ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ《 ᠵᠢᠦ ᠶᠤᠸᠠᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠳᠠ ᠶᠢᠨ ᠠᠷᠭ᠎ᠠ 》 ᠶᠢᠨ ᠲᠤᠬᠠᠶ ᠳᠠᠷᠤᠮᠠᠯᠯᠠᠨ ᠲᠠᠷᠬᠠᠭᠠᠬᠤ ᠮᠡᠳᠡᠭᠳᠡᠯ ︵ᠨᠢᠭᠡ︶
ᠨᠡᠶᠢᠲᠡᠯᠡᠭᠰᠡᠨ ᠴᠠᠭ᠄
2021/8/25
                                  ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ                                  ᠠᠯᠪᠠᠨ ᠬᠡᠷ ᠤᠨ ᠲᠠᠷᠬᠠᠭᠠᠭᠰᠠᠨ ﹇2021﹈10  ᠳ᠋ᠤᠭᠠᠷ ᠲᠤᠭᠠᠳᠤ  ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠢ ᠳᠤ᠄        2021 ᠣᠨ ᠤ ᠨᠢᠭᠡᠳᠦᠭᠡᠷ ᠤᠳᠠᠭᠠᠨ ᠤ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ《 ᠵᠢᠥ ᠶᠤᠸᠠᠨ ᠲᠣᠭᠤᠷᠢᠭ ᠤᠨ ᠰᠤᠮᠤ ᠪᠠᠯᠭᠠᠰᠤᠨ ᠤ ᠬᠥᠳᠡᠭᠡ ᠲᠣᠰᠬᠤᠨ ᠤ ᠵᠠᠰᠠᠮᠠᠯ ᠵᠠᠮ ᠬᠠᠮᠢᠶᠠᠷᠴᠤ ᠠᠷᠠᠴᠢᠯᠠᠬᠤ ᠥᠷᠲᠡᠭᠡ ( ᠭᠠᠵᠠᠷ ) ᠶᠢᠨ ᠬᠠᠮᠢᠶᠠᠷᠤᠯᠲᠠ ᠶᠢᠨ ᠠᠷᠭ᠎ᠠ 》 ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃                                                                                  2021 ᠣᠨ ᠤ 1 ᠰᠠᠷ᠎ᠠ ᠶᠢᠨ 19 ᠤ ᠡᠳᠦᠷ        ᠵᠢᠦ ᠶᠤᠸᠠᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ              ᠨᠢᠭᠡᠳᠦᠭᠡᠷ ᠪᠦᠯᠦᠭ  ᠶᠡᠷᠦᠩᠬᠡᠢ ᠳᠦᠷᠢᠮ        ᠨᠢᠭᠡᠳᠦᠭᠡᠷ ᠵᠦᠶᠯ  ᠪᠦᠬᠦ ᠲᠤᠭᠤᠷᠢᠭ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠴᠢᠯᠠᠨ ᠬᠠᠮᠠᠭᠠᠯᠠᠬᠤ ᠶᠠᠰᠤ ᠴᠢᠨᠠᠷ ᠪᠣᠯᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠦᠯᠦᠭᠡ᠂《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ 》᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠤ《ᠬᠥᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ 》᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ  ᠤᠨ ᠬᠠᠮᠢᠶᠠᠷᠤᠯᠲᠠ ᠶᠢᠨ ᠠᠷᠭ᠎ᠠ 》ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ  ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃        ᠬᠤᠶᠠᠳᠤᠭᠠᠷ ᠵᠦᠶᠯ  ᠪᠦᠬᠦ ᠲᠤᠭᠤᠷᠢᠭ ᠤᠨ ᠬᠡᠪᠴᠢᠶᠡᠨ ᠳᠣᠲᠣᠷᠠᠬᠢ ᠪᠤᠶ ᠪᠦᠬᠦᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠳᠤ ᠲᠤᠰ ᠠᠷᠭ᠎ᠠ ᠲᠣᠬᠢᠷᠠᠨ᠎ᠠ᠃ ᠲᠤᠰ ᠠᠷᠭ᠎ᠠ ᠳᠤ ᠬᠡᠯᠡᠵᠦ ᠪᠠᠶᠢᠭ᠎ᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠳᠤ ᠰᠢᠶᠠᠨ ᠤ ᠵᠠᠮ᠂ ᠰᠢᠶᠠᠩ  ᠤᠨ ᠵᠠᠮ᠂ ᠲᠣᠰᠬᠤᠨ ᠤ ᠵᠠᠮ ᠬᠢᠭᠡᠳ ᠵᠠᠮ ᠳᠠᠭᠠᠤ ᠶᠢᠨ ᠬᠥᠭᠦᠷᠭᠡ᠂ ᠭᠤᠯᠳᠤᠩ ᠠᠭᠤᠶ ᠪᠣᠯᠤᠨ ᠪᠤᠰᠤᠳ ᠵᠠᠮ ᠬᠠᠷᠢᠯᠴᠠᠭᠠᠨ ᠤ ᠪᠡᠯᠡᠳᠬᠡᠮᠵᠢ ᠪᠠᠭᠲᠠᠨ᠎ᠠ᠃        ᠭᠤᠷᠪᠠᠳᠤᠭᠠᠷ ᠵᠦᠶᠯ  ᠪᠦᠬᠦ ᠲᠤᠭᠤᠷᠢᠭ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠨᠢ《 ᠲᠤᠭᠤᠷᠢᠭ ᠢᠶᠠᠷ ᠭᠤᠤᠯ ᠪᠣᠯᠭᠠᠬᠤ᠂ ᠱᠠᠲᠤ ᠬᠤᠪᠢᠶᠠᠨ ᠬᠠᠷᠢᠭᠤᠴᠠᠬᠤ᠂ ᠰᠢᠶᠠᠩ ᠲᠣᠰᠬᠤᠨ ᠬᠠᠮᠵᠢᠯᠴᠠᠬᠤ᠂ ᠣᠯᠠᠨ ᠲᠦᠮᠡᠨ ᠣᠷᠣᠯᠴᠠᠬᠤ᠂ ᠰᠠᠭᠠᠳ ᠦᠭᠡᠶ ᠨᠡᠪᠲᠡᠷᠡᠬᠦ ᠶᠢ ᠪᠠᠲᠤᠯᠠᠬᠤ 》ᠵᠠᠷᠴᠢᠮ ᠢ ᠵᠢᠷᠤᠮᠯᠠᠨ᠂ ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠪᠦᠬᠦ ᠲᠤᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ᠂ ᠰᠢᠪᠠᠳᠠᠨ ᠪᠠᠶᠢᠴᠠᠭᠠᠬᠤ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠲᠤᠭᠤᠷᠢᠭ ᠤᠨ ᠵᠠᠰᠠᠮᠠᠯ ᠵᠠᠮ ᠤᠨ ᠬᠠᠮᠢᠶᠠᠷᠤᠯᠲᠠ  ᠶᠢᠨ ᠬᠡᠰᠡᠭ ᠨᠢ ᠰᠢᠶᠠᠨ ᠤ ᠱᠠᠲᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ᠂ ᠰᠢᠶᠠᠩ ᠲᠣᠰᠬᠤᠨ ᠤ ᠱᠠᠲᠤᠨ ᠤ ᠵᠠᠰᠠᠮᠠᠯ ᠵᠠᠮ ᠤᠨ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠡᠯ᠎ᠡ ᠰᠤᠮᠤ ᠪᠠᠯᠭᠠᠰᠤ ᠨᠢ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠥᠷᠲᠡᠭᠡ ᠪᠠᠶᠢᠭᠤᠯᠵᠤ᠂ ᠡᠯ᠎ᠡ ᠭᠠᠴᠠᠭ᠎ᠠ ᠲᠣᠰᠬᠤᠨ ᠨᠢ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠭᠠᠵᠠᠷ ᠪᠠᠶᠢᠭᠤᠯᠵᠤ᠂ ᠠᠷᠠᠴᠢᠯᠠᠨ ᠬᠠᠮᠠᠭᠠᠯᠠᠬᠤ ᠭᠠᠵᠠᠷ ᠨᠢ ᠲᠤᠰ ᠪᠠᠯᠭᠠᠰᠤᠨ ᠤ ᠬᠠᠮᠢᠶᠠᠷᠴᠤ ᠠᠷᠠᠴᠢᠯᠠᠬᠤ ᠥᠷᠲᠡᠭᠡ ᠳᠤ ᠬᠠᠷᠢᠶᠠᠯᠠᠭᠳᠠᠨ ᠬᠠᠮᠢᠶᠠᠷᠬᠤ ᠬᠡᠷᠡᠭᠲᠡᠶ᠃        ᠳᠥᠷᠪᠡᠳᠦᠭᠡᠷ ᠵᠦᠶᠯ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠪᠦᠬᠦ ᠲᠤᠭᠤᠷᠢᠭ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠪᠥᠭᠡᠳ ᠲᠤᠰ ᠭᠠᠵᠠᠷ ᠣᠷᠣᠨ ᠤ ᠪᠠᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠳᠤ ᠭᠤᠤᠯ ᠬᠠᠷᠢᠭᠤᠴᠠᠯᠭ᠎ᠠ ᠶᠢ ᠡᠭᠦᠷᠭᠡᠯᠡᠨ᠎ᠡ᠃ ᠲᠤᠰ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠭᠰᠡᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠵᠤ᠂ ᠲᠣᠭᠤᠷᠢᠭ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠪᠠᠶᠢᠭᠤᠯᠤᠮᠵᠢ ᠪᠣᠯᠤᠨ ᠠᠵᠢᠯᠲᠠᠨ ᠢ ᠨᠠᠶᠢᠳᠠᠪᠤᠷᠢᠵᠢᠭᠤᠯᠬᠤ ᠶᠢᠨ ᠬᠠᠮᠲᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠳᠤ ᠬᠡᠷᠡᠭᠰᠡᠬᠦ ᠪᠡᠯᠡ ᠮᠥᠩᠭᠦ ᠶᠢ ᠲᠤᠭᠤᠷᠢᠭ ᠤᠨ ᠡᠳ ᠤᠨ ᠵᠠᠰᠠᠭ ᠤᠨ ᠲᠥᠰᠦᠪ ᠲᠤ ᠣᠷᠣᠭᠤᠯᠬᠤ ᠬᠡᠷᠡᠭᠲᠡᠶ᠃        ᠲᠠᠪᠤᠳᠤᠭᠠᠷ ᠵᠦᠶᠯ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠪᠠᠶᠢᠭᠤᠯᠬᠤ ᠶᠢᠨ ᠬᠠᠮᠲᠤ ᠲᠠᠷᠢᠶᠠᠯᠠᠬᠤ ᠮᠠᠯᠵᠢᠬᠤ ᠣᠷᠣᠨ  ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠣᠨ ᠤ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠭᠤᠯᠭ᠎ᠠ ᠳᠠᠭᠠᠨ ᠣᠷᠣᠭᠤᠯᠬᠤ ᠬᠡᠷᠡᠭᠲᠡᠶ᠃        ᠵᠢᠷᠭᠤᠳᠤᠭᠠᠷ ᠵᠦᠶᠯ  ᠬᠥᠳᠡᠭᠡ ᠲᠣᠰᠬᠤᠨ ᠤ ᠵᠠᠰᠠᠮᠠᠯ ᠵᠡᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ  ᠳᠤ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠤᠷᠠᠨ ᠮᠡᠷᠭᠡᠰᠢᠯ᠂ ᠰᠢᠨ᠎ᠡ ᠲᠤᠨᠤᠬ ᠲᠥᠬᠦᠭᠡᠷᠦᠮᠵᠢ ᠬᠡᠷᠡᠭᠯᠡᠬᠦ  ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠡᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠡᠰᠦᠷᠡᠯᠳᠠ ᠤᠢᠭᠡᠢ ᠳᠡᠭᠡᠭᠰᠢᠯᠡᠭᠦᠯᠦᠨ᠎ᠡ᠃                ᠬᠤᠶᠠᠳᠤᠭᠠᠷ ᠪᠦᠯᠦᠭ  ᠠᠵᠢᠯ ᠤᠨ ᠡᠭᠦᠷᠭᠡ ᠬᠠᠷᠢᠭᠤᠴᠠᠯᠭ᠎ᠠ        ᠳᠣᠯᠣᠳᠤᠭᠠᠷ ᠵᠦᠶᠯ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠪᠦᠬᠦ ᠲᠤᠭᠤᠷᠢᠭ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠪᠠ ᠪᠣᠳᠠᠲᠠᠶ ᠲᠥᠷᠥᠯ ᠵᠦᠶᠯ ᠤᠨ ᠲᠥᠯᠥᠪᠯᠡᠭᠡ ᠶᠢ ᠬᠢᠨᠠᠬᠤ ᠶᠢ ᠬᠠᠷᠢᠭᠤᠴᠠᠵᠤ᠂ ᠬᠥᠳᠡᠭᠡ ᠲᠣᠰᠬᠤᠨ  ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠴᠤᠭᠯᠠᠭᠤᠯᠤᠨ ᠲᠣᠬᠢᠷᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ᠂ ᠣᠨ ᠤ ᠠᠵᠢᠯ ᠤᠨ ᠬᠢᠨᠠᠨ ᠰᠢᠯᠭᠠᠯᠲᠠ ᠶᠢ ᠰᠠᠶᠢᠲᠤᠷ ᠬᠢᠬᠦ ᠬᠡᠷᠡᠭᠲᠡᠶ᠃        ᠨᠠᠶᠮᠠᠳᠤᠭᠠᠷ ᠵᠦᠶᠯ  ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠬᠦ ᠲᠤᠭᠤᠷᠢᠭ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠬᠠᠮᠢᠶᠠᠷᠬᠤ ᠪᠠ ᠵᠢᠯᠣᠭᠤᠳᠤᠨ᠎ᠠ᠃ ᠲᠡᠭᠦᠨ ᠤ ᠡᠭᠦᠷᠭᠡ ᠬᠠᠷᠢᠭᠤᠴᠠᠯᠭ᠎ᠠ ᠪᠣᠯ᠄ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠬᠡᠷᠡᠭᠵᠢᠭᠦᠯᠦᠨ᠎ᠡ︔ ᠬᠥᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠤᠭᠳᠠᠭᠠᠬᠤ᠂ ᠪᠠᠶᠢᠴᠠᠭᠠᠬᠤ᠂ ᠬᠢᠨᠠᠨ ᠰᠢᠯᠭᠠᠬᠤ ᠲᠥᠯᠥᠪᠯᠡᠭᠡ ᠶᠢ ᠬᠡᠷᠡᠭᠵᠢᠭᠦᠯᠬᠦ ᠪᠠ ᠠᠷᠠᠴᠢᠯᠠᠨ ᠬᠠᠮᠠᠭᠠᠯᠠᠬᠤ ᠶᠠᠰᠤ ᠴᠢᠨᠠᠷ ᠢ ᠬᠢᠨᠠᠨ ᠰᠢᠯᠭᠠᠵᠤ ᠦᠨᠡᠯᠡᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠬᠠᠮᠢᠶᠠᠷᠤᠨ ᠬᠡᠷᠡᠭᠯᠡᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠣᠨ ᠤ ᠠᠷᠠᠴᠢᠯᠠᠨ ᠬᠠᠮᠠᠭᠠᠯᠠᠬᠤ᠂ ᠶᠡᠭᠡ ᠳᠤᠮᠳᠠ ᠬᠡᠮᠵᠢᠶ᠎ᠡ ᠪᠠᠷ ᠵᠠᠰᠠᠬᠤ ᠪᠠᠷᠢᠯᠭ᠎ᠠ ᠶᠢᠨ ᠲᠥᠯᠥᠪᠯᠡᠭᠡ ᠶᠢ ᠪᠠᠭᠤᠯᠭᠠᠬᠤ ᠬᠡᠷᠡᠭᠲᠡᠶ︔ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠡᠭᠦᠷᠭᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠬᠢᠭᠡᠳ ᠵᠠᠮ ᠤᠨ ᠬᠥᠷᠥᠩᠭᠡ ᠶᠢ ᠬᠠᠮᠠᠭᠠᠯᠠᠬᠤ ᠠᠵᠢᠯ ᠳᠤ ᠬᠢᠨᠠᠯᠲᠠ ᠲᠠᠯᠪᠢᠵᠤ᠂ ᠵᠢᠯᠣᠭᠤᠳᠤᠨ᠂ ᠪᠠᠶᠢᠴᠠᠭᠠᠵᠤ᠂ ᠬᠢᠨᠠᠨ ᠰᠢᠯᠭᠠᠨ᠎ᠠ᠃        ᠶᠢᠰᠦᠳᠦᠭᠡᠷ ᠵᠦᠶᠯ  ᠵᠢᠤ ᠶᠤᠸᠠᠨ ᠲᠣᠭᠤᠷᠢᠭ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠬᠡᠰᠡᠭ ᠨᠢ ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠶᠡᠷᠦᠩᠬᠡᠶ ᠲᠥᠯᠥᠪᠵᠢᠭᠦᠯᠭᠡ ᠶᠢᠨ ᠳᠣᠤᠷ᠎ᠠ᠂ ᠪᠦᠬᠦ ᠲᠣᠭᠤᠷᠢᠭ ᠤᠨ ᠬᠡᠪᠴᠢᠶᠡᠨ ᠳᠣᠲᠣᠷᠠᠬᠢ ᠰᠢᠶᠠᠨ ᠤ ᠱᠠᠲᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠰᠤᠮᠤ ᠪᠠᠯᠭᠠᠰᠤᠨ ᠤ ᠬᠠᠮᠢᠶᠠᠷᠤᠨ ᠠᠷᠠᠴᠢᠯᠠᠬᠤ ᠥᠷᠲᠡᠭᠡ᠂ ᠭᠠᠴᠠᠭ᠎ᠠ ᠲᠣᠰᠬᠤᠨ ᠤ ᠠᠷᠠᠴᠢᠯᠠᠨ ᠬᠠᠮᠠᠭᠠᠯᠠᠬᠤ ᠭᠠᠵᠠᠷ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ  ᠢ ᠬᠠᠷᠢᠭᠤᠴᠠᠨ ᠵᠢᠯᠣᠭᠤᠳᠬᠤ ᠶᠢᠨ ᠬᠠᠮᠲᠤ ᠡᠯ᠎ᠡ ᠰᠤᠮᠤ ᠪᠠᠯᠭᠠᠰᠤᠨ ᠤ ᠬᠠᠮᠢᠶᠠᠷᠤᠨ ᠠᠷᠠᠴᠢᠯᠠᠬᠤ ᠥᠷᠲᠡᠭᠡ᠂ ᠠᠷᠠᠴᠢᠯᠠᠨ ᠬᠠᠮᠠᠭᠠᠯᠠᠬᠤ ᠭᠠᠵᠠᠷ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠣᠯᠤᠨ ᠮᠡᠷᠭᠡᠵᠢᠯ ᠤᠨ ᠵᠢᠯᠣᠭᠤᠳᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃        ᠠᠷᠪᠠᠳᠤᠭᠠᠷ ᠵᠦᠶᠯ  ᠡᠯ᠎ᠡ ᠰᠤᠮᠤ ᠪᠠᠯᠭᠠᠰᠤᠨ ᠤ ᠬᠠᠮᠢᠶᠠᠷᠤᠨ ᠠᠷᠠᠴᠢᠯᠠᠬᠤ ᠥᠷᠲᠡᠭᠡ ᠨᠢ ᠬᠠᠷᠢᠶ᠎ᠠ ᠣᠷᠣᠨ  ᠤ ᠪᠠᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠭᠠᠴᠠᠭ᠎ᠠ ᠲᠣᠰᠬᠤᠨ ᠢ ᠵᠢᠯᠣᠭᠤᠳᠤᠨ ᠲᠣᠰᠬᠤᠨ ᠤ ᠱᠠᠲᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠬᠠᠮᠢᠶᠠᠷᠬᠤ ᠵᠢᠴᠢ ᠵᠠᠰᠠᠮᠠᠯ ᠵᠠᠮ ᠢ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃        ᠠᠷᠪᠠᠨ ᠨᠢᠭᠡᠳᠦᠭᠡᠷ ᠵᠦᠶᠯ  ᠭᠠᠴᠠᠭ᠎ᠠ ᠲᠣᠰᠬᠤᠨ ᠤ ᠠᠷᠠᠴᠢᠯᠠᠨ ᠬᠠᠮᠠᠭᠠᠯᠠᠬᠤ ᠭᠠᠵᠠᠷ ᠨᠢ ᠲᠤᠰ ᠲᠣᠰᠬᠤᠨ ᠤ ᠱᠠᠲᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ᠂ ᠬᠠᠮᠢᠶᠠᠷᠬᠤ ᠵᠢᠴᠢ ᠵᠠᠰᠠᠮᠠᠯ ᠵᠠᠮ ᠢ ᠲᠣᠭᠤᠷᠢᠨ ᠪᠠᠶᠢᠴᠠᠭᠠᠬᠤ ᠠᠵᠢᠯ ᠢ ᠬᠠᠷᠢᠭᠤᠴᠠᠬᠤ ᠬᠡᠷᠡᠭᠲᠡᠶ᠃
 
ᠢᠷᠡᠯᠲᠡ᠄ ᠵᠢᠥ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号