ᠵᠢᠦ ᠶᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠭᠤᠷᠪᠠᠳᠤᠭᠠᠷ ᠤᠳᠠᠭᠠᠨ ᠤ ᠭᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/16
      ᠭᠤᠣᠯ ᠰᠡᠳᠦᠪ      ᠵᠢᠦ ᠶᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠭᠤᠷᠪᠠᠳᠤᠭᠠᠷ ᠤᠳᠠᠭᠠᠨ ᠤ ᠭᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ      ᠴᠠᠭ      2021-11-26      ᠬᠦᠨᠳᠦᠲᠦ ᠵᠣᠴᠢᠨ      ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠴᠢᠶᠦ᠋ᠩ᠂ ᠪᠤᠭᠤᠲᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠤᠰᠬᠠᠶ ᠲᠤᠰᠢᠶᠠᠯᠲᠤ ᠳᠡᠳ᠋ ᠬᠢᠨᠠᠭᠴᠢ ᠶᠢᠨ ᠳᠠᠷᠤᠭ᠎ᠠ ᠸᠠᠩ ᠶᠦᠨ ᠹᠧᠩ ᠨᠡᠷ      ᠲᠣᠪᠴᠢᠯᠠᠯ      ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠴᠢᠶᠦ᠋ᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠤᠭᠤᠲᠤ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠤᠰᠬᠠᠢ ᠲᠤᠰᠢᠶᠠᠯᠲᠤ ᠳᠡᠳ᠋ ᠬᠢᠨᠠᠭᠴᠢ ᠶᠢᠨ ᠳᠠᠷᠤᠭ᠎ᠠ ᠸᠠᠩ ᠶᠦᠨ ᠹᠧᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠦᠸᠧ ᠵᠢᠶᠦ᠋ᠨ ᠯᠢ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠧᠩ ᠴᠠᠩ ᠵᠥᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠ ᠵᠢᠶᠦ᠋ᠨ ᠹᠧᠩ ᠬᠤᠷᠠᠯ ᠳᠤ ᠣᠷᠣᠯᠴᠠᠪᠠ᠃ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠤᠶᠤᠨᠴᠢᠮᠡᠭ ᠬᠤᠷᠠᠯ ᠢ ᠡᠷᠭᠢᠯᠡᠪᠡ᠃ ᠪᠦᠬᠦ ᠲᠤᠭᠤᠷᠢᠭ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨ ᠤ ᠰᠣᠩᠭᠤᠨ ᠭᠠᠷᠭᠠᠭᠰᠠᠨ 112 ᠭᠡᠰᠢᠭᠦᠨ ᠲᠥᠯᠥᠭᠡᠯᠡᠭᠴᠢ ᠬᠤᠷᠠᠯ ᠳᠤ ᠣᠷᠣᠯᠴᠠᠪᠠ᠃      11 ᠰᠠᠷ᠎ᠠ ᠶᠢᠨ 26᠎ ᠤ ᠡᠳᠦᠷ᠂ ᠵᠢᠥ ᠶᠤᠸᠠᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠭᠤᠷᠪᠠᠳᠤᠭᠠᠷ ᠤᠳᠠᠭᠠᠨ ᠤ ᠭᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ᠃     
C:\Users\Administrator\Desktop\5.png
      ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠴᠢᠶᠦ᠋ᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠤᠭᠤᠲᠤ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠤᠰᠬᠠᠢ ᠲᠤᠰᠢᠶᠠᠯᠲᠤ ᠳᠡᠳ᠋ ᠬᠢᠨᠠᠭᠴᠢ ᠶᠢᠨ ᠳᠠᠷᠤᠭ᠎ᠠ ᠸᠠᠩ ᠶᠦᠨ ᠹᠧᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠦᠸᠧ ᠵᠢᠶᠦ᠋ᠨ ᠯᠢ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠧᠩ ᠴᠠᠩ ᠵᠥᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠ ᠵᠢᠶᠦ᠋ᠨ ᠹᠧᠩ ᠬᠤᠷᠠᠯ ᠳᠤ ᠣᠷᠣᠯᠴᠠᠪᠠ᠃ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠤᠶᠤᠨᠴᠢᠮᠡᠭ ᠬᠤᠷᠠᠯ ᠢ ᠡᠷᠭᠢᠯᠡᠪᠡ᠃ ᠪᠦᠬᠦ ᠲᠤᠭᠤᠷᠢᠭ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨ ᠤ ᠰᠣᠩᠭᠤᠨ ᠭᠠᠷᠭᠠᠭᠰᠠᠨ 112 ᠭᠡᠰᠢᠭᠦᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠶᠡᠭᠡ ᠬᠤᠷᠠᠯ ᠨᠢ ᠰᠦᠷ ᠵᠢᠪᠬᠤᠯᠠᠩᠲᠤ ᠤᠯᠤᠰ ᠤᠨ ᠳᠠᠭᠤᠤ ᠶᠢᠨ ᠠᠶᠠᠰ ᠤᠨ ᠳᠤᠮᠳᠠ ᠬᠥᠰᠢᠭᠡ ᠪᠠᠨ ᠰᠡᠬᠦᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠠᠭᠠᠨ ᠵᠠᠭᠠᠯᠮᠠᠶᠢᠳᠠᠨ ᠤ ᠰᠠᠶᠢᠨ ᠳᠤᠷ᠎ᠠ ᠶᠢᠨ ᠠᠵᠢᠯᠯᠠᠭᠴᠢ ︽ᠤᠯᠠᠨ ᠤᠯᠤᠰ ᠤᠨ ᠤᠯᠠᠭᠠᠨ ᠵᠠᠭᠠᠯᠮᠠᠶᠢᠳᠠᠨ ᠪᠣᠯᠤᠨ ᠤᠯᠠᠭᠠᠨ ᠰᠢᠨ᠎ᠡ ᠰᠠᠷ᠎ᠠ ᠶᠢᠨ ᠬᠥᠳᠡᠯᠭᠡᠭᠡᠨ ᠤ ᠲᠤᠯᠤᠭᠠᠨ ᠦᠨᠳᠦᠰᠦᠨ ᠵᠠᠷᠴᠢᠮ︾᠎ ᠢ ᠤᠩᠰᠢᠨ ᠨᠡᠶᠢᠲᠡᠯᠡᠪᠡ᠃ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠲᠣᠭᠤᠷᠢᠭ ᠤᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠲᠥᠯᠥᠭᠡᠯᠡᠨ ᠪᠠᠶᠠᠷ ᠤᠨ ᠦᠭᠡ ᠬᠡᠯᠡᠪᠡ᠃ ᠬᠤᠷᠠᠯ ᠠᠴᠠ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠢ ᠲᠥᠯᠥᠭᠡᠯᠡᠨ ᠬᠢᠭᠰᠡᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠸᠠᠩ ᠶᠦᠨ ᠹᠧᠩ᠂ ᠯᠢ ᠴᠢᠶᠦ᠋ᠩ ᠲᠣᠰ ᠲᠣᠰ ᠪᠤᠭᠤᠲᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠢᠥ ᠶᠤᠸᠠᠨ ᠲᠣᠭᠤᠷᠢᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠲᠣᠰ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠪᠠᠶᠠᠷ ᠬᠦᠷᠭᠡᠭᠰᠡᠨ ᠪᠥᠭᠡᠳ ᠬᠤᠷᠠᠯ ᠢ ᠰᠠᠶᠢᠲᠤᠷ ᠬᠤᠷᠠᠯᠳᠤᠭᠤᠯᠬᠤ ᠵᠢᠴᠢ ᠬᠤᠶᠢᠰᠢᠳᠠ ᠶᠢᠨ ᠲᠠᠪᠤᠨ ᠵᠢᠯ ᠤᠨ ᠤᠯᠠᠭᠠᠨ ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠳᠤ ᠵᠢᠯᠣᠭᠤᠳᠬᠤ ᠰᠠᠨᠠᠯ ᠳᠤᠷᠠᠳᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠤᠯᠠᠨ ᠲᠦᠮᠡᠨ ᠤ ᠪᠦᠯᠬᠦᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠤᠯᠠᠭᠠᠨ ᠵᠠᠭᠠᠯᠮᠠᠶᠢᠳᠠᠨ ᠤ ᠦᠢᠯᠡᠰ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠨᠠᠮ ᠵᠠᠰᠠᠭ ᠤᠨ ᠬᠡᠷᠡᠭᠴᠡᠭᠡ᠂ ᠤᠯᠠᠨ ᠲᠦᠮᠡᠨ ᠤ ᠪᠠᠴᠢᠮᠳᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠴᠢᠳᠠᠪᠤᠷᠢ ᠳᠤ ᠨᠡᠩ ᠶᠡᠭᠡ ᠰᠢᠨ᠎ᠡ ᠦᠢᠯᠡᠳᠦᠯ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠤᠯᠠᠭᠠᠨ ᠵᠠᠭᠠᠯᠮᠠᠶᠢᠳᠠᠨ ᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠢ ᠠᠬᠢᠭᠤᠯᠵᠤ᠂ ᠦᠢᠯᠡᠴᠢᠯᠡᠭᠡᠨ ᠤ ᠠᠴᠢᠶᠠᠯᠠᠪᠤᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠦᠢᠯᠡᠴᠢᠯᠡᠭᠡᠨ ᠤ ᠬᠦᠷᠢᠶ᠎ᠠ ᠶᠢ ᠥᠷᠭᠡᠳᠬᠡᠵᠦ᠂ ᠨᠡᠷᠡᠳᠦ ᠲᠡᠮᠳᠡᠭ ᠤᠨ ᠠᠵᠢᠯ ᠲᠦᠷᠦᠯ ᠢ ᠡᠭᠦᠳᠴᠦ᠂ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠠᠬᠤ︾᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠠᠭᠠᠨ ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠥᠬᠦ ᠲᠠᠯ᠎ᠠ ᠪᠠᠷ ᠪᠠᠲᠤᠳᠬᠠᠨ᠂ ᠬᠢᠨᠠᠭᠴᠢᠳ ᠤᠨ ᠵᠥᠪᠯᠡᠯ ᠪᠠᠶᠢᠭᠤᠯᠬᠤ ᠠᠵᠢᠯ ᠢ ᠬᠠᠤᠯᠢ ᠶᠣᠰᠣᠭᠠᠷ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯ᠂ ᠠᠵᠢᠯᠯᠠᠭᠠᠨ ᠤ ᠲᠣᠭᠲᠠᠴᠠ᠂ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮᠵᠢ ᠪᠠ ᠠᠵᠢᠯᠯᠠᠭᠠᠨ ᠤ ᠠᠷᠭ᠎ᠠ ᠮᠠᠶ᠋ᠢᠭ ᠤᠨ ᠰᠢᠨ᠎ᠡ ᠶᠢ ᠲᠠᠰᠤᠷᠠᠯᠲᠠ ᠥᠬᠡᠶ ᠡᠭᠦᠳᠴᠦ᠂ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠪᠦᠷᠢᠨᠰᠢᠬᠦᠯᠦᠨ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠠᠨᠳᠢᠪᠯᠠᠨ ᠬᠦᠷᠭᠡᠭᠴᠢ ᠪᠠ ᠨᠡᠶᠢᠭᠡᠮ ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠦᠨᠡᠨᠬᠦ ᠪᠠᠲᠤᠯᠠᠬᠤ ᠬᠡᠷᠡᠭᠲᠡᠶ᠃ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠤᠯᠠᠭᠠᠨ ᠵᠠᠭᠠᠯᠮᠠᠶᠢᠳᠠᠨ ᠤ ᠦᠢᠯᠡᠰ ᠤᠨ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠤᠨ ᠪᠦᠷᠢᠯᠳᠦᠭᠦᠯᠵᠦ᠂ ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠵᠤ᠂ ᠲᠥᠪ ᠭᠤᠣᠯᠴᠢ ᠰᠢᠳᠤᠷᠭᠤ ᠶᠣᠰᠣ᠂ ᠦᠨᠡᠨᠴᠢ ᠢᠲᠡᠭᠡᠮᠵᠢᠲᠡᠢ ᠨᠥᠬᠦᠷᠰᠡᠭ ᠳᠣᠲᠣᠨᠣ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠵᠤ᠂ ᠨᠡᠶᠢᠭᠡᠮ ᠤᠨ ᠡᠯ᠎ᠡ ᠡᠲᠡᠭᠡᠳ ᠢ ᠬᠦᠳᠦᠯᠥᠨ ᠵᠢᠯᠣᠭᠤᠳᠴᠤ ᠪᠠᠶᠢᠭᠠᠳ ᠡᠯ᠎ᠡ ᠵᠦᠢᠯ ᠤᠨ ᠠᠷᠭ᠎ᠠ ᠬᠡᠯᠪᠡᠷᠢ ᠪᠠᠷ ᠤᠯᠠᠭᠠᠨ ᠵᠠᠭᠠᠯᠮᠠᠶᠢᠳᠠᠨ ᠤ ᠦᠢᠯᠡᠰ ᠲᠤ ᠣᠷᠣᠯᠴᠠᠭᠤᠯᠵᠤ᠂ ᠤᠯᠠᠭᠠᠨ ᠵᠠᠭᠠᠯᠮᠠᠶᠢᠳᠠᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃      ᠲᠣᠰ ᠤᠳᠠᠭᠠᠨ ᠤ ᠶᠡᠭᠡ ᠬᠤᠷᠠᠯ ᠠᠴᠠ ︽ᠵᠢᠥ ᠶᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ︾ ︽ᠵᠢᠥ ᠶᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠦᠢᠯᠡᠰ ᠤᠨ 2021 — 2025 ᠣᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠵᠢᠥ ᠶᠤᠸᠠᠨ︾ ︽ᠵᠢᠥ ᠶᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨᠠᠭᠴᠢᠳ ᠤᠨ ᠵᠥᠪᠯᠡᠯ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶᠎ ᠤᠨ ᠵᠢᠥ ᠶᠤᠸᠠᠨ︾ ︽ᠵᠢᠥ ᠶᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ 2016 — 2020 ᠣᠨ ᠤ ᠲᠣᠰ ᠱᠠᠲᠤᠨ ᠤ ᠪᠡᠯᠡᠭᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠮᠡᠳᠡᠭᠦᠯᠦᠯᠲᠡ︾᠎ ᠶᠢ ᠬᠢᠨᠠᠨ ᠶᠠᠷᠢᠯᠴᠠᠵᠤ ᠪᠠᠲᠤᠯᠠᠪᠠ᠃     
C:\Users\Administrator\Desktop\6.png
      ᠶᠡᠭᠡ ᠬᠤᠷᠠᠯ ᠠᠴᠠ ᠭᠠᠷ ᠡᠷᠭᠦᠨ ᠪᠠᠲᠤᠯᠠᠬᠤ ᠲᠡᠩᠴᠡᠭᠦᠦ ᠲᠣᠭᠠᠲᠤ ᠰᠣᠩᠭᠤᠭᠤᠯᠢ ᠶᠢᠨ ᠠᠷᠭ᠎ᠠ ᠪᠠᠷ ᠵᠢᠥ ᠶᠤᠸᠠᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠶᠢᠭᠤᠯᠤᠮᠵᠢ ᠶᠢ ᠰᠣᠩᠭᠤᠨ ᠭᠠᠷᠭᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号