ᠵᠢᠥ ᠶᠤᠸᠠᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠣᠤ ᠵᠢᠶᠦ᠋ᠨ ᠤᠯᠤᠰ ᠲᠥᠷᠥ ᠶᠢᠨ ᠵᠥᠪᠯᠡᠯᠭᠡᠨ ᠤ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2021/3/22
       ᠰᠡᠳᠦᠪ᠄ ᠵᠢᠥ ᠶᠤᠸᠠᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠣᠤ ᠵᠢᠶᠦ᠋ᠨ ᠤᠯᠤᠰ ᠲᠥᠷᠥ ᠶᠢᠨ ᠵᠥᠪᠯᠡᠯᠭᠡᠨ ᠤ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠭᠢᠯᠡᠪᠡ        ᠴᠠᠭ᠄ 2021 - 03 - 10        ᠡᠷᠬᠢᠮ ᠵᠣᠴᠢᠨ᠄ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠶᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠯᠢ ᠱᠤᠤ ᠴᠢᠶᠠᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢᠦ ᠱᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠴᠦᠨ ᠰᠢᠶᠠ ᠪᠣᠯᠤᠨ ᠪᠤᠰᠤᠳ ᠰᠢᠶᠠᠨ ᠤ ᠱᠠᠲᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠤᠤᠯ ᠤᠨ ᠵᠢᠷᠭᠤᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢᠶᠠᠨ ᠰᠢ᠂ ᠭᠤᠤ ᠴᠥᠩ ᠭᠦᠸᠧ᠂ ᠤᠤᠯ ᠤᠨ ᠵᠢᠥ ᠶᠤᠸᠠᠨ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠶᠠᠩ ᠹᠧᠩ ᠴᠢ ᠬᠤᠷᠠᠯ ᠳᠤ ᠰᠤᠯᠠ ᠣᠷᠣᠯᠴᠠᠵᠠᠢ᠃        ᠲᠤᠪᠴᠢᠯᠠᠯ᠄ 3 ᠰᠠᠷ᠎ᠠ ᠶᠢᠨ 8 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ  ᠬᠤᠷᠢᠶ᠎ᠠ ᠶᠢᠨ ᠳᠥᠷᠪᠡᠳᠦᠭᠡᠷ ᠬᠤᠷᠠᠯ ᠦᠪᠡᠳᠡᠭᠰᠢ ᠶᠡᠭᠡ ᠪᠠᠷ ᠬᠤᠷᠠᠯᠳᠤᠵᠤ᠂ ᠪᠥᠬᠦ ᠲᠤᠭᠤᠷᠢᠭ ᠤᠨ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ 128 ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠥᠬᠦ ᠲᠤᠭᠤᠷᠢᠭ ᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠪᠦᠷᠯᠡᠨ᠂ ᠡᠯ᠎ᠡ ᠡᠲᠡᠭᠡᠳ ᠤᠨ ᠣᠯᠠᠨ ᠲᠦᠮᠡᠨ ᠤ ᠬᠦᠰᠡᠯ ᠡᠷᠡᠮᠡᠯᠵᠡᠯ ᠢ ᠠᠴᠢᠶᠠᠯᠠᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠵᠢᠥ ᠶᠤᠸᠠᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠠᠷᠭ᠎ᠠ ᠤᠬᠠᠭᠠᠨ ᠳᠡᠪᠰᠢᠭᠦᠯᠪᠡ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠶᠦᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠯᠢ ᠱᠤᠤ ᠴᠢᠶᠠᠩ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢᠦ ᠱᠢ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠴᠦᠨ ᠰᠢᠶᠠ ᠪᠣᠯᠤᠨ ᠪᠤᠰᠤᠳ ᠰᠢᠶᠠᠨ ᠤ ᠱᠠᠲᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠤᠤᠯ ᠤᠨ ᠵᠢᠷᠭᠤᠳᠤᠭᠠᠷ ᠬᠤᠭᠤᠴᠠᠭᠠᠨ ᠤ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢᠶᠠᠨ ᠰᠢ᠂ ᠭᠤᠤ ᠴᠥᠩ ᠭᠦᠸᠧ᠂ ᠤᠤᠯ ᠤᠨ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠶᠠᠩ ᠹᠧᠩ ᠴᠢ ᠬᠤᠷᠠᠯ ᠳᠤ ᠰᠤᠯᠠ ᠣᠷᠣᠯᠴᠠᠵᠠᠢ᠃            3 ᠰᠠᠷ᠎ᠠ ᠶᠢᠨ 8 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠦᠪᠡᠳᠡᠭᠰᠢ ᠶᠡᠭᠡ ᠪᠠᠷ ᠬᠤᠷᠠᠯᠳᠤᠵᠤ᠂ ᠪᠥᠬᠦ ᠲᠤᠭᠤᠷᠢᠭ ᠤᠨ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ 128 ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠥᠬᠦ ᠲᠤᠭᠤᠷᠢᠭ ᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠪᠦᠷᠯᠡᠨ᠂ ᠡᠯ᠎ᠡ ᠡᠲᠡᠭᠡᠳ ᠤᠨ ᠣᠯᠠᠨ ᠲᠦᠮᠡᠨ ᠤ ᠬᠦᠰᠡᠯ ᠡᠷᠡᠮᠡᠯᠵᠡᠯ ᠢ ᠠᠴᠢᠶᠠᠯᠠᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠵᠢᠥ ᠶᠤᠸᠠᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠠᠷᠭ᠎ᠠ ᠤᠬᠠᠭᠠᠨ ᠳᠡᠪᠰᠢᠭᠦᠯᠪᠡ᠃        

       ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠶᠦᠩ᠂ ᠲᠤᠭᠤᠷᠢᠭ ᠤᠨ ᠨᠠᠮ ᠤᠨ ᠬᠤᠷᠢᠶᠠᠨ ᠤ

ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠯᠢ ᠱᠤᠤ ᠴᠢᠶᠠᠩ᠂ ᠲᠤᠭᠤᠷᠢᠭ ᠤᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢᠦ ᠱᠢ᠂

ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠴᠦᠨ ᠰᠢᠶᠠ ᠪᠣᠯᠤᠨ ᠪᠤᠰᠤᠳ ᠰᠢᠶᠠᠨ ᠤ

ᠱᠠᠲᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠤᠤᠯ ᠤᠨ ᠵᠢᠷᠭᠤᠳᠤᠭᠠᠷ ᠬᠤᠭᠤᠴᠠᠭᠠᠨ ᠤ

ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢᠶᠠᠨ ᠰᠢ᠂ ᠭᠤᠤ ᠴᠥᠩ ᠭᠦᠸᠧ

᠂ ᠤᠤᠯ ᠤᠨ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠡᠷᠬᠢᠯᠡᠭᠴᠢ

ᠶᠠᠩ ᠹᠧᠩ ᠴᠢ ᠬᠤᠷᠠᠯ ᠳᠤ ᠰᠤᠯᠠ ᠣᠷᠣᠯᠴᠠᠵᠠᠢ᠃

       ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠣᠤ ᠵᠢᠶᠦ᠋ᠨ ᠬᠤᠷᠠᠯ ᠢ

ᠡᠷᠭᠢᠯᠡᠪᠡ᠃ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠪᠤᠭᠤᠲᠤ ᠬᠤᠳᠠ ᠶᠢᠨ ᠵᠢᠥ ᠶᠤᠸᠠᠨ

ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ᠢ ᠬᠢᠨᠠᠨ

ᠵᠥᠪᠯᠡᠵᠦ ᠪᠠᠲᠤᠯᠠᠪᠠ᠃

       ᠬᠤᠷᠠᠯ ᠳᠡᠭᠡᠷ᠎ᠡ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠴᠦᠨ

ᠰᠢᠶᠠ ᠤᠯᠤᠰ ᠲᠥᠷᠥ ᠶᠢᠨ ᠵᠥᠪᠯᠡᠯᠭᠡᠨ ᠤ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠶᠢᠰᠦᠳᠦᠭᠡᠷ

ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠠ᠃

       ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ᠂ ᠲᠣᠭᠤᠷᠢᠭ ᠤᠨ ᠨᠠᠮ ᠤᠨ

ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠵᠢᠴᠢ

ᠲᠡᠭᠦᠨ ᠤ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠶᠡᠷᠦᠩᠬᠡᠢ

ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ

ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠶᠢᠨ

ᠵᠥᠪᠯᠡᠯᠭᠡᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ ᠸᠠᠩ ᠶᠠᠩ ᠲᠡᠷᠢᠭᠦᠯᠡᠭᠴᠢ ᠶᠢᠨ

ᠳᠤᠷᠠᠳᠤᠭᠰᠠᠨ ︽ᠬᠤᠲᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠭᠤᠤᠯ ᠠᠭᠤᠯᠭ᠎ᠠ ᠪᠣᠯ

ᠵᠥᠪᠳᠡᠯᠴᠡᠬᠦ᠂ ᠠᠵᠢᠯᠯᠠᠬᠤ ᠠᠷᠭ᠎ᠠ ᠪᠣᠯ ᠲᠠᠪᠴᠠᠩ ᠪᠠᠶᠢᠭᠤᠯᠬᠤ᠂ ᠠᠵᠢᠯ ᠤᠨ ᠭᠤᠤᠯ ᠵᠣᠷᠢᠯᠲᠠ ᠪᠣᠯ ᠬᠤᠤᠰ

ᠴᠢᠭᠯᠡᠯ ᠢᠶᠠᠷ ᠬᠦᠴᠦᠯᠡᠬᠦ︾ ᠱᠠᠭᠠᠷᠳᠠᠯᠭ᠎ᠠ ᠶᠢ ᠭᠤᠤᠯᠯᠠᠵᠤ᠂ ᠦᠨᠳᠦᠰᠦᠨ ᠱᠠᠲᠤᠨ ᠤ ᠤᠯᠤᠰ ᠲᠥᠷᠥ ᠶᠢᠨ

ᠵᠥᠪᠯᠡᠯᠭᠡᠨ ᠤ ︽ᠳᠥᠷᠪᠡᠨ ᠪᠠᠯᠠᠷᠬᠠᠶ︾ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠲᠣᠳᠣᠷᠬᠠᠶ ᠪᠤᠯᠭᠠᠨ᠂

ᠰᠠᠮᠠᠳᠢ ᠶᠢᠨ ᠬᠦᠴᠦᠨ ᠢᠶᠠᠨ ᠪᠠᠷᠢᠮᠳᠠᠯᠠᠨ᠂ ᠢᠲᠡᠭᠡᠯ ᠵᠣᠷᠢᠭ ᠢᠶᠠᠨ ᠪᠠᠳᠤᠳᠬᠠᠵᠤ᠂ ᠪᠠᠶᠢᠷᠢᠯᠠᠭᠤᠯᠤᠯᠳᠠ ᠪᠠᠨ

ᠣᠨᠣᠪᠴᠢᠲᠠᠶ ᠲᠤᠭᠳᠠᠭᠠᠨ᠂ ᠲᠣᠭᠲᠠᠴᠠ ᠪᠠᠨ ᠲᠡᠭᠦᠯᠳᠡᠷᠵᠢᠭᠦᠯᠵᠦ᠂ ᠲᠤᠰᠬᠠᠶ ᠵᠥᠪᠯᠡᠬᠦ ᠪᠠᠶᠢᠭᠤᠯᠤᠮᠵᠢ ᠶᠢᠨ

ᠦᠢᠯᠡᠳᠦᠯ ᠢ ᠭᠦᠢᠴᠡᠳ  ᠪᠠᠳᠠᠷᠢᠭᠤᠯᠵᠤ᠂ ᠲᠦᠪ ᠢᠶᠠᠷ ᠭᠤᠤᠯᠯᠠᠨ ᠵᠠᠰᠠᠭ ᠲᠤ ᠲᠤᠰᠠᠯᠠᠵᠤ᠂ ᠪᠦᠬᠦ ᠲᠠᠯ᠎ᠠ ᠳᠤ

ᠦᠢᠯᠡᠴᠢᠯᠡᠨ ᠳᠤᠷᠠᠳᠤᠯᠭ᠎ᠠ ᠭᠠᠷᠭᠠᠵᠤ᠂ ᠪᠦᠬᠦ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ

ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃

       ᠮᠡᠳᠡᠭᠦᠯᠦᠯᠲᠡ ᠳᠤ ᠴᠢᠩᠭᠠᠳᠬᠠᠭᠰᠠᠨ ᠨᠢ᠂ 2021 ᠤᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ

ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ

ᠪᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ

ᠡᠬᠢᠯᠡᠭᠦᠯᠦᠭᠰᠡᠨ ᠵᠢᠯ ᠪᠣᠯᠤᠨ᠎ᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠨᠢ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ

ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ᠂ ᠭᠤᠷᠪᠠᠳᠤᠭᠠᠷ ᠪᠦᠬᠦᠳᠠ ᠬᠤᠷᠠᠯ᠂

ᠳᠥᠷᠪᠡᠳᠦᠭᠡᠷ ᠪᠦᠬᠦᠳᠠ ᠬᠤᠷᠠᠯ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ

ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ

ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ

ᠨᠠᠶᠢᠳᠠᠪᠤᠷᠢᠵᠢᠭᠤᠯᠬᠤ ᠵᠢᠴᠢ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ  ᠤᠨ ᠴᠢᠬᠤᠯᠠ ᠦᠵᠡᠯ

ᠰᠠᠨᠠᠭ᠎ᠠ ᠶᠢ ᠴᠢᠩᠭᠠᠳᠬᠠᠨ ᠰᠠᠶᠢᠵᠢᠷᠠᠭᠤᠯᠬᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ

ᠱᠠᠭᠠᠷᠳᠠᠯᠭ᠎ᠠ ᠶᠢ ᠦᠨᠳᠦᠰᠦᠯᠡᠪᠡᠯ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠭᠤᠤᠯ ᠲᠡᠩᠭᠡᠯᠢᠭ᠂ ᠭᠤᠣᠯ

ᠱᠤᠭᠤᠮ ᠪᠠ ᠭᠤᠣᠯ ᠭᠤᠭᠴᠤᠭ᠎ᠠ ᠶᠢ ᠣᠨᠣᠪᠴᠢᠲᠠᠶ ᠡᠵᠡᠮᠰᠢᠨ᠂ ᠲᠤᠰᠬᠠᠢ ᠵᠥᠪᠯᠡᠬᠦ ᠪᠠᠶᠢᠭᠤᠯᠤᠮᠵᠢ ᠶᠢᠨ

ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ ᠬᠠᠮᠲᠤ ᠶᠢᠨ

ᠲᠠᠨᠢᠯᠲᠠ ᠶᠢ ᠨᠢᠭᠲᠠᠷᠠᠭᠤᠯᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠭᠤᠵᠤ ᠳᠡᠶᠢᠯᠬᠦ ᠦᠭᠡᠢ

ᠲᠤᠯᠭᠠᠮ᠎ᠠ ᠰᠡᠳᠬᠢᠯᠭᠡ ᠪᠠᠷ᠂ ᠠᠯᠭᠤᠷᠯᠠᠵᠤ ᠪᠣᠯᠤᠰᠢ ᠦᠭᠡᠢ ᠲᠦᠭᠰᠢᠭᠦᠷᠢᠲᠦ ᠰᠡᠳᠬᠢᠯᠭᠡ ᠪᠠᠷ᠂ ᠬᠦᠯᠢᠶᠡᠵᠦ ᠳᠡᠶᠢᠯᠬᠦ

ᠦᠭᠡᠢ ᠬᠠᠷᠢᠭᠤᠴᠠᠯᠭᠠᠲᠤ ᠰᠡᠳᠬᠢᠯᠭᠡ ᠪᠠᠷ᠂ ᠪᠦᠬᠦ ᠲᠣᠭᠤᠷᠢᠭ ᠤᠨ ᠭᠤᠣᠯ ᠠᠵᠢᠯ ᠤᠨ ᠲᠣᠭᠤᠷᠢᠨ ᠳᠤ

ᠨᠠᠶᠢᠳᠠᠪᠤᠷᠢᠵᠢᠭᠤᠯᠤᠯᠲᠠ ᠶᠢ ᠠᠳᠬᠤᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠰᠢᠨ᠎ᠡ ᠴᠠᠭ ᠦᠶ᠎ᠡ ᠶᠢᠨ

ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠤᠭᠤᠲᠤ ᠶᠢᠨ ᠵᠢᠥ ᠶᠤᠸᠠᠨ ᠤ

ᠬᠠᠭᠤᠳᠠᠰᠤ ᠶᠢ ᠪᠢᠴᠢᠭᠯᠡᠬᠦ ᠳᠤ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠳᠬᠦᠯ ᠴᠢᠷᠮᠠᠶᠢᠯᠭ᠎ᠠ ᠶᠢ  

ᠢᠯᠡᠷᠡᠭᠦᠯᠦᠨ᠎ᠡ᠃

       ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠷᠠᠨᠬᠤᠸᠠᠷ ᠤᠯᠤᠰ

ᠲᠥᠷᠥ ᠶᠢᠨ ᠵᠥᠪᠯᠡᠯᠭᠡᠨ ᠤ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ

ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ᠂ ᠶᠡᠭᠡ ᠬᠤᠷᠠᠯ ᠳᠤ ᠶᠢᠰᠦᠳᠦᠭᠡᠷ ᠬᠤᠭᠤᠴᠠᠭᠠᠨ ᠤ

ᠭᠤᠷᠪᠠᠳᠤᠭᠠᠷ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠢ ᠮᠡᠳᠡᠭᠦᠯᠪᠡ᠃ ᠲᠡᠭᠦᠨ ᠤ

ᠬᠡᠯᠡᠭᠰᠡᠨ ᠨᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ

ᠭᠤᠷᠪᠠᠳᠤᠭᠠᠷ ᠬᠤᠷᠠᠯ ᠠᠴᠠ ᠨᠠᠭᠠᠰᠢ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠤᠯᠤᠰ

ᠲᠦᠷᠦ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠢ ᠪᠣᠯᠤᠨ ᠡᠯ᠎ᠡ ᠲᠤᠰᠬᠠᠢ ᠵᠥᠪᠯᠡᠯ᠂ ᠲᠣᠭᠤᠷᠢᠭ ᠤᠨ

ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂

ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠢᠳᠡᠪᠬᠢᠲᠡᠢ ᠬᠡᠷᠡᠭᠯᠡᠨ

ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠪᠡ᠃ ᠪᠦᠬᠦ ᠵᠢᠯ ᠳᠤ ᠨᠡᠶᠢᠲᠡ 141 ᠬᠤᠪᠢ ᠰᠠᠨᠠᠯ

ᠳᠤᠷᠠᠳᠤᠯᠭ᠎ᠠ ᠳᠤᠷᠠᠳᠴᠤ᠂ ᠲᠣᠭᠤᠷᠢᠭ ᠤᠨ ᠲᠡᠰ ᠤᠨ 109 ᠬᠤᠪᠢ ᠶᠢ ᠨᠢ ᠳᠠᠩᠰᠠᠯᠠᠵᠤ᠂ ᠬᠤᠲᠠ ᠶᠢᠨ ᠲᠡᠰ ᠤᠨ

11 ᠬᠤᠪᠢ ᠶᠢ ᠨᠢ ᠳᠠᠩᠰᠠᠯᠠᠵᠠᠢ᠃ ᠳᠠᠩᠰᠠᠯᠠᠭᠰᠠᠨ ᠰᠠᠨᠠᠯ ᠳᠤᠷᠠᠳᠤᠯᠭ᠎ᠠ ᠳᠤ᠂ ᠭᠡᠰᠢᠭᠦᠳ ᠤᠨ ᠰᠠᠨᠠᠯ ᠳᠤᠷᠠᠳᠤᠯᠭ᠎ᠠ

79 ᠬᠤᠪᠢ᠂ ᠬᠠᠮᠲᠤ ᠶᠢᠨ ᠰᠠᠨᠠᠯ ᠳᠤᠷᠠᠳᠤᠯᠭ᠎ᠠ 13 ᠬᠤᠪᠢ ᠪᠠᠶᠢᠨ᠎ᠠ᠃ ᠬᠡᠷᠡᠭ ᠪᠣᠯᠭᠠᠨ ᠳᠠᠩᠰᠠᠯᠠᠬᠤ ᠰᠠᠨᠠᠯ

ᠵᠥᠪᠯᠡᠯᠭᠡ ᠶᠢ ᠲᠣᠰᠪᠣᠷᠢ 41 ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠳᠤ ᠲᠤᠰᠢᠶᠠᠨ ᠥᠭᠴᠦ  

ᠰᠢᠢᠳᠪᠦᠷᠢᠯᠡᠭᠦᠯᠵᠦ᠂ ᠡᠭᠦᠨ ᠳᠤ ᠲᠣᠭᠤᠷᠢᠭ ᠤᠨ ᠨᠠᠮ ᠤᠨ ᠬᠤᠷᠢᠶᠠᠨ ᠤ ᠰᠠᠯᠠᠭ᠎ᠠ ᠮᠥᠴᠢᠷ 7 ᠬᠤᠪᠢ ᠰᠠᠨᠠᠯ

ᠵᠥᠪᠯᠡᠯᠭᠡ ᠶᠢ ᠳᠠᠭᠠᠭᠠᠨ ᠠᠪᠴᠤ ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ 85 ᠬᠤᠪᠢ ᠰᠠᠨᠠᠯ

ᠵᠥᠪᠯᠡᠯᠭᠡ ᠶᠢ ᠳᠠᠭᠠᠭᠠᠨ ᠠᠪᠴᠤ ᠰᠢᠢᠳᠪᠦᠷᠢᠯᠡᠪᠡ᠃ 2020 ᠣᠨ ᠤ 12 ᠳ᠋ᠤᠭᠠᠷ ᠰᠠᠷ᠎ᠠ ᠪᠣᠯᠲᠠᠯ᠎ᠠ᠂ ᠡᠯ᠎ᠡ

ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ 100 % ᠳᠤ ᠬᠦᠷᠴᠦ᠂

ᠭᠡᠰᠢᠭᠦᠳ ᠤᠨ ᠬᠠᠨᠤᠮᠵᠢ ᠶᠢᠨ ᠨᠤᠷᠮ᠎ᠠ 95 . 6 % ᠳᠤ ᠬᠦᠷᠴᠡᠢ᠃ ᠡᠯ᠎ᠡ ᠲᠠᠯ᠎ᠠ ᠶᠢᠨ ᠬᠢᠨ ᠤ ᠬᠠᠮᠲᠤ ᠶᠢᠨ

ᠴᠢᠷᠮᠠᠶᠢᠯᠭ᠎ᠠ ᠪᠠᠷ ᠳᠠᠮᠵᠢᠨ᠂ ᠰᠠᠨᠠᠯ ᠵᠥᠪᠯᠡᠯᠭᠡ ᠳᠤ ᠳᠤᠷᠠᠳᠤᠭᠰᠠᠨ ᠮᠠᠰᠢ ᠤᠯᠠᠨ ᠰᠠᠨᠠᠭᠤᠯᠭ᠎ᠠ ᠨᠢ ᠬᠦᠯᠢᠶᠡᠨ

ᠠᠪᠴᠤ   ᠨᠠᠶᠢᠳᠠᠪᠤᠷᠢᠵᠢᠭᠤᠯᠤᠭᠳᠠᠵᠤ᠂ ᠰᠢᠨᠵᠢᠯᠡᠬᠦ ᠤᠬᠠᠭᠠᠨᠴᠢ ᠠᠷᠠᠳᠴᠢᠯᠠᠯ ᠤᠨ ᠰᠢᠢᠳᠪᠦᠷᠢᠲᠦ ᠪᠤᠳᠤᠯᠭ᠎ᠠ ᠳᠤ

ᠦᠢᠯᠡᠴᠢᠯᠡᠬᠦ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠪᠠᠶᠢᠭᠤᠯᠤᠯᠲᠠ ᠶᠢ ᠠᠬᠢᠭᠤᠯᠬᠤ᠂ ᠠᠵᠢᠯ ᠢᠶᠠᠨ

ᠰᠠᠶᠢᠵᠢᠷᠠᠭᠤᠯᠤᠨ ᠲᠡᠭᠦᠯᠳᠡᠷᠵᠢᠭᠦᠯᠬᠦ ᠶᠢ ᠠᠬᠢᠭᠤᠯᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠲᠤ ᠶᠢᠨ

ᠲᠠᠨᠢᠯᠲᠠ ᠶᠢ ᠨᠢᠭᠲᠠᠷᠠᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠤᠯᠪᠠ᠃

 
ᠢᠷᠡᠯᠲᠡ᠄ ᠵᠢᠥ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号