ᠬᠤᠶᠠᠷ᠂ ᠴᠢᠯᠥᠭᠡᠲᠡᠶ ᠪᠣᠯᠭᠠᠬᠤ ᠳᠤ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠪᠦᠲᠦᠭᠡᠯᠴᠢ ᠬᠦᠴᠦᠨ ᠢ | ᠪᠠᠳᠠᠷᠠᠭᠤᠯᠬᠤ ᠬᠡᠷᠡᠭᠲᠡᠶ | ︵ᠠᠷᠪᠠᠨ ᠬᠤᠶᠠᠷ︶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠳᠤ | ᠬᠥᠳᠡᠯᠦᠩᠭᠦᠶ ᠲᠣᠬᠢᠷᠠᠭᠤᠯᠤᠯᠲᠠ ᠬᠢᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ | ᠬᠠᠭᠤᠳᠠᠰᠤ ᠶᠢᠨ ᠬᠠᠮᠢᠶᠠᠷᠤᠯᠲᠠ ᠶᠢ ᠴᠢᠩᠭᠠᠳᠬᠠᠨ᠂ ᠨᠠᠷᠢᠨ ᠬᠠᠭᠤᠳᠠᠰᠤ ᠶᠢᠨ ᠳᠣᠲᠣᠷᠠᠬᠢ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠲᠤ ᠦᠨᠳᠦᠰᠦᠯᠡᠯ᠂ ᠬᠡᠷᠡᠭᠵᠢᠭᠦᠯᠬᠦ ᠪᠠᠶᠢᠭᠤᠯᠭ᠎ᠠ᠂ ᠵᠥᠪᠰᠢᠶᠡᠷᠡᠬᠦ ᠨᠥᠬᠦᠴᠡᠯ᠂ | ᠭᠦᠢᠴᠡᠳᠭᠡᠬᠦ ᠲᠠᠰ ᠳᠠᠷᠠᠭᠠᠯᠠᠯ᠂ ᠬᠦᠢᠴᠡᠳᠭᠡᠬᠦ ᠴᠠᠭ ᠤᠨ ᠬᠢᠵᠠᠭᠠᠷ᠂ ᠭᠤᠶᠤᠴᠢᠯᠠᠬᠤ ᠮᠠᠲ᠋ᠧᠷᠢᠶᠠᠯ᠂ ᠬᠡᠷᠡᠭᠯᠡᠬᠦ | ᠬᠡᠪᠴᠢᠶ᠎ᠡ᠂ ᠬᠦᠴᠦᠨ ᠲᠠᠢ ᠬᠤᠭᠤᠴᠠᠭ᠎ᠠ᠂ ᠵᠠᠭᠤᠴᠢᠯᠠᠬᠤ ᠦᠢᠯᠡᠴᠢᠯᠡᠭᠡ ᠵᠡᠷᠭᠡ ᠬᠦᠴᠦᠨ ᠵᠦᠢᠯ ᠢ ᠵᠤᠷᠪᠤᠰ | ᠳᠠᠷᠠᠭᠠᠯᠠᠨ ᠲᠣᠳᠣᠷᠬᠠᠶ ᠲᠣᠭᠲᠠᠭᠠᠨ᠎ᠠ᠃ ︵ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠠᠴᠠ ᠲᠦᠷᠦᠭᠦᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠵᠢᠴᠢ ᠡᠯ᠎ᠡ ᠭᠠᠵᠠᠷ | ᠣᠷᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠦᠴᠦᠨ ᠥᠬᠡᠶ | ᠪᠣᠯᠭᠠᠬᠤ᠂ ᠳᠣᠷᠣᠭᠰᠢ ᠪᠠᠭᠤᠯᠭᠠᠬᠤ ᠪᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ ᠰᠠᠶᠢᠲᠤᠷ ᠳᠠᠭᠠᠭᠠᠨ ᠵᠠᠯᠭᠠᠭᠤᠯᠵᠤ᠂ ᠲᠤᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ | ᠡᠷᠬᠡ ᠶᠢ ᠬᠦᠴᠦᠨ ᠥᠬᠡᠶ ᠪᠣᠯᠭᠠᠬᠤ᠂ ᠳᠣᠷᠣᠭᠰᠢ ᠪᠠᠭᠤᠯᠭᠠᠬᠤ ᠡᠷᠴᠢᠮ ᠢ ᠴᠢᠩᠭᠠᠷᠠᠭᠤᠯᠤᠨ᠎ᠠ᠃ ︵ᠲᠤᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠲᠦᠷᠦᠭᠦᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠂ | ᠨᠢᠭᠡᠴᠢ ᠵᠢᠴᠢ ᠡᠯ᠎ᠡ ᠭᠠᠵᠠᠷ ᠣᠷᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠳᠥᠷᠪᠡ︶ ᠪᠠᠯᠠ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠠᠯᠠ ᠣᠷᠣᠭᠤᠯᠤᠯᠲᠠ ᠶᠢᠨ ᠠᠵᠢᠯ ᠲᠥᠷᠥᠯ ᠤᠨ ᠮᠡᠳᠡᠭᠦᠯᠦᠨ ᠪᠠᠶᠢᠭᠤᠯᠬᠤ ᠭᠠᠷᠳᠠᠮ ᠢ ᠤᠯᠠᠮ | ᠨᠢᠭᠡ ᠠᠯᠬᠤᠮ ᠳᠥᠭᠦᠮᠴᠢᠯᠡᠨ ᠡᠮᠬᠢᠯᠡᠨ ᠨᠡᠶᠢᠯᠡᠭᠦᠯᠵᠦ᠂ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ | ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠬᠢᠨᠠᠨ ᠵᠥᠪᠰᠢᠶᠡᠷᠡᠬᠦ ᠲᠠᠰ | ᠳᠠᠷᠠᠭᠠᠯᠠᠯ᠂ ᠬᠢᠨᠠᠨ ᠵᠥᠪᠰᠢᠶᠡᠷᠡᠬᠦ ᠵᠦᠢᠯᠡᠰ ᠪᠠ ᠮᠡᠳᠡᠭᠦᠯᠬᠦ ᠮᠠᠲ᠋ᠧᠷᠢᠶᠠᠯ ᠢ ᠲᠠᠰᠤᠷᠠᠯᠲᠠ ᠥᠬᠡᠶ ᠴᠣᠮᠬᠠᠳᠬᠠᠨ | ᠰᠢᠯᠢᠳᠡᠭᠵᠢᠭᠦᠯᠦᠨ᠎ᠡ᠃ ︵ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠵᠦ᠂ ᠬᠠᠮᠢᠶ᠎ᠠ ᠪᠥᠬᠦᠶ ᠰᠠᠯᠠᠭ᠎ᠠ | ᠮᠥᠴᠢᠷ᠂ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠲᠠᠪᠤ︶ ᠦᠢᠯᠡᠳᠭᠦᠨ ᠤ ᠲᠥᠷᠥᠯ ᠤᠭᠰᠠᠭ᠎ᠠ ᠶᠢᠨ ᠬᠠᠮᠢᠶᠠᠷᠤᠯᠲᠠ ᠶᠢ ᠥᠷᠭᠡᠨ ᠢᠶᠠᠷ | ᠬᠡᠷᠡᠭᠵᠢᠭᠦᠯᠵᠦ᠂ ᠳᠠᠪᠬᠤᠷᠳᠠᠭᠤᠯᠤᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠳᠠᠪᠬᠤᠷᠳᠠᠭᠤᠯᠤᠨ ᠬᠢᠨᠠᠨ | ᠵᠥᠪᠰᠢᠶᠡᠷᠡᠵᠦ ᠭᠡᠷᠡᠴᠢᠯᠡᠬᠦ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ ︵ᠲᠤᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠨᠦᠭᠦᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠵᠢᠷᠭᠤᠭ᠎ᠠ︶ ᠵᠢᠭᠠᠨ ᠲᠣᠭᠲᠠᠭᠠᠭᠰᠠᠨ ᠭᠡᠷᠡᠴᠢᠯᠡᠯ ᠤᠨ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ | ᠨᠡᠮᠡᠭᠳᠡᠭᠦᠯᠵᠦ᠂ ᠦᠢᠯᠡᠳᠬᠦᠨ ᠤ ᠠᠶᠤᠯ ᠦᠭᠡᠶ ᠳᠤ ᠬᠤᠯᠪᠣᠭᠳᠠᠬᠤ ᠦᠭᠡᠶ ᠬᠤᠪᠢᠷᠠᠭᠤᠯᠤᠯᠲᠠ ᠳᠤ ᠮᠡᠳᠡᠭᠦᠯᠬᠦ | ᠴᠢᠬᠤᠯᠠ ᠦᠭᠡᠶ ᠪᠠᠶᠢᠵᠤ᠂ ᠭᠡᠷᠡᠴᠢᠯᠡᠯ ᠤᠨ ᠴᠠᠭ ᠪᠠ ᠥᠪᠡᠷ ᠤᠨ ᠥᠷᠲᠡᠭ ᠢ ᠪᠠᠭᠠᠰᠬᠠᠬᠤ ᠬᠡᠷᠡᠭᠲᠡᠶ᠃ ︵ | ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠠᠮᠢᠶ᠎ᠠ ᠪᠥᠬᠦᠶ | ᠰᠠᠯᠠᠭ᠎ᠠ ᠮᠥᠴᠢᠷ᠂ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠳᠣᠯᠤᠭ᠎ᠠ︶ ᠲᠣᠭᠠᠴᠢᠯᠠᠭᠰᠠᠨ ᠠᠵᠤ ᠠᠬᠤᠶ ᠶᠢᠨ ᠬᠦᠷᠢᠶᠡᠨ ᠳᠠᠬᠢ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠵᠦᠢᠯᠡᠰ ᠤᠨ ᠲᠤᠭ᠎ᠠ ᠬᠡᠮᠵᠢᠶ᠎ᠡ ᠣᠯᠠᠨ᠂ ᠨᠥᠬᠦᠴᠡᠯ ᠥᠨᠳᠥᠷ᠂ ᠭᠠᠷᠳᠠᠮ ᠪᠤᠳᠤᠯᠢᠶᠠᠨᠲᠠᠶ | ᠠᠰᠠᠭᠤᠳᠠᠯ ᠳᠤ ᠴᠢᠭᠯᠡᠭᠦᠯᠦᠨ᠂ ᠰᠢᠯᠵᠢᠮᠡᠯ ᠬᠡᠷᠡᠭᠯᠡᠭᠡᠨ ᠤ ᠫᠷᠤᠭ᠍ᠷᠠᠮ ︵APP︶ ᠢ ᠣᠯᠠᠨ ᠰᠠᠯᠠᠭ᠎ᠠ ᠮᠥᠴᠢᠷ | ᠬᠠᠮᠲᠤᠷᠠᠨ ᠪᠠᠶᠢᠴᠠᠭᠠᠵᠤ ᠪᠠᠶᠢᠴᠠᠭᠠᠨ ᠬᠡᠮᠵᠢᠬᠦ ᠶᠢ ᠪᠡᠶᠡᠯᠡᠭᠦᠯᠬᠦ ᠶᠢ ᠠᠬᠢᠭᠤᠯᠵᠤ᠂ ᠳᠠᠪᠬᠤᠷᠳᠠᠭᠤᠯᠤᠨ ᠪᠠᠶᠢᠴᠠᠭᠠᠨ | ᠬᠡᠮᠵᠢᠬᠦ ᠠᠴᠠ ᠵᠠᠶᠢᠯᠠᠰᠬᠢᠨ᠎ᠠ ︵ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠤᠷ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠬᠡᠷ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ᠂ ᠨᠢᠭᠡᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠠᠷᠪᠠᠨ ᠨᠠᠢᠮᠠ︶ ᠲᠣᠭᠤᠷᠢᠭ ᠤᠨ ᠲᠣᠰ ᠳᠤᠭᠤᠶᠢᠯᠠᠩ ᠤᠨ ᠲᠣᠭᠲᠠᠭᠠᠭᠰᠠᠨ ᠵᠠᠰᠠᠭ ᠵᠠᠬᠢᠷᠭᠠᠨ ᠤ | ᠳᠠᠩᠰᠠᠯᠠᠭᠤᠯᠬᠤ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠳᠠᠩᠰᠠᠯᠠᠭᠤᠯᠬᠤ ᠨᠡᠷ᠎ᠡ ᠪᠠᠷ | ᠬᠢᠨᠠᠨ ᠵᠥᠪᠰᠢᠶᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠣᠷᠣᠨ ᠨᠤᠲᠤᠭ ᠤᠨ ᠲᠠᠰ ᠳᠠᠪᠬᠤᠷᠭ᠎ᠠ ᠳᠤ | ᠲᠣᠭᠲᠠᠭᠠᠭᠰᠠᠨ ᠠᠵᠤ ᠠᠬᠤᠶᠢᠯᠠᠯ ᠤᠨ ᠣᠨ ᠤ ᠪᠠᠶᠢᠴᠠᠭᠠᠯᠲᠠ᠂ ᠣᠨ ᠤ ᠮᠡᠳᠡᠭᠦᠯᠦᠯᠲᠡ ᠶᠢᠨ ᠵᠦᠢᠯᠡᠰ ᠢ ᠡᠮᠬᠢᠯᠡᠨ | ᠳᠢᠭᠯᠡᠵᠦ᠂ ᠣᠨ ᠤ ᠪᠠᠶᠢᠴᠠᠭᠠᠯᠲᠠ ᠶᠢᠨ ᠥᠭᠡᠷᠡᠴᠢᠯᠡᠯᠲᠡ ᠶᠢᠨ ᠣᠨ ᠤ ᠮᠡᠳᠡᠭᠦᠯᠦᠯᠲᠡ ᠶᠢ ᠪᠦᠯᠦᠭ ᠤᠳᠠᠭ᠎ᠠ | ᠬᠤᠪᠢᠶᠠᠨ ᠳᠥᠯᠭᠢᠨ ᠠᠬᠢᠭᠤᠯᠵᠤ᠂ ᠣᠨ ᠤ ᠮᠡᠳᠡᠭᠦᠯᠦᠯᠲᠡ ᠶᠢᠨ ᠵᠦᠢᠯᠡᠰ ᠤᠨ ︽ᠣᠯᠠᠨ ᠮᠡᠳᠡᠭᠦᠯᠦᠯᠲᠡ ᠶᠢ | ᠨᠡᠶᠢᠯᠡᠭᠦᠯᠦᠨ ᠨᠢᠭᠡ ᠪᠣᠯᠭᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ︾ ᠶᠢ ᠳᠥᠯᠭᠢᠨ ᠠᠬᠢᠭᠤᠯᠤᠨ᠎ᠠ᠃ ︵ | ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠠᠴᠠ ᠲᠦᠷᠦᠭᠦᠯᠡᠵᠦ᠂ ᠬᠠᠮᠢᠶ᠎ᠠ ᠪᠥᠬᠦᠶ | ᠰᠠᠯᠠᠭ᠎ᠠ ᠮᠥᠴᠢᠷ᠂ ᠨᠢᠭᠡᠴᠢ ᠵᠢᠴᠢ ᠡᠯ᠎ᠡ ᠭᠠᠵᠠᠷ ᠣᠷᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ ᠶᠢᠰᠦ︶ ︽ᠦᠨᠡᠮᠯᠡᠯ ᠢ ᠬᠠᠰᠤᠬᠤ︾ ᠪᠠ ᠬᠢᠨᠠᠨ ᠵᠥᠪᠰᠢᠶᠡᠷᠡᠬᠦ ᠶᠢ ᠳᠥᠭᠦᠮᠴᠢᠯᠡᠬᠦ ᠶᠢ | ᠦᠷᠭᠦᠯᠵᠢᠯᠡᠨ ᠠᠬᠢᠭᠤᠯᠵᠤ᠂ ︽ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠪᠣᠶ ᠪᠥᠬᠦᠶ ᠵᠥᠪᠰᠢᠶᠡᠷᠡᠯ ᠤᠨ ᠵᠦᠢᠯᠡᠰ ᠲᠤ | ᠲᠥᠷᠥᠯ ᠬᠤᠪᠢᠶᠠᠨ ᠥᠭᠡᠷᠡᠴᠢᠯᠡᠯᠲᠡ ᠬᠢᠨ᠎ᠠ᠂ ᠡᠭᠦᠨ ᠳᠤ ᠬᠢᠨᠠᠨ ᠵᠥᠪᠰᠢᠶᠡᠷᠡᠬᠦ ᠶᠢ ᠬᠦᠴᠦᠨ ᠥᠬᠡᠶ ᠪᠤᠯᠭᠠᠵᠤ᠂ | ᠳᠠᠩᠰᠠᠯᠠᠭᠤᠯᠬᠤ ᠪᠣᠯᠭᠠᠨ ᠥᠭᠡᠷᠡᠴᠢᠯᠡᠬᠦ ᠪᠤᠶᠤ ᠠᠮᠠᠯᠠᠯᠲᠠ ᠪᠠᠨ ᠮᠡᠳᠡᠭᠳᠡᠬᠦ ᠶᠢ ᠬᠡᠷᠡᠭᠵᠢᠭᠦᠯᠬᠦ ᠵᠦᠢᠯᠡᠰ ᠢ 100 | ᠵᠦᠢᠯ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠬᠠᠮᠢᠶ᠎ᠠ | ᠪᠥᠬᠦᠶ ᠰᠠᠯᠠᠭ᠎ᠠ ᠮᠥᠴᠢᠷ᠂ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠬᠤᠷᠢ︶ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | ᠵᠥᠪᠰᠢᠶᠡᠷᠡᠯ ᠤᠨ ᠵᠦᠢᠯᠡᠰ ᠢ ᠬᠡᠯᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠡᠯᠡᠵᠦ | ᠠᠮᠠᠯᠠᠭᠤᠯᠬᠤ ᠲᠦᠷᠢᠮ ᠤᠨ ᠵᠦᠢᠯᠡᠰ ᠤᠨ ᠬᠦᠷᠢᠶ᠎ᠡ ᠬᠡᠪᠴᠢᠶ᠎ᠡ᠂ ᠬᠡᠷᠡᠭᠯᠡᠬᠦ ᠡᠲᠡᠭᠡᠳ᠂ ᠠᠵᠢᠯ ᠤᠨ ᠴᠤᠪᠤᠷᠠᠯ ᠪᠠ | ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶ ᠬᠡᠷᠡᠭᠵᠢᠭᠦᠯᠦᠨ᠎ᠡ᠃ ︵ᠲᠤᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ | ᠨᠢᠭᠡᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠨᠢᠭᠡ︶ ᠭᠠᠶᠢᠯᠢ ᠶᠢᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠮᠥᠩᠭᠦᠨ ᠭᠦᠢᠯᠭᠡᠭᠡᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠭᠤᠭᠴᠤᠭ᠎ᠠ ᠶᠢᠨ ᠬᠠᠮᠵᠢᠯᠴᠠᠨ ᠭᠦᠢᠴᠡᠳᠭᠡᠬᠦ ᠶᠢ ᠴᠢᠩᠭᠠᠷᠠᠭᠤᠯᠵᠤ᠂ | ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ ᠠᠵᠢᠯ ᠤᠨ | ᠬᠠᠮᠵᠢᠯᠴᠠᠭ᠎ᠠ ᠶᠢ ᠠᠬᠢᠭᠤᠯᠤᠨ᠂ ᠭᠠᠶᠢᠯᠢ ᠶᠢᠨ ᠶᠠᠪᠤᠳᠠᠯ ᠢ ᠬᠦᠴᠦᠨ ᠥᠬᠡᠶ ᠪᠣᠯᠭᠠᠬᠤ ᠵᠡᠷᠭᠡ ᠲᠠᠰ ᠳᠠᠷᠠᠭᠠᠯᠠᠯ ᠢ | ᠰᠢᠯᠢᠳᠡᠭᠵᠢᠭᠦᠯᠵᠦ᠂ ᠭᠦᠢᠴᠡᠳᠭᠡᠬᠦ ᠠᠬᠢᠴᠠ ᠪᠠ ᠦᠷ᠎ᠡ ᠳ᠋ᠦᠩ ᠢ ᠴᠠᠭ ᠲᠤᠬᠠᠶ ᠳᠤᠨᠢ ᠬᠠᠮᠲᠤᠪᠠᠷ ᠭᠥᠷᠳᠡᠬᠦ ᠶᠢ | ᠪᠡᠶᠡᠯᠡᠭᠦᠯᠦᠨ᠎ᠡ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ | ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ | ᠪᠤᠭᠤᠲᠤ ᠬᠤᠲᠠ ᠶᠢᠨ ᠲᠡᠭᠦᠷᠭᠡ ᠶᠢᠨ ᠰᠠᠯᠪᠤᠷᠢ ᠪᠠᠩᠬᠢ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠬᠤᠶᠠᠷ︶ ᠣᠷᠳᠣ ᠬᠤᠭᠤᠴᠠᠭ᠎ᠠ ᠪᠠᠷ ᠬᠦᠴᠦᠨ ᠥᠬᠡᠶ ᠪᠤᠯᠤᠭᠠᠳ ᠬᠦᠴᠦᠨ ᠥᠬᠡᠶ ᠪᠣᠯᠭᠠᠭᠠᠳᠤᠶ | ᠠᠵᠤ ᠠᠬᠤᠶᠢᠯᠠᠯ ᠢ ᠠᠯᠪᠠᠳᠠᠯᠭ᠎ᠠ ᠪᠠᠷ ᠬᠦᠴᠦᠨ ᠥᠬᠡᠶ ᠪᠣᠯᠭᠠᠬᠤ ᠶᠢ ᠰᠦᠪᠡᠭᠴᠢᠯᠡᠨ ᠥᠷᠨᠢᠭᠦᠯᠵᠦ᠂ | ᠠᠯᠪᠠᠳᠠᠯᠭ᠎ᠠ ᠪᠠᠷ ᠬᠦᠴᠦᠨ ᠥᠬᠡᠶ ᠪᠣᠯᠭᠠᠬᠤ ᠶᠢᠨ ᠳᠣᠭᠢᠷᠠᠬᠤ ᠪᠠᠶᠢᠳᠠᠯ᠂ ᠪᠣᠳᠠᠲᠠᠶ ᠨᠥᠬᠦᠴᠡᠯ ᠪᠠ ᠭᠦᠢᠴᠡᠳᠭᠡᠬᠦ | ᠲᠠᠰ ᠳᠠᠷᠠᠭᠠᠯᠠᠯ ᠢ ᠲᠣᠳᠣᠷᠬᠠᠶᠢᠯᠠᠬᠤ ᠶᠢᠨ ᠬᠠᠮᠲᠤ᠂ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ | ᠬᠠᠤᠯᠢ ᠶᠣᠰᠣᠭᠠᠷ ᠪᠠᠲᠤᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠬᠤᠷᠢᠨ ᠭᠠᠷᠬᠤ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠨᠦᠭᠦᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠬᠠᠮᠢᠶᠠᠷᠬᠤ ᠳᠠᠭᠠᠨ ᠭᠤᠣᠯᠴᠢ ᠪᠠᠷ ᠬᠠᠮᠢᠶᠠᠷᠴᠤ᠂ ᠶᠠᠰᠤ ᠴᠢᠨᠠᠷ ᠲᠠᠢ ᠬᠠᠮᠢᠶᠠᠷᠤᠨ᠎ᠠ | ︵ᠬᠤᠷᠢᠨ ᠭᠤᠷᠪᠠ︶ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ᠂ | ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠥᠷᠨᠢᠭᠦᠯᠦᠨ᠎ᠡ᠃ ︵ᠲᠤᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ ᠠᠴᠠ ᠲᠦᠷᠦᠭᠦᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠵᠢᠴᠢ ᠡᠯ᠎ᠡ ᠭᠠᠵᠠᠷ | ᠣᠷᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠳᠥᠷᠪᠡ︶ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠬᠠᠮᠢᠶᠠᠷᠬᠤ | ᠵᠡᠷᠭᠡ ᠯᠦᠭᠡ ᠤᠶᠠᠯᠳᠤᠭᠤᠯᠵᠤ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠪᠠᠶᠢᠬᠤ ᠠᠵᠤ ᠠᠬᠤᠶᠢᠯᠠᠯ ᠢ | ᠪᠠᠶᠢᠴᠠᠭᠠᠬᠤ ᠤᠳᠠᠭ᠎ᠠ ᠶᠢ ᠪᠠᠭᠠᠰᠬᠠᠨ᠎ᠠ᠃ ᠰᠠᠯᠠᠭ᠎ᠠ ᠮᠥᠴᠢᠷ ᠤᠨ ᠬᠤᠯᠪᠤᠭᠠᠯᠠᠭᠰᠠᠨ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠬᠠᠮᠤᠷᠬᠤ ᠬᠡᠪᠴᠢᠶ᠎ᠡ ᠶᠢ | ᠥᠷᠭᠡᠳᠬᠡᠵᠦ᠂ ᠨᠠᠩ ᠣᠯᠠᠨ ᠵᠦᠢᠯᠡᠰ ᠢ ᠬᠠᠮᠲᠤᠷᠠᠨ ᠰᠤᠭᠤᠴᠢᠨ ᠪᠠᠶᠢᠴᠠᠭᠠᠬᠤ ᠬᠡᠪᠴᠢᠶᠡᠨ ᠳᠤ ᠣᠷᠣᠭᠤᠯᠤᠨ᠎ᠠ᠃ | ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠠᠵᠢᠯᠲᠠᠨ ᠤ ᠨᠡᠷᠡᠰ ᠤᠨ ᠬᠥᠮᠥᠷᠭᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠦᠷᠦᠯᠴᠡᠬᠦ ᠥᠬᠡᠶ ᠪᠠᠶᠢᠬᠤ ᠠᠰᠠᠭᠤᠳᠠᠯ ᠢ | ᠨᠠᠮᠳᠠᠭᠤᠯᠤᠨ᠎ᠠ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ | ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠵᠢᠴᠢ ᠡᠯ᠎ᠡ ᠭᠠᠵᠠᠷ ᠣᠷᠣᠨ ᠨᠤᠭᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠲᠠᠪᠤ︶ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠠᠬᠢᠭᠤᠯᠵᠤ᠂ ᠥᠪᠡᠷᠲᠡᠭᠡᠨ | ᠵᠠᠰᠠᠬᠤ ᠣᠷᠣᠨ᠂ ᠪᠤᠭᠤᠲᠤ ᠬᠤᠲᠠ ᠲᠠᠢ ᠬᠠᠮᠵᠢᠯᠴᠠᠨ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢᠨ ᠬᠦᠷᠢᠶ᠎ᠡ | ᠴᠠᠷᠠᠭ᠎ᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠶᠢ ᠴᠢᠩᠭᠠᠳᠬᠠᠵᠤ᠂ ᠲᠦᠭᠰᠢᠭᠦᠷᠢ ᠶᠢ ᠰᠡᠷᠡᠮᠵᠢᠯᠡᠭᠦᠯᠬᠦ | ᠰᠦᠪᠡᠭᠴᠢ ᠶᠢ ᠰᠢᠢᠳᠪᠦᠷᠢᠯᠡᠬᠦ᠂ ᠬᠠᠷᠢᠭᠤ ᠲᠤᠰᠬᠠᠬᠤ ᠲᠣᠭᠲᠠᠴᠠ ᠶᠢ ᠪᠣᠶ ᠪᠣᠯᠭᠠᠵᠤ᠂ ᠬᠢᠨᠠᠯᠲᠠ ᠬᠠᠮᠢᠶᠠᠷᠤᠯᠲᠠ ᠶᠢᠨ | ᠤᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠤᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ | ᠴᠠᠭᠠᠵᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠵᠢᠷᠭᠤᠭ᠎ᠠ︶ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠠᠵᠤ ᠠᠬᠤᠶᠢᠯᠠᠯ ᠤᠨ | ᠪᠠᠷᠢᠮᠵᠢᠶ᠎ᠠ ᠶᠢᠨ ᠥᠪᠡᠷ ᠤᠨ ᠢᠯᠡᠷᠬᠡᠶᠢᠯᠡᠯᠲᠡ ᠪᠠᠨ ᠢᠯᠡ ᠪᠣᠯᠭᠠᠬᠤ ᠶᠢ ᠬᠡᠷᠡᠭᠵᠢᠭᠦᠯᠵᠦ᠂ ᠨᠠᠩ ᠣᠯᠠᠨ ᠬᠦᠷᠢᠶ᠎ᠡ | ᠴᠠᠷᠠᠭ᠎ᠠ ᠳᠤ ᠠᠵᠤ ᠠᠬᠤᠶᠢᠯᠠᠯ ᠤᠨ ᠪᠠᠷᠢᠮᠵᠢᠶ᠎ᠠ ᠶᠢᠨ ︽ᠳᠠᠭᠠᠭᠤᠯᠤᠭᠴᠢ︾ ᠶᠢᠨ ᠲᠣᠭᠲᠠᠴᠠ ᠶᠢ ᠬᠡᠷᠡᠭᠵᠢᠭᠦᠯᠵᠦ᠂ | ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠣᠷᠣᠭᠤᠯᠤᠨ ᠠᠵᠤ ᠠᠬᠤᠶᠢᠯᠠᠯ ᠤᠨ ᠪᠠᠷᠢᠮᠵᠢᠶ᠎ᠠ ᠶᠢᠨ ᠶᠠᠰᠤ ᠴᠢᠨᠠᠷ ᠢ | ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠠᠵᠤ ᠠᠬᠤᠶᠢᠯᠠᠯ ᠤᠨ ᠪᠠᠷᠢᠮᠵᠢᠶ᠎ᠠ ᠶᠢᠨ ᠬᠢᠷᠢ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠨᠦᠭᠦᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠳᠣᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ | ᠬᠡᠷᠡᠭᠵᠢᠭᠦᠯᠬᠦ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠳᠤᠷ᠎ᠠ ᠪᠠᠷ ᠢᠶᠠᠨ ᠬᠠᠤᠯᠢ ᠬᠡᠷᠡᠭᠵᠢᠭᠦᠯᠬᠦ ᠵᠡᠷᠭᠡ ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠦᠵᠡᠭᠦᠯᠬᠦ ᠨᠥᠯᠥᠭᠡ ᠶᠢ | ᠪᠠᠭᠤᠷᠠᠭᠤᠯᠬᠤ ᠬᠡᠷᠡᠭᠲᠡᠶ᠃ ︵ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ᠂ ᠨᠢᠭᠡᠴᠢ ᠵᠢᠴᠢ ᠡᠯ᠎ᠡ ᠭᠠᠵᠠᠷ ᠣᠷᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠬᠤᠷᠢᠨ ᠨᠠᠢᠮᠠ︶ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠠᠶᠤᠯ ᠥᠭᠡᠢ ᠶᠢᠨ ᠪᠠᠶᠢᠳᠠᠯ ᠢ | ᠵᠠᠳᠠᠯᠬᠤ ᠶᠢ ᠴᠢᠩᠭᠠᠳᠬᠠᠨ᠂ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ | ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠨᠢᠭᠡᠴᠢ ᠪᠣᠯᠤᠨ | ᠰᠢᠯᠭᠠᠨ ᠪᠠᠶᠢᠴᠠᠭᠠᠬᠤ᠂ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠬᠠᠤᠯᠢ ᠶᠣᠰᠣᠭᠠᠷ ᠬᠢᠨᠠᠯᠲᠠ ᠲᠠᠯᠪᠢᠵᠤ | ᠪᠠᠶᠢᠴᠠᠭᠠᠬᠤ ᠶᠢ ᠬᠡᠷᠡᠭᠵᠢᠭᠦᠯᠦᠨ᠎ᠡ᠃ ᠰᠤᠷᠭᠠᠭᠤᠯᠢ᠂ ᠬᠡᠤᠬᠡᠳ ᠤᠨ ᠴᠡᠴᠡᠷᠯᠢᠭ ᠵᠢᠴᠢ ᠡᠮᠨᠡᠯᠭᠡ ᠶᠢᠨ ᠬᠤᠷᠢᠶ᠎ᠠ᠂ | ᠲᠡᠷᠭᠡᠨ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠭᠠᠷᠠᠮ᠂ ᠬᠤᠳᠠᠯᠳᠤᠭᠠᠨ ᠤ ᠲᠠᠯᠠᠪᠤᠷ᠂ ᠪᠡᠶ᠎ᠡ ᠶᠢᠨ | ᠲᠠᠮᠢᠷ ᠤᠨ ᠲᠠᠯᠠᠪᠤᠷ ᠣᠷᠳᠣᠨ᠂ ᠦᠵᠡᠰᠬᠦᠯᠡᠩ ᠤᠨ ᠣᠷᠳᠣᠨ᠂ ᠴᠡᠴᠡᠷᠯᠢᠭ ᠵᠡᠷᠭᠡ ᠣᠯᠠᠨ ᠨᠡᠶᠢᠲᠡ ᠶᠢᠨ | ᠴᠤᠭᠯᠠᠷᠠᠬᠤ ᠭᠠᠵᠠᠷ ᠲᠠᠯᠠᠪᠤᠷ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠤ ᠭᠤᠤᠯᠳᠠᠯᠭ᠎ᠠ ᠲᠠᠢ ᠠᠮᠤᠷ | ᠲᠦᠪᠰᠢᠨ ᠤ ᠬᠢᠨᠠᠯᠲᠠ ᠪᠠᠶᠢᠴᠠᠭᠠᠯᠲᠠ ᠶᠢ ᠬᠡᠷᠡᠭᠵᠢᠭᠦᠯᠦᠨ᠎ᠡ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠨᠦᠭᠦᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢ ᠶᠢᠰᠦ︶ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠵᠢᠴᠢ ᠪᠤᠰᠤᠳ ᠦᠢᠯᠡᠴᠢᠯᠡᠭᠡᠨ ᠤ | ᠪᠠᠶᠢᠭᠤᠯᠤᠮᠵᠢ ᠶᠢᠨ ᠵᠢᠷᠤᠮᠵᠢᠯ ᠥᠬᠡᠶ ᠣᠨᠣᠰᠢᠯᠠᠨ ᠡᠮᠨᠡᠬᠦ ᠦᠢᠯᠡ ᠠᠵᠢᠯᠯᠠᠭ᠎ᠠ ᠵᠢᠴᠢ ᠡᠮᠴᠢᠯᠡᠭᠡᠨ ᠤ ᠳᠠᠭᠠᠳᠬᠠᠯ ᠤᠨ | ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠲᠣᠭᠲᠠᠭᠠᠯ ᠠᠴᠠ ᠵᠥᠷᠢᠴᠡᠨ ᠡᠮᠴᠢᠯᠡᠭᠡᠨ ᠤ ᠳᠠᠭᠠᠳᠬᠠᠯ ᠤᠨ | ᠣᠯᠭᠤᠮᠵᠢ ᠶᠢ ᠥᠭᠭᠦᠭᠰᠡᠨ ᠠᠰᠠᠭᠤᠳᠠᠯ ᠢ ᠴᠡᠭᠴᠡᠯᠡᠨ ᠵᠠᠰᠠᠨ᠎ᠠ᠃ ᠮᠡᠬᠡᠯᠡᠨ ᠬᠢᠬᠠᠵᠤ ᠳᠠᠭᠠᠳᠬᠠᠯ ᠢ ᠮᠡᠬᠡᠯᠡᠬᠦ | ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠬᠦ ᠲᠣᠭᠲᠠᠴᠠ ᠶᠢ ᠪᠠᠶᠢᠭᠤᠯᠵᠤ᠂ ᠮᠡᠬᠡᠯᠡᠨ ᠬᠢᠬᠠᠵᠤ | ᠳᠠᠭᠠᠳᠬᠠᠯ ᠢ ᠮᠡᠬᠡᠯᠡᠬᠦ ᠦᠢᠯᠡ ᠠᠵᠢᠯᠯᠠᠭ᠎ᠠ ᠳᠤ ᠰᠠᠯᠠᠭ᠎ᠠ ᠮᠥᠴᠢᠷ ᠤᠨ ᠬᠠᠮᠲᠤᠷᠠᠨ ᠵᠢᠭᠰᠠᠭᠠᠨ ᠪᠠᠶᠢᠴᠠᠭᠠᠬᠤ ᠶᠢ | ᠴᠢᠩᠭᠠᠳᠬᠠᠨ᠎ᠠ᠃ ︵ᠲᠤᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ᠂ ᠨᠢᠭᠡᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢ︶ ᠲᠠᠸᠠᠷ ᠤᠨ ᠲᠡᠮᠳᠡᠭ᠂ ᠲᠤᠰᠬᠠᠶ ᠠᠰᠢᠭ᠂ ᠬᠤᠳᠠᠯᠳᠤᠭᠠᠨ ᠤ ᠨᠢᠭᠤᠴᠠ ᠵᠡᠷᠭᠡ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠵᠢᠴᠢ ᠬᠠᠭᠤᠷᠮᠠᠭ ᠮᠠᠭᠤ ᠰᠣᠷᠣᠭᠴᠢ ᠶᠢᠨ ᠬᠡᠷᠡᠭᠰᠡᠯ᠂ | ᠪᠣᠯᠪᠠᠰᠤᠷᠠᠭᠤᠯᠤᠭᠰᠠᠨ ᠲᠣᠰᠣ᠂ ᠮᠠᠰᠢᠨ ᠲᠡᠷᠭᠡᠨ ᠤ ᠰᠡᠯᠪᠢᠭ ᠲᠣᠨᠤᠭ ᠦᠢᠯᠡᠳᠴᠦ ᠪᠣᠷᠣᠯᠠᠭᠤᠯᠤᠭᠰᠠᠨ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠨᠢᠭᠡ | ᠪᠦᠯᠦᠭ ᠭᠤᠤᠯᠳᠠᠯᠭ᠎ᠠ ᠲᠠᠢ ᠬᠡᠷᠡᠭ ᠢ ᠫᠠᠶᠢᠰᠠ ᠡᠯᠭᠦᠨ ᠰᠢᠮᠳᠠᠭᠤᠯᠤᠨ ᠭᠦᠢᠴᠡᠳᠭᠡᠨ᠎ᠡ᠃ ︵ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ | ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠵᠢᠴᠢ ᠡᠯ᠎ᠡ ᠭᠠᠵᠠᠷ ᠣᠷᠣᠨ ᠨᠤᠭᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢᠨ ᠨᠢᠭᠡ︶ ᠰᠢᠯᠵᠢᠮᠡᠯ ᠬᠡᠷᠡᠭᠯᠡᠭᠡᠨ ᠤ ᠫᠷᠤᠭ᠍ᠷᠠᠮ ︵APP︶ ᠤᠨ ᠬᠠᠤᠯᠢ ᠲᠣᠭᠲᠠᠭᠠᠯ ᠠᠴᠠ | ᠵᠥᠷᠢᠴᠡᠨ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠤᠨ ᠬᠡᠷᠡᠭᠯᠡᠬᠦ ᠶᠢ ᠲᠤᠰᠬᠠᠶᠢᠯᠠᠨ ᠵᠠᠰᠠᠬᠤ ᠶᠢ | ᠥᠷᠨᠢᠭᠦᠯᠵᠦ᠂ ᠴᠠᠬᠢᠯᠭᠠᠨ ᠬᠤᠯᠪᠣᠭ᠎ᠠ ᠪᠠ ᠢᠨᠲ᠋ᠧᠷ ᠰᠦᠯᠵᠢᠶᠡᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ | ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠲᠣᠭᠲᠠᠭᠠᠯ ᠳᠤ ᠨᠡᠶᠢᠴᠡᠬᠦ ᠴᠢᠨᠠᠷ ᠢ ᠦᠨᠡᠯᠡᠨ ᠵᠢᠱᠢᠬᠦ ᠶᠢ | ᠴᠢᠩᠭᠠᠳᠬᠠᠵᠤ᠂ ᠠᠵᠤ ᠠᠬᠤᠶᠢᠯᠠᠯ ᠯᠤᠭ᠎ᠠ ᠵᠠᠭᠠᠯᠳᠤᠵᠤ ᠢᠯᠡᠴᠢᠯᠡᠨ ᠮᠡᠳᠡᠭᠦᠯᠬᠦ ᠶᠢᠨ ᠬᠤᠯᠪᠣᠭᠠᠯᠠᠨ ᠬᠥᠳᠡᠯᠦᠯᠴᠡᠵᠦ | ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠬᠡᠷᠡᠭᠯᠡᠭᠴᠢ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠴᠠᠭ | ᠲᠤᠬᠠᠶ ᠳᠤᠨᠢ ᠬᠢᠨᠠᠨ ᠬᠠᠷᠭᠤᠭᠤᠯᠵᠤ ᠰᠢᠢᠳᠪᠦᠷᠢᠯᠡᠨ᠎ᠡ᠃ ︵ᠲᠤᠭᠤᠷᠢᠭ ᠤᠨ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠬᠡᠷ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢᠨ ᠬᠤᠶᠠᠷ︶ ᠢᠨᠲ᠋ᠧᠷ ᠰᠦᠯᠵᠢᠶᠡᠨ ᠤ ᠬᠦᠷᠢᠶᠡᠨ ᠳᠠᠬᠢ ᠵᠠᠬ᠎ᠠ ᠳᠡᠯᠭᠡᠭᠦᠷ ᠢ ᠵᠠᠬᠢᠷᠬᠤ ᠪᠠᠶᠢᠷᠢ | ᠰᠠᠭᠤᠷᠢ ᠪᠠᠨ ᠳᠤᠷ᠎ᠠ ᠪᠠᠷ ᠢᠶᠠᠨ ᠬᠡᠷᠡᠭᠯᠡᠵᠦ ᠠᠷᠠᠯᠵᠢᠶᠠᠯᠠᠬᠤ ᠶᠢ ᠬᠢᠵᠠᠭᠠᠷᠯᠠᠬᠤ᠂ ᠵᠦᠢ ᠪᠤᠰᠤ ᠪᠠᠷ ᠥᠷᠢᠰᠥᠯᠳᠦᠬᠦ | ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠵᠠᠬ᠎ᠠ | ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠬᠠᠮᠠᠭᠠᠯᠠᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠡᠵᠡᠩᠨᠡᠭᠦᠯᠦᠨ᠎ᠡ᠃ ︵ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠂ | ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢᠨ ᠭᠤᠷᠪᠠ︶ ᠢᠨᠲ᠋ᠧᠷ ᠰᠦᠯᠵᠢᠶ᠎ᠡ ᠶᠢᠨ ᠡᠮᠴᠢᠯᠡᠭᠡᠨ ᠤ ᠬᠥᠭᠵᠢᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠢᠨᠲ᠋ᠧᠷ ᠰᠦᠯᠵᠢᠶ᠎ᠡ ᠶᠢᠨ ᠲᠠᠪᠴᠠᠩ ᠲᠠᠢ ᠵᠣᠯᠭᠠᠭᠤᠯᠬᠤ ᠶᠢ | ᠵᠣᠷᠢᠭᠵᠢᠭᠤᠯᠤᠨ ᠳᠡᠮᠵᠢᠵᠦ᠂ ᠢᠨᠲ᠋ᠧᠷ ᠰᠦᠯᠵᠢᠶ᠎ᠡ ᠪᠠᠷ ᠳᠠᠬᠢᠨ ᠣᠨᠣᠰᠢᠯᠠᠬᠤ᠂ ᠢᠨᠲ᠋ᠧᠷ ᠰᠦᠯᠵᠢᠶ᠎ᠡ ᠶᠢᠨ ᠡᠷᠡᠭᠦᠯ | ᠮᠡᠨᠳᠦ ᠶᠢᠨ ᠠᠰᠠᠭᠤᠨ ᠯᠠᠪᠯᠠᠯᠳᠠ᠂ ᠠᠯᠤᠰ ᠠᠴᠠ ᠲᠤᠰᠠᠯᠠᠨ ᠣᠨᠣᠰᠢᠯᠠᠬᠤ ᠵᠡᠷᠭᠡ ᠦᠢᠯᠡᠴᠢᠯᠡᠭᠡ ᠶᠢ ᠥᠷᠨᠢᠭᠦᠯᠵᠦ᠂ | ᠢᠨᠲ᠋ᠧᠷ ᠰᠦᠯᠵᠢᠶ᠎ᠡ ᠶᠢᠨ ᠡᠷᠡᠭᠦᠯ ᠮᠡᠨᠳᠦ ᠶᠢᠨ ᠠᠰᠠᠭᠤᠨ ᠯᠠᠪᠯᠠᠬᠤ ᠴᠤᠪᠤᠷᠠᠯ ᠪᠠ ᠪᠠᠷᠢᠮᠵᠢᠶ᠎ᠠ ᠶᠢ ᠰᠤᠳᠤᠯᠤᠨ | ᠲᠣᠭᠲᠠᠭᠠᠵᠤ᠂ ᠡᠪᠡᠳᠴᠢᠨ ᠤ ᠲᠥᠷᠥᠯ ᠢ ᠦᠨᠳᠦᠰᠦᠯᠡᠨ ᠲᠠᠰ ᠲᠥᠷᠥᠯ ᠬᠤᠪᠢᠶᠠᠨ ᠢᠨᠲ᠋ᠧᠷ ᠰᠦᠯᠵᠢᠶ᠎ᠡ ᠪᠠᠷ | ᠠᠰᠠᠭᠤᠨ ᠣᠨᠣᠰᠢᠯᠠᠬᠤ ᠬᠠᠮᠢᠶᠠᠷᠤᠯᠲᠠ ᠶᠢ ᠬᠡᠷᠡᠭᠵᠢᠭᠦᠯᠬᠦ ᠶᠢ ᠰᠦᠪᠡᠭᠴᠢᠯᠡᠨ᠂ ᠰᠦᠯᠵᠢᠶᠡᠨ ᠳᠡᠭᠡᠷ᠎ᠡ ᠠᠰᠠᠭᠤᠨ | ᠯᠠᠪᠯᠠᠬᠤ᠂ ᠰᠦᠯᠵᠢᠶᠡᠨ ᠭᠠᠳᠠᠨ᠎ᠠ ᠣᠨᠣᠰᠢᠯᠠᠨ ᠡᠮᠨᠡᠬᠦ ᠶᠢ ᠵᠣᠯᠭᠠᠭᠤᠯᠬᠤ ᠶᠢ ᠪᠡᠶᠡᠯᠡᠭᠦᠯᠦᠨ᠎ᠡ᠃ ︵ᠲᠤᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ |