ᠲᠥᠷᠪᠡ᠂ ᠦᠢᠯᠡᠴᠢᠯᠡᠭᠡ ᠨᠢ ᠲᠥᠬᠦᠮ ᠦᠵᠡᠭᠦᠯᠵᠦ᠂ ᠪᠣᠳᠠᠲᠤ ᠠᠰᠢᠭ ᠬᠦᠷᠲᠡᠭᠡᠬᠦ ᠬᠡᠷᠡᠭᠲᠡᠶ | ︵ᠭᠤᠴᠢᠨ ᠳᠥᠷᠪᠡ︶ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠲᠠᠢ ᠬᠠᠮᠵᠢᠯᠴᠠᠨ ᠤᠯᠤᠰ ᠤᠨ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠯᠤᠭ᠎ᠠ ᠭᠥᠯᠢᠶᠡᠨ ᠠᠪᠤᠪᠠᠯ ᠵᠣᠬᠢᠬᠤ ᠶᠢ ᠨᠢ ᠴᠥᠮ ᠭᠥᠯᠢᠶᠡᠨ | ᠠᠪᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠡᠭᠡᠭᠰᠢ ᠪᠠᠨ ᠭᠠᠷᠭᠠᠬᠤ ᠶᠢ ᠪᠡᠶᠡᠯᠡᠭᠦᠯᠵᠦ᠂ | ᠡᠯᠧᠺᠲᠷᠣᠨ ᠦᠨᠡᠮᠯᠡᠯ ᠢ ᠪᠠᠷᠢᠮᠵᠢᠶᠠᠵᠢᠭᠤᠯᠤᠨ ᠬᠡᠷᠡᠭᠯᠡᠬᠦ ᠶᠢ ᠠᠬᠢᠭᠤᠯᠤᠨ᠂ ︽ᠨᠢᠭᠡ ᠰᠦᠯᠵᠢᠶ᠎ᠡ ᠪᠠᠷ ᠪᠦᠬᠦᠨ ᠢ | ᠭᠦᠢᠴᠡᠳᠭᠡᠬᠦ︾ ᠶᠢ ᠨᠠᠩ ᠶᠡᠭᠡ ᠬᠡᠪᠴᠢᠶᠡᠨ ᠳᠤ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠢᠯᠵᠢᠮᠡᠯ ᠬᠡᠷᠡᠭᠯᠡᠭᠡᠨ ᠤ ᠫᠷᠤᠭ᠍ᠷᠠᠮ ︵APP︶ ᠤᠨ ᠪᠠᠶᠢᠭᠤᠯᠤᠯᠲᠠ ᠶᠢ ᠵᠢᠷᠤᠮᠵᠢᠭᠤᠯᠤᠨ᠎ᠠ᠃ ᠵᠥᠪᠬᠡᠨ ᠰᠦᠯᠵᠢᠶᠡᠨ | ᠳᠡᠭᠡᠷ᠎ᠡ ᠭᠦᠢᠴᠡᠳᠭᠡᠬᠦ ᠪᠠᠷ ᠬᠢᠵᠠᠭᠠᠷᠯᠠᠬᠤ ᠵᠡᠷᠭᠡ ᠵᠦᠶ ᠵᠣᠬᠢᠰ ᠥᠬᠡᠶ ᠠᠷᠭ᠎ᠠ ᠬᠢᠳᠡᠯ ᠢ ᠴᠠᠭ ᠲᠤᠬᠠᠶ ᠳᠤᠨᠢ | ᠵᠠᠯᠠᠷᠠᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨ᠎ᠠ | ᠭᠦᠢᠴᠡᠳᠭᠡᠬᠦ ᠠᠷᠭ᠎ᠠ ᠮᠠᠶ᠋ᠢᠭ ᠢ ᠡᠵᠡᠨ ᠮᠡᠳᠡᠵᠦ ᠰᠣᠩᠭᠤᠬᠤ ᠶᠢ ᠵᠥᠪᠰᠢᠶᠡᠷᠡᠬᠦ ᠶᠢᠨ ᠬᠠᠮᠲᠤ᠂ ᠨᠠᠰᠤᠲᠠᠶᠢᠴᠤᠳ᠂ | ᠬᠠᠷᠠᠭᠠᠨ ᠰᠠᠭᠠᠳ ᠰᠣᠨᠣᠷ ᠤᠨ ᠰᠠᠭᠠᠳ ᠲᠠᠢ ᠵᠡᠮᠳᠡᠭᠴᠦᠳ ᠵᠡᠷᠭᠡ ᠬᠠᠮᠲᠤᠯᠢᠭ ᠢ ᠬᠥᠲᠥᠯᠦᠨ ᠵᠢᠯᠣᠭᠤᠳᠬᠤ ᠪᠠ | ᠦᠢᠯᠡᠴᠢᠯᠡᠬᠦ ᠶᠢ ᠴᠢᠩᠭᠠᠳᠬᠠᠨ᠎ᠠ᠃ ︵ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠠᠴᠠ ᠲᠦᠷᠦᠭᠦᠯᠡᠵᠦ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ | ᠬᠤᠪᠢᠶᠠᠷᠢᠯᠠᠨ ᠬᠠᠷᠢᠭᠤᠴᠠᠨ᠎ᠠ︶ | ︵ᠭᠤᠴᠢᠨ ᠲᠠᠪᠤ︶ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ ᠵᠢᠷᠤᠮᠵᠢᠭᠤᠯᠤᠨ᠂ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ ᠲᠤᠰᠢᠶᠠᠬᠤ | ᠦᠢᠯᠡᠴᠢᠯᠡᠭᠡ ᠶᠢ ᠥᠷᠭᠡᠳᠬᠡᠵᠦ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠠᠵᠤ ᠠᠬᠤᠶᠢᠯᠠᠯ ᠤᠨ | ᠭᠠᠶᠢᠯᠢ ᠲᠤᠰᠢᠶᠠᠬᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ᠂ ᠬᠤᠪᠢ ᠬᠥᠮᠦᠨ ᠤ ᠭᠠᠶᠢᠯᠢ ᠲᠤᠰᠢᠶᠠᠬᠤ | ᠵᠦᠢᠯᠡᠰ ᠢ ᠭᠠᠷ ᠤᠳᠠᠰᠤᠨ ᠳᠡᠭᠡᠷ᠎ᠡ ᠭᠦᠢᠴᠡᠳᠭᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠭᠠᠶᠢᠯᠢ ᠶᠢᠨ | ᠶᠠᠪᠤᠳᠠᠯ ᠤᠨ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠭᠠᠶᠢᠯᠢ ᠳᠤ ᠬᠤᠯᠪᠣᠭᠳᠠᠬᠤ ᠮᠠᠲ᠋ᠧᠷᠢᠶᠠᠯ ᠢ ᠬᠡᠷᠡᠭ ᠤᠨ ᠡᠮᠦᠨ᠎ᠡ ᠮᠡᠳᠡᠭᠦᠯᠦᠨ ᠬᠦᠷᠭᠡᠬᠦ ᠶᠢ ᠦᠯᠡᠳᠡᠭᠡᠨ ᠬᠠᠳᠠᠭᠠᠯᠠᠵᠤ | ᠪᠠᠶᠢᠴᠠᠭᠠᠬᠤ ᠳᠤ ᠪᠡᠯᠡᠳᠬᠡᠬᠦ ᠬᠡᠪᠴᠢᠶᠡᠨ ᠳᠤ ᠬᠤᠪᠢᠷᠠᠭᠤᠯᠤᠨ ᠥᠷᠭᠡᠳᠬᠡᠵᠦ᠂ ᠠᠵᠤ ᠠᠬᠤᠶᠢᠯᠠᠯ ᠤᠨ ᠭᠠᠶᠢᠯᠢ | ᠭᠦᠢᠴᠡᠳᠬᠡᠬᠦ ᠡᠭᠦᠷᠭᠡᠯᠡᠯ ᠢ ᠬᠥᠩᠭᠡᠷᠡᠭᠦᠯᠦᠨ᠎ᠡ᠃ ︵ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠢᠴᠢ | ᠡᠯ᠎ᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢᠨ ᠵᠢᠷᠭᠤᠭ᠎ᠠ︶ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠲᠣᠤᠷ ᠵᠡᠷᠭᠡ ᠨᠡᠶᠢᠲᠡ ᠶᠢᠨ | ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠢ ᠰᠢᠯᠢᠳᠡᠭᠵᠢᠭᠦᠯᠵᠦ᠂ ᠮᠡᠳᠡᠭᠦᠯᠦᠨ ᠤᠭᠰᠠᠷᠠᠬᠤ ᠶᠠᠪᠤᠴᠠ ᠳᠠᠬᠢ | ᠨᠡᠮᠡᠯᠲᠡ ᠬᠢᠨᠠᠨ ᠵᠥᠪᠰᠢᠶᠡᠷᠡᠬᠦ ᠴᠢᠬᠤᠯᠠ ᠨᠥᠬᠦᠴᠡᠯ ᠪᠠ ᠭᠠᠷᠳᠠᠮ ᠢ ᠢᠯᠭᠠᠷᠠᠭᠤᠯᠵᠤ᠂ ᠮᠡᠳᠡᠭᠦᠯᠦᠨ ᠤᠭᠰᠠᠷᠠᠬᠤ᠂ | ᠪᠠᠶᠢᠴᠠᠭᠠᠨ ᠯᠠᠪᠯᠠᠬᠤ᠂ ᠰᠦᠢᠳᠭᠡᠯ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢ ᠰᠦᠯᠵᠢᠶᠡᠨ | ᠳᠡᠭᠡᠷ᠎ᠡ ᠬᠦᠢᠴᠡᠳᠭᠡᠬᠦ ᠶᠢ ᠲᠦᠷᠭᠡᠳᠬᠡᠨ ᠪᠡᠶᠡᠯᠡᠭᠦᠯᠦᠨ᠎ᠡ᠃ ᠭᠠᠳᠠᠷ ᠱᠤᠭᠤᠮ ᠤᠨ ᠪᠠᠷᠢᠯᠭ᠎ᠠ ᠪᠠᠷᠢᠬᠤ ᠶᠢ | ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠵᠦ᠂ ᠬᠤᠯᠪᠣᠭᠳᠠᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ᠂ | ᠨᠣᠭᠤᠭᠠᠷᠠᠭᠤᠯᠤᠯᠲᠠ ᠶᠢᠨ ᠵᠥᠪᠰᠢᠶᠡᠷᠡᠯ᠂ ᠵᠠᠮ ᠤᠨ ᠶᠠᠪᠤᠳᠠᠯ ᠤᠨ ᠵᠥᠪᠰᠢᠶᠡᠷᠡᠯ᠂ ᠵᠠᠮ ᠡᠵᠡᠯᠡᠨ ᠮᠠᠯᠲᠠᠬᠤ | ᠵᠥᠪᠰᠢᠶᠡᠷᠡᠯ᠂ ᠪᠣᠳᠠᠰ ᠤᠨ ᠮᠠᠲ᠋ᠧᠷᠢᠶᠠᠯ ᠢ ᠣᠪᠣᠭᠠᠯᠠᠨ ᠲᠠᠯᠪᠢᠬᠤ ᠵᠥᠪᠰᠢᠶᠡᠷᠡᠯ ᠵᠡᠷᠭᠡ ᠭᠤᠭᠴᠤᠭ᠎ᠠ ᠳᠤ | ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ ᠵᠠᠯᠭᠠᠵᠤ ᠣᠷᠣᠭᠤᠯᠬᠤ ᠪᠠᠷᠢᠯᠭ᠎ᠠ ᠶᠢ ᠮᠡᠳᠡᠭᠳᠡᠵᠦ | ᠠᠮᠠᠯᠠᠭᠤᠯᠬᠤ ᠲᠦᠷᠢᠮ ᠢ ᠰᠦᠪᠡᠭᠴᠢᠯᠡᠨ ᠬᠡᠷᠡᠭᠵᠢᠭᠦᠯᠦᠨ᠎ᠡ᠃ ︵ᠲᠤᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠶ᠋ᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ᠂ ᠨᠢᠭᠡᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠭᠤᠴᠢᠨ ᠳᠣᠯᠤᠭ᠎ᠠ︶ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ | ᠥᠨᠳᠥᠷ ᠲᠠᠪᠳᠠᠮᠵᠢᠳᠤ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠭᠡᠬᠦ︾ ᠶᠢ ᠲᠦᠷᠭᠡᠳᠬᠡᠨ ᠠᠬᠢᠭᠤᠯᠵᠤ᠂ ᠭᠤᠶᠤᠴᠢᠯᠠᠯ ᠢ ᠭᠥᠯᠢᠶᠡᠨ ᠠᠪᠬᠤ᠂ ᠪᠡᠶ᠎ᠡ ᠬᠡᠮ ᠢ ᠭᠡᠷᠡᠴᠢᠯᠡᠬᠦ᠂ | ᠮᠠᠲ᠋ᠧᠷᠢᠶᠠᠯ ᠢ ᠲᠤᠰᠢᠶᠠᠬᠤ ᠪᠠ ᠰᠦᠢᠳᠭᠡᠯ ᠲᠤᠰᠢᠶᠠᠬᠤ ᠵᠡᠷᠭᠡ ᠡᠯ᠎ᠡ ᠵᠠᠩᠭᠢᠯᠠᠭ᠎ᠠ ᠶᠢᠨ ᠪᠥᠬᠦ ᠶᠠᠪᠤᠴᠠ ᠶᠢ | ᠰᠦᠯᠵᠢᠶᠡᠨ ᠳᠡᠭᠡᠷ᠎ᠡ ᠭᠦᠢᠴᠡᠳᠭᠡᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠠᠯᠪᠠᠨ ᠭᠡᠷᠡᠴᠢᠯᠡᠭᠡ ᠶᠢᠨ ᠵᠦᠢᠯᠡᠰ | ᠪᠠ ᠠᠯᠪᠠᠨ ᠭᠡᠷᠡᠴᠢᠯᠡᠭᠡ ᠶᠢᠨ ᠶᠠᠪᠤᠳᠠᠯ ᠤᠨ ᠰᠦᠢᠳᠭᠡᠯ ᠬᠤᠷᠢᠶᠠᠬᠤ ᠶᠢ ᠪᠠᠭᠤᠷᠠᠭᠤᠯᠬᠤ ᠠᠷᠭ᠎ᠠ ᠪᠠ ᠪᠠᠷᠢᠮᠵᠢᠶ᠎ᠠ ᠶᠢ | ᠰᠤᠳᠤᠯᠤᠨ ᠲᠣᠭᠲᠠᠭᠠᠨ᠎ᠠ᠃ ︵ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢᠨ ᠨᠠᠢᠮᠠ︶ ᠡᠮᠴᠢᠯᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ | ᠣᠯᠠᠨ ᠲᠦᠮᠡᠨ ᠨᠡᠶᠢᠭᠡᠮ ᠤᠨ ᠳᠠᠭᠠᠳᠬᠠᠯ ᠤᠨ ᠺᠠᠷᠲ ︵ᠡᠯᠧᠺᠲᠷᠣᠨ ᠨᠡᠶᠢᠭᠡᠮ ᠤᠨ ᠳᠠᠭᠠᠳᠬᠠᠯ ᠤᠨ ᠺᠠᠷᠲ | ᠪᠠᠭᠲᠠᠨ᠎ᠠ︶᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠥᠪᠡᠰᠦᠪᠡᠨ ᠰᠣᠩᠭᠤᠨ | ᠬᠡᠷᠡᠭᠯᠡᠵᠦ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ ᠪᠣᠯᠤᠨ᠎ᠠ᠃ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠲᠠᠩᠰᠠ ᠡᠪᠬᠡᠮᠡᠯ ᠵᠢᠴᠢ ᠪᠡᠶ᠎ᠡ ᠶᠢᠨ ᠭᠠᠷᠤᠯ ᠢ ᠢᠯᠭᠠᠨ ᠲᠠᠨᠢᠬᠤ᠂ ᠡᠯᠧᠺᠲᠷᠣᠨ ᠡᠪᠡᠳᠴᠢᠨ ᠤ ᠲᠡᠤᠬᠡ᠂ | ᠣᠨᠣᠰᠢᠯᠠᠨ ᠡᠮᠨᠡᠬᠦ ᠮᠡᠳᠡᠭᠡ ᠵᠠᠩᠭᠢ᠂ ᠮᠡᠳᠡᠭᠦᠯᠦᠯᠲᠡ ᠶᠢᠨ ᠬᠠᠭᠤᠳᠠᠰᠤ ᠶᠢᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ | ᠠᠳᠠᠯᠢ ᠪᠤᠰᠤ ᠡᠮᠨᠡᠯᠭᠡ ᠶᠢᠨ ᠬᠤᠷᠢᠶ᠎ᠠ ᠳᠤ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ ᠳᠥᠯᠭᠢᠨ | ᠠᠬᠢᠭᠤᠯᠬᠤ ᠶᠢᠨ ᠬᠠᠮᠲᠤ᠂ ᠬᠤᠪᠢ ᠬᠥᠮᠦᠨ ᠤ ᠨᠢᠭᠤᠴᠠ ᠶᠢ ᠴᠢᠩᠭ᠎ᠠ ᠬᠠᠮᠠᠭᠠᠯᠠᠵᠤ᠂ ᠣᠯᠠᠨ ᠲᠦᠮᠡᠨ ᠤ ᠳᠠᠬᠢᠨ | ᠳᠠᠪᠲᠠᠨ ᠺᠠᠷᠲ ᠭᠦᠢᠴᠡᠳᠭᠡᠬᠦ ᠶᠢ ᠪᠠᠭᠠᠰᠬᠠᠨ᠂ ᠴᠢᠬᠤᠯᠠ ᠪᠤᠰᠤ ᠳᠠᠬᠢᠨ ᠳᠠᠪᠲᠠᠨ ᠪᠠᠶᠢᠴᠠᠭᠠᠬᠤ ᠠᠴᠠ ᠵᠠᠶᠢᠯᠠᠰᠬᠢᠬᠦ | ᠬᠡᠷᠡᠭᠲᠡᠶ᠃ ︵ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢ ᠶᠢᠰᠦ︶ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠲᠠᠢ ᠬᠠᠮᠵᠢᠯᠴᠠᠨ ᠥᠨᠳᠥᠷ | ᠲᠠᠪᠳᠠᠮᠵᠢᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ | ︾ ᠪᠠ ︽ᠮᠤᠵᠢ ᠶᠢᠨ ᠳᠣᠲᠣᠭᠠᠳᠤ ᠳᠤ ᠨᠡᠶᠢᠳᠡᠮ ᠰᠢᠢᠳᠪᠦᠷᠢᠯᠡᠬᠦ︾ ᠶᠢ ᠲᠦᠷᠭᠡᠳᠬᠡᠨ ᠠᠬᠢᠭᠤᠯᠤᠨ᠎ᠠ᠃ ︵ | ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠲᠦᠷᠦᠭᠦᠯᠡᠵᠦ᠂ ᠬᠠᠮᠢᠶ᠎ᠠ ᠪᠥᠬᠦᠶ | ᠰᠠᠯᠠᠭ᠎ᠠ ᠮᠥᠴᠢᠷ᠂ ᠨᠢᠭᠡᠴᠢ ᠵᠢᠴᠢ ᠡᠯ᠎ᠡ ᠭᠠᠵᠠᠷ ᠣᠷᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠴᠢ︶ ᠡᠯ᠎ᠡ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠲᠥᠪᠯᠡᠷᠡᠭᠦᠯᠦᠨ ᠦᠢᠯᠡᠴᠢᠯᠡᠬᠦ ᠵᠠᠭᠪᠤᠷ ᠢ | ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠴᠣᠩᠬᠤᠪᠴᠢ ᠶᠢᠨ ᠦᠢᠯᠡᠴᠢᠯᠡᠭᠡ ᠶᠢ ᠦᠷᠭᠦᠯᠵᠢᠯᠡᠨ ᠰᠠᠶᠢᠵᠢᠷᠠᠭᠤᠯᠵᠤ᠂ ᠰᠦᠯᠵᠢᠶᠡᠨ ᠳᠡᠭᠡᠷᠡᠬᠢ | ᠪᠠ ᠰᠦᠯᠵᠢᠶᠡᠨ ᠭᠠᠳᠠᠨᠠᠬᠢ ᠶᠢᠨ ᠪᠥᠬᠦ ᠲᠠᠯ᠎ᠠ ᠶᠢᠨ ᠠᠭᠤᠰᠤᠯᠴᠠᠯ ᠢ ᠠᠬᠢᠭᠤᠯᠤᠨ᠂ ᠠᠰᠠᠭᠤᠪᠠᠰᠤ ᠬᠠᠷᠢᠭᠤᠴᠠᠬᠤ᠂ | ᠨᠢᠭᠡ ᠤᠳᠠᠭ᠎ᠠ ᠳᠤ ᠮᠡᠳᠡᠭᠳᠡᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠡᠶᠢᠯᠡᠭᠦᠯᠦᠨ | ᠭᠦᠢᠴᠡᠳᠭᠡᠬᠦ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ ᠵᠡᠷᠭᠡ ᠲᠦᠷᠢᠮ ᠢ ᠨᠡᠶᠢᠳᠡᠮ | ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ︾ ᠶᠢᠨ ᠲᠦᠷᠢᠮ ᠢ ᠵᠢᠷᠤᠮᠵᠢᠭᠤᠯᠤᠨ ᠬᠡᠷᠡᠭᠵᠢᠭᠦᠯᠬᠦ ᠶᠢ | ᠠᠬᠢᠭᠤᠯᠤᠨ᠎ᠠ᠃ ︵ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠲᠦᠷᠦᠭᠦᠯᠡᠵᠦ᠂ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠨ᠎ᠠ︶ | ︵ᠳᠥᠴᠢᠨ ᠨᠢᠭᠡ︶ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠬᠢᠬᠦ︾ ᠶᠢ ᠶᠡᠭᠡ ᠪᠠᠷ ᠬᠡᠷᠡᠭᠵᠢᠭᠦᠯᠵᠦ᠂ | ᠠᠵᠤ ᠠᠬᠤᠶᠢᠯᠠᠯ ᠪᠣᠯᠤᠨ ᠣᠯᠠᠨ ᠲᠦᠮᠡᠨ ᠤ ︽ᠨᠢᠭᠡ ᠶᠠᠪᠤᠳᠠᠯ ᠢ ᠪᠦᠲᠦᠭᠡᠬᠦ︾ ᠲᠠᠯ᠎ᠠ ᠠᠴᠠ ᠡᠭᠦᠰᠴᠦ᠂ | ᠬᠤᠯᠪᠣᠭᠳᠠᠬᠤ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠪᠣᠭᠤᠳᠠᠯᠯᠠᠵᠤ᠂ ︽ᠬᠤᠭᠤᠯᠠᠨ | ᠬᠡᠷ ᠨᠡᠭᠡᠭᠡᠨ ᠡᠷᠭᠢᠯᠡᠬᠦ︾ ︽ᠪᠠᠭᠤᠳᠠᠯ ᠨᠡᠭᠡᠭᠡᠨ ᠡᠷᠭᠢᠯᠡᠬᠦ︾ ᠵᠡᠷᠭᠡ ᠢᠵᠢ ᠦᠢᠯᠡᠴᠢᠯᠡᠭᠡᠨ ᠤ ᠬᠡᠯᠪᠡᠷᠢ᠂ ᠭᠤᠤᠯ | ᠰᠡᠳᠦᠪᠲᠦ ᠬᠡᠯᠪᠡᠷᠢ ᠶᠢᠨ ᠬᠤᠷᠠᠮᠠᠯ ᠦᠢᠯᠡᠴᠢᠯᠡᠭᠡ ᠶᠢ ᠬᠠᠩᠭᠠᠵᠤ᠂ ᠪᠠᠷᠢᠮᠵᠢᠶᠠᠵᠢᠭᠤᠯᠤᠭᠰᠠᠨ ᠠᠵᠢᠯ ᠶᠠᠪᠤᠳᠠᠯ | ᠭᠦᠢᠴᠡᠳᠭᠡᠬᠦ ᠵᠦᠭᠯᠡᠭᠦᠷ ᠪᠠ ᠴᠤᠪᠤᠷᠠᠯ ᠤᠨ ᠵᠢᠷᠤᠭ ᠢ ᠨᠡᠶᠢᠲᠡᠯᠡᠵᠦ᠂ ᠨᠢᠭᠡ ᠲᠦᠷᠦᠭᠦᠯᠡᠨ ᠭᠦᠢᠴᠡᠳᠭᠡᠬᠦ ᠰᠠᠯᠠᠭ᠎ᠠ | ᠮᠥᠴᠢᠷ ᠠᠴᠠ ᠨᠢᠭᠡᠳᠦᠯᠲᠡᠶ ᠭᠥᠯᠢᠶᠡᠨ ᠠᠪᠴᠤ᠂ ᠰᠠᠯᠠᠭ᠎ᠠ ᠮᠥᠴᠢᠷ ᠲᠠᠢ ᠬᠠᠮᠵᠢᠯᠴᠠᠨ ᠲᠣᠰ ᠲᠣᠰ ᠲᠤᠨᠢ | ᠭᠦᠢᠴᠡᠳᠭᠡᠵᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ ᠭᠠᠷᠭᠠᠬᠤ᠂ ᠨᠢᠭᠡ ᠯᠡ | ᠤᠳᠠᠭ᠎ᠠ ᠳᠤ ᠲᠤᠰᠢᠶᠠᠬᠤ᠂ ᠬᠤᠭᠤᠴᠠᠭ᠎ᠠ ᠬᠢᠵᠠᠭᠠᠷᠯᠠᠨ ᠭᠦᠢᠴᠡᠳᠭᠡᠬᠦ ᠶᠢ ᠬᠡᠷᠡᠭᠵᠢᠭᠦᠯᠦᠨ᠂ ᠠᠵᠤ ᠠᠬᠤᠶᠢᠯᠠᠯ ᠪᠠ | ᠣᠯᠠᠨ ᠲᠦᠮᠡᠨ ᠤ ᠨᠠᠰᠢ ᠴᠠᠰᠢ ᠭᠦᠶᠦᠬᠦ ᠠᠴᠠ ᠵᠠᠶᠢᠯᠠᠰᠬᠢᠬᠦ ᠬᠡᠷᠡᠭᠲᠡᠶ᠃ ︵ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠴᠢᠨ ᠬᠤᠶᠠᠷ︶ ᠥᠯᠥ ᠬᠥᠳᠡᠯᠬᠦ ᠬᠥᠷᠥᠩᠭᠡ ᠶᠢᠨ ᠪᠠᠷᠢᠴᠠᠭᠠᠳᠤ ᠵᠢᠭᠡᠯᠡᠯᠭᠡ ᠪᠠ ᠳᠠᠩᠰᠠᠯᠠᠬᠤ | ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠪᠠᠩᠬᠢ ᠵᠡᠷᠭᠡ ᠮᠥᠩᠭᠦᠨ ᠭᠦᠢᠯᠭᠡᠭᠡᠨ ᠤ | ᠪᠠᠶᠢᠭᠤᠯᠤᠮᠵᠢ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠡᠯᠧᠺᠲᠷᠣᠨ ᠭᠡᠷᠡᠴᠢ ᠶᠢ ᠳᠡᠯᠭᠡᠷᠡᠭᠦᠯᠦᠨ | ᠬᠡᠷᠡᠭᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠪᠠᠯᠠ ᠲᠣᠬᠢᠷᠠᠭᠤᠯᠭ᠎ᠠ ᠳᠤ ᠲᠥᠬᠦᠮ ᠦᠵᠡᠭᠦᠯᠦᠨ᠎ᠡ᠃ | ᠪᠠᠷᠢᠴᠠᠭᠠᠯᠠᠬᠤ ᠲᠠᠩᠰᠠᠯᠠᠯᠳᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠠᠭ ᠢ 5 ᠠᠵᠢᠯᠯᠠᠬᠤ ᠡᠳᠦᠷ ᠤᠨ | ᠳᠣᠲᠣᠷ᠎ᠠ ᠪᠣᠯᠲᠠᠯ᠎ᠠ ᠪᠣᠭᠤᠨᠢᠰᠬᠠᠨ᠎ᠠ︔ 2021 ᠣᠨ ᠤ ᠵᠢᠯ ᠤᠨ ᠡᠴᠦᠰ ᠠᠴᠠ ᠡᠮᠦᠨ᠎ᠡ᠂ ᠥᠯᠥ ᠬᠥᠳᠡᠯᠬᠦ | ᠬᠥᠷᠥᠩᠭᠡ ᠪᠠᠷ ᠪᠠᠷᠢᠴᠠᠭᠠᠯᠠᠬᠤ ᠳᠡᠩᠰᠡᠯᠡᠯᠲᠡ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ ᠶᠢ | ᠪᠡᠶᠡᠯᠡᠭᠦᠯᠦᠨ᠎ᠡ᠃ ︵ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠮᠥᠩᠭᠦᠨ | ᠭᠦᠢᠯᠭᠡᠭᠡᠨ ᠤ ᠠᠯᠪᠠᠨ ᠬᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠴᠢᠨ ᠭᠤᠷᠪᠠ︶ ᠬᠤᠲᠠ ᠬᠥᠳᠡᠭᠡ ᠶᠢᠨ ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠢ ᠶᠢ ᠪᠦᠬᠦᠨ ᠢ | ᠠᠵᠢᠯ ᠠᠯᠳᠠᠯᠲᠠ ᠶᠢᠨ ᠳᠠᠭᠠᠳᠬᠠᠯ ᠤᠨ ᠬᠠᠮᠤᠷᠬᠤ ᠬᠡᠪᠴᠢᠶᠡᠨ ᠳᠤ ᠣᠷᠣᠭᠤᠯᠬᠤ ᠶᠢ ᠠᠬᠢᠭᠤᠯᠵᠤ᠂ ᠠᠮᠢᠳᠤᠯᠢᠭ ᠢᠶᠠᠷ | ᠠᠵᠢᠯ ᠣᠯᠤᠭᠰᠠᠳ ᠤᠨ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠬᠤ ᠰᠢᠨ᠎ᠡ ᠵᠠᠭᠪᠤᠷ ᠢ ᠰᠤᠳᠤᠯᠤᠨ | ᠪᠠᠶᠢᠭᠤᠯᠤᠨ᠎ᠠ᠃ ᠪᠥᠬᠦ ᠬᠤᠲᠠ ᠶᠢᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠬᠦᠷᠢᠶᠡᠨ ᠳᠠᠬᠢ ᠭᠡᠷᠡᠴᠢᠯᠡᠬᠦ ᠮᠠᠲ᠋ᠧᠷᠢᠶᠠᠯ ᠪᠠ ᠵᠦᠢᠯᠡᠰ ᠢ ᠳᠥᠭᠦᠮᠴᠢᠯᠡᠵᠦ᠂ ᠠᠵᠢᠯ ᠠᠴᠠ | ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠭᠦᠢᠴᠡᠳᠭᠡᠬᠦ ᠴᠠᠭ ᠤᠨ ᠬᠢᠵᠠᠭᠠᠷ ᠢ ᠪᠠᠭᠠᠰᠬᠠᠨ᠎ᠠ ︵ᠲᠤᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ᠂ ᠨᠢᠭᠡᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠳᠥᠴᠢᠨ ᠳᠥᠷᠪᠡ︶ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠠᠯᠭᠠᠯᠳᠤᠭᠤᠯᠬᠤ ᠶᠢ | ᠰᠦᠯᠵᠢᠶᠡᠨ ᠳᠡᠭᠡᠷ᠎ᠡ ᠭᠦᠢᠴᠡᠳᠭᠡᠬᠦ ᠶᠢ ᠠᠬᠢᠭᠤᠯᠤᠨ᠎ᠠ᠃ ︵ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠭᠤᠴᠠᠨ᠎ᠠ︶ | ︵ᠳᠥᠴᠢᠨ ᠲᠠᠪᠤ︶ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠤᠭᠤᠷᠣᠨᠳᠣ ᠪᠠᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ | ᠡᠲᠡᠭᠡᠳ᠂ ᠵᠡᠮᠳᠡᠭᠴᠦᠳ᠂ ᠰᠤᠷᠭᠠᠨ ᠬᠥᠮᠦᠵᠢᠯ ᠤᠨ ᠲᠡᠩᠬᠡᠷᠡᠭᠦᠯᠦᠨ ᠲᠤᠰᠠᠯᠠᠬᠤ ᠡᠲᠡᠭᠡᠳ᠂ ᠣᠷᠣᠨ | ᠰᠠᠭᠤᠴᠠ ᠶᠢᠨ ᠲᠡᠩᠬᠡᠷᠡᠭᠦᠯᠦᠨ ᠲᠤᠰᠠᠯᠠᠬᠤ ᠡᠲᠡᠭᠡᠳ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠡᠲᠡᠭᠡᠳ ᠵᠡᠷᠭᠡ | ᠮᠡᠳᠡᠭᠡ ᠵᠠᠩᠭᠢ ᠳᠤ ᠲᠣᠮᠣ ᠲᠤᠭ᠎ᠠ ᠪᠠᠷᠢᠮᠲᠠ ᠶᠢᠨ ᠵᠠᠳᠠᠯᠤᠯᠲᠠ ᠬᠢᠵᠦ᠂ ︽ᠬᠥᠮᠦᠨ ᠡᠷᠢᠬᠦ ᠲᠥᠷᠥ ᠶᠢᠨ ᠪᠣᠳᠣᠯᠭ᠎ᠠ︾ | ᠶᠢ ︽ᠲᠥᠷᠥ ᠶᠢᠨ ᠪᠣᠳᠣᠯᠭ᠎ᠠ ᠪᠠᠷ ᠬᠥᠮᠦᠨ ᠡᠷᠢᠬᠦ︾ ᠪᠣᠯᠭᠠᠨ ᠬᠤᠪᠢᠷᠠᠭᠤᠯᠤᠨ᠎ᠠ᠃ ᠬᠦᠴᠢᠷᠳᠡᠯᠲᠡᠶ ᠣᠯᠠᠨ | ᠲᠦᠮᠡᠨ ᠤ ᠲᠤᠰᠠᠯᠠᠮᠵᠢ ᠭᠤᠶᠤᠴᠢᠯᠠᠬᠤ ᠬᠠᠯᠠᠮᠰᠢᠯ ᠤᠲᠠᠰᠤ ᠶᠢ ᠰᠠᠭᠠᠳ ᠥᠬᠡᠶ ᠨᠡᠪᠲᠡᠷᠡᠭᠦᠯᠵᠦ᠂ ᠤᠨᠴᠠᠭᠠᠢ | ᠬᠦᠴᠢᠷᠳᠡᠯᠲᠡᠶ ᠵᠡᠮᠳᠡᠭᠴᠦᠳ ᠤᠨ ᠠᠶᠢᠯᠴᠢᠯᠠᠨ ᠦᠵᠡᠬᠦ ᠲᠦᠷᠢᠮ ᠢ ᠲᠡᠭᠦᠯᠳᠡᠷᠵᠢᠭᠦᠯᠦᠨ᠂ ᠨᠥᠬᠦᠴᠡᠯ ᠳᠤ ᠨᠡᠶᠢᠴᠡᠬᠦ | ᠬᠦᠴᠢᠷᠳᠡᠯᠲᠡᠶ ᠣᠯᠠᠨ ᠲᠦᠮᠡᠨ ᠢ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢ ᠥᠷᠨᠢᠭᠦᠯᠦᠨ᠎ᠡ᠃ ︵ᠲᠣᠭᠤᠷᠢᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ | ᠨᠢᠭᠡᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠴᠢᠨ ᠵᠢᠷᠭᠤᠭ᠎ᠠ︶ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠠᠬᠢᠴᠠ ᠶᠢ ᠲᠦᠷᠭᠡᠳᠬᠡᠵᠦ᠂ | ᠬᠡᠪ ᠤᠨ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠴᠠᠭ ᠢ | 8 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠪᠠᠭᠠᠰᠬᠠᠵᠤ᠂ 2021 ᠣᠨ ᠳᠤ ᠴᠠᠭᠠᠰᠤ ᠬᠡᠷᠡᠭᠯᠡᠬᠦ ᠥᠬᠡᠶ | ᠬᠠᠭᠤᠳᠠᠰᠤ ᠪᠠᠷᠢᠮᠲᠠ ᠶᠢ ᠳᠠᠩᠰᠠᠯᠠᠬᠤ ᠶᠢ ᠪᠥᠬᠦ ᠲᠠᠯ᠎ᠠ ᠪᠠᠷ ᠳᠡᠯᠭᠡᠷᠡᠭᠦᠯᠦᠨ᠎ᠡ᠃ ︵ᠲᠣᠭᠤᠷᠢᠭ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠶᠠᠪᠠᠭᠠᠨ ᠬᠥᠮᠦᠨ ᠤ ᠪᠠᠩᠬᠢ ᠶᠢᠨ ᠪᠤᠭᠤᠲᠤ ᠬᠤᠲᠠ ᠶᠢᠨ ᠲᠡᠭᠦᠷᠭᠡ ᠶᠢᠨ ᠰᠠᠯᠪᠤᠷᠢ | ᠪᠠᠩᠬᠢ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠲᠠᠪᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠰᠠᠶᠢᠲᠤᠷ ᠲᠠᠶᠢᠴᠢᠯᠠᠵᠤ᠂ ᠥᠭᠡᠷᠡᠴᠢᠯᠡᠯᠲᠡ ᠶᠢ ᠲᠦᠯᠬᠢᠨ | ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ | ︵ᠳᠥᠴᠢᠨ ᠳᠣᠯᠤᠭ᠎ᠠ︶ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠬᠢ ᠶᠢ ᠪᠠᠷᠢᠮᠵᠢᠶᠠᠯᠠᠵᠤ᠂ | ᠵᠠᠬ᠎ᠠ ᠳᠡᠯᠭᠡᠭᠦᠷ ᠤᠨ ᠭᠤᠤᠯ ᠴᠣᠭᠴᠠ ᠪᠠ ᠣᠯᠠᠨ ᠲᠦᠮᠡᠨ ᠤ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠦᠨ᠂ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠨᠢᠭᠡ ᠪᠦᠯᠦᠭ ᠦᠨ᠎ᠡ ᠴᠠᠨ᠎ᠠ ᠲᠠᠢ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠥᠬᠦ ᠤᠯᠤᠰ ᠪᠥᠬᠦ ᠣᠷᠣᠨ ᠪᠥᠬᠦ ᠬᠤᠲᠠ ᠳᠤ ᠲᠡᠷᠡ ᠬᠡᠪ ᠢᠶᠠᠷ ᠨᠢ | ᠳᠡᠯᠭᠡᠷᠡᠭᠦᠯᠵᠦ ᠪᠣᠯᠬᠤ ᠲᠦᠷᠢᠮ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠶ ᠪᠣᠯᠭᠠᠨ᠎ᠠ᠃ ︵ᠡᠯ᠎ᠡ ᠭᠠᠵᠠᠷ | ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠨ᠎ᠠ︶ | ︵ᠳᠥᠴᠢᠨ ᠨᠠᠢᠮᠠ︶ ᠵᠠᠰᠠᠭ ᠠᠵᠤ ᠠᠬᠤᠶᠢᠯᠠᠯ ᠤᠨ ᠪᠠᠶᠢᠩᠭᠤ ᠶᠢᠨ ᠨᠡᠪᠲᠡᠷᠡᠯᠴᠡᠬᠦ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ ᠰᠣᠨᠣᠰᠴᠤ᠂ ᠠᠵᠤ ᠠᠬᠤᠶᠢᠯᠠᠯ ᠤᠨ | ᠬᠦᠰᠡᠯ ᠱᠠᠭᠠᠷᠳᠠᠯᠭ᠎ᠠ ᠶᠢ ︽ᠭᠦᠰᠡᠯ ᠱᠠᠭᠠᠷᠳᠠᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠭᠡᠬᠦ︾ ᠬᠡᠷᠡᠭᠲᠡᠶ᠃ | ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠪᠠᠷ | ᠦᠨᠡᠯᠡᠬᠦ ᠪᠠᠷᠢᠮᠵᠢᠶ᠎ᠠ ᠪᠣᠯᠭᠠᠵᠤ᠂ ᠭᠤᠷᠪᠠᠳᠠᠬᠢ ᠡᠲᠡᠭᠡᠳ ᠤᠨ ᠦᠨᠡᠯᠡᠬᠦ ᠲᠣᠭᠲᠠᠴᠠ ᠶᠢ ᠣᠷᠣᠭᠤᠯᠤᠨ ᠠᠪᠴᠢᠷᠠᠵᠤ᠂ | ᠰᠠᠶᠢᠨ ᠮᠠᠭᠤ ᠶᠢ ᠦᠨᠡᠯᠡᠬᠦ ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠢᠯᠡᠴᠢᠯᠡᠭᠡ ᠶᠢ ᠰᠠᠶᠢᠵᠢᠷᠠᠭᠤᠯᠬᠤ ᠶᠢ ᠬᠡᠳᠡᠷᠬᠦ ᠰᠢᠬᠠᠮᠳᠠᠭᠤᠯᠤᠨ᠎ᠠ᠃ | ᠥᠭᠡᠷᠡᠴᠢᠯᠡᠯᠲᠡ ᠶᠢᠨ ᠠᠬᠢᠴᠠ ᠤᠳᠠᠭᠠᠨ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠠᠳᠤᠶ ᠭᠠᠵᠠᠷ ᠣᠷᠣᠨ | ᠪᠠ ᠨᠢᠭᠡᠴᠢ ᠶᠢ ᠴᠠᠭ ᠲᠤᠬᠠᠶ ᠳᠤᠨᠢ ᠰᠢᠪᠠᠳᠠᠨ ᠴᠡᠭᠴᠡᠯᠡᠵᠦ ᠰᠠᠶᠢᠵᠢᠷᠠᠭᠤᠯᠬᠤ ᠬᠡᠷᠡᠭᠲᠡᠶ︔ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠪᠠ ᠠᠵᠤ ᠠᠬᠤᠶᠢᠯᠠᠯ᠂ ᠣᠯᠠᠨ ᠲᠦᠮᠡᠨ ᠤ ᠠᠰᠢᠭ ᠲᠤᠰᠠ ᠶᠢ ᠬᠦᠨᠳᠦ ᠨᠣᠴᠢᠲᠠᠶ | ᠬᠤᠬᠢᠷᠠᠭᠤᠯᠤᠭᠰᠠᠨ ᠪᠠᠶᠢᠪᠠᠯ᠂ ᠢᠯᠡ ᠪᠠᠷ ᠢᠯᠡᠴᠢᠯᠡᠵᠦ᠂ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ | ᠃ ᠡᠷᠡᠰ ᠰᠢᠭᠤᠷᠬᠠᠶ ᠪᠠᠷ ᠥᠭᠡᠷᠡᠴᠢᠯᠡᠯᠲᠡ ᠬᠢᠭᠰᠡᠨ ᠭᠠᠵᠠᠷ ᠣᠷᠣᠨ ᠪᠠ ᠨᠢᠭᠡᠴᠢ ᠶᠢ ᠰᠠᠶᠢᠰᠢᠶᠠᠨ ᠵᠣᠷᠢᠭᠵᠢᠭᠤᠯᠵᠤ᠂ | ᠪᠣᠯᠪᠠᠰᠤᠷᠠᠩᠭᠤᠶ ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠢ ᠠᠯᠢ ᠲᠦᠷᠭᠡᠨ ᠢᠶᠠᠷ ᠲᠡᠷᠡ ᠬᠡᠪ ᠢᠶᠠᠷ ᠨᠢ | ᠳᠡᠯᠭᠡᠷᠡᠭᠦᠯᠬᠦ ᠬᠡᠷᠡᠭᠲᠡᠶ᠃ ︵ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠲᠦᠷᠦᠭᠦᠯᠡᠵᠦ᠂ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠨ᠎ᠠ︶ | ︵ᠳᠥᠴᠢ ᠶᠢᠰᠦ︶ ᠬᠠᠤᠯᠢ ᠪᠠᠷ ᠵᠠᠰᠠᠬᠤ ᠶᠢᠨ ᠬᠥᠲᠥᠯᠦᠨ ᠳᠠᠭᠠᠭᠤᠯᠬᠤ ᠪᠠ ᠪᠠᠲᠤᠯᠠᠬᠤ ᠦᠢᠯᠡᠳᠦᠯ ᠢ | ᠪᠠᠳᠠᠷᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠨ᠂ ᠡᠯ᠎ᠡ | ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠬᠠᠤᠯᠢ ᠲᠣᠭᠲᠠᠭᠠᠬᠤ ᠵᠢᠴᠢ ᠬᠠᠤᠯᠢ ᠴᠠᠭᠠᠵᠠ ᠶᠢᠨ | ᠪᠠᠶᠢᠭᠤᠯᠤᠮᠵᠢ ᠯᠤᠭ᠎ᠠ ᠨᠡᠪᠲᠡᠷᠡᠯᠴᠡᠨ ᠵᠣᠬᠢᠴᠠᠭᠤᠯᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ | ᠲᠣᠬᠢᠷᠠᠭᠤᠯᠤᠯᠲᠠ ᠬᠢᠬᠦ ᠪᠠ ᠡᠷᠬᠡ ᠣᠯᠭᠤᠬᠤ ᠠᠵᠢᠯ ᠢ ᠴᠠᠭ ᠲᠤᠬᠠᠶ ᠳᠤᠨᠢ ᠠᠬᠢᠭᠤᠯᠬᠤ ᠬᠡᠷᠡᠭᠲᠡᠶ᠃ ︽ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠ ᠰᠢᠪᠠᠳᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠦᠷᠢᠮ ᠢ ᠬᠡᠷᠡᠭᠵᠢᠭᠦᠯᠬᠦ | ᠶᠠᠪᠤᠴᠠ ᠳᠠᠬᠢ ᠲᠤᠷᠰᠢᠯᠭ᠎ᠠ ᠠᠷᠭ᠎ᠠ ᠬᠢᠳᠡᠯ ᠪᠠ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠨ ᠵᠠᠳᠠᠯᠬᠤ ᠶᠢᠨ ᠬᠠᠮᠲᠤ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠳᠤᠷᠠᠳᠤᠨ ᠭᠠᠷᠭᠠᠨ᠎ᠠ᠃ ᠡᠯ᠎ᠡ ᠱᠠᠲᠤᠨ ᠤ | ᠵᠠᠰᠠᠭ ᠤᠨ ᠣᠷᠳᠣᠨ ᠤ ᠰᠦᠯᠵᠢᠶ᠎ᠡ ᠳᠤ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ | ᠲᠤᠰᠬᠠᠶ ᠪᠤᠯᠤᠩ ᠭᠠᠷᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠥᠭᠡᠷᠡᠴᠢᠯᠡᠯᠲᠡ ᠶᠢᠨ ᠪᠠᠶᠢᠳᠠᠯ ᠢ | ᠴᠠᠭ ᠲᠤᠬᠠᠶ ᠳᠤᠨᠢ ᠤᠬᠠᠭᠤᠯᠤᠨ ᠲᠠᠨᠢᠯᠴᠠᠭᠤᠯᠬᠤ ᠪᠠ ᠵᠠᠷᠯᠠᠨ ᠮᠡᠳᠡᠭᠳᠡᠨ᠎ᠡ᠃ ︵ᠡᠯ᠎ᠡ ᠭᠠᠵᠠᠷ ᠣᠷᠣᠨ᠂ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠨ᠎ᠠ︶ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠭᠤᠤᠯᠳᠠᠯᠭ᠎ᠠ ᠲᠠᠢ | ᠡᠭᠦᠷᠭᠡ ᠶᠢᠨ ᠠᠵᠢᠯ ᠤᠨ ᠬᠤᠪᠢᠶᠠᠷᠢᠯᠠᠯ ᠲᠠᠢ ᠬᠠᠷᠢᠴᠠᠭᠤᠯᠤᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠠᠵᠢᠯ ᠤᠨ ᠲᠣᠭᠲᠠᠴᠠ᠂ ᠬᠠᠮᠢᠶ᠎ᠠ ᠪᠥᠬᠦᠶ ᠬᠦᠷᠢᠶᠡᠨ ᠤ ᠥᠭᠡᠷᠡᠴᠢᠯᠡᠯᠲᠡ ᠶᠢ ᠨᠢᠭᠡ ᠴᠤᠭᠴᠠᠵᠢᠭᠤᠯᠤᠨ | ᠠᠬᠢᠭᠤᠯᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠭᠦᠨᠵᠡᠭᠡᠶᠢᠷᠡᠭᠦᠯᠵᠦ᠂ ᠠᠵᠢᠯ ᠤᠨ ᠬᠦᠴᠦᠨ ᠢ ᠪᠦᠷᠢᠨ | ᠭᠦᠢᠴᠡᠳ ᠴᠢᠩᠭ᠎ᠠ ᠳᠣᠭᠢᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠬᠤ ᠬᠡᠷᠡᠭᠲᠡᠶ᠃ ᠲᠣᠰ ᠲᠣᠰ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ | ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ | ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ | ᠰᠢᠮᠳᠠᠭᠤᠯᠤᠨ ᠨᠠᠶᠢᠳᠠᠪᠤᠷᠢᠵᠢᠭᠤᠯᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠬᠢᠨ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ | ᠥᠭᠡᠷᠡᠴᠢᠯᠡᠯᠲᠡ ᠶᠢᠨ ᠳᠤᠮᠳᠠ ᠢᠯᠡᠷᠡᠭᠰᠡᠨ ᠬᠠᠵᠠᠭᠠᠢ ᠠᠯᠬᠤᠭᠰᠠᠨ ᠠᠰᠠᠭᠤᠳᠠᠯ ᠢ ᠵᠠᠯᠠᠷᠠᠭᠤᠯᠵᠤ᠂ | ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | | | |