ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠬᠠᠶ ᠴᠢᠤᠸᠠᠨ ᠵᠢᠥ ᠶᠤᠸᠠᠨ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ᠂ ᠠᠷᠢᠭᠤᠨ ᠴᠡᠪᠡᠷ ᠬᠤᠲᠠ ᠶᠢ ᠳᠠᠬᠢᠨ ᠬᠢᠨᠠᠬᠤ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/12
      ᠭᠤᠣᠯ ᠰᠡᠳᠦᠪ      ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠬᠠᠶ ᠴᠢᠤᠸᠠᠨ ᠵᠢᠥ ᠶᠤᠸᠠᠨ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ᠂ ᠠᠷᠢᠭᠤᠨ ᠴᠡᠪᠡᠷ ᠬᠤᠲᠠ ᠶᠢ ᠳᠠᠬᠢᠨ ᠬᠢᠨᠠᠬᠤ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ      ᠴᠠᠭ      2021-06-27      ᠬᠦᠨᠳᠦᠲᠦ ᠵᠣᠴᠢᠨ      ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠬᠠᠶ ᠴᠢᠤᠸᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠣᠭᠤᠷᠢᠭ ᠤᠨ ᠲᠦᠷᠪᠡᠨ ᠢᠵᠢ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠵᠢᠴᠢ ᠬᠠᠮᠢᠶ᠎ᠠ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠲᠣᠪᠴᠢᠯᠠᠯ      6 ᠰᠠᠷ᠎ᠠ ᠶᠢᠨ 27᠎ ᠤ ᠦᠳᠡ ᠶᠢᠨ ᠬᠤᠶᠢᠨ᠎ᠠ᠂ ᠵᠢᠥ ᠶᠤᠸᠠᠨ ᠲᠣᠭᠤᠷᠢᠭ ᠤᠨ ᠬᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ᠂ ᠡᠷᠡᠭᠦᠯ ᠬᠠᠮᠠᠭᠠᠯᠠᠯ ᠤᠨ ᠬᠤᠳᠠ ᠶᠢ ᠲᠠᠬᠢᠨ ᠬᠢᠨᠠᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠬᠠᠶ ᠴᠢᠤᠸᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠣᠭᠤᠷᠢᠭ ᠤᠨ ᠲᠦᠷᠪᠡᠨ ᠢᠵᠢ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠵᠢᠴᠢ ᠬᠠᠮᠢᠶ᠎ᠠ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     
   C:\Users\Administrator\Desktop\1.png  
      6 ᠰᠠᠷ᠎ᠠ ᠶᠢᠨ 27᠎ ᠤ ᠦᠳᠡ ᠶᠢᠨ ᠬᠤᠶᠢᠨ᠎ᠠ᠂ ᠵᠢᠥ ᠶᠤᠸᠠᠨ ᠲᠣᠭᠤᠷᠢᠭ ᠤᠨ ᠬᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ᠂ ᠡᠷᠡᠭᠦᠯ ᠬᠠᠮᠠᠭᠠᠯᠠᠯ ᠤᠨ ᠬᠤᠳᠠ ᠶᠢ ᠲᠠᠬᠢᠨ ᠬᠢᠨᠠᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ᠃      ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠬᠠᠶ ᠴᠢᠤᠸᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠣᠭᠤᠷᠢᠭ ᠤᠨ ᠲᠦᠷᠪᠡᠨ ᠢᠵᠢ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠵᠢᠴᠢ ᠬᠠᠮᠢᠶ᠎ᠠ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ 6 ᠰᠠᠷ᠎ᠠ ᠶᠢᠨ 27᠎ ᠤ ᠦᠳᠡ ᠶᠢᠨ ᠡᠮᠦᠨ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠹᠠᠨ ᠯᠢ ᠶᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ᠂ ᠡᠷᠡᠭᠦᠯ ᠬᠠᠮᠠᠭᠠᠯᠠᠯ ᠤᠨ ᠬᠤᠳᠠ ᠶᠢ ᠲᠠᠬᠢᠨ ᠬᠢᠨᠠᠬᠤ ᠶᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠮᠠᠨ ᠤ ᠲᠣᠭᠤᠷᠢᠭ ᠤᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠬᠤᠳᠠ ᠶᠢ ᠪᠠᠶᠢᠭᠤᠯᠬᠤ ᠠᠵᠢᠯ ᠤᠨ ᠪᠠᠶᠢᠳᠠᠯ ᠢ ᠮᠡᠳᠡᠭᠳᠡᠵᠦ᠂ ᠪᠦᠬᠦ ᠲᠣᠭᠤᠷᠢᠭ ᠤᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠬᠤᠳᠠ ᠶᠢ ᠪᠠᠶᠢᠭᠤᠯᠬᠤ ᠠᠵᠢᠯ ᠢ ᠲᠠᠬᠢᠨ ᠲᠤᠬᠢᠷᠠᠭᠤᠯᠵᠤ ᠲᠠᠬᠢᠨ ᠠᠬᠢᠭᠤᠯᠪᠠ᠃     
C:\Users\Administrator\Desktop\2.png
      ᠯᠢᠦ ᠬᠠᠶ ᠴᠢᠤᠸᠠᠨ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠳᠠᠬᠢᠨ ᠳᠡᠭᠡᠭᠰᠢᠯᠡᠭᠦᠯᠬᠦ ᠬᠡᠷᠡᠭᠲᠡᠶ᠃ ᠲᠣᠭᠤᠷᠢᠭ ᠤᠨ ᠳᠥᠷᠪᠡᠨ ᠢᠵᠢ ᠤᠳᠤᠷᠢᠳᠬᠤ ᠪᠠᠭ᠂ ᠡᠯ᠎ᠡ ᠭᠠᠵᠠᠷ ᠣᠷᠣᠨ ᠤ ᠰᠠᠯᠠᠭ᠎ᠠ ᠮᠥᠴᠢᠷ ᠤᠳ ᠰᠢ ᠶᠢᠨ ᠫᠢᠩ ᠶᠡᠷᠦᠩᠬᠡᠶ ᠱᠦᠵᠢ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠵᠤ᠂ ᠣᠳᠣᠬᠠᠨ ᠤ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ᠂ ᠬᠤᠶᠠᠷ ᠬᠤᠲᠠ ᠶᠢᠨ ᠬᠤᠯᠪᠣᠭ᠎ᠠ ᠶᠢᠨ ᠵᠣᠬᠢᠶᠠᠨ ᠪᠦᠲᠦᠭᠡᠯᠭᠡ ᠶᠢ ᠣᠳᠣᠬᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠤᠷᠭᠠᠮᠵᠢ ᠠᠪᠴᠤ᠂ ᠢᠴᠢᠭᠦᠷᠢ ᠶᠢ ᠮᠡᠳᠡᠭᠰᠡᠨ ᠤ ᠳᠠᠷᠠᠭ᠎ᠠ ᠡᠷᠡᠯᠬᠡᠭᠯᠡᠨ ᠪᠠᠶᠢᠯᠳᠤᠵᠤ᠂ ᠴᠡᠭᠴᠡᠯᠡᠨ ᠥᠭᠡᠷᠡᠴᠢᠯᠡᠬᠦ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠴᠢᠩᠭ᠎ᠠ ᠠᠳᠬᠤᠨ ᠰᠠᠶᠢᠲᠤᠷ ᠠᠳᠬᠤᠵᠤ᠂ ᠪᠣᠯᠪᠠᠰᠤᠨ ᠬᠤᠲᠠ ᠪᠣᠯᠤᠨ ᠡᠷᠡᠭᠦᠯ ᠬᠠᠮᠠᠭᠠᠯᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠂ ᠳᠠᠬᠢᠨ ᠪᠠᠶᠢᠴᠠᠭᠠᠵᠤ ᠳᠠᠬᠢᠨ ᠬᠢᠨᠠᠬᠤ ᠶᠢ ᠤᠷᠤᠭᠰᠢᠲᠠᠶ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠠᠬᠢᠨ ᠪᠣᠳᠠᠲᠠᠶᠢᠵᠢᠭᠤᠯᠬᠤ ᠬᠡᠷᠡᠭᠲᠡᠶ᠃ ᠰᠢᠶᠠᠨ ᠤ ᠱᠠᠲᠤᠨ ᠤ ᠤᠳᠤᠷᠢᠳᠤᠯᠭ᠎ᠠ ᠭᠠᠵᠠᠷ ᠣᠷᠣᠨ ᠢ ᠳᠠᠭᠠᠭᠠᠴᠢᠯᠠᠬᠤ ᠳᠠᠭᠠᠨ ᠦᠨᠡᠨ ᠬᠦ ᠳᠠᠭᠠᠭᠠᠴᠢᠯᠠᠭᠤᠯᠵᠤ᠂ ᠦᠨᠡᠨ ᠬᠦ ᠬᠢᠵᠦ᠂ ᠦᠨᠡᠨ ᠬᠦ ᠰᠢᠪᠠᠳᠠᠵᠤ᠂ ᠦᠨᠡᠨ ᠬᠦ ᠵᠢᠯᠣᠭᠤᠳᠬᠤ ᠬᠡᠷᠡᠭᠲᠡᠶ᠂ ᠲᠣᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠪᠦᠬᠦ ᠠᠵᠢᠯᠲᠠᠨ ᠢᠶᠠᠨ ᠳᠣᠷᠣᠭᠰᠢ ᠪᠠᠭᠤᠯᠭᠠᠬᠤ ᠶᠢ ᠪᠠᠲᠤᠯᠠᠵᠤ᠂ ᠭᠠᠵᠠᠷ ᠣᠷᠣᠨ ᠤ ᠺᠠᠳ᠋ᠷᠴᠤᠳ ᠲᠠᠢ ᠬᠠᠮᠲᠤ ᠪᠠᠷ ᠠᠵᠢᠯᠯᠠᠵᠤ᠂ ᠬᠠᠮᠲᠤ ᠪᠠᠷ ᠪᠠᠶᠢᠯᠳᠤᠵᠤ᠂ ᠨᠢᠭᠡ ᠨᠢᠭᠡ ᠠᠰᠠᠭᠤᠳᠠᠯ ᠢᠶᠠᠷ ᠰᠢᠢᠳᠪᠦᠷᠢᠯᠡᠬᠦ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠣᠷᠣᠨ ᠪᠠᠶᠢᠷᠢ ᠨᠢᠭᠡᠪᠦᠷᠢ ᠳᠤ ᠴᠥᠮ ᠳᠠᠭᠠᠭᠠᠴᠢᠯᠠᠬᠤ ᠬᠥᠮᠦᠨ ᠲᠠᠢ᠂ ᠬᠠᠷᠢᠭᠤᠴᠠᠯᠭ᠎ᠠ ᠨᠢᠭᠡᠪᠦᠷᠢ ᠶᠢ ᠴᠥᠮ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠨᠢᠰᠬᠦ ᠱᠤᠭᠤᠮ᠂ ᠰᠠᠭᠠᠳ ᠥᠬᠡᠶ ᠲᠡᠷᠭᠡ ᠵᠣᠭᠰᠣᠬᠤ ᠪᠠᠶᠢᠷᠢ᠂ ᠬᠡᠷᠡᠮ ᠤᠨ ᠭᠠᠳᠠᠨᠠᠬᠢ ᠪᠣᠰᠤᠭ᠎ᠠ ᠲᠠᠯ᠎ᠠ᠂ ᠦᠵᠡᠮᠵᠢ ᠶᠢᠨ ᠵᠢᠵᠢᠭ ᠦᠢᠯᠡᠳᠭᠦᠨ ᠵᠡᠷᠭᠡ ᠰᠢᠨ᠎ᠡ ᠪᠠᠷ ᠨᠡᠮᠡᠭᠰᠡᠨ ᠬᠡᠮᠵᠢᠨ ᠲᠣᠭᠲᠠᠭᠠᠬᠤ ᠵᠦᠢᠯᠡᠰ ᠲᠤ ᠴᠢᠭᠯᠡᠭᠦᠯᠦᠨ᠂ ᠴᠠᠭ ᠢ ᠠᠮᠵᠢᠨ ᠨᠢᠭᠡᠳᠦᠯᠲᠡᠶ ᠪᠠᠷᠢᠮᠵᠢᠶ᠎ᠠ ᠲᠣᠭᠲᠠᠭᠠᠵᠤ᠂ ᠳᠠᠷᠤᠶ ᠲᠦᠷᠭᠡᠨ ᠪᠣᠳᠠᠲᠠᠶ ᠨᠠᠶᠢᠳᠠᠪᠤᠷᠢᠵᠢᠭᠤᠯᠤᠨ᠂ ᠡᠭᠦᠳᠦᠨ ᠪᠠᠶᠢᠭᠤᠯᠬᠤ ᠠᠵᠢᠯ ᠢ ᠥᠨᠴᠥᠭ ᠪᠤᠯᠤᠩ ᠥᠬᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠪᠠᠰᠠ ᠬᠦᠴᠦ ᠨᠡᠮᠡᠬᠦ ᠬᠡᠷᠡᠭᠲᠡᠢ᠃ ᠡᠯ᠎ᠡ ᠭᠠᠵᠠᠷ ᠣᠷᠣᠨ ᠤ ᠰᠠᠯᠠᠭ᠎ᠠ ᠮᠥᠴᠢᠷ ᠤᠳ ᠰᠢᠨ᠎ᠡ ︽ᠵᠢᠯᠣᠭᠤᠳᠬᠤ ᠲᠦᠷᠢᠮ︾᠎ ᠤᠨ ᠪᠠᠷᠢᠮᠵᠢᠶ᠎ᠠ ᠲᠠᠢ ᠬᠢᠨᠠᠮᠠᠭᠠᠶ ᠬᠠᠷᠢᠴᠠᠭᠤᠯᠵᠤ᠂ ᠪᠦᠲᠦᠮᠵᠢᠲᠡᠶ ᠪᠥᠭᠡᠳ ᠬᠦᠴᠦᠲᠡᠶ ᠠᠷᠭ᠎ᠠ ᠬᠡᠮᠵᠢᠶ᠎ᠡ ᠠᠪᠴᠤ᠂ ᠨᠢᠭᠡ ᠨᠢᠭᠡ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠶ᠃ ᠳᠡᠭᠡᠳᠦ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠢ ᠴᠠᠭ ᠢ ᠠᠮᠵᠢᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠲᠠᠶᠢᠴᠢᠯᠠᠯᠳᠠ ᠶᠢ ᠲᠠᠬᠢᠨ ᠭᠦᠨᠵᠡᠭᠡᠶᠢᠷᠡᠭᠦᠯᠬᠦ ᠬᠡᠷᠡᠭᠲᠡᠶ᠃ ᠡᠯ᠎ᠡ ᠭᠠᠵᠠᠷ ᠣᠷᠣᠨ ᠤ ᠰᠠᠯᠠᠭ᠎ᠠ ᠮᠥᠴᠢᠷ ᠤᠳ ᠣᠯᠠᠨ ᠶᠠᠩᠵᠤ ᠶᠢᠨ ᠬᠡᠯᠪᠡᠷᠢ ᠲᠠᠢ᠂ ᠪᠦᠲᠦᠮᠵᠢᠲᠡᠶ ᠠᠷᠭ᠎ᠠ ᠮᠠᠶ᠋ᠢᠭ ᠢᠶᠠᠷ ᠤᠬᠠᠭᠤᠯᠤᠨ ᠬᠥᠲᠥᠯᠦᠨ ᠵᠢᠯᠣᠭᠤᠳᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠶᠢ ᠡᠷᠦᠬᠡ ᠳᠠᠷᠠᠭᠠᠯᠠᠨ ᠲᠠᠷᠬᠠᠭᠠᠬᠤ ᠶᠢᠨ ᠬᠠᠮᠲᠤ᠂ ᠣᠯᠠᠨ ᠵᠠᠭᠤᠴᠢᠯᠠᠭᠤᠷ᠂ ᠭᠠᠷ ᠤᠲᠠᠰᠤᠨ ᠤ ᠣᠬᠤᠷ ᠮᠡᠳᠡᠭᠡ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠨ᠂ ᠣᠯᠠᠨ ᠲᠦᠮᠡᠨ ᠢ ᠳᠠᠶᠢᠴᠢᠯᠠᠨ ᠥᠷᠭᠡᠨ ᠢᠶᠠᠷ ᠣᠷᠣᠯᠴᠠᠭᠤᠯᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ᠂ ᠣᠷᠣᠯᠴᠠᠬᠤ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ ᠂ ︽ᠬᠥᠮᠦᠨ ᠪᠦᠬᠦᠨ ᠡᠭᠦᠳᠦᠨ ᠪᠠᠶᠢᠭᠤᠯᠵᠤ᠂ ᠬᠥᠮᠦᠨ ᠪᠦᠬᠦᠨ ᠣᠷᠣᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠭᠤᠤᠯ ᠴᠣᠭᠴᠠ᠂ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ ᠨᠦᠭᠦᠳ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠵᠤ᠂ ᠬᠤᠲᠠ ᠶᠢᠨ ᠰᠠᠶᠢᠨ ᠰᠠᠶᠢᠬᠠᠨ ᠳᠦᠷᠰᠦ ᠪᠠᠶᠢᠳᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠳᠠᠭᠠᠨ ᠳᠠᠬᠢᠨ ᠬᠦᠴᠦᠯᠡᠬᠦ ᠬᠡᠷᠡᠭᠲᠡᠶ᠃ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠠᠯᠪᠠᠨ ᠬᠡᠷ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠠᠯᠪᠠᠨ ᠬᠡᠷ᠂ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠬᠠᠮᠲᠤᠷᠠᠨ ᠰᠢᠮᠳᠠᠭᠤᠯᠤᠨ᠂ ᠦᠨᠡᠨᠬᠦ ᠰᠢᠮᠳᠠᠭᠤᠯᠤᠨ ᠪᠠᠶᠢᠴᠠᠭᠠᠵᠤ᠂ ᠰᠢᠨ᠎ᠡ ︽ᠵᠢᠯᠣᠭᠤᠳᠬᠤ ᠲᠦᠷᠢᠮ︾᠎ ᠤᠨ ᠪᠠᠷᠢᠮᠵᠢᠶ᠎ᠠ ᠲᠠᠢ ᠬᠠᠷᠢᠴᠠᠭᠤᠯᠤᠨ ᠰᠢᠮᠳᠠᠭᠤᠯᠤᠨ ᠪᠠᠶᠢᠴᠠᠭᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠠᠵᠢᠯ ᠢᠶᠠᠨ ᠪᠣᠳᠠᠲᠠᠢ ᠬᠢᠭᠰᠡᠨ ᠦᠭᠡᠢ᠂ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠮᠠᠨ ᠤ ᠲᠤᠭᠤᠷᠢᠭ ᠤᠨ ᠪᠣᠯᠪᠠᠰᠤᠨ ᠬᠤᠳᠠ᠂ ᠡᠷᠡᠭᠦᠯ ᠬᠠᠮᠠᠭᠠᠯᠠᠯ ᠤᠨ ᠬᠤᠳᠠ ᠶᠢᠨ ᠤᠯᠤᠰ ᠤᠨ ᠲᠠᠬᠢᠨ ᠬᠢᠨᠠᠯᠲᠠ ᠶᠢ ᠴᠢᠨᠠᠷ ᠰᠠᠶᠢᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠡᠭᠡᠷ᠎ᠡ᠂ ᠯᠢᠦ ᠬᠠᠢ ᠴᠢᠤᠸᠠᠨ ᠪᠠᠰᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠰᠠᠶᠢᠵᠢᠷᠠᠭᠤᠯᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ 6 ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号