᠮᠴᠢᠯᠡᠯᠳᠦ ᠣᠢ ᠰᠢᠭᠤᠶ ᠶᠢᠨ ᠲᠠᠯᠠᠪᠠᠢ᠂ | ᠬᠠᠮᠲᠤ ᠶᠢᠨ ᠭᠠᠵᠠᠷ ᠰᠢᠷᠣᠶ ᠵᠢᠴᠢ ᠭᠡᠷ ᠪᠦᠯᠢ ᠶᠢᠨ ᠳᠠᠭᠠᠭᠠᠴᠢᠯᠠᠭᠰᠠᠨ ᠭᠠᠵᠠᠷ ᠰᠢᠷᠣᠶ ᠶᠢᠨ ᠡᠷᠬᠡ ᠶᠢ ᠨᠤᠲᠠᠯᠠᠬᠤ᠂ | ᠬᠠᠮᠲᠤ ᠶᠢᠨ ᠥᠮᠴᠢᠯᠡᠬᠦ ᠡᠷᠬᠡ ᠶᠢᠨ ᠳᠦᠷᠢᠮ ᠵᠢᠴᠢ ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠬᠤ | ᠥᠭᠡᠷᠡᠴᠢᠯᠡᠯᠲᠡ ᠶᠢ ᠪᠡᠶᠡᠯᠡᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠥᠬᠦ ᠲᠠᠯ᠎ᠠ ᠪᠠᠷ《 | ᠲᠡᠭ ᠪᠤᠯᠭᠠᠵᠤ ᠳᠠᠬᠢᠨ ᠨᠡᠮᠡᠭᠳᠡᠭᠦᠯᠬᠦ 》 ᠶᠢ ᠪᠡᠶᠡᠯᠡᠭᠦᠯᠪᠡ᠃ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ | ᠰᠢᠰᠲ᠋ᠧᠮ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠰᠤᠮᠤ ᠪᠠᠯᠭᠠᠰᠤ᠂ ᠵᠡᠭᠡᠯᠢ ᠭᠤᠳᠤᠮᠵᠢ ᠪᠠ | ᠠᠵᠢᠯ ᠦᠢᠯᠡᠰ ᠤᠨ ᠨᠢᠭᠡᠴᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃《ᠤᠶᠤᠲᠠᠳ ᠢ | ᠲᠥᠪᠯᠡᠷᠡᠭᠦᠯᠬᠦ ᠲᠥᠯᠥᠪᠯᠡᠭᠡ》ᠪᠠ ᠭᠤᠣᠯᠳᠠᠯᠭ᠎ᠠ ᠲᠠᠢ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂《 ᠬᠤᠣᠰ ᠲᠡᠷᠢᠭᠦᠨ | ᠵᠡᠷᠭᠡ 》《 ᠭᠠᠳᠠᠭᠠᠳᠤ ᠶᠢᠨ ᠳᠡᠭᠡᠳᠦ ᠲᠡᠰ ᠤᠨ ᠴᠢᠳᠠᠪᠤᠷᠢᠲᠠᠨ 》 ᠢ 204 ᠬᠥᠮᠦᠨ ᠣᠷᠣᠭᠤᠯᠤᠨ ᠠᠪᠴᠢᠷᠠᠵᠠᠢ | ᠃ ᠬᠥᠳᠡᠯᠮᠦᠷᠢ ᠦᠶᠯᠡᠴᠢᠯᠡᠭᠡᠨ ᠤ ᠭᠡᠷ᠎ᠡ ᠶᠢᠨ ᠳᠦᠷᠢᠮᠲᠦ ᠠᠵᠢᠯᠲᠠᠨ ᠢ ᠤᠷᠮᠠᠰᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠪᠦᠯᠦᠭ ᠤᠳᠠᠭ᠎ᠠ ᠬᠤᠪᠢᠶᠠᠨ ᠬᠡᠦᠬᠡᠳ ᠤᠨ ᠪᠠᠭᠰᠢ᠂ ᠲᠤᠰᠠᠯᠠᠭᠴᠢ ᠴᠠᠭᠳᠠᠭ᠎ᠠ᠂ ᠦᠨᠳᠦᠰᠦᠨ | ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠴᠠᠯᠢᠩ ᠣᠯᠭᠤᠮᠵᠢ ᠶᠢ ᠳᠡᠭᠡᠭᠰᠢᠯᠡᠭᠦᠯᠪᠡ᠃ ᠰᠢᠨ᠎ᠡ ᠶᠢ ᠡᠭᠦᠳᠬᠦ | ᠴᠢᠳᠠᠪᠤᠷᠢ ᠦᠷᠭᠦᠯᠵᠢᠯᠡᠨ ᠴᠢᠩᠭᠠᠷᠠᠵᠤ᠂ 218 ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ | ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ 1925 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠶᠯ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ | ᠤᠨ 13 ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ | ᠪᠠ ᠰᠤᠳᠤᠯᠤᠨ ᠨᠡᠭᠡᠭᠡᠬᠦ ᠲᠥᠪ 15᠂ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ | ᠦᠵᠡᠭᠦᠯᠬᠦ ᠪᠠ ᠦᠶᠯᠡᠳᠪᠦᠷᠢᠯᠡᠬᠦ ᠵᠢᠭᠠᠬᠤ ᠰᠤᠳᠤᠯᠬᠤ 13 ᠰᠠᠭᠤᠷᠢᠨ ᠭᠠᠵᠠᠷ ᠢ ᠠᠮᠵᠢᠯᠲᠠ ᠲᠠᠢ ᠡᠭᠦᠳᠦᠨ | ᠪᠠᠶᠢᠭᠤᠯᠪᠠ᠃ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠡᠶᠢᠲᠡ 435 ᠲᠥᠷᠥᠯ | ᠵᠦᠶᠯ ᠢ ᠵᠥᠪᠳᠡᠨ ᠶᠠᠷᠢᠯᠴᠠᠵᠤ᠂ 130 ᠵᠦᠶᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ | ᠵᠢᠷᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 258 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ | ᠣᠷᠣᠭᠤᠯᠤᠨ ᠠᠪᠴᠢᠷᠠᠵᠠᠶ᠃ | —— ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠨᠡᠩ ᠴᠡᠴᠡᠭᠯᠡᠨ ᠬᠥᠭᠵᠢᠪᠡ᠃ ᠰᠤᠷᠭᠠᠨ ᠬᠥᠮᠦᠵᠢᠯ | ᠤᠨ ᠦᠢᠯᠡᠰ ᠦᠷᠭᠦᠯᠵᠢᠯᠡᠨ ᠴᠢᠩᠭᠠᠷᠠᠪᠠ᠃ ᠨᠡᠶᠢᠲᠡ 6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 10 | ᠳᠤᠮᠳᠠᠳᠤ ᠪᠠᠭ᠎ᠠ ᠰᠤᠷᠭᠠᠭᠤᠯᠢ᠂ 5 ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ | ᠥᠷᠭᠡᠳᠬᠡᠨ ᠪᠠᠶᠢᠭᠤᠯᠵᠤ᠂ 27 ᠰᠤᠷᠭᠠᠭᠤᠯᠢ ᠶᠢ ᠳᠡᠰ ᠳᠡᠪᠰᠢᠭᠦᠯᠦᠨ ᠥᠭᠡᠷᠡᠴᠢᠯᠡᠵᠦ᠂ 317 ᠰᠢᠯᠢᠳᠡᠭ | ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠣᠷᠣᠭᠤᠯᠵᠤ᠂ ᠪᠦᠬᠦ ᠬᠤᠲᠠ ᠶᠢᠨ ᠠᠩᠬᠠᠳᠠᠭᠴᠢ《 ᠪᠦᠬᠦ | ᠤᠯᠤᠰ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠤᠯᠪᠣᠭ᠎ᠠ 》 ᠶᠢᠨ ᠶᠡᠷᠦᠩᠬᠡᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢᠨ ᠣᠷᠣᠨ ᠪᠣᠯᠵᠤ᠂ ᠥᠨᠳᠥᠷ ᠪᠠᠷᠢᠮᠵᠢᠶ᠎ᠠ ᠪᠠᠷ ᠤᠯᠤᠰ ᠠᠴᠠ ᠰᠢᠶᠠᠨ ᠤ ᠬᠡᠪᠴᠢᠶᠡᠨ ᠤ ᠰᠤᠷᠭᠠᠨ | ᠬᠥᠮᠦᠵᠢᠯ ᠤᠨ ᠦᠨᠳᠦᠰᠦᠨ ᠳᠡᠭᠡᠨ ᠲᠡᠩᠴᠡᠭᠦᠷᠢᠲᠡᠢ ᠬᠥᠭᠵᠢᠬᠦ ᠰᠢᠯᠭᠠᠯᠲᠠ ᠶᠢ ᠥᠩᠭᠡᠷᠡᠭᠡᠪᠡ᠃ ᠡᠷᠡᠭᠦᠯ ᠬᠠᠮᠠᠭᠠᠯᠠᠯ | ᠤᠨ ᠦᠢᠯᠡᠰ ᠲᠦᠷᠭᠡᠨ ᠬᠥᠭᠵᠢᠪᠡ᠃ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠡᠮ | ᠡᠮᠨᠡᠯᠭᠡ ᠡᠷᠡᠭᠦᠯ ᠬᠠᠮᠠᠭᠠᠯᠠᠯ ᠤᠨ ᠲᠠᠯᠠᠪᠤᠷ ᠭᠠᠵᠠᠷ 36 ᠪᠠᠶᠢᠵᠤ᠂ 2 ᠪᠥᠭᠡᠮ ᠬᠦᠴᠢᠯ ᠢ ᠰᠢᠯᠭᠠᠨ ᠪᠠᠶᠢᠴᠠᠭᠠᠬᠤ | ᠲᠤᠷᠰᠢᠯᠲᠠ ᠶᠢᠨ ᠲᠠᠰᠤᠭ ᠪᠠ 8 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮᠨᠡᠯᠭᠡ | ᠶᠢᠨ ᠲᠤᠰᠬᠠᠢ ᠰᠠᠯᠠᠭᠠᠨ ᠤ ᠪᠠᠶᠢᠭᠤᠯᠤᠯᠲᠠ ᠶᠢ ᠪᠡᠶᠡᠯᠡᠭᠦᠯᠵᠦ᠂ ᠡᠪᠡᠳᠴᠢᠲᠡᠨ ᠤ ᠣᠷᠣ ᠶᠢᠨ ᠲᠤᠭ᠎ᠠ ᠶᠢ 914 | ᠪᠠᠶᠢᠭᠰᠠᠨ ᠠᠴᠠ 1175 ᠪᠣᠯᠭᠠᠨ ᠨᠡᠮᠡᠭᠳᠡᠭᠦᠯᠪᠡ᠃ ᠲᠣᠭᠤᠷᠢᠭ ᠤᠨ ᠡᠮᠨᠡᠯᠭᠡ ᠶᠢᠨ ᠬᠤᠷᠢᠶ᠎ᠠ ᠬᠤᠶᠠᠳᠤᠭᠠᠷ ᠳᠡᠰ | ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠪᠣᠯᠵᠤ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ | ᠬᠤᠶᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶᠠᠨ ᠤ ᠳᠠᠬᠢᠨ ᠬᠢᠨᠠᠯᠲᠠ ᠶᠢ ᠥᠩᠭᠡᠷᠡᠭᠡᠪᠡ᠃ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠯᠲᠠ ᠪᠠ ᠥᠪᠡᠷᠲᠡᠭᠡᠨ ᠵᠠᠰᠠᠬᠤ ᠣᠷᠣᠨ ᠤ ᠡᠷᠡᠭᠦᠯ | ᠮᠡᠨᠳᠦ ᠶᠢ ᠠᠬᠢᠭᠤᠯᠬᠤ ᠣᠷᠣᠨ ᠤ ᠰᠢᠯᠭᠠᠨ ᠬᠤᠷᠢᠶᠠᠯᠲᠠ ᠳᠤ ᠤᠷᠤᠭᠰᠢᠲᠠᠶ ᠪᠠᠲᠤᠯᠠᠭᠳᠠᠪᠠ᠃ ᠰᠣᠶᠣᠯ | ᠵᠢᠭᠤᠯᠴᠢᠯᠠᠯ ᠤᠨ ᠦᠶᠯᠡᠰ ᠥᠷᠨᠢᠨ ᠬᠥᠭᠵᠢᠪᠡ᠃ ᠡᠯ᠎ᠡ ᠲᠥᠷᠥᠯ ᠤᠨ ᠰᠣᠶᠣᠯ ᠤᠨ ᠠᠵᠢᠯᠯᠠᠭᠠᠨ ᠤ ᠲᠠᠯᠠᠪᠤᠷ | 113 ᠶᠢ ᠪᠠᠶᠢᠭᠤᠯᠵᠤ᠂ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ 145 ᠶᠢ | ᠰᠢᠨ᠎ᠡ ᠪᠠᠷ ᠨᠡᠮᠡᠭᠳᠡᠭᠦᠯᠵᠦ᠂ ᠨᠡᠶᠢᠲᠡ 350 ᠲᠥᠷᠥᠯ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ | ᠠᠵᠢᠯᠯᠠᠭ᠎ᠠ ᠶᠢ ᠥᠷᠨᠢᠭᠦᠯᠵᠦ᠂ 260 ᠲᠦᠮᠡᠨ ᠬᠥᠮᠦᠨ ᠤᠳᠠᠭ᠎ᠠ ᠣᠷᠣᠯᠴᠠᠵᠤ᠂《 ᠭᠠᠳᠠᠭᠰᠢ ᠭᠠᠷᠬᠤ ᠨᠢ ᠨᠡᠷᠡᠨ | ᠤ ᠭᠡᠷᠡᠯ 》ᠵᠡᠷᠭᠡ ᠤᠳᠬ᠎ᠠ ᠤᠷᠠᠯᠢᠭ ᠤᠨ ᠰᠣᠳᠣᠨ ᠪᠦᠲᠦᠭᠡᠯ ᠵᠠᠯᠭᠠᠭ᠎ᠠ ᠪᠠᠷ ᠢᠷᠠᠭᠤ ᠠᠯᠳᠠᠷ ᠢ ᠬᠦᠷᠲᠡᠵᠦ᠂ | ᠲᠤᠭᠤᠷᠢᠭ ᠤᠨ ᠨᠣᠮ ᠤᠨ ᠰᠠᠩ᠂ ᠰᠣᠶᠣᠯ ᠤᠨ ᠣᠷᠳᠣᠨ ᠨᠢ ᠤᠯᠤᠰ ᠤᠨ ᠨᠢᠭᠡᠳᠦᠭᠡᠷ ᠳᠡᠰ ᠤᠨ ᠣᠷᠳᠣᠨ ᠳᠤ | ᠳᠠᠬᠢᠨ ᠦᠨᠡᠯᠡᠭ᠌ᠳᠡᠵᠤ᠂ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ | ᠦᠵᠡᠭᠦᠯᠬᠦ ᠣᠷᠣᠨ ᠢᠶᠠᠷ ᠠᠮᠵᠢᠯᠲᠠᠲᠠᠢ ᠡᠭᠦᠳᠦᠨ ᠪᠠᠶᠢᠭᠤᠯᠪᠠ᠃ ᠤᠯᠤᠰ ᠤᠨ A ᠲᠠᠰ ᠤᠨ ᠦᠵᠡᠮᠵᠢ ᠶᠢᠨ ᠣᠷᠣᠨ | ᠂ ᠥᠪᠡᠷᠲᠡᠭᠡᠨ ᠵᠠᠰᠠᠬᠤ ᠣᠷᠣᠨ ᠤ ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ | ᠡᠷᠦᠬᠡ ᠲᠣᠰ ᠲᠣᠰ 3 ᠭᠡᠷ᠂ 18 ᠭᠡᠷ ᠪᠣᠯᠵᠣ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ ᠨᠡᠶᠢᠲᠡ 4. | 5 ᠳ᠋ᠦᠩᠰᠢᠭᠤᠷ ᠲᠥᠭᠦᠷᠢᠭ ᠪᠡᠶᠡᠯᠡᠭᠦᠯᠵᠦ᠂《ᠠᠷᠪᠠᠨ ᠬᠤᠶᠠᠳᠤᠭᠠᠷ ᠲᠠᠪᠤᠨ ᠵᠢᠯ》 ᠶᠢᠨ ᠲᠥᠯᠥᠪᠵᠢᠭᠦᠯᠭᠡ ᠶᠢᠨ | ᠬᠤᠭᠤᠴᠠᠭᠠᠨ ᠤ 13 ᠳᠠᠬᠢᠨ ᠪᠣᠯᠪᠠ᠃ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡ ᠶᠢ ᠳᠡᠭᠡᠭᠰᠢᠯᠡᠭᠦᠯᠪᠡ᠃ | 《 ᠬᠤᠶᠠᠷ ᠥᠷᠲᠡᠭᠡ ᠨᠢᠭᠡ ᠲᠥᠪ 》 ᠤᠨ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ 13 ᠤᠯᠤᠰ ᠤᠨ | ᠲᠠᠰ ᠤᠨ ᠵᠢᠱᠢᠶ᠎ᠡ ᠦᠵᠡᠭᠦᠯᠬᠦ ᠬᠡᠯᠪᠡᠷᠢ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠶᠯᠡᠴᠢᠯᠡᠭᠡᠨ ᠤ | ᠥᠷᠲᠡᠭᠡ ᠶᠢ ᠪᠠᠶᠢᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠵᠢᠴᠢ ᠭᠡᠷ ᠪᠦᠯᠢ ᠶᠢᠨ 43 | ᠬᠥᠮᠦᠨ ᠢ ᠲᠥᠪᠬᠢᠨᠡᠭᠦᠯᠦᠨ᠂ ᠴᠡᠷᠢᠭ ᠤᠨ ᠠᠯᠪᠠᠨ ᠠᠴᠠ ᠪᠠᠭᠤᠭᠰᠠᠨ 192 ᠴᠡᠷᠢᠭ ᠢ ᠬᠠᠪᠰᠤᠷᠤᠨ ᠠᠵᠢᠯ ᠣᠯᠬᠤ | ᠠᠰᠠᠭᠤᠳᠠᠯ ᠢ ᠨᠢ ᠰᠢᠶᠳᠪᠦᠷᠢᠯᠡᠵᠦ᠂ ᠴᠡᠷᠢᠭ ᠤᠨ ᠠᠯᠪᠠᠨ ᠠᠴᠠ ᠪᠠᠭᠤᠭᠰᠠᠨ 312 ᠴᠡᠷᠢᠭ ᠤᠨ ᠠᠯᠪᠠᠨ ᠠᠴᠠ | ᠪᠠᠭᠤᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠢ ᠪᠡᠶᠡᠯᠡᠭᠦᠯᠪᠡ᠃ | | —— ᠠᠷᠠᠳ ᠤᠨ ᠠᠮᠢᠳᠤᠷᠠᠯ ᠤᠨ ᠪᠤᠶᠠᠨ ᠬᠡᠰᠢᠭ ᠨᠠᠩ ᠲᠦᠭᠡᠮᠡᠯ ᠪᠣᠯᠪᠠ᠃ ᠡᠳ᠋ ᠤᠨ ᠵᠠᠰᠠᠭ ᠠᠴᠠ | ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ ᠨᠡᠶᠢᠲᠡ 79.2 ᠳ᠋ᠦᠩᠰᠢᠭᠤᠷ ᠲᠥᠭᠦᠷᠢᠭ ᠲᠤ ᠬᠦᠷᠴᠦ᠂ | ᠣᠷᠣᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ 78.6 % ᠶᠢ ᠡᠵᠡᠯᠡᠵᠦ᠂ ᠨᠢᠭᠡ ᠪᠦᠯᠦᠭ | ᠠᠷᠠᠳ ᠣᠯᠠᠨ ᠤ ᠬᠠᠯᠠᠮᠵᠢᠯᠠᠨ ᠠᠩᠬᠠᠷᠴᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ ᠶᠠᠳᠠᠭᠤ ᠠᠴᠠ | ᠠᠩᠭᠢᠵᠢᠷᠠᠭᠤᠯᠬᠤ ᠪᠠᠬᠢᠯᠡᠯᠳᠡ ᠶᠢ ᠳᠠᠭᠠᠷᠢᠬᠤ ᠢᠨᠵᠧᠨᠧᠷᠢᠩ ᠢ ᠤᠷᠤᠭᠰᠢᠲᠠᠢ ᠥᠷᠨᠢᠭᠦᠯᠪᠡ᠃ ᠶᠠᠳᠠᠭᠤ ᠠᠴᠠ | ᠠᠩᠭᠢᠵᠢᠷᠠᠭᠤᠯᠬᠤ ᠪᠠᠬᠢᠯᠡᠯᠳᠡ ᠶᠢ ᠳᠠᠭᠠᠷᠢᠬᠤ《 1 + 4 》ᠲᠦᠷᠢᠮ ᠤᠨ ᠰᠢᠰᠲ᠋ᠧᠮ ᠢ ᠲᠣᠭᠲᠠᠭᠠᠵᠤ᠂ ᠶᠠᠳᠠᠭᠤ | ᠶᠢ ᠲᠡᠳᠬᠦᠬᠦ ᠪᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ | ᠵᠣᠯᠭᠠᠭᠤᠯᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢ 2579 ᠲᠦᠮᠡᠨ | ᠲᠥᠭᠦᠷᠢᠭ ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠭᠰᠡᠨ ᠵᠢᠴᠢ ᠳᠠᠬᠢᠨ ᠶᠠᠳᠠᠭᠤᠷᠠᠭᠰᠠᠨ ᠬᠥᠮᠦᠨ ᠠᠮᠠ | ᠢᠯᠡᠷᠡᠭᠰᠡᠨ ᠥᠬᠡᠶ᠃ ᠠᠵᠢᠯ ᠣᠯᠭᠤᠬᠤ ᠦᠢᠯᠡᠰ ᠴᠣᠭᠴᠠᠯᠠᠬᠤ ᠦᠷ᠎ᠡ ᠪᠦᠲᠦᠮᠵᠢ ᠢᠯᠡᠷᠬᠡᠢ ᠪᠣᠯᠪᠠ᠃ 17 | ᠬᠤᠲᠠ ᠶᠢᠨ ᠲᠡᠰ ᠤᠨ ᠦᠢᠯᠡᠰ ᠪᠣᠰᠬᠠᠬᠤ ᠬᠦᠷᠢᠶᠡᠯᠡᠩ ᠢ ᠪᠠᠶᠢᠭᠤᠯᠵᠤ᠂ ᠦᠢᠯᠡᠰ ᠪᠣᠰᠬᠠᠬᠤ ᠪᠠᠲᠤᠯᠠᠭᠠᠲᠤ | ᠵᠢᠭᠡᠯᠡᠯᠭᠡ ᠶᠢ ᠨᠡᠶᠢᠲᠡ 3.1 ᠳ᠋ᠦᠩᠰᠢᠭᠤᠷ ᠲᠥᠭᠦᠷᠢᠭ ᠲᠠᠯᠪᠢᠵᠤ᠂ 4229 ᠬᠥᠮᠦᠨ ᠤ ᠦᠢᠯᠡᠰ ᠪᠣᠰᠬᠠᠬᠤ ᠶᠢ | ᠳᠡᠮᠵᠢᠪᠡ᠃ ᠠᠵᠢᠯ ᠣᠯᠭᠤᠬᠤ ᠠᠷᠭ᠎ᠠ ᠵᠠᠮ ᠢ ᠢᠳᠡᠪᠬᠢᠲᠡᠶ ᠪᠠᠷ ᠰᠠᠭᠠᠳ ᠦᠭᠡᠶ ᠨᠡᠪᠲᠡᠷᠡᠭᠦᠯᠵᠦ᠂ ᠨᠡᠶᠢᠲᠡ 378 | ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠬᠤᠲᠠ ᠪᠠᠯᠭᠠᠰᠤ ᠶᠢᠨ ᠰᠢᠨ᠎ᠡ ᠪᠠᠷ | ᠨᠡᠮᠡᠭᠳᠡᠵᠦ ᠠᠵᠢᠯ ᠤᠯᠭᠤᠭᠰᠠᠨ ᠬᠦᠮᠦᠨ ᠤ ᠲᠤᠭ᠎ᠠ 1.9 ᠲᠦᠮᠡ ᠪᠠᠶᠢᠵᠤ᠂ 6.4 ᠲᠦᠮᠡᠨ ᠮᠠᠯᠴᠢᠨ ᠲᠠᠷᠢᠶᠠᠴᠢᠳ | ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ | ᠶᠢ 3.9 % ᠶᠢᠨ ᠳᠣᠲᠣᠷ᠎ᠠ ᠬᠢᠵᠠᠭᠠᠷᠯᠠᠪᠠ᠃ ᠴᠠᠯᠢᠩ ᠥᠷᠢᠲᠦᠬᠦ ᠠᠰᠠᠭᠤᠳᠠᠯ ᠢ ᠴᠢᠩᠭ᠎ᠠ ᠵᠠᠰᠠᠵᠤ᠂ 1756 | ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ 3162 ᠲᠦᠮᠡᠨ ᠲᠥᠭᠦᠷᠢᠭ ᠤᠨ ᠴᠠᠯᠢᠩ ᠨᠡᠬᠡᠮᠵᠢᠯᠡᠨ | ᠳᠥᠯᠥᠭᠦᠯᠵᠦ ᠥᠭᠪᠡ᠃ ᠨᠡᠶᠢᠭᠡᠮ ᠤᠨ ᠪᠠᠲᠤᠯᠠᠭ᠎ᠠ ᠰᠠᠭᠤᠷᠢ ᠶᠢ ᠬᠦᠴᠦᠲᠡᠶ ᠪᠠᠲᠤᠯᠠᠪᠠ᠃《 ᠲᠠᠪᠤᠨ ᠶᠡᠭᠡ | ᠳᠠᠭᠠᠳᠬᠠᠯ 》 ᠳᠤ ᠣᠷᠣᠯᠴᠠᠭᠰᠠᠨ ᠬᠥᠮᠦᠨ ᠤ ᠲᠤᠭ᠎ᠠ 20.7 ᠲᠦᠮᠡᠨ ᠬᠥᠮᠦᠨ ᠳᠤ ᠬᠦᠷᠴᠦ᠂ ᠠᠵᠤ ᠠᠬᠤᠶᠢᠯᠠᠯ | ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠴᠠᠯᠢᠩ ᠢ | ᠰᠠᠷ᠎ᠠ ᠳᠤ ᠨᠡᠶᠢᠲᠡ 291 ᠲᠥᠭᠦᠷᠢᠭ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ | ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠵᠦ᠂ | ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠬᠢᠭᠡᠳ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠨᠢᠭᠡᠳᠬᠡᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ | ᠶᠢᠨ ᠪᠠᠲᠤᠯᠠᠭ᠎ᠠ ᠵᠢᠴᠢ ᠡᠯ᠎ᠡ ᠲᠥᠷᠥᠯ ᠤᠨ ᠲᠤᠰᠬᠠᠶ ᠵᠦᠢᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠲᠡ 1 | ᠳ᠋ᠦᠩᠰᠢᠭᠤᠷ ᠲᠥᠭᠦᠷᠢᠭ ᠣᠯᠭᠤᠵᠤ᠂ 12 ᠨᠠᠰᠤᠲᠠᠶᠢᠴᠤᠳ ᠤᠨ ᠡᠳᠦᠷ ᠤᠨ ᠠᠰᠠᠷᠠᠨ ᠬᠠᠷᠠᠭᠠᠯᠵᠠᠬᠤ ᠲᠥᠪ ᠪᠠ | ᠨᠠᠰᠤᠲᠠᠶᠢᠴᠤᠳ ᠤᠨ ᠠᠵᠢᠯ ᠤᠨ ᠥᠷᠲᠡᠭᠡ ᠶᠢ ᠪᠠᠶᠢᠭᠤᠯᠪᠠ᠃ ᠣᠷᠣᠨ ᠰᠠᠭᠤᠴᠠ ᠶᠢᠨ ᠪᠠᠲᠤᠯᠠᠭ᠎ᠠ ᠲᠣᠭᠲᠠᠭᠤᠨ | ᠢᠶᠠᠷ ᠳᠡᠭᠡᠭᠰᠢᠯᠡᠪᠡ᠃ ᠨᠡᠶᠢᠲᠡ 755 ᠢᠵᠢ ᠨᠡᠶᠢᠲᠡ ᠶᠢᠨ ᠬᠢᠮᠳᠠ ᠲᠦᠷᠢᠶᠡᠰᠦᠨ ᠣᠷᠣᠨ ᠰᠠᠭᠤᠴᠠ | ᠬᠤᠪᠢᠶᠠᠷᠢᠯᠠᠵᠤ᠂ ᠬᠤᠲᠠ ᠬᠥᠳᠡᠭᠡ ᠶᠢᠨ ᠬᠦᠴᠢᠷᠳᠡᠯᠲᠡᠶ ᠬᠥᠮᠦᠰ᠂ ᠭᠠᠳᠠᠷ ᠣᠷᠣᠨ ᠠᠴᠠ ᠢᠷᠡᠵᠦ ᠬᠦᠴᠦ | ᠶᠠᠪᠤᠭᠰᠠᠳ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠪᠠᠲᠤᠯᠠᠪᠠ᠃ ᠥᠮᠴᠢᠯᠡᠬᠦ | ᠡᠷᠬᠡ ᠶᠢᠨ ᠦᠯᠡᠳᠡᠭᠳᠡᠯ ᠲᠥᠷᠥᠯ ᠵᠦᠶᠯ ᠤᠨ ᠶᠡᠷᠦᠩᠬᠡᠶ ᠦᠨᠡᠮᠯᠡᠯ ᠢ 29 ᠭᠦᠶᠴᠡᠳᠬᠡᠵᠦ᠂ 3 ᠲᠦᠮᠡᠨ ᠡᠷᠦᠬᠡ᠂ | 371 ᠲᠦᠮᠡᠨ ᠲᠡᠭᠰᠢ ᠳᠥᠷᠪᠡᠯᠵᠢᠨ ᠮᠧᠲᠷ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠠᠳᠠᠯ ᠠᠬᠤᠢ ᠶᠢᠨ | ᠬᠠᠮᠢᠶᠠᠷᠤᠯᠲᠠ ᠶᠢᠨ ᠳᠡᠰ ᠳᠡᠪᠰᠢᠬᠦ ᠶᠢ ᠠᠬᠢᠭᠤᠯᠵᠤ᠂ 56 ᠣᠳᠣᠨ ᠲᠡᠰ ᠤᠨ ᠠᠳᠠᠯ ᠠᠬᠤᠢ ᠶᠢᠨ ᠵᠢᠵᠢᠭ | ᠲᠣᠭᠤᠷᠢᠭ ᠢ ᠪᠠᠶᠢᠭᠤᠯᠤᠨ᠂ ᠪᠦᠬᠦ ᠲᠤᠭᠤᠷᠢᠭ ᠤᠨ 121 ᠬᠤᠷᠢᠶᠠᠯᠠᠯ ᠳᠤ ᠠᠳᠠᠯ ᠠᠬᠤᠢ ᠶᠢᠨ ᠪᠦᠭᠦᠳᠡ ᠶᠢ | ᠪᠦᠷᠬᠦᠬᠦ ᠶᠢ ᠪᠡᠶᠡᠯᠡᠭᠦᠯᠪᠡ᠃ | —— ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠨᠡᠩ ᠳᠡᠭᠡᠭᠰᠢᠯᠡᠯᠲᠡ ᠲᠠᠢ ᠪᠣᠯᠪᠠ᠃ ᠨᠠᠮ | ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂《 ᠬᠤᠶᠠᠷ ᠢ ᠰᠤᠷᠤᠯᠴᠠᠵᠤ | ᠨᠢᠭᠡ ᠶᠢ ᠬᠢᠬᠦ 》ᠰᠤᠷᠤᠯᠴᠠᠯᠭ᠎ᠠ ᠬᠥᠮᠦᠵᠢᠯ᠂《 ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ | ᠪᠠᠨ ᠪᠠᠲᠤ ᠴᠡᠭᠡᠵᠢᠯᠡᠬᠦ 》ᠭᠤᠤᠯ ᠰᠡᠳᠦᠪᠲᠦ ᠬᠥᠮᠦᠵᠢᠯ ᠵᠡᠷᠭᠡ ᠰᠢᠷᠢᠰ ᠲᠤᠰᠬᠠᠶ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠢ ᠡᠷᠡᠰ ᠴᠡᠭᠴᠡᠯᠡᠨ ᠵᠠᠰᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠠᠪᠤᠳᠠᠯ ᠢ | ᠲᠠᠰᠤᠷᠠᠯᠲᠠ ᠤᠢᠭᠡᠢ ᠴᠢᠩᠭᠠᠳᠬᠠᠨ᠂ ᠵᠠᠰᠠᠭ ᠤᠨ ᠣᠷᠳᠣᠨ ᠤ ᠬᠠᠮᠲᠤ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ | ᠲᠣᠭᠲᠠᠴᠠ ᠶᠢ ᠪᠦᠷᠢᠨᠰᠢᠭᠦᠯᠵᠦ᠂ ᠬᠢᠨᠠᠨ ᠪᠣᠳᠣᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠦᠬᠦ ᠲᠠᠯ᠎ᠠ ᠪᠠᠷ ᠶᠠᠪᠤᠭᠤᠯᠵᠤ᠂《 | ᠭᠤᠷᠪᠠᠨ ᠴᠢᠬᠤᠯᠠ ᠨᠢᠭᠡ ᠶᠡᠭᠡ 》 ᠶᠢᠨ ᠵᠦᠶᠯᠡᠰ ᠢ ᠴᠠᠭ ᠲᠤᠬᠠᠶ ᠳᠤᠨᠢ ᠲᠤᠭᠤᠷᠢᠭ ᠤᠨ ᠨᠠᠮ ᠤᠨ ᠬᠤᠷᠢᠶ᠎ᠠ ᠳᠤ | ᠬᠠᠷᠢᠭᠤ ᠮᠡᠳᠡᠭᠦᠯᠵᠦ᠂ ᠭᠤᠤᠯᠳᠠᠯᠭ᠎ᠠ ᠲᠠᠢ ᠠᠵᠢᠯ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠰᠠᠨᠠᠭᠠᠴᠢᠯᠠᠭ᠎ᠠ ᠠᠴᠠ ᠪᠠᠨ ᠮᠡᠳᠡᠭᠦᠯᠦᠨ᠂ ᠤᠯᠤᠰ ᠲᠥᠷᠥ ᠶᠢᠨ ᠵᠥᠪᠯᠡᠯᠭᠡᠨ ᠠᠴᠠ ᠵᠠᠷᠯᠠᠵᠤ᠂ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠲᠡ 223 | ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠡᠶᠢᠲᠡ 359 ᠬᠤᠪᠢ | ᠭᠦᠶᠴᠡᠳᠬᠡᠵᠦ᠂ ᠭᠦᠶᠴᠡᠳᠬᠡᠵᠦ ᠬᠠᠷᠢᠭᠤᠯᠲᠠ ᠥᠭᠭᠦᠭᠰᠡᠨ ᠨᠣᠷᠮ᠎ᠠ ᠨᠢ 100 % ᠳᠤ ᠬᠦᠷᠪᠡ᠃ ᠮᠥᠩᠭᠦᠨ | ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ ᠨᠡᠶᠢᠲᠡ 28.41 ᠳ᠋ᠦᠩᠰᠢᠭᠤᠷ ᠲᠥᠭᠦᠷᠢᠭ ᠰᠢᠶᠳᠪᠦᠷᠢᠯᠡᠵᠦ᠂ ᠳᠤᠮᠳᠠ ᠵᠢᠵᠢᠭ ᠠᠵᠤ ᠠᠬᠤᠶᠢᠯᠠᠯ | ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ ᠨᠡᠶᠢᠲᠡ 9.09 ᠳ᠋ᠦᠩᠰᠢᠭᠤᠷ | ᠲᠥᠭᠦᠷᠢᠭ ᠰᠢᠶᠳᠪᠦᠷᠢᠯᠡᠪᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ | ᠠᠯᠪᠠᠨ ᠠᠵᠢᠯ ᠳᠤ ᠬᠡᠷᠡᠭᠯᠡᠬᠦ ᠭᠡᠷ ᠪᠠᠶᠢᠰᠢᠩ᠂ ᠠᠯᠪᠠᠨ ᠶᠠᠪᠤᠳᠠᠯ ᠤᠨ ᠵᠣᠴᠢᠯᠠᠯᠭ᠎ᠠ ᠵᠡᠷᠭᠡ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠬᠠᠵᠤ᠂《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢᠨ ᠬᠤᠭᠤᠴᠠᠭᠠᠨ | ᠳᠤ《 ᠠᠯᠪᠠᠨ ᠤ ᠭᠤᠷᠪᠠᠨ ᠵᠠᠷᠤᠳᠠᠯ 》 ᠤᠨ ᠵᠠᠷᠤᠯᠭ᠎ᠠ ᠵᠢᠯ ᠳᠤᠮᠳᠠᠴᠢ ᠪᠠᠷ 18.7 % ᠪᠠᠷ ᠪᠠᠭᠤᠷᠠᠪᠠ᠃《 | ᠲᠠᠷᠢᠶᠠᠨ ᠭᠠᠵᠠᠷ ᠢ ᠨᠡᠷ᠎ᠡ ᠵᠢᠭᠠᠵᠤ ᠨᠢᠳᠡᠷ ᠢ ᠨᠢ ᠥᠭᠡᠷᠡᠴᠢᠯᠡᠨ ᠪᠥᠲᠥᠭᠡᠨ ᠪᠠᠶᠢᠭᠤᠯᠤᠯᠲᠠ ᠬᠢᠬᠦ 》᠂《 ᠲᠦᠷᠢᠮ | ᠢ ᠵᠥᠷᠢᠴᠡᠨ ᠵᠤᠰᠠᠯᠠᠩ ᠪᠠᠷᠢᠬᠤ 》᠂《 ᠭᠤᠤᠯ ᠤᠨ ᠵᠠᠮ ᠢ ᠴᠡᠪᠡᠷᠯᠡᠬᠦ ᠳᠥᠷᠪᠡᠨ ᠰᠠᠮᠠᠭᠤᠨ 》ᠵᠡᠷᠭᠡ ᠲᠤᠰᠬᠠᠶ | ᠵᠠᠰᠠᠯᠲᠠ ᠶᠢ ᠭᠦᠨᠵᠡᠭᠡᠶ ᠥᠷᠨᠢᠭᠦᠯᠵᠦ᠂ ᠠᠭᠤᠷᠬᠠᠶ ᠶᠢᠨ ᠡᠬᠢ ᠪᠠᠶᠠᠯᠢᠭ᠂ ᠨᠡᠭᠦᠷᠡᠰᠦᠨ ᠤ ᠡᠬᠢ ᠪᠠᠶᠠᠯᠢᠭ᠂ ᠠᠷᠠᠳ | ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠵᠡᠷᠭᠡ ᠬᠦᠷᠢᠶᠡᠨ ᠳᠠᠬᠢ ᠲᠦᠷᠢᠮ ᠲᠣᠭᠲᠠᠭᠠᠯ ᠢ ᠵᠥᠷᠢᠴᠡᠵᠦ ᠬᠠᠤᠯᠢ | ᠶᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ《 | ᠠᠩᠬᠠᠨ ᠤ ᠫᠤᠤ 》 ᠶᠢ ᠳᠤᠤᠭᠠᠷᠭᠠᠵᠤ᠂ ᠬᠠᠷᠢᠶ᠎ᠠ ᠣᠷᠣᠨ ᠤ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠥᠬᠦ | ᠬᠦᠴᠦᠨ ᠢᠶᠠᠷ ᠬᠠᠮᠠᠭᠠᠯᠠᠪᠠ᠃ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ | ᠦᠨᠡᠨᠬᠦ ᠴᠢᠩᠭᠠᠳᠬᠠᠨ᠂ ᠨᠢᠭᠡ ᠪᠦᠯᠦᠭ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠳᠠᠯᠳᠠ | ᠭᠡᠮ ᠢ ᠲᠣᠬᠢᠲᠠᠶ ᠠᠷᠢᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠲᠠᠰᠤᠷᠠᠯᠲᠠ ᠤᠢᠭᠡᠢ | ᠳᠡᠭᠡᠭᠰᠢᠯᠡᠭᠦᠯᠦᠨ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠳᠠᠯ ᠢ ᠲᠠᠰᠤᠷᠠᠯᠲᠠ ᠤᠢᠭᠡᠢ | ᠪᠠᠬᠢᠵᠢᠭᠦᠯᠪᠡ᠃ ᠡᠭᠦᠨ ᠠᠴᠠ ᠭᠠᠳᠠᠨ᠎ᠠ᠂ ᠡᠮᠡᠭᠲᠡᠶᠢᠴᠦᠳ᠂ ᠬᠡᠦᠬᠡᠳ᠂ ᠥᠲᠡᠭᠦᠰ᠂ ᠵᠡᠮᠳᠡᠭᠴᠦᠳ ᠤᠨ ᠬᠤᠯᠪᠣᠭ᠎ᠠ | ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠠᠵᠢᠯ ᠰᠢᠨ᠎ᠡ ᠠᠮᠵᠢᠯᠲᠠ ᠣᠯᠵᠤ᠂ | ᠴᠠᠬᠢᠯᠭᠠᠨ ᠬᠦᠴᠦᠨ᠂ ᠰᠢᠦᠳᠠᠨ᠂ ᠴᠢᠮᠡᠭᠡ ᠬᠤᠯᠪᠣᠭ᠎ᠠ᠂ ᠳᠠᠭᠠᠳᠬᠠᠯ᠂ ᠲᠠᠩᠰᠠ ᠡᠪᠬᠡᠮᠡᠯ᠂ ᠤᠯᠠᠭᠠᠨ ᠵᠠᠭᠠᠯᠮᠠᠢ | ᠵᠡᠷᠭᠡ ᠰᠠᠯᠠᠭ᠎ᠠ ᠮᠥᠴᠢᠷ ᠤᠳ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ | ᠨᠡᠮᠡᠷᠢ ᠦᠵᠡᠭᠦᠯᠪᠡ︕ | ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠢ ᠡᠷᠭᠢᠴᠡᠭᠦᠯᠪᠡᠯ᠂ ᠪᠢᠳᠡ ᠥᠷᠢᠰᠥᠯᠳᠦᠭᠡᠨ ᠢ | ᠠᠷᠭᠠᠴᠠᠭᠠᠵᠤ᠂ ᠶᠡᠭᠡ ᠬᠠᠨᠳᠤᠰᠢ ᠶᠢ ᠡᠵᠡᠮᠳᠡᠵᠦ᠂ ᠠᠵᠠ ᠲᠣᠬᠢᠶᠠᠯ ᠢ ᠠᠮᠵᠢᠵᠤ᠂ ᠣᠶᠤᠨ ᠴᠢᠳᠠᠯ ᠢᠶᠠᠨ | ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠠᠯᠢ ᠣᠯᠠᠨ ᠢᠷᠠᠭᠤ ᠠᠯᠳᠠᠷ ᠤᠨ ᠬᠥᠬᠢᠭᠦᠯᠦᠯ ᠢ | ᠭᠥᠷᠳᠡᠪᠡ᠄ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ | ᠤᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠣᠷᠣᠨ ᠵᠡᠷᠭᠡ ᠤᠯᠤᠰ ᠤᠨ ᠲᠠᠰ ᠤᠨ 52 ᠲᠥᠷᠥᠯ ᠤᠨ ᠢᠷᠠᠭᠤ | ᠠᠯᠳᠠᠷ ᠢ ᠭᠥᠷᠳᠡᠵᠦ᠂ ᠥᠪᠡᠷᠲᠡᠭᠡᠨ ᠵᠠᠰᠠᠬᠤ ᠣᠷᠣᠨ ᠤ《 ᠬᠤᠶᠠᠷ ᠢ ᠬᠦᠷᠢᠶᠡᠯᠡᠬᠦ 》ᠵᠢᠱᠢᠶᠡᠴᠢ ᠣᠷᠣᠨ ᠢᠶᠠᠷ | ᠦᠨᠡᠯᠡᠭᠳᠡᠭᠰᠡᠨ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ 67 ᠲᠥᠷᠥᠯ ᠤᠨ ᠢᠷᠠᠭᠤ ᠠᠯᠳᠠᠷ ᠢ | ᠭᠥᠷᠳᠡᠵᠦ᠂ ᠪᠥᠬᠦ ᠬᠤᠲᠠ ᠶᠢᠨ ᠬᠠᠤᠯᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠭᠰᠠᠨ ᠲᠡᠷᠢᠭᠦᠨ ᠤ ᠬᠤᠰᠢᠭᠤ | ᠰᠢᠶᠠᠨ ᠲᠣᠭᠤᠷᠢᠭ ᠵᠡᠷᠭᠡ ᠬᠤᠲᠠ ᠶᠢᠨ ᠲᠠᠰ ᠤᠨ 90 ᠭᠠᠷᠤᠶ ᠲᠥᠷᠥᠯ ᠤᠨ ᠱᠠᠩᠨᠠᠯ ᠭᠥᠷᠳᠡᠵᠦ᠂ ᠵᠢᠥ ᠶᠤᠸᠠᠨ | ᠲᠣᠭᠤᠷᠢᠭ ᠤᠨ ᠨᠡᠷ᠎ᠡ ᠠᠯᠳᠠᠷ᠂ ᠢᠷᠠᠭᠤ ᠠᠯᠳᠠᠷ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠶᠡᠬᠡᠪᠡᠷ ᠳᠡᠭᠡᠭᠰᠢᠯᠡᠪᠡ᠃ | | ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2020 ᠣᠨ ᠪᠣᠯ ᠲᠤᠶᠢᠯ ᠤᠨ ᠣᠨᠴᠠᠭᠠᠢ᠂ ᠲᠤᠶᠢᠯ ᠤᠨ | ᠶᠡᠷᠦ ᠪᠤᠰᠤ ᠶᠢᠨ ᠨᠢᠭᠡ ᠵᠢᠯ ᠮᠥᠨ᠃ ᠡᠨᠡ ᠨᠢᠭᠡ ᠵᠢᠯ ᠳᠤ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ | ᠬᠢᠵᠢᠭ ᠤᠨ ᠪᠠᠶᠢᠳᠠᠯ ᠤᠨ ᠡᠮᠦᠨ᠎ᠡ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ | ᠪᠠᠷᠢᠮᠲᠠᠯᠠᠵᠤ᠂ ᠪᠥᠬᠦ ᠲᠣᠭᠤᠷᠢᠭ ᠤᠨ ᠳᠡᠭᠡᠳᠦ ᠳᠣᠤᠷᠠᠳᠤ ᠱᠠᠲᠤ ᠪᠠᠷ ᠢᠶᠠᠨ ᠡᠷᠡᠰ ᠰᠢᠭᠤᠷᠬᠠᠶ ᠰᠥᠰᠥ ᠵᠣᠷᠢᠭ ᠪᠠ | ᠨᠤᠭᠤᠷᠠᠰᠢ ᠥᠬᠡᠶ ᠲᠡᠮᠡᠴᠡᠬᠦ ᠡᠷᠴᠢ ᠵᠣᠷᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ | ᠳᠠᠶᠢᠯᠠᠯᠳᠤᠭᠠᠨ ᠢ ᠦᠳᠲᠡᠷ ᠲᠦᠷᠭᠡᠨ ᠬᠢᠵᠦ᠂ ᠨᠢᠭᠡᠳᠦᠯᠲᠡᠶ ᠲᠥᠯᠥᠪᠵᠢᠭᠦᠯᠦᠨ ᠤᠳᠤᠷᠢᠳᠬᠤ ᠶᠢ ᠴᠢᠩᠭᠠᠳᠬᠠᠵᠤ᠂ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠪᠠᠷᠢᠮᠲᠠᠯᠠᠵᠤ᠂《 ᠳᠥᠷᠪᠡᠨ ᠲᠠᠯ᠎ᠠ ᠶᠢᠨ ᠬᠠᠷᠢᠭᠤᠴᠠᠯᠭ᠎ᠠ 》 ᠶᠢ | ᠪᠣᠳᠠᠲᠠᠶᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠣᠯᠠᠨ ᠢᠶᠠᠷ ᠢᠶᠠᠨ ᠰᠡᠷᠭᠡᠶᠢᠯᠡᠨ | ᠣᠯᠠᠨ ᠢᠶᠠᠷ ᠢᠶᠠᠨ ᠡᠵᠡᠮᠳᠡᠵᠦ᠂ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠬᠢᠵᠢᠭ ᠲᠠᠢ ᠲᠡᠮᠡᠴᠡᠬᠦ ᠬᠦᠴᠦᠷᠬᠡᠭ | ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠪᠥᠬᠦ | ᠲᠠᠯ᠎ᠠ ᠪᠠᠷ ᠪᠠᠬᠢᠵᠢᠭᠦᠯᠵᠦ᠂《ᠲᠡᠭ ᠬᠠᠯᠳᠠᠪᠤᠷᠢᠯᠠᠭᠳᠠᠬᠤ 》᠂《ᠲᠡᠭ ᠡᠪᠡᠳᠴᠢᠨ ᠤ ᠵᠢᠱᠢᠶ᠎ᠡ 》ᠪᠤᠯᠬᠤ | ᠢᠳᠡᠪᠬᠢᠲᠡᠶ ᠦᠷ᠎ᠡ ᠪᠦᠲᠦᠮᠵᠢ ᠤᠯᠪᠠ᠃ ᠡᠨᠡ ᠨᠢᠭᠡ ᠵᠢᠯ ᠳᠤ᠂ ᠪᠢᠳᠡ ᠠᠵᠤ ᠠᠬᠤᠢ ᠶᠢᠨ ᠠᠵᠢᠯᠯᠠᠭᠠᠨ ᠢ | ᠬᠦᠴᠦᠯᠡᠨ ᠲᠣᠭᠲᠠᠪᠤᠷᠢᠵᠢᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠡᠪᠰᠢᠭᠦᠯᠬᠦ ᠰᠢᠨ᠎ᠡ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂《 ᠵᠢᠷᠭᠤᠭ᠎ᠠ ᠶᠢ ᠲᠣᠭᠲᠠᠪᠤᠷᠢᠵᠢᠭᠤᠯᠬᠤ 》ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂《 ᠵᠢᠷᠭᠤᠭ᠎ᠠ ᠶᠢ ᠪᠠᠲᠤᠯᠠᠬᠤ 》ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ 5 ᠲᠤᠰᠬᠠᠶ ᠠᠩᠭᠢ᠂ 6 ᠴᠢᠬᠤᠯᠠ ᠶᠡᠭᠡ ᠲᠥᠷᠥᠯ | ᠵᠦᠶᠯ ᠢ ᠠᠬᠢᠭᠤᠯᠬᠤ ᠳᠤᠭᠤᠶᠢᠯᠠᠩ ᠪᠠᠶᠢᠭᠤᠯᠵᠤ᠂ 65 ᠠᠵᠤ ᠠᠬᠤᠶᠢᠯᠠᠯ ᠤᠨ ᠬᠤᠯᠪᠣᠭᠠᠴᠢᠨ ᠲᠣᠮᠢᠯᠠᠨ | ᠰᠠᠭᠤᠯᠭᠠᠵᠤ᠂ 105 ᠪᠠᠷᠠᠭᠠᠨ ᠤ ᠭᠦᠶᠯᠭᠡᠭᠡ᠂ ᠠᠵᠢᠯᠴᠢᠨ ᠬᠡᠷᠡᠭᠯᠡᠬᠦ᠂ ᠪᠠᠯᠠ ᠮᠥᠩᠭᠦ ᠬᠦᠷᠦᠯᠴᠡᠬᠦ ᠥᠬᠡᠶ ᠵᠡᠷᠭᠡ | ᠪᠣᠳᠠᠲᠠᠶ ᠠᠰᠠᠭᠤᠳᠠᠯ ᠢ ᠰᠢᠶᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠡᠯ᠎ᠡ ᠲᠥᠷᠥᠯ ᠤᠨ ᠭᠠᠶᠢᠯᠢ | ᠰᠦᠶᠳᠬᠡᠯ ᠢ 2.8 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠵᠦ᠂ ᠠᠵᠤ ᠦᠶᠯᠡᠰ ᠢᠶᠠᠷ ᠲᠡᠳᠬᠦᠬᠦ ᠪᠠᠯᠠ | ᠮᠥᠩᠭᠦ ᠶᠢ 1.1 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠮᠥᠩᠭᠦᠨ ᠭᠦᠶᠯᠭᠡᠭᠡᠨ ᠤ ᠵᠢᠭᠡᠯᠡᠯᠭᠡ ᠶᠢ 2.9 | ᠳ᠋ᠦᠩᠰᠢᠭᠤᠷ ᠲᠥᠭᠦᠷᠢᠭ ᠵᠣᠬᠢᠴᠠᠭᠤᠯᠵᠤ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 1.6 ᠳ᠋ᠦᠩᠰᠢᠭᠤᠷ | ᠲᠥᠭᠦᠷᠢᠭ ᠪᠠᠭᠤᠷᠠᠭᠤᠯᠵᠤ᠂ ᠪᠥᠬᠦ ᠲᠤᠭᠤᠷᠢᠭ ᠤᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠴᠠᠭ ᠲᠠᠭᠠᠨ ᠲᠤᠬᠢᠷᠠᠭᠰᠠᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ ᠵᠠᠬ᠎ᠠ ᠳᠡᠯᠭᠡᠭᠦᠷ ᠢᠶᠠᠨ | ᠰᠡᠷᠭᠦᠭᠡᠵᠦ᠂ ᠦᠢᠯᠡᠳᠪᠦᠷᠢᠯᠡᠯ ᠡᠵᠡᠩᠨᠡᠯᠲᠡ ᠪᠠᠨ ᠲᠣᠭᠲᠠᠪᠤᠷᠢᠵᠢᠭᠤᠯᠪᠠ᠃ 2000 ᠮᠥ ᠪᠠᠴᠢᠮ ᠪᠠᠶᠢᠳᠠᠯ ᠢ | ᠠᠷᠭᠠᠴᠠᠭᠠᠬᠤ ᠬᠠᠩᠭᠠᠯᠭ᠎ᠠ ᠶᠢᠨ ᠨᠠᠪᠴᠢᠨ ᠤ ᠲᠥᠷᠥᠯ ᠤᠨ ᠢᠳᠡᠰᠢᠨ ᠨᠣᠭᠤᠭ᠎ᠠ ᠳᠠᠷᠢᠬᠤ ᠶᠢ ᠪᠡᠶᠡᠯᠡᠭᠦᠯᠵᠦ᠂ | ᠳᠡᠯᠭᠡᠭᠡ ᠮᠠᠶᠢᠮᠠᠶ ᠶᠢᠨ ᠠᠵᠤ ᠠᠬᠤᠶ᠂ ᠰᠥᠨᠢ ᠶᠢᠨ ᠠᠵᠤ ᠠᠬᠤᠶ ᠶᠢ ᠵᠢᠷᠤᠮᠵᠢᠭᠤᠯᠬᠤ ᠶᠢ ᠳᠡᠮᠵᠢᠵᠦ᠂ ᠠᠷᠠᠳ ᠲᠤ | ᠲᠥᠬᠦᠮ ᠦᠵᠡᠭᠦᠯᠬᠦ ᠵᠠᠬ᠎ᠠ ᠳᠡᠯᠭᠡᠭᠦᠷ ᠢ 7 ᠪᠠᠶᠢᠭᠤᠯᠵᠤ᠂ 30 ᠲᠠᠯᠠᠪᠤᠷ ᠬᠡᠷᠡᠭᠯᠡᠭᠡ ᠶᠢ ᠠᠬᠢᠭᠤᠯᠬᠤ ᠠᠵᠢᠯᠯᠠᠭ᠎ᠠ | ᠡᠷᠭᠢᠯᠡᠵᠦ᠂ 2 ᠲᠦᠮᠡᠨ ᠬᠡᠷᠡᠭᠯᠡᠭᠡᠨ ᠤ ᠲᠡᠮᠳᠡᠭᠲᠦ᠂ 110 ᠲᠦᠮᠡᠨ ᠲᠥᠭᠦᠷᠢᠭ ᠤᠨ ᠵᠣᠭᠤᠰ ᠢ ᠣᠷᠣᠯᠠᠬᠤ | ᠲᠡᠮᠳᠡᠭᠲᠦ ᠲᠠᠷᠬᠠᠭᠠᠪᠠ᠃ ᠪᠥᠬᠦ ᠲᠤᠭᠤᠷᠢᠭ ᠤᠨ ᠳᠡᠭᠡᠳᠦ ᠳᠣᠤᠷᠠᠳᠤ ᠱᠠᠲᠤᠨ ᠤ ᠴᠥᠬᠦᠷᠡᠰᠢ ᠥᠬᠡᠶ ᠴᠢᠷᠮᠠᠶᠢᠯᠭ᠎ᠠ | ᠪᠠᠷ ᠳᠡᠮᠵᠢᠨ᠂ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠲᠣᠭᠲᠠᠭᠤᠨ ᠢᠶᠠᠷ ᠳᠡᠭᠡᠭᠰᠢᠯᠡᠵᠦ᠂ ᠰᠠᠷ᠎ᠠ | ᠳᠠᠷᠠᠭᠠᠯᠠᠨ ᠰᠠᠶᠢᠵᠢᠷᠠᠵᠤ᠂ ᠪᠥᠬᠦ ᠵᠢᠯ ᠳᠤ《ᠳᠥᠷᠪᠡ ᠶᠢ ᠳᠡᠭᠡᠭᠰᠢᠯᠡᠭᠦᠯᠦᠭᠰᠡᠨ 》ᠠᠵᠤ ᠠᠬᠤᠶᠢᠯᠠᠯ 28 ᠰᠢᠨ᠎ᠡ | ᠪᠠᠷ ᠨᠡᠮᠡᠭᠳᠡᠵᠦ᠂ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 3.9 % ᠨᠡᠮᠡᠭᠳᠡᠨ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ 9.1 % ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠨᠡᠮᠡᠭᠳᠡᠯ ᠥᠷᠲᠡᠭ 10.1 % ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢᠨ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ 14.4 ᠵᠠᠭᠤᠨ ᠤ ᠨᠢᠭᠡᠴᠢ | ᠪᠠᠭᠠᠰᠴᠤ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ | ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ 10 ᠵᠠᠭᠤᠨ ᠤ ᠨᠢᠭᠡᠴᠢ ᠪᠠᠭᠠᠰᠴᠤ᠂ ᠡᠯ᠎ᠡ | ᠵᠦᠶᠯ ᠤᠨ ᠭᠦᠶᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠴᠥᠮ ᠪᠥᠬᠦ ᠬᠤᠲᠠ ᠶᠢᠨ ᠳᠤᠮᠳᠠᠴᠢ ᠬᠢᠷᠢ | ᠲᠦᠪᠰᠢᠨ ᠠᠴᠠ ᠥᠨᠳᠥᠷ ᠪᠠᠶᠢᠪᠠ᠃ ᠡᠨᠡ ᠨᠢᠭᠡ ᠵᠢᠯ ᠳᠤ᠂ ᠪᠢᠳᠡ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠴᠢᠷᠮᠠᠶᠢᠨ ᠠᠬᠢᠭᠤᠯᠪᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠦᠯ | ᠵᠦᠢᠯ 101 ᠶᠢ ᠬᠡᠷᠡᠭᠵᠢᠭᠦᠯᠵᠦ᠂ 175.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ 38 ᠲᠥᠷᠦᠯ ᠵᠦᠢᠯ ᠢ ᠳᠠᠭᠤᠰᠬᠠᠨ᠂ ᠲᠥᠷᠦᠯ ᠵᠦᠢᠯ ᠤᠨ ᠲᠤᠭ᠎ᠠ ᠬᠡᠮᠵᠢᠶ᠎ᠡ᠂ ᠪᠡᠯᠡ | ᠣᠷᠣᠭᠤᠯᠤᠯᠲᠠ ᠶᠢᠨ ᠬᠡᠮᠵᠢᠶ᠎ᠡ᠂ ᠪᠦᠬᠦᠯᠢ ᠴᠣᠭᠴᠠ ᠶᠢᠨ ᠶᠠᠰᠤ ᠴᠢᠨᠠᠷ ᠴᠥᠮ ᠪᠦᠬᠦ ᠬᠤᠲᠠ ᠶᠢᠨ ᠡᠮᠦᠨ᠎ᠡ ᠡᠩᠨᠡᠭᠡᠨ | ᠳᠤ ᠣᠷᠣᠪᠠ᠃《 ᠳᠥᠷᠪᠡᠨ ᠬᠦᠷᠳᠦ ᠪᠠᠷ ᠬᠥᠳᠡᠯᠭᠡᠭᠦᠷ ᠪᠣᠯᠭᠠᠬᠤ 》 ᠶᠢ ᠴᠢᠩᠭᠠᠳᠬᠠᠵᠤ᠂ ᠰᠢᠨ᠎ᠡ ᠬᠤᠲᠠ ᠶᠢᠨ | ᠬᠤᠶᠢᠲᠤ ᠬᠡᠰᠡᠭ ᠤᠨ ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠬᠥᠭᠵᠢᠭᠦᠯᠬᠦ ᠲᠥᠷᠦᠯ ᠵᠦᠢᠯ ᠢ | ᠨᠠᠢᠳᠠᠪᠤᠷᠢᠵᠢᠭᠤᠯᠤᠨ ᠬᠡᠷᠡᠭᠵᠢᠭᠦᠯᠵᠦ᠂ ᠱᠢ ᠵᠢᠢ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ᠂ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠢᠲᠡ ᠶᠢᠨ ᠦᠢᠯᠡᠴᠢᠯᠡᠭᠡᠨ ᠤ ᠲᠥᠬᠦᠷᠵᠢᠭᠦᠯᠦᠭᠰᠡᠨ ᠲᠥᠷᠦᠯ ᠵᠦᠢᠯ ᠢ | ᠱᠠᠯᠠᠪᠳᠠᠨ ᠠᠬᠢᠭᠤᠯᠵᠤ᠂ ᠸᠠᠨ ᠺᠧ ᠮᠥᠰᠥ ᠴᠠᠰᠤᠨ ᠤ ᠮᠦᠽᠧᠢ ᠶᠢ ᠪᠠᠶᠢᠭᠤᠯᠤᠨ ᠳᠠᠭᠤᠰᠬᠠᠵᠤ ᠴᠢᠯᠥᠭᠡᠲᠡᠢ | ᠲᠠᠯᠪᠢᠵᠤ᠂ ᠪᠤᠤ ᠯᠢ ᠴᠡᠴᠡᠷᠯᠢᠭ ᠤᠨ ᠨᠢᠭᠡᠳᠦᠭᠡᠷ ᠨᠣᠮᠧᠷᠲᠤ᠂ ᠸᠠᠨ ᠺᠧ ᠹᠧᠢ ᠼᠦᠢ ᠳ᠋ᠦ᠋ ᠬᠦᠢ ᠵᠡᠷᠭᠡ ᠶᠠᠰᠤ ᠴᠢᠨᠠᠷ | ᠲᠠᠢ ᠭᠠᠵᠠᠷ ᠬᠥᠷᠥᠩᠭᠡ ᠶᠢᠨ ᠲᠥᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ︔ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠨᠢ 73.9 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ | ᠣᠷᠣᠭᠤᠯᠤᠯᠲᠠ ᠲᠠᠢ 25 ᠭᠤᠣᠯᠳᠠᠯᠭ᠎ᠠ ᠲᠠᠢ ᠠᠵᠤ ᠦᠶᠯᠡᠳᠪᠦᠷᠢ ᠶᠢᠨ ᠲᠥᠷᠦᠯ ᠵᠦᠢᠯ ᠢ ᠬᠡᠷᠡᠭᠵᠢᠭᠦᠯᠵᠦ᠂ ᠸᠧᠢ | ᠬᠠᠢ ᠭᠤᠸᠠᠩ ᠸᠧᠢ ᠨᠡᠭᠦᠷᠡᠰᠦᠲᠥ᠋ᠷᠥᠭᠴᠢ ᠶᠢᠨ ᠰᠢᠷᠬᠡᠭᠯᠢᠭ᠂ ᠬᠤᠸᠠ ᠵᠢᠶᠠᠨ ᠨᠣᠭᠤᠭᠠᠨ ᠣᠶᠤᠨᠴᠢ ᠤᠭᠰᠠᠷᠠᠮᠠᠯ | ᠮᠠᠶ᠋ᠢᠭ ᠤᠨ ᠪᠠᠷᠢᠯᠭ᠎ᠠ ᠵᠡᠷᠭᠡ ᠲᠥᠷᠦᠯ ᠵᠦᠢᠯ ᠨᠢ ᠢᠳᠡᠪᠬᠢᠲᠡᠢ ᠠᠬᠢᠯᠲᠠ ᠲᠠᠢ ᠪᠣᠯᠵᠤ᠂ ᠬᠤᠪᠣᠷ ᠰᠢᠷᠣᠢ ᠶᠢᠨ | ᠲᠡᠮᠦᠷᠯᠢᠭ ᠤᠨ ᠰᠠᠭᠤᠷᠢᠨ ᠭᠠᠵᠠᠷ ᠪᠠ ᠬᠢᠮᠢ ᠶᠢᠨ ᠠᠵᠤ ᠦᠶᠯᠡᠳᠪᠦᠷᠢ ᠶᠢᠨ ᠬᠠᠪᠲᠠᠭᠠᠢ ᠬᠡᠰᠡᠭ ᠤᠨ 12 ᠲᠥᠷᠦᠯ | ᠵᠦᠢᠯ ᠢ ᠱᠠᠯᠠᠪᠳᠠᠨ ᠪᠦᠲᠦᠭᠡᠨ ᠪᠠᠶᠢᠭᠤᠯᠵᠤ᠂ ᠫᠦ ᠵᠢᠩ ᠪᠥᠭᠡᠭᠡᠨᠡᠷᠡᠯ ᠡᠲ᠋ᠠᠨᠤᠯ ᠬᠦᠴᠢᠯ᠂ ᠱᠠᠨ ᠱᠠᠨ ᠪᠢᠯᠢᠭ ᠲᠦᠢᠯ | ᠤᠨ ᠮᠠᠲ᠋ᠧᠷᠢᠶᠠᠯ ᠵᠡᠷᠭᠡ 10 ᠲᠥᠷᠦᠯ ᠵᠦᠢᠯ ᠨᠢ ᠠᠰᠢᠭᠯᠠᠯᠲᠠ ᠳᠤ ᠣᠷᠣᠪᠠ︔ ᠪᠠᠷᠠᠭᠠᠨ ᠤ ᠭᠦᠶᠯᠭᠡᠭᠡᠨ ᠤ | ᠬᠦᠷᠢᠶᠡᠯᠡᠩ ᠲᠣᠭᠤᠷᠢᠭ ᠤᠨ ᠭᠤᠷᠪᠠᠳᠠᠬᠢ ᠡᠲᠡᠭᠡᠳ ᠤᠨ ᠪᠠᠷᠠᠭᠠᠨ ᠤ ᠭᠦᠶᠯᠭᠡᠭᠡᠨ ᠤ ᠲᠣᠮᠣ ᠠᠰᠠᠷ ᠨᠢ ᠳᠣᠲᠣᠷ | ᠵᠠᠰᠠᠵᠤ ᠴᠢᠮᠡᠭᠯᠡᠬᠦ ᠱᠠᠲᠤᠨ ᠳᠤ ᠣᠷᠣᠵᠤ᠂ ᠪᠤᠭᠤᠲᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠶᠯᠭᠡᠭᠡᠨ ᠤ ᠲᠥᠪ ( | B ᠬᠡᠯᠪᠡᠷᠢ ) ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ 3.2 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠤᠯᠤᠰ ᠤᠨ ᠠᠩᠬᠠᠳᠠᠭᠴᠢ ᠭᠤᠤᠯ ᠱᠤᠭᠤᠮ ᠤᠨ《 ᠣᠶᠤᠨᠴᠢ | ᠪᠠᠷᠠᠭᠠᠨ ᠤ ᠭᠦᠶᠯᠭᠡᠭᠡ + ᠬᠠᠶᠢᠷᠴᠠᠭ ᠬᠠᠶᠠᠬᠤ ᠲᠡᠭᠡᠭᠡᠪᠦᠷᠢ 》 ᠶᠢᠨ ᠲᠥᠷᠥᠯ ᠵᠦᠶᠯ ᠢ ᠬᠡᠷᠡᠭᠵᠢᠭᠦᠯᠵᠦ᠂ ᠪᠠᠷᠠᠭᠠᠨ | ᠤ ᠲᠡᠭᠡᠭᠡᠪᠦᠷᠢ ᠶᠢᠨ ᠬᠡᠮᠵᠢᠶ᠎ᠡ 533 ᠲᠦᠮᠡᠨ ᠲᠣᠨ ᠳᠤ ᠬᠦᠷᠴᠦ᠂ 45.6 % ᠨᠡᠮᠡᠭᠳᠡᠪᠡ︔ ᠢᠳᠡᠭᠡᠨ ᠤ | ᠬᠦᠷᠢᠶᠡᠯᠡᠩ ᠲᠣᠭᠤᠷᠢᠭ ᠤᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠡᠷᠦᠩᠬᠡᠶᠢᠯᠡᠭᠰᠡᠨ ᠨᠡᠪᠲᠡᠷᠡᠯ ᠵᠠᠮ᠂ ᠣᠯᠠᠨ | ᠨᠡᠶᠢᠲᠡ ᠶᠢᠨ ᠪᠠᠶᠢᠴᠠᠭᠠᠨ ᠰᠢᠯᠭᠠᠬᠤ ᠲᠠᠪᠴᠠᠩ ᠵᠡᠷᠭᠡ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠢᠳᠡᠪᠬᠢᠲᠡᠢ | ᠠᠬᠢᠭᠤᠯᠵᠤ᠂ ᠪᠣᠬᠢᠷᠲᠤᠯ ᠦᠭᠡᠢ ᠢᠳᠡᠭᠡᠨ ᠡᠳ᠋ᠰᠢᠭᠦᠯᠬᠦ 3 ᠲᠥᠷᠥᠯ ᠵᠦᠢᠯ ᠢ ᠣᠷᠣᠭᠤᠯᠤᠨ ᠠᠪᠴᠢᠷᠠᠪᠠ᠃ ᠡᠨᠡ | ᠨᠢᠭᠡ ᠵᠢᠯ ᠳᠤ᠂ ᠪᠢᠳᠡ ᠭᠤᠣᠯᠳᠠᠯᠭ᠎ᠠ ᠲᠠᠢ ᠡᠭᠦᠷᠭᠡ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠦᠴᠦᠲᠡᠢ | ᠰᠠᠶᠢᠲᠤᠷ ᠬᠢᠪᠡ᠃ ᠮᠥᠩᠭᠦᠨ ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠶᠢ ᠰᠠᠶᠢᠲᠤᠷ ᠠᠳᠬᠤᠵᠤ᠂ ᠬᠢᠵᠢᠭ | ᠲᠠᠢ ᠲᠡᠮᠡᠴᠡᠬᠦ ᠤᠯᠤᠰ ᠤᠨ ᠣᠨᠴᠠᠭᠠᠶ ᠵᠢᠭᠡᠯᠡᠯᠭᠡ ᠶᠢ ᠲᠥᠪ ᠠᠴᠠ ᠦᠨᠳᠦᠰᠦᠨ ᠱᠠᠲᠤᠨ ᠳᠤ ᠰᠢᠭᠤᠳ ᠬᠦᠷᠭᠡᠬᠦ | ᠪᠠᠯᠠ ᠮᠥᠩᠭᠦ᠂ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢ 5.22 ᠳ᠋ᠦᠩᠰᠢᠭᠤᠷ ᠲᠥᠭᠦᠷᠢᠭ ᠣᠯᠵᠤ᠂ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 9.12 ᠳ᠋ᠦᠩᠰᠢᠭᠤᠷ ᠲᠥᠭᠦᠷᠢᠭ ᠠᠷᠢᠯᠭᠠᠵᠤ᠂ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠭᠰᠡᠨ ᠵᠣᠭᠤᠰ ᠢ 3.53 | ᠳ᠋ᠦᠩᠰᠢᠭᠤᠷ ᠲᠥᠭᠦᠷᠢᠭ ᠳᠥᠯᠥᠵᠦ ᠳᠠᠭᠤᠰᠬᠠᠵᠤ᠂ ᠪᠠᠲᠤᠯᠠᠭ᠎ᠠ ᠶᠢᠨ ᠣᠷᠣᠨ ᠰᠠᠭᠤᠴᠠ ᠶᠢᠨ ᠺᠣᠮᠫᠠᠨᠢ ᠶᠢᠨ | ᠨᠡᠭᠡᠭᠡᠨ ᠬᠥᠭᠵᠢᠭᠦᠯᠦᠭᠰᠡᠨ ᠵᠢᠦ ᠶᠤᠸᠠᠨ ᠭᠤᠤᠯ ᠤᠨ ᠦᠵᠡᠮᠵᠢ ᠶᠢᠨ ᠲᠥᠷᠥᠯ ᠵᠦᠶᠯ ᠢ ᠤᠷᠤᠭᠰᠢᠲᠠᠶ | ᠬᠡᠷᠡᠭᠵᠢᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠶᠢ ᠴᠢᠩᠭ᠎ᠠ ᠠᠳᠬᠤᠵᠤ᠂ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠤᠭ | ᠨᠣᠪᠰᠢ ᠪᠠ ᠪᠠᠷᠢᠯᠭ᠎ᠠ ᠶᠢᠨ ᠬᠤᠭ ᠨᠣᠪᠰᠢ ᠶᠢ 3.7 ᠲᠦᠮᠡᠨ ᠪᠣᠰᠤᠭ᠎ᠠ ᠳᠥᠷᠪᠡᠯᠵᠢᠨ ᠮᠧᠲᠷ ᠴᠡᠪᠡᠷᠯᠡᠨ ᠠᠷᠢᠯᠭᠠᠵᠤ | ᠂ ᠶᠡᠷᠦᠩᠬᠡᠢ ᠪᠡᠯᠡ ᠣᠷᠣᠭᠤᠯᠤᠯᠲᠠ ᠨᠢ 7.4 ᠳ᠋ᠦᠩᠰᠢᠭᠤᠷ ᠲᠥᠭᠦᠷᠢᠭ ᠤᠨ 8 ᠵᠦᠢᠯ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠠᠰᠠᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂《 ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ | ᠦᠭᠡᠢ ᠪᠣᠬᠢᠷᠲᠤᠯ ᠲᠠᠢ 》129 ᠠᠵᠤ ᠠᠬᠤᠶᠢᠯᠠᠯ ᠢ ᠴᠡᠭᠴᠡᠯᠡᠨ ᠵᠠᠰᠠᠵᠤ᠂ 41 ᠲᠣᠰᠬᠤᠨ᠂ 2.3 ᠲᠦᠮᠡᠨ | ᠡᠷᠦᠬᠡ᠂ 302 ᠲᠦᠮᠡᠨ ᠲᠡᠭᠰᠢ ᠳᠥᠷᠪᠡᠯᠵᠢᠨ ᠮᠧᠲᠷ ᠤᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ | ᠶᠡᠷᠦᠩᠬᠡᠶᠢᠯᠡᠨ ᠵᠠᠰᠠᠬᠤ ᠠᠵᠢᠯ ᠢ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠥᠷᠨᠢᠭᠦᠯᠪᠡ︔ ᠰᠠᠨ ᠭᠧᠨ ᠼᠠᠢ | ᠣᠷᠣᠨ ᠪᠦᠰᠡ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠲᠥᠪᠯᠡᠷᠡᠩᠭᠦᠶ ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ 8 ᠶᠢ ᠪᠠᠶᠢᠭᠤᠯᠵᠤ᠂ 2233 ᠲᠠᠷᠠᠬᠠᠶ | ᠮᠠᠶ᠋ᠢᠭ ᠤᠨ ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ ᠶᠢ ᠤᠭᠰᠠᠷᠠᠵᠤ᠂ 56 ᠨᠡᠶᠢᠲᠡ ᠶᠢᠨ ᠵᠣᠷᠯᠣᠩ᠂ | 8208 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠨᠢ ᠬᠤᠶᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠣᠯᠠᠨ | ᠨᠡᠶᠢᠲᠡ ᠶᠢᠨ ᠦᠶᠯᠡᠴᠢᠯᠡᠭᠡᠨ ᠤ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠪᠤᠤ ᠮᠤᠤ ᠳᠡᠭᠡᠳᠦ | ᠬᠤᠷᠳᠤ ᠶᠢᠨ ᠵᠠᠰᠠᠮᠠᠯ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠪᠤᠭᠤᠲᠤ ᠢᠷᠭᠠᠶ ᠶᠢᠨ ᠳᠡᠭᠡᠳᠦ ᠬᠤᠷᠳᠤ | ᠶᠢᠨ ᠲᠡᠮᠦᠷ ᠵᠠᠮ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠲᠠᠯᠠᠪᠤᠷ | ᠭᠠᠵᠠᠷ ᠢ ᠡᠮᠬᠢᠯᠡᠨ ᠨᠡᠶᠢᠯᠡᠭᠦᠯᠬᠦ ᠲᠥᠷᠥᠯ ᠵᠦᠶᠯ ᠤᠨ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠦᠨᠳᠦᠰᠦᠨ | ᠳᠡᠭᠡᠨ ᠪᠡᠶᠡᠯᠡᠭᠦᠯᠵᠦ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠶᠡᠷᠦᠩᠬᠡᠶᠢᠯᠡᠨ | ᠴᠡᠭᠴᠡᠯᠡᠵᠦ ᠵᠠᠰᠠᠬᠤ ᠠᠵᠢᠯ ᠢ ᠥᠷᠨᠢᠭᠦᠯᠦᠨ᠂ 110 ᠤᠯᠤᠰ ᠤᠨ ᠵᠠᠮ ᠤᠨ ᠵᠢᠦ ᠶᠤᠸᠠᠨ ᠤ ᠬᠡᠰᠡᠭ᠂ ᠨᠠᠮᠤᠭ ᠤᠨ | ᠡᠮᠦᠨᠡᠬᠢ ᠶᠡᠭᠡ ᠵᠠᠮ ᠢ ᠤᠷᠤᠭᠰᠢᠲᠠᠶ ᠨᠡᠪᠲᠡᠷᠡᠭᠦᠯᠪᠡ᠃ 2143 ᠲᠦᠮᠡᠨ ᠲᠥᠭᠦᠷᠢᠭ ᠤᠨ ᠪᠡᠯᠡ ᠣᠷᠣᠭᠤᠯᠵᠤ᠂ | ᠬᠠᠲᠤᠨ ᠭᠤᠣᠯ ᠤᠨ ᠰᠠᠨ ᠴᠠ ᠺᠧᠦ᠂ ᠡᠦ ᠰᠦ᠋ ᠶᠢᠨ ᠠᠶᠤᠯᠲᠤ ᠪᠠᠷᠢᠯᠭ᠎ᠠ ᠳᠤ ᠠᠶᠤᠯ ᠠᠴᠠ ᠠᠪᠤᠷᠠᠨ | ᠪᠠᠬᠢᠵᠢᠭᠦᠯᠵᠦ᠂ ᠪᠠᠭ᠎ᠠ ᠴᠠᠭᠠᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠵᠤ | ᠦᠶᠡᠷ ᠢ ᠵᠠᠯᠠᠬᠤ ᠴᠥᠭᠦᠷᠥᠮ ᠤᠨ ᠣᠷᠣᠨ ᠤ ᠦᠷᠭᠦᠯᠵᠢᠯᠡᠨ ᠪᠠᠶᠢᠭᠤᠯᠬᠤ ᠪᠠᠷᠢᠯᠭ᠎ᠠ ᠶᠢ ᠠᠬᠢᠭᠤᠯᠪᠠ᠃ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠪᠡ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ | ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ ᠡᠨᠡ ᠨᠢᠭᠡ ᠵᠢᠯ | ᠳᠤ᠂ ᠪᠢᠳᠡ ᠨᠡᠶᠢᠭᠡᠮ ᠤᠨ ᠠᠷᠠᠳ ᠤᠨ ᠠᠮᠢᠳᠤᠷᠠᠯ ᠢ ᠴᠢᠷᠮᠠᠶᠢᠨ ᠪᠠᠲᠤᠯᠠᠨ ᠰᠠᠶᠢᠵᠢᠷᠠᠭᠤᠯᠪᠠ᠃ ᠠᠷᠠᠳ ᠤᠨ | ᠠᠮᠢᠳᠤᠷᠠᠯ ᠤᠨ 10 ᠪᠣᠳᠠᠲᠤ ᠶᠠᠪᠤᠳᠠᠯ ᠤᠨ ᠲᠥᠷᠥᠯ ᠵᠦᠢᠯ ᠢ ᠠᠮᠵᠢᠯᠲᠠ ᠲᠠᠢ ᠪᠡᠶᠡᠯᠡᠭᠦᠯᠪᠡ᠃《 ᠬᠢᠵᠢᠭ ᠲᠠᠢ | ᠲᠡᠮᠡᠴᠡᠬᠦ᠂ ᠠᠵᠢᠯ ᠢᠶᠠᠨ ᠰᠡᠷᠭᠦᠭᠡᠬᠦ ᠶᠢ ᠪᠠᠲᠤᠯᠠᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ 》ᠲᠤᠰᠬᠠᠶ | ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠱᠠᠲᠤ ᠦᠶᠡᠴᠢ | ᠴᠢᠨᠠᠷᠲᠠᠶ ᠪᠠᠷ 9269 ᠲᠦᠮᠡᠨ ᠲᠥᠭᠦᠷᠢᠭ ᠬᠠᠰᠤᠵᠤ ᠭᠡᠯᠳᠦᠷᠢᠭᠦᠯᠦᠨ᠂ ᠠᠳᠠᠯ ᠦᠶᠯᠡᠰ ᠴᠣᠭᠴᠠᠯᠠᠬᠤ | ᠲᠠᠭᠠᠭᠠᠯᠳᠠᠳᠤ ᠵᠢᠭᠡᠯᠡᠯᠭᠡ ᠶᠢ 7056 ᠲᠦᠮᠡᠨ ᠲᠥᠭᠦᠷᠢᠭ ᠲᠠᠷᠬᠠᠭᠠᠪᠠ᠃ ᠪᠤᠭᠤᠳᠤ ᠶᠢᠨ ᠭᠤᠴᠢᠨ ᠭᠤᠷᠪᠠᠳᠤᠭᠠᠷ | ᠳᠤᠮᠳᠠᠳᠤ ᠰᠤᠷᠭᠠᠭᠤᠯᠢ ᠶᠢᠨ ᠬᠦᠷᠢᠶ᠎ᠡ ᠶᠢ ᠳᠡᠭᠡᠭᠰᠢᠯᠡᠭᠦᠯᠬᠦ᠂ ᠱᠠ ᠾᠧ ᠶᠢᠨ ᠵᠢᠷᠭᠤᠳᠤᠭᠠᠷ ᠪᠠᠭ᠎ᠠ ᠰᠤᠷᠭᠠᠭᠤᠯᠢ ᠶᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠱᠠ ᠾᠧ ᠶᠢᠨ ᠬᠤᠶᠠᠳᠤᠭᠠᠷ | ᠪᠠᠭ᠎ᠠ ᠰᠤᠷᠭᠠᠭᠤᠯᠢ ᠶᠢᠨ ᠡᠮᠦᠨ᠎ᠡ ᠲᠣᠭᠤᠷᠢᠭ ᠵᠡᠷᠭᠡ 4 ᠰᠤᠷᠭᠠᠭᠤᠯᠢ ᠶᠢᠨ ᠰᠢᠷᠣᠶ ᠶᠢᠨ ᠲᠠᠮᠢᠷ ᠤᠨ ᠲᠠᠯᠠᠪᠠᠢ ᠶᠢ | ᠥᠭᠡᠷᠡᠴᠢᠯᠡᠵᠦ᠂ 6 ᠰᠠᠭᠤᠭᠠᠯᠢ ᠠᠷᠠᠳ ᠤᠨ ᠬᠤᠷᠢᠶᠠᠯᠠᠯ ᠤᠨ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠤᠨ | ᠲᠦᠭᠡᠮᠡᠯ ᠬᠠᠷᠠᠭᠠᠯᠵᠠᠯ ᠤᠨ ᠴᠢᠨᠠᠷᠲᠠᠶ ᠪᠠᠶᠢᠭᠤᠯᠤᠯ ᠤᠨ ᠥᠭᠡᠷᠡᠴᠢᠯᠡᠯᠲᠡ ᠶᠢ ᠪᠡᠶᠠᠯᠡᠭᠦᠯᠪᠡ᠃ ᠲᠤᠭᠤᠷᠢᠭ ᠤᠨ | ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠡᠭᠦᠯ ᠬᠠᠮᠠᠭᠠᠯᠠᠯ ᠤᠨ ᠰᠢᠯᠭᠠᠨ | ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠤᠭᠤᠲᠤ ᠶᠢᠨ ᠡᠮᠨᠡᠯᠭᠡ ᠶᠢᠨ | ᠳᠡᠭᠡᠳᠦ ᠰᠤᠷᠭᠠᠭᠤᠯᠢ ᠲᠠᠢ ᠬᠠᠮᠲᠤᠷᠠᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠵᠢᠭᠠᠨ ᠰᠤᠷᠭᠠᠯᠲᠠ ᠶᠢᠨ | ᠴᠡᠭ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ | ᠵᠢᠱᠢᠶ᠎ᠡ ᠦᠵᠡᠭᠦᠯᠬᠦ ᠣᠷᠣᠨ ᠤ ᠦᠨᠡᠯᠡᠨ ᠵᠢᠱᠢᠵᠦ ᠰᠢᠯᠭᠠᠨ ᠠᠪᠬᠤ ᠳᠤ ᠤᠷᠤᠭᠰᠢᠲᠠᠶ ᠪᠠᠲᠤᠯᠠᠭᠳᠠᠪᠠ᠃ ᠨᠡᠶᠢᠭᠡᠮ | ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠴᠠᠯᠢᠩ ᠬᠥᠯᠥᠰᠥ ᠶᠢᠨ ᠰᠢᠰᠲ᠋ᠧᠮ ᠢ ᠪᠠᠶᠢᠭᠤᠯᠵᠤ᠂ 191 | ᠬᠥᠮᠦᠨ ᠤ ᠴᠠᠯᠢᠩ ᠬᠥᠯᠥᠰᠥ ᠶᠢ ᠵᠢᠷᠤᠮᠵᠢᠭᠤᠯᠬᠤ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ 61 ᠠᠵᠢᠯᠲᠠᠨ ᠢ | ᠰᠢᠨ᠎ᠡ ᠪᠠᠷ ᠡᠯᠰᠡᠪᠡ᠃ ᠵᠢᠶᠠᠨ ᠰᠢᠨ ᠵᠡᠭᠡᠯᠢ᠂ ᠬᠤᠸᠠ ᠶᠤᠸᠠᠨ ᠵᠠᠮ᠂ ᠬᠠᠨ ᠴᠢᠩ ᠪᠠ ᠵᠠᠮ ᠤᠨ ᠬᠤᠭᠤᠯᠠᠢ ᠲᠣᠣᠷ | ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠠᠵᠤ ᠦᠢᠯᠡᠳᠪᠦᠷᠢ ᠲᠠᠷᠢᠶᠠᠯᠠᠩ ᠤᠨ ᠵᠡᠭᠡᠯᠢ᠂ ᠲᠠᠶᠢᠶᠤᠸᠠᠨ ᠵᠠᠮ ᠤᠨ | ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠥᠭᠡᠷᠡᠴᠢᠯᠡᠯᠲᠡ ᠶᠢ ᠠᠬᠢᠭᠤᠯᠵᠤ᠂ ᠴᠡᠴᠡᠷᠯᠢᠭ ᠤᠨ | ᠨᠣᠭᠤᠭᠠᠷᠠᠭᠤᠯᠤᠯᠲᠠ ᠪᠠ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ 3 ᠢᠨᠵᠧᠨᠧᠷᠢᠩ ᠢ ᠬᠡᠷᠡᠭᠵᠢᠭᠦᠯᠪᠡ᠃ ᠶᠢᠨ | ᠱᠠ ᠬᠤᠸᠠ ᠹᠦ᠋᠂ ᠬᠤᠸᠠ ᠶᠤᠸᠠᠨ ᠬᠤᠷᠢᠶᠠᠯᠠᠯ ᠵᠡᠷᠭᠡ ᠠᠷᠪᠠᠨ 43.2 ᠲᠦᠮᠡᠨ ᠲᠡᠭᠰᠢ ᠳᠥᠷᠪᠡᠯᠵᠢᠨ ᠮᠧᠲᠷ ᠤᠨ | ᠬᠠᠭᠤᠴᠢᠨ ᠬᠤᠷᠢᠶᠠᠯᠠᠯ ᠢ ᠶᠡᠷᠦᠩᠬᠡᠶᠢᠯᠡᠨ ᠥᠭᠡᠷᠡᠴᠢᠯᠡᠵᠦ᠂ 6 ᠰᠠᠭᠤᠷᠢ ᠬᠠᠭᠤᠴᠢᠨ ᠠᠰᠠᠷ ᠳᠤ ᠴᠠᠬᠢᠯᠭᠠᠨ ᠱᠠᠲᠤ | ᠨᠡᠮᠡᠵᠦ ᠤᠭᠰᠠᠷᠠᠬᠤ ᠢᠨᠵᠧᠨᠧᠷᠢᠩ ᠢ ᠲᠤᠷᠰᠢᠨ ᠬᠡᠷᠡᠭᠵᠢᠭᠦᠯᠵᠦ᠂ 3 ᠰᠠᠭᠤᠷᠢ ᠬᠤᠭ ᠨᠣᠪᠰᠢ ᠶᠢ ᠲᠥᠷᠥᠯ | ᠬᠤᠪᠢᠶᠠᠬᠤ ᠲᠤᠷᠰᠢᠯᠲᠠ ᠶᠢ ᠪᠡᠶᠡᠯᠡᠭᠦᠯᠵᠦ᠂ 7684 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ᠃《 | ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠶᠳᠪᠦᠷᠢᠯᠡᠬᠦ ᠣᠨ 》 ᠤ ᠲᠤᠰᠬᠠᠶ ᠠᠵᠢᠯᠯᠠᠭ᠎ᠠ ᠶᠢ ᠭᠦᠨᠵᠡᠭᠡᠶ | ᠦᠷᠨᠢᠭᠦᠯᠪᠡ᠃ ᠲᠤᠭᠤᠷᠢᠭ ᠤᠨ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠪᠠᠷᠠᠭᠤᠨ ᠬᠤᠶᠢᠲᠤ ᠣᠷᠣᠨ ᠤ | ᠴᠣᠷ ᠤᠨ ᠭᠠᠭᠴᠠ 2020 ᠣᠨ ᠤ《 ᠰᠢᠨ᠎ᠡ ᠶᠢ ᠡᠭᠦᠳᠬᠦ ᠳᠤᠮᠳᠠᠳᠤ ᠤᠯᠤᠰ 》ᠲᠤᠭᠤᠷᠢᠭ ᠤᠨ ᠰᠢᠶᠠᠨ ᠤ | ᠱᠠᠲᠤᠨ ᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠮᠤᠭ ᠤᠨ ᠰᠠᠶᠢᠨ ᠬᠡᠷᠡᠭ ᠤᠨ ᠵᠢᠱᠢᠶ᠎ᠡ ᠪᠣᠯᠤᠭᠰᠠᠨ | ᠲᠤᠭᠤᠷᠢᠭ ᠤᠨ ᠲᠠᠰ ᠤᠨ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠵᠠᠶ᠃ ᠲᠣᠭᠤᠷᠢᠭ ᠤᠨ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ ᠨᠢ《 ᠤᠯᠤᠰ ᠲᠥᠷᠥ ᠪᠠᠷ ᠴᠠᠭᠳᠠᠭ᠎ᠠ ᠪᠠᠶᠢᠭᠤᠯᠵᠤ ᠴᠠᠭᠳᠠᠭ᠎ᠠ ᠶᠢ ᠪᠥᠬᠦ | ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠬᠤ 》ᠪᠥᠬᠦ ᠤᠯᠤᠰ ᠤᠨ 5 ᠰᠢᠶᠠᠨ ᠤ ᠱᠠᠲᠤᠨ ᠤ ᠲᠤᠷᠰᠢᠯᠲᠠ ᠶᠢᠨ | ᠨᠢᠭᠡᠴᠢ ᠶᠢᠨ ᠨᠢᠭᠡ ᠪᠠᠷ ᠲᠣᠭᠲᠠᠭᠠᠭᠳᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ《 ᠪᠤᠭᠤᠲᠤ ᠶᠢᠨ ᠥᠯᠢᠭᠡᠷ ᠬᠡᠪ | 》 ᠢ ᠪᠣᠶ ᠪᠣᠯᠭᠠᠬᠤ ᠶᠢ ᠠᠬᠢᠭᠤᠯᠪᠠ᠃ | ᠲᠥᠯᠥᠭᠡᠯᠡᠭᠴᠢᠳ ᠡ᠂ ᠲᠠᠪᠤᠨ ᠵᠢᠯ ᠤᠨ ᠲᠡᠮᠡᠴᠡᠯ ᠤᠨ ᠥᠩᠭᠡᠷᠡᠯᠲᠡ ᠪᠠᠨ ᠡᠷᠭᠢᠴᠡᠭᠦᠯᠪᠡᠯ᠂ ᠪᠢᠳᠡ᠄ ᠵᠢᠥ | ᠶᠤᠸᠠᠨ ᠤ ᠤᠴᠢᠷ ᠶᠠᠪᠤᠳᠠᠯ ᠢ ᠰᠠᠶᠢᠲᠤᠷ ᠬᠢᠬᠦ ᠳᠤ᠂ ᠡᠷᠬᠡᠪᠰᠢ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ | ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠢᠮᠠᠭᠲᠠ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠶ | ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ ᠴᠢᠬᠤᠯᠠ ᠶᠡᠭᠡ ᠤᠯᠤᠰ | ᠲᠥᠷᠥ ᠶᠢᠨ ᠬᠠᠷᠢᠭᠤᠴᠠᠯᠭ᠎ᠠ ᠪᠣᠯᠭᠠᠵᠤ᠂《 ᠳᠥᠷᠪᠡᠨ ᠤᠬᠠᠮᠰᠠᠷ 》 ᠢ ᠪᠠᠲᠤ ᠪᠣᠶ ᠪᠣᠯᠭᠠᠵᠤ᠂《 ᠳᠥᠷᠪᠡᠨ | ᠢᠲᠡᠭᠡᠯ 》 ᠢᠶᠠᠨ ᠪᠠᠲᠤᠳᠬᠠᠵᠤ᠂《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠳᠡᠭᠡᠳᠦ ᠱᠠᠲᠤᠨ ᠤ ᠡᠯ᠎ᠡ | ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠵᠢᠥ ᠶᠤᠸᠠᠨ ᠲᠤᠭᠤᠷᠢᠭ ᠲᠤ ᠨᠠᠶᠢᠳᠠᠪᠤᠷᠢᠵᠢᠭᠤᠯᠬᠤ ᠶᠢ | ᠪᠠᠳᠤᠯᠠᠪᠠ︔ ᠡᠷᠬᠡᠪᠰᠢ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ ᠶᠢ ᠪᠠᠷᠢᠮᠲᠠᠯᠠᠵᠤ᠂ ᠲᠤᠭᠤᠷᠢᠭ ᠤᠨ | ᠪᠠᠶᠢᠳᠠᠯ ᠳᠠᠭᠠᠨ ᠰᠠᠭᠤᠷᠢᠯᠠᠬᠤ ᠬᠡᠷᠡᠭᠲᠡᠢ᠂ ᠳᠠᠷᠤᠢ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠠᠵᠢᠯ ᠦᠢᠯᠡᠰ | ᠢᠶᠠᠨ ᠲᠥᠯᠥᠪᠵᠢᠭᠦᠯᠵᠦ᠂ ᠬᠥᠭᠵᠢᠯᠲᠡ ᠶᠢ ᠡᠷᠢᠯᠬᠢᠯᠡᠬᠦ ᠳᠤ ᠥᠷᠭᠡᠨ ᠠᠭᠤᠳᠠᠮ ᠳᠡᠯᠡᠬᠡᠢ ᠶᠢᠨ ᠬᠠᠷᠠᠴᠠ᠂ ᠶᠡᠭᠡ | ᠲᠠᠯ᠎ᠠ ᠶᠢᠨ ᠤᠬᠠᠮᠰᠠᠷ ᠲᠠᠢ ᠪᠠᠶᠢᠵᠤ᠂ ᠥᠷᠭᠡᠨ ᠠᠭᠤᠳᠠᠮ ᠬᠠᠷᠠᠭᠠᠰᠤ ᠠᠴᠠ ᠡᠯ᠎ᠡ ᠵᠦᠢᠯ ᠤᠨ ᠠᠵᠢᠯ ᠦᠢᠯᠡᠰ ᠢ | ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ︔ ᠡᠷᠬᠡᠪᠰᠢ ᠦᠵᠡᠯ ᠰᠠᠨᠠᠭ᠎ᠠ | ᠪᠠᠨ ᠴᠢᠯᠥᠭᠡᠯᠡᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ | ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠭᠠᠳᠠᠭᠠᠳᠤ ᠨᠡᠭᠡᠭᠡᠯᠳᠠ ᠬᠠᠮᠲᠤᠷᠠᠯᠴᠠᠭ᠎ᠠ ᠶᠢ | ᠢᠳᠡᠪᠬᠢᠲᠡᠢ ᠥᠷᠭᠡᠳᠬᠡᠵᠦ᠂ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ ᠲᠠᠰᠤᠷᠠᠯᠳᠠ ᠦᠭᠡᠢ ᠬᠦᠭᠵᠢᠭᠡᠪᠡ︔ | ᠡᠷᠬᠡᠪᠰᠢ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ᠂ ᠪᠥᠲᠥᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ | ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠨ᠎ᠡ ᠬᠤᠲᠠ ᠲᠣᠭᠤᠷᠢᠭ ᠤᠨ ᠬᠥᠭᠵᠢᠯᠲᠡ᠂ ᠬᠠᠭᠤᠴᠢᠨ ᠬᠤᠲᠠ | ᠲᠣᠭᠤᠷᠢᠭ ᠢ ᠰᠢᠨᠡᠳᠬᠡᠨ ᠥᠭᠡᠷᠡᠴᠢᠯᠡᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ | ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠣᠯᠠᠨ ᠨᠡᠶᠢᠲᠡ ᠶᠢᠨ ᠦᠶᠯᠡᠴᠢᠯᠡᠭᠡ ᠶᠢᠨ ᠢᠵᠢ | ᠪᠥᠷᠢᠳᠦᠭᠦᠯᠬᠦ ᠶᠢ ᠲᠡᠭᠦᠯᠳᠡᠷᠵᠢᠭᠦᠯᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ | ᠬᠥᠳᠡᠭᠡ ᠶᠢᠨ ᠳᠦᠷᠰᠦ ᠪᠠᠶᠢᠳᠠᠯ ᠤᠨ ᠴᠣ ᠰᠢᠨ᠎ᠡ ᠪᠣᠯᠬᠤ ᠶᠢ ᠠᠬᠢᠭᠤᠯᠪᠠ︔ ᠡᠷᠬᠡᠪᠰᠢ ᠠᠮᠢ ᠠᠬᠤᠶ ᠶᠢ ᠤᠷᠢᠳ | ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ᠂ | ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠳᠤ ᠠᠩᠬᠠᠷᠤᠯ ᠢᠶᠠᠨ | ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ | ᠶᠢᠨ ᠰᠢᠷᠢᠰ ᠢᠨᠵᠧᠨᠧᠷᠢᠩ ᠢ ᠬᠡᠷᠡᠭᠵᠢᠭᠦᠯᠵᠦ᠂ ᠬᠥᠬᠡ ᠣᠭᠲᠠᠷᠭᠤᠶ᠂ ᠴᠡᠪᠡᠷ ᠬᠥᠷᠥᠰᠥ᠂ ᠴᠡᠩᠭᠡᠭ ᠤᠰᠤ ᠶᠢ | ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠥᠬᠦ ᠲᠤᠭᠤᠷᠢᠭ ᠤᠨ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ︔ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠵᠤ᠂ ᠠᠷᠠᠳ | ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠣᠷᠣᠭᠤᠯᠤᠯᠲᠠ ᠶᠢᠨ ᠪᠠᠲᠤᠯᠠᠭ᠎ᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠢᠶᠠᠷ ᠭᠤᠤᠯᠯᠠᠬᠤ ᠰᠢᠷᠢᠰ ᠢᠨᠵᠧᠨᠧᠷᠢᠩ᠂ ᠠᠷᠠᠳ ᠤᠨ | ᠰᠡᠳᠬᠢᠯ ᠢ ᠠᠪᠬᠤ ᠢᠨᠵᠧᠨᠧᠷᠢᠩ᠂ ᠠᠷᠠᠳ ᠢᠶᠠᠷ ᠦᠨᠳᠦᠰᠦ ᠪᠤᠯᠭᠠᠬᠤ ᠢᠨᠵᠧᠨᠧᠷᠢᠩ ᠢ ᠬᠡᠷᠡᠭᠵᠢᠭᠦᠯᠵᠦ᠂ ᠨᠡᠩ | ᠤᠯᠠᠨ ᠦᠷ᠎ᠡ ᠪᠦᠲᠦᠭᠡᠯ ᠢ ᠤᠯᠠᠨ ᠲᠦᠮᠡᠨ ᠳᠤ ᠬᠦᠷᠳᠡᠭᠡᠪᠡ᠃ ᠦᠢᠯᠡᠳᠦᠯᠭᠡ ᠠᠴᠠ ᠭᠡᠷᠡᠴᠢᠯᠡᠭᠰᠡᠨ ᠨᠢ᠂ ᠪᠢᠳᠡ | ᠪᠦᠯᠬᠦᠮᠳᠡᠨ ᠨᠢᠭᠡᠳᠴᠦ᠂ ᠡᠷᠡᠯᠬᠡᠭᠯᠡᠨ ᠲᠡᠮᠡᠴᠡᠵᠦ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ | ᠂ ᠨᠢᠭᠡ ᠬᠤᠭᠤᠴᠠᠭ᠎ᠠ ᠨᠢ ᠨᠢᠭᠡ ᠬᠤᠭᠤᠴᠠᠭ᠎ᠠ ᠪᠠᠨ ᠵᠠᠯᠭᠠᠨ ᠠᠵᠢᠯᠯᠠᠪᠠᠯ᠂ ᠵᠢᠥ ᠶᠤᠸᠠᠨ ᠲᠤᠭᠤᠷᠢᠭ ᠤᠨ ᠮᠠᠷᠭᠠᠰᠢ | ᠨᠠᠩ ᠰᠠᠶᠢᠨ ᠰᠠᠶᠢᠬᠠᠨ ᠪᠣᠯᠤᠨ᠎ᠠ︕ | ᠲᠠᠪᠤᠨ ᠵᠢᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠨᠢ ᠬᠢᠯᠪᠠᠷᠬᠠᠨ ᠣᠯᠤᠭᠰᠠᠨ ᠪᠢᠰᠢ᠂ | ᠦᠢᠯᠡᠳᠦᠯᠭᠡ ᠶᠢᠨ ᠲᠤᠷᠰᠢᠯᠭ᠎ᠠ ᠲᠤᠶᠢᠯ ᠤᠨ ᠡᠷᠬᠢᠮ ᠨᠠᠨᠳᠢᠨ ᠶᠤᠮ᠂ ᠡᠨᠡ ᠨᠢ ᠲᠤᠭᠤᠷᠢᠭ ᠤᠨ ᠨᠠᠮ ᠤᠨ ᠬᠤᠷᠢᠶᠠᠨ | ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠶᠢᠨ ᠠᠴᠢ ᠲᠤᠰᠠ᠂ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠠᠴᠢ ᠲᠤᠰᠠ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ | ᠲᠦᠮᠡᠨ ᠤ ᠪᠦᠯᠬᠦᠮᠳᠡᠨ ᠲᠡᠮᠡᠴᠡᠭᠰᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠶᠢᠨ ᠠᠴᠢ | ᠲᠤᠰᠠ ᠶᠤᠮ︕ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ | ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ | ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ | ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ | ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠤᠷᠤᠭᠰᠢᠯᠠᠯᠲᠠ ᠶᠢᠨ ᠵᠠᠮ ᠳᠡᠭᠡᠷ᠎ᠡ ᠮᠥᠨᠬᠦ ᠴᠥᠭᠡᠨ | ᠪᠤᠰᠤ ᠬᠦᠴᠢᠷᠳᠡᠯ ᠪᠠ ᠥᠷᠢᠰᠥᠯᠳᠦᠭᠡᠨ ᠣᠷᠣᠰᠢᠵᠤ ᠪᠠᠶᠢᠬᠤ ᠶᠢ ᠪᠢᠳᠡ ᠡᠷᠬᠡᠪᠰᠢ ᠰᠡᠷᠭᠡᠭ ᠢᠶᠠᠷ ᠲᠠᠨᠢᠵᠤ ᠤᠯᠬᠤ | ᠬᠡᠷᠡᠭᠲᠡᠢ᠄ ᠨᠢᠭᠡ ᠳᠤ᠂ ᠨᠡᠮᠡᠭᠳᠡᠯ ᠢ ᠲᠣᠭᠲᠠᠪᠤᠷᠢᠵᠢᠭᠤᠯᠬᠤ ᠳᠠᠷᠤᠯᠲᠠ ᠨᠡᠯᠢᠶᠡᠳ ᠶᠡᠭᠡ ᠪᠠᠶᠢᠵᠤ᠂ ᠬᠤᠷᠸ᠎ᠠ ᠠᠵᠤ | ᠠᠬᠤᠢ ᠶᠢᠨ ᠪᠠᠶᠢᠳᠠᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠡᠬᠢ ᠪᠠᠶᠠᠯᠢᠭ | ᠣᠷᠴᠢᠨ ᠲᠣᠭᠤᠷᠢᠨ ᠪᠠ ᠡᠨᠧᠷᠭᠢ ᠶᠢᠨ ᠬᠤᠷᠣᠭᠳᠠᠯ ᠤᠨ《ᠬᠤᠣᠰ ᠡᠵᠡᠮᠳᠡᠯ 》 ᠤᠨ ᠬᠢᠵᠠᠭᠠᠷᠯᠠᠯ ᠴᠢᠩᠭᠠᠷᠠᠬᠤ | ᠵᠡᠷᠭᠡ ᠨᠥᠯᠥᠭᠡ ᠠᠴᠠ ᠪᠤᠯᠵᠤ᠂ ᠲᠦᠷᠦᠯ ᠵᠦᠢᠯ ᠤᠨ ᠲᠤᠯᠭᠠᠭᠤᠷᠢᠯᠠᠯ ᠪᠠ ᠪᠦᠲᠦᠮᠵᠢᠲᠡᠢ ᠪᠡᠯᠡ ᠣᠷᠣᠭᠤᠯᠤᠯᠲᠠ | ᠬᠦᠷᠦᠯᠴᠡᠬᠦ ᠦᠭᠡᠢ ᠪᠠᠶᠢᠵᠤ᠂ ᠭᠤᠷᠪᠠᠨ ᠠᠵᠤ ᠦᠢᠯᠡᠰ ᠤᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠤᠯᠠᠮ | ᠴᠢᠨᠠᠭᠰᠢᠳᠠ ᠲᠦᠷᠭᠡᠳᠬᠡᠬᠦ ᠴᠢᠬᠤᠯᠠᠲᠠᠢ ᠪᠠᠶᠢᠨ᠎ᠠ︔ ᠬᠤᠶᠠᠷ ᠲᠤ᠂ ᠬᠤᠲᠠ ᠬᠥᠳᠡᠭᠡ ᠶᠢᠨ ᠬᠥᠭᠵᠢᠯᠲᠡ | ᠲᠡᠩᠴᠡᠭᠦᠷᠢ ᠦᠭᠡᠶ ᠪᠠᠶᠢᠵᠤ᠂ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠪᠣᠯᠤᠨ ᠰᠠᠭᠤᠭᠠᠯᠢ | ᠠᠷᠠᠳ ᠤᠨ ᠣᠷᠣᠯᠭ᠎ᠠ ᠮᠥᠨ ᠬᠦ ᠵᠣᠬᠢᠬᠤ ᠵᠥᠷᠢᠶ᠎ᠡ ᠲᠠᠢ ᠪᠠᠶᠢᠭᠰᠠᠭᠠᠷ︔ ᠭᠤᠷᠪᠠ ᠳᠤ᠂ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠵᠥᠷᠢᠴᠡᠯ ᠳᠤᠪᠤᠶᠢᠮ᠎ᠠ ᠪᠠᠶᠢᠵᠤ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ | ᠨᠡᠮᠡᠭᠳᠡᠯ ᠤᠳᠠᠭᠠᠰᠢᠷᠠᠨ᠂ ᠡᠯ᠎ᠡ ᠲᠥᠷᠥᠯ ᠤᠨ ᠵᠠᠶᠢᠯᠠᠰᠢ ᠦᠭᠡᠢ ᠵᠠᠷᠤᠯᠭ᠎ᠠ ᠲᠠᠰᠤᠷᠠᠯᠲᠠ ᠦᠭᠡᠢ ᠨᠡᠮᠡᠭᠳᠡᠵᠦ᠂ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠳᠠᠷᠤᠯᠲᠠ ᠮᠥᠨ ᠨᠡᠯᠢᠶᠡᠳ ᠶᠡᠭᠡ ᠪᠠᠶᠢᠵᠤ᠂ ᠣᠷᠣᠯᠭ᠎ᠠ | ᠵᠠᠷᠤᠯᠭ᠎ᠠ ᠶᠢᠨ ᠲᠡᠩᠴᠡᠭᠦᠷᠢ ᠶᠢ ᠪᠡᠶᠡᠯᠡᠭᠦᠯᠬᠦ ᠳᠤ ᠲᠤᠶᠢᠯ ᠤᠨ ᠬᠦᠴᠢᠷᠳᠡᠯ ᠲᠠᠢ ᠪᠠᠶᠢᠨ᠎ᠠ︔ ᠳᠥᠷᠪᠡ ᠳᠤ᠂ ᠣᠯᠠᠨ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠬᠠᠷᠢᠴᠠᠭᠤᠯᠪᠠᠯ᠂ ᠰᠤᠷᠭᠠᠨ ᠬᠥᠮᠦᠵᠢᠯ | ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠵᠠᠷᠢᠮ | ᠳᠤᠲᠠᠭᠤᠳᠠᠯ ᠣᠷᠣᠰᠢᠵᠤ᠂ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ᠂ ᠠᠳᠠᠯ ᠠᠬᠤᠶ ᠶᠢᠨ ᠦᠶᠯᠡᠴᠢᠯᠡᠭᠡ᠂ | ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠪᠠᠰᠠ ᠴᠥᠭᠡᠨ ᠪᠤᠰᠤ ᠠᠰᠠᠭᠤᠳᠠᠯ ᠢ ᠰᠢᠶᠳᠪᠦᠷᠢᠯᠡᠬᠦ | ᠴᠢᠬᠤᠯᠠᠲᠠᠶ ᠪᠠᠶᠢᠨ᠎ᠠ︔ ᠲᠠᠪᠤ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ | ᠬᠦᠷᠦᠯᠴᠡᠬᠦ ᠦᠭᠡᠢ᠂ ᠬᠤᠳᠠᠯᠳᠤᠭ᠎ᠠ ᠡᠵᠡᠩᠨᠡᠬᠦ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠰᠢᠯᠢᠳᠡᠭ ᠪᠤᠰᠤ᠂ | ᠨᠡᠶᠢᠭᠡᠮ ᠤᠨ ᠵᠠᠰᠠᠯᠲᠠ ᠶᠢᠨ ᠰᠢᠰᠲ᠋ᠧᠮ ᠲᠡᠭᠦᠯᠳᠡᠷ ᠪᠤᠰᠤ ᠪᠠᠶᠢᠵᠤ᠂ ᠬᠦᠨᠳᠦ ᠶᠡᠭᠡ ᠭᠡᠨᠡᠳᠲᠡ ᠡᠭᠦᠰᠦᠭᠰᠡᠨ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ | ᠵᠢᠷᠭᠤᠭ᠎ᠠ ᠳᠤ᠂ ᠬᠡᠰᠡᠭ ᠺᠠᠳ᠋ᠷ ᠦᠵᠡᠯ ᠰᠠᠨᠠᠭ᠎ᠠ ᠪᠠᠨ ᠴᠢᠯᠥᠭᠡᠯᠡᠭᠰᠡᠨ ᠦᠭᠡᠢ᠂ ᠬᠠᠷᠠᠭ᠎ᠠ ᠪᠠᠨ ᠥᠷᠭᠡᠳᠬᠡᠭᠰᠡᠨ | ᠦᠭᠡᠢ᠂ ᠰᠢᠨ᠎ᠡ ᠶᠢ ᠡᠭᠦᠳᠬᠦ ᠤᠬᠠᠮᠰᠠᠷ ᠢᠶᠠᠷ ᠴᠢᠩᠭ᠎ᠠ ᠪᠢᠰᠢ ᠪᠠᠶᠢᠬᠤ ᠵᠡᠷᠭᠡ ᠪᠣᠯᠤᠨ᠎ᠠ᠃ ᠡᠭᠦᠨ ᠤ ᠲᠤᠯᠠᠳᠠ᠂ | ᠪᠢᠳᠡ ᠠᠰᠠᠭᠤᠳᠠᠯ ᠤᠨ ᠳᠤᠲᠠᠭᠤᠳᠠᠯ ᠳᠤ ᠰᠢᠭᠤᠳ ᠬᠠᠨᠳᠤᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠤᠳᠤᠯᠭ᠎ᠠ | ᠬᠡᠷᠡᠭᠵᠢᠭᠦᠯᠦᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠠᠵᠢᠯ ᠢ ᠨᠡᠩ ᠰᠠᠶᠢᠨ ᠬᠢᠬᠦ ᠪᠠᠷ ᠴᠢᠷᠮᠠᠶᠢᠨ᠎ᠠ᠃ | |