2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2022/1/17
                ᠵᠠᠰᠠᠭ ᠤᠨ ᠣᠷᠳᠣᠨ ᠤ ᠠᠵᠢᠯ ᠤᠨ ᠢᠯᠡᠳᠬᠡᠯ— 2022 ᠣᠨ ᠤ 1 ᠰᠠᠷ᠎ᠠ ᠶᠢᠨ 8 ᠤ ᠡᠳᠦᠷ ᠵᠢᠤ ᠶᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ     ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ    ᠯᠢᠦ ᠰᠢᠶᠣᠤ ᠫᠢᠩᠲᠥᠯᠥᠭᠡᠯᠡᠭᠴᠢᠳ ᠡ᠄         ᠣᠳᠣ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠭᠡᠳ  ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃        ᠨᠢᠭᠡ᠂ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠲᠤᠬᠠᠢ ᠡᠷᠭᠢᠴᠡᠭᠦᠯᠦᠯ᠃       ᠲᠣᠭᠤᠷᠢᠭ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠨᠠᠰᠢᠬᠢ ᠳᠥᠷᠪᠡᠨ ᠵᠢᠯ ᠪᠣᠯ ᠮᠠᠨ ‍ᠤ‌‍ᠲ᠋ᠣᠭᠤᠷᠢᠭ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠳᠥᠷᠪᠡᠨ ᠵᠢᠯ ᠪᠣᠯᠤᠨ᠎ᠠ᠃ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠣᠷᠴᠢᠨ ᠲᠣᠭᠤᠷᠢᠨ᠂ ᠬᠠᠲᠠᠭᠤ ᠪᠡᠷᠬᠡ ᠨᠦᠰᠡᠷ ᠬᠦᠨᠳᠦ ᠥᠭᠡᠷᠡᠴᠢᠯᠡᠯᠲᠡ ᠶᠢᠨ ᠡᠭᠦᠷᠭᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠠ᠂ ᠰᠢᠨ᠎ᠡ ᠬᠥᠭᠵᠢᠯᠲᠡ ᠶᠢᠨ ᠣᠨᠣᠯᠵᠢᠬᠤᠨ ᠢᠶᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ︽135︾ ᠶᠢᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠦᠨ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠰᠢᠨ᠎ᠡ ᠠᠮᠵᠢᠯᠲᠠ ᠤᠯᠪᠠ᠃       —ᠭᠠᠵᠠᠷ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠴᠢᠩᠭᠠᠷᠠᠪᠠ᠃ ᠪᠢᠳᠡ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠤᠷᠤᠭᠰᠢᠯᠠᠯᠲᠠ ᠶᠢᠨ ᠳᠤᠮᠳᠠ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠲᠣᠭᠲᠠᠭᠤᠨ ᠢᠶᠠᠷ ᠨᠡᠮᠡᠭᠳᠡᠪᠡ᠃ ᠳᠥᠷᠪᠡᠨ ᠵᠢᠯ ᠤᠨ ᠲᠤᠷᠰᠢ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ ᠨᠡᠶᠢᠲᠡ 1012.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 5.7 % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 60.6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤᠮᠳᠠᠴᠢ ᠪᠠᠷ 3 .4 % ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 256.4 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 3.4 % ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 56018 ᠲᠥᠭᠦᠷᠢᠭ᠂ 27201 ᠲᠥᠭᠦᠷᠢᠭ ᠲᠤ ᠬᠦᠷᠴᠦ᠂ ᠵᠢᠯ ᠳᠤᠮᠳᠠᠴᠢ ᠪᠠᠷ ᠲᠣᠰ ᠲᠣᠰ 5.7 %᠂ 8.6 % ᠨᠡᠮᠡᠭᠳᠡᠪᠡ᠃ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠥᠷᠭᠡᠳᠬᠡᠬᠦ ᠶᠢ ᠡᠷᠡᠰ ᠭᠤᠶᠢᠪᠢᠰᠢ ᠦᠭᠡᠢ ᠠᠳᠬᠤᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ ᠨᠡᠶᠢᠲᠡ 323 ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 387.8 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠣᠷᠣᠨ ᠪᠦᠰᠡ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢᠯᠡᠳᠲᠡ ᠳᠡᠭᠡᠭᠰᠢᠯᠡᠵᠦ᠂ ᠤᠯᠤᠰ ᠤᠨ ᠲᠠᠰ ᠤᠨ ᠢᠷᠠᠭᠤ ᠠᠯᠳᠠᠷ 37 ᠵᠦᠢᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ᠢᠷᠠᠭᠤ ᠠᠯᠳᠠᠷ 79 ᠵᠦᠢᠯ᠂ ᠬᠤᠲᠠ ᠶᠢᠨ ᠲᠠᠰ ᠤᠨ ᠱᠠᠩᠨᠠᠯ 106 ᠵᠦᠢᠯ᠂ 2020 ᠣᠨ ᠤ ᠥᠪᠡᠷᠲᠡᠭᠡᠨ ᠵᠠᠰᠠᠬᠤ ᠣᠷᠣᠨ ᠤ 103 ᠰᠢᠶᠠᠨ ᠤ ᠬᠡᠪᠴᠢᠶᠡᠨ ᠤ ᠠᠵᠤ ᠠᠬᠤᠶ ᠶᠢᠨ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠳᠤ 19 ᠳ᠋ᠦᠭᠡᠷ ᠲᠤ ᠵᠢᠭᠰᠠᠭᠠᠭᠳᠠᠪᠠ        —ᠠᠵᠤ ᠦᠢᠯᠡᠰ ᠤᠨ ᠬᠥᠭᠵᠢᠯᠲᠡ ᠶᠢᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠭᠤᠷᠪᠠᠨ ᠠᠵᠤ ᠦᠢᠯᠡᠰ ᠤᠨ ᠪᠦᠲᠦᠴᠡ 2017 ᠣᠨ ᠳᠤ 4.6᠄ 52.5᠄ 42.9 ᠪᠠᠶᠢᠭᠰᠠᠨ ᠠᠴᠠ ᠪᠠᠨ 3.1᠄ 46.2᠄ 50.7 ᠪᠣᠯᠵᠣ ᠰᠢᠯᠢᠳᠡᠭᠵᠢᠨ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ 7 . 8 ᠵᠠᠭᠤᠨ ᠤ ᠨᠢᠭᠡᠴᠢ ᠳᠡᠭᠡᠭᠰᠢᠯᠡᠪᠡ᠃ ᠠᠵᠤ ᠦᠢᠯᠡᠳᠪᠦᠷᠢ ᠲᠣᠭᠲᠠᠭᠤᠨ ᠢᠶᠠᠷ ᠬᠥᠭᠵᠢᠪᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠣᠭᠤᠷᠢᠭ ᠤᠨ ᠭᠤᠣᠯ ᠲᠣᠭᠤᠷᠢᠭ ᠢᠶᠠᠷ ᠵᠥᠪᠰᠢᠶᠡᠷᠡᠭᠳᠡᠵᠦ᠂ ᠳᠥᠷᠪᠡᠨ ᠵᠢᠯ ᠳᠤ ᠨᠡᠶᠢᠲᠡ 3.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 45 ᠵᠦᠢᠯ ᠤᠨ ᠰᠠᠭᠤᠷᠢ ᠲᠥᠬᠦᠷ ᠢᠨᠵᠧᠨᠧᠷᠢᠩ ᠢ ᠬᠡᠷᠡᠭᠵᠢᠭᠦᠯᠦᠨ᠂ ᠬᠡᠯᠪᠡᠷᠢ ᠪᠠᠨ ᠬᠤᠪᠢᠷᠠᠭᠤᠯᠤᠭᠰᠠᠨ ︽ᠦᠬᠦᠰᠢᠷᠡᠮᠡᠯ ᠠᠵᠤ ᠠᠬᠤᠶᠢᠯᠠᠯ︾ ᠢ 15 ᠶᠢ ᠴᠡᠪᠡᠷᠯᠡᠨ ᠴᠡᠭᠴᠡᠯᠡᠵᠦ᠂ ᠫᠦ ᠵᠢᠩ ᠪᠥᠭᠡᠭᠡᠨᠡᠷᠡᠯ ᠡᠲ᠋ᠠᠨᠤᠯ ᠬᠦᠴᠢᠯ᠂ ᠭᠤᠸᠠᠩ ᠸᠧᠢ ᠨᠡᠭᠦᠷᠡᠰᠦᠲᠦᠷᠦᠭᠴᠢ ᠰᠢᠷᠬᠡᠭᠯᠢᠭ᠂ ᠬᠤᠪᠣᠷ ᠰᠢᠷᠣᠢ ᠶᠢᠨ ᠲᠡᠮᠦᠷᠯᠢᠭ ᠤᠨ ᠰᠠᠭᠤᠷᠢᠨ ᠭᠠᠵᠠᠷ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ 37 ᠶᠢ ᠲᠡᠳᠡᠨ ᠣᠷᠣᠭᠤᠯᠵᠤ᠂ ᠳᠡᠭᠡᠰᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 9 ᠶᠢ ᠰᠢᠨ᠎ᠡ ᠪᠠᠷ ᠨᠡᠮᠡᠭᠳᠡᠭᠦᠯᠦᠨ᠂ ᠠᠵᠤ ᠦᠢᠯᠡᠳᠪᠤᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 595 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠦᠵᠡᠬᠦ ᠴᠤᠭᠯᠠᠭᠠᠨ ᠢ ᠬᠤᠶᠠᠷ ᠵᠢᠯ ᠳᠠᠷᠠᠭᠠᠯᠠᠨ ᠳᠠᠭᠠᠭᠠᠴᠢᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠳᠡᠰ ᠤᠨ ᠬᠦᠷᠢᠶᠡᠯᠡᠩ ᠲᠣᠭᠤᠷᠢᠭ ᠢ ᠠᠮᠵᠢᠯᠲᠠ ᠲᠠᠢ ᠪᠠᠶᠢᠭᠤᠯᠤᠨ᠂ ᠦᠢᠯᠡᠴᠢᠯᠡᠭᠡᠨ ᠤ ᠦᠢᠯᠡᠰ ᠳᠡᠰ ᠳᠡᠪᠰᠢᠪᠡ᠃ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠲᠦᠷᠭᠡᠨ ᠬᠥᠭᠵᠢᠵᠦ᠂ ᠪᠤᠭᠤᠲᠤ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ︵B ᠬᠡᠯᠪᠡᠷᠢ︶ ᠪᠣᠭᠤᠮᠲᠠ ᠬᠠᠭᠠᠵᠤ ᠡᠵᠡᠩᠨᠡᠨ᠂ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠨᠡᠶᠢᠲᠡ 9.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ 4B ᠪᠠᠲᠤᠯᠠᠭ᠎ᠠ ᠶᠢᠨ ᠲᠡᠷᠢᠭᠦᠨ ᠳᠤ ᠣᠷᠣᠪᠠ︔ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠥᠪ 42 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠬᠠᠮᠤᠭ ᠤᠨ ᠲᠡᠷᠢᠭᠦᠨ ᠳᠤ ᠪᠥᠬᠦ ᠬᠤᠲᠠ ᠳᠤ ︽ᠬᠠᠶᠢᠷᠴᠠᠭ ᠬᠠᠶᠠᠬᠤ + ᠤᠶᠤᠨᠲᠤ ᠵᠠᠰᠠᠮᠠᠯ ᠵᠠᠮ ᠤᠨ ᠪᠠᠷᠠᠭᠠᠨ ᠤ ᠭᠦᠢᠯᠭᠡᠭᠡ︾ ᠶᠢᠨ ᠲᠡᠭᠡᠭᠡᠪᠦᠷᠢ ᠶᠢᠨ ᠵᠠᠭᠪᠤᠷ ᠢ ᠬᠡᠷᠡᠭᠵᠢᠭᠦᠯᠵᠦ᠂ ᠳᠥᠷᠪᠡᠨ ᠵᠢᠯ ᠳᠠᠷᠠᠭᠠᠯᠠᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠵᠦ᠂ ᠪᠥᠬᠦ ᠬᠤᠲᠠ ᠶᠢᠨ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭᠠᠨ ᠤ ᠴᠢᠬᠤᠯᠠ ᠠᠴᠢᠶᠠᠯᠠᠪᠤᠷᠢ ᠶᠢᠨ ᠲᠠᠪᠴᠠᠩ ᠪᠣᠯᠪᠠ᠃ ᠰᠢᠨ᠎ᠡ ᠬᠤᠲᠠ ᠶᠢᠨ ᠲᠣᠭᠤᠷᠢᠭ ᠤᠨ ᠴᠤᠭᠯᠠᠷᠠᠯ ᠤᠨ ᠦᠢᠯᠡᠳᠦᠯ ᠲᠣᠪᠤᠶᠢᠮ᠎ᠠ ᠪᠠᠶᠢᠵᠤ᠂ ᠸᠠᠨ ᠺᠧ ᠹᠸᠢ ᠼᠦᠢ᠂ ᠵᠥᠩ ᠬᠠᠶ ᠾᠧ ᠱᠠᠨ ᠵᠢᠶᠦ᠋ᠨ ᠵᠡᠷᠭᠡ ᠶᠠᠰᠤ ᠴᠢᠨᠠᠷ ᠭᠠᠵᠠᠷ ᠰᠢᠷᠣᠶ ᠶᠢᠨ ᠬᠥᠷᠥᠩᠭᠡ ᠤᠷᠢᠳ ᠬᠤᠵᠢᠳ ᠨᠠᠶᠢᠳᠠᠪᠤᠷᠢᠵᠢᠭᠤᠯᠤᠭᠳᠠᠵᠤ᠂ ᠸᠠᠨ ᠳ᠋ᠠ ᠠᠭᠤᠳᠠᠮ ᠲᠠᠯᠠᠪᠠᠶ᠂ ᠪᠥᠸᠧ ᠡᠯ ᠮᠠᠨ ᠪᠠᠭᠤᠳᠠᠯ ᠵᠡᠷᠭᠡ ᠬᠤᠳᠠᠯᠳᠤᠭᠠᠨ ᠤ ᠦᠢᠯᠡᠰ ᠢ ᠢᠵᠢ ᠪᠦᠷᠢᠳᠦᠭᠦᠯᠦᠨ ᠪᠠᠶᠢᠭᠤᠯᠤᠨ ᠡᠵᠡᠩᠨᠡᠯᠲᠡ ᠳᠤ ᠣᠷᠣᠭᠤᠯᠵᠤ᠂ ᠲᠢᠶᠠᠨ ᠹᠦ᠋ ᠲᠠᠯᠠᠪᠠᠶ᠂ ᠶᠢᠨ ᠴᠤᠸᠠᠩ ᠲᠣᠮᠣ ᠠᠰᠠᠷ ᠵᠡᠷᠭᠡ ᠠᠰᠠᠷ ᠲᠠᠭᠲᠤ ᠶᠢᠨ ᠠᠵᠤ ᠠᠬᠤᠶ ᠡᠳᠦᠷ ᠢᠷᠡᠬᠦᠶ᠎ᠡ ᠴᠡᠴᠡᠭᠯᠡᠨ ᠬᠥᠭᠵᠢᠵᠦ᠂ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ᠂ ᠵᠣᠣ ᠱᠠᠩ ᠪᠠᠩᠬᠢ ᠵᠡᠷᠭᠡ ᠮᠥᠩᠭᠦᠨ ᠭᠦᠢᠯᠭᠡᠭᠡᠨ ᠤ ᠶᠡᠷᠦᠩᠬᠡᠶ ᠬᠡᠯᠲᠡᠰ ᠠᠮᠵᠢᠯᠲᠠ ᠲᠠᠢ ᠪᠠᠷ ᠣᠷᠣᠵᠤ ᠰᠠᠭᠤᠨ᠂ ᠴᠤᠤ ᠵᠢᠦᠢ ᠨᠢᠳᠦᠨ ᠰᠠᠯᠠᠭ᠎ᠠ ᠶᠢᠨ ᠰᠢᠶᠠᠩᠭᠠᠩ ᠤᠨ ᠠᠷᠠᠯᠵᠢᠶᠠᠨ ᠤ ᠭᠠᠵᠠᠷ ᠤᠨ ᠭᠤᠤᠯ ᠬᠠᠪᠲᠠᠰᠤ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠪᠠ᠃ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 10.3 ᠲᠦᠮᠡᠨ ᠮᠥ ᠪᠠᠶᠢᠭᠤᠯᠵᠤ ᠂ ᠣᠶᠤᠨᠴᠢᠯᠠᠭᠰᠠᠨ ᠬᠦᠯᠡᠮᠵᠢ ᠶᠢ ᠨᠡᠶᠢᠲᠡ 13.3 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠵᠤ᠂ ᠠᠮᠤ ᠪᠤᠳᠠᠭᠠᠨ ᠤ ᠵᠢᠯ ᠤᠨ ᠦᠢᠯᠡᠳᠪᠤᠷᠢᠯᠡᠯ ᠤᠨ ᠴᠢᠳᠠᠪᠤᠷᠢ ᠶᠢ 2 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠪᠠ᠃ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ 43 ᠪᠤᠶᠢᠵᠢᠭᠤᠯᠵᠤ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ 106 ᠶᠢ ᠭᠡᠷᠡᠴᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 70% ᠳᠤ ᠬᠦᠷᠦᠭᠦᠯᠦᠨ᠎ᠡ᠃ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 148 ᠲᠡᠳᠬᠦᠵᠦ᠂ ᠮᠠᠯ ᠠᠵᠤ ᠠᠬᠤᠢ ᠶᠢᠨ ᠬᠡᠪᠴᠢᠶᠡᠵᠢᠭᠰᠡᠨ ᠬᠢᠷᠢ ᠲᠦᠪᠰᠢᠨ 75% ᠳᠤ ᠬᠥᠷᠪᠡ᠃ ᠪᠥᠬᠦ ᠤᠯᠤᠰ ᠤᠨ ᠲᠠᠷᠢᠶᠠᠴᠢᠳ ᠤᠨ ᠬᠤᠷᠰᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠷᠰᠢᠯᠲᠠ ᠶᠢᠨ ᠴᠡᠭ ᠤᠨ ᠨᠢᠭᠡᠴᠡ ᠪᠠᠷ ᠵᠥᠪᠰᠢᠶᠡᠷᠡᠭᠳᠡᠪᠡ᠃ ᠢᠳᠡᠭᠡᠨ ᠤ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ 11 ᠠᠵᠤ ᠠᠬᠤᠶᠢᠯᠠᠯ ᠣᠷᠣᠵᠤ ᠨᠤᠲᠤᠭᠰᠢᠨ᠂ ᠭᠤᠷᠪᠠᠳᠤᠭᠠᠷ ᠪᠦᠯᠦᠭ ᠤᠨ ᠤᠯᠤᠰ ᠠᠴᠠ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠰᠣᠩᠭᠤᠭᠳᠠᠪᠠ᠃       —ᠭᠤᠣᠯᠳᠠᠯᠭ᠎ᠠ ᠲᠠᠢ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠪᠣᠳᠠᠲᠤ ᠦᠷ᠎ᠡ ᠪᠦᠲᠦᠮᠵᠢ ᠤᠯᠪᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠲᠠᠰᠤᠷᠠᠯᠲᠠ ᠦᠭᠡᠢ ᠪᠠᠬᠢᠵᠢᠪᠡ᠃ ᠲᠣᠭᠤᠷᠢᠭ᠂ ᠪᠠᠯᠭᠠᠰᠤ᠂ ᠲᠣᠰᠬᠤᠨ᠂ ᠨᠡᠶᠢᠭᠡᠮ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠶᠠᠳᠠᠭᠤ ᠶᠢ ᠲᠡᠳᠬᠦᠬᠦ ᠪᠠᠶᠢᠷᠢᠰᠢᠯ ᠢ ᠪᠠᠶᠢᠭᠤᠯᠵᠤ᠂ ᠠᠵᠤ ᠦᠢᠯᠡᠰ ᠢᠶᠠᠷ ᠲᠡᠳᠬᠦᠨ ᠳᠡᠮᠵᠢᠬᠦ᠂ ᠲᠥᠷᠥᠯ ᠬᠤᠪᠢᠶᠠᠨ ᠠᠪᠤᠷᠠᠨ ᠲᠤᠰᠠᠯᠠᠬᠤ᠂ ᠲᠥᠷᠥ ᠶᠢᠨ ᠪᠣᠳᠣᠯᠭ᠎ᠠ ᠪᠠᠷ ᠦᠨᠳᠦᠰᠦᠨ ᠵᠦᠢᠯ ᠢ ᠪᠠᠲᠤᠯᠠᠬᠤ ᠵᠡᠷᠭᠡ 21 ᠵᠦᠢᠯ ᠤᠨ ᠠᠷᠭ᠎ᠠ ᠬᠡᠮᠵᠢᠶ᠎ᠡ ᠠᠪᠴᠤ᠂ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠡᠶᠢᠲᠡ 2579 ᠲᠦᠮᠡᠨ ᠲᠥᠭᠦᠷᠢᠭ ᠨᠠᠶᠢᠳᠠᠪᠤᠷᠢᠵᠢᠭᠤᠯᠵᠤ ᠂ ᠲᠦᠷ ᠴᠠᠭ ᠤᠨ ᠬᠦᠴᠢᠷᠳᠡᠯᠲᠡᠶ 810 ᠡᠷᠦᠬᠡ᠂ 1867 ᠬᠥᠮᠦᠨ ᠢ ᠬᠠᠪᠰᠤᠷᠤᠨ ᠲᠡᠳᠬᠦᠵᠦ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠵᠤ ᠨᠢᠭᠡ ᠶᠢ ᠠᠮᠤᠷ ᠲᠦᠪᠰᠢᠨ ᠢ ᠪᠠᠲᠤᠯᠠᠬᠤ︾ ᠠᠰᠠᠭᠤᠳᠠᠯ ᠢ ᠪᠥᠬᠦ ᠲᠠᠯ᠎ᠠ ᠪᠠᠷ ᠰᠢᠢᠳᠪᠤᠷᠢᠯᠡᠵᠣ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠦᠨᠡᠨ ᠬᠦ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠨᠢ ᠣᠨᠣᠪᠴᠢᠲᠠᠶ ᠪᠥᠭᠡᠳ ᠪᠦᠲᠦᠮᠵᠢᠲᠡᠶ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ 54 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠣᠷᠴᠢᠨ ᠲᠣᠭᠤᠷᠢᠨ ᠢ ᠵᠠᠰᠠᠬᠤ 29 ᠲᠥᠷᠥᠯ  ᠵᠦᠢᠯ ᠢ ᠬᠡᠷᠡᠭᠵᠢᠭᠦᠯᠵᠦ᠂ 3.6 ᠲᠦᠮᠡᠨ ᠡᠷᠦᠬᠡ ᠴᠡᠪᠡᠷ ᠡᠨᠧᠷᠭᠢ ᠶᠢ ᠣᠷᠣᠯᠠᠵᠤ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ︾ 286 ᠠᠵᠤ ᠠᠬᠤᠶᠢᠯᠠᠯ ᠢ ᠴᠡᠪᠡᠷᠯᠡᠵᠦ᠂ ᠭᠤᠤᠯ ᠤᠨ ᠵᠠᠮ ᠤᠨ ︽ᠳᠥᠷᠪᠡᠨ ᠡᠮᠬᠢ ᠵᠠᠮᠪᠠᠷᠠᠭ᠎ᠠ ᠥᠬᠡᠶ︾ ᠠᠰᠠᠭᠤᠳᠠᠯ ᠢ 106 ᠴᠡᠭᠴᠡᠯᠡᠨ ᠵᠠᠰᠠᠵᠤ᠂ ᠪᠠᠶᠢᠭᠤᠯᠤᠭᠰᠠᠨ ᠲᠣᠭᠤᠷᠢᠭ ᠤᠨ ᠪᠣᠬᠢᠷ ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠵᠤ᠂ ᠬᠥᠷᠥᠰᠥ ᠰᠢᠷᠣᠶ ᠶᠢᠨ ᠪᠣᠬᠢᠷᠲᠤᠯ ᠢ ᠵᠠᠰᠠᠨ ᠰᠡᠷᠭᠦᠭᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ 533 ᠲᠦᠮᠡᠨ ᠪᠣᠰᠤᠭ᠎ᠠ ᠳᠥᠷᠪᠡᠯᠵᠢᠨ ᠮᠧᠲᠷ ᠡᠯᠡᠰᠦᠨ ᠨᠦᠬᠡ ᠶᠢ ᠵᠠᠰᠠᠪᠠ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠡᠷᠡᠰ ᠬᠦᠴᠦᠲᠡᠢ ᠶᠠᠪᠤᠭᠳᠠᠪᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠳᠠᠯᠳᠠ ᠥᠷᠢ ᠥᠭᠴᠡᠭᠡ ᠶᠢ 28.4 ᠳ᠋ᠦᠩᠰᠢᠭᠤᠷ ᠲᠥᠭᠦᠷᠢᠭ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠦᠭᠡᠢ ᠳᠠᠩᠰᠠᠨ ᠵᠣᠭᠤᠰ ᠢ ᠪᠦᠬᠦᠨ ᠢ ᠢᠯᠭᠠᠷᠠᠭᠤᠯᠬᠤ ᠶᠢ ᠠᠬᠢᠭᠤᠯᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠵᠤ ᠵᠠᠬᠢᠳᠠᠯ ᠰᠤᠷᠪᠤᠯᠵᠢᠯᠠᠭ᠎ᠠ ᠳᠤ ᠬᠤᠯᠪᠣᠭᠳᠠᠭᠰᠠᠨ 9 ᠬᠡᠷᠡᠭ ᠢ ᠬᠠᠤᠯᠢ ᠶᠣᠰᠣᠭᠠᠷ ᠰᠢᠢᠳᠪᠦᠷᠢᠯᠡᠵᠦ᠂ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠪᠠ᠃       —ᠬᠤᠲᠠ ᠬᠥᠳᠡᠭᠡ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠲᠥᠪ ᠬᠤᠲᠠ ᠶᠢᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠪᠡ᠃ ᠰᠢᠨ᠎ᠡ ᠬᠤᠳᠠ ᠲᠣᠭᠤᠷᠢᠭ ᠤᠨ ᠬᠤᠳᠠ ᠶᠢᠨ ᠵᠢᠷᠤᠭ ᠲᠥᠯᠥᠪᠯᠡᠭᠡ ᠪᠠ ︽ᠬᠤᠳᠠ ᠶᠢᠨ ᠬᠤᠣᠰ ᠵᠠᠰᠠᠯᠲᠠ︾ ᠶᠢᠨ ᠲᠤᠷᠰᠢᠯᠲᠠ ᠶᠢ ᠪᠡᠶᠡᠯᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠤᠨ᠎ᠠ᠃ ᠨᠡᠶᠢᠲᠡ 71 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 22.4 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠰᠢᠨᠡᠳᠬᠡᠵᠦ᠂ ᠬᠤᠲᠠ ᠶᠢᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 120 ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ 63 ᠲᠦᠮᠡᠨ ᠲᠡᠭᠰᠢ ᠳᠥᠷᠪᠡᠯᠵᠢᠨ  ᠮᠧᠲᠷ ᠵᠠᠮ ᠢ ᠪᠠᠶᠢᠭᠤᠯᠤᠨ ᠳᠠᠭᠤᠰᠬᠠᠵᠤ᠂ ᠬᠤᠭᠤᠯᠠᠢ ᠲᠣᠣᠷ ᠤᠨ ᠬᠤᠩᠭᠢᠯ ᠢ 49.5 ᠺᠢᠯᠤᠮᠧᠲᠷ ᠵᠠᠰᠠᠨ ᠪᠠᠶᠢᠭᠤᠯᠵᠤ᠂ 23 ᠬᠠᠭᠤᠴᠢᠨ ᠰᠠᠭᠤᠭᠠᠯᠢ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠵᠦ᠂ ᠵᠡᠭᠡᠯᠢ ᠳᠠᠭᠠᠤ ᠵᠢᠵᠢᠭ ᠭᠤᠳᠤᠮᠵᠢ ᠶᠢ 13 ᠵᠤᠷᠪᠤᠰ ᠴᠡᠭᠴᠡᠯᠡᠨ ᠵᠠᠰᠠᠵᠤ᠂ ᠡᠯ᠎ᠡ ᠲᠥᠷᠥᠯ ᠤᠨ ᠳᠦᠷᠢᠮ ᠠᠴᠠ ᠵᠥᠷᠢᠴᠡᠭᠰᠡᠨ 11 ᠲᠦᠮᠡᠨ ᠲᠡᠭᠰᠢ ᠳᠥᠷᠪᠡᠯᠵᠢᠨ ᠮᠧᠲᠷ ᠢ ᠨᠤᠷᠠᠭᠠᠪᠠ᠃ ᠡᠯ ᠳ᠋ᠤᠤ ᠱᠠ ᠾᠧ᠂ ᠰᠧ ᠳ᠋ᠤᠤ ᠱᠠ ᠾᠧ ᠭᠤᠣᠯ ᠤᠨ ᠤᠰᠤᠨ ᠤ ᠠᠮᠢ ᠠᠬᠤᠢ ᠶᠢ ᠳᠡᠭᠡᠭᠰᠢᠯᠡᠭᠦᠯᠦᠨ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠪᠡᠶᠡᠯᠡᠭᠦᠯᠵᠦ᠂ ᠴᠡᠴᠡᠷᠯᠢᠭ ᠤᠨ ᠲᠠᠯᠠᠪᠠᠢ 4 ᠶᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠵᠤ᠂ ᠬᠤᠲᠠ ᠶᠢᠨ ᠲᠣᠭᠤᠷᠢᠭ ᠤᠨ 238 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠨ ᠬᠥᠷᠥᠰᠥ ᠶᠢ ᠬᠠᠮᠢᠶᠠᠷᠴᠤ ᠠᠷᠠᠴᠢᠯᠠᠬᠤ ᠲᠠᠯᠠᠪᠠᠢ ᠶᠢ ᠳᠡᠭᠡᠭᠰᠢᠯᠡᠭᠦᠯᠵᠦ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠨ ᠬᠥᠷᠥᠰᠥ ᠶᠢᠨ ᠲᠠᠯᠠᠪᠠᠢ ᠶᠢ 33.7 ᠲᠡᠭᠰᠢ ᠳᠥᠷᠪᠡᠯᠵᠢᠨ ᠮᠧᠲᠷ ᠲᠤ ᠬᠦᠷᠭᠡᠪᠡ᠃ 5G ᠰᠦᠯᠵᠢᠶ᠎ᠡ ᠶᠢ ᠭᠤᠤᠯ ᠬᠤᠲᠠ ᠲᠣᠭᠤᠷᠢᠭ ᠪᠠ ᠭᠤᠤᠯᠳᠠᠯᠭ᠎ᠠ ᠲᠠᠢ ᠬᠤᠲᠠ ᠲᠣᠭᠤᠷᠢᠭ ᠲᠤ ᠨᠡᠶᠢᠳᠡᠮ ᠪᠥᠷᠬᠦᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠦᠷᠭᠦᠯᠵᠢᠯᠡᠨ ᠰᠠᠶᠢᠵᠢᠷᠠᠪᠠ᠃ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠨᠡᠶᠢᠲᠡ 8 ᠰᠠᠭᠤᠷᠢ ᠪᠣᠬᠢᠷ ᠤᠰᠤ ᠰᠢᠢᠳᠪᠤᠷᠢᠯᠡᠬᠦ ᠥᠷᠲᠡᠭᠡ ᠶᠢ ᠲᠥᠪᠯᠡᠷᠡᠭᠦᠯᠦᠨ ᠬᠡᠷᠡᠭᠵᠢᠭᠦᠯᠵᠦ᠂ 13 ᠰᠠᠭᠤᠷᠢ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ ᠪᠠᠶᠢᠭᠤᠯᠤᠨ᠂ 2433 ᠢᠵᠢ ᠲᠠᠷᠠᠬᠠᠶ ᠮᠠᠶ᠋ᠢᠭ ᠤᠨ ᠪᠣᠬᠢᠷ ᠤᠰᠤ ᠰᠢᠢᠳᠪᠤᠷᠢᠯᠡᠬᠦ ᠲᠥᠬᠦᠭᠡᠷᠦᠮᠵᠢ ᠲᠣᠬᠢᠷᠠᠭᠤᠯᠵᠤ᠂ 9008 ᠠᠷᠢᠭᠤᠨ ᠴᠡᠪᠡᠷ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠠᠮᠢᠳᠤᠷᠠᠯ ᠤᠨ ᠪᠣᠬᠢᠷ ᠤᠰᠤ ᠰᠢᠢᠳᠪᠤᠷᠢᠯᠡᠬᠦ ᠨᠣᠷᠮ᠎ᠠ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢ ᠲᠣᠰ ᠲᠣᠰ 62%᠂ 87% ᠳᠤ ᠬᠦᠷᠭᠡᠪᠡ᠃ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠪ 3 ᠶᠢ ᠪᠠᠶᠢᠭᠤᠯᠵᠤ᠂ 62 ᠲᠡᠵᠢᠭᠡᠨ ᠦᠷᠡᠵᠢᠭᠦᠯᠬᠦ ᠲᠠᠯᠠᠪᠠᠢ ᠳᠤ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠲᠥᠬᠦᠭᠡᠷᠦᠮᠵᠢ ᠤᠭᠰᠠᠷᠠᠵᠤ᠂ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 100% ᠳᠤ ᠬᠦᠷᠭᠡᠪᠡ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠲᠤᠷᠰᠢᠯᠭ᠎ᠠ ᠠᠷᠭ᠎ᠠ ᠬᠢᠳᠡᠯ ᠨᠢ ᠪᠥᠬᠦ ᠤᠯᠤᠰ ᠤᠨ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠨᠡᠶᠢᠲᠡ 5.4 ᠳ᠋ᠦᠩᠰᠢᠭᠤᠷ ᠲᠥᠭᠦᠷᠢᠭ ᠤᠨ ᠪᠡᠯᠡᠭ ᠣᠷᠣᠭᠤᠯᠵᠤ᠂ ᠪᠠᠶᠢᠭᠠᠯᠢ ᠶᠢᠨ ᠤᠢ ᠶᠢ ᠬᠠᠮᠠᠭᠠᠯᠠᠬᠤ᠂ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠢ ᠵᠠᠰᠠᠨ ᠰᠡᠷᠭᠦᠭᠡᠬᠦ ᠵᠡᠷᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠨᠣᠭᠤᠭᠠᠷᠠᠭᠤᠯᠤᠭᠰᠠᠨ ᠲᠠᠯᠠᠪᠠᠢ 7487 ᠮᠦ ᠰᠢᠨ᠎ᠡ ᠪᠠᠷ ᠨᠡᠮᠡᠭᠳᠡᠵᠦ᠂ 3.2 ᠲᠦᠮᠡᠨ ᠮᠦ ᠣᠶᠢᠲᠤ ᠭᠠᠵᠠᠷ᠂ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠤᠨ ᠨᠥᠬᠦᠵᠦ ᠲᠠᠷᠢᠬᠤ ᠶᠢ ᠪᠡᠶᠡᠯᠡᠭᠦᠯᠵᠦ᠂ 3375 ᠮᠦ ᠠᠵᠤ ᠠᠬᠤᠢ ᠶᠢᠨ ᠣᠢ ᠶᠢᠨ ᠰᠠᠭᠤᠷᠢᠨ ᠭᠠᠵᠠᠷ ᠢ ᠪᠠᠶᠢᠭᠤᠯᠵᠤ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ 22 . 4 % ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠨ ᠭᠤᠶᠤᠵᠢᠭᠤᠯᠬᠤ ︽ᠵᠢᠱᠢᠶ᠎ᠡ ᠦᠵᠡᠭᠦᠯᠬᠦ ᠰᠢᠶᠠᠨ︾ ᠢᠶᠠᠷ ᠦᠨᠡᠯᠡᠭᠳᠡᠪᠡ᠃       —ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠪᠡ᠃ ᠵᠠᠰᠠᠭ ᠤᠨ ᠣᠷᠳᠣᠨ ᠤ ᠰᠢᠰᠲ᠋ᠧᠮ ᠤᠨ ᠥᠭᠡᠷᠡᠴᠢᠯᠡᠯᠲᠡ ᠶᠢᠨ ᠡᠭᠦᠷᠭᠡ ᠶᠢ ᠨᠡᠶᠢᠲᠡ 312 ᠪᠡᠶᠡᠯᠡᠭᠦᠯᠵᠦ᠂ 176 ᠵᠦᠢᠯ ᠤᠨ ᠲᠦᠷᠢᠮ ᠤᠨ ᠦᠷ᠎ᠡ ᠪᠦᠲᠦᠭᠡᠯ ᠢ ᠪᠣᠶ ᠪᠣᠯᠭᠠᠪᠠ᠃ ᠨᠠᠮ ᠵᠠᠰᠠᠭ ᠤᠨ ᠪᠠᠶᠢᠭᠤᠯᠤᠮᠵᠢ᠂ ᠠᠵᠢᠯ ᠦᠢᠯᠡᠰ ᠤᠨ ᠨᠢᠭᠡᠴᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠵᠦ᠂ ᠦᠢᠯᠡᠴᠢᠯᠡᠭᠡ ᠬᠠᠮᠢᠶᠠᠷᠤᠯᠲᠠ ᠶᠢᠨ ᠴᠢᠳᠠᠪᠬᠢ ᠪᠦᠬᠦ ᠲᠠᠯ᠎ᠠ ᠪᠠᠷ ᠳᠡᠭᠡᠭᠰᠢᠯᠡᠪᠡ᠃ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠶᠢ ᠪᠡᠶᠡᠯᠡᠭᠦᠯᠦᠨ᠂ 31 ᠨᠢᠭᠡᠴᠡ ᠶᠢᠨ 684 ᠵᠦᠢᠯ ᠤᠨ ᠵᠦᠢᠯᠡᠰ ᠢ ᠶᠡᠭᠡ ᠲᠢᠩᠬᠢᠮ ᠳᠤ ᠣᠷᠣᠭᠤᠯᠵᠤ᠂ 97 ᠦᠢᠯᠡᠴᠢᠯᠡᠭᠡᠨ ᠤ ᠵᠦᠢᠯᠡᠰ ᠢ ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠵᠦ᠂ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ 98.6% ᠳᠤ ᠬᠦᠷᠭᠡᠪᠡ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠢᠳᠡᠪᠬᠢᠲᠡᠢ ᠪᠤᠢ ᠪᠣᠯᠭᠠᠵᠤ᠂ ᠭᠠᠶᠢᠯᠢ ᠶᠢᠨ ᠶᠠᠪᠤᠳᠠᠯ ᠤᠨ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠢ ᠰᠢᠯᠢᠳᠡᠭᠵᠢᠭᠦᠯᠦᠨ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠡᠶᠢᠲᠡ 9.6 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠪᠡ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠲᠠᠪᠴᠠᠩ ᠢ ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠠᠩᠰᠠᠯᠠᠬᠤ ᠶᠢ ᠪᠡᠶᠡᠯᠡᠭᠦᠯᠵᠦ᠂ ᠬᠠᠮᠲᠤ ᠶᠢᠨ ᠥᠮᠴᠢᠯᠡᠬᠦ ᠡᠷᠬᠡ ᠶᠢᠨ ᠳᠦᠷᠢᠮ ᠵᠢᠴᠢ ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠲᠦᠷᠭᠡᠳᠬᠡᠨ᠎ᠡ᠃ ᠨᠡᠶᠢᠭᠡᠮ ᠤᠨ ᠶᠡᠷᠦᠩᠬᠡᠢᠯᠡᠭᠰᠡᠨ ᠵᠠᠰᠠᠯᠲᠠ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ︽ᠬᠤᠶᠠᠷ ᠠᠩᠭᠢ ᠨᠢᠭᠡ ᠲᠠᠰᠤᠭ︾᠂ ︽ᠨᠢᠭᠡ ᠲᠣᠰᠬᠤᠨ ᠨᠢᠭᠡ ᠲᠤᠰᠠᠯᠠᠬᠤ ᠴᠠᠭᠳᠠᠭ᠎ᠠ︾ ᠶᠢᠨ ᠴᠠᠭᠳᠠᠭᠠᠨ ᠤ ᠶᠠᠪᠤᠳᠠᠯ ᠤᠨ ᠰᠢᠨ᠎ᠡ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠳᠡᠭᠡᠳᠦ ᠲᠡᠰ ᠳᠠᠪᠬᠤᠷᠭ᠎ᠠ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ 414 ᠴᠢᠳᠠᠪᠤᠷᠢᠲᠠᠨ ᠢ ᠨᠥᠬᠦᠪᠥᠷᠢᠯᠡᠪᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ 151 ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠬᠡᠷᠡᠭᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ 20 ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠠ 26 ᠠᠴᠢᠶᠠᠯᠠᠪᠤᠷᠢ ᠶᠢ ᠣᠷᠣᠭᠤᠯᠤᠨ ᠠᠪᠴᠢᠷᠠᠵᠤ ᠪᠤᠶᠢᠵᠢᠭᠤᠯᠪᠠ᠃       — ᠠᠷᠠᠳ ᠤᠨ ᠠᠮᠢᠳᠤᠷᠠᠯ ᠢ ᠪᠠᠲᠤᠯᠠᠬᠤ ᠴᠢᠳᠠᠪᠤᠷᠢ ᠪᠦᠬᠦ ᠲᠠᠯ᠎ᠠ ᠪᠠᠷ ᠳᠡᠭᠡᠭᠰᠢᠯᠡᠪᠡ᠃ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ ᠨᠡᠶᠢᠲᠡ 60.5 ᠳ᠋ᠦᠩᠰᠢᠭᠤᠷ ᠲᠥᠭᠦᠷᠢᠭ ᠲᠤ ᠬᠦᠷᠴᠦ᠂ 2019 ᠣᠨ ᠠᠴᠠ ᠨᠠᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠭᠰᠠᠨ ᠠᠷᠠᠳ ᠤᠨ ᠠᠮᠢᠳᠤᠷᠠᠯ ᠤᠨ 36 ᠪᠣᠳᠠᠲᠤ ᠶᠠᠪᠤᠳᠠᠯ ᠤᠨ ᠲᠥᠷᠥᠯ ᠵᠦᠢᠯ ᠢ ᠪᠦᠬᠦᠨ ᠢ ᠪᠡᠶᠡᠯᠡᠭᠦᠯᠪᠡ᠃ ᠰᠤᠷᠭᠠᠨ ᠬᠥᠮᠦᠵᠢᠯ ᠤᠨ ᠦᠢᠯᠡᠰ ᠲᠦᠷᠭᠡᠨ ᠬᠥᠭᠵᠢᠪᠡ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ 14 ᠶᠢ ᠰᠢᠨ᠎ᠡ ᠪᠠᠷ ᠥᠷᠭᠡᠳᠬᠡᠨ ᠪᠠᠶᠢᠭᠤᠯᠵᠤ᠂ 243 ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠣᠷᠣᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠨᠣᠷᠮ᠎ᠠ 95.9 % ᠳᠤ ᠬᠦᠷᠴᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 99.1 % ᠳᠤ ᠬᠦᠷᠴᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠮᠡᠭᠳᠡᠯ ᠥᠷᠲᠡᠭ ᠤᠨ ᠦᠨᠡᠯᠡᠯᠲᠡ ᠭᠤᠷᠪᠠᠨ ᠵᠢᠯ ᠳᠠᠷᠠᠭᠠᠯᠠᠨ ᠪᠦᠬᠦ ᠬᠤᠲᠠ ᠶᠢᠨ ᠲᠡᠷᠢᠭᠦᠨ ᠳᠤ ᠣᠷᠣᠪᠠ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠡᠯᠡᠳᠬᠡᠮᠵᠢ ᠲᠥᠬᠦᠭᠡᠷᠦᠮᠵᠢ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠬᠦ ᠶᠢ ᠲᠦᠯᠬᠢᠨ ᠠᠬᠢᠭᠤᠯᠤᠨ᠎ᠠ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠎ᠠ᠃ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠨ᠎ᠡ᠃ ᠣᠯᠠᠨ ᠤᠯᠤᠰ ᠤᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠲᠥᠷᠥᠯ ᠵᠦᠢᠯ ᠢ ᠬᠡᠷᠡᠭᠵᠢᠭᠦᠯᠵᠦ᠂ ᠲᠤ ᠾᠧᠢ ᠮᠠ ᠨᠠᠭᠤᠷ ᠤᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠬᠤᠯᠤᠭᠠᠨ᠎ᠠ ᠶᠢᠨ ᠬᠢᠵᠢᠭ ᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ 3 ᠶᠢ ᠰᠢᠨ᠎ᠡ ᠪᠠᠷ ᠪᠠᠶᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠣᠷᠣᠨ᠂ ᠤᠵᠢᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠢᠯᠡᠳᠲᠡ ᠪᠣᠯᠪᠠ᠃ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ 367 ᠲᠠᠯᠠᠪᠤᠷ ᠥᠷᠨᠢᠭᠦᠯᠵᠦ᠂ ᠲᠣᠭᠤᠷᠢᠭ ᠤᠨ ᠨᠣᠮ ᠤᠨ ᠰᠠᠩ᠂ ᠰᠣᠶᠣᠯ ᠤᠨ ᠣᠷᠳᠣᠨ ᠨᠢ ᠤᠯᠤᠰ ᠠᠴᠠ ᠨᠢᠭᠡᠳᠦᠭᠡᠷ ᠳᠡᠰ ᠤᠨ ᠣᠷᠳᠣᠨ ᠳᠤ ᠳᠠᠬᠢᠨ ᠦᠨᠡᠯᠡᠯᠲᠡ ᠬᠢᠵᠦ᠂ ︽ᠰᠢᠶᠠᠨ ᠤ ᠳᠠᠷᠤᠭ᠎ᠠ ᠶᠢ ᠬᠥᠳᠡᠭᠡ ᠪᠠᠭᠤᠯᠭᠠᠬᠤ︾ ᠵᠡᠷᠭᠡ ᠰᠣᠳᠣᠨ ᠵᠦᠴᠦᠭᠡ ᠵᠠᠯᠭᠠᠭ᠎ᠠ ᠪᠠᠷ ᠣᠨᠴᠠ ᠢᠷᠠᠭᠤ ᠠᠯᠳᠠᠷ ᠬᠦᠷᠲᠡᠵᠦ᠂ ᠤᠯᠤᠰ ᠠᠴᠠ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ ᠢᠶᠠᠷ ᠦᠨᠡᠯᠡᠭᠳᠡᠪᠡ᠃ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ ᠨᠡᠶᠢᠲᠡ 2.1 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠨᠡᠶᠢᠭᠡᠮ ᠤᠨ ᠪᠠᠲᠤᠯᠠᠭ᠎ᠠ ᠪᠠᠲᠤ ᠴᠢᠩᠭ᠎ᠠ ᠬᠦᠴᠦᠨ ᠲᠠᠢ᠃ ᠠᠵᠢᠯ ᠣᠯᠭᠤᠯᠲᠠ ᠦᠢᠯᠡᠰ ᠪᠣᠰᠬᠠᠯᠲᠠ ᠶᠢ ᠢᠳᠡᠪᠬᠢᠲᠡᠢ ᠠᠬᠢᠭᠤᠯᠵᠤ᠂ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠨᠡᠶᠢᠲᠡ 1.5 ᠲᠦᠮᠡᠨ ᠬᠥᠮᠦᠨ ᠳᠤ ᠬᠦᠷᠴᠦ᠂ 4.8 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 2567 ᠬᠥᠮᠦᠨ ᠢ ᠲᠡᠳᠬᠦᠨ ᠠᠮᠵᠢᠯᠲᠠ ᠲᠠᠢ ᠪᠠᠷ ᠦᠢᠯᠡᠰ ᠪᠣᠰᠬᠠᠪᠠ᠃ ︽ᠲᠠᠪᠤᠨ ᠶᠡᠭᠡ ᠳᠠᠭᠠᠳᠬᠠᠯ︾ ᠳᠤ ᠣᠷᠣᠯᠴᠠᠭᠰᠠᠨ ᠬᠥᠮᠦᠨ ᠤ ᠲᠤᠭ᠎ᠠ 23.4 ᠲᠦᠮᠡ ᠶᠢ ᠳᠠᠪᠠᠵᠤ᠂ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ 17 ᠵᠢᠯ ᠳᠠᠷᠠᠭᠠᠯᠠᠨ ᠨᠡᠮᠡᠭᠳᠡᠪᠡ᠃ ᠬᠤᠲᠠ ᠬᠥᠳᠡᠭᠡ ᠶᠢᠨ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ 6032 ᠲᠦᠮᠡᠨ ᠲᠥᠭᠦᠷᠢᠭ ᠲᠠᠷᠬᠠᠭᠠᠵᠤ᠂ 25 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠨᠠᠰᠤᠲᠠᠶᠢᠴᠤᠳ ᠤᠨ ᠡᠳᠦᠷ ᠤᠨ ᠠᠰᠠᠷᠠᠨ ᠬᠠᠷᠠᠭᠠᠯᠵᠠᠬᠤ ᠲᠥᠪ ᠢ ᠰᠢᠨ᠎ᠡ ᠪᠠᠷ 20 ᠨᠡᠮᠡᠭᠳᠡᠭᠦᠯᠵᠦ᠂ ᠪᠥᠬᠦ ᠬᠤᠲᠠ ᠳᠤ ᠭᠠᠴᠠᠭ᠎ᠠ ᠲᠣᠰᠬᠤᠨ ᠤ ᠨᠠᠰᠤᠵᠢᠯ ᠤᠨ  ᠦᠢᠯᠡᠴᠢᠯᠡᠭᠡᠨ ᠤ ᠥᠷᠲᠡᠭᠡ ᠶᠢᠨ ᠪᠦᠷᠢᠨ ᠪᠦᠷᠬᠦᠭᠦᠯᠬᠦ ᠶᠢ ᠤᠷᠢᠳᠠᠪᠠᠷ ᠪᠡᠶᠡᠯᠡᠭᠦᠯᠦᠨ᠎ᠡ᠃ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠪᠣᠳᠠᠲᠠᠶ ᠶᠢ ᠡᠷᠬᠢᠮᠯᠡᠨ   ᠰᠢᠢᠳᠪᠤᠷᠢᠯᠡᠨ᠎ᠡ᠃ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 1108 ᠢᠵᠢ ᠬᠤᠪᠢᠶᠠᠷᠢᠯᠠᠵᠤ᠂ ᠥᠮᠴᠢᠯᠡᠬᠦ ᠡᠷᠬᠡ ᠶᠢᠨ ᠦᠯᠡᠳᠡᠭᠳᠡᠯ 31 ᠲᠥᠷᠥᠯ ᠵᠦᠢᠯ ᠤᠨ ᠭᠠᠷᠳᠠᠮ ᠢ ᠭᠦᠢᠴᠡᠳᠭᠡᠵᠦ᠂ 3.3 ᠲᠦᠮᠡᠨ ᠡᠷᠦᠬᠡ ᠳᠤ ᠠᠰᠢᠭ ᠬᠦᠷᠲᠡᠭᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ 1 ᠤᠯᠤᠰ ᠠᠴᠠ ᠲᠡᠰ ᠤᠨ᠂ 3 ᠥᠪᠡᠷᠲᠡᠭᠡᠨ ᠵᠠᠰᠠᠬᠤ ᠣᠷᠣᠨ ᠤ ᠲᠡᠰ ᠤᠨ᠂ 146 ᠬᠤᠲᠠ ᠶᠢᠨ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢ ᠪᠠᠶᠢᠭᠤᠯᠤᠨ ᠪᠦᠲᠦᠭᠡᠨ᠎ᠡ᠃ ᠲᠣᠭᠤᠷᠢᠭ ᠤᠨ ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠳᠥᠷᠪᠡᠨ ᠵᠢᠯ ᠳᠠᠷᠠᠭᠠᠯᠠᠨ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠰᠠᠶᠢᠨᠲᠠᠶ︾ ᠰᠢᠶᠠᠨ ᠤ ᠱᠠᠲᠤᠨ ᠤ ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠪᠠᠷ ᠦᠨᠡᠯᠡᠭᠳᠡᠪᠡ᠃ ᠤᠯᠤᠰ ᠠᠴᠠ ᠲᠡᠰ ᠤᠨ ᠵᠢᠱᠢᠶ᠎ᠡ ᠦᠵᠡᠭᠦᠯᠬᠦ ᠬᠡᠯᠪᠡᠷᠢ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ 13 ᠶᠢ ᠪᠠᠶᠢᠭᠤᠯᠵᠤ᠂ ᠭᠤᠷᠪᠠᠨ ᠱᠠᠲᠤᠨ ᠤ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠣᠷᠣᠨ ᠤ ᠨᠠᠢᠮᠠᠨ ᠵᠢᠯ ᠳᠠᠷᠠᠭᠠᠯᠠᠨ ᠲᠡᠷᠢᠭᠦᠯᠡᠪᠡ᠃       —ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠪᠡᠶᠡᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ 158 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 505 ᠬᠤᠪᠢ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠶ ᠭᠦᠢᠴᠡᠳᠭᠡᠪᠡ᠃ ᠰᠠᠷᠠᠪᠴᠢᠨ ᠬᠡᠷ᠂ ᠲᠣᠭᠲᠠᠭᠠᠯ ᠠᠴᠠ ᠵᠥᠷᠢᠴᠡᠨ ᠵᠤᠰᠠᠯᠠᠩ ᠪᠠᠶᠢᠭᠤᠯᠬᠤ᠂ ᠣᠷᠣᠰᠢᠭᠤᠯᠭ᠎ᠠ ᠶᠢᠨ ᠬᠦᠷᠢᠶ᠎ᠡ ᠴᠠᠷᠠᠭ᠎ᠠ᠂ ᠬᠠᠲᠤᠨ ᠭᠤᠤᠯ ᠤᠨ ᠭᠤᠤᠯ ᠵᠠᠮ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠵᠡᠷᠭᠡ ᠲᠤᠰᠬᠠᠶ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠭᠤᠷᠬᠠᠶ ᠶᠢᠨ ᠡᠬᠢ ᠪᠠᠶᠠᠯᠢᠭ᠂ ᠨᠡᠭᠦᠷᠡᠰᠦᠨ ᠤ ᠡᠬᠢ ᠪᠠᠶᠠᠯᠢᠭ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ᠂ ᠬᠠᠩᠭᠠᠨ ᠪᠣᠷᠣᠯᠠᠭᠤᠯᠬᠤ ᠰᠢᠰᠲ᠋ᠧᠮ᠂ ᠨᠤᠲᠤᠭ ᠪᠡᠯᠴᠢᠭᠡᠷ ᠤᠨ ᠣᠶᠢᠲᠤ ᠭᠠᠵᠠᠷ ᠵᠡᠷᠭᠡ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ᠎ᠡ᠃ ᠪᠦᠬᠦ ᠤᠯᠤᠰ ᠤᠨ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠭᠦᠨᠵᠡᠭᠡᠢ ᠠᠬᠢᠭᠤᠯᠵᠤ᠂ ᠬᠤᠶᠠᠳᠤᠭᠠᠷ ᠤᠳᠠᠭᠠᠨ ᠤ ᠪᠣᠬᠢᠷᠲᠤᠯ ᠤᠨ ᠡᠬᠢ ᠶᠢᠨ ᠨᠡᠶᠢᠳᠡᠮ ᠪᠠᠶᠢᠴᠠᠭᠠᠯᠲᠠ᠂ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ᠂ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠵᠡᠷᠭᠡ ᠲᠤᠰᠬᠠᠢ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠶᠤᠯ ᠥᠬᠡᠶ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠬᠠᠤ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠤᠷᠤᠭᠰᠢᠲᠠᠶ ᠪᠡᠶᠡᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠲᠦᠮᠵᠢᠲᠡᠶ ᠠᠷᠢᠯᠭᠠᠵᠤ᠂ ᠨᠡᠶᠢᠭᠡᠮ ᠤᠨ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ  ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠵᠢᠯ ᠪᠦᠷᠢ ᠳᠤᠮᠳᠠᠴᠢ ᠪᠠᠷ 14.9 % ᠪᠠᠷ ᠪᠠᠭᠤᠷᠠᠭᠤᠯᠪᠠ᠃ ᠡᠭᠦᠨ ᠠᠴᠠ ᠭᠠᠳᠠᠨ᠎ᠠ᠂ ᠡᠮᠡᠭᠲᠡᠶᠢᠴᠦᠳ᠂ ᠬᠡᠦᠬᠡᠳ᠂ ᠵᠡᠮᠳᠡᠭᠴᠦᠳ ᠤᠨ ᠬᠤᠯᠪᠣᠭ᠎ᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠠᠵᠢᠯ ᠰᠢᠨ᠎ᠡ ᠠᠬᠢᠴᠠ ᠲᠠᠢ ᠪᠤᠯᠵᠤ᠂ ᠴᠠᠬᠢᠯᠭᠠᠨ ᠬᠦᠴᠦ᠂ ᠮᠡᠳᠡᠭᠡ ᠬᠤᠯᠪᠣᠭ᠎ᠠ᠂ ᠰᠢᠦᠳᠠᠨ᠂ ᠳᠠᠭᠠᠳᠬᠠᠯ᠂ ᠤᠯᠠᠭᠠᠨ ᠵᠠᠭᠠᠯᠮᠠᠶᠢᠲᠠᠨ ᠵᠡᠷᠭᠡ ᠰᠠᠯᠠᠭ᠎ᠠ ᠮᠥᠴᠢᠷ ᠤᠳ ᠭᠠᠵᠠᠷ ᠣᠷᠣᠨ ᠤ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠵᠡᠢ᠃       ᠲᠥᠯᠥᠭᠡᠯᠡᠭᠴᠢᠳ ᠡ︕ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠬᠤ ᠪᠥᠭᠡᠳ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠰᠡᠭᠦᠯ ᠬᠤᠷᠢᠶᠠᠬᠤ ᠵᠢᠯ ᠪᠣᠯᠤᠨ᠎ᠠ᠂ ᠪᠢᠳᠡ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠡᠷᠡᠮᠡᠬᠡᠶᠢᠯᠡᠨ ᠲᠡᠮᠡᠴᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠶ ᠠᠳᠬᠤᠬᠤ ᠬᠡᠷᠡᠭᠲᠡᠶ᠃ ᠢᠮᠠᠭᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠯᠤᠰ ᠲᠦᠷᠦ ᠶᠢᠨ ᠵᠣᠭᠰᠣᠴᠠ᠂ ᠤᠯᠤᠰ ᠲᠦᠷᠦ ᠶᠢᠨ ᠡᠭᠦᠷᠭᠡᠯᠡᠯ ᠢ ᠲᠤᠰᠬᠠᠬᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠶᠡᠭᠡ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ ᠲᠣᠯᠤᠭ᠎ᠠ . ᠨᠢᠭᠡ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠷᠢᠰ ᠪᠡᠯᠭᠡᠯᠡᠬᠦ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠠᠷ ᠭᠠᠷᠳᠠᠴᠠ ᠪᠣᠯᠭᠠᠵᠤ᠂ 1179 ᠵᠦᠢᠯ ᠤᠨ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠦᠲᠦᠮᠵᠢᠲᠡᠢ ᠠᠬᠢᠭᠤᠯᠪᠠ᠃ ᠠᠵᠤ ᠠᠬᠤᠢ ᠶᠢᠨ ᠠᠵᠢᠯᠯᠠᠭᠠᠨ ᠢ ᠳᠡᠭᠡᠭᠰᠢᠯᠡᠭᠦᠯᠬᠦ ᠶᠢ ᠰᠠᠶᠢᠲᠤᠷ ᠠᠳᠬᠤᠨ᠎ᠠ᠃ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠤᠨ ᠬᠥᠭᠵᠢᠯᠲᠡ ᠶᠢ ᠠᠬᠢᠭᠤᠯᠬᠤ ᠰᠢᠷᠢᠰ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠠᠳ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ ᠵᠢᠱᠢᠯᠲᠡ ᠪᠠᠷ ᠪᠥᠬᠦ ᠵᠢᠯ ᠤᠨ ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠢ 9% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 30% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠥᠷᠲᠡᠭ ᠢ 12 % ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 10.1% ᠨᠡᠮᠡᠭᠳᠡᠭᠦᠯᠵᠦ᠂ ᠠᠵᠤ ᠠᠬᠤᠶ ᠶᠢᠨ ᠠᠵᠢᠯᠯᠠᠭᠠᠨ ᠤ ᠰᠠᠶᠢᠨ ᠰᠠᠶᠢᠬᠠᠨ ᠪᠠᠶᠢᠳᠠᠯ ᠢ ᠪᠠᠲᠤᠯᠠᠨ᠎ᠠ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠣᠷᠣᠨ ᠤ ᠲᠠᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠵᠥᠪᠳᠡᠯᠴᠡᠨ ᠠᠬᠢᠭᠤᠯᠬᠤ᠂ ᠬᠤᠯᠪᠣᠭᠠᠯᠠᠨ ᠬᠢᠨᠠᠨ ᠵᠥᠪᠰᠢᠶᠡᠷᠡᠬᠦ ᠲᠣᠭᠲᠠᠴᠠ ᠶᠢ ᠭᠦᠨᠵᠡᠭᠡᠶ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ 694.3 ᠳ᠋ᠦᠩᠰᠢᠭᠤᠷ ᠲᠥᠭᠦᠷᠢᠭ ᠤᠨ 102 ᠭᠤᠤᠯᠳᠠᠯᠭ᠎ᠠ ᠲᠠᠢ ᠲᠥᠷᠥᠯ ᠵᠦᠢᠯ ᠢ ᠳᠡᠭᠡᠳᠦ ᠬᠤᠷᠳᠤᠴᠠ ᠪᠠᠷ ᠡᠬᠢᠯᠡᠭᠦᠯᠬᠦ᠂ ᠥᠨᠳᠥᠷ ᠭᠠᠷᠤᠭ᠎ᠠ ᠠᠴᠠ ᠡᠬᠢᠯᠡᠭᠦᠯᠬᠦ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠶᠢ ᠪᠥᠬᠦ ᠵᠢᠯ ᠳᠤ 206 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 42 ᠲᠥᠷᠥᠯ ᠵᠦᠢᠯ ᠢ ᠳᠠᠭᠤᠰᠬᠠᠵᠤ᠂ ᠲᠥᠷᠥᠯ ᠵᠦᠢᠯ ᠤᠨ ᠲᠤᠭ᠎ᠠ ᠬᠡᠮᠵᠢᠶ᠎ᠡ᠂ ᠪᠠᠯᠠ ᠣᠷᠣᠭᠤᠯᠤᠯᠲᠠ ᠶᠢᠨ ᠶᠡᠷᠦᠩᠬᠡᠶ ᠲᠤᠭ᠎ᠠ᠂ ᠪᠠᠯᠠ ᠣᠷᠣᠭᠤᠯᠤᠯᠲᠠ ᠶᠢᠨ ᠪᠡᠶᠡᠯᠡᠭᠦᠯᠦᠭᠰᠡᠨ ᠨᠣᠷᠮ᠎ᠠ ᠴᠥᠮ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭ᠎ᠠ ᠠᠳᠬᠤᠨ᠎ᠠ᠃ ᠳᠡᠭᠡᠳᠦ ᠬᠡᠮᠵᠢᠶ᠎ᠡ ᠪᠠᠷ ᠲᠣᠬᠢᠷᠠᠭᠤᠯᠬᠤ᠂ ᠳᠡᠭᠡᠳᠦ ᠬᠡᠮᠵᠢᠶ᠎ᠡ ᠪᠠᠷ ᠵᠣᠬᠢᠴᠠᠭᠤᠯᠬᠤ᠂ ᠳᠡᠭᠡᠳᠦ ᠬᠡᠮᠵᠢᠶ᠎ᠡ ᠪᠠᠷ ᠠᠬᠢᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ 12 ᠳᠤᠭᠤᠶᠢᠯᠠᠩ ᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠪᠥᠬᠦ ᠠᠵᠢᠯᠲᠠᠨ ᠪᠥᠬᠦ ᠣᠷᠣᠨ ᠪᠦᠰᠡ ᠪᠥᠬᠦ ᠡᠯᠧᠮᠧᠨ᠋ᠲ ᠢᠶᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠂ ᠪᠥᠬᠦ ᠵᠢᠯ ᠳᠤ ᠴᠢᠨᠠᠷ ᠰᠠᠶᠢᠲᠠᠶ 516 ᠠᠵᠤ ᠠᠬᠤᠶᠢᠯᠠᠯ ᠢ ᠵᠣᠯᠭᠠᠯᠳᠤᠭᠤᠯᠪᠠ᠂ ᠡᠭᠦᠨ ᠳᠤ ︽ᠭᠤᠷᠪᠠᠨ 500 ᠬᠦᠴᠦᠷᠬᠡᠭ︾ ᠠᠵᠤ ᠠᠬᠤᠶᠢᠯᠠᠯ 50 ᠪᠠᠶᠢᠵᠤ᠂ 108 ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠬᠡᠯᠡᠯᠴᠡᠭᠡᠷ ᠢᠶᠠᠷ ᠪᠠᠯᠠ ᠣᠷᠣᠭᠤᠯᠤᠭᠰᠠᠨ ᠲᠤᠭ᠎ᠠ ᠮᠢᠩᠭᠠᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ᠃ ᠬᠤᠳᠠᠯᠳᠤᠭ᠎ᠠ ᠡᠷᠬᠢᠯᠡᠵᠦ ᠪᠡᠯᠡ ᠣᠷᠣᠭᠤᠯᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ ᠃ ᠪᠥᠬᠦ ᠤᠯᠤᠰ ᠤᠨ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠤᠴᠢᠷ ᠶᠠᠪᠤᠳᠠᠯ ᠢ ᠡᠮᠬᠢᠯᠡᠬᠦ᠂ ᠲᠦᠷᠢᠮ ᠳᠤ ᠰᠢᠨ᠎ᠡ ᠶᠢ ᠡᠭᠦᠳᠬᠦ᠂ ᠴᠤᠪᠤᠷᠠᠯ ᠢ ᠳᠠᠬᠢᠨ ᠪᠠᠶᠢᠭᠤᠯᠬᠤ ᠠᠵᠢᠯ ᠢ ᠥᠷᠨᠢᠭᠦᠯᠵᠦ᠂ ︽ᠳᠥᠷᠪᠡᠨ ᠠᠯᠪᠠᠨ ᠬᠡᠷ ᠤᠨ ᠠᠵᠢᠯ︾ ᠢ ᠳᠡᠭᠡᠭᠰᠢᠯᠡᠭᠦᠯᠬᠦ ᠶᠢ ᠠᠬᠢᠭᠤᠯᠵᠤ᠂ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠤᠷᠢᠯᠡᠬᠦ ᠥᠭᠡᠷᠡᠴᠢᠯᠡᠯᠲᠡ ᠶᠢ ᠬᠡᠷᠡᠭᠵᠢᠭᠦᠯᠵᠦ᠂ ︽ᠮᠤᠵᠢ ᠠᠯᠤᠰᠯᠠᠨ ᠨᠡᠶᠢᠳᠡᠮ  ᠭᠦᠢᠴᠡᠳᠭᠡᠬᠦ︾᠂ ︽ᠪᠥᠬᠦ ᠬᠤᠲᠠ ᠶᠢᠨ ᠬᠠᠷᠢᠯᠴᠠᠨ ᠭᠦᠢᠴᠡᠳᠭᠡᠬᠦ︾ ᠬᠠᠮᠵᠢᠯᠴᠠᠭ᠎ᠠ ᠶᠢ ᠨᠠᠶᠢᠳᠠᠪᠤᠷᠢᠵᠢᠭᠤᠯᠵᠤ᠂ ︽ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠭᠡᠬᠦ︾᠂ ︽ᠡᠭᠦᠳᠡ ᠪᠠᠨ ᠬᠠᠭᠠᠬᠤ ᠥᠬᠡᠶ︾ ᠦᠢᠯᠡᠴᠢᠯᠡᠭᠡ ᠶᠢ ᠬᠡᠷᠡᠭᠵᠢᠭᠦᠯᠵᠦ ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠴᠠᠭ ᠢ 2 ᠴᠠᠭ ᠪᠣᠯᠭᠠᠨ ᠪᠣᠭᠤᠨᠢᠰᠬᠠᠵᠤ᠂ ︽ᠲᠠᠨ ᠳᠤ ᠲᠠᠭᠠᠰᠢᠶᠠᠭᠳᠠᠭᠰᠠᠨ︾ ᠵᠢᠦ ᠶᠤᠸᠠᠨ ᠤ ᠨᠠᠷᠠᠲᠤ ᠲᠥᠷᠥᠯ ᠲᠡᠮᠳᠡᠭᠲᠦ ᠶᠢ ᠭᠡᠷᠡᠯᠲᠦᠭᠦᠯᠦᠨ᠎ᠡ᠃ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠴᠢᠩᠭ᠎ᠠ ᠠᠳᠬᠤᠨ᠎ᠠ᠃ ᠬᠦᠴᠦ ᠪᠠᠨ ᠲᠥᠪᠯᠡᠷᠡᠭᠦᠯᠦᠨ ᠡᠨᠧᠷᠭᠢ ᠬᠠᠩᠭᠠᠬᠤ᠂ ᠡᠨᠧᠷᠭᠢ ᠬᠡᠷᠡᠭᠯᠡᠬᠦ᠂ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠤᠨ ᠭᠠᠳᠠᠭᠰᠢᠯᠠᠭᠤᠯᠬᠤ ᠶᠢ ᠪᠠᠭᠠᠰᠬᠠᠬᠤ ᠭᠤᠷᠪᠠᠨ ᠶᠡᠭᠡ ᠬᠦᠷᠢᠶ᠎ᠡ ᠴᠠᠷᠠᠭ᠎ᠠ ᠳᠤ᠂ ︽1+1+N+X︾ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠲᠥᠰᠦᠯ ᠢ ᠰᠤᠳᠤᠯᠤᠨ ᠲᠣᠭᠲᠠᠭᠠᠵᠤ᠂ ︽ᠬᠤᠶᠠᠷ ᠥᠨᠳᠥᠷ︾ ᠲᠥᠷᠥᠯ ᠵᠦᠢᠯ ᠢ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ 5 ᠰᠢᠨ᠎ᠡ ᠡᠨᠧᠷᠭᠢ ᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ ᠪᠣᠳᠠᠲᠠᠶᠢᠵᠢᠭᠤᠯᠵᠤ᠂ 11 ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠦᠨ᠂ ᠨᠡᠭᠦᠷᠡᠰᠦᠲᠥ᠋ᠷᠥᠭᠴᠢ ᠶᠢ ᠬᠤᠷᠢᠶᠠᠨ ᠴᠤᠭᠯᠠᠭᠤᠯᠬᠤ᠂ ᠬᠤᠷᠢᠶᠠᠨ ᠠᠪᠬᠤ᠂ ᠪᠢᠲᠡᠭᠦᠮᠵᠢᠯᠡᠨ ᠬᠠᠳᠠᠭᠠᠯᠠᠬᠤ ᠲᠥᠷᠥᠯ ᠵᠦᠢᠯ 2 ᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠨᠢᠭᠡᠴᠢ ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠤᠨ᠎ᠠ᠃ ᠬᠤᠲᠠ ᠶᠢ ᠡᠭᠦᠳᠦᠨ ᠪᠠᠶᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭ ᠠᠳᠬᠤᠨ᠎ᠠ᠃ ᠪᠦᠬᠦ ᠬᠤᠲᠠ ᠳᠤ ᠡᠩ ᠲᠡᠷᠢᠭᠦᠨ ᠳᠤ ᠲᠣᠣᠷᠵᠢᠭᠤᠯᠤᠨ ᠳᠠᠭᠠᠭᠠᠴᠢᠯᠠᠨ ᠬᠤᠯᠪᠣᠭᠠᠯᠠᠬᠤ᠂ ᠪᠠᠢᠩᠭᠤᠴᠢᠯᠠᠭᠰᠠᠨ ᠡᠭᠦᠳᠦᠨ ᠪᠠᠶᠢᠭᠤᠯᠬᠤ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ 139 ᠬᠠᠭᠤᠷᠠᠢ ᠵᠣᠷᠯᠣᠩ ᠢ ᠴᠡᠭᠴᠡᠯᠡᠨ ᠵᠠᠰᠠᠵᠤ᠂ 60 ᠰᠠᠭᠤᠷᠢ ᠨᠡᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠶᠡᠭᠡ ᠬᠦᠷᠢᠶ᠎ᠡ᠂ ᠬᠠᠶᠠᠭᠳᠠᠮᠠᠯ ᠪᠣᠳᠠᠰ ᠢ ᠬᠤᠷᠢᠶᠠᠨ ᠠᠪᠬᠤ 328 ᠭᠠᠵᠠᠷ ᠢ ᠴᠡᠭᠴᠡᠯᠡᠨ ᠵᠠᠰᠠᠵᠤ᠂ 2 ᠲᠦᠮᠡ ᠭᠠᠷᠤᠢ ᠲᠡᠷᠭᠡᠨ ᠵᠣᠭᠰᠣᠭᠠᠯ ᠢ ᠵᠢᠷᠤᠵᠤ ᠲᠥᠯᠥᠪᠯᠡᠨ᠂ ᠵᠠᠰᠠᠮᠠᠯ ᠵᠠᠮ ᠲᠡᠮᠦᠷ ᠵᠠᠮ ᠭᠤᠣᠯ ᠳᠠᠭᠠᠤ 55 ᠺᠢᠯᠣᠮᠧᠳ᠋ᠷ ᠢ ᠴᠡᠭᠴᠡᠯᠡᠨ ᠵᠠᠰᠠᠵᠤ᠂ 216 ᠲᠦᠮᠡᠨ ᠪᠣᠰᠤᠭ᠎ᠠ ᠳᠥᠷᠪᠡᠯᠵᠢᠨ ᠮᠧᠲᠷ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ ᠂ ᠪᠦᠬᠦ ᠣᠷᠣᠨ ᠤ ᠬᠦᠴᠦᠨ ᠢᠶᠠᠷ ᠪᠣᠯᠪᠠᠰᠤᠨ ᠬᠤᠲᠠ ᠶᠢᠨ ᠫᠠᠶᠢᠰᠠ ᠲᠡᠮᠳᠡᠭ ᠢ ᠰᠡᠷᠭᠦᠭᠡᠬᠦ᠂ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠬᠢᠨᠠᠬᠤ ᠳᠤ ᠬᠦᠴᠦᠨ ᠨᠡᠮᠡᠷᠢᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠨ᠎ᠠ᠃       ᠲᠥᠯᠥᠭᠡᠯᠡᠭᠴᠢᠳ ᠡ᠂ ᠥᠩᠭᠡᠷᠡᠭᠰᠡᠨ ᠳᠥᠷᠪᠡᠨ ᠵᠢᠯ ᠳᠤ᠂ ᠪᠥᠬᠦ ᠲᠣᠭᠤᠷᠢᠭ ᠤᠨ ᠳᠠᠶᠠᠭᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠥᠭᠵᠢᠯᠲᠡ ᠶᠢ ᠬᠠᠮᠲᠤᠪᠠᠷ ᠰᠦᠪᠡᠭᠴᠢᠯᠡᠵᠦ᠂ ᠨᠢᠭᠡ ᠪᠦᠯᠦᠭ ᠢᠷᠡᠭᠡᠳᠦᠶ ᠥᠷᠭᠡᠨ ᠠᠭᠤᠳᠠᠮ ᠴᠢᠬᠤᠯᠠ ᠶᠡᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠵᠤ᠂ ᠨᠢᠭᠡ ᠪᠦᠯᠦᠭ ᠯᠠᠪᠳᠠᠭᠤᠨ ᠬᠦᠴᠦᠲᠡᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠢᠯ ᠤᠨ ᠣᠨᠣᠪᠴᠢᠲᠠᠶ ᠪᠠᠷ ᠨᠠᠶᠢᠳᠠᠪᠤᠷᠢᠵᠢᠭᠤᠯᠵᠤ᠂ ᠨᠢᠭᠡ ᠪᠦᠯᠦᠭ ᠪᠥᠬᠦ ᠲᠠᠯ᠎ᠠ ᠳᠤ ᠬᠤᠯᠪᠣᠭᠳᠠᠬᠤ ᠲᠣᠮᠣ ᠶᠠᠪᠤᠳᠠᠯ ᠴᠢᠬᠤᠯᠠ ᠶᠠᠪᠤᠳᠠᠯ ᠢ ᠤᠷᠤᠭᠰᠢᠲᠠᠶ ᠠᠬᠢᠭᠤᠯᠵᠤ᠂ ᠨᠢᠭᠡ ᠪᠦᠯᠦᠭ ᠣᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠲᠣᠬᠢᠲᠠᠶ ᠰᠢᠢᠳᠪᠤᠷᠢᠯᠡᠪᠡ᠃ ᠲᠦᠷᠪᠡᠨ ᠵᠢᠯ ᠤᠨ ᠡᠷᠡᠮᠡᠬᠡᠶᠢᠯᠡᠨ ᠳᠠᠪᠰᠢᠭᠰᠠᠨ ᠪᠠ ᠬᠠᠶᠢᠨ ᠰᠦᠪᠡᠭᠴᠢᠯᠡᠭᠰᠡᠨ ᠦᠢᠯᠡᠳᠦᠯᠭᠡ ᠨᠢ ᠪᠠᠲᠤ ᠪᠠᠬᠢ ᠬᠥᠭᠵᠢᠯᠲᠡ ᠶᠢᠨ ᠰᠠᠭᠤᠷᠢ ᠶᠢ ᠲᠠᠯᠪᠢᠵᠤ᠂ ᠬᠦᠴᠦᠷᠬᠡᠭ ᠶᠡᠭᠡ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠶᠢ ᠨᠡᠭᠡᠭᠡᠪᠡ᠃ ᠥᠨᠥᠳᠦᠷ ᠤᠨ  ᠵᠢᠤ ᠶᠤᠸᠠᠨ ᠲᠣᠭᠤᠷᠢᠭ ᠲᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠵᠦ᠂ ᠣᠷᠴᠢᠨ ᠲᠣᠭᠤᠷᠢᠨ ᠤ ᠳᠦᠷᠰᠦ ᠪᠠᠶᠢᠳᠠᠯ ᠶᠡᠭᠡ ᠪᠠᠷ ᠰᠠᠶᠢᠵᠢᠷᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠳᠠ ᠦᠭᠡᠢ ᠴᠢᠩᠭᠠᠷᠠᠵᠤ᠂ ᠺᠠᠳ᠋ᠷ ᠤᠯᠠᠨ ᠲᠦᠮᠡᠨ ᠤ ᠬᠠᠷᠠᠭ᠎ᠠ ᠨᠡᠩ ᠥᠷᠭᠡᠵᠢᠵᠦ᠂ ᠦᠵᠡᠯ ᠰᠠᠨᠠᠭ᠎ᠠ ᠪᠠᠨ ᠨᠡᠩ ᠴᠢᠯᠥᠭᠡᠯᠡᠵᠦ᠂ ᠢᠲᠡᠭᠡᠯ ᠵᠣᠷᠢᠭ ᠢᠶᠠᠨ ᠨᠡᠩ ᠪᠠᠲᠤᠳᠬᠠᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠵᠤ ᠪᠠᠶᠢᠨ᠎ᠠ︕       ᠲᠦᠷᠪᠡᠨ ᠵᠢᠯ ᠤᠨ ᠬᠥᠭᠵᠢᠯᠲᠡ ᠠᠮᠵᠢᠯᠲᠠ ᠤᠯᠬᠤ ᠳᠤ ᠪᠡᠷᠬᠡ︔ ᠳᠥᠷᠪᠡᠨ ᠵᠢᠯ ᠲᠠᠷᠢᠶᠠᠯᠠᠵᠤ᠂ ᠬᠤᠷᠢᠶᠠᠯᠲᠠ ᠳᠦᠭᠦᠷᠡᠩ︕ ᠡᠳᠡᠭᠡᠷ ᠠᠮᠵᠢᠯᠲᠠ ᠶᠢ ᠣᠯᠤᠭᠰᠠᠨ ᠨᠢ ᠳᠡᠭᠡᠰᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂  ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠬᠤᠭᠤᠴᠠᠭ᠎ᠠ ᠪᠦᠷᠢ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠨᠠᠩ ᠴᠤ ᠪᠦᠬᠦ ᠲᠣᠭᠤᠷᠢᠭ ᠤᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ︕ ᠠᠳᠡ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠵᠢᠤ ᠶᠤᠸᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠪᠤᠶ ᠪᠦᠬᠦᠢ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕       ᠠᠮᠵᠢᠯᠲᠠ ᠪᠦᠲᠦᠮᠵᠢ ᠪᠣᠯ ᠥᠩᠭᠡᠷᠡᠭᠰᠡᠨ ᠤ ᠬᠢ ᠶᠤᠮ᠂ ᠢᠷᠡᠭᠡᠳᠦᠢ ᠳᠤ ᠨᠡᠩ ᠴᠤ ᠴᠢᠷᠮᠠᠶᠢᠬᠤ ᠴᠢᠬᠤᠯᠠᠲᠠᠢ ᠶᠤᠮ᠃ ᠣᠳᠣᠬᠠᠨ ᠳᠤ ᠪᠢᠳᠡᠨ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠢᠨ᠎ᠠ᠄ ᠨᠢᠭᠡ ᠳᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ ᠲᠥᠷᠦᠯ ᠵᠦᠢᠯ ᠤᠨ ᠲᠤᠯᠭᠠᠭᠤᠷᠢᠯᠠᠯ ᠬᠦᠷᠦᠯᠴᠡᠬᠦ ᠦᠭᠡᠢ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠴᠢᠬᠤᠯᠠᠲᠠᠢ ᠪᠠᠢᠨ᠎ᠠ︔ ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠨᠡᠯᠢᠶᠡᠳ ᠪᠠᠭᠤᠷᠠᠶ᠂ ᠠᠵᠤ ᠠᠬᠤᠶ ᠶᠢᠨ ᠭᠠᠳᠠᠭᠰᠢᠯ ᠬᠢᠷᠢ ᠲᠦᠪᠰᠢᠨ ᠨᠡᠯᠢᠶᠡᠳ ᠳᠤᠤᠷ᠎ᠠ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠮᠥᠨ ᠬᠦ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠭᠤᠷᠪᠠ ᠳᠤ ᠬᠤᠲᠠ ᠶᠢᠨ ᠰᠢᠨᠡᠳᠬᠡᠬᠦ ᠬᠤᠷᠳᠤᠴᠠ ᠨᠡᠯᠢᠶᠡᠳ ᠤᠳᠠᠭᠠᠨ ᠪᠠᠶᠢᠵᠤ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠪᠠᠷ ᠮᠥᠨ ᠬᠦ ᠪᠠᠭᠤᠷᠠᠶ ᠲᠠᠯ᠎ᠠ ᠪᠠᠶᠢᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠥᠨᠳᠥᠷ ᠪᠤᠰᠤ ᠪᠠᠶᠢᠨ᠎ᠠ︔ ᠲᠦᠷᠪᠡ ᠳᠤ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠡᠭᠦᠷᠭᠡ ᠪᠡᠷᠬᠡ ᠬᠠᠲᠠᠭᠤᠵᠢᠯᠲᠠᠢ ᠪᠠᠶᠢᠵᠤ᠂ ᠡᠨᠧᠷᠭᠢ ᠶᠢᠨ ᠬᠤᠷᠣᠭᠳᠠᠭᠤᠯᠤᠯ ᠢ ᠵᠡᠷᠭᠡ ᠪᠠᠷ ᠬᠢᠵᠠᠭᠠᠷᠯᠠᠬᠤ ᠳᠠᠷᠤᠯᠲᠠ ᠨᠡᠯᠢᠶᠡᠳ ᠶᠡᠭᠡ ᠪᠠᠶᠢᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠬᠠᠷᠠᠬᠠᠨ ᠪᠦᠷᠢᠯᠳᠦᠭᠡᠳᠦᠢ ᠪᠠᠶᠢᠨ᠎ᠠ︔ ᠲᠠᠪᠤ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠥᠷᠢ ᠥᠭᠴᠡᠭᠡ ᠶᠢ ᠰᠢᠢᠳᠪᠦᠷᠢᠯᠡᠬᠦ ᠳᠠᠷᠤᠯᠲᠠ ᠨᠡᠯᠢᠶᠡᠳ ᠶᠡᠭᠡ ᠪᠠᠶᠢᠵᠤ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠤ ᠮᠥᠨ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ︔ ᠵᠢᠷᠭᠤᠭ᠎ᠠ ᠳᠤ᠂ ᠬᠡᠰᠡᠭ ᠺᠠᠳ᠋ᠷ ᠤᠨ ᠰᠢᠨ᠎ᠡ ᠶᠢ ᠡᠭᠦᠳᠬᠦ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠨᠢ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠪᠦᠷᠢᠮᠦᠰᠦᠨ ᠵᠣᠬᠢᠴᠠᠵᠤ ᠳᠡᠶᠢᠯᠬᠦ ᠦᠭᠡᠢ ᠪᠠᠶᠢᠨ᠎ᠠ᠃ ᠡᠭᠦᠨ ᠢ ᠪᠢᠳᠡ ᠳᠡᠭᠡᠳᠦ ᠬᠡᠮᠵᠢ᠊ ᠡᠶ᠎ᠡ ᠪᠠᠷ ᠴᠢᠬᠤᠯᠠᠴᠢᠯᠠᠨ ᠦᠵᠡᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠯᠠᠪᠳᠠᠭᠤᠨ ᠪᠠᠲᠤᠲᠠᠢ ᠪᠠᠷ ᠰᠢᠢᠳᠪᠦᠷᠢᠯᠡᠨ᠎ᠡ᠃            
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号