ᠬᠤᠶᠠᠷ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠤᠯ ᠡᠭᠦᠷᠭᠡ | ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠤᠨ ᠮᠠᠭᠠᠳᠯᠠᠬᠤ ᠪᠣᠯ ᠪᠢᠳᠡᠨ ᠤ ᠬᠥᠭᠵᠢᠯᠲᠡ ᠶᠢ | ᠰᠦᠪᠡᠭᠴᠢᠯᠡᠬᠦ ᠶᠢᠨ ᠰᠠᠭᠤᠷᠢ ᠮᠥᠨ᠃ ᠢᠷᠡᠬᠦ ᠲᠠᠪᠤᠨ ᠵᠢᠯ ᠵᠢᠴᠢ ᠬᠤᠶᠢᠰᠢᠳᠠ ᠶᠢᠨ ᠨᠠᠩ ᠣᠷᠳᠣ ᠬᠤᠭᠤᠴᠠᠭ᠎ᠠ | ᠪᠣᠯ ᠮᠠᠨ ᠤ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ᠂ ᠴᠢᠨᠠᠷ ᠰᠠᠶᠢᠲᠠᠶ | ᠣᠳᠣᠬᠢᠴᠢᠯᠠᠭᠰᠠᠨ ᠭᠤᠤᠯ ᠬᠤᠲᠠ ᠲᠣᠭᠤᠷᠢᠭ ᠢ ᠪᠥᠲᠥᠭᠡᠨ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ | ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠲᠤ | ᠦᠷᠪᠢᠰᠦᠨ ᠳᠡᠯᠭᠡᠷᠡᠵᠦ ᠪᠠᠶᠢᠭ᠎ᠠ ᠨᠥᠯᠥᠭᠡ ᠮᠥᠨ ᠬᠦ ᠦᠷᠭᠦᠯᠵᠢᠯᠡᠵᠦ᠂ ᠭᠠᠳᠠᠭᠠᠳᠤ ᠬᠥᠭᠵᠢᠯᠲᠡ ᠶᠢᠨ ᠣᠷᠴᠢᠨ | ᠮᠥᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠬᠥᠭᠵᠢᠯᠲᠡ ᠶᠢᠨ ᠲᠣᠭᠲᠠᠭᠠᠯᠲᠤ ᠪᠤᠰᠤ ᠲᠣᠭᠲᠠᠭᠤᠨ | ᠪᠤᠰᠤ ᠬᠦᠴᠦᠨ ᠵᠦᠶᠯ ᠮᠥᠨ ᠨᠡᠯᠢᠶᠡᠳ ᠣᠯᠠᠨ ᠪᠠᠶᠢᠨ᠎ᠠ᠃ ᠭᠡᠪᠡᠴᠦ ᠬᠥᠭᠵᠢᠯᠲᠡ ᠶᠢᠨ ᠠᠰᠢᠭᠲᠠᠢ ᠡᠯᠧᠮᠧᠨ᠋ᠲ ᠶᠠᠭ | ᠲᠠᠰᠤᠷᠠᠯᠳᠠ ᠦᠭᠡᠢ ᠲᠥᠪᠯᠡᠷᠡᠵᠦ ᠪᠠᠶᠢᠬᠤ ᠶᠢ ᠪᠢᠳᠡ ᠨᠡᠩ ᠤᠯᠵᠤ ᠦᠵᠡᠬᠦ ᠬᠡᠷᠡᠭᠳᠡᠢ᠂ ᠮᠠᠨ ᠤ ᠤᠯᠤᠰ ᠨᠢᠭᠡᠨᠲᠡ | ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠰᠢᠯᠵᠢᠵᠦ᠂ ᠪᠦᠬᠦ ᠤᠯᠤᠰ ᠤᠨ ᠠᠵᠤ ᠠᠬᠤᠢ ᠲᠣᠭᠲᠠᠭᠤᠨ ᠤ | ᠳᠤᠮᠳᠠ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ | ᠶᠡᠷᠦᠩᠬᠡᠢ ᠱᠦᠵᠢ ᠰᠢ ᠶᠢᠨ ᠫᠢᠩ ᠤᠨ ᠲᠣᠭᠲᠠᠭᠠᠭᠰᠠᠨ《 ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ | ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ | ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠦᠷᠢᠯᠳᠦᠭᠦᠯᠬᠦ 》ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠲᠠ᠂ ᠵᠢᠭᠠᠵᠤ ᠭᠠᠷᠭᠠᠭᠰᠠᠨ《 ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ | ᠰᠦᠪᠡᠭᠴᠢᠯᠡᠬᠦ 》 ᠨᠢ ᠴᠥᠮ ᠪᠢᠳᠡᠨ ᠳᠤ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠦᠭᠴᠦ᠂ | ᠦᠨᠳᠦᠰᠦᠨ ᠵᠢᠷᠤᠮᠯᠠᠯ ᠬᠠᠩᠭᠠᠵᠠᠢ︔ ᠤᠯᠤᠰ ᠠᠴᠠ《 ᠵᠢᠷᠭᠤᠭ᠎ᠠ ᠶᠢ ᠲᠣᠭᠲᠠᠪᠤᠷᠢᠵᠢᠭᠤᠯᠬᠤ 》《 ᠵᠢᠷᠭᠤᠭ᠎ᠠ | ᠶᠢ ᠪᠠᠲᠤᠯᠠᠬᠤ 》 ᠶᠢᠨ ᠲᠣᠭᠤᠷᠢᠨ ᠳᠤ ᠨᠠᠩ ᠶᠡᠭᠡ ᠬᠡᠪᠴᠢᠶ᠎ᠡ ᠪᠠᠷ ᠭᠠᠶᠢᠯᠢ ᠶᠢ ᠪᠠᠭᠠᠰᠬᠠᠵᠤ ᠰᠦᠶᠳᠬᠡᠯ ᠢ | ᠪᠠᠭᠤᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ | ᠶᠢ ᠨᠡᠮᠡᠵᠦ ᠲᠠᠷᠬᠠᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠵᠡᠷᠭᠡ ᠠᠷᠭ᠎ᠠ | ᠬᠡᠮᠵᠢᠶ᠎ᠡ ᠵᠢᠴᠢ《 ᠨᠢᠭᠡ ᠪᠦᠰᠡ ᠨᠢᠭᠡ ᠵᠠᠮ 》 ᠤᠨ ᠰᠠᠨᠠᠭᠠᠴᠢᠯᠠᠭ᠎ᠠ ᠶᠢ ᠭᠦᠨᠵᠡᠭᠡᠶ ᠠᠬᠢᠭᠤᠯᠵᠤ᠂ ᠳᠤᠮᠳᠠᠳᠤ | ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ᠂ ᠰᠢᠨ᠎ᠡ ᠴᠠᠭ ᠦᠶ᠎ᠡ ᠳᠤ | ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ | ᠵᠢᠯᠣᠭᠤᠳᠬᠤ ᠰᠠᠨᠠᠯ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ | ᠰᠠᠶᠢᠲᠠᠶ ᠬᠥᠭᠵᠢᠯᠲᠡ ᠵᠢᠴᠢ ᠬᠠᠲᠤᠨ ᠭᠤᠤᠯ ᠤᠨ ᠬᠤᠲᠠ ᠶᠢᠨ ᠴᠠᠭᠠᠷᠢᠭ ᠤᠨ ᠬᠠᠮᠵᠢᠯᠴᠠᠨ ᠬᠥᠭᠵᠢᠬᠦ ᠶᠢ ᠤᠯᠤᠰ | ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠬᠦᠯᠬᠦ᠂ ᠥᠪᠡᠷᠲᠡᠭᠡᠨ ᠵᠠᠰᠠᠬᠤ ᠣᠷᠣᠨ ᠠᠴᠠ ᠬᠠᠲᠤᠨ ᠭᠤᠣᠯ | ᠳᠠᠭᠠᠤ ᠶᠢᠨ ᠠᠵᠤ ᠠᠬᠤᠶ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠠᠮᠵᠢᠯᠴᠠᠨ ᠬᠥᠭᠵᠢᠬᠦ ᠴᠢᠬᠤᠯᠠ ᠶᠡᠭᠡ ᠰᠢᠶᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠨᠢ ᠪᠦᠷ ᠪᠢᠳᠡᠨ ᠳᠤ ᠰᠠᠶᠢᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠠᠪᠴᠢᠷᠠᠵᠠᠶ︔ | ᠨᠠᠩ ᠴᠢᠬᠤᠯᠠ ᠨᠢ᠂ ᠮᠠᠨ ᠤ ᠲᠤᠭᠤᠷᠢᠭ ᠨᠢ ᠬᠠᠲᠤᠨ ᠭᠤᠤᠯ ᠳᠠᠭᠠᠤ ᠶᠢᠨ ᠠᠵᠤ ᠠᠬᠤᠶ ᠶᠢᠨ ᠪᠦᠰᠡ ᠪᠠ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠰᠢᠨ᠎ᠡ ᠲᠣᠮᠣ ᠬᠤᠲᠠ ᠶᠢᠨ ᠲᠣᠭᠤᠷᠢᠭ᠂ ᠪᠠᠷᠠᠭᠠᠨ ᠤ ᠭᠦᠶᠯᠭᠡᠭᠡᠨ ᠤ | ᠬᠦᠷᠢᠶᠡᠯᠡᠩ ᠲᠣᠭᠤᠷᠢᠭ᠂ ᠢᠳᠡᠭᠡᠨ ᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠠᠪᠴᠠᠩ ᠳᠤ ᠲᠦᠰᠢᠭᠯᠡᠨ᠂ | ᠦᠷᠭᠦᠯᠵᠢᠯᠡᠨ ᠰᠠᠭᠤᠷᠢ ᠲᠠᠯᠪᠢᠬᠤ᠂ ᠨᠥᠭᠡᠴᠡ ᠬᠦᠴᠦᠨ ᠢ ᠨᠡᠮᠡᠭᠳᠡᠭᠦᠯᠬᠦ᠂ ᠳᠠᠯᠳᠠ ᠬᠦᠴᠦᠨ ᠢ ᠬᠤᠷᠠᠮᠳᠤᠭᠤᠯᠬᠤ | ᠪᠠᠷ ᠳᠠᠮᠵᠢᠭᠤᠯᠤᠨ᠂ ᠪᠥᠬᠦ ᠬᠤᠲᠠ ᠶᠢᠨ《 ᠳᠥᠷᠪᠡᠨ ᠰᠠᠭᠤᠷᠢᠨ ᠭᠠᠵᠠᠷ ᠬᠤᠶᠠᠷ ᠲᠥᠪ ᠨᠢᠭᠡ ᠥᠨᠳᠦᠷᠯᠢᠭ ᠨᠢᠭᠡ | ᠰᠢᠰᠲ᠋ᠧᠮ 》 ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠵᠠᠯᠭᠠᠨ ᠵᠣᠯᠭᠠᠭᠤᠯᠬᠤ ᠪᠣᠳᠠᠲᠤ | ᠨᠥᠬᠦᠴᠡᠯ ᠢ ᠪᠦᠷᠢᠯᠳᠦᠭᠦᠯᠪᠡ᠃ ᠪᠢᠳᠡ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ᠂ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ | ᠰᠢᠨ᠎ᠡ ᠬᠦᠰᠡᠯ ᠡᠷᠡᠮᠡᠯᠵᠡᠯ ᠢ ᠣᠨᠣᠪᠴᠢᠲᠠᠶ ᠡᠵᠡᠮᠳᠡᠵᠦ᠂ ᠠᠯᠬᠤᠮ ᠠᠯᠬᠤᠮ ᠢᠶᠠᠷ ᠯᠠᠪᠳᠠᠭᠤᠨ ᠪᠠᠲᠤᠲᠠᠶ ᠠᠳᠬᠤᠨ | ᠪᠣᠳᠠᠲᠠᠶ ᠠᠵᠢᠯᠯᠠᠵᠤ᠂ ᠨᠢᠭᠡ ᠵᠢᠯ ᠨᠢᠭᠡ ᠠᠯᠬᠤᠮ ᠢᠶᠠᠷ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠳᠠᠭ ᠯᠠ | ᠶᠤᠮ ᠪᠣᠯ ᠵᠢᠥ ᠶᠤᠸᠠᠨ ᠲᠤᠭᠤᠷᠢᠭ ᠤᠨ ᠬᠥᠭᠵᠢᠯᠲᠡ ᠶᠢᠨ ᠰᠢᠨ᠎ᠡ ᠬᠡᠷᠡᠯ ᠰᠠᠴᠤᠷᠠᠩᠭᠤᠶ ᠠᠮᠵᠢᠯᠲᠠ ᠶᠢ ᠳᠠᠬᠢᠨ | ᠡᠭᠦᠳᠬᠦ ᠨᠢ ᠯᠠᠪᠲᠠᠶ ᠶᠤᠮ᠃ | ᠲᠤᠭᠤᠷᠢᠭ ᠤᠨ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠨᠠᠶᠮᠠᠳᠤᠭᠠᠷ ᠪᠥᠬᠦᠳᠡ ᠬᠤᠷᠠᠯ ᠵᠢᠴᠢ | ᠲᠤᠭᠤᠷᠢᠭ ᠤᠨ ᠨᠠᠮ ᠤᠨ ᠬᠤᠷᠢᠶᠠᠨ ᠤ《ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ | ᠰᠠᠨᠠᠭᠤᠯᠭ᠎ᠠ ᠶᠢᠨ ᠵᠣᠷᠢᠭ ᠰᠠᠨᠠᠭ᠎ᠠ ᠶᠢ ᠦᠨᠳᠦᠰᠦᠯᠡᠪᠡᠯ᠂《ᠠᠷᠪᠠᠨ ᠳᠥᠷᠪᠡᠳᠦᠭᠡᠷ ᠲᠠᠪᠤᠨ ᠵᠢᠯ 》 ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠵᠢᠯᠣᠭᠤᠳᠬᠤ | ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ᠂ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠬᠦᠳᠠ ᠬᠤᠷᠠᠯ ᠢ | ᠪᠥᠬᠦ ᠲᠠᠯ᠎ᠠ ᠪᠠᠷ ᠲᠤᠭᠤᠰᠢᠯᠠᠭᠤᠯᠬᠤ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂《ᠲᠠᠪᠤ ᠶᠢ ᠨᠢᠭᠡ ᠴᠤᠭᠴᠠᠵᠢᠭᠤᠯᠬᠤ | 》ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂《ᠳᠥᠷᠪᠡᠨ ᠪᠦᠬᠦ ᠲᠠᠯ᠎ᠠ 》 ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠤᠨ᠂ ᠳᠡᠭᠡᠷ᠎ᠡ ᠭᠤᠷᠪᠠᠨ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ | ᠰᠢᠵᠢᠮ ᠪᠤᠯᠭᠠᠵᠤ᠂ ᠰᠢᠰᠲ᠋ᠧᠮ ᠤᠨ ᠦᠵᠡᠯᠲᠡ ᠶᠢ ᠪᠠᠷᠢᠮᠳᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ | ᠶᠢᠨ ᠠᠯᠬᠤᠴᠠ ᠶᠢ ᠲᠦᠷᠭᠡᠳᠬᠡᠨ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠂ | ᠭᠠᠳᠠᠭᠰᠢ ᠨᠡᠭᠡᠭᠡᠬᠦ ᠪᠠᠶᠢᠷᠢᠰᠢᠯ ᠢ ᠢᠳᠡᠪᠬᠢᠲᠡᠢ ᠪᠠᠷ ᠦᠷᠭᠡᠳᠭᠡᠵᠤ᠂ ᠬᠤᠲᠠ ᠬᠥᠳᠡᠭᠡ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠦᠯᠦᠪᠯᠡᠵᠦ᠂ ᠠᠮᠢ ᠠᠬᠤᠢ ᠶᠢᠨ ᠣᠷᠴᠢᠨ ᠨᠥᠬᠦᠴᠡᠯ ᠤᠨ | ᠶᠡᠷᠦᠩᠬᠡᠶᠢᠯᠡᠭᠰᠡᠨ ᠬᠠᠮᠠᠭᠠᠯᠠᠯᠲᠠ ᠶᠢ ᠴᠢᠩᠭᠠᠳᠬᠠᠨ᠂ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠲᠠᠰᠤᠷᠠᠯᠲᠠ | ᠥᠬᠡᠶ ᠲᠡᠭᠦᠯᠳᠡᠷᠵᠢᠭᠦᠯᠦᠨ᠂ ᠨᠡᠶᠢᠭᠡᠮ ᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠦᠴᠦᠯᠡᠨ | ᠰᠠᠶᠢᠵᠢᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠳᠤ ᠵᠢᠥ ᠶᠤᠸᠠᠨ ᠲᠤᠭᠤᠷᠢᠭ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠬᠥᠭᠵᠢᠯᠲᠡ ᠶᠢᠨ ᠪᠠᠶᠢᠷᠢ ᠲᠣᠭᠲᠠᠭᠠᠯᠲᠠ ᠪᠣᠯ᠄ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠪᠤᠭᠤᠲᠤ ᠬᠤᠲᠠ ᠶᠢᠨ ᠲᠥᠪ ᠬᠤᠲᠠ ᠶᠢ | ᠪᠥᠲᠥᠭᠡᠨ ᠪᠠᠶᠢᠭᠤᠯᠬᠤ ᠲᠡᠮᠡᠴᠡᠬᠦ ᠬᠠᠷᠠᠯᠲᠠ ᠲᠠᠢ ᠨᠢᠭᠲᠠ ᠤᠶᠠᠯᠳᠤᠭᠤᠯᠵᠤ᠂ ᠠᠵᠤ ᠠᠬᠤᠶ ᠶᠢᠨ ᠬᠥᠭᠵᠢᠯᠲᠡ ᠶᠢᠨ | ᠪᠠᠶᠢᠷᠢ ᠲᠣᠭᠲᠠᠭᠠᠯᠲᠠ ᠶᠢ ᠣᠲᠣ ᠦᠶ᠎ᠡ ᠶᠢᠨ ᠠᠵᠤ ᠦᠶᠯᠡᠰ ᠤᠨ ᠰᠢᠰᠲ᠋ᠧᠮ᠂ ᠬᠤᠲᠠ ᠶᠢᠨ ᠦᠶᠯᠡᠴᠢᠯᠡᠭᠡᠨ ᠤ | ᠴᠢᠳᠠᠮᠵᠢ ᠶᠢ ᠣᠷᠣᠨ ᠪᠦᠰᠡ ᠶᠢᠨ ᠲᠥᠪ ᠬᠤᠲᠠ ᠶᠢᠨ ᠲᠣᠭᠤᠷᠢᠭ᠂ ᠬᠥᠭᠵᠢᠯᠲᠡ ᠶᠢᠨ ᠬᠥᠳᠡᠯᠭᠡᠬᠦ ᠬᠦᠴᠦᠨ ᠤ | ᠲᠣᠭᠲᠠᠴᠠ ᠶᠢ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠭᠦᠷ ᠪᠣᠯᠭᠠᠬᠤ ᠳᠠᠰᠢ ᠬᠤᠪᠢᠷᠠᠭᠤᠯᠬᠤ ᠶᠢ ᠠᠬᠢᠭᠤᠯᠵᠤ᠂ | ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠪᠥᠬᠦ ᠬᠤᠲᠠ ᠶᠢᠨ | ᠲᠡᠷᠢᠭᠦᠨ ᠤ ᠰᠠᠭᠤᠷᠢ ᠮᠠᠲ᠋ᠧᠷᠢᠶᠠᠯ ᠤᠨ ᠠᠵᠤ ᠦᠶᠯᠡᠰ᠂ ᠵᠠᠩᠭᠢᠯᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠮᠠᠲ᠋ᠧᠷᠢᠶᠠᠯ | ᠤᠨ ᠠᠵᠤ ᠦᠶᠯᠡᠰ᠂ ᠣᠲᠣ ᠦᠶ᠎ᠡ ᠶᠢᠨ ᠡᠨᠧᠷᠭᠢ ᠶᠢᠨ ᠠᠵᠤ ᠦᠶᠯᠡᠰ ᠤᠨ ᠬᠡᠷᠡᠭᠯᠡᠭᠡ᠂ ᠴᠢᠨᠠᠷ ᠰᠠᠶᠢᠲᠠᠶ | ᠲᠠᠷᠢᠶᠠᠯᠠᠩ ᠮᠠᠯ ᠠᠵᠤ ᠠᠬᠤᠶ ᠶᠢᠨ ᠢᠳᠡᠭᠡᠨ ᠤ ᠠᠵᠤ ᠦᠶᠯᠡᠰ ᠤᠨ《ᠳᠥᠷᠪᠡᠨ ᠠᠴᠢᠶᠠᠯᠠᠪᠤᠷᠢ ᠶᠢᠨ ᠭᠠᠵᠠᠷ》 ᠢ | ᠪᠠᠶᠢᠭᠤᠯᠵᠤ᠂ ᠪᠥᠬᠦ ᠬᠤᠲᠠ ᠶᠢᠨ ᠭᠠᠳᠠᠭᠠᠳᠤ ᠨᠡᠭᠡᠭᠡᠯᠲᠡ ᠬᠠᠮᠲᠤᠷᠠᠯᠴᠠᠭ᠎ᠠ ᠶᠢᠨ《ᠨᠢᠭᠡ ᠰᠢᠨ᠎ᠡ ᠲᠠᠪᠴᠠᠩ》 ᠢ | ᠪᠠᠶᠢᠭᠤᠯᠤᠨ᠎ᠠ︔ ᠬᠠᠮᠵᠢᠯᠴᠠᠨ ᠬᠥᠭᠵᠢᠬᠦ ᠶᠢ ᠰᠢᠰᠲ᠋ᠧᠮ ᠲᠠᠢ ᠲᠥᠯᠥᠪᠵᠢᠭᠦᠯᠬᠦ ᠶᠢᠨ ᠲᠣᠭᠤᠷᠢᠨ ᠳᠤ᠂ ᠪᠥᠬᠦ ᠬᠤᠲᠠ | ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ᠂ | ᠣᠷᠣᠨ ᠪᠦᠰᠡ ᠶᠢᠨ ᠵᠠᠰᠠᠯᠲᠠ ᠶᠢᠨ《ᠭᠤᠷᠪᠠᠨ ᠵᠢᠱᠢᠶ᠎ᠡ ᠦᠵᠡᠭᠦᠯᠬᠦ ᠲᠣᠭᠤᠷᠢᠭ》 ᠢ ᠪᠥᠲᠥᠭᠡᠨ ᠪᠠᠶᠢᠭᠤᠯᠤᠨ᠎ᠠ︔ | ᠲᠥᠪ ᠬᠤᠲᠠ ᠶᠢᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠦᠵᠡᠰᠬᠦᠯᠡᠩᠲᠦ | ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ《ᠵᠣᠯ ᠵᠢᠷᠭᠠᠯᠲᠤ ᠬᠤᠲᠠ》 ᠶᠢ ᠪᠠᠶᠢᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠳᠣᠣᠷᠠᠬᠢ ᠬᠡᠳᠦᠨ ᠲᠠᠯ᠎ᠠ ᠠᠴᠠ ᠠᠵᠢᠯ ᠤᠨ | ᠬᠦᠴᠦᠯᠡᠬᠦ ᠴᠡᠭ ᠢ ᠣᠨᠣᠪᠴᠢᠲᠠᠶ ᠡᠷᠢᠵᠦ ᠣᠯᠤᠨ᠎ᠠ᠄ | —— ᠲᠡᠷᠢᠭᠦᠨ ᠤ ᠪᠣᠯᠬᠤ ᠪᠠᠷ ᠴᠢᠷᠮᠠᠶᠢᠬᠤ ᠶᠢ ᠪᠠᠳᠤᠯᠠᠨ᠎ᠠ᠃《ᠲᠡᠷᠢᠭᠦᠨ ᠤ ᠬᠡᠮᠵᠢᠶ᠎ᠡ 》 ᠶᠢᠨ | ᠤᠬᠠᠮᠰᠠᠷ ᠢ ᠪᠤᠢ ᠪᠣᠯᠭᠠᠵᠤ᠂《 ᠲᠣᠭᠲᠠᠭᠤᠨ ᠪᠠᠶᠢᠯᠭᠠᠬᠤ 》ᠤᠷᠢᠲᠠᠯ ᠳᠣᠣᠷ᠎ᠠ᠂《 ᠤᠷᠤᠭᠰᠢᠯᠠᠬᠤ 》ᠲᠠᠯ᠎ᠠ | ᠪᠠᠷ ᠨᠡᠩ ᠢᠯᠡᠭᠦᠦ ᠬᠦᠴᠦᠯᠡᠨ ᠴᠢᠷᠮᠠᠶᠢᠵᠤ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ | ᠶᠢᠨ ᠬᠤᠭᠤᠴᠠᠭᠠᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠳᠤᠮᠳᠠᠴᠢ ᠪᠠᠷ 8 % | ᠠᠴᠠ ᠳᠡᠭᠡᠭᠰᠢ ᠨᠡᠮᠡᠭᠳᠡᠭᠦᠯᠦᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠶᠠᠰᠤ ᠴᠢᠨᠠᠷ᠂ ᠳᠤᠮᠳᠠᠴᠢ ᠬᠡᠮᠵᠢᠶ᠎ᠡ ᠶᠢ | ᠶᠡᠭᠡ ᠪᠠᠷ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠪᠦᠬᠦ ᠬᠤᠲᠠ ᠶᠢᠨ ᠨᠢᠭᠡᠳᠦᠭᠡᠷ ᠡᠩᠨᠡᠭᠡᠨ | ᠳᠤ ᠤᠷᠤᠭᠤᠯᠤᠨ᠎ᠠ᠃ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ 5 ᠰᠢᠨ᠎ᠡ | ᠮᠠᠲ᠋ᠧᠷᠢᠶᠠᠯ ᠤᠨ ᠠᠵᠤ ᠦᠶᠯᠡᠰ ᠤᠨ ᠪᠦᠯᠦᠭᠵᠢᠯ ᠢᠶᠠᠷ ᠲᠤᠯᠭᠠᠭᠤᠷᠢᠯᠠᠯ ᠪᠣᠯᠭᠠᠭᠰᠠᠨ᠂ ᠣᠲᠣ ᠦᠶ᠎ᠡ ᠶᠢᠨ | ᠦᠶᠯᠡᠴᠢᠯᠡᠭᠡᠨ ᠤ ᠦᠶᠯᠡᠰ ᠢᠶᠠᠷ ᠭᠤᠤᠯ ᠴᠣᠭᠴᠠ ᠪᠣᠯᠭᠠᠭᠰᠠᠨ᠂ ᠶᠡᠭᠡ ᠬᠤᠲᠠ ᠶᠢᠨ ᠰᠡᠯᠡᠭᠦᠴᠡᠯ ᠤᠨ ᠲᠠᠷᠢᠶᠠᠯᠠᠩ | ᠢᠶᠠᠷ ᠣᠨᠴᠠᠯᠢᠭ ᠪᠣᠯᠭᠠᠭᠰᠠᠨ ᠠᠵᠤ ᠦᠶᠯᠡᠰ ᠤᠨ ᠰᠢᠰᠲ᠋ᠧᠮ ᠢ ᠪᠠᠶᠢᠭᠤᠯᠵᠤ᠂ ᠴᠢᠨᠠᠷ ᠰᠠᠶᠢᠲᠠᠶ ᠠᠵᠤ ᠦᠶᠯᠡᠰ ᠤᠨ | ᠬᠥᠭᠵᠢᠯᠲᠡ ᠶᠢᠨ ᠠᠴᠢᠶᠠᠯᠠᠪᠤᠷᠢ ᠭᠠᠵᠠᠷ ᠢ ᠴᠣᠭᠴᠠᠯᠠᠨ᠎ᠠ᠃ | —— ᠰᠢᠨ᠎ᠡ ᠶᠢ ᠡᠭᠦᠳᠦᠨ ᠨᠡᠭᠡᠭᠡᠯᠲᠡ ᠬᠢᠬᠦ ᠶᠢ ᠪᠠᠷᠢᠮᠲᠠᠯᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂《 ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ | ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠶᠯᠡᠰ ᠤᠨ ᠬᠡᠯᠬᠢᠶ᠎ᠡ᠂ ᠲᠥᠷᠥ ᠶᠢᠨ ᠪᠣᠳᠣᠯᠭ᠎ᠠ ᠶᠢᠨ ᠬᠡᠯᠬᠢᠶ᠎ᠡ᠂ | ᠴᠢᠳᠠᠪᠤᠷᠢᠲᠠᠨ ᠤ ᠬᠡᠯᠬᠢᠶ᠎ᠡ᠂ ᠪᠠᠯᠠ ᠮᠥᠩᠭᠦᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠵᠤ | ᠠᠬᠤᠶ ᠶᠢᠨ ᠨᠡᠮᠡᠭᠳᠡᠯ ᠳᠤ ᠦᠵᠡᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠪᠢ | ᠨᠡᠮᠡᠷᠢ ᠶᠢᠨ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃《 ᠨᠢᠭᠡ ᠪᠦᠰᠡ ᠨᠢᠭᠡ ᠵᠠᠮ 》 ᠤᠨ ᠬᠥᠭᠵᠢᠯᠲᠡ | ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠵᠢᠥ ᠶᠤᠸᠠᠨ ( ᠣᠯᠠᠨ ᠤᠯᠤᠰ ) ᠤ ᠪᠠᠷᠠᠭᠠᠨ ᠤ ᠭᠦᠶᠯᠭᠡᠭᠡᠨ ᠤ | ᠬᠦᠷᠢᠶᠡᠯᠡᠩ ᠳᠤ ᠲᠦᠰᠢᠭᠯᠡᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭ᠎ᠠ ᠪᠠ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠥᠨᠳᠥᠷ ᠪᠦᠲᠦᠮᠵᠢᠲᠡᠶ | ᠠᠵᠢᠯᠯᠠᠭᠠᠨ ᠢ ᠠᠬᠢᠭᠤᠯᠵᠤ᠂ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢ ᠶᠡᠭᠡ ᠪᠠᠷ ᠬᠥᠭᠵᠢᠭᠦᠯᠦᠨ᠂ | ᠪᠤᠭᠤᠲᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠶᠯᠭᠡᠭᠡᠨ ᠤ ᠲᠥᠪ ( B ᠬᠡᠯᠪᠡᠷᠢ ) ᠤᠨ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠢ ᠲᠠᠰ ᠳᠡᠪᠰᠢᠭᠦᠯᠬᠦ ᠪᠠᠷ ᠴᠢᠷᠮᠠᠶᠢᠵᠤ᠂ ᠥᠨᠳᠥᠷ ᠲᠦᠪᠰᠢᠨ ᠪᠥᠬᠦᠶ ᠨᠡᠭᠡᠭᠡᠯᠲᠡ ᠬᠢᠵᠦ | ᠬᠠᠮᠲᠤᠷᠠᠯᠴᠠᠬᠤ ᠰᠢᠨ᠎ᠡ ᠲᠠᠪᠴᠠᠩ ᠢ ᠪᠠᠶᠢᠭᠤᠯᠤᠨ᠎ᠠ᠃ | —— ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ ᠣᠷᠣᠨ ᠪᠦᠰᠡ | ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠰᠢᠨ᠎ᠡ ᠲᠣᠮᠣ ᠬᠤᠲᠠ ᠶᠢᠨ ᠲᠣᠭᠤᠷᠢᠭ ᠤᠨ | ᠴᠢᠳᠠᠮᠵᠢ ᠶᠢᠨ ᠲᠥᠬᠦᠷᠵᠢᠭᠦᠯᠦᠯᠲᠡ ᠶᠢ ᠲᠡᠭᠦᠯᠳᠡᠷᠵᠢᠭᠦᠯᠵᠦ᠂ 110 ᠤᠯᠤᠰ ᠤᠨ ᠵᠠᠮ ᠤᠨ ᠬᠤᠶᠢᠲᠤ ᠬᠡᠰᠡᠭ᠂ | ᠡᠯᠡᠰᠦᠨ ᠭᠤᠤᠯ ᠤᠨ ᠡᠮᠦᠨ᠎ᠡ ᠪᠡᠶ᠎ᠡ ᠶᠢᠨ ᠬᠡᠰᠡᠭ ᠲᠣᠭᠤᠷᠢᠭ ᠢ ᠯᠠᠪᠳᠠᠭᠤᠨ ᠪᠥᠭᠡᠳ ᠡᠮᠬᠢ ᠵᠢᠷᠤᠮ ᠲᠠᠢ | ᠥᠭᠡᠷᠡᠴᠢᠯᠡᠬᠦ ᠶᠢ ᠳᠥᠯᠭᠢᠨ ᠠᠬᠢᠭᠤᠯᠵᠤ᠂ ᠮᠠᠰᠠ ᠭᠠᠵᠠᠷ ᠣᠷᠣᠨ ᠬᠢᠭᠡᠳ ᠭᠤᠤᠯ ᠬᠤᠲᠠ ᠶᠢᠨ ᠲᠣᠭᠤᠷᠢᠭ ᠢ | ᠬᠠᠮᠲᠤᠷᠠᠨ ᠨᠡᠭᠡᠭᠡᠨ ᠬᠥᠭᠵᠢᠭᠦᠯᠵᠦ᠂ ᠬᠤᠲᠠ ᠶᠢᠨ ᠬᠥᠭᠵᠢᠯᠲᠡ ᠶᠢᠨ ᠰᠢᠨ᠎ᠡ ᠲᠥᠯᠥᠪᠰᠢᠷᠡᠯ ᠢ ᠪᠠᠶᠢᠭᠤᠯᠤᠨ᠎ᠠ᠃ | ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠶᠢᠮᠢᠶᠠᠨ ᠬᠤᠳᠠ᠂ ᠤᠶᠠᠨ ᠬᠠᠳᠠᠨ ᠬᠤᠳᠠ᠂ | ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠪᠣᠯᠪᠠᠰᠤᠨ ᠬᠤᠳᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ | ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠥᠨᠳᠥᠷ | ᠪᠦᠲᠦᠮᠵᠢᠲᠡᠢ ᠣᠷᠣᠨ ᠪᠦᠰᠡ ᠶᠢᠨ ᠵᠠᠰᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠣᠭᠴᠠᠯᠠᠨ᠎ᠠ᠃ | —— ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠠᠷᠢᠮᠲᠠᠯᠠᠨ᠎ᠠ᠃ ᠠᠵᠤ ᠦᠶᠯᠡᠳᠪᠦᠷᠢ ᠪᠠᠷ | ᠲᠠᠷᠢᠶᠠᠯᠠᠩ ᠢ ᠨᠥᠬᠦᠪᠥᠷᠢᠯᠡᠬᠦ᠂ ᠬᠤᠲᠠ ᠪᠠᠷ ᠬᠥᠳᠡᠭᠡ ᠶᠢ ᠳᠠᠶᠢᠴᠢᠯᠠᠬᠤ᠂ ᠰᠠᠭᠤᠷᠢ ᠶᠢ ᠪᠠᠬᠢᠵᠢᠭᠦᠯᠬᠦ᠂ ᠠᠵᠤ | ᠦᠶᠯᠡᠰ ᠢ ᠰᠢᠯᠢᠳᠡᠭᠵᠢᠭᠦᠯᠬᠦ᠂ ᠰᠣᠶᠣᠯ ᠢ ᠮᠠᠨᠳᠤᠭᠤᠯᠬᠤ᠂ ᠵᠠᠰᠠᠯᠲᠠ ᠶᠢ ᠠᠳᠬᠤᠬᠤ ᠶᠢ ᠴᠢᠩᠭᠠᠳᠬᠠᠵᠤ᠂ ᠮᠠᠯ | ᠠᠵᠤ ᠠᠬᠤᠶ ᠲᠠᠷᠢᠶᠠᠯᠠᠩ ᠤᠨ ᠪᠥᠬᠦ ᠲᠠᠯ᠎ᠠ ᠶᠢᠨ ᠲᠠᠰ ᠳᠠᠪᠰᠢᠯᠲᠠ᠂ ᠮᠠᠯᠵᠢᠬᠤ ᠲᠠᠷᠢᠶᠠᠯᠠᠬᠤ ᠣᠷᠣᠨ ᠤ ᠪᠥᠬᠦ | ᠲᠠᠯ᠎ᠠ ᠶᠢᠨ ᠳᠠᠪᠰᠢᠯᠲᠠ᠂ ᠮᠠᠯᠴᠢᠨ ᠲᠠᠷᠢᠶᠠᠴᠢᠨ ᠤ ᠪᠥᠬᠦ ᠲᠠᠯ᠎ᠠ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠢᠯᠡ ᠲᠣᠳᠣ ᠣᠨᠴᠠᠯᠢᠭ ᠲᠠᠢ | ᠬᠥᠳᠡᠭᠡ ᠲᠣᠰᠬᠤᠨ ᠤ ᠠᠵᠤ ᠦᠶᠯᠡᠰ ᠢ ᠶᠡᠭᠡ ᠪᠠᠷ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ | —— ᠪᠣᠬᠢᠷᠲᠤᠯ ᠦᠭᠡᠢ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃《 ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ 》ᠭᠡᠬᠦ ᠣᠶᠢᠯᠠᠭᠠᠭᠳᠠᠬᠤᠨ ᠢ ᠭᠦᠨᠵᠡᠭᠡᠶ | ᠦᠶᠯᠡᠳᠦᠯᠭᠡᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ | ᠪᠠᠷᠢᠮᠲᠠᠯᠠᠵᠤ᠂《 ᠭᠤᠷᠪᠠᠨ ᠤᠯᠠᠭᠠᠨ ᠨᠢᠭᠡ ᠨᠣᠭᠤᠭᠠᠨ ᠨᠢᠭᠡ ᠬᠥᠬᠡ ᠥᠩᠭᠡ 》 ᠶᠢᠨ ᠬᠤᠷᠢᠭ᠎ᠠ ᠱᠤᠭᠤᠮ ᠢ | ᠪᠠᠲᠤ ᠰᠠᠬᠢᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ | ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠭᠤᠷᠪᠠᠨ ᠶᠡᠭᠡ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠡᠨᠧᠷᠭᠢ ᠶᠢᠨ ᠬᠤᠷᠣᠭᠳᠠᠯ ᠤᠨ | ᠶᠡᠷᠦᠩᠬᠡᠶ ᠬᠡᠮᠵᠢᠶ᠎ᠡ ᠪᠠ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠴᠢᠩᠭ᠎ᠠ ᠡᠵᠡᠮᠳᠡᠵᠦ᠂ ᠡᠨᠧᠷᠭᠢ ᠶᠢᠨ ᠡᠬᠢ | ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ᠂ ᠦᠶᠯᠡᠳᠪᠦᠷᠢᠯᠡᠯ ᠠᠮᠢᠳᠤᠷᠠᠯ ᠤᠨ ᠣᠷᠴᠢᠯ ᠳᠣᠤᠷ᠎ᠠ | ᠨᠡᠭᠦᠷᠡᠰᠦᠲᠥ᠋ᠷᠥᠭᠴᠢᠲᠦ᠂ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ | ᠴᠢᠨᠠᠷ ᠰᠠᠶᠢᠲᠠᠶ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ | | —— ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠨ᠎ᠠ᠃ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠠᠪᠤᠳᠠᠯ ᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠡᠭᠦᠰᠭᠡᠯ ᠪᠠ ᠲᠡᠭᠦᠰᠬᠡᠯ ᠪᠣᠯᠭᠠᠵᠤ᠂ | ᠨᠡᠶᠢᠭᠡᠮ ᠤᠨ ᠠᠵᠢᠯ ᠣᠯᠭᠤᠯᠲᠠ ᠶᠢ ᠨᠡᠩ ᠭᠦᠢᠴᠡᠳ ᠪᠣᠯᠭᠠᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ | ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠰᠤᠷᠭᠠᠨ ᠬᠥᠮᠦᠵᠢᠯ | ᠤᠨ ᠡᠬᠢ ᠪᠠᠶᠠᠯᠢᠭ ᠢ ᠨᠡᠩ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠪᠣᠯᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ | ᠤᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠢ | ᠴᠡᠴᠡᠭᠯᠡᠭᠦᠯᠦᠨ ᠬᠥᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠨᠡᠩ ᠲᠡᠭᠦᠯᠳᠡᠷᠵᠢᠭᠦᠯᠵᠦ᠂《 ᠠᠮᠤᠷ | ᠠᠮᠤᠭᠤᠯᠠᠩ ᠵᠢᠥ ᠶᠤᠸᠠᠨ 》 ᠤ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠤᠳᠠ ᠬᠥᠳᠡᠭᠡ ᠶᠢᠨ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠵᠤ᠂ ᠤᠯᠠᠨ ᠲᠦᠮᠡᠨ ᠤ ᠬᠦᠷᠲᠡᠮᠵᠢ | ᠶᠢᠨ ᠲᠦᠷᠦᠭᠳᠡᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠶᠡᠭᠡ ᠪᠠᠷ ᠳᠡᠭᠡᠭᠰᠢᠯᠡᠭᠦᠯᠵᠦ᠂ | ᠥᠨᠳᠥᠷ ᠢᠯᠡᠳᠬᠡᠭᠴᠢ ᠲᠤᠭ᠎ᠠ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠵᠣᠯ | ᠵᠢᠷᠭᠠᠯᠲᠤ ᠬᠤᠳᠠ ᠶᠢ ᠪᠠᠶᠢᠭᠤᠯᠤᠨ᠎ᠠ᠃ |