ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ | 2021 ᠣᠨ ᠪᠣᠯ《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠪᠣᠯᠤᠨ ᠮᠠᠨ ᠤ | ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠲᠥᠭᠡᠨ ᠪᠠᠶᠢᠭᠤᠯᠬᠤ ᠰᠢᠨ᠎ᠡ ᠠᠶᠠᠨ ᠢ ᠪᠥᠬᠦ ᠲᠠᠯ᠎ᠠ ᠪᠠᠷ | ᠡᠬᠢᠯᠡᠭᠦᠯᠬᠦ ᠡᠬᠢᠯᠡᠯᠲᠡ ᠶᠢᠨ ᠵᠢᠯ ᠪᠣᠯᠤᠨ᠎ᠠ᠂ ᠪᠢᠳᠡ ᠪᠠᠰᠠ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ | ᠤᠭᠲᠤᠬᠤ ᠪᠣᠯᠤᠨ᠎ᠠ᠂ ᠵᠠᠰᠠᠭ ᠤᠨ ᠣᠷᠳᠣᠨ ᠤ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ | ᠬᠦᠨᠳᠦ ᠶᠡᠭᠡ᠂ ᠨᠥᠯᠥᠭᠡ ᠭᠦᠨ ᠭᠦᠨᠵᠡᠭᠡᠶ ᠶᠤᠮ᠃ ᠪᠢᠳᠡ《 ᠲᠣᠭᠲᠠᠭᠤᠨ 》 ᠤ ᠰᠠᠭᠤᠷᠢ ᠶᠢ ᠪᠠᠬᠢᠵᠢᠭᠦᠯᠵᠦ᠂ | 《 ᠤᠷᠤᠭᠰᠢᠯᠠᠬᠤ 》ᠴᠢᠭᠯᠡᠯ ᠢ ᠲᠣᠳᠣᠷᠬᠠᠶᠢᠯᠠᠵᠤ᠂《 ᠰᠠᠶᠢᠨ 》ᠠᠮᠵᠢᠯᠲᠠ ᠤᠯᠬᠤ ᠪᠠᠷ ᠴᠢᠷᠮᠠᠶᠢᠬᠤ ᠬᠡᠷᠡᠭᠲᠡᠢ | ᠃ ᠡᠨᠡ ᠵᠢᠯ ᠤᠨ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ | ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 7.5 % ᠠᠴᠠ ᠳᠡᠭᠡᠭᠰᠢ ᠨᠡᠮᠡᠭᠳᠡᠭᠦᠯᠵᠦ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15 % ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8 % ᠠᠴᠠ ᠳᠡᠭᠡᠭᠰᠢ ᠨᠡᠮᠡᠭᠳᠡᠭᠦᠯᠵᠦ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6 % ᠠᠴᠠ ᠳᠡᠭᠡᠭᠰᠢ ᠨᠡᠮᠡᠭᠳᠡᠭᠦᠯᠵᠦ᠂ ᠬᠤᠲᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠶᠢ 7.5 % ᠠᠴᠠ ᠳᠡᠭᠡᠭᠰᠢ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ | ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄ | ( ᠨᠢᠭᠡ ) ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ | ᠠᠬᠢᠭᠤᠯᠤᠨ᠎ᠠ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠠᠵᠤ | ᠠᠬᠤᠢ ᠶᠢᠨ ᠠᠵᠢᠯᠯᠠᠭᠠᠨ ᠢ ᠲᠤᠬᠢᠷᠠᠭᠤᠯᠤᠨ ᠵᠠᠳᠠᠯᠬᠤ ᠪᠠ ᠮᠥᠷᠳᠡᠨ ᠬᠢᠨᠠᠨ ᠬᠡᠮᠵᠢᠬᠦ ᠶᠢ ᠴᠢᠩᠭᠠᠳᠬᠠᠵᠤ᠂ ᠨᠡᠭᠦᠷᠡᠰᠦ | ᠴᠠᠬᠢᠯᠭᠠᠨ ᠲᠣᠰᠣ ᠬᠡᠢ ᠲᠡᠭᠡᠭᠡᠪᠦᠷᠢ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ | ᠭᠠᠵᠠᠷ ᠰᠢᠷᠣᠢ ᠬᠡᠷᠡᠭᠯᠡᠬᠦ ᠠᠵᠢᠯᠴᠢᠨ ᠬᠡᠷᠡᠭᠯᠡᠬᠦ᠂ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠵᠡᠷᠭᠡ ᠵᠣᠬᠢᠴᠠᠭᠤᠯᠬᠤ | ᠦᠢᠯᠡᠴᠢᠯᠡᠭᠡ ᠶᠢ ᠰᠠᠶᠢᠲᠤᠷ ᠬᠢᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠠᠵᠤ ᠠᠬᠤᠶᠢᠯᠠᠯ ᠢ | ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠦ | ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂《 ᠪᠢ ᠠᠵᠤ ᠠᠬᠤᠶᠢᠯᠠᠯ ᠳᠤ ᠵᠠᠬᠢᠶᠠᠯᠠᠭ᠎ᠠ ᠡᠷᠢᠬᠦ 》ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠱᠧᠨ ᠬᠤᠸᠠ᠂ ᠮᠢᠩ ᠲᠦᠸᠧ ᠵᠡᠷᠭᠡ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ | ᠶᠢᠨ ᠠᠵᠤ ᠠᠬᠤᠶᠢᠯᠠᠯ ᠤᠨ ᠲᠣᠭᠲᠠᠭᠤᠨ ᠢᠶᠠᠷ ᠦᠢᠯᠡᠳᠪᠦᠷᠢᠯᠡᠵᠦ ᠡᠵᠡᠩᠨᠡᠬᠦ ᠶᠢ ᠪᠦᠬᠦ ᠬᠦᠴᠦᠨ ᠢᠶᠠᠷ ᠢᠶᠠᠨ | ᠪᠠᠲᠤᠯᠠᠵᠤ᠂ ᠨᠢᠭᠡ ᠪᠦᠯᠦᠭ ᠠᠵᠤ ᠦᠶᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠤᠨ | ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠵᠢᠯ ᠤᠨ ᠳᠣᠲᠣᠷ᠎ᠠ ᠬᠡᠪᠴᠢᠶᠡᠵᠢᠯ ᠠᠴᠠ | ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃《 | ᠳᠥᠷᠪᠡ ᠶᠢ ᠳᠡᠭᠡᠭᠰᠢᠯᠡᠭᠦᠯᠬᠦ 》ᠠᠵᠤ ᠠᠬᠤᠶᠢᠯᠠᠯ ᠤᠨ ᠨᠥᠭᠡᠴᠡᠯᠡᠵᠦ ᠬᠠᠷᠢᠯᠴᠠᠬᠤ ᠲᠣᠭᠲᠠᠴᠠ ᠶᠢ ᠪᠠᠶᠢᠭᠤᠯᠵᠤ᠂ | ᠬᠦᠷᠢᠶ᠎ᠡ ᠴᠠᠷᠠᠭ᠎ᠠ ᠬᠤᠪᠢᠶᠠᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂《ᠨᠢᠭᠡ ᠨᠢ ᠨᠢᠭᠡ ᠶᠢ | ᠬᠠᠮᠢᠶᠠᠷᠬᠤ》 ᠶᠢᠨ ᠠᠵᠤ ᠠᠬᠤᠶᠢᠯᠠᠯ ᠳᠤ ᠰᠠᠭᠤᠬᠤ ᠶᠢ ᠵᠤᠬᠢᠴᠠᠭᠤᠯᠤᠨ᠂《 ᠴᠡᠭ ᠨᠢ ᠴᠡᠭ ᠲᠤ | ᠬᠠᠨᠳᠤᠭᠤᠯᠤᠭᠰᠠᠨ 》ᠦᠶᠯᠡᠴᠢᠯᠡᠭᠡ ᠶᠢ ᠴᠢᠩᠭᠠᠳᠬᠠᠵᠤ᠂ ᠪᠥᠬᠦ ᠵᠢᠯ ᠳᠤ ᠳᠡᠭᠡᠳᠦ ᠬᠢᠵᠠᠭᠠᠷ ᠤᠨ ᠬᠥᠮᠥᠷᠭᠡ ᠳᠤ | ᠣᠷᠣᠭᠤᠯᠬᠤ ᠠᠵᠤ ᠠᠬᠤᠶᠢᠯᠠᠯ ᠢ 30 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠲᠥᠷᠥ ᠶᠢᠨ | ᠪᠣᠳᠣᠯᠭ᠎ᠠ ᠶᠢᠨ ᠪᠡᠯᠡ ᠮᠥᠩᠭᠦ ᠣᠯᠬᠤ ᠡᠷᠴᠢᠮ ᠢᠶᠠᠨ ᠴᠢᠩᠭᠠᠷᠠᠭᠤᠯᠵᠤ᠂《 ᠲᠤᠰᠠᠯᠠᠨ ᠳᠠᠭᠠᠭᠠᠯᠲᠠ ᠬᠢᠬᠦ ᠵᠢᠭᠡᠯᠡᠯᠭᠡ | 》 ᠶᠢᠨ ᠲᠤᠬᠠᠶᠢᠯᠠᠭᠰᠠᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠠᠨ ᠱᠠᠨ᠂ ᠫᠦ ᠯᠢ ᠲᠧ ᠵᠡᠷᠭᠡ ᠠᠵᠤ | ᠠᠬᠤᠶᠢᠯᠠᠯ ᠢ ᠬᠠᠪᠰᠤᠷᠤᠨ ᠲᠤᠰᠬᠠᠶ ᠵᠦᠢᠯ ᠤᠨ ᠲᠡᠳᠬᠦᠬᠦ ᠪᠡᠯᠡ ᠮᠥᠩᠭᠦ ᠶᠢ ᠭᠤᠶᠤᠴᠢᠯᠠᠨ ᠮᠡᠳᠡᠭᠦᠯᠵᠦ᠂ | ᠬᠠᠷᠠᠭᠠᠯᠵᠠᠯ ᠲᠠᠢ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃《 ᠲᠤᠰᠬᠠᠶ ᠨᠠᠷᠢᠯᠢᠭ | ᠣᠨᠴᠠ ᠰᠢᠨ᠎ᠡ᠂ ᠴᠢᠬᠢ ᠮᠣᠳᠣ ᠪᠣᠶᠢᠵᠢᠭᠤᠯᠬᠤ 》ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠪᠦᠬᠦ ᠵᠢᠯ ᠳᠤ | ᠳᠤᠮᠳᠠ ᠵᠢᠵᠢᠭ ᠠᠵᠤ ᠠᠬᠤᠶᠢᠯᠠᠯ ᠢ 10 ᠠᠴᠠ ᠳᠡᠭᠡᠭᠰᠢ ᠶᠢ ᠬᠥᠮᠥᠷᠭᠡ ᠳᠤ ᠣᠷᠣᠭᠤᠯᠤᠨ ᠪᠣᠶᠢᠵᠢᠭᠤᠯᠤᠨ᠎ᠠ᠃ | ᠬᠤᠳᠠᠯᠳᠤᠭ᠎ᠠ ᠡᠵᠡᠩᠨᠡᠬᠦ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠬᠦᠴᠦᠯᠡᠨ | ᠰᠢᠯᠢᠳᠡᠭᠵᠢᠭᠦᠯᠦᠨ᠎ᠡ᠃《ᠵᠢᠥ ᠶᠤᠸᠠᠨ ᠲᠤᠭᠤᠷᠢᠭ ᠤᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠣᠶ ᠪᠣᠯᠭᠠᠬᠤ ᠠᠷᠭ᠎ᠠ ᠬᠡᠮᠵᠢᠶ᠎ᠡ ᠨᠦᠭᠦᠳ》 ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ | ᠳᠣᠲᠣᠭᠠᠳᠤ ᠶᠢᠨ ᠲᠡᠷᠢᠭᠦᠨ ᠵᠡᠷᠭᠡ ᠶᠢᠨ ᠪᠠᠷᠢᠮᠵᠢᠶ᠎ᠠ ᠪᠠᠷ ᠪᠠᠷᠢᠮᠵᠢᠶᠠᠯᠠᠨ᠂《ᠲᠠᠯᠪᠢᠬᠤ ᠬᠠᠮᠢᠶᠠᠷᠬᠤ ᠦᠶᠯᠡᠴᠢᠯᠡᠬᠦ | 》ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠲᠢᠩᠬᠢᠮ ᠢ | ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠢ ᠳᠠᠬᠢᠨ | ᠵᠣᠬᠢᠶᠠᠬᠤ ᠶᠢ ᠪᠥᠬᠦ ᠲᠠᠯ᠎ᠠ ᠪᠠᠷ ᠠᠬᠢᠭᠤᠯᠤᠨ᠂《 ᠨᠢᠭᠡ ᠰᠦᠯᠵᠢᠶ᠎ᠡ ᠨᠢᠭᠡ ᠡᠭᠦᠳᠡ ᠨᠢᠭᠡ ᠴᠣᠩᠬᠤᠪᠴᠢ 》 ᠶᠢᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠶᠡᠭᠡ | ᠲᠢᠩᠬᠢᠮ ᠳᠤ ᠣᠷᠣᠭᠤᠯᠬᠤ᠂ ᠰᠦᠯᠵᠢᠶᠡᠨ ᠳᠡᠭᠡᠷ᠎ᠡ ᠰᠢᠯᠵᠢᠭᠦᠯᠬᠦ᠂ ᠦᠨᠳᠦᠰᠦᠨ ᠱᠠᠲᠤᠨ ᠳᠤ ᠪᠠᠭᠤᠯᠭᠠᠬᠤ ᠶᠢ | ᠠᠬᠢᠭᠤᠯᠤᠨ᠂ ᠬᠢᠨᠠᠨ ᠵᠥᠪᠰᠢᠶᠡᠷᠡᠬᠦ ᠴᠤᠪᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠢᠯᠢᠳᠡᠭᠵᠢᠭᠦᠯᠵᠦ᠂ ᠬᠢᠨᠠᠨ | ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠨ᠎ᠠ᠃ | 《ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ 》ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ᠂《 ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ 》 ᠶᠢᠨ ᠲᠣᠭᠲᠠᠴᠠ ᠶᠢ ᠬᠡᠷᠡᠭᠵᠢᠭᠦᠯᠵᠦ᠂ | ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠪᠠ ᠦᠶᠯᠡᠴᠢᠯᠡᠬᠦ ᠶᠢ ᠠᠭᠤᠰᠤᠯᠴᠠᠭᠤᠯᠬᠤ ᠶᠢ ᠠᠬᠢᠭᠤᠯᠤᠨ᠎ᠠ᠃ | ᠦᠶᠯᠡᠴᠢᠯᠡᠭᠡᠨ ᠤ ᠠᠵᠤ ᠠᠬᠤᠶᠢᠯᠠᠯ ᠤᠨ ᠰᠢᠭᠤᠳ ᠨᠡᠪᠲᠡᠷᠡᠬᠦ ᠲᠡᠷᠭᠡ ᠶᠢᠨ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠮᠡᠳᠡᠭᠳᠡᠬᠦ ᠠᠮᠠᠯᠠᠯᠲᠠ ᠬᠢᠬᠦ᠂ ᠳᠤᠲᠠᠭᠤᠳᠠᠯ ᠢ ᠠᠭᠤᠴᠢᠯᠠᠨ ᠭᠥᠯᠢᠶᠡᠨ ᠠᠪᠴᠤ | ᠰᠢᠶᠳᠪᠦᠷᠢᠯᠡᠬᠦ᠂ ᠭᠠᠵᠠᠷ ᠰᠢᠷᠣᠶ ᠠᠪᠤᠮᠠᠭᠴᠠ ᠠᠵᠢᠯ ᠡᠬᠢᠯᠡᠭᠦᠯᠬᠦ ᠵᠡᠷᠭᠡ ᠥᠭᠡᠷᠡᠴᠢᠯᠡᠯᠲᠡ ᠶᠢ ᠬᠡᠷᠡᠭᠵᠢᠭᠦᠯᠵᠦ᠂ | ᠪᠥᠬᠦ ᠶᠠᠪᠤᠴᠠ ᠳᠤ ᠰᠦᠶᠳᠬᠡᠯ ᠬᠤᠷᠢᠶᠠᠬᠤ ᠥᠬᠡᠶ ᠪᠠᠷ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ᠂ | ᠠᠭᠤᠯᠵᠠᠬᠤ ᠥᠬᠡᠶ ᠪᠠᠷ ᠬᠢᠨᠠᠨ ᠵᠥᠪᠰᠢᠶᠡᠷᠡᠬᠦ᠂ 24 ᠴᠠᠭ ᠲᠤ《 ᠡᠭᠦᠳᠡ ᠪᠠᠨ ᠬᠠᠭᠠᠬᠤ ᠥᠬᠡᠶ 》ᠵᠡᠷᠭᠡ | ᠠᠷᠭ᠎ᠠ ᠬᠡᠮᠵᠢᠶ᠎ᠡ ᠶᠢ ᠠᠪᠴᠤ᠂《ᠳᠡᠯᠭᠡᠭᠦᠷ ᠤᠨ ᠵᠠᠷᠤᠴᠠ 》᠂《ᠠᠰᠠᠷᠠᠭᠴᠢ ᠶᠢᠨ ᠮᠠᠶ᠋ᠢᠭ 》 ᠤᠨ ᠨᠠᠷᠢᠯᠢᠭ | ᠣᠨᠣᠪᠴᠢᠲᠠᠶ ᠦᠶᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠦᠨᠳᠦᠳᠬᠡᠵᠦ᠂ ᠡᠷᠬᠡ | ᠲᠡᠭᠰᠢ ᠰᠠᠨᠠᠭᠳᠠᠭᠤᠯᠵᠤ᠂ ᠠᠵᠢᠯ ᠦᠶᠯᠡᠰ ᠪᠦᠲᠦᠭᠡᠯᠭᠡᠨ᠎ᠡ᠃ | 《ᠬᠤᠶᠠᠷ ᠢ ᠬᠡᠷᠡᠭᠵᠢᠭᠦᠯᠵᠦ ᠬᠤᠶᠠᠷ ᠢ ᠲᠠᠲᠠᠬᠤ 》ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠥᠭᠵᠢᠭᠦᠯᠬᠦ ᠶᠢ ᠲᠦᠷᠭᠡᠳᠭᠡᠬᠦ ᠶᠢᠨ ᠵᠠᠩᠭᠢᠯᠠᠭ᠎ᠠ ᠪᠠ | ᠭᠤᠣᠯᠳᠠᠯᠭ᠎ᠠ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ | ᠭᠦᠢᠴᠡᠳ ᠬᠡᠷᠡᠭᠯᠡᠵᠦ᠂ ᠬᠠᠷᠠᠯᠲᠠ ᠶᠢᠨ ᠰᠢᠯᠭᠠᠨ ᠬᠢᠨᠠᠬᠤ ᠡᠭᠦᠷᠭᠡ ᠶᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠰᠠᠷ᠎ᠠ | ᠳᠤ ᠲᠣᠬᠢᠷᠠᠭᠤᠯᠬᠤ᠂ ᠤᠯᠠᠷᠢᠯ ᠳᠤ ᠦᠨᠡᠯᠡᠨ ᠵᠢᠱᠢᠬᠦ᠂ ᠵᠢᠯ ᠳᠤ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠳᠡᠭᠡᠳᠦ ᠬᠡᠮᠵᠢᠶ᠎ᠡ ᠪᠠᠷ ᠲᠣᠬᠢᠷᠠᠭᠤᠯᠬᠤ᠂ ᠳᠡᠭᠡᠳᠦ ᠬᠡᠮᠵᠢᠶ᠎ᠡ ᠪᠠᠷ ᠵᠣᠬᠢᠴᠠᠭᠤᠯᠬᠤ᠂ ᠳᠡᠭᠡᠳᠦ | ᠬᠡᠮᠵᠢᠶ᠎ᠡ ᠪᠠᠷ ᠠᠬᠢᠭᠤᠯᠬᠤ ᠶᠢ ᠪᠠᠷᠢᠮᠲᠠᠯᠠᠵᠤ᠂ ᠪᠦᠬᠦ ᠠᠵᠢᠯᠲᠠᠨ᠂ ᠪᠦᠬᠦ ᠣᠷᠣᠨ ᠪᠦᠰᠡ᠂ ᠪᠦᠬᠦ ᠬᠦᠴᠦᠨ ᠵᠦᠢᠯ | ᠤᠨ ᠬᠤᠳᠠᠯᠳᠤᠭᠠᠴᠢᠨ ᠤᠷᠢᠬᠤ ᠠᠭᠤᠷ ᠠᠮᠢᠰᠬᠤᠯ ᠢ ᠪᠤᠶ ᠪᠣᠯᠭᠠᠨ᠎ᠠ᠃ ᠪᠥᠬᠦ ᠲᠤᠭᠤᠷᠢᠭ ᠤᠨ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠤᠨ ᠲᠥᠰᠦᠯ ᠤᠨ ᠲᠣᠭᠤᠷᠢᠨ ᠳᠤ᠂ ᠠᠵᠤ ᠦᠶᠯᠡᠰ ᠤᠨ ᠬᠡᠯᠬᠢᠶ᠎ᠡ ᠬᠤᠪᠢᠶᠠᠨ | ᠬᠤᠳᠠᠯᠳᠤᠭᠠᠴᠢᠨ ᠤᠷᠢᠬᠤ 19 ᠠᠵᠢᠯᠯᠠᠬᠤ ᠳᠤᠭᠤᠶᠢᠯᠠᠩ ᠪᠠᠶᠢᠭᠤᠯᠵᠤ᠂ ᠡᠭᠦᠷᠭᠡ ᠶᠢᠨ ᠬᠦᠰᠦᠨᠦᠭᠲᠦ᠂ | ᠬᠠᠷᠢᠭᠤᠴᠠᠯᠭ᠎ᠠ ᠶᠢᠨ ᠬᠠᠭᠤᠳᠠᠰᠤ᠂ ᠵᠠᠮ ᠱᠤᠭᠤᠮ ᠤᠨ ᠵᠢᠷᠤᠭ ᠢ ᠲᠣᠭᠲᠠᠭᠠᠵᠤ᠂ ᠳᠡᠯᠡᠬᠡᠶ ᠶᠢᠨ 500 ᠬᠦᠴᠦᠷᠬᠡᠭ | ᠂ ᠳᠤᠮᠳᠠᠳᠤ ᠤᠯᠤᠰ ᠤᠨ 500 ᠬᠦᠴᠦᠷᠬᠡᠭ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 500 | ᠬᠦᠴᠦᠷᠬᠡᠭ ᠪᠠ ᠠᠵᠢᠯ ᠲᠥᠷᠥᠯ ᠤᠨ ᠲᠡᠷᠢᠭᠦᠨ᠂ ᠠᠵᠢᠯ ᠲᠥᠷᠥᠯ ᠤᠨ ᠰᠢᠨ᠎ᠡ ᠬᠦᠴᠦᠨ ᠢ ᠣᠨᠢᠯᠠᠨ ᠵᠣᠯᠭᠠᠭᠤᠯᠵᠤ | ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠬᠤᠳᠠᠯᠳᠤᠭᠠᠴᠢᠳ ᠤᠨ ᠡᠪᠯᠡᠯ ᠵᠡᠷᠭᠡ ᠡᠯ᠎ᠡ | ᠲᠥᠷᠥᠯ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠢᠭᠡ ᠪᠦᠯᠦᠭ | ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠴᠢᠨᠠᠷ ᠰᠠᠶᠢᠲᠠᠶ ᠲᠥᠷᠥᠯ ᠵᠦᠶᠯ ᠢ ᠣᠷᠣᠭᠤᠯᠤᠨ | ᠠᠪᠴᠢᠷᠠᠵᠤ᠂ ᠨᠢᠭᠡ ᠪᠦᠯᠦᠭ ᠰᠤᠳᠤᠯᠤᠨ ᠨᠡᠭᠡᠭᠡᠬᠦ ᠲᠠᠪᠴᠠᠩ᠂ ᠲᠤᠰᠬᠠᠶ ᠮᠡᠷᠭᠡᠵᠢᠯ ᠤᠨ ᠪᠦᠯᠬᠦᠮ ᠢ | ᠨᠠᠶᠢᠳᠠᠪᠤᠷᠢᠵᠢᠭᠤᠯᠵᠤ᠂ ᠪᠥᠬᠦ ᠵᠢᠯ ᠳᠤ 40 ᠠᠴᠠ ᠳᠡᠭᠡᠭᠰᠢ ᠭᠤᠤᠯᠳᠠᠯᠭ᠎ᠠ ᠲᠠᠢ ᠲᠥᠷᠥᠯ ᠵᠦᠶᠯ ᠢ ᠭᠡᠷ᠎ᠡ ᠲᠣᠭᠲᠠᠨ | ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠯᠠ ᠮᠥᠩᠭᠦ ᠶᠢ 53 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠣᠳᠠᠲᠠᠶᠢᠵᠢᠭᠤᠯᠬᠤ ᠪᠠᠷ ᠴᠢᠷᠮᠠᠶᠢᠨ᠎ᠠ᠃《 ᠴᠢᠳᠠᠪᠤᠷᠢᠲᠠᠨ ᠤᠷᠢᠵᠤ ᠣᠶᠤᠨ ᠤᠬᠠᠭᠠᠨ | ᠣᠷᠣᠭᠤᠯᠬᠤ 》 ᠶᠢ ᠴᠢᠩᠭᠠᠳᠬᠠᠵᠤ᠂ ᠪᠥᠬᠦ ᠵᠢᠯ ᠳᠤ ᠡᠯ᠎ᠡ ᠲᠥᠷᠥᠯ ᠤᠨ ᠳᠡᠭᠡᠳᠦ ᠳᠠᠪᠬᠤᠷᠭ᠎ᠠ ᠶᠢᠨ ᠴᠢᠳᠠᠪᠤᠷᠢᠲᠠᠨ | ᠢ 50 ᠠᠴᠠ ᠳᠡᠭᠡᠭᠰᠢ ᠣᠷᠣᠭᠤᠯᠤᠨ ᠠᠪᠴᠢᠷᠠᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ | ᠦᠨᠳᠦᠰᠦᠨ ᠭᠠᠷᠳᠠᠴᠠ ᠪᠣᠯᠭᠠᠵᠤ᠂ ᠲᠤᠭᠤᠷᠢᠭ ᠤᠨ ᠲᠠᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ | ᠬᠠᠮᠲᠤᠷᠠᠨ ᠵᠥᠪᠳᠡᠯᠴᠡᠬᠦ ᠶᠢ ᠠᠬᠢᠭᠤᠯᠬᠤ᠂ ᠬᠠᠮᠲᠤᠷᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠲᠣᠭᠲᠠᠴᠠ ᠶᠢ | ᠦᠷᠭᠦᠯᠵᠢᠯᠡᠨ ᠬᠡᠷᠡᠭᠵᠢᠭᠦᠯᠵᠦ᠂ ᠭᠠᠷᠳᠠᠮ ᠭᠦᠶᠴᠡᠳᠬᠡᠬᠦ᠂ ᠠᠵᠢᠯ ᠡᠬᠢᠯᠡᠭᠦᠯᠵᠦ ᠠᠵᠢᠯ ᠢᠶᠠᠨ ᠰᠡᠷᠭᠦᠭᠡᠬᠦ᠂ | ᠪᠦᠲᠦᠮᠵᠢᠲᠡᠶ ᠪᠠᠯᠠ ᠣᠷᠣᠭᠤᠯᠬᠤ᠂ ᠪᠠᠷᠢᠯᠭ᠎ᠠ ᠳᠠᠭᠤᠰᠴᠤ ᠦᠶᠯᠡᠳᠪᠦᠷᠢᠯᠡᠯ ᠤᠨ ᠪᠠᠷᠢᠮᠵᠢᠶ᠎ᠠ ᠳᠤ ᠬᠦᠷᠭᠡᠬᠦ ᠵᠡᠷᠭᠡ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠷᠤᠭ ᠡᠯᠭᠦᠨ ᠪᠠᠶᠢᠯᠳᠤᠬᠤ᠂ ᠬᠦᠰᠦᠨᠦᠭ | ᠵᠣᠬᠢᠶᠠᠵᠤ ᠠᠬᠢᠭᠤᠯᠬᠤ᠂ ᠬᠥᠳᠡᠯᠦᠩᠭᠦᠶ ᠬᠢᠨᠠᠨ ᠡᠵᠡᠮᠳᠡᠬᠦ᠂ ᠠᠳᠠᠯᠢᠳᠬᠠᠨ ᠰᠢᠯᠭᠠᠷᠠᠭᠤᠯᠬᠤ᠂ ᠪᠥᠬᠦ ᠬᠡᠯᠬᠢᠶ᠎ᠡ ᠪᠠᠷ | ᠪᠢᠲᠡᠭᠦᠮᠵᠢᠯᠡᠭᠰᠡᠨ ᠮᠠᠶ᠋ᠢᠭ ᠤᠨ ᠮᠥᠷᠳᠡᠨ ᠰᠢᠮᠳᠠᠭᠤᠯᠤᠨ ᠵᠢᠯᠣᠭᠤᠳᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠶᠯ ᠢ 102 ᠬᠡᠷᠡᠭᠵᠢᠭᠦᠯᠵᠦ᠂ 3 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠤᠤᠯ ᠪᠣᠯᠬᠤ ᠭᠠᠷᠳᠠᠮ ᠢ ᠭᠦᠶᠴᠡᠳᠬᠡᠬᠦ ᠶᠢ ᠦᠨᠳᠦᠰᠦᠨ ᠳᠡᠭᠡᠨ | ᠪᠡᠶᠡᠯᠡᠭᠦᠯᠬᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠬᠦ᠂ ᠪᠦᠬᠦ ᠵᠢᠯ ᠳᠤ | 170 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠬᠦᠯᠬᠦ᠂ ᠵᠢᠯ ᠤᠨ | ᠰᠡᠭᠦᠯᠴᠢ ᠠᠴᠠ ᠡᠮᠦᠨ᠎ᠡ 30 ᠲᠦᠷᠦᠯ ᠵᠦᠢᠯ ᠤᠨ ᠪᠠᠷᠢᠯᠭ᠎ᠠ ᠳᠠᠭᠤᠰᠬᠤ ᠶᠢ ᠦᠨᠡᠨᠬᠦ ᠪᠠᠳᠤᠯᠠᠨ᠎ᠠ᠃ ᠬᠠᠲᠤᠨ | ᠭᠤᠤᠯ ᠳᠠᠭᠠᠤ ᠶᠢᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ᠂ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠤᠨ ᠬᠠᠮᠵᠢᠯᠴᠠᠭ᠎ᠠ ᠵᠡᠷᠭᠡ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂《 ᠳᠥᠷᠪᠡᠨ | ᠰᠢᠨ᠎ᠡ 》ᠠᠵᠤ ᠠᠬᠤᠶ᠂《 ᠬᠤᠶᠠᠷ ᠰᠢᠨ᠎ᠡ ᠨᠢᠭᠡ ᠴᠢᠬᠤᠯᠠ 》ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠥᠬᠦ ᠲᠤᠭᠤᠷᠢᠭ ᠤᠨ ᠲᠥᠷᠥᠯ ᠵᠦᠶᠯ ᠤᠨ ᠨᠥᠭᠡᠴᠡ ᠬᠥᠮᠥᠷᠭᠡ ᠶᠢ ᠪᠦᠷᠢᠨ ᠲᠡᠭᠦᠯᠳᠡᠷᠵᠢᠭᠦᠯᠵᠦ᠂ | ᠲᠥᠰᠦᠪᠯᠡᠨ ᠪᠣᠭᠤᠳᠠᠯᠯᠠᠬᠤ ᠶᠢ ᠴᠢᠩᠭᠠᠳᠬᠠᠨ᠂ ᠪᠥᠬᠦ ᠲᠠᠯ᠎ᠠ ᠪᠠᠷ ᠵᠣᠯᠭᠠᠭᠤᠯᠵᠤ ᠪᠠᠶᠢᠭᠠᠳ ᠨᠠᠩ ᠣᠯᠠᠨ ᠲᠥᠷᠥᠯ | ᠵᠦᠶᠯ ᠢ ᠪᠥᠬᠦ ᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ | ᠶᠢᠨ《 ᠶᠡᠭᠡ ᠲᠠᠯ᠎ᠠ 》 ᠳᠤ ᠣᠷᠣᠭᠤᠯᠬᠤ ᠪᠠᠷ ᠴᠢᠷᠮᠠᠶᠢᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠬᠥᠲᠥᠯᠥᠨ ᠳᠠᠭᠠᠭᠤᠯᠬᠤ ᠶᠢ ᠬᠦᠴᠦᠯᠡᠨ ᠲᠦᠷᠭᠡᠳᠬᠡᠨ᠎ᠡ᠃ | 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》ᠠᠵᠢᠯᠯᠠᠭ᠎ᠠ ᠶᠢ | ᠭᠦᠨᠵᠡᠭᠡᠢ ᠨᠠᠢᠳᠠᠪᠤᠷᠢᠵᠢᠭᠤᠯᠬᠤ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ᠰᠠᠨ ᠱᠠᠨ ᠬᠤᠪᠣᠷ ᠰᠢᠷᠣᠢ ᠶᠢᠨ | ᠲᠡᠮᠦᠷᠯᠢᠭ ᠪᠣᠯᠤᠨ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠺᠧ ᠯᠧ | ᠬᠤᠪᠣᠷ ᠰᠢᠷᠣᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠤᠳᠤᠭ ᠪᠣᠯᠤᠨ ᠡᠮᠦᠨᠡᠲᠦ ᠣᠷᠣᠨ ᠤ ᠪᠠᠶᠢᠭᠠᠯᠢ | ᠲᠧᠭᠨᠢᠭ ᠤᠨ ᠠᠵᠤ ᠦᠶᠯᠡᠳᠪᠦᠷᠢ ᠶᠢᠨ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠥᠷᠨᠢᠭᠦᠯᠬᠦ ᠶᠢ | ᠠᠬᠢᠭᠤᠯᠵᠤ᠂ ᠫᠦ ᠵᠢᠩ ᠬᠢᠮᠢ ᠶᠢᠨ ᠠᠵᠤ ᠦᠶᠯᠡᠳᠪᠦᠷᠢ ᠶᠢᠨ ᠪᠤᠭᠤᠲᠤ ᠶᠢᠨ ᠰᠤᠳᠤᠯᠤᠨ ᠨᠡᠭᠡᠭᠡᠬᠦ ᠲᠥᠪ | ᠪᠠᠶᠢᠭᠤᠯᠬᠤ ᠶᠢ ᠳᠠᠮᠵᠢᠵᠤ᠂ ᠴᠢᠩᠬᠤᠸᠠ ᠠᠵᠤ ᠦᠶᠯᠡᠳᠪᠦᠷᠢ ᠶᠢᠨ ᠰᠤᠳᠤᠯᠭᠠᠨ ᠤ ᠬᠦᠷᠢᠶᠡᠯᠡᠩ ᠪᠣᠯᠤᠨ ᠮᠢᠩ | ᠲᠦᠸᠧ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠯᠠᠨ ᠤᠯᠤᠰ ᠤᠨ ᠤᠰᠤᠲᠥ᠋ᠷᠥᠭᠴᠢ ᠡᠨᠧᠷᠭᠢ ᠲᠡᠮᠦᠷᠯᠢᠭ | ᠬᠠᠶᠢᠯᠤᠭᠤᠯᠬᠤ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠪᠠᠶᠢᠭᠤᠯᠬᠤ | ᠶᠢ ᠠᠬᠢᠭᠤᠯᠵᠤ᠂ ᠵᠢᠯ ᠤᠨ ᠳᠣᠲᠣᠷ᠎ᠠ ᠤᠯᠤᠰ ᠠᠴᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 3 ᠰᠢᠨ᠎ᠡ | ᠪᠠᠷ ᠪᠣᠶᠢᠵᠢᠭᠤᠯᠵᠤ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ | ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢᠶᠠᠷ ᠮᠡᠳᠡᠭᠦᠯᠬᠦ ᠶᠢ ᠠᠬᠢᠭᠤᠯᠤᠨ᠎ᠠ᠃《 | ᠢᠨᠲ᠋ᠧᠷ ᠰᠦᠯᠵᠢᠶ᠎ᠡ + ᠠᠵᠤ ᠦᠢᠯᠡᠳᠪᠦᠷᠢ 》 ᠶᠢᠨ ᠬᠡᠷᠡᠭᠯᠡᠯᠲᠡ ᠶᠢ ᠲᠦᠷᠭᠡᠳᠬᠡᠵᠦ᠂ ᠪᠣᠬᠢᠷᠲᠤᠯ ᠦᠭᠡᠢ | ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠠᠬᠢᠭᠤᠯᠵᠤ᠂ ᠯᠠᠩ | ᠴᠤᠤ ᠪᠤᠭᠤᠲᠤ ᠶᠢᠨ ᠬᠤᠪᠢᠶᠠᠷᠢ ᠺᠣᠮᠫᠠᠨᠢ ᠶᠢ ᠢᠳᠡᠪᠬᠢᠲᠡᠢ ᠬᠥᠲᠥᠯᠥᠨ ᠵᠢᠯᠣᠭᠤᠳᠴᠤ᠂《 ᠰᠦᠯᠵᠢᠶᠡᠨ ᠳᠡᠭᠡᠷᠡᠬᠢ | ᠲᠠᠪᠴᠠᠩ 》 ᠢ ᠨᠡᠭᠡᠭᠡᠵᠦ᠂ 5G + ᠠᠵᠤ ᠦᠶᠯᠡᠳᠪᠦᠷᠢ ᠶᠢᠨ ᠢᠨᠲ᠋ᠧᠷ ᠰᠦᠯᠵᠢᠶᠡᠨ ᠤ ᠠᠵᠤ ᠦᠢᠯᠡᠰ ᠤᠨ | ᠰᠤᠳᠤᠯᠤᠨ ᠨᠡᠭᠡᠭᠡᠬᠦ ᠲᠥᠪ ᠢ ᠬᠦᠷᠢᠶᠡᠯᠡᠩ ᠳᠤ ᠤᠷᠤᠭᠤᠯᠬᠤ ᠶᠢ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠵᠦ ᠤᠯᠠᠷᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ( ᠬᠤᠶᠠᠷ ) ᠠᠵᠤ ᠦᠶᠯᠡᠰ ᠤᠨ ᠬᠥᠭᠵᠢᠯᠲᠡ ᠶᠢᠨ ᠰᠠᠭᠤᠷᠢᠨ ᠭᠠᠵᠠᠷ ᠢ ᠡᠷᠡᠰ ᠭᠤᠶᠢᠪᠢᠰᠢ ᠥᠬᠡᠶ | ᠴᠣᠭᠴᠠᠯᠠᠨ᠎ᠠ | ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠢ《 ᠬᠦᠴᠦᠷᠬᠡᠭᠵᠢᠭᠦᠯᠦᠨ᠎ᠡ 》᠃ 6 ᠵᠤᠷᠪᠤᠰ ᠵᠠᠮ | ᠬᠤᠭᠤᠯᠠᠶ ᠶᠢᠨ ᠲᠣᠣᠷ ᠤᠨ ᠢᠨᠵᠧᠨᠧᠷᠢᠩ ᠢ ᠬᠡᠷᠡᠭᠵᠢᠭᠦᠯᠵᠦ᠂ ᠲᠥᠪᠯᠡᠷᠡᠭᠦᠯᠦᠨ ᠮᠠᠰᠢᠨ ᠲᠡᠷᠭᠡ ᠢᠯᠴᠢ ᠬᠠᠩᠭᠠᠬᠤ᠂ | ᠠᠮᠢᠳᠤᠷᠠᠯ ᠳᠤ ᠬᠡᠷᠡᠭᠯᠡᠬᠦ ᠤᠰᠤ ᠵᠡᠷᠭᠡ ᠢᠵᠢ ᠪᠦᠷᠢᠳᠦᠭᠦᠯᠬᠦ ᠢᠨᠵᠧᠨᠧᠷᠢᠩ ᠢ ᠡᠬᠢᠯᠡᠭᠦᠯᠵᠦ᠂ ᠶᠢᠩ ᠬᠤᠸᠠ 500 | ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ᠂ 3 ᠺᠢᠯᠣᠮᠧᠲᠷ ᠤᠨ 110 ᠺᠢᠯᠣᠸᠠᠲ ᠤᠨ ᠬᠤᠣᠰ ᠬᠡᠯᠬᠢᠶ᠎ᠡ | ᠪᠦᠬᠦᠢ ᠴᠠᠬᠢᠯᠭᠠᠨ ᠬᠠᠩᠭᠠᠬᠤ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠠᠬᠢᠯᠭᠠᠨ ᠢ | ᠨᠡᠮᠡᠵᠦ ᠲᠣᠬᠢᠷᠠᠭᠤᠯᠤᠨ ᠬᠤᠳᠠᠯᠳᠤᠬᠤ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂《 | ᠦᠬᠦᠰᠢᠷᠡᠮᠡᠯ ᠠᠵᠤ ᠠᠬᠤᠶᠢᠯᠠᠯ 》 ᠢ 3 ᠠᠴᠠ ᠳᠡᠭᠡᠭᠰᠢ ᠢᠯᠭᠠᠷᠠᠭᠤᠯᠤᠨ᠂ ᠬᠦᠷᠢᠶᠡᠯᠡᠩ ᠲᠣᠭᠤᠷᠢᠭ ᠤᠨ ᠴᠢᠬᠤᠯᠠ | ᠶᠡᠭᠡ ᠲᠥᠷᠥᠯ ᠵᠦᠢᠯ ᠢ ᠲᠤᠰᠴᠤ ᠠᠪᠬᠤ《 ᠬᠠᠲᠠᠭᠤ ᠪᠣᠳᠠᠲᠤ ᠬᠦᠴᠦᠨ 》 ᠢ ᠦᠨᠡᠨᠬᠦ ᠳᠡᠭᠡᠭᠰᠢᠯᠡᠭᠦᠯᠦᠨ᠎ᠡ᠃《 | ᠲᠠᠪᠤᠨ ᠶᠡᠭᠡ ᠰᠢᠨ᠎ᠡ ᠮᠠᠲ᠋ᠧᠷᠢᠶᠠᠯ ᠢᠶᠠᠷ ᠭᠤᠣᠯᠯᠠᠬᠤ ᠠᠵᠤ ᠦᠢᠯᠡᠰ 》 ᠤᠨ ᠲᠣᠭᠤᠷᠢᠨ ᠳᠤ᠂ 293 ᠳ᠋ᠦᠩᠰᠢᠭᠤᠷ | ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ 25 ᠭᠤᠣᠯᠳᠠᠯᠭ᠎ᠠ ᠲᠠᠢ ᠵᠦᠢᠯᠡᠰ ᠢ ᠬᠡᠷᠡᠭᠵᠢᠭᠦᠯᠪᠡ᠂ ᠱᠧᠨ | ᠬᠤᠸᠠ ᠶᠢᠨ ᠬᠤᠶᠠᠳᠤᠭᠠᠷ ᠬᠤᠭᠤᠴᠠᠭᠠᠨ ᠤ ᠦᠶᠯᠡᠳᠪᠦᠷᠢ ᠶᠢᠨ ᠲᠣᠭᠤᠷᠢᠭ ᠤᠨ ᠵᠠᠮ ᠵᠢᠴᠢ ᠠᠯᠪᠠᠨ ᠠᠰᠠᠷ ᠵᠡᠷᠭᠡ | ᠰᠠᠭᠤᠷᠢ ᠢᠨᠵᠧᠨᠧᠷᠢᠩ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠ ᠬᠤᠪᠣᠷ ᠰᠢᠷᠣᠢ | ᠲᠠᠷᠬᠠᠭᠠᠬᠤ᠂ ᠹᠦ᠋ ᠱᠢ ᠲᠧ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠵᠡᠷᠭᠡ ᠲᠥᠰᠦᠯ ᠢ ᠡᠬᠢᠯᠡᠭᠦᠯᠦᠨ᠂ ᠸᠧᠢ | ᠬᠠᠢ ᠭᠡᠷᠡᠯ ᠨᠡᠭᠦᠷᠡᠰᠦᠲᠥ᠋ᠷᠥᠭᠴᠢ ᠶᠢᠨ ᠰᠢᠷᠬᠡᠭ᠂ ᠮᠢᠩ ᠲᠦᠸᠧ ᠲᠡᠮᠦᠷᠯᠢᠭ ᠪᠡᠶ᠎ᠡ ᠵᠢᠪᠡᠷᠡᠬᠦ ᠦᠭᠡᠢ ᠪᠣᠯᠣᠳ ᠵᠡᠷᠭᠡ | ᠲᠥᠷᠥᠯ ᠵᠦᠶᠯ ᠢ ᠢᠳᠡᠪᠬᠢᠲᠡᠢ ᠠᠬᠢᠭᠤᠯᠵᠤ᠂ ᠫᠦ ᠵᠢᠩ ᠪᠥᠭᠡᠭᠡᠨᠡᠷᠡᠯ ᠡᠲ᠋ᠠᠨᠤᠯ ᠬᠦᠴᠢᠯ ᠤᠨ ᠬᠤᠶᠠᠳᠤᠭᠠᠷ | ᠬᠤᠭᠤᠴᠠᠭᠠᠨ ᠤ ᠠᠵᠢᠯ᠂ ᠴᠦᠭᠦᠷᠰᠦ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠬᠤᠶᠠᠳᠤᠭᠠᠷ ᠬᠤᠭᠤᠴᠠᠭ᠎ᠠ ᠵᠡᠷᠭᠡ | ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠂ ᠵᠧᠩᠵᠧᠦ ᠶᠢᠨ ᠵᠥᠩ ᠶᠤᠸᠠᠨ ᠬᠡᠲᠦ ᠥᠨᠳᠥᠷ | ᠮᠤᠯᠧᠺᠥᠯᠲᠤ ᠪᠥᠭᠡᠭᠡᠨᠡᠷᠡᠯ ᠡᠲ᠋ᠧᠨ ᠪᠦᠷᠬᠦᠪᠴᠢ᠂ ᠭᠢᠷᠢᠨ ᠤ ᠰᠢᠨ ᠢᠦ᠋ᠶ ᠨᠡᠭᠦᠷᠡᠰᠦᠲᠥ᠋ᠷᠥᠭᠴᠢᠲᠦ ᠰᠢᠷᠬᠡᠭᠯᠢᠭ | ᠢᠰᠡᠭᠡᠢ ᠵᠡᠷᠭᠡ ᠲᠥᠷᠥᠯ ᠵᠦᠶᠯ ᠢ ᠣᠷᠣᠭᠤᠯᠤᠨ ᠠᠪᠴᠢᠷᠠᠵᠤ᠂ ᠬᠤᠪᠣᠷ ᠰᠢᠷᠣᠶ ᠶᠢᠨ ᠲᠡᠮᠦᠷᠯᠢᠭ ᠤᠨ ᠰᠠᠭᠤᠷᠢᠨ | ᠭᠠᠵᠠᠷ ᠪᠠ ᠬᠢᠮᠢ ᠶᠢᠨ ᠠᠵᠤ ᠦᠶᠯᠡᠳᠪᠦᠷᠢ ᠶᠢᠨ 12 ᠲᠥᠷᠥᠯ ᠵᠦᠶᠯ ᠤᠨ ᠦᠶᠯᠡᠴᠢᠯᠡᠭᠡᠨ ᠤ ᠪᠠᠲᠤᠯᠠᠭ᠎ᠠ ᠶᠢ | ᠰᠠᠶᠢᠲᠤᠷ ᠬᠢᠵᠤ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠥᠷᠲᠡᠭ ᠢ 180 ᠳ᠋ᠦᠩᠰᠢᠭᠤᠷ ᠲᠥᠭᠦᠷᠢᠭ | ᠬᠦᠷᠭᠡᠵᠦ᠂ ᠠᠰᠢᠭ ᠭᠠᠶᠢᠯᠢ ᠶᠢ 13 ᠳ᠋ᠦᠩᠰᠢᠭᠤᠷ ᠲᠥᠭᠦᠷᠢᠭ ᠳᠠᠪᠠᠭᠤᠯᠬᠤ ᠪᠠᠷ ᠴᠢᠷᠮᠠᠶᠢᠨ᠎ᠠ᠃ | ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ ᠢ《 ᠠᠮᠢᠳᠤᠯᠢᠭ 》ᠪᠣᠯᠭᠠᠨ᠎ᠠ᠃ ᠪᠠᠷᠠᠭ᠎ᠠ ᠶᠢᠨ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠠᠰᠠᠨ ᠲᠡᠭᠦᠯᠳᠡᠷᠵᠢᠭᠦᠯᠵᠦ᠂ | ᠭᠤᠷᠪᠠᠳᠠᠬᠢ ᠡᠲᠡᠭᠡᠳ ᠤᠨ ᠪᠠᠷᠠᠭ᠎ᠠ ᠶᠢᠨ ᠭᠦᠢᠯᠭᠡᠭᠡᠨ ᠤ ᠲᠣᠮᠣ ᠠᠰᠠᠷ ᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠢᠵᠢ ᠪᠦᠷᠢᠳᠦᠭᠦᠯᠬᠦ ᠴᠢᠳᠠᠮᠵᠢ ᠶᠢ ᠳᠡᠭᠡᠭᠰᠢᠯᠡᠭᠦᠯᠦᠨ᠂ | ᠪᠤᠭᠤᠲᠤ ᠶᠢᠨ ᠤᠶᠤᠨᠴᠢ ᠠᠵᠤ ᠦᠢᠯᠡᠰ ᠤᠨ ᠰᠢᠨ᠎ᠡ ᠶᠢ ᠡᠭᠦᠳᠬᠦ ᠬᠤᠲᠠ ᠵᠢᠴᠢ ᠲᠣᠮᠣ ᠳ᠋ᠠᠶᠢᠲ᠋ᠠ ᠶᠢᠨ | ᠶᠡᠷᠦᠩᠬᠡᠶᠢᠯᠡᠭᠰᠡᠨ ᠬᠡᠷᠡᠭᠯᠡᠭᠡᠨ ᠤ ᠲᠠᠪᠴᠠᠩ᠂ ᠬᠤᠢ ᠲᠦᠩ ᠲᠢᠶᠠᠨ ᠰᠢᠶᠠ ᠤᠶᠤᠨᠴᠢ ᠡᠳ᠋ ᠪᠠᠷᠠᠭ᠎ᠠ ᠶᠢᠨ ᠬᠦᠢᠯᠭᠡᠭᠡ | ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠨᠢᠩᠪᠦᠸᠧ ᠶᠢᠨ ᠣᠯᠠᠨ ᠤᠯᠤᠰ ᠤᠨ ᠪᠠᠷᠠᠭ᠎ᠠ ᠶᠢᠨ | ᠭᠦᠢᠯᠭᠡᠭᠡᠨ ᠤ ᠭᠠᠷᠠᠮ᠂ ᠳᠤᠮᠳᠠᠳᠤ ᠤᠯᠤᠰ ᠤᠨ ᠠᠵᠤ ᠦᠶᠯᠡᠳᠪᠦᠷᠢ ᠶᠢᠨ ᠦᠢᠯᠡᠴᠢᠯᠡᠭᠡᠨ ᠤ ᠠᠵᠢᠯᠴᠢᠨ ᠤ ᠠᠰᠢᠭ | ᠬᠦᠷᠲᠡᠭᠡᠭᠰᠡᠨ ᠦᠷᠲᠡᠭᠡ ᠵᠡᠷᠭᠡ ᠠᠷᠠᠯᠵᠢᠶ᠎ᠠ ᠪᠠᠷᠠᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠢ 10 ᠠᠴᠠ ᠳᠡᠭᠡᠭᠰᠢ | ᠨᠤᠳᠤᠭᠰᠢᠯᠠᠭᠤᠯᠤᠨᠠ᠃ ᠪᠤᠭᠤᠲᠤ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ( B ᠬᠡᠯᠪᠡᠷᠢ ) | ᠤᠨ ᠠᠦ᠋ᠲ᠋ᠣᠴᠢᠯᠠᠭᠰᠠᠨ ᠬᠥᠮᠥᠷᠭᠡ ᠵᠢᠴᠢ ᠬᠦᠢᠲᠡᠨ ᠬᠡᠯᠬᠢᠶᠡᠲᠦ ᠬᠥᠮᠥᠷᠭᠡ ᠶᠢ ᠳᠡᠰ ᠳᠡᠪᠰᠢᠭᠦᠯᠬᠦ ᠶᠢ ᠲᠦᠯᠬᠢᠨ | ᠠᠬᠢᠭᠤᠯᠵᠤ᠂ ᠲᠡᠮᠦᠷ ᠵᠠᠮ ᠤᠨ ᠪᠠᠷᠠᠭ᠎ᠠ ᠲᠡᠭᠡᠭᠡᠪᠦᠷᠢᠯᠡᠬᠦ ᠲᠤᠰᠬᠠᠶ ᠱᠤᠭᠤᠮ ᠤᠨ ᠲᠥᠯᠥᠪᠵᠢᠭᠦᠯᠭᠡ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠶᠡᠭᠡ ᠬᠡᠮᠵᠢᠶᠡᠨ ᠤ ᠪᠠᠷᠠᠭᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠢᠳᠡᠪᠬᠢᠲᠡᠶ ᠪᠠᠷ ᠬᠥᠭᠵᠢᠭᠦᠯᠦᠨ᠎ᠡ᠃ ᠮᠠᠨ ᠤ ᠬᠤᠲᠠ ᠶᠢᠨ | ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠬᠦᠢᠰᠦ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠴᠢᠯᠥᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ᠂ ᠤᠯᠤᠰ ᠤᠨ ᠵᠢᠷᠭᠤᠳᠤᠭᠠᠷ ᠪᠦᠯᠦᠭ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢᠶᠠᠷ | ᠭᠤᠶᠤᠴᠢᠯᠠᠨ ᠮᠡᠳᠡᠭᠦᠯᠬᠦ ᠪᠠᠷ ᠲᠣᠬᠢᠶᠠᠯ ᠪᠣᠯᠭᠠᠵᠤ᠂ ᠲᠤᠰᠬᠠᠢ ᠲᠥᠷᠥᠯ ᠤᠨ ᠲᠥᠷᠦ ᠶᠢᠨ ᠪᠣᠳᠣᠯᠭ᠎ᠠ ᠶᠢᠨ | ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠲᠤᠰᠬᠠᠶᠢᠵᠢᠭᠰᠠᠨ ᠣᠯᠠᠨ ᠤᠯᠤᠰ ᠤᠨ ᠪᠠᠷᠠᠭ᠎ᠠ ᠶᠢᠨ ᠲᠡᠭᠡᠭᠡᠪᠦᠷᠢ | ᠶᠢᠨ ᠡᠭᠡᠯᠵᠢ ᠶᠢᠨ ᠭᠠᠯᠲᠤ ᠲᠡᠷᠭᠡ ᠶᠢᠨ ᠡᠵᠡᠩᠨᠡᠯᠲᠡ ᠶᠢᠨ ᠲᠠᠪᠴᠠᠩ ᠢ ᠪᠠᠶᠢᠭᠤᠯᠵᠤ᠂ ᠳᠤᠮᠳᠠᠳᠤ ᠧᠦ᠋ᠷᠣᠫᠠ ᠡᠭᠡᠯᠵᠢ | ᠶᠢᠨ ᠭᠠᠯᠲᠤ ᠲᠡᠷᠭᠡ ᠶᠢ ᠰᠡᠷᠭᠦᠭᠡᠨ ᠨᠡᠪᠲᠡᠷᠡᠭᠦᠯᠬᠦ ᠪᠠᠷ ᠴᠢᠷᠮᠠᠶᠢᠨ᠎ᠠ︔ ᠪᠦᠬᠦ ᠬᠤᠲᠠ ᠶᠢᠨ ᠲᠣᠮᠣ ᠬᠡᠯᠪᠡᠷᠢ ᠶᠢᠨ | ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠶᠯᠡᠳᠪᠦᠷᠢ ᠶᠢᠨ ᠪᠦᠲᠦᠭᠡᠭᠳᠡᠬᠦᠨ ᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠦᠢᠯᠭᠡᠭᠡ᠂ ᠥᠷᠭᠡᠨ ᠬᠡᠪᠴᠢᠶᠡᠨ ᠤ ᠪᠣᠭᠤᠮᠲᠠ ᠶᠢᠨ | ᠠᠵᠤ ᠠᠬᠤᠢ ᠶᠢᠨ ᠬᠤᠯᠪᠣᠭᠠᠯᠠᠨ ᠬᠥᠳᠡᠯᠦᠯᠴᠡᠬᠦ᠂ ᠰᠢᠯᠢᠳᠡᠭ ᠡᠯᠧᠺᠲᠷᠣᠨ ᠬᠤᠳᠠᠯᠳᠤᠭᠠᠨ ᠤ ᠲᠠᠪᠴᠠᠩ ᠢ | ᠣᠷᠣᠭᠤᠯᠤᠨ ᠠᠪᠴᠢᠷᠠᠬᠤ ᠶᠢ ᠲᠦᠯᠬᠢᠨ ᠠᠬᠢᠭᠤᠯᠵᠤ᠂ ᠪᠦᠬᠦ ᠵᠢᠯ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ | 640 ᠲᠦᠮᠡᠨ ᠲᠣᠨ ᠳᠤ ᠬᠦᠷᠭᠡᠬᠦ ᠪᠠᠷ ᠴᠢᠷᠮᠠᠶᠢᠨ᠎ᠠ᠃ | ᠢᠳᠡᠭᠡᠨ ᠤ ᠬᠦᠷᠢᠶᠡᠯᠡᠩ ᠢ《 ᠨᠠᠷᠢᠯᠢᠭ 》ᠪᠣᠯᠭᠠᠨ᠎ᠠ᠃ ᠤᠯᠤᠰ ᠤᠨ ᠬᠥᠳᠡᠭᠡ ᠲᠣᠰᠬᠤᠨ ᠤ ᠠᠵᠤ | ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠠᠵᠠ | ᠲᠣᠬᠢᠶᠠᠯ ᠪᠣᠯᠭᠠᠵᠤ᠂ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠲᠥᠪᠯᠡᠷᠡᠭᠦᠯᠦᠨ | ᠢᠯᠴᠢ ᠬᠠᠩᠭᠠᠬᠤ᠂ ᠠᠭᠤᠷ᠂ ᠳᠤᠮᠳᠠᠬᠢ ᠤᠰᠤᠨ ᠤ ᠬᠤᠭᠤᠯᠠᠢ ᠲᠣᠣᠷ ᠢ 8 ᠺᠢᠯᠤᠮᠧᠲᠷ ᠳᠡᠪᠢᠰᠴᠦ᠂ | ᠪᠠᠷᠢᠮᠵᠢᠶᠠᠵᠢᠭᠰᠠᠨ ᠦᠶᠯᠡᠳᠪᠦᠷᠢ ᠶᠢᠨ ᠭᠡᠷ ᠪᠠᠶᠢᠰᠢᠩ ᠢ 4 ᠰᠠᠭᠤᠷᠢ᠂ 1.1 ᠲᠦᠮᠡᠨ ᠲᠡᠭᠰᠢ ᠳᠥᠷᠪᠡᠯᠵᠢᠨ ᠮᠧᠲᠷ | ᠰᠢᠨ᠎ᠡ ᠪᠠᠷ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠡᠬᠢᠯᠡᠨ | ᠡᠵᠡᠩᠨᠡᠵᠦ᠂ ᠣᠯᠠᠨ ᠨᠡᠶᠢᠲᠡ ᠶᠢᠨ ᠪᠠᠶᠢᠴᠠᠭᠠᠨ ᠬᠡᠮᠵᠢᠬᠦ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ | ᠶᠢ ᠪᠡᠶᠡᠯᠡᠭᠦᠯᠦᠨ᠂ ᠳ᠋ᠢᠶᠤᠤ ᠢᠦ᠋ᠢ ᠲᠠᠢ ᠶᠢᠨ ᠢᠳᠡᠭᠡᠨ ᠤ ᠪᠠᠷᠢᠮᠵᠢᠶ᠎ᠠ ᠶᠢ ᠬᠢᠨᠠᠨ ᠭᠡᠷᠡᠴᠢᠯᠡᠬᠦ ᠰᠢᠰᠲ᠋ᠧᠮ ᠢ | ᠣᠷᠣᠭᠤᠯᠤᠨ ᠠᠪᠴᠢᠷᠠᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠦᠨ᠎ᠡ᠃ ᠲᠥᠷᠥᠯ ᠵᠦᠶᠯ ᠤᠨ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠴᠧᠨ ᠬᠤᠤ | ᠪᠤᠷᠴᠠᠭ ᠤᠨ ᠪᠦᠲᠦᠭᠡᠭᠳᠡᠬᠦᠨ᠂ ᠱᠦᠨ ᠬᠤᠩ ᠬᠦᠯᠳᠡᠭᠦᠦ ᠬᠠᠳᠠᠭᠠᠮᠠᠯ ᠵᠢᠮᠢᠰ ᠨᠣᠭᠤᠭ᠎ᠠ ᠵᠡᠷᠭᠡ 4 ᠲᠥᠷᠥᠯ ᠵᠦᠶᠯ | ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠰᠢᠯᠤᠭᠤᠨ ᠭᠤᠤᠯ ᠤᠨ ᠪᠦᠷᠬᠦᠪᠴᠢ ᠶᠢ | ᠪᠣᠯᠪᠠᠰᠤᠷᠠᠭᠤᠯᠬᠤ᠂ ᠪᠣᠭᠤᠮᠲᠠ ᠶᠢᠨ ᠭᠠᠳᠠᠨᠠᠬᠢ ᠮᠦᠳᠦ᠋ ᠶᠢᠨ ᠮᠢᠬᠠᠨ ᠤ ᠪᠦᠲᠦᠭᠡᠭᠳᠡᠬᠦᠨ ᠵᠡᠷᠭᠡ ᠲᠥᠷᠥᠯ ᠵᠦᠶᠯ | ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠢᠯᠢ᠂ ᠴᠢᠶᠠᠴᠢᠶᠠ ᠵᠡᠷᠭᠡ ᠨᠠᠷᠠᠲᠤ ᠲᠡᠮᠳᠡᠭᠲᠦ ᠠᠵᠤ | ᠠᠬᠤᠶᠢᠯᠠᠯ ᠤᠨ ᠠᠵᠤ ᠦᠶᠯᠡᠰ ᠤᠨ ᠰᠢᠯᠵᠢᠯᠲᠡ ᠶᠢ ᠢᠳᠡᠪᠬᠢᠲᠡᠶ ᠭᠥᠯᠢᠶᠡᠨ ᠠᠪᠴᠤ᠂ ᠵᠢᠯ ᠤᠨ ᠳᠣᠲᠣᠷ᠎ᠠ ᠣᠷᠣᠵᠤ | ᠰᠠᠭᠤᠬᠤ᠂ ᠠᠰᠢᠭᠯᠠᠯᠲᠠ ᠳᠤ ᠣᠷᠣᠭᠤᠯᠬᠤ ᠠᠵᠤ ᠠᠬᠤᠶᠢᠯᠠᠯ ᠢ ᠲᠣᠰ ᠲᠣᠰ 15 ᠡᠷᠦᠬᠡ᠂ 6 ᠡᠷᠦᠬᠡ ᠳᠤ | ᠬᠦᠷᠭᠡᠵᠦ᠂ ᠬᠦᠷᠢᠶᠡᠯᠡᠩ ᠲᠣᠭᠤᠷᠢᠭ ᠤᠨ ᠦᠶᠯᠡᠳᠬᠦᠨ ᠤ ᠥᠷᠲᠡᠭ ᠢ 2 ᠳ᠋ᠦᠩᠰᠢᠭᠤᠷ ᠲᠥᠭᠦᠷᠢᠭ ᠢ | ᠳᠠᠪᠠᠭᠤᠯᠤᠨ᠎ᠠ᠃ | ( ᠭᠤᠷᠪᠠ ) ᠭᠤᠣᠯ ᠬᠤᠲᠠ ᠲᠣᠭᠤᠷᠢᠭ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠶᠡᠬᠡᠪᠡᠷ | ᠳᠡᠭᠡᠭᠰᠢᠯᠡᠭᠦᠯᠦᠨ᠎ᠡ | ᠰᠢᠨ᠎ᠡ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠰᠢᠨ᠎ᠡ ᠬᠤᠲᠠ ᠲᠣᠭᠤᠷᠢᠭ ᠤᠨ ᠬᠤᠲᠠ ᠶᠢᠨ ᠵᠢᠷᠤᠭ ᠲᠥᠯᠥᠪᠯᠡᠭᠡ ᠶᠢ ᠵᠠᠰᠠᠨ ᠨᠠᠶᠢᠷᠠᠭᠤᠯᠬᠤ ᠶᠢ | ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ᠂ ᠳᠤᠮᠳᠠᠳᠤ ᠤᠯᠤᠰ ᠤᠨ ᠲᠡᠮᠦᠷᠯᠢᠭ | ᠬᠠᠶᠢᠯᠤᠭᠤᠯᠬᠤ ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠬᠥᠭᠵᠢᠭᠦᠯᠬᠦ ᠲᠥᠷᠦᠯ ᠵᠦᠢᠯ ᠢ ᠠᠬᠢᠭᠤᠯᠵᠤ᠂ | ᠶᠢᠨ ᠯᠢᠦ ᠶᠣᠣ ᠲᠣᠰᠬᠤᠨ ᠤ ᠬᠤᠶᠠᠳᠤᠭᠠᠷ ᠬᠤᠭᠤᠴᠠᠭ᠎ᠠ᠂ ᠬᠠᠳᠤᠨ ᠭᠤᠣᠯ ᠶᠡᠭᠡ ᠵᠡᠭᠡᠯᠢ ᠶᠢᠨ ᠬᠤᠶᠠᠷ ᠬᠠᠵᠠᠭᠤ | ᠵᠡᠷᠭᠡ ᠭᠠᠵᠠᠷ ᠣᠷᠣᠨ ᠤ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠢ ᠲᠦᠷᠭᠡᠳᠬᠡᠵᠦ᠂ 50 ᠲᠦᠮᠡᠨ ᠲᠡᠭᠰᠢ | ᠳᠥᠷᠪᠡᠯᠵᠢᠨ ᠮᠧᠲᠷ ᠭᠠᠵᠠᠷ ᠰᠢᠷᠣᠢ ᠶᠢ ᠲᠠᠲᠠᠪᠤᠷᠢᠯᠠᠨ ᠨᠤᠷᠠᠭᠠᠵᠤ ᠥᠭᠡᠷᠡᠴᠢᠯᠡᠬᠦ ᠶᠢ ᠪᠡᠶᠡᠯᠡᠭᠦᠯᠦᠨ᠎ᠡ᠃ ᠤᠷᠲᠤᠷᠢᠭ | ᠳᠣᠯᠣᠳᠤᠭᠠᠷ ᠵᠠᠮ᠂ ᠥᠷᠭᠡᠷᠢᠭ ᠠᠷᠪᠠᠨ ᠭᠤᠷᠪᠠᠳᠤᠭᠠᠷ ᠵᠠᠮ ᠵᠡᠷᠭᠡ ᠵᠠᠮ ᠢ ᠰᠢᠨ᠎ᠡ ᠪᠠᠷ ᠪᠠᠶᠢᠭᠤᠯᠬᠤ ᠪᠠ | ᠦᠷᠭᠦᠯᠵᠢᠯᠡᠨ ᠪᠠᠶᠢᠭᠤᠯᠵᠤ᠂ ᠬᠠᠲᠤᠨ ᠭᠤᠣᠯ ᠤᠨ ᠶᠡᠭᠡ ᠵᠡᠭᠡᠯᠢ᠂ ᠥᠷᠲᠡᠭᠡᠨ ᠤ ᠡᠮᠦᠨᠡᠬᠢ ᠵᠠᠮ ᠤᠨ ᠵᠡᠭᠦᠨᠳᠡᠬᠢ | ᠲᠠᠯ᠎ᠠ ᠵᠡᠷᠭᠡ ᠵᠠᠮ ᠤᠨ ᠬᠤᠭᠤᠯᠠᠢ ᠶᠢᠨ ᠬᠤᠩᠭᠢᠯ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠪᠠᠴᠢᠮ | ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠵᠢᠯᠣᠭᠤᠳᠬᠤ ᠲᠥᠪ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠢᠵᠢ ᠪᠦᠷᠢᠳᠦᠭᠦᠯᠬᠦ ᠢᠨᠵᠧᠨᠧᠷᠢᠩ ᠢ ᠬᠡᠷᠡᠭᠵᠢᠭᠦᠯᠵᠦ᠂ ᠭᠤᠣᠯ ᠵᠠᠮ ᠤᠨ ᠲᠣᠣᠷ ᠤᠨ ᠬᠤᠶᠠᠷ | ᠬᠠᠵᠠᠭᠤ ᠳᠤ ᠣᠷᠣᠨ ᠪᠦᠰᠡ ᠶᠢᠨ ᠨᠣᠭᠤᠭᠠᠷᠠᠭᠤᠯᠤᠯᠲᠠ ᠬᠢᠨ᠎ᠡ᠃ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ | ᠢᠳᠡᠪᠬᠢᠲᠡᠢ ᠥᠷᠭᠡᠳᠬᠡᠵᠦ᠂ ᠶᠤᠸᠠᠨ ᠵᠸᠥ ᠳ᠋ᠠ ᠳ᠋ᠦ᠋ ᠬᠦᠢ᠂ ᠪᠦ᠋ᠦ ᠯᠢ ᠴᠡᠴᠡᠷᠯᠢᠭ ᠤᠨ ᠨᠢᠭᠡᠳᠦᠭᠡᠷ ᠨᠣᠮᠧᠷ᠂ ᠸᠠᠨ | ᠺᠧ ᠰᠢᠩ ᠭᠤᠸᠠᠩ ᠲᠩᠷᠢ ᠭᠠᠵᠠᠷ ᠵᠡᠷᠭᠡ ᠶᠠᠰᠤ ᠴᠢᠨᠠᠷ ᠲᠠᠢ ᠭᠠᠵᠠᠷ ᠬᠥᠷᠥᠩᠭᠡ ᠶᠢᠨ ᠲᠥᠷᠥᠯ ᠵᠦᠢᠯ ᠢ | ᠲᠦᠷᠭᠡᠳᠬᠡᠨ ᠠᠬᠢᠭᠤᠯᠵᠤ᠂ ᠪᠤᠭᠤᠲᠤ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠥᠰᠥ ᠴᠠᠰᠤᠨ | ᠤ ᠲᠥᠪ᠂ ᠹᠦ᠋ ᠯᠢ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠳᠤᠮᠳᠠᠳᠤ ᠤᠯᠤᠰ ᠤᠨ ᠲᠡᠮᠦᠷᠯᠢᠭ ᠤᠨ ᠲᠢᠪ | ᠤᠨ ᠪᠠᠭᠤᠳᠠᠯ ᠵᠡᠷᠭᠡ ᠳᠡᠭᠡᠳᠦ ᠲᠡᠰ ᠤᠨ ᠬᠤᠳᠠᠯᠳᠤᠭᠠᠨ ᠤ ᠲᠥᠷᠥᠯ ᠵᠦᠢᠯ ᠢ ᠢᠳᠡᠪᠬᠢᠲᠡᠢ ᠠᠬᠢᠭᠤᠯᠵᠤ᠂ ᠨᠢᠭᠡ | ᠪᠦᠯᠦᠭ ᠶᠡᠷᠦᠩᠬᠡᠢ ᠬᠡᠯᠲᠡᠰ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠢᠨ᠎ᠡ | ᠲᠣᠭᠤᠷᠢᠭ ᠤᠨ ᠶᠠᠰᠤ ᠴᠢᠨᠠᠷ ᠤᠨ ᠠᠭᠤᠯᠤᠭᠳᠠᠬᠤᠨ ᠢ ᠬᠦᠴᠦᠯᠡᠨ ᠳᠡᠭᠡᠭᠰᠢᠯᠡᠭᠦᠯᠦᠨ᠎ᠡ᠃ | ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠵᠢᠯᠴᠢᠨ ᠲᠠᠷᠢᠶᠠᠴᠢᠨ ᠤ ᠵᠡᠭᠡᠯᠢ᠂ | ᠲᠠᠶᠢᠶᠤᠸᠠᠨ ᠵᠠᠮ ᠤᠨ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠥᠭᠡᠷᠡᠴᠢᠯᠡᠯᠲᠡ ᠶᠢ ᠪᠡᠶᠡᠯᠡᠭᠦᠯᠵᠦ᠂ | ᠺᠢᠨᠣ᠋ ᠵᠦᠴᠦᠭᠡ ᠶᠢᠨ ᠲᠢᠶᠠᠲᠷ ᠤᠨ ᠠᠭᠤᠳᠠᠮ ᠲᠠᠯᠠᠪᠠᠶ ᠶᠢᠨ ᠨᠣᠭᠤᠭᠠᠨ ᠬᠥᠷᠥᠰᠥ ᠵᠡᠷᠭᠡ 5《 ᠬᠠᠷᠮᠠᠨ ᠴᠡᠴᠡᠷᠯᠢᠭ | 》 ᠢ ᠪᠠᠶᠢᠭᠤᠯᠵᠤ᠂ ᠨᠢᠭᠡ ᠪᠦᠯᠦᠭ ᠴᠠᠬᠢᠯᠭᠠᠨ ᠴᠡᠨᠡᠭᠯᠡᠬᠦ ᠲᠠᠯᠠᠪᠠᠶ ᠥᠷᠲᠡᠭᠡ ᠵᠢᠴᠢ ᠦᠵᠦᠭᠦᠷᠯᠢᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠠᠭᠤᠳᠠᠮ ᠲᠠᠯᠠᠪᠠᠶ᠂ ᠵᠢᠥ ᠶᠤᠸᠠᠨ ᠠᠭᠤᠳᠠᠮ ᠲᠠᠯᠠᠪᠠᠶ | ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠪᠠ ᠬᠥᠨᠳᠡᠯᠡᠨ ᠭᠤᠯᠳᠤ ᠵᠡᠭᠡᠯᠢ ᠶᠢᠨ ᠦᠵᠡᠮᠵᠢ ᠶᠢ ᠭᠡᠷᠡᠯᠲᠦᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠬᠥᠨᠳᠡᠯᠡᠨ ᠭᠤᠯᠳᠤ ᠵᠡᠭᠡᠯᠢ ᠶᠢ ᠢᠳᠡᠭᠡᠨ ᠤᠮᠳᠠᠭᠠᠨ ᠤ ᠬᠡᠷᠡᠭᠯᠡᠭᠡ᠂ ᠦᠶᠯᠡᠳᠬᠦᠨ | ᠤ ᠳᠡᠯᠭᠡᠨ ᠪᠣᠷᠣᠯᠠᠭᠤᠯᠭ᠎ᠠ᠂ ᠰᠦᠯᠵᠢᠶᠡᠨ ᠤ ᠴᠤᠤᠳᠠᠮ ᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠵᠡᠭᠡᠯᠢ | ᠲᠣᠭᠤᠷᠢᠭ ᠪᠣᠯᠭᠠᠨ ᠪᠠᠶᠢᠭᠤᠯᠤᠨ᠎ᠠ᠃ ᠵᠢᠥ ᠶᠤᠸᠠᠨ ᠤ ᠭᠤᠣᠯ ᠤᠨ ᠦᠵᠡᠮᠵᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠧᠦ᠋ᠷᠣᠫᠠ ᠡᠮ ᠤᠨ ᠬᠥᠮᠥᠷᠭᠡ᠂ ᠷᠦᠩ ᠮᠤᠤ D ᠲᠣᠭᠤᠷᠢᠭ ᠵᠡᠷᠭᠡ ᠳᠥᠭᠦᠮ | ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠢᠳᠡᠪᠬᠢᠲᠡᠢ ᠥᠭᠡᠷᠡᠴᠢᠯᠡᠵᠦ᠂ ᠯᠠᠨ ᠰᠢ ᠴᠡᠴᠡᠷᠯᠢᠭ᠂ ᠯᠦᠩ | ᠶᠤᠸᠠᠨ B ᠲᠣᠭᠤᠷᠢᠭ ᠵᠡᠷᠭᠡ 4 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠵᠦ | ᠂ ᠵᠢᠩ ᠲᠢᠶᠠᠨ ᠴᠡᠴᠡᠷᠯᠢᠭ᠂ ᠯᠦ ᠴᠠᠩ ᠰᠢᠨ ᠶᠤᠸᠠᠨ ᠵᠡᠷᠭᠡ 31 ᠥᠮᠴᠢᠯᠡᠬᠦ ᠡᠷᠬᠡ ᠶᠢᠨ ᠦᠯᠡᠳᠡᠭᠳᠡᠯ ᠲᠥᠷᠥᠯ | ᠵᠦᠢᠯ ᠤᠨ ᠡᠷᠦᠬᠡ ᠬᠤᠪᠢᠶᠠᠨ ᠥᠮᠴᠢᠯᠡᠬᠦ ᠡᠷᠬᠡ ᠶᠢ ᠭᠦᠢᠴᠡᠳᠬᠡᠬᠦ ᠶᠢ ᠲᠦᠷᠭᠡᠳᠬᠡᠵᠦ᠂ ᠹᠦ᠋ ᠯᠢ C ᠲᠣᠭᠤᠷᠢᠭ᠂ | ᠯᠢᠦᠢ ᠳ᠋ᠢ ᠬᠤᠸᠠ ᠳ᠋ᠦ᠋ ᠵᠡᠷᠭᠡ 4 ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡ ᠶᠢ | ᠳᠡᠰ ᠳᠡᠪᠰᠢᠭᠦᠯᠵᠦ᠂ ᠬᠠᠭᠤᠴᠢᠨ ᠬᠤᠲᠠ ᠶᠢᠨ ᠲᠣᠭᠤᠷᠢᠭ ᠤᠨ ᠶᠡᠷᠦᠩᠬᠡᠢᠯᠡᠭᠰᠡᠨ ᠳᠦᠷᠰᠦ ᠪᠠᠶᠢᠳᠠᠯ ᠢ ᠬᠦᠴᠦᠯᠡᠨ | ᠰᠠᠢᠵᠢᠷᠠᠭᠤᠯᠤᠨ᠎ᠠ᠃ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃《 ᠰᠢᠨ᠎ᠡ ᠰᠠᠭᠤᠷᠢ | ᠪᠥᠲᠥᠭᠡᠨ ᠪᠠᠶᠢᠭᠤᠯᠤᠯᠲᠠ 》 ᠶᠢ ᠣᠨᠢᠯᠠᠵᠤ᠂ 5G ᠬᠡᠪ ᠳᠠᠭᠤᠷᠢᠶᠠᠯ ᠤᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠭᠤᠷᠪᠠᠨ ᠵᠢᠯ ᠤᠨ ᠳᠣᠲᠣᠷ᠎ᠠ ᠣᠷᠣᠨ ᠪᠦᠰᠡ ᠶᠢᠨ ᠲᠣᠤᠷ ᠰᠦᠯᠵᠢᠶ᠎ᠡ ᠶᠢ | ᠪᠦᠷᠢᠨ ᠪᠥᠷᠬᠦᠭᠦᠯᠬᠦ ᠶᠢ ᠪᠡᠶᠡᠯᠡᠭᠦᠯᠦᠨ᠎ᠡ᠃ ᠲᠣᠮᠣ ᠳ᠋ᠠᠶᠢᠲ᠋ᠠ ᠶᠢᠨ ᠣᠶᠤᠨᠴᠢᠯᠠᠭᠰᠠᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠣᠶᠤᠨᠴᠢ ᠮᠡᠳᠡᠷᠡᠮᠵᠢ᠂ ᠲᠣᠤᠷ ᠰᠦᠯᠵᠢᠶᠡᠨ ᠤ ᠬᠠᠮᠢᠶᠠᠷᠤᠯᠲᠠ᠂ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠬᠤᠲᠠ ᠶᠢᠨ ᠠᠵᠢᠯᠯᠠᠭᠠᠨ ᠤ ᠦᠶᠯᠡᠴᠢᠯᠡᠭᠡᠨ ᠤ | ᠲᠤᠶᠢᠯ ᠤᠨ ᠣᠨᠣᠪᠴᠢᠲᠠᠶ ᠨᠢᠭᠡ ᠴᠣᠭᠴᠠᠵᠢᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠭᠤᠷᠪᠠᠨ ᠱᠠᠲᠤᠨ ᠤ《 | ᠵᠡᠭᠡᠯᠢ ᠶᠢᠨ ᠳᠠᠷᠤᠭ᠎ᠠ ᠶᠢᠨ ᠲᠦᠷᠢᠮ 》ᠪᠠ《 ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ 》ᠬᠠᠮᠢᠶᠠᠷᠤᠯᠲᠠ | ᠶᠢᠨ ᠰᠢᠨ᠎ᠡ ᠵᠠᠭᠪᠤᠷ ᠢ ᠬᠡᠷᠡᠭᠵᠢᠭᠦᠯᠵᠦ᠂《 ᠵᠠᠰᠠᠮᠠᠯ ᠵᠠᠮ ᠢᠶᠠᠷ ᠠᠯᠪᠠᠯᠠᠬᠤ 》 ᠶᠢ ᠪᠠᠶᠢᠩᠭᠤᠵᠢᠭᠤᠯᠤᠨ ᠥᠷᠨᠢᠭᠦᠯᠵᠦ | ᠂ ᠵᠠᠮ ᠡᠵᠡᠯᠡᠨ ᠡᠵᠡᠩᠨᠡᠬᠦ᠂ ᠬᠠᠤᠯᠢ ᠠᠴᠠ ᠵᠥᠷᠢᠴᠡᠨ ᠪᠥᠲᠥᠭᠡᠨ ᠪᠠᠶᠢᠭᠤᠯᠬᠤ᠂《 ᠬᠤᠲᠠ ᠶᠢᠨ ᠵᠢᠷᠭᠤᠭᠠᠨ | ᠰᠠᠮᠠᠭᠤᠨ 》ᠵᠡᠷᠭᠡ ᠬᠠᠮᠢᠶᠠᠷᠤᠨ ᠡᠵᠡᠮᠳᠡᠵᠦ ᠵᠠᠰᠠᠬᠤ ᠶᠢ ᠴᠢᠩᠭᠠᠳᠬᠠᠨ᠎ᠠ᠃ ᠬᠤᠲᠠ ᠶᠢᠨ ᠳᠦᠷᠢ ᠲᠥᠷᠬᠦ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠪᠠ ᠣᠯᠠᠨ ᠨᠡᠶᠢᠲᠡ ᠶᠢᠨ ᠡᠮᠬᠢ ᠳᠢᠭᠯᠢᠮ ᠢ ᠶᠡᠷᠦᠩᠬᠡᠶᠢᠯᠡᠨ ᠴᠡᠭᠴᠡᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠴᠡᠪᠡᠷᠯᠡᠨ | ᠴᠡᠪᠡᠷᠯᠡᠵᠦ ᠬᠠᠮᠠᠭᠠᠯᠠᠬᠤ ᠶᠢ ᠵᠠᠬ᠎ᠠ ᠳᠡᠯᠭᠡᠭᠦᠷᠴᠢᠯᠡᠨ ᠬᠠᠮᠢᠶᠠᠷᠬᠤ ᠶᠢ ᠯᠠᠪᠳᠠᠭᠤᠨ ᠢᠶᠠᠷ ᠠᠬᠢᠭᠤᠯᠵᠤ᠂ ᠬᠤᠭ ᠨᠣᠪᠰᠢ | ᠶᠢ ᠲᠥᠷᠥᠯ ᠬᠤᠪᠢᠶᠠᠬᠤ ᠠᠵᠢᠯ ᠢ ᠪᠥᠬᠦ ᠲᠠᠯ᠎ᠠ ᠪᠠᠷ ᠳᠡᠯᠭᠡᠷᠡᠭᠦᠯᠦᠨ᠂ ᠨᠢᠭᠡ ᠪᠦᠯᠦᠭ ᠴᠢᠨᠠᠷ ᠰᠠᠶᠢᠲᠠᠶ ᠥᠨᠳᠥᠷ | ᠪᠦᠲᠦᠮᠵᠢᠲᠡᠶ ᠰᠠᠭᠤᠷᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠡᠯᠡᠳᠬᠡᠮᠵᠢ ᠪᠠ ᠣᠯᠠᠨ ᠨᠡᠶᠢᠲᠡ ᠶᠢᠨ | ᠪᠡᠯᠡᠳᠬᠡᠮᠵᠢ ᠶᠢ ᠰᠢᠨᠡᠳᠬᠡᠨ ᠲᠣᠬᠢᠷᠠᠭᠤᠯᠵᠤ᠂ ᠭᠤᠤᠯ ᠬᠤᠲᠠ ᠲᠣᠭᠤᠷᠢᠭ ᠲᠤ 3 ᠰᠠᠭᠤᠷᠢ ᠬᠤᠭ ᠨᠣᠪᠰᠢ ᠶᠢ | ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ᠂ 3 ᠣᠯᠠᠨ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠪᠥᠬᠦ | ᠤᠯᠤᠰ ᠤᠨ ᠪᠣᠯᠪᠠᠰᠤᠨ ᠬᠤᠲᠠ ᠶᠢᠨ ᠢᠷᠠᠭᠤ ᠠᠯᠳᠠᠷ ᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠡᠷᠡᠰ | ᠲᠡᠮᠡᠴᠡᠨ ᠣᠯᠤᠨ᠎ᠠ᠃ | ( ᠳᠥᠷᠪᠡ ) ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠶᠢᠯ | ᠲᠣᠰᠬᠤᠨ ᠤ ᠬᠥᠭᠵᠢᠯᠲᠡ ᠶᠢᠨ ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠵᠦ᠂ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠤ ᠴᠡᠭᠴᠡᠯᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠰᠢ ᠬᠤᠤ ᠺᠸᠦ᠂ ᠮᠢᠨ ᠱᠧᠩ ᠲᠣᠰᠬᠤᠨ ᠵᠡᠷᠭᠡ | 300 ᠡᠷᠦᠬᠡ ᠲᠣᠰᠬᠤᠨ ᠤ ᠠᠷᠠᠳ ᠤᠨ ᠪᠣᠬᠢᠷ ᠤᠰᠤ ᠶᠢ ᠵᠠᠰᠠᠬᠤ᠂ ᠵᠣᠷᠯᠣᠩ ᠢ ᠥᠭᠡᠷᠡᠴᠢᠯᠡᠨ ᠵᠠᠰᠠᠬᠤ | ᠢᠨᠵᠧᠨᠧᠷᠢᠩ ᠢ ᠪᠡᠶᠡᠯᠡᠭᠦᠯᠵᠦ᠂ 77 ᠲᠡᠵᠢᠭᠡᠨ ᠦᠷᠡᠵᠢᠭᠦᠯᠬᠦ ᠲᠠᠯᠠᠪᠠᠢ ( ᠡᠷᠦᠬᠡ ) ᠳᠤ ᠮᠠᠯ ᠵᠢᠭᠦᠷᠲᠡᠨ ᠤ | ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠥᠭᠡᠷᠡᠴᠢᠯᠡᠯᠲᠡ ᠶᠢ ᠬᠢᠵᠦ᠂ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠤ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ | ᠰᠦᠪᠡᠭᠴᠢᠯᠡᠨ ᠪᠠᠶᠢᠭᠤᠯᠤᠨ᠎ᠠ᠃ ᠪᠤᠭᠤᠲᠤ ᠶᠢᠨ ᠮᠤᠤᠮᠢᠩ ᠬᠦᠷᠬᠦ ᠳᠡᠭᠡᠳᠦ ᠬᠤᠷᠳᠤᠨ ᠲᠡᠷᠭᠡᠨ ᠤ ᠵᠠᠮ ᠢ | ᠥᠷᠭᠡᠳᠬᠡᠨ ᠪᠠᠶᠢᠭᠤᠯᠬᠤ ᠪᠠ ᠪᠤᠭᠤᠲᠤ ᠶᠢᠨ ᠢᠷᠭᠠᠢ ᠬᠦᠷᠬᠦ ᠳᠡᠭᠡᠳᠦ ᠬᠤᠷᠳᠤᠨ ᠲᠡᠮᠦᠷ ᠵᠠᠮ ᠤᠨ ᠲᠥᠷᠥᠯ ᠵᠦᠢᠯ | ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠵᠤ᠂ 18.2 ᠺᠢᠯᠤᠮᠧᠲᠷ ᠤᠷᠲᠤ ᠬᠠᠷᠪᠢᠨ ᠬᠦᠷᠬᠦ ᠱᠤᠭᠤᠮ ᠤᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠴᠠᠭ ᠲᠤᠨᠢ ᠲᠤᠬᠢᠷᠠᠭᠤᠯᠤᠨ ᠡᠬᠢᠯᠡᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ | ᠥᠪᠡᠷᠲᠡᠭᠡᠨ ᠵᠠᠰᠠᠬᠤ ᠣᠷᠣᠨ ᠤ《ᠳᠥᠷᠪᠡᠨ ᠰᠠᠶᠢᠨ ᠬᠥᠳᠡᠭᠡ ᠲᠣᠰᠬᠤᠨ ᠤ ᠵᠠᠮ 》 ᠤᠨ ᠵᠢᠱᠢᠶ᠎ᠡ ᠦᠵᠡᠭᠦᠯᠬᠦ | ᠣᠷᠣᠨ ᠢ ᠴᠢᠷᠮᠠᠶᠢᠨ ᠡᠭᠦᠳᠦᠨ᠎ᠡ᠃ | ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠤᠯᠠᠮᠵᠢᠯᠠᠯᠲᠤ ᠲᠠᠷᠢᠶᠠᠯᠠᠩ | ᠢ ᠠᠮᠢ ᠠᠬᠤᠢ᠂ ᠰᠡᠯᠡᠭᠦᠴᠡᠯ᠂ ᠥᠨᠳᠥᠷ ᠦᠷ᠎ᠡ ᠠᠰᠢᠭᠲᠤ ᠲᠠᠷᠢᠶᠠᠯᠠᠩ ᠲᠡᠰᠢ ᠬᠤᠪᠢᠷᠠᠭᠤᠯᠵᠤ᠂ ᠤᠯᠠᠯᠵᠢ | ᠵᠢᠷᠭᠤᠭᠠᠨ ᠲᠣᠰᠬᠤᠨ᠂ ᠮᠡᠷᠭᠡᠨ ᠭᠠᠴᠠᠭᠠᠨ ᠤ 5000 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠭᠤᠷᠪᠠᠨ ᠨᠠᠭᠤᠷ ᠤᠨ ᠤᠰᠤᠯᠠᠯᠲᠠ ᠶᠢᠨ ᠣᠷᠣᠨ ᠤ ᠢᠵᠢ | ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠦᠷᠭᠦᠯᠵᠢᠯᠡᠨ ᠪᠠᠶᠢᠭᠤᠯᠬᠤ ᠶᠢ | ᠲᠦᠷᠭᠡᠳᠬᠡᠵᠦ᠂ ᠣᠨᠴᠠᠯᠢᠭᠲᠤ ᠲᠠᠷᠢᠵᠤ ᠲᠡᠵᠢᠭᠡᠬᠦ ᠬᠡᠪᠴᠢᠶ᠎ᠡ ᠶᠢ ᠥᠷᠭᠡᠳᠬᠡᠨ᠂ 300 ᠮᠦ ᠥᠨᠳᠥᠷ ᠪᠠᠷᠢᠮᠵᠢᠶᠠᠲᠤ | ᠳᠤᠯᠠᠭᠠᠨ ᠬᠦᠯᠡᠮᠵᠢ ᠶᠢ ᠰᠢᠨ᠎ᠡ ᠪᠠᠷ ᠪᠠᠶᠢᠭᠤᠯᠤᠨ ᠥᠷᠭᠡᠳᠬᠡᠨ ᠪᠠᠶᠢᠭᠤᠯᠵᠤ᠂ ᠨᠢᠭᠡ ᠪᠦᠯᠦᠭ ᠮᠦ ᠪᠦᠷᠢ ᠶᠢᠨ | ᠳᠤᠮᠳᠠᠴᠢ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠢ 5 ᠲᠦᠮᠡᠨ ᠲᠥᠭᠦᠷᠢᠭ ᠢ ᠳᠠᠪᠠᠭᠰᠠᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠠᠶᠢᠭᠤᠯᠤᠨ᠎ᠠ᠃ ᠲᠠᠯ᠎ᠠ ᠨᠤᠲᠤᠭ ᠤᠨ ᠯᠢ ᠰᠢᠨ ᠬᠤᠶᠠᠳᠤᠭᠠᠷ ᠬᠤᠭᠤᠴᠠᠭ᠎ᠠ᠂ ᠱᠧᠩ ᠭᠤᠤ | ᠸᠠᠩ ᠮᠠᠯ ᠠᠵᠤ ᠠᠬᠤᠢ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠮᠤᠤ ᠱᠧᠩ᠂ ᠳ᠋ᠦᠩ ᠰᠢᠩ ᠶᠤᠸᠠᠨ ᠵᠡᠷᠭᠡ 21 ᠴᠠᠭᠠᠨ ᠢᠳᠡᠭᠡᠨ ᠤ ᠦᠢᠯᠡᠰ ᠤᠨ ᠠᠵᠤ | ᠠᠬᠤᠶᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠮᠠᠯ ᠠᠵᠤ ᠠᠬᠤᠢ ᠶᠢᠨ | ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠲᠢᠶᠠᠨ ᠾᠧ᠂ ᠮᠧᠩ ᠯᠧ ᠶᠤᠸᠠᠨ ᠵᠡᠷᠭᠡ ᠰᠡᠯᠡᠭᠦᠴᠡᠯ | ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠤᠨ ᠳᠡᠰ ᠳᠡᠪᠰᠢᠬᠦ ᠶᠢ ᠳᠠᠮᠵᠢᠵᠤ᠂ ᠨᠢᠭᠡ | ᠪᠦᠯᠦᠭ ᠠᠮᠢ ᠠᠬᠤᠢ ᠶᠢᠨ ᠬᠥᠳᠡᠭᠡ ᠲᠣᠰᠬᠤᠨ᠂ ᠬᠠᠳᠤᠨ ᠭᠤᠣᠯ ᠳᠠᠭᠠᠤ ᠶᠢᠨ ᠰᠣᠶᠣᠯ ᠲᠥᠪᠯᠡᠷᠡᠭᠰᠡᠨ | ᠣᠨᠴᠠᠯᠢᠭᠲᠤ ᠲᠣᠰᠬᠤᠨ ᠪᠠ ᠪᠠᠯᠭᠠᠰᠤ ᠶᠢ ᠪᠤᠢ ᠪᠣᠯᠭᠠᠵᠤ᠂ ᠰᠠᠭᠤᠭᠠᠯᠢ ᠠᠷᠠᠳ ᠤᠨ ᠰᠡᠯᠡᠭᠦᠴᠡᠯ ᠤᠨ ᠬᠡᠷᠡᠭᠯᠡᠭᠡ | ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ | ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠭᠠᠵᠠᠷ ᠰᠢᠷᠣᠶ ᠶᠢᠨ ᠡᠷᠬᠡ | ᠶᠢ ᠨᠤᠲᠠᠯᠠᠨ ᠲᠣᠭᠲᠠᠭᠠᠬᠤ ᠥᠭᠡᠷᠡᠴᠢᠯᠡᠯᠲᠡ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠷᠠᠭᠤᠯᠵᠤ᠂《 | ᠺᠣᠮᠫᠠᠨᠢ + ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ 》 ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠦᠨ᠂ | ᠭᠤᠸᠠᠩ ᠵᠦᠩ᠂ ᠱᠧ ᠵᠢᠶᠠᠨ ᠭᠤᠸ᠋ᠨ ᠵᠢᠶᠠ ᠵᠡᠷᠭᠡ ᠬᠥᠲᠥᠴᠢ ᠠᠵᠤ ᠠᠬᠤᠶᠢᠯᠠᠯ ᠬᠢᠭᠡᠳ ᠲᠠᠷᠢᠶᠠᠴᠢᠨ ᠡᠷᠦᠬᠡ ᠶᠢᠨ | ᠵᠤᠬᠢᠶᠠᠨ ᠪᠠᠶᠢᠭᠤᠯᠤᠭᠰᠠᠨ ᠠᠵᠤ ᠦᠢᠯᠡᠰᠵᠢᠭᠦᠯᠦᠭᠰᠡᠨ ᠬᠤᠯᠪᠣᠭᠠᠲᠤ ᠴᠣᠭᠴᠠ ᠪᠠᠶᠢᠭᠤᠯᠬᠤ ᠶᠢ ᠠᠬᠢᠭᠤᠯᠵᠤ᠂ | ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠪᠠᠨ ᠨᠢᠭᠲᠠ ᠬᠤᠯᠪᠣᠬᠤ ᠶᠢ ᠠᠬᠢᠭᠤᠯᠤᠨ᠂ ᠮᠠᠯᠴᠢᠨ | ᠲᠠᠷᠢᠶᠠᠴᠢᠨ ᠤ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠳᠠᠶᠢᠴᠢᠯᠠᠨ᠎ᠠ᠃ ᠭᠠᠴᠠᠭ᠎ᠠ | ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠶᠦᠩ ᠹᠧᠩ | ᠲᠣᠰᠬᠤᠨ ᠤ ᠰᠢᠨ᠎ᠡ ᠰᠣᠷᠭᠤᠭ ᠢᠳᠡᠰᠢᠨ ᠡᠷᠳᠡᠨᠢ ᠰᠢᠰᠢ᠂ ᠭᠤᠸᠠᠨ ᠵᠢᠶᠠᠩ ᠼᠦᠨ ᠲᠣᠰᠬᠤᠨ ᠤ ᠠᠮᠤ ᠲᠣᠰᠣ | ᠡᠳ᠋ᠰᠢᠭᠦᠯᠬᠦ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠭᠠᠴᠠᠭ᠎ᠠ ᠲᠣᠰᠬᠤᠨ ᠤ | ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠰᠤᠮᠤ ᠪᠠᠯᠭᠠᠰᠤᠨ | ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠬᠢ ᠶᠢ ᠴᠢᠩᠭᠠᠳᠬᠠᠵᠤ᠂ ᠡᠷᠬᠡ | ᠣᠯᠭᠤᠵᠤ ᠡᠷᠬᠡ ᠶᠢ ᠳᠣᠷᠣᠭᠰᠢ ᠪᠠᠭᠤᠯᠭᠠᠬᠤ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠢᠳᠡᠪᠬᠢᠲᠡᠶ ᠭᠥᠯᠢᠶᠡᠨ | ᠠᠪᠴᠤ᠂ ᠠᠶᠢᠯ ᠲᠣᠰᠬᠤᠨ ᠤ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠯ ᠢ | ᠭᠤᠤᠯᠳᠠᠯᠭ᠎ᠠ ᠲᠠᠢ ᠴᠢᠩᠭᠠᠳᠬᠠᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠬᠡᠷ | ᠪᠠᠶᠢᠰᠢᠩ ᠪᠠᠷᠢᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠲᠥᠪᠯᠡᠷᠡᠭᠦᠯᠦᠨ ᠥᠷᠨᠢᠭᠦᠯᠦᠨ᠎ᠡ᠃ | ( ᠲᠠᠪᠤ ) ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢ | ᠯᠠᠪᠳᠠᠭᠤᠨ ᠪᠠᠲᠤᠲᠠᠢ ᠠᠬᠢᠭᠤᠯᠤᠨ᠎ᠠ | ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠠᠬᠢᠭᠤᠯᠤᠨ᠎ᠠ᠃ ᠬᠥᠬᠡᠬᠤᠲᠠ ᠲᠡᠮᠦᠷ ᠵᠠᠮ ᠤᠨ | ᠲᠣᠪᠴᠢᠶ᠎ᠠ ᠶᠢᠨ ᠴᠢᠯᠠᠭᠤ ᠭᠠᠷᠭᠠᠬᠤ ᠲᠠᠯᠠᠪᠠᠢ ᠶᠢᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ | ᠵᠠᠰᠠᠬᠤ ᠶᠢ ᠪᠡᠶᠡᠯᠡᠭᠦᠯᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠦᠯᠡᠳᠡᠭᠳᠡᠯ ᠡᠯᠡᠰᠦᠨ ᠨᠦᠬᠡ ᠶᠢ | ᠴᠡᠭᠴᠡᠯᠡᠨ ᠵᠠᠰᠠᠬᠤ ᠶᠢ ᠲᠦᠷᠭᠡᠳᠬᠡᠨ᠎ᠡ᠃《 ᠭᠤᠤᠯ ᠮᠥᠷᠡᠨ ᠤ ᠳᠠᠷᠤᠭ᠎ᠠ ᠶᠢᠨ ᠲᠦᠷᠢᠮ 》 ᠤᠨ ᠠᠵᠢᠯ ᠢ | ᠴᠢᠩᠭᠠᠳᠬᠠᠵᠤ᠂ ᠡᠯ ᠳ᠋ᠤᠤ ᠱᠠ ᠾᠧ ᠭᠤᠤᠯ᠂ ᠰᠧ ᠳ᠋ᠤᠤ ᠱᠠ ᠾᠧ ᠭᠤᠤᠯ ᠤᠨ ᠤᠰᠤᠨ ᠤ ᠠᠮᠢ ᠠᠬᠤᠶ ᠶᠢ | ᠶᠡᠷᠦᠩᠬᠡᠶᠢᠯᠡᠨ ᠳᠡᠭᠡᠭᠰᠢᠯᠡᠭᠦᠯᠬᠦ ᠲᠥᠷᠥᠯ ᠵᠦᠶᠯ ᠢ ᠠᠬᠢᠭᠤᠯᠵᠤ᠂ ᠵᠣᠣ ᠵᠢᠶᠦ᠋ᠨ ᠳ᠋ᠤᠤ ᠶᠢᠨ ᠨᠠᠮᠤᠭ ᠭᠠᠵᠠᠷ ᠢ | ᠰᠡᠷᠭᠦᠭᠡᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠦᠨ᠎ᠡ᠃ ᠪᠠᠶᠢᠭᠠᠯᠢ ᠶᠢᠨ ᠣᠶ ᠶᠢ | ᠬᠠᠮᠠᠭᠠᠯᠠᠬᠤ ᠪᠠ ᠭᠤᠤᠯᠳᠠᠯᠭ᠎ᠠ ᠲᠠᠢ ᠣᠷᠣᠨ ᠪᠦᠰᠡ᠂ ᠵᠠᠮ ᠬᠠᠷᠢᠯᠴᠠᠭᠠᠨ ᠤ ᠭᠤᠤᠯ ᠱᠤᠭᠤᠮ᠂ ᠠᠶᠢᠯ ᠲᠣᠰᠬᠤᠨ | ᠤ ᠨᠣᠭᠤᠭᠠᠷᠠᠭᠤᠯᠤᠯᠲᠠ ᠠᠷᠠᠴᠢᠯᠠᠯᠲᠠ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠠᠲᠤᠨ ᠭᠤᠤᠯ | ᠳᠠᠭᠠᠤ ᠶᠢᠨ ᠠᠮᠢ ᠠᠬᠤᠶ ᠶᠢᠨ ᠬᠤᠩᠭᠢᠯ᠂ ᠠᠵᠤ ᠠᠬᠤᠶ ᠶᠢᠨ ᠣᠶ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ | ᠢᠨᠵᠧᠨᠧᠷᠢᠩ ᠢ ᠠᠬᠢᠭᠤᠯᠵᠤ᠂ ᠣᠶ ᠰᠢᠭᠤᠶ ᠶᠢᠨ ᠭᠠᠯ ᠰᠡᠷᠭᠡᠶᠢᠯᠡᠬᠦ ᠣᠶᠤᠨᠴᠢ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠭᠤᠯᠠ ᠶᠢ | ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ | ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ《 ᠲᠠᠷᠢᠶᠠᠯᠠᠩ | ᠤᠨ ᠪᠤᠰᠤ ᠪᠣᠯᠭᠠᠬᠤ 》《 ᠠᠮᠤ ᠪᠤᠳᠠᠭᠠᠨ ᠤ ᠪᠤᠰᠤ ᠪᠣᠯᠭᠠᠬᠤ 》ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠶᠢ ᠴᠢᠩᠭᠠᠳᠬᠠᠨ᠎ᠠ᠃ ᠲᠥᠪ ᠵᠢᠴᠢ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ | ᠪᠠᠬᠢᠵᠢᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ | ᠤ ᠲᠥᠯᠥᠪᠯᠡᠭᠡ ᠶᠢ ᠭᠦᠨᠵᠡᠭᠡᠶ ᠨᠠᠶᠢᠳᠠᠪᠤᠷᠢᠵᠢᠭᠤᠯᠤᠨ᠂ ᠪᠥᠬᠦ ᠲᠤᠭᠤᠷᠢᠭ ᠤᠨ ᠨᠡᠭᠦᠷᠡᠰᠦᠲᠥ᠋ᠷᠥᠭᠴᠢ ᠶᠢᠨ ᠣᠷᠭᠢᠯ | ᠤᠨ ᠬᠤᠭᠤᠴᠠᠭ᠎ᠠ᠂ ᠨᠡᠭᠦᠷᠡᠰᠦᠲᠥ᠋ᠷᠥᠭᠴᠢ ᠶᠢᠨ ᠳᠤᠮᠳᠠ ᠪᠠ ᠳᠣᠤᠷ᠎ᠠ ᠨᠡᠭᠦᠷᠡᠰᠦᠲᠥ᠋ᠷᠥᠭᠴᠢᠲᠦ ᠬᠤᠲᠠ ᠶᠢᠨ | ᠪᠥᠲᠥᠭᠡᠨ ᠪᠠᠶᠢᠭᠤᠯᠤᠯᠲᠠ ᠶᠢᠨ ᠲᠥᠰᠦᠯ ᠢ ᠰᠤᠳᠤᠯᠤᠨ ᠲᠣᠭᠲᠠᠭᠠᠨ᠎ᠠ᠃ ᠱᠧᠨ ᠬᠤᠸᠠ ᠭᠦᠸᠧᠯᠦ ᠶᠢᠨ ᠤᠲᠤᠭ᠎ᠠ | ᠶᠢ ᠬᠡᠲᠦ ᠳᠣᠣᠷ᠎ᠠ ᠭᠠᠳᠠᠭᠰᠢᠯᠠᠭᠤᠯᠬᠤ᠂ ᠭᠠᠳᠠᠭᠰᠢ ᠭᠠᠳᠠᠭᠰᠢᠯᠠᠭᠤᠯᠬᠤ ᠬᠠᠶᠠᠭᠳᠠᠮᠠᠯ ᠤᠰᠤ ᠶᠢ ᠳᠠᠪᠤᠰᠤ | ᠦᠭᠡᠢᠳᠡᠭᠦᠯᠦᠨ ᠭᠠᠳᠠᠭᠰᠢᠯᠠᠭᠤᠯᠬᠤ ᠵᠡᠷᠭᠡ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ ᠰᠢᠲᠠᠭᠠᠯᠭ᠎ᠠ | ᠶᠢᠨ ᠨᠡᠭᠦᠷᠡᠰᠦ ᠶᠢ ᠰᠤᠯᠠ ᠰᠢᠲᠠᠭᠠᠬᠤ᠂ ᠡᠰᠢ ᠰᠦᠷᠡᠯ ᠢ ᠰᠢᠲᠠᠭᠠᠬᠤ᠂ ᠬᠤᠸᠠᠷ ᠫᠤᠤᠵᠢᠩ ᠲᠠᠯᠪᠢᠬᠤ ᠵᠡᠷᠭᠡ | ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠤᠨ᠂ ᠪᠠᠷᠢᠯᠭ᠎ᠠ ᠶᠢᠨ ᠭᠠᠵᠠᠷ᠂ ᠨᠢᠴᠦᠭᠦᠨ ᠰᠢᠷᠣᠢ ᠣᠪᠣᠭᠠᠯᠠᠬᠤ᠂ | ᠵᠠᠮ ᠤᠨ ᠲᠣᠭᠤᠰᠣ ᠳᠡᠭᠳᠡᠬᠦ ᠵᠡᠷᠭᠡ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠠᠵᠤ ᠦᠶᠯᠡᠳᠪᠦᠷᠢ ᠶᠢᠨ | ᠨᠡᠭᠦᠷᠡᠰᠦ ᠰᠢᠲᠠᠭᠠᠬᠤ ᠭᠦᠸᠧᠯᠦ᠂ ᠵᠤᠤᠬ᠎ᠠ ᠤᠭᠤᠷᠭᠠᠢ ᠶᠢ ᠴᠡᠭᠴᠡᠯᠡᠨ ᠵᠠᠰᠠᠬᠤ《 ᠡᠷᠭᠢᠨ ᠬᠠᠷᠠᠬᠤ 》ᠲᠤᠰᠬᠠᠢ | ᠠᠵᠢᠯᠯᠠᠭ᠎ᠠ ᠶᠢ ᠥᠷᠨᠢᠭᠦᠯᠦᠨ᠂《 ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ 》ᠠᠵᠤ | ᠠᠬᠤᠶᠢᠯᠠᠯ ᠤᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢ | ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠺᠦᠨᠾᠧ ᠭᠤᠤᠯ ᠤᠨ ᠬᠠᠲᠤᠨ ᠭᠤᠤᠯ ᠳᠤ ᠤᠷᠤᠰᠤᠨ ᠣᠷᠣᠬᠤ | ᠬᠡᠰᠡᠭ ᠤᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ | ᠭᠤᠸᠠᠨ ᠵᠢᠶᠠᠩ ᠲᠣᠰᠬᠤᠨ ᠤ ᠬᠥᠷᠥᠰᠥ ᠰᠢᠷᠣᠶ ᠶᠢᠨ ᠪᠣᠬᠢᠷᠲᠤᠯ ᠢ ᠵᠠᠰᠠᠨ ᠰᠡᠷᠭᠦᠭᠡᠬᠦ ᠶᠢ ᠪᠡᠶᠡᠯᠡᠭᠦᠯᠵᠦ᠂ | ᠲᠠᠷᠢᠶᠠᠯᠠᠩ ᠤᠨ《 ᠳᠥᠷᠪᠡ ᠶᠢ ᠡᠵᠡᠮᠳᠡᠬᠦ 》ᠠᠵᠢᠯᠯᠠᠭ᠎ᠠ ᠶᠢ ᠥᠷᠨᠢᠭᠦᠯᠦᠨ᠂ ᠠᠮᠢ ᠠᠬᠤᠶ ᠣᠷᠴᠢᠨ ᠲᠣᠭᠤᠷᠢᠨ | ᠤ ᠦᠷᠭᠦᠯᠵᠢᠯᠡᠨ ᠰᠠᠶᠢᠵᠢᠷᠠᠬᠤ ᠶᠢ ᠪᠠᠲᠤᠯᠠᠨ᠎ᠠ᠃ | ᠣᠷᠴᠢᠯ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ᠪᠤᠭᠤᠲᠤ ᠶᠢᠨ《 ᠬᠠᠶᠠᠭᠳᠠᠮᠠᠯ ᠪᠣᠳᠠᠰ ᠥᠬᠡᠶ | ᠬᠤᠲᠠ 》 ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠤᠯᠭᠠᠵᠤ᠂ ᠠᠵᠤ ᠦᠶᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠤᠷᠴᠢᠯᠵᠢᠭᠤᠯᠬᠤ ᠥᠭᠡᠷᠡᠴᠢᠯᠡᠯᠲᠡ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠣᠷᠴᠢᠯ | ᠠᠵᠤ ᠠᠬᠤᠶ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠪᠥᠲᠥᠭᠡᠨ ᠪᠠᠶᠢᠭᠤᠯᠵᠤ᠂ ᠬᠤᠸᠠ ᠵᠢᠶᠠᠨ | ᠯᠢᠦᠶ ᡁᠢ ᠶᠢᠨ 100 ᠲᠦᠮᠡᠨ ᠲᠣᠨ ᠨᠤᠨᠲᠠᠭ ᠨᠡᠭᠦᠷᠡᠰᠦᠨ ᠤ ᠦᠨᠡᠰᠦ ᠵᠢᠴᠢ ᠬᠦᠳᠡᠷ ᠤᠨ ᠰᠢᠭᠠᠷᠤ᠂ ᠲᠧᠩ ᠶᠢ | 50 ᠲᠦᠮᠡᠨ ᠲᠣᠨ ᠬᠠᠶᠠᠭᠳᠠᠮᠠᠯ ᠪᠣᠯᠣᠳ ᠲᠡᠮᠦᠷ᠂ ᠲᠡᠯᠡᠶ ᠶᠢᠨ ᠲᠦᠪᠰᠢᠨ ᠤ 45 ᠲᠦᠮᠡᠨ ᠲᠣᠨ ᠴᠠᠬᠢᠯᠠᠭᠤᠷ | ᠴᠢᠯᠠᠭᠤᠨ ᠰᠢᠭᠠᠷᠤ ᠵᠡᠷᠭᠡ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠢ ᠠᠬᠢᠭᠤᠯᠵᠤ᠂ ᠠᠵᠤ ᠦᠶᠯᠡᠳᠪᠦᠷᠢ | ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢᠨ ᠲᠣᠭᠤᠷᠢᠨ ᠳᠤ᠂ ᠵᠢᠩ ᠹᠠ | ᠶᠢᠨ ᠤᠰᠤᠲᠥ᠋ᠷᠥᠭᠴᠢ ᠬᠢᠵᠦ ᠤᠰᠤᠲᠥ᠋ᠷᠥᠭᠴᠢ ᠬᠠᠳᠠᠭᠠᠯᠠᠬᠤ᠂ ᠶᠢᠩ ᠨᠠ ᠸᠧᠶ ᠶᠢᠨ ᠬᠠᠶᠠᠭᠳᠠᠮᠠᠯ ᠬᠠᠭᠤᠴᠢᠨ | ᠳᠤᠭᠤᠶᠢᠯᠠᠪᠤᠷᠢ ᠶᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠶᠯ ᠢ ᠠᠬᠢᠭᠤᠯᠵᠤ᠂ ᠰᠢᠨ ᠳ᠋ᠡ ᠠᠯᠲᠠᠨ | ᠠᠭᠤᠷᠬᠠᠶ᠂ ᠴᠢᠤᠸᠠᠨ ᠱᠠᠨ ᠠᠯᠲᠠᠨ ᠠᠭᠤᠷᠬᠠᠶ ᠶᠢᠨ ᠪᠣᠬᠢᠷᠲᠤᠯ ᠥᠬᠡᠶ ᠠᠭᠤᠷᠬᠠᠶ ᠪᠠᠶᠢᠭᠤᠯᠬᠤ ᠶᠢ ᠳᠡᠮᠵᠢᠵᠦ᠂ | ᠪᠥᠬᠦ ᠬᠤᠲᠠ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠣᠷᠣᠨ | ᠢ ᠴᠣᠭᠴᠠᠯᠠᠨ᠎ᠠ᠃ | ( ᠵᠢᠷᠭᠤᠭ᠎ᠠ ) ᠡᠳ᠋ ᠤᠨ ᠵᠠᠰᠠᠭ ᠤᠨ ᠦᠢᠯᠡᠴᠢᠯᠡᠭᠡᠨ ᠤ ᠪᠠᠲᠤᠯᠠᠭ᠎ᠠ ᠶᠢᠨ ᠦᠷ᠎ᠡ ᠪᠦᠲᠦᠮᠵᠢ ᠶᠢ ᠯᠠᠪᠳᠠᠭᠤᠨ | ᠢᠶᠠᠷ ᠳᠡᠭᠡᠭᠰᠢᠯᠡᠭᠦᠯᠦᠨ᠎ᠡ | ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠭᠠᠶᠢᠯᠢ ᠲᠠᠲᠠᠪᠤᠷᠢᠯᠠᠵᠤ ᠬᠠᠮᠢᠶᠠᠷᠬᠤ ᠶᠢ ᠴᠢᠩᠭᠠᠷᠠᠭᠤᠯᠤᠨ᠂ ᠣᠷᠣᠯᠭ᠎ᠠ ᠶᠢ ᠰᠢᠯᠭᠠᠨ ᠬᠢᠨᠠᠬᠤ | ᠳᠦᠷᠢᠮ ᠢ ᠪᠠᠶᠢᠭᠤᠯᠵᠤ᠂ ᠭᠠᠶᠢᠯᠢ ᠶᠢ ᠶᠡᠷᠦᠩᠬᠡᠶᠢᠯᠡᠨ ᠵᠠᠰᠠᠬᠤ ᠲᠠᠪᠴᠠᠩ ᠤᠨ ᠬᠡᠷᠡᠭᠯᠡᠯᠲᠡ ᠶᠢ ᠴᠢᠩᠭᠠᠳᠬᠠᠨ᠂ | ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠣᠷᠣᠯᠭ᠎ᠠ ᠶᠢ ᠬᠠᠮᠵᠢᠯᠴᠠᠨ ᠵᠣᠬᠢᠶᠠᠨ ᠪᠠᠶᠢᠭᠤᠯᠬᠤ ᠡᠭᠦᠷᠭᠡ ᠴᠢᠳᠠᠪᠤᠷᠢ | ᠣᠯᠭᠤᠵᠤ᠂ ᠭᠤᠷᠪᠠᠨ ᠬᠦᠷᠢᠶᠡᠯᠡᠩ ᠲᠣᠭᠤᠷᠢᠭ ᠲᠤ ᠭᠠᠶᠢᠯᠢ ᠲᠠᠲᠠᠪᠤᠷᠢ ᠶᠢᠨ ᠲᠤᠰᠠᠭᠠᠷ ᠲᠣᠭᠠᠴᠠᠭ᠎ᠠ ᠬᠢᠵᠦ᠂《 | ᠰᠠᠭᠤᠷᠢ ᠲᠤᠭ᠎ᠠ + ᠨᠡᠮᠡᠭᠳᠡᠯ ᠢᠶᠠᠷ ᠬᠤᠪᠢᠳᠠᠬᠤ 》ᠤᠷᠮᠠᠰᠢᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠡᠳ᠋ | ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠬᠥᠮᠥᠷᠭᠡ ᠠᠴᠠ | ᠲᠥᠪᠯᠡᠷᠡᠭᠦᠯᠦᠨ ᠥᠭᠬᠦ᠂ ᠲᠥᠰᠦᠪ ᠤᠨ ᠠᠮᠵᠢᠯᠲᠠ ᠪᠦᠲᠦᠮᠵᠢ ᠶᠢ ᠦᠨᠡᠯᠡᠬᠦ᠂ ᠳᠣᠲᠣᠭᠠᠳᠤ ᠡᠵᠡᠮᠳᠡᠯ ᠤᠨ ᠲᠦᠷᠢᠮ | ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠶᠡᠷᠦᠩᠬᠡᠶ ᠬᠡᠯᠲᠡᠰ ᠤᠨ ᠠᠰᠠᠷ ᠲᠠᠭᠲᠤ᠂ ᠲᠡᠭᠡᠭᠡᠪᠦᠷᠢ ᠶᠢᠨ | ᠲᠡᠷᠭᠡ ᠬᠥᠰᠬᠡ ᠶᠢᠨ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ | ᠠᠬᠢᠭᠤᠯᠤᠨ᠎ᠠ᠃《 ᠵᠣᠭᠤᠰ ᠵᠠᠷᠤᠪᠠᠯ ᠵᠠᠪᠠᠯ ᠦᠷ᠎ᠡ ᠪᠦᠲᠦᠮᠵᠢ ᠶᠢ ᠠᠰᠠᠭᠤᠬᠤ᠂ ᠪᠦᠲᠦᠮᠵᠢ ᠦᠭᠡᠢ ᠪᠣᠯ ᠵᠠᠪᠠᠯ | ᠬᠠᠷᠢᠭᠤᠴᠠᠯᠭ᠎ᠠ ᠨᠡᠬᠡᠮᠵᠢᠯᠡᠬᠦ 》ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂《ᠣᠷᠣᠯᠭ᠎ᠠ ᠪᠠᠷ ᠵᠠᠷᠤᠯᠭ᠎ᠠ ᠶᠢ | ᠲᠣᠭᠲᠠᠭᠠᠬᠤ 》ᠵᠠᠷᠴᠢᠮ ᠢ ᠪᠠᠷᠢᠮᠲᠠᠯᠠᠨ᠂ ᠲᠥᠰᠦᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠡᠩ ᠤᠨ | ᠴᠢᠨᠠᠷᠲᠠᠢ ᠵᠠᠷᠤᠯᠭ᠎ᠠ᠂《 ᠠᠯᠪᠠᠨ ᠤ ᠭᠤᠷᠪᠠᠨ ᠵᠠᠷᠤᠳᠠᠯ 》 ᠤᠨ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂《 | ᠭᠤᠷᠪᠠ ᠶᠢ ᠪᠠᠲᠤᠯᠠᠬᠤ 》 ᠶᠢᠨ ᠬᠢᠵᠠᠭᠠᠷ ᠱᠤᠭᠤᠮ ᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠦᠷᠭᠦᠯᠵᠢᠯᠡᠨ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠦᠨᠡᠨᠬᠦ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠠᠳᠬᠤᠨ᠎ᠠ᠃《 ᠵᠢᠥ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ | ᠠᠮᠵᠢᠯᠲᠠ ᠪᠦᠲᠦᠮᠵᠢ ᠶᠢ ᠦᠨᠡᠯᠡᠬᠦ ᠲᠦᠷ ᠬᠡᠷᠡᠭᠵᠢᠭᠦᠯᠬᠦ ᠠᠷᠭ᠎ᠠ 》 ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠬᠢᠵᠠᠭᠠᠷ ᠲᠤᠭ᠎ᠠ ᠪᠠᠷ ᠬᠠᠮᠢᠶᠠᠷᠬᠤ᠂ ᠠᠮᠵᠢᠯᠲᠠ ᠪᠦᠲᠦᠮᠵᠢ ᠶᠢ ᠦᠨᠡᠯᠡᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠶᠢ ᠴᠢᠩᠭᠠᠳᠬᠠᠨ᠂ ᠵᠢᠷᠤᠮᠵᠢᠭᠰᠠᠨ ᠵᠢᠭᠡᠯᠡᠯᠭᠡ ᠠᠪᠴᠤ ᠪᠠᠯᠠ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠮᠥᠩᠭᠦᠨ ᠭᠦᠢᠯᠭᠡᠭᠡᠨ ᠤ ᠬᠤᠷᠰᠢᠶᠠᠵᠢᠯ ᠤᠨ ᠵᠢᠭᠡᠯᠡᠯᠭᠡ ᠶᠢᠨ ᠠᠷᠭ᠎ᠠ ᠬᠡᠮᠵᠢᠶ᠎ᠡ ᠶᠢ | ᠰᠢᠨᠡᠴᠢᠯᠡᠵᠦ᠂ ᠥᠷᠢ ᠥᠭᠴᠡᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠥᠷᠢ ᠥᠭᠴᠡᠭᠡ ᠶᠢᠨ ᠬᠦᠦ ᠮᠥᠩᠭᠦ ᠶᠢ | ᠪᠠᠭᠤᠷᠠᠭᠤᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠎ᠡ᠃ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠢᠨᠠᠨ ᠪᠤᠳᠤᠬᠤ ᠠᠬᠢᠴᠠ ᠶᠢ ᠲᠦᠷᠭᠡᠳᠬᠡᠨ᠂ ᠡᠳ᠋ ᠬᠥᠷᠥᠩᠭᠡ | ᠶᠢᠨ ᠪᠡᠯᠡ ᠮᠥᠩᠭᠦ ᠶᠢ ᠠᠮᠢᠳᠤᠯᠢᠭᠵᠢᠭᠤᠯᠬᠤ᠂ ᠭᠠᠵᠠᠷ ᠰᠢᠷᠣᠢ ᠶᠢ ᠰᠢᠯᠵᠢᠭᠦᠯᠦᠨ ᠥᠭᠬᠦ ᠶᠢ ᠲᠦᠷᠭᠡᠳᠬᠡᠬᠦ ᠵᠡᠷᠭᠡ | ᠪᠦᠲᠦᠮᠵᠢᠲᠡᠢ ᠠᠷᠭ᠎ᠠ ᠬᠡᠮᠵᠢᠶ᠎ᠡ ᠪᠠᠷ ᠳᠠᠮᠵᠢᠨ᠂ ᠵᠢᠯ ᠤᠨ ᠳᠣᠲᠣᠷ᠎ᠠ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ 9.32 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠥᠷᠢ ᠥᠭᠴᠡᠭᠡ ᠶᠢᠨ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠳᠡᠰ ᠢ ᠯᠠᠪᠳᠠᠭᠤᠨ ᠢᠶᠠᠷ ᠪᠠᠭᠤᠷᠠᠭᠤᠯᠤᠨ᠎ᠠ᠃ ᠤᠯᠤᠰ ᠤᠨ ᠥᠮᠴᠢᠯᠡᠯᠲᠦ ᠺᠣᠮᠫᠠᠨᠢ | ᠶᠢᠨ ᠪᠣᠳᠠᠲᠤ ᠴᠣᠭᠴᠠ ᠶᠢᠨ ᠬᠡᠯᠪᠡᠷᠢ ᠪᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠶᠠᠪᠤᠳᠠᠯ | ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠵᠠᠯᠭᠠᠨ ᠠᠪᠴᠤ᠂ ᠭᠠᠵᠠᠷ ᠬᠥᠷᠥᠩᠭᠡ ᠶᠢᠨ | ᠲᠥᠷᠥᠯ ᠵᠦᠢᠯ ᠤᠨ ᠨᠡᠭᠡᠭᠡᠯᠲᠡ ᠳᠤ ᠣᠷᠣᠯᠴᠠᠨ᠂ ᠭᠠᠳᠠᠭᠠᠳᠤ ᠠᠷᠠᠯᠵᠢᠶᠠᠨ ᠤ ᠬᠤᠷᠰᠢᠯᠴᠠᠭ᠎ᠠ ᠶᠢ ᠴᠢᠩᠭᠠᠳᠬᠠᠵᠤ᠂ | ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠲᠣᠭᠲᠠᠭᠤᠨ ᠢᠶᠠᠷ ᠨᠡᠮᠡᠭᠳᠡᠭᠦᠯᠦᠨ᠎ᠡ᠃ | ᠲᠥᠷᠥ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠨ᠎ᠠ᠃《 | ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠤᠨ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠶᠢ ᠨᠠᠷᠢᠨ ᠬᠢᠨᠠᠮᠠᠭᠠᠶ ᠡᠮᠬᠢᠯᠡᠨ ᠰᠤᠳᠤᠯᠵᠤ᠂ ᠳᠡᠭᠡᠳᠦ ᠱᠠᠲᠤᠨ ᠤ ᠪᠠᠯᠠ | ᠣᠷᠣᠭᠤᠯᠤᠯᠲᠠ ᠶᠢᠨ ᠬᠠᠨᠳᠤᠰᠢ ᠶᠢ ᠣᠯᠠᠨ ᠠᠷᠭ᠎ᠠ ᠵᠠᠮ ᠢᠶᠠᠷ ᠮᠥᠷᠳᠡᠵᠦ᠂ ᠪᠥᠬᠦ ᠲᠤᠭᠤᠷᠢᠭ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠴᠢᠭᠯᠡᠯ ᠢ ᠴᠢᠩᠭ᠎ᠠ ᠡᠵᠡᠮᠳᠡᠵᠦ᠂ ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠬᠦ᠂ | ᠲᠥᠷᠥᠯ ᠵᠦᠶᠯ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠬᠥᠨᠳᠡᠯᠡᠨ ᠢᠶᠠᠷ ᠬᠤᠯᠪᠣᠭᠠᠯᠠᠨ | ᠬᠥᠳᠡᠯᠦᠯᠴᠡᠬᠦ᠂ ᠭᠤᠯᠳᠤ ᠪᠠᠷ ᠵᠣᠯᠭᠠᠭᠤᠯᠬᠤ ᠶᠢ ᠴᠢᠩᠭᠠᠳᠬᠠᠵᠤ᠂ ᠳᠡᠭᠡᠳᠦ ᠱᠠᠲᠤᠨ ᠤ ᠲᠡᠩᠴᠡᠭᠦᠷᠢᠲᠡᠶ | ᠰᠢᠯᠵᠢᠭᠦᠯᠦᠨ ᠥᠭᠬᠦ ᠪᠠ ᠡᠯ᠎ᠡ ᠲᠥᠷᠥᠯ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢ ᠢᠳᠡᠪᠬᠢᠲᠡᠶ | ᠣᠯᠵᠤ᠂ ᠪᠥᠬᠦ ᠵᠢᠯ ᠳᠤ ᠡᠯ᠎ᠡ ᠲᠥᠷᠥᠯ ᠤᠨ ᠪᠠᠯᠠ ᠮᠥᠩᠭᠦ ᠶᠢ 9 ᠳ᠋ᠦᠩᠰᠢᠭᠤᠷ ᠲᠥᠭᠦᠷᠢᠭ ᠣᠯᠵᠤ | ᠪᠣᠳᠠᠲᠠᠶᠢᠵᠢᠭᠤᠯᠬᠤ ᠪᠠᠷ ᠴᠢᠷᠮᠠᠶᠢᠨ᠎ᠠ᠃ ᠮᠥᠩᠭᠦᠨ ᠭᠦᠶᠯᠭᠡᠭᠡᠨ ᠤ ᠪᠠᠶᠢᠭᠤᠯᠤᠮᠵᠢ ᠯᠤᠭ᠎ᠠ ᠵᠣᠯᠭᠠᠭᠤᠯᠤᠨ | ᠬᠠᠮᠲᠤᠷᠠᠯᠴᠠᠬᠤ ᠪᠠᠨ ᠴᠢᠩᠭᠠᠳᠬᠠᠵᠤ᠂ ᠡᠯ᠎ᠡ ᠲᠥᠷᠥᠯ ᠤᠨ ᠪᠠᠩᠬᠢ᠂ ᠲᠡᠮᠳᠡᠭᠲᠦ᠂ ᠳᠠᠭᠠᠳᠬᠠᠯ ᠤᠨ ᠪᠠᠶᠢᠭᠤᠯᠤᠮᠵᠢ | ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠳᠤᠮᠳᠠ ᠵᠢᠵᠢᠭ | ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠶᠢ | ᠵᠣᠷᠢᠭᠵᠢᠭᠤᠯᠤᠨ᠎ᠠ᠃ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠴᠤᠤ ᠵᠢᠤᠢ ᠡᠮᠴᠢᠯᠡᠭᠡ᠂ | ᠮᠣᠷᠢᠲᠤ ᠪᠠᠭᠠᠲᠤᠷ ᠤᠨ ᠰᠦ ᠶᠢᠨ ᠦᠢᠯᠡᠰ ᠤᠨ ᠵᠠᠬ᠎ᠠ ᠳᠡᠯᠭᠡᠭᠦᠷ ᠲᠤ ᠭᠠᠷᠬᠤ ᠶᠢ ᠢᠳᠡᠪᠬᠢᠲᠡᠢ ᠠᠬᠢᠭᠤᠯᠤᠨ᠎ᠠ᠃ | ( ᠳᠣᠯᠤᠭ᠎ᠠ ) ᠨᠡᠶᠢᠭᠡᠮ ᠤᠨ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠤᠨ᠎ᠠ | ᠠᠷᠠᠳ ᠤᠨ ᠬᠡᠷᠡᠭᠴᠡᠭᠡ ᠳᠤ ᠰᠠᠭᠤᠷᠢᠯᠠᠨ᠂ ᠨᠡᠶᠢᠭᠡᠮ ᠤᠨ ᠦᠶᠯᠡᠰ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠨ᠎ᠡ᠃ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ | ᠪᠤᠭᠤᠳᠤ ᠶᠢᠨ 55 ᠳ᠋ᠤᠭᠠᠷ ᠳᠤᠮᠳᠠ ᠵᠡᠷᠭᠡ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ | ᠪᠤᠭᠤᠳᠤ ᠶᠢᠨ 33 ᠳ᠋ᠤᠭᠠᠷ ᠳᠤᠮᠳᠠ ᠵᠡᠷᠭᠡ ᠶᠢᠨ ᠰᠤᠷᠭᠠᠭᠤᠯᠢ ᠶᠢᠨ ᠬᠦᠷᠢᠶ᠎ᠡ ᠶᠢ ᠳᠡᠭᠡᠭᠰᠢᠯᠡᠭᠦᠯᠦᠨ ᠥᠭᠡᠷᠡᠴᠢᠯᠡᠬᠦ | ᠪᠠ ᠱᠢ ᠵᠢᠶ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ᠂ | ᠱᠠ ᠾᠧ ᠶᠢᠨ ᠵᠢᠷᠭᠤᠳᠤᠭᠠᠷ ᠪᠠᠭ᠎ᠠ ᠰᠤᠷᠭᠠᠭᠤᠯᠢ᠂ ᠱᠠ ᠾᠧ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠠᠬᠢᠭᠤᠯᠵᠤ᠂ ᠪᠤᠭᠤᠳᠤ ᠶᠢᠨ 49 ᠳ᠋ᠦ᠋ᠭᠡᠷ ᠳᠤᠮᠳᠠ | ᠵᠡᠷᠭᠡ ᠶᠢᠨ ᠰᠤᠷᠭᠠᠭᠤᠯᠢ᠂ ᠪᠤᠭᠤᠳᠤ ᠶᠢᠨ 46 ᠳ᠋ᠤᠭᠠᠷ ᠳᠤᠮᠳᠠ ᠵᠡᠷᠭᠡ ᠶᠢᠨ ᠰᠤᠷᠭᠠᠭᠤᠯᠢ᠂ ᠱᠠ ᠾᠧ ᠶᠢᠨ | ᠲᠠᠪᠤᠳᠤᠭᠠᠷ ᠪᠠᠭ᠎ᠠ ᠰᠤᠷᠭᠠᠭᠤᠯᠢ ᠶᠢᠨ ᠬᠤᠭᠤᠯᠠᠢ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ | ᠬᠡᠷᠡᠭᠵᠢᠭᠦᠯᠵᠦ᠂ ᠬᠤᠲᠠ ᠪᠠᠯᠭᠠᠰᠤ ᠶᠢᠨ ᠬᠤᠷᠢᠶᠠᠯᠠᠯ ᠳᠤ ᠢᠵᠢ ᠪᠦᠷᠢᠳᠦᠭᠰᠡᠨ ᠬᠡᠦᠬᠡᠳ ᠤᠨ ᠴᠡᠴᠡᠷᠯᠢᠭ ᠢ | ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠲᠡᠷᠢᠭᠦᠨ ᠤ ᠭᠠᠵᠠᠷ ᠣᠷᠣᠨ᠂ ᠨᠠᠷᠠᠲᠤ ᠰᠢᠯᠢᠳᠡᠭ | ᠰᠤᠷᠭᠠᠭᠤᠯᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ | ᠣᠷᠣᠭᠤᠯᠤᠨ ᠠᠪᠴᠢᠷᠠᠵᠤ ᠰᠤᠷᠭᠠᠭᠤᠯᠢ ᠡᠷᠭᠢᠯᠡᠵᠦ᠂《ᠳᠠᠭᠠᠭᠤᠯᠤᠭᠴᠢ ᠵᠠᠬᠢᠷᠤᠯ 》《 ᠭᠠᠷᠮᠠᠭᠠᠶ ᠪᠠᠭᠰᠢ | 》ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠡᠶᠢᠭᠡᠮ ᠳᠤ ᠬᠠᠨᠳᠤᠭᠤᠯᠤᠨ 60 ᠨᠡᠷᠡᠰ ᠰᠢᠯᠢᠳᠡᠭ ᠪᠠᠭᠰᠢ ᠶᠢ | ᠢᠯᠡ ᠪᠠᠷ ᠰᠣᠩᠭᠤᠨ ᠤᠷᠢᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ | ᠥᠨᠳᠦᠷᠯᠢᠭ ᠭᠠᠵᠠᠷ ᠢ ᠪᠣᠶ ᠪᠣᠯᠭᠠᠨ᠎ᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠡᠩ ᠤᠨ ᠴᠢᠨᠠᠷᠲᠠᠶ᠂ ᠭᠡᠨᠡᠳᠲᠡ ᠶᠢᠨ ᠴᠢᠨᠠᠷᠲᠠᠶ ᠬᠠᠯᠳᠠᠪᠤᠷᠢᠲᠤ ᠡᠪᠡᠳᠴᠢᠨ ᠢ ᠬᠢᠨᠠᠨ ᠰᠢᠨᠵᠢᠵᠦ ᠰᠡᠷᠡᠮᠵᠢᠯᠡᠭᠦᠯᠬᠦ | ᠵᠢᠴᠢ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠷᠠᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠴᠢᠩᠭᠠᠳᠬᠠᠨ᠂ 40 ᠨᠡᠷᠡᠰ ᠰᠢᠯᠢᠳᠡᠭ | ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠢ ᠢᠯᠡ ᠪᠠᠷ ᠤᠷᠢᠨ ᠬᠡᠷᠡᠭᠯᠡᠵᠦ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ | ᠳᠦᠷᠢᠮ ᠢ ᠲᠡᠭᠦᠯᠳᠡᠷᠵᠢᠭᠦᠯᠦᠨ᠂《ᠭᠤᠷᠪᠠᠨ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ 》 ᠶᠢ ᠴᠢᠩᠭᠠᠷᠠᠭᠤᠯᠵᠤ᠂ | ᠲᠤᠭᠤᠷᠢᠭ ᠤᠨ ᠡᠮᠨᠡᠯᠭᠡ ᠶᠢᠨ ᠬᠤᠷᠢᠶ᠎ᠠ ᠪᠠᠷ ᠭᠤᠣᠯ ᠴᠣᠭᠴᠠ ᠪᠣᠯᠭᠠᠭᠰᠠᠨ ᠡᠮᠴᠢᠯᠡᠭᠡᠨ ᠤ ᠪᠦᠯᠦᠭᠯᠡᠯ ᠢ | ᠲᠦᠷᠭᠡᠳᠬᠡᠨ ᠪᠠᠶᠢᠭᠤᠯᠤᠨ᠎ᠠ᠃ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠡᠬᠢᠯᠡᠨ ᠪᠠᠶᠢᠭᠤᠯᠵᠤ | ᠂ 5《ᠳ᠋ᠣᠺᠲ᠋ᠣᠷ ᠤᠨ ᠠᠵᠢᠯ ᠤᠨ ᠥᠷᠲᠡᠭᠡ》᠂ 3《ᠨᠡᠷᠡᠲᠦ ᠠᠬᠠᠮᠠᠳ ᠬᠢᠲᠠᠳ ᠡᠮᠨᠡᠯᠭᠡ ᠶᠢᠨ ᠤᠯᠠᠮᠵᠢᠯᠠᠨ | ᠵᠠᠯᠭᠠᠮᠵᠢᠯᠠᠬᠤ ᠠᠵᠢᠯ ᠤᠨ ᠲᠠᠰᠤᠭ 》 ᠢ ᠡᠭᠦᠳᠦᠨ ᠪᠠᠶᠢᠭᠤᠯᠵᠤ᠂《 ᠢᠨᠲ᠋ᠧᠷ ᠰᠦᠯᠵᠢᠶ᠎ᠡ + 》ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠢ ᠭᠦᠨᠵᠡᠭᠡᠶ ᠥᠷᠨᠢᠭᠦᠯᠵᠦ᠂ ᠡᠮᠴᠢᠯᠡᠭᠡ ᠶᠢᠨ ᠦᠢᠯᠡᠴᠢᠯᠡᠭᠡᠨ ᠤ ᠪᠠᠲᠤᠯᠠᠭ᠎ᠠ | ᠶᠢᠨ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠰᠣᠶᠣᠯ ᠵᠢᠭᠤᠯᠴᠢᠯᠠᠯ ᠤᠨ ᠦᠢᠯᠡᠰ ᠢ | ᠴᠡᠴᠡᠭᠯᠡᠭᠦᠯᠦᠨ ᠬᠥᠭᠵᠢᠭᠦᠯᠦᠨ᠎ᠡ᠃ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮᠵᠢ | ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ | ᠤᠨ ᠨᠢᠭᠡᠳᠦᠭᠡᠷ ᠳᠡᠰ ᠤᠨ ᠨᠣᠮ ᠤᠨ ᠰᠠᠩ ᠢ ᠳᠠᠬᠢᠨ ᠰᠢᠯᠭᠠᠷᠠᠭᠤᠯᠬᠤ ᠠᠵᠢᠯ ᠢ ᠰᠠᠶᠢᠲᠤᠷ ᠬᠢᠵᠦ᠂ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢᠨ ᠰᠣᠳᠣᠨ ᠵᠦᠴᠦᠭᠡ ᠶᠢ 2 ᠠᠴᠠ ᠳᠡᠭᠡᠭᠰᠢ ᠲᠤᠭᠯᠠᠵᠤ᠂ ᠰᠣᠶᠣᠯ | ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠵᠠᠭᠤᠨ ᠲᠠᠯᠠᠪᠠᠶ ᠠᠴᠠ ᠳᠡᠭᠡᠭᠰᠢ ᠦᠷᠨᠢᠭᠦᠯᠦᠨ᠎ᠡ᠃ ᠪᠣᠳᠠᠰ | ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠵᠤ᠂ ᠮᠡᠷᠭᠡᠨ ᠵᠤᠤ ᠶᠢ ᠬᠠᠮᠠᠭᠠᠯᠠᠨ | ᠵᠠᠰᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ | ᠥᠷᠭᠡᠨ ᠢᠶᠠᠷ ᠵᠣᠬᠢᠶᠠᠨ ᠪᠠᠶᠢᠭᠤᠯᠤᠨ ᠥᠷᠨᠢᠭᠦᠯᠵᠦ᠂ ᠪᠤᠭᠤᠲᠤ ᠶᠢᠨ ᠸᠠᠨ ᠺᠧ ᠴᠧᠩ ᠤᠨ CBA ᠰᠠᠭᠰᠤᠨ | ᠪᠥᠮᠪᠦᠭᠡ ᠶᠢᠨ ᠴᠡᠴᠡᠷᠯᠢᠭ ᠤᠨ ᠠᠵᠢᠯᠯᠠᠭ᠎ᠠ ᠶᠢᠨ ᠨᠡᠷᠡᠳᠦ ᠲᠡᠮᠳᠡᠭ ᠢ ᠳᠡᠯᠭᠡᠷᠡᠭᠦᠯᠦᠨ᠎ᠡ᠃ ᠮᠡᠷᠭᠡᠨ᠂ ᠬᠠᠳᠤᠨ | ᠭᠤᠣᠯ ᠤᠨ ᠳᠠᠭᠤᠤ ᠵᠡᠷᠭᠡ ᠵᠤᠭᠠᠴᠠᠯ ᠤᠨ ᠴᠡᠭ ᠤᠨ ᠳᠡᠰ ᠳᠡᠪᠰᠢᠬᠦ ᠶᠢ ᠲᠦᠷᠭᠡᠳᠬᠡᠵᠦ᠂ ᠨᠢᠭᠡ ᠪᠦᠯᠦᠭ | ᠣᠨᠴᠠᠯᠢᠭᠲᠤ ᠵᠤᠭᠠᠴᠠᠯ ᠤᠨ ᠦᠵᠡᠮᠵᠢ ᠶᠢᠨ ᠣᠷᠣᠨ ᠢ ᠪᠠᠶᠢᠭᠤᠯᠤᠨ᠎ᠠ᠃ | ᠠᠷᠠᠳ ᠤᠨ ᠠᠮᠢᠳᠤᠷᠠᠯ ᠢ ᠠᠩᠬᠠᠷᠴᠤ ᠦᠶᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠶ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠤᠯᠤᠰ | ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠴᠠᠭ ᠢᠮᠠᠭᠲᠠ | ᠠᠩᠬᠠᠷᠴᠤ᠂《 ᠲᠦᠷᠪᠡᠨ ᠲᠠᠯ᠎ᠠ ᠶᠢᠨ ᠬᠠᠷᠢᠭᠤᠴᠠᠯᠭ᠎ᠠ 》 ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠩᠭᠤᠵᠢᠬᠰᠠᠨ | ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ | ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ | ᠪᠤᠭᠤᠳᠤ ᠳᠤ ᠬᠠᠷᠢᠭᠰᠠᠨ ᠬᠥᠮᠦᠰ ᠢ ᠴᠢᠩᠭ᠎ᠠ ᠠᠩᠬᠠᠷᠴᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠪᠣᠳᠠᠲᠠᠢ ᠨᠠᠷᠢᠯᠢᠭ ᠠᠳᠬᠤᠵᠤ᠂ ᠭᠤᠣᠯᠳᠠᠯᠭ᠎ᠠ ᠲᠠᠢ ᠬᠥᠮᠦᠰ ᠤᠨ《 ᠪᠠᠶᠢᠴᠠᠭᠠᠬᠤ ᠶᠣᠰᠣᠲᠠᠢ ᠶᠢ ᠨᠢ | ᠪᠦᠬᠦᠨ ᠢ ᠪᠠᠶᠢᠴᠠᠭᠠᠬᠤ 》᠂ ᠪᠤᠰᠤᠳ ᠬᠥᠮᠦᠰ ᠤᠨ《 ᠪᠠᠶᠢᠴᠠᠭᠠᠬᠤ ᠳᠤᠷᠠᠲᠠᠢ ᠶᠢ ᠨᠢ ᠪᠦᠬᠦᠨ ᠢ ᠪᠠᠶᠢᠴᠠᠭᠠᠬᠤ | 》 ᠶᠢ ᠠᠬᠢᠭᠤᠯᠬᠤ ᠬᠡᠷᠡᠭᠲᠡᠢ︔ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠥᠬᠡᠶ ᠪᠠᠶᠢᠬᠤ ᠬᠤᠷᠢᠭ᠎ᠠ ᠱᠤᠭᠤᠮ | ᠢ ᠪᠠᠲᠤ ᠰᠠᠬᠢᠵᠤ᠂ ᠸᠠᠺᠼᠢᠨ ᠤ ᠲᠠᠷᠢᠯᠭ᠎ᠠ ᠬᠢᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠭᠠᠳᠠᠭᠠᠳᠤ ᠠᠴᠠ | ᠣᠷᠣᠭᠤᠯᠬᠤ ᠬᠦᠶᠲᠡᠨ ᠬᠡᠯᠬᠢᠶᠡᠲᠦ ᠢᠳᠡᠭᠡᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂《 ᠬᠥᠮᠦᠨ 》《 | ᠪᠣᠳᠠᠰ 》 ᠢ ᠵᠡᠷᠭᠡ ᠪᠠᠷ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠨ᠎ᠠ᠃ ᠠᠵᠢᠯ ᠣᠯᠭᠤᠯᠲᠠ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃《 ᠠᠳᠠᠯ ᠦᠶᠯᠡᠰ ᠴᠣᠭᠴᠠᠯᠠᠬᠤ ᠵᠢᠥ ᠶᠤᠸᠠᠨ 》 ᠤ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠦᠨᠳᠦᠰᠦᠨ ᠱᠠᠲᠤᠨ ᠤ ᠠᠵᠢᠯ ᠣᠯᠭᠤᠵᠤ ᠠᠳᠠᠯ ᠦᠶᠯᠡᠰ ᠴᠣᠭᠴᠠᠯᠠᠬᠤ ᠦᠶᠯᠡᠴᠢᠯᠡᠭᠡᠨ | ᠤ ᠲᠠᠪᠴᠠᠩ᠂ ᠤᠶᠤᠲᠠᠳ ᠤᠨ ᠠᠳᠠᠯ ᠦᠶᠯᠡᠰ ᠴᠣᠭᠴᠠᠯᠠᠬᠤ ᠶᠢ ᠨᠡᠪᠴᠢᠭᠦᠯᠬᠦ ᠲᠥᠪ ᠤᠨ ᠴᠢᠳᠠᠮᠵᠢ ᠶᠢ | ᠥᠷᠭᠡᠳᠬᠡᠨ᠂ ᠨᠢᠭᠡ ᠪᠦᠯᠦᠭ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ | ᠦᠶᠯᠡᠰ ᠴᠣᠭᠴᠠᠯᠠᠬᠤ ᠬᠦᠷᠢᠶᠡᠯᠡᠩ ᠢ ᠡᠭᠦᠳᠦᠨ ᠪᠠᠶᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ | ᠠᠳᠠᠯ ᠦᠶᠯᠡᠰ ᠴᠣᠭᠴᠠᠯᠠᠬᠤ ᠬᠦᠷᠢᠶᠡᠯᠡᠩ ᠢ ᠬᠥᠭᠵᠢᠭᠦᠯᠦᠨ᠂ ᠪᠥᠬᠦ ᠵᠢᠯ ᠳᠤ 1200 ᠬᠥᠮᠦᠨ ᠳᠤ ᠠᠳᠠᠯ | ᠦᠶᠯᠡᠰ ᠴᠣᠭᠴᠠᠯᠠᠬᠤ ᠪᠣᠯᠪᠠᠰᠤᠷᠠᠭᠤᠯᠤᠯ ᠬᠦᠷᠲᠡᠭᠡᠨ᠎ᠡ᠃《 ᠠᠵᠢᠯ ᠣᠯᠭᠤᠯᠲᠠ ᠶᠢᠨ ᠠᠶᠠᠯᠠᠯ ᠢ ᠡᠬᠢᠯᠡᠭᠦᠯᠬᠦ | 》ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠦᠢᠯᠡᠴᠢᠯᠡᠭᠡᠨ | ᠤ ᠪᠠᠲᠤᠯᠠᠭ᠎ᠠ ᠶᠢ ᠰᠠᠶᠢᠲᠤᠷ ᠠᠳᠬᠤᠵᠤ᠂ ᠪᠦᠬᠦ ᠵᠢᠯ ᠳᠤ ᠬᠤᠲᠠ ᠪᠠᠯᠭᠠᠰᠤᠨ ᠤ 3000 ᠬᠥᠮᠦᠨ ᠳᠤ ᠰᠢᠨ᠎ᠡ ᠪᠠᠷ | ᠠᠵᠢᠯ ᠣᠯᠭᠤᠵᠤ᠂ 1 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠡᠯ᠎ᠡ ᠲᠥᠷᠥᠯ ᠤᠨ ᠳᠠᠭᠠᠳᠬᠠᠯ ᠤᠨ ᠪᠦᠷᠬᠦᠴᠡ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠳᠠ ᠬᠥᠳᠡᠭᠡ ᠶᠢᠨ ᠦᠨᠳᠦᠰᠦᠨ ᠡᠮᠨᠡᠯᠭᠡ ᠪᠠ ᠬᠦᠨᠳᠦ ᠡᠪᠡᠳᠴᠢᠨ ᠤ | ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠵᠦ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ | ᠲᠠᠰᠤᠯᠤᠨ ᠪᠤᠳᠤᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠦᠴᠢᠷᠳᠡᠯᠲᠡᠶ ᠬᠠᠮᠳᠤᠯᠢᠭ ᠶᠢ ᠠᠪᠤᠷᠠᠨ ᠲᠤᠰᠠᠯᠠᠬᠤ | ᠪᠠᠲᠤᠯᠠᠭ᠎ᠠ ᠶᠢ ᠴᠢᠩᠭᠠᠳᠬᠠᠵᠤ᠂ ᠲᠦᠷ ᠴᠠᠭ ᠠᠪᠤᠷᠠᠨ ᠲᠤᠰᠠᠯᠠᠬᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ | ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠭᠡᠷ ᠲᠡᠭᠡᠨ | ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ | ᠲᠤᠷᠰᠢᠯᠲᠠ ᠶᠢ ᠲᠦᠯᠬᠢᠨ ᠠᠬᠢᠭᠤᠯᠵᠤ᠂ 8 ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ | ᠶᠢᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ《 ᠬᠤᠶᠠᠷ ᠢ | ᠬᠦᠷᠢᠶᠡᠯᠡᠬᠦ 》ᠵᠢᠱᠢᠶᠡᠴᠢ ᠣᠷᠣᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠴᠡᠷᠢᠭ ᠢᠶᠠᠨ | ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯᠯᠠᠭ᠎ᠠ | ᠶᠢ ᠭᠦᠨᠵᠡᠭᠡᠶ ᠥᠷᠨᠢᠭᠦᠯᠦᠨ᠎ᠡ᠃《ᠬᠤᠶᠠᠷ ᠥᠷᠲᠡᠭᠡ ᠨᠢᠭᠡ ᠲᠥᠪ 》 ᠤᠨ ᠶᠡᠷᠦᠩᠬᠡᠶᠢᠯᠡᠭᠰᠡᠨ ᠦᠶᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠵᠦ᠂ 15 ᠪᠥᠬᠦ ᠤᠯᠤᠰ ᠤᠨ ᠵᠢᠱᠢᠶ᠎ᠡ ᠦᠵᠡᠭᠦᠯᠬᠦ ᠬᠡᠯᠪᠡᠷᠢ ᠶᠢᠨ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠥᠪ ( ᠥᠷᠲᠡᠭᠡ ) ᠢ ᠪᠣᠶ ᠪᠣᠯᠭᠠᠨ᠎ᠠ᠃ ᠲᠤᠰᠬᠠᠶ ᠮᠡᠷᠭᠡᠵᠢᠯ | ᠤᠨ ᠴᠢᠨᠠᠷᠲᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ | ᠦᠶᠯᠡᠴᠢᠯᠡᠬᠦ ᠲᠥᠷᠥᠯ ᠵᠦᠶᠯ ᠢ ᠭᠥᠯᠢᠶᠡᠨ ᠠᠪᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ 100 ᠨᠠᠷᠡᠰ | ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠠᠪᠰᠤᠷᠤᠨ ᠠᠵᠢᠯ ᠤᠨ ᠪᠠᠶᠢᠷᠢ ᠳᠤ ᠭᠠᠷᠭᠠᠵᠤ ᠠᠵᠢᠯ ᠣᠯᠭᠤᠨ᠎ᠠ᠃ | ᠠᠷᠠᠳ ᠤᠨ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠨ᠎ᠠ | ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃《ᠳᠠᠪᠬᠤᠷᠳᠠᠭᠰᠠᠨ ᠵᠠᠬᠢᠳᠠᠯ | ᠰᠤᠷᠪᠤᠯᠵᠢᠯᠠᠭ᠎ᠠ ᠶᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ | 》ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ | ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠢᠯᠤᠭᠤᠳᠬᠠᠨ ᠵᠢᠷᠤᠮᠵᠢᠭᠤᠯᠵᠤ᠂ | ᠰᠢᠶᠠᠨ ᠤ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠪᠠ ᠬᠠᠮᠲᠤᠷᠠᠭᠰᠠᠨ ᠬᠤᠷᠠᠯ ᠵᠡᠷᠭᠡ ᠠᠵᠢᠯ | ᠤᠨ ᠲᠣᠭᠲᠠᠴᠠ ᠶᠢ ᠲᠡᠭᠦᠯᠳᠡᠷᠵᠢᠭᠦᠯᠵᠦ᠂《 ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠰᠢᠢᠳᠪᠦᠷᠢᠯᠡᠬᠦ | 》ᠳᠡᠭᠡᠷ᠎ᠡ ᠭᠤᠣᠯᠳᠠᠯᠭ᠎ᠠ ᠲᠠᠢ ᠪᠠᠷ ᠬᠦᠴᠦ ᠲᠠᠯᠪᠢᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠢ | ᠳᠤᠨᠢ ᠬᠦᠯᠢᠶᠡᠨ ᠠᠪᠴᠤ ᠰᠢᠢᠳᠪᠦᠷᠢᠯᠡᠬᠦ ᠨᠣᠷᠮ᠎ᠠ ᠵᠢᠴᠢ ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠬᠤ | ᠨᠣᠷᠮ᠎ᠠ ᠶᠢ ᠴᠥᠮ 100 % ᠳᠤ ᠬᠦᠷᠭᠡᠬᠦ ᠪᠠᠷ ᠦᠨᠡᠨ ᠬᠦ ᠪᠠᠳᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠤᠯ ᠥᠬᠡᠶ ᠦᠶᠯᠡᠳᠪᠦᠷᠢᠯᠡᠯ ᠤᠨ ᠲᠤᠰᠬᠠᠶ ᠴᠡᠭᠴᠡᠯᠡᠨ | ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠤᠷᠪᠠᠳᠠᠬᠢ ᠡᠲᠡᠭᠡᠳ ᠤᠨ | ᠦᠶᠯᠡᠴᠢᠯᠡᠭᠡᠨ ᠤ ᠪᠠᠶᠢᠭᠤᠯᠤᠮᠵᠢ᠂《 ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭᠲᠦ 》ᠮᠠᠶ᠋ᠢᠭ ᠤᠨ ᠪᠠᠶᠢᠴᠠᠭᠠᠬᠤ | ᠵᠠᠭᠪᠤᠷ ᠢ ᠳᠡᠯᠭᠡᠷᠡᠭᠦᠯᠦᠨ ᠬᠡᠷᠡᠭᠯᠡᠵᠦ᠂ ᠠᠶᠤᠯ ᠥᠬᠡᠶ ᠦᠶᠯᠡᠳᠪᠦᠷᠢᠯᠡᠯ ᠤᠨ ᠪᠠᠶᠢᠴᠠᠭᠠᠯᠲᠠ ᠶᠢᠨ ᠣᠨᠣᠪᠴᠢᠲᠠᠶ᠂ | ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ | ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ | ᠲᠠᠯᠠᠪᠤᠷ ᠭᠠᠵᠠᠷ ᠤᠨ ᠪᠠᠶᠢᠭᠤᠯᠤᠯᠲᠠ ᠶᠢ ᠲᠦᠷᠭᠡᠳᠬᠡᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠪᠠᠴᠢᠮ | ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠵᠦ᠂ ᠬᠦᠨᠳᠦ ᠣᠨᠴᠠ ᠶᠡᠭᠡ ᠠᠮᠤᠷ | ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ | ᠶᠢ ᠴᠢᠩᠭᠠᠳᠬᠠᠨ᠎ᠠ᠃《 ᠳᠥᠷᠪᠡᠨ ᠬᠠᠮᠤᠭ ᠤᠨ ᠴᠢᠩᠭ᠎ᠠ 》ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ | ᠂ ᠢᠳᠡᠭᠡᠨ ᠤ ᠠᠮᠤᠷ ᠲᠦᠪᠰᠢᠨ ᠤ ᠰᠠᠨᠠᠭ᠎ᠠ ᠠᠮᠤᠷᠠᠬᠤ ᠢᠨᠵᠧᠨᠧᠷᠢᠩ ᠤᠨ ᠲᠤᠰᠬᠠᠢ ᠵᠠᠰᠠᠯᠲᠠ ᠶᠢ ᠥᠷᠨᠢᠭᠦᠯᠦᠨ᠂ | ᠢᠳᠡᠭᠡᠨ ᠤᠮᠳᠠᠭᠠᠨ ᠤ ᠦᠢᠯᠡᠴᠢᠯᠡᠭᠡ᠂ ᠢᠳᠡᠭᠡᠨ ᠤ ᠦᠢᠯᠡᠳᠪᠦᠷᠢᠯᠡᠯ ᠡᠳ᠋ᠰᠢᠭᠦᠯᠦᠯᠲᠡ᠂ ᠭᠦᠢᠯᠭᠡᠭᠡᠨ ᠤ | ᠭᠤᠭᠴᠤᠭ᠎ᠠ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠬᠤ ᠶᠢ | ᠬᠡᠷᠡᠭᠵᠢᠭᠦᠯᠵᠦ᠂ ᠢᠳᠡᠭᠡᠨ ᠪᠠ ᠡᠮ ᠤᠨ ᠵᠦᠢᠯ ᠤᠨ ᠶᠠᠰᠤ ᠴᠢᠨᠠᠷ ᠤᠨ ᠮᠥᠷᠳᠡᠨ ᠤᠬᠤᠴᠢᠯᠠᠬᠤ ᠰᠢᠰᠲ᠋ᠧᠮᠵᠢ ᠶᠢ | ᠪᠦᠷᠢᠨ ᠪᠣᠯᠭᠠᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠵᠦ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠨ᠎ᠠ᠃ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠎ᠠ᠃《ᠤᠯᠤᠰ ᠲᠥᠷᠥ ᠪᠠᠷ | ᠴᠠᠭᠳᠠᠭ᠎ᠠ ᠶᠢ ᠪᠠᠶᠢᠭᠤᠯᠵᠤ ᠴᠠᠭᠳᠠᠭ᠎ᠠ ᠶᠢ ᠪᠥᠬᠦ ᠲᠠᠯ᠎ᠠ ᠪᠠᠷ ᠴᠢᠩᠭ᠎ᠠ ᠵᠠᠰᠠᠬᠤ 》ᠬᠥᠮᠦᠵᠢᠯ ᠴᠡᠭᠴᠡᠯᠡᠯᠲᠡ ᠶᠢᠨ | ᠲᠤᠷᠰᠢᠯᠲᠠ ᠶᠢᠨ ᠴᠡᠭ ᠤᠨ ᠦᠷ᠎ᠡ ᠪᠦᠲᠦᠮᠵᠢ ᠶᠢ ᠪᠠᠬᠢᠵᠢᠭᠦᠯᠵᠦ᠂《 ᠲᠡᠮᠦᠷ ᠮᠡᠲᠦ ᠬᠠᠲᠠᠭᠤ 》ᠥᠨᠳᠥᠷ ᠬᠡᠪ | ᠪᠣᠯᠪᠠᠰᠤᠷᠠᠯ ᠲᠠᠢ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠪᠠᠶᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠤ | ᠪᠣᠰᠤᠭ᠎ᠠ ᠴᠣᠭᠴᠠᠵᠢᠭᠤᠯᠬᠤ᠂ ᠬᠠᠤᠯᠢᠵᠢᠭᠤᠯᠬᠤ᠂ ᠲᠤᠰᠬᠠᠶᠢᠵᠢᠭᠤᠯᠬᠤ᠂ ᠤᠶᠤᠨᠴᠢᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠬᠤᠤᠷ ᠴᠠᠭᠠᠵᠠᠯᠠᠬᠤ᠂ ᠰᠦᠷᠳᠡᠭᠦᠯᠦᠯ ᠢ | ᠡᠰᠡᠷᠭᠦᠴᠡᠬᠦ ᠵᠡᠷᠭᠡ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ ᠲᠤᠭᠤᠷᠢᠭ ᠤᠨ ᠨᠡᠶᠢᠭᠡᠮ ᠤᠨ ᠠᠮᠤᠷ ᠲᠦᠪᠰᠢᠨ ᠤ | ᠪᠦᠬᠦ ᠲᠠᠯ᠎ᠠ ᠶᠢᠨ ᠲᠣᠭᠲᠠᠭᠤᠨ ᠢ ᠬᠠᠮᠠᠭᠠᠯᠠᠨ᠎ᠠ᠃ |