ᠭᠤᠷᠪᠠ᠂ 2022 ᠣᠨ ᠤ ᠠᠵᠢᠯ ᠤᠨ ᠲᠣᠬᠢᠷᠠᠭᠤᠯᠤᠯᠲᠠ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ | ᠠᠩᠬᠠᠨ ᠤ ᠵᠢᠯ ᠪᠣᠯᠤᠨ᠎ᠠ᠂ ᠪᠢᠳᠡ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠵᠤ᠂ ᠨᠠᠩ ᠶᠡᠭᠡ ᠡᠷᠴᠢᠮ᠂ ᠨᠠᠩ ᠪᠣᠳᠠᠲᠠᠢ ᠠᠷᠭ᠎ᠠ | ᠬᠡᠮᠵᠢᠶ᠎ᠡ᠂ ᠨᠠᠩ ᠴᠢᠩᠭ᠎ᠠ ᠡᠷᠴᠢ ᠵᠣᠷᠢᠭ ᠢᠶᠠᠷ ᠲᠣᠭᠲᠠᠭᠤᠨ ᠪᠠᠶᠢᠯᠭᠠᠬᠤ ᠶᠢᠨ ᠰᠠᠭᠤᠷᠢ ᠶᠢ ᠨᠠᠩ ᠪᠠᠲᠤ ᠲᠠᠯᠪᠢᠵᠤ᠂ | ᠤᠷᠤᠭᠰᠢᠯᠠᠬᠤ ᠠᠷᠭ᠎ᠠ ᠬᠡᠮᠵᠢᠶ᠎ᠡ ᠶᠢ ᠨᠠᠩ ᠪᠣᠳᠠᠲᠠᠢ ᠨᠠᠶᠢᠳᠠᠪᠤᠷᠢᠵᠢᠭᠤᠯᠵᠤ᠂ ᠲᠠᠪᠤᠨ ᠵᠢᠯ ᠤᠨ ᠬᠠᠷᠠᠯᠲᠠ ᠶᠢ ᠪᠦᠬᠦ | ᠲᠠᠯ᠎ᠠ ᠪᠠᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠢ | 8% ᠠᠴᠠ ᠳᠡᠭᠡᠭᠰᠢ ᠨᠡᠮᠡᠭᠳᠡᠭᠦᠯᠵᠦ᠂ 10 % ᠪᠠᠷ ᠨᠡᠮᠡᠭᠳᠡᠭᠦᠯᠬᠦ ᠪᠠᠷ ᠴᠢᠷᠮᠠᠶᠢᠨ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠵᠦ᠂ 25% ᠪᠠᠷ ᠨᠡᠮᠡᠭᠳᠡᠭᠦᠯᠬᠦ ᠪᠠᠷ ᠴᠢᠷᠮᠠᠶᠢᠨ᠂ | ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 10% ᠠᠴᠠ ᠳᠡᠭᠡᠭᠰᠢ | ᠨᠡᠮᠡᠭᠳᠡᠭᠦᠯᠵᠦ᠂ 12% ᠢᠶᠠᠷ ᠨᠡᠮᠡᠭᠳᠡᠭᠦᠯᠬᠦ ᠪᠠᠷ ᠴᠢᠷᠮᠠᠶᠢᠨ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 8% ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ | ᠨᠡᠮᠡᠭᠳᠡᠯ ᠯᠦᠭᠡ ᠵᠡᠷᠭᠡᠴᠡᠭᠦᠯᠦᠨ᠂ ᠭᠤᠤᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠦᠢᠴᠡᠳᠭᠡᠬᠦ ᠲᠤᠭ᠎ᠠ ᠶᠢ | ᠲᠣᠭᠲᠠᠭᠠᠭᠰᠠᠨ ᠬᠡᠪᠴᠢᠶᠡᠨ ᠳᠣᠲᠣᠷ᠎ᠠ ᠬᠢᠵᠠᠭᠠᠷᠯᠠᠨ᠎ᠠ᠃ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠳᠣᠣᠷᠠᠬᠢ | ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ᠄ | ︵ᠨᠢᠭᠡ︶ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠭᠦᠨᠵᠡᠭᠡᠢ ᠬᠡᠷᠡᠭᠵᠢᠭᠦᠯᠦᠨ᠎ᠡ᠃ ᠰᠢᠨ᠎ᠡ ᠶᠢ ᠡᠭᠦᠳᠬᠦ ᠪᠠᠷ | ᠴᠢᠨᠠᠷ ᠰᠠᠶᠢᠲᠠᠶ ᠬᠥᠭᠵᠢᠯᠲᠡ ᠶᠢᠨ ︽ᠭᠤᠤᠯᠳᠠᠯᠭ᠎ᠠ︾ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ᠂ ᠪᠤᠭᠤᠲᠤ ᠬᠤᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ 25 ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 5 ᠵᠦᠢᠯ ᠢ | ᠬᠡᠷᠡᠭᠵᠢᠭᠦᠯᠦᠨ᠎ᠡ᠃ ᠰᠢᠨ᠎ᠡ ᠶᠢ ᠡᠭᠦᠳᠬᠦ ᠭᠤᠤᠯ ᠴᠣᠭᠴᠠ ᠶᠢᠨ ︽ᠨᠡᠮᠡᠭᠳᠡᠯ︾ ᠢ ᠠᠬᠢᠭᠤᠯᠵᠤ᠂ ᠶᠢᠩᠳᠧ ᠬᠡᠶ | ᠪᠡᠶᠡᠲᠦ᠂ ᠬᠤᠸᠠ ᠭᠤᠸᠠᠩ ᠲᠡᠮᠦᠷᠯᠢᠭ ᠵᠡᠷᠭᠡ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ 3 ᠠᠵᠤ ᠠᠬᠤᠶᠢᠯᠠᠯ᠂ | ᠾᠧ ᠹᠠ ᠬᠤᠪᠣᠷ ᠰᠢᠷᠣᠶ᠂ ᠢ ᠯᠦᠩ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ 6 ᠳᠤᠮᠳᠠ ᠪᠠᠭ᠎ᠠ ᠠᠵᠤ ᠠᠬᠤᠶᠢᠯᠠᠯ᠂ ᠵᠢᠶ ᠴᠢᠶᠠᠨ᠂ ᠶᠢᠨ ᠸᠧᠶ ᠳ᠋ᠡ ᠬᠤᠪᠣᠷ | ᠰᠢᠷᠣᠶ ᠶᠢᠨ ᠲᠡᠮᠦᠷᠯᠢᠭ ᠵᠡᠷᠭᠡ 10 ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠢ ᠪᠤᠶᠢᠵᠢᠭᠤᠯᠵᠤ᠂ ᠠᠵᠤ | ᠦᠢᠯᠡᠳᠪᠤᠷᠢ ᠶᠢᠨ ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠪᠣᠯᠭᠠᠨ᠎ᠠ᠃ ᠰᠢᠨ᠎ᠡ ᠶᠢ ᠡᠭᠦᠳᠬᠦ ᠲᠠᠪᠴᠠᠩ ᠤᠨ ︽ᠦᠷ᠎ᠡ | ᠠᠰᠢᠭ ᠢ ᠨᠡᠮᠡᠭᠳᠡᠭᠦᠯᠬᠦ︾ ᠶᠢ ᠠᠬᠢᠭᠤᠯᠵᠤ᠂ ᠤᠯᠤᠰ ᠤᠨ ᠡᠨᠧᠷᠭᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠤᠷᠢ᠂ | ᠺᠠᠷᠤᠰ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠤᠳᠤᠭ ᠬᠢᠭᠡᠳ ᠳᠤᠮᠳᠠᠳᠤ ᠤᠯᠤᠰ ᠤᠨ ᠴᠢᠯᠠᠭᠤᠨ ᠲᠣᠰᠣᠨ ᠤ | ᠶᠡᠭᠡ ᠰᠤᠷᠭᠠᠭᠤᠯᠢ᠂ ᠡᠮᠦᠨᠡᠲᠦ ᠣᠷᠣᠨ ᠤ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ | ᠦᠢᠯᠡᠳᠪᠤᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠨ᠎ᠡ︔ ᠫᠦ ᠵᠢᠩ ᠬᠢᠮᠢ ᠶᠢᠨ ᠠᠵᠤ | ᠦᠢᠯᠡᠳᠪᠤᠷᠢ᠂ ᠱᠢ ᠰᠢᠩ ᠰᠢᠨᠵᠢᠯᠡᠬᠦ ᠤᠬᠠᠭᠠᠨ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠲᠤ ᠮᠡᠳᠡᠭᠦᠯᠬᠦ ᠶᠢ ᠶᠡᠬᠡᠪᠡᠷ ᠲᠡᠳᠬᠦᠵᠦ᠂ ᠰᠠᠨ ᠬᠤ ᠭᠤᠤᠯ ᠤᠰᠤᠨ | ᠭᠠᠷᠤᠯᠲᠠ᠂ ᠳ᠋ᠦᠩ ᠰᠢᠩ ᠶᠤᠸᠠᠨ ᠰᠦ᠋ ᠶᠢᠨ ᠦᠢᠯᠡᠰ ᠢᠶᠠᠷ ᠬᠤᠲᠠ ᠶᠢᠨ ᠲᠠᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ᠰᠢᠨ᠎ᠡ ᠶᠢ ᠡᠭᠦᠳᠬᠦ | ᠴᠢᠳᠠᠪᠤᠷᠢᠲᠠᠨ ᠤ ︽ᠣᠶᠤᠨ ᠤᠬᠠᠭᠠᠨ ᠢ ᠨᠡᠮᠡᠭᠳᠡᠭᠦᠯᠬᠦ︾ ᠶᠢ ᠠᠬᠢᠭᠤᠯᠵᠤ᠂ 20 ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠴᠢ ᠶᠢ ᠰᠣᠩᠭᠤᠨ ᠲᠣᠮᠢᠯᠠᠵᠤ᠂ 100 ᠰᠢᠨ᠎ᠡ ᠶᠢ ᠡᠭᠦᠳᠬᠦ ᠬᠡᠯᠪᠡᠷᠢ ᠶᠢᠨ | ᠴᠢᠳᠠᠪᠤᠷᠢᠲᠠᠨ᠂ 1000 ᠡᠯ᠎ᠡ ᠬᠦᠷᠢᠶᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ | ᠪᠦᠲᠦᠮᠵᠢᠲᠡᠢ ᠪᠡᠯᠡ ᠣᠷᠣᠭᠤᠯᠤᠯᠲᠠ ᠶᠢ ᠣᠨᠣᠪᠴᠢᠲᠠᠢ ᠥᠷᠭᠡᠳᠬᠡᠨ᠎ᠡ᠃ ᠲᠥᠷᠥᠯ ᠵᠦᠢᠯ ᠢᠶᠠᠷ ᠴᠢᠨᠠᠷ ᠰᠠᠶᠢᠲᠠᠶ | ᠬᠥᠭᠵᠢᠯᠲᠡ ᠶᠢᠨ ︽ᠲᠤᠯᠭᠠᠭᠤᠷᠢᠯᠠᠯ︾ ᠪᠣᠯᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠪᠠᠲᠤᠯᠠᠭ᠎ᠠ ᠵᠡᠷᠭᠡ ᠲᠠᠯ᠎ᠠ ᠶᠢᠨ ᠲᠣᠭᠤᠷᠢᠨ ᠳᠤ᠂ 133 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ | ᠪᠥᠬᠦ ᠴᠤᠪᠤᠷᠠᠯ ᠳᠤ ᠦᠢᠯᠡᠴᠢᠯᠡᠵᠦ᠂ ᠪᠥᠬᠦ ᠦᠶᠡᠯᠡᠯ ᠳᠤ ᠬᠠᠮᠢᠶᠠᠷᠤᠨ᠂ ᠪᠥᠬᠦ ᠬᠦᠴᠦᠨ ᠵᠦᠢᠯ ᠢ ᠪᠠᠲᠤᠯᠠᠵᠤ᠂ | ᠠᠷᠪᠠ ᠬᠤᠨᠤᠭ ᠢᠶᠠᠷ ᠳᠣᠭᠢᠷᠠᠭᠤᠯᠤᠨ᠂ ᠰᠠᠷ᠎ᠠ ᠪᠠᠷ ᠨᠡᠪᠲᠡᠷᠡᠭᠦᠯᠦᠨ᠂ ᠤᠯᠠᠷᠢᠯ ᠢᠶᠠᠷ ᠠᠳᠠᠯᠢᠳᠬᠠᠨ ᠰᠢᠯᠭᠠᠷᠠᠭᠤᠯᠵᠤ᠂ | ᠪᠣᠶ ᠪᠥᠬᠦᠶ ᠲᠥᠷᠥᠯ ᠵᠦᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠭᠠᠷᠳᠠᠮ ᠢ | ᠭᠦᠶ᠋ᠴᠡᠳᠬᠡᠵᠦ ᠳᠠᠭᠤᠰᠬᠠᠬᠤ ᠶᠢ ᠦᠨᠡᠨ ᠬᠦ ᠪᠠᠲᠤᠯᠠᠵᠤ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠦᠬᠦᠨ ᠢ ᠠᠵᠢᠯ ᠢᠶᠠᠨ ᠡᠬᠢᠯᠡᠭᠦᠯᠦᠨ ᠰᠡᠷᠭᠦᠭᠡᠵᠦ᠂ ᠵᠢᠯ ᠤᠨ ᠳᠣᠲᠣᠷ᠎ᠠ ᠪᠠᠷᠢᠯᠭ᠎ᠠ ᠳᠠᠭᠤᠰᠬᠠᠨ ᠠᠰᠢᠭᠯᠠᠯᠲᠠ ᠳᠤ | ᠣᠷᠣᠭᠤᠯᠬᠤ ᠲᠥᠷᠥᠯ ᠵᠦᠢᠯ ᠢ 50 ᠠᠴᠠ ᠳᠡᠭᠡᠭᠰᠢ ᠳᠤ ᠬᠦᠷᠦᠭᠦᠯᠵᠦ᠂ ᠪᠥᠬᠦ ᠵᠢᠯ ᠳᠤ 230 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠰᠢᠨ᠎ᠡ ᠠᠵᠤ ᠦᠢᠯᠡᠰ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠰᠠᠭᠤᠷᠢ ᠪᠥᠲᠥᠭᠡᠨ ᠪᠠᠶᠢᠭᠤᠯᠤᠯᠲᠠ ᠳᠤ ᠰᠠᠭᠤᠷᠢᠯᠠᠨ᠂ ᠲᠥᠷᠥᠯ | ᠵᠦᠢᠯ ᠤᠨ ᠨᠥᠭᠡᠴᠡ ᠬᠥᠮᠥᠷᠭᠡ ᠶᠢ ᠬᠥᠳᠡᠯᠦᠩᠭᠦᠶ ᠪᠠᠷ ᠲᠡᠭᠦᠯᠳᠡᠷᠵᠢᠭᠦᠯᠵᠦ᠂ ᠲᠥᠷᠥᠯ ᠵᠦᠢᠯ ᠢ ᠱᠠᠲᠤ ᠳᠠᠷᠠᠭᠠᠯᠠᠨ | ᠪᠤᠶᠢᠵᠢᠭᠤᠯᠬᠤ ᠲᠣᠭᠲᠠᠴᠠ ᠶᠢ ᠪᠠᠶᠢᠭᠤᠯᠤᠨ᠂ ᠰᠠᠭᠤᠷᠢ ᠶᠢ ᠪᠠᠬᠢᠵᠢᠭᠦᠯᠬᠦ᠂ ᠴᠢᠳᠠᠮᠵᠢ ᠶᠢ ᠨᠡᠮᠡᠭᠳᠡᠭᠦᠯᠬᠦ᠂ ᠠᠯᠤᠰ | ᠬᠡᠲᠦ ᠳᠤ ᠠᠰᠢᠭᠲᠠᠶ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠨᠥᠭᠡᠴᠡᠯᠡᠵᠦ᠂ ᠴᠢᠨᠠᠷ ᠰᠠᠶᠢᠲᠠᠶ | ᠬᠥᠭᠵᠢᠯᠲᠡ ᠳᠤ ᠬᠦᠢᠴᠡᠳ ᠬᠥᠳᠡᠯᠭᠡᠬᠦ ᠡᠨᠧᠷᠭᠢ ᠬᠠᠩᠭᠠᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠥᠷᠨᠢᠯᠲᠡ ᠭᠠᠷᠭᠠᠨ᠎ᠠ᠃ ᠬᠤᠳᠠᠯᠳᠤᠭᠠᠴᠢᠨ ᠤᠷᠢᠬᠤ ᠶᠢ | ᠴᠢᠨᠠᠷ ᠰᠠᠶᠢᠲᠠᠶ ᠬᠥᠭᠵᠢᠯᠲᠡ ᠶᠢᠨ ︽ᠵᠠᠩᠭᠢᠯᠠᠭ᠎ᠠ︾ ᠪᠣᠯᠭᠠᠵᠤ᠂ ᠭᠤᠷᠪᠠᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ 12 ᠶᠡᠭᠡ ᠠᠵᠤ ᠦᠢᠯᠡᠰ ᠤᠨ ᠬᠡᠯᠬᠢᠶ᠎ᠡ᠂ | 20 ᠲᠤᠰᠬᠠᠶ ᠲᠥᠰᠦᠯ᠂ 52 ︽ᠨᠢᠭᠡ ᠠᠵᠢᠯ ᠲᠥᠷᠥᠯ ᠳᠤ ᠨᠢᠭᠡ ᠲᠥᠷᠥ ᠶᠢᠨ ᠪᠣᠳᠣᠯᠭ᠎ᠠ ᠲᠣᠭᠲᠠᠭᠠᠬᠤ︾ | ᠭᠤᠷᠪᠠᠨ ᠵᠢᠯ ᠤᠨ ᠲᠥᠯᠥᠪᠯᠡᠭᠡ ᠶᠢᠨ ᠲᠣᠭᠤᠷᠢᠨ ᠳᠤ᠂ ᠬᠠᠷᠠᠯᠲᠠ ᠲᠣᠭᠲᠠᠭᠠᠵᠤ᠂ ᠡᠭᠦᠷᠭᠡ ᠬᠠᠷᠢᠭᠤᠴᠠᠯᠭ᠎ᠠ | ᠲᠣᠭᠲᠠᠭᠠᠵᠤ᠂ ᠴᠠᠭ ᠬᠤᠭᠤᠴᠠᠭ᠎ᠠ ᠲᠣᠭᠲᠠᠭᠠᠵᠤ᠂ ᠪᠥᠬᠦ ᠲᠣᠭᠤᠷᠢᠭ ᠤᠨ ᠬᠦᠴᠦᠨ ᠢ ᠳᠠᠶᠢᠴᠢᠯᠠᠨ ᠲᠤᠰᠬᠠᠶ | ᠮᠡᠷᠭᠡᠵᠢᠯ ᠢᠶᠠᠷ ᠬᠤᠳᠠᠯᠳᠤᠭᠠᠴᠢᠨ ᠤᠷᠢᠬᠤ᠂ ᠨᠠᠶᠢᠳᠠᠵᠤ ᠬᠤᠳᠠᠯᠳᠤᠭᠠᠴᠢᠨ ᠤᠷᠢᠬᠤ᠂ ᠪᠥᠬᠦ ᠠᠵᠢᠯᠲᠠᠨ ᠳᠤ | ᠬᠤᠳᠠᠯᠳᠤᠭᠠᠴᠢᠨ ᠤᠷᠢᠬᠤ ᠶᠢ ᠥᠷᠭᠡᠨ ᠢᠶᠠᠷ ᠥᠷᠨᠢᠭᠦᠯᠵᠦ᠂ ᠴᠡᠭ ᠲᠤ ᠰᠠᠭᠤᠵᠤ ᠬᠤᠳᠠᠯᠳᠤᠭᠠᠴᠢᠨ ᠤᠷᠢᠬᠤ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠬᠤᠷᠠᠯ ᠦᠵᠡᠰᠬᠦᠯᠡᠩ ᠬᠢᠵᠦ ᠬᠤᠳᠠᠯᠳᠤᠭᠠᠴᠢᠨ ᠤᠷᠢᠬᠤ ᠶᠢ | ᠲᠦᠢᠯ ᠤᠨ ᠣᠨᠣᠪᠴᠢᠲᠠᠶ ᠪᠠᠷ ᠥᠷᠨᠢᠭᠦᠯᠵᠦ᠂ ᠪᠥᠬᠦ ᠵᠢᠯ ᠳᠤ 120 ᠭᠤᠤᠯᠳᠠᠯᠭ᠎ᠠ ᠲᠠᠢ ᠲᠥᠷᠥᠯ ᠵᠦᠢᠯ ᠢ | ᠣᠷᠣᠭᠤᠯᠤᠨ ᠠᠪᠴᠢᠷᠠᠵᠤ᠂ ᠠᠵᠤ ᠦᠢᠯᠡᠳᠪᠤᠷᠢ ᠶᠢᠨ ᠲᠥᠷᠥᠯ ᠵᠦᠶ᠋ᠯ ᠢ 50% ᠠᠴᠠ ᠳᠡᠭᠡᠭᠰᠢ ᠶᠢ ᠡᠵᠡᠯᠡᠪᠡ᠃ | ᠰᠢᠯᠢᠳᠡᠭ ᠢ ᠨᠢ ᠡᠯᠰᠡᠵᠦ ᠬᠦᠴᠦᠷᠬᠡᠭ ᠢ ᠨᠢ ᠣᠷᠣᠭᠤᠯᠤᠨ ᠠᠪᠴᠢᠷᠠᠬᠤ ᠶᠢ ᠳᠣᠪᠤᠶᠢᠯᠭᠠᠵᠤ᠂ ᠠᠵᠢᠯ ᠲᠥᠷᠥᠯ ᠤᠨ ︽ | ᠲᠦᠷᠦᠭᠦᠦ 50 ᠬᠦᠴᠦᠷᠬᠡᠭ︾ ᠠᠵᠤ ᠠᠬᠤᠶᠢᠯᠠᠯ᠂ ︽ᠭᠠᠭᠴᠠ ᠡᠪᠡᠷᠲᠦ︾ ᠠᠵᠤ ᠠᠬᠤᠶᠢᠯᠠᠯ᠂ ︽ᠨᠢᠭᠤᠭᠳᠠᠮᠠᠯ | ᠮᠠᠩᠯᠠᠶ︾ ᠠᠵᠤ ᠠᠬᠤᠶᠢᠯᠠᠯ᠂ ︽ᠲᠤᠰᠬᠠᠶ ᠮᠡᠷᠭᠡᠵᠢᠯ︾ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ | ᠪᠠᠶᠢᠷᠢᠯᠠᠭᠤᠯᠤᠯᠲᠠ ᠶᠢᠨ ᠲᠥᠯᠥᠪᠵᠢᠭᠦᠯᠪᠡ ᠪᠠ ᠠᠵᠤ ᠦᠢᠯᠡᠰ ᠤᠨ ᠣᠷᠣᠭᠤᠯᠤᠯᠲᠠ ᠶᠢᠨ ᠬᠠᠨᠳᠤᠰᠢ ᠶᠢ ᠴᠠᠭ | ᠲᠤᠬᠠᠢ ᠳᠤᠨᠢ ᠡᠵᠡᠮᠰᠢᠵᠦ᠂ ᠡᠯ᠎ᠡ ᠬᠦᠷᠢᠶ᠎ᠡ ᠴᠠᠷᠠᠭ᠎ᠠ ᠶᠢᠨ ᠲᠥᠷᠥᠯ ᠵᠦᠢᠯ ᠢ ᠵᠡᠷᠭᠡᠪᠡᠷ ᠠᠳᠬᠤᠵᠤ᠂ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠢ ᠴᠥᠮ ᠬᠥᠭᠵᠢᠭᠦᠯᠵᠦ᠂ ᠭᠤᠣᠯᠯᠠᠭᠴᠢ ᠬᠦᠴᠦᠨ ᠢ ᠤᠷᠢᠨ | ᠣᠷᠣᠭᠤᠯᠵᠤ᠂ ᠭᠤᠣᠯᠯᠠᠭᠴᠢ ᠬᠦᠴᠦᠨ ᠢ ᠤᠷᠢᠨ ᠠᠪᠴᠢᠷᠠᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ | ᠪᠠᠲᠤᠯᠠᠭ᠎ᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠲᠥᠰᠦᠪ ᠤᠨ 300 ᠲᠦᠮᠡᠨ ᠲᠥᠭᠦᠷᠢᠭ ᠢ ᠠᠷᠠᠯᠵᠢᠶᠠᠴᠢᠨ | ᠤᠷᠢᠬᠤ ᠠᠵᠢᠯ ᠳᠤ ᠲᠤᠰᠬᠠᠢ ᠬᠡᠷᠡᠭᠯᠡᠨ᠎ᠡ︔ ᠱᠠᠩᠨᠠᠵᠤ ᠲᠣᠷᠭᠠᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ | ᠰᠢᠯᠢᠳᠡᠭ ᠵᠠᠯᠠᠭᠤ ᠺᠠᠳ᠋ᠷ ᠢ ᠬᠤᠳᠠᠯᠳᠤᠭᠠᠴᠢᠨ ᠤᠷᠢᠬᠤ ᠨᠢᠭᠡᠳᠦᠭᠡᠷ ᠹᠷᠣᠨᠲ ᠬᠦᠷᠲᠡᠯ᠎ᠡ ᠲᠡᠭᠦᠯᠳᠡᠷᠵᠢᠭᠦᠯᠵᠦ᠂ | ᠵᠣᠯᠭᠠᠭᠤᠯᠬᠤ᠂ ᠵᠥᠪᠳᠡᠯᠴᠡᠬᠦ᠂ ᠣᠷᠣᠵᠤ ᠰᠠᠭᠤᠬᠤ᠂ ᠪᠦᠲᠦᠭᠡᠨ ᠪᠠᠶᠢᠭᠤᠯᠬᠤ ᠠᠴᠠ ᠠᠰᠢᠭᠯᠠᠯᠲᠠ ᠳᠤ ᠣᠷᠣᠭᠤᠯᠬᠤ | ᠬᠦᠷᠲᠡᠯᠡᠬᠢ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ | ᠪᠦᠷᠢᠨᠰᠢᠭᠦᠯᠦᠨ᠎ᠡ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠴᠦ ᠪᠠᠨ | ᠲᠥᠪᠯᠡᠷᠡᠭᠦᠯᠦᠨ ᠠᠬᠢᠭᠤᠯᠤᠨ᠎ᠠ᠃ | ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠴᠦᠯᠡᠨ ᠬᠥᠭᠵᠢᠭᠦᠯᠦᠨ᠎ᠡ᠃ ᠣᠳᠣ ᠦᠶ᠎ᠡ ᠶᠢᠨ ᠠᠵᠤ | ᠦᠢᠯᠡᠳᠪᠦᠷᠢ ᠶᠢ ︽ᠲᠣᠭᠤᠷᠢᠭ ᠢᠶᠠᠨ ᠪᠠᠶᠢᠭᠤᠯᠬᠤ ᠶᠢᠨ ᠦᠨᠳᠦᠰᠦ︾ ᠪᠣᠯᠭᠠᠨ᠂ ᠲᠥᠬᠦᠷᠵᠢᠭᠦᠯᠬᠦ᠂ | ᠰᠢᠯᠢᠳᠡᠭᠵᠢᠭᠦᠯᠬᠦ ᠪᠠᠲᠤᠯᠠᠭ᠎ᠠ ᠶᠢ ᠲᠡᠭᠦᠯᠳᠡᠷᠵᠢᠭᠦᠯᠵᠦ᠂ ᠠᠵᠤ ᠦᠢᠯᠡᠰ ᠢ ᠬᠦᠴᠦᠷᠬᠡᠭᠵᠢᠭᠦᠯᠦᠨ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 10 % ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ PPP | ᠵᠡᠷᠭᠡ ᠵᠠᠭᠪᠤᠷ ᠢᠶᠠᠷ ᠳᠠᠮᠵᠢᠭᠤᠯᠤᠨ ᠬᠦᠷᠢᠶᠡᠯᠡᠩ ᠲᠣᠭᠤᠷᠢᠭ ᠤᠨ ᠰᠠᠭᠤᠷᠢ ᠢᠵᠢ ᠪᠦᠷᠢᠳᠦᠭᠦᠯᠬᠦ ᠢᠨᠵᠧᠨᠧᠷᠢᠩ ᠢ | ᠨᠠᠷᠢᠯᠢᠭ ᠣᠨᠣᠪᠴᠢᠲᠠᠶ ᠬᠡᠷᠡᠭᠵᠢᠭᠦᠯᠵᠦ᠂ ᠬᠥᠨᠳᠡᠯᠡᠨ ᠵᠢᠷᠭᠤᠳᠤᠭᠠᠷ ᠵᠠᠮ᠂ ᠤᠷᠲᠤᠷᠢᠭ ᠬᠤᠶᠠᠳᠤᠭᠠᠷ ᠵᠠᠮ ᠵᠡᠷᠭᠡ 9 | ᠵᠤᠷᠪᠤᠰ ᠵᠠᠮ ᠤᠨ ᠬᠤᠭᠤᠯᠠᠶ ᠶᠢᠨ ᠲᠤᠤᠷ ᠢ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ ᠴᠠᠬᠢᠭᠤᠷ | ᠨᠡᠭᠦᠷᠡᠰᠦᠲᠥ᠋ᠷᠥᠭᠴᠢ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠬᠤᠪᠣᠷ ᠰᠢᠷᠣᠶ ᠶᠢᠨ ᠬᠡᠷᠡᠭᠯᠡᠭᠡᠨ ᠤ | ᠬᠦᠷᠢᠶᠡᠯᠡᠩ ᠤᠨ ᠳᠤᠮᠳᠠᠳᠤ ᠬᠦᠷᠢᠶᠡᠯᠡᠩ ᠵᠡᠷᠭᠡ 4 ᠲᠥᠷᠥᠯ ᠵᠦᠢᠯ ᠤᠨ ᠪᠠᠷᠢᠮᠵᠢᠶᠠᠵᠢᠭᠤᠯᠤᠭᠰᠠᠨ | ᠦᠢᠯᠡᠳᠪᠣᠷᠢ ᠶᠢᠨ ᠪᠠᠶᠢᠰᠢᠩ ᠢ ᠲᠦᠷᠭᠡᠳᠬᠡᠨ ᠪᠠᠶᠢᠭᠤᠯᠵᠤ᠂ ᠠᠭᠤᠷ ᠤᠨ ᠬᠥᠳᠡᠯᠭᠡᠬᠦ ᠬᠦᠴᠦᠨ ᠤ ᠬᠤᠭᠤᠯᠠᠶ ᠶᠢᠨ | ᠱᠤᠭᠤᠮ᠂ ᠤᠰᠤᠲᠥ᠋ᠷᠥᠭᠴᠢ ᠨᠡᠮᠡᠬᠦ ᠥᠷᠲᠡᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠤᠨ ᠲᠥᠷᠥᠯ | ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠬᠦᠴᠦᠳᠡᠯ ᠥᠭᠡᠷᠡᠴᠢᠯᠡᠬᠦ ᠥᠷᠲᠡᠭᠡ᠂ ᠭᠠᠯ ᠤᠨᠲᠠᠷᠠᠭᠠᠬᠤ ᠲᠠᠯᠠᠪᠠᠶ | ᠥᠷᠲᠡᠭᠡ᠂ ᠪᠣᠷᠣᠭᠠᠨ ᠤ ᠤᠰᠤ ᠶᠢᠨ ᠬᠥᠭᠡᠷᠭᠡ ᠶᠢᠨ ᠥᠷᠲᠡᠭᠡ ᠵᠡᠷᠭᠡ ᠲᠥᠷᠥᠯ ᠵᠦᠢᠯ ᠤᠨ ᠪᠠᠲᠤᠯᠠᠭ᠎ᠠ ᠶᠢᠨ | ᠢᠨᠵᠧᠨᠧᠷᠢᠩ ᠢ ᠢᠵᠢ ᠪᠦᠷᠢᠳᠦᠭᠦᠯᠦᠨ ᠪᠠᠶᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠳᠠᠭᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠴᠦᠨ ᠢᠶᠠᠨ ᠲᠥᠪᠯᠡᠷᠡᠭᠦᠯᠬᠦ ︽ᠳᠥᠷᠪᠡᠨ ᠶᠡᠭᠡ ᠭᠤᠤᠯᠯᠠᠬᠤ ᠠᠵᠤ ᠦᠢᠯᠡᠰ | ︾ ᠲᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 622.5 ᠳ᠋ᠦᠩᠰᠢᠭᠤᠷ | ᠲᠥᠭᠦᠷᠢᠭ ᠤᠨ 62 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠭᠡᠷᠡᠯᠯᠢᠭ ᠨᠡᠭᠦᠷᠡᠰᠦᠲᠥ᠋ᠷᠥᠭᠴᠢᠲᠦ | ᠰᠢᠷᠬᠡᠭᠯᠢᠭ᠂ ᠴᠦᠭᠦᠷᠰᠦ ᠶᠢᠨ ᠪᠢᠯᠢᠭ ᠲᠦᠢᠯ ᠤᠨ ᠮᠠᠲ᠋ᠧᠷᠢᠶᠠᠯ ᠵᠡᠷᠭᠡ ᠴᠢᠨᠠᠷ ᠰᠠᠶᠢᠲᠠᠶ ᠠᠵᠤ ᠦᠢᠯᠡᠰ ᠤᠨ ᠲᠥᠷᠥᠯ | ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠥᠨᠳᠥᠷ | ᠲᠠᠶᠢᠯᠠᠨᠳ᠋ ᠤᠨ ᠨᠡᠭᠦᠷᠡᠰᠦᠲᠥ᠋ᠷᠥᠭᠴᠢ ᠶᠢᠨ ᠨᠡᠶᠢᠯᠡᠮᠡᠯ ᠮᠠᠲ᠋ᠧᠷᠢᠶᠠᠯ᠂ ᠬᠠᠨᠬᠠᠢ ᠶᠢᠨ ᠨᠡᠭᠦᠷᠡᠰᠦᠲᠥ᠋ᠷᠥᠭᠴᠢᠲᠦ ᠴᠠᠬᠢᠭᠤᠷ | ᠵᠡᠷᠭᠡ ᠰᠢᠨ᠎ᠡ ᠶᠢ ᠡᠭᠦᠳᠬᠦ ᠠᠵᠤ ᠦᠶ᠋ᠯᠡᠰ ᠤᠨ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠳᠤᠮᠳᠠ ᠴᠠᠪᠠᠤᠯᠢᠭ | ᠾᠯᠣᠷᠲᠤ ᠪᠦᠲ᠋ᠢᠯ ᠰᠢᠶᠠᠩᠵᠢᠶᠤᠤ᠂ ᠮᠠᠶ ᠭᠧ ᠨᠠ ᠶᠢᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠤ ᠬᠡᠷᠡᠭᠯᠡᠯᠲᠡ᠂ | ᠤᠯᠤᠰ ᠤᠨ ᠡᠨᠧᠷᠭᠢ ᠶᠢᠨ ᠨᠡᠭᠦᠷᠡᠰᠦ ᠪᠠᠷ ᠠᠯᠺᠧᠨ ᠦᠢᠯᠡᠳᠬᠦ ᠶᠢᠨ ᠲᠠᠰ ᠳᠡᠪᠰᠢᠭᠰᠡᠨ ᠵᠢᠱᠢᠶ᠎ᠡ ᠦᠵᠡᠭᠦᠯᠬᠦ ᠵᠡᠷᠭᠡ | ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ ᠳᠣᠣᠷ᠎ᠠ | ᠠᠰᠢᠬᠯᠠᠮᠵᠢᠳᠤ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠬᠤ ᠠᠵᠢᠯᠯᠠᠭ᠎ᠠ ᠶᠢ ᠬᠦᠴᠦᠯᠡᠨ ᠥᠷᠨᠢᠭᠦᠯᠵᠦ᠂ ︽ | ᠦᠬᠦᠰᠢᠷᠡᠮᠡᠯ ᠠᠵᠤ ᠠᠬᠤᠶᠢᠯᠠᠯ︾ ᠢ ᠦᠷᠭᠦᠯᠵᠢᠯᠡᠨ ᠴᠡᠪᠡᠷᠯᠡᠵᠦ᠂ ᠵᠢᠦ ᠶᠣᠣ ᠶᠢᠨ ᠬᠤᠯᠬᠤᠪᠴᠢ ᠶᠢᠨ ᠵᠢᠵᠢᠭ | ᠪᠠᠯᠭᠠᠰᠤ ᠶᠢ ᠢᠳᠡᠪᠬᠢᠲᠡᠢ ᠲᠦᠯᠬᠢᠨ ᠠᠬᠢᠭᠤᠯᠵᠤ᠂ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ | ᠵᠡᠷᠭᠡ ᠵᠦᠢᠯᠡᠰ ᠢ ᠪᠠᠶᠢᠭᠤᠯᠤᠨ᠂ ︽ᠰᠢᠩᠭᠡᠯᠢᠭ ᠢ ᠰᠤᠯᠠᠯᠠᠵᠤ ᠰᠢᠪᠠᠭᠤ ᠶᠢ ᠰᠣᠯᠢᠬᠤ︾ ᠶᠢ ᠪᠡᠶᠡᠯᠡᠭᠦᠯᠦᠨ᠎ᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠴᠦᠯᠡᠨ ᠬᠥᠭᠵᠢᠭᠦᠯᠦᠨ᠎ᠡ᠃ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠢ ︽ᠠᠮᠢᠳᠤᠯᠢᠭ ᠣᠷᠣᠨ︾ ᠪᠣᠯᠭᠠᠵᠤ᠂ ᠡᠵᠡᠩᠨᠡᠯᠲᠡ ᠶᠢᠨ ᠪᠠᠶᠢᠳᠠᠯ ᠲᠥᠯᠥᠪ ᠢ ᠨᠢ | ᠪᠠᠶᠠᠯᠢᠭᠵᠢᠭᠤᠯᠤᠨ᠂ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠬᠡᠷᠡᠭᠯᠡᠭᠡᠨ ᠢ ᠳᠠᠶᠢᠴᠢᠯᠠᠨ᠂ ᠦᠢᠯᠡᠴᠢᠯᠡᠭᠡᠨ ᠤ | ᠦᠢᠯᠡᠰ ᠤᠨ ᠨᠡᠮᠡᠭᠳᠡᠯ ᠥᠷᠲᠡᠭ ᠢ 10 % ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠠᠷᠠᠯᠵᠢᠶ᠎ᠠ ᠬᠤᠳᠠᠯᠳᠤᠭᠠᠨ ᠤ | ᠭᠠᠵᠠᠷ ᠣᠷᠣᠨ ᠤ ᠠᠵᠤ ᠦᠢᠯᠡᠰ ᠢ ᠬᠥᠭᠵᠢᠭᠦᠯᠵᠦ᠂ ᠵᠦᠩ ᠶᠧ ᠳ᠋ᠧ ᠰᠢᠶᠠᠨ ᠭᠦᠩ ᠣᠷᠳᠣᠨ᠂ ᠵᠦᠩ ᠱᠢ ᠽᠢ | ᠴᠧᠨ ᠪᠢᠴᠢᠭ ᠤᠨ ᠬᠦᠷᠢᠶᠡᠯᠡᠩ ᠵᠡᠷᠭᠡ ᠶᠠᠰᠤ ᠴᠢᠨᠠᠷ ᠣᠨ ᠭᠠᠵᠠᠷ ᠰᠢᠷᠣᠢ ᠶᠢᠨ ᠬᠥᠷᠥᠩᠭᠡ ᠶᠢᠨ ᠲᠥᠷᠦᠯ ᠵᠦᠢᠯ ᠢ | ᠠᠬᠢᠭᠤᠯᠵᠤ᠂ ᠹᠦ᠋ ᠯᠢ ᠬᠤᠳᠠᠯᠳᠤᠭᠠᠨ ᠤ ᠶᠡᠷᠦᠩᠬᠡᠢ ᠴᠣᠭᠴᠠ᠂ ᠸᠠᠨ ᠺᠧ ᠰᠢᠩ ᠭᠤᠸᠠᠩ ᠲᠩᠷᠢ ᠭᠠᠵᠠᠷ ᠵᠡᠷᠭᠡ | ᠳᠡᠭᠡᠰᠦ ᠲᠡᠰ ᠤᠨ ᠬᠤᠳᠠᠯᠳᠤᠭᠠᠨ ᠤ ᠲᠥᠷᠦᠯ ᠵᠦᠢᠯ ᠢ ᠪᠠᠶᠢᠭᠤᠯᠵᠤ᠂ ᠵᠦᠩ ᠶᠧ ᠵᠧᠦ ᠵᠢᠢ ᠪᠠᠭᠤᠳᠠᠯ᠂ ᠶᠤᠸᠠᠨ | ᠵᠧᠦ ᠱᠧ ᠬᠤᠸᠠ ᠪᠡᠶ᠎ᠡ ᠰᠤᠪᠢᠯᠠᠬᠤ ᠰᠣᠳᠣᠨ ᠪᠠᠭᠤᠳᠠᠯ ᠵᠡᠷᠭᠡ ᠣᠳᠣᠨ ᠲᠡᠰ ᠤᠨ ᠪᠠᠭᠤᠳᠠᠯ ᠤᠨ ᠲᠥᠷᠦᠯ ᠵᠦᠢᠯ ᠢ | ᠠᠬᠢᠭᠤᠯᠵᠤ᠂ ᠲᠠᠶᠢᠸᠠᠨ ᠤ ᠰᠢᠨ ᠭᠤᠸᠠᠩ ᠲᠥᠪ᠂ ᠥᠪᠥᠷ ᠮᠣᠩᠭᠤᠯ ᠤᠨ ᠲᠣᠭᠠᠴᠢᠯᠠᠭᠰᠠᠨ ᠠᠵᠤ ᠠᠬᠤᠢ ᠶᠢᠨ | ᠠᠵᠤ ᠦᠢᠯᠡᠰ ᠤᠨ ᠲᠥᠪ ᠵᠡᠷᠭᠡ ᠭᠠᠵᠠᠷ ᠤᠨ ᠪᠠᠷᠢᠮᠵᠢᠶᠠᠲᠤ ᠬᠤᠳᠠᠯᠳᠤᠭᠠᠨ ᠤ ᠲᠥᠷᠦᠯ ᠵᠦᠢᠯ ᠢ | ᠨᠠᠢᠳᠠᠪᠤᠷᠢᠵᠢᠭᠤᠯᠤᠨ᠎ᠠ᠃ ᠰᠣᠶᠣᠯ ᠵᠢᠭᠤᠯᠴᠢᠯᠠᠯ ᠡᠷᠡᠭᠦᠯ ᠮᠡᠨᠳᠦ ᠶᠢᠨ ᠰᠤᠪᠢᠯᠠᠯᠲᠠ ᠶᠢᠨ ᠦᠢᠯᠡᠰ ᠢ ᠴᠡᠴᠡᠭᠯᠡᠭᠦᠯᠦᠨ | ᠬᠥᠭᠵᠢᠭᠦᠯᠵᠦ᠂ ᠪᠤᠭᠤᠲᠤ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠥᠰᠥ ᠴᠠᠰᠤᠨ ᠤ ᠲᠥᠪ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠳᠤᠮᠳᠠᠳᠤ ᠤᠯᠤᠰ ᠤᠨ ᠲᠡᠮᠦᠷ ᠵᠠᠮ ᠤᠨ ᠬᠠᠲᠤᠨ ᠭᠤᠤᠯ ᠤᠨ | ᠡᠷᠡᠭᠦᠯ ᠮᠡᠨᠳᠦ ᠶᠢᠨ ᠬᠤᠲᠠ᠂ ᠳ᠋ᠦᠤᠤ ᠹᠦ᠋ ᠸᠤᠨ ᠵᠢᠭᠤᠯᠴᠢᠯᠠᠯ ᠤᠨ ᠬᠤᠲᠠ ᠵᠡᠷᠭᠡ ᠲᠥᠷᠥᠯ ᠵᠦᠢᠯ ᠢ ᠡᠬᠢᠯᠡᠭᠦᠯᠦᠨ᠎ᠡ | ᠃ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠢ ᠲᠥᠪᠯᠡᠷᠡᠭᠦᠯᠦᠨ᠂ ᠵᠧᠵᠢᠶᠠᠩ ᠤᠨ ᠬᠤᠳᠠᠯᠳᠤᠭᠠᠨ ᠤ | ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠣᠷᠣᠨ ᠪᠦᠰᠡ ᠶᠢᠨ ᠶᠡᠷᠦᠩᠬᠡᠶ ᠬᠡᠯᠲᠡᠰ ᠤᠨ ᠣᠷᠣᠵᠤ | ᠰᠠᠭᠤᠬᠤ ᠶᠢ ᠠᠬᠢᠭᠤᠯᠵᠤ᠂ ᠵᠢᠦ ᠶᠤᠸᠠᠨ ᠤ ᠮᠠᠯ ᠠᠵᠤ ᠠᠬᠤᠶ᠂ ᠴᠢ ᠱᠢ ᠰᠦ᠋ ᠶᠢᠨ ᠦᠢᠯᠡᠰ ᠵᠡᠷᠭᠡ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠲᠡᠳᠬᠦᠨ ᠳᠡᠮᠵᠢᠵᠦ᠂ ᠰᠠᠭᠤᠷᠢ ᠮᠥᠩᠭᠦ᠂ ᠳᠠᠭᠠᠭᠠᠯᠲᠠ ᠶᠢᠨ | ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ 3 ᠠᠴᠠ ᠳᠡᠭᠡᠭᠰᠢ ᠣᠷᠣᠭᠤᠯᠤᠨ ᠠᠪᠴᠢᠷᠠᠨ᠎ᠠ᠃ ᠴᠢᠨᠠᠷ | ᠴᠢᠨᠰᠠᠭ᠎ᠠ ᠰᠢᠨ᠎ᠡ ᠬᠡᠷᠡᠭᠯᠡᠭᠡ ᠶᠢ ᠳᠡᠭᠡᠭᠰᠢᠯᠡᠭᠦᠯᠵᠦ᠂ ᠸᠠᠨ ᠳ᠋ᠠ ᠠᠭᠤᠳᠠᠮ ᠲᠠᠯᠠᠪᠠᠢ᠂ ᠾᠧᠩ ᠯᠢ ᠵᠡᠭᠡᠯᠢ᠂ ᠰᠠᠢ ᠢᠤ | ᠴᠧᠩ ᠵᠡᠷᠭᠡ ᠬᠤᠳᠠᠯᠳᠤᠭᠠᠨ ᠤ ᠲᠥᠪ ᠲᠤ ᠲᠦᠰᠢᠭᠯᠡᠨ᠂ ᠰᠦᠯᠵᠢᠶᠡᠨ ᠤ ᠤᠳᠤᠨ ᠤ ᠠᠵᠤ ᠠᠬᠤᠢ᠂ | ᠠᠮᠠᠷᠠᠯᠲᠠ ᠶᠢᠨ ᠡᠳᠦᠷ ᠤᠨ ᠠᠵᠤ ᠠᠬᠤᠢ᠂ ᠪᠣᠬᠢᠷᠲᠤᠯ ᠦᠭᠡᠢ ᠬᠡᠷᠡᠭᠯᠡᠭᠡ ᠵᠡᠷᠭᠡ ᠰᠢᠨ᠎ᠡ ᠪᠠᠷ ᠮᠠᠨᠳᠤᠭᠰᠠᠨ | ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠥᠨᠢ ᠶᠢᠨ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠯ ᠤᠨ ᠣᠷᠣᠨ ᠢ ᠴᠢᠷᠮᠠᠶᠢᠨ ᠡᠭᠦᠳᠴᠦ᠂ ᠰᠠᠭᠤᠭᠠᠯᠢ ᠠᠷᠠᠳ ᠤᠨ ᠣᠯᠠᠨ | ᠳᠡᠰ ᠳᠠᠪᠬᠤᠷᠭ᠎ᠠ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠨ᠎ᠠ᠃ | ᠲᠣᠭᠠᠴᠢᠯᠠᠭᠰᠠᠨ ᠠᠵᠤ ᠦᠢᠯᠡᠰ ᠢ ᠬᠦᠴᠦᠯᠡᠨ ᠬᠥᠭᠵᠢᠭᠦᠯᠦᠨ᠎ᠡ᠃ ᠲᠣᠭᠠᠴᠢᠯᠠᠭᠰᠠᠨ ᠠᠵᠤ ᠠᠬᠤᠶ ᠶᠢ | ︽ᠲᠣᠭᠤᠷᠢᠭ ᠢᠶᠠᠨ ᠬᠦᠴᠦᠷᠬᠡᠭᠵᠢᠭᠦᠯᠬᠦ ᠶᠢᠨ ᠴᠢᠬᠤᠯᠠ ᠵᠦᠢᠯ︾ ᠪᠣᠯᠭᠠᠵᠤ᠂ ᠦᠨᠳᠦᠰᠦᠨ ᠪᠥᠲᠥᠭᠡᠨ | ᠪᠠᠶᠢᠭᠤᠯᠤᠯᠲᠠ ᠶᠢ ᠪᠠᠶᠢᠷᠢᠰᠢᠭᠤᠯᠤᠨ᠂ ᠠᠵᠤ ᠦᠢᠯᠡᠰ ᠢ ᠳᠡᠭᠡᠭᠰᠢᠯᠡᠭᠦᠯᠵᠦ᠂ ᠠᠭᠤᠰᠤᠯᠴᠠᠯ ᠢ ᠠᠬᠢᠭᠤᠯᠤᠨ᠂ | ᠲᠣᠭᠠᠴᠢᠯᠠᠭᠰᠠᠨ ᠶᠢᠰᠦᠨ ᠣᠷᠣᠨ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠶᠠᠨᠲ᠋ᠠᠢ ᠶᠢᠨ | ᠪᠣᠬᠢᠷᠲᠤᠯ ᠦᠭᠡᠢ ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ᠂ ᠲᠧᠩ ᠰᠢᠶᠦ᠋ᠨ ᠴᠠᠬᠢᠯᠭᠠᠨ | ᠥᠷᠢᠰᠥᠯᠳᠦᠭᠡᠨ ᠤ ᠣᠷᠳᠣᠨ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠳ᠋ᠢ ᠱᠠᠩ ᠪᠦᠯᠦᠭᠯᠡᠯ ᠤᠨ | ᠪᠤᠭᠤᠲᠤ ᠶᠢᠨ ᠲᠣᠭᠠᠴᠢᠯᠠᠭᠰᠠᠨ ᠦᠢᠯᠡᠳᠪᠦᠷᠢ ᠶᠢᠨ ᠳᠡᠯᠭᠡᠭᠦᠷ᠂ ᠳᠠᠭᠠᠭᠤᠯᠢ ᠣᠳᠣᠨ ᠤ ᠠᠯᠤᠰ ᠰᠡᠷᠡᠯ ᠲᠣᠮᠣ | ᠳ᠋ᠠᠶᠢᠲ᠋ᠠ ᠶᠢᠨ ᠠᠵᠤ ᠦᠢᠯᠡᠰ ᠤᠨ ᠬᠡᠷᠡᠭᠯᠡᠭᠡᠨ ᠤ ᠲᠥᠪ ᠵᠡᠷᠭᠡ ᠲᠥᠷᠥᠯ ᠵᠦᠢᠯ ᠢ ᠠᠬᠢᠭᠤᠯᠵᠤ᠂ ᠳ᠋ᠧᠦ ᠶᠢᠨ᠂ ᠲᠤᠤ | ᠪᠦᠦ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠢᠭᠤᠳ ᠨᠡᠪᠲᠡᠷᠡᠭᠦᠯᠬᠦ ᠡᠯᠧᠺᠲᠷᠣᠨ | ᠬᠤᠳᠠᠯᠳᠤᠭᠠᠨ ᠤ ᠰᠠᠭᠤᠷᠢᠨ ᠢ ᠪᠠᠶᠢᠭᠤᠯᠵᠤ᠂ ᠨᠢᠭᠡ ᠪᠦᠯᠦᠭ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ᠂ ᠠᠵᠤ ᠦᠢᠯᠡᠰ ᠤᠨ ᠬᠡᠷᠡᠭᠯᠡᠭᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶ᠎ᠡ ᠴᠠᠷᠠᠭ᠎ᠠ ᠶᠢᠨ | ᠰᠢᠨ᠎ᠡ ᠶᠢ ᠡᠭᠦᠳᠬᠦ ᠠᠭᠤᠰᠤᠯᠴᠠᠯ ᠤᠨ ᠲᠥᠷᠥᠯ ᠵᠦᠢᠯ ᠢ ᠲᠥᠪᠯᠡᠷᠡᠭᠦᠯᠦᠨ᠎ᠡ᠃ ᠤᠶᠤᠨᠲᠤ ᠬᠦᠷᠢᠶᠡᠯᠡᠩ ᠲᠣᠭᠤᠷᠢᠭ | ᠢ ᠪᠠᠶᠢᠭᠤᠯᠤᠨ᠂ ᠴᠢᠩᠳᠣᠤ ᠬᠤᠲᠠ ᠶᠢᠨ ᠶᠡᠭᠡ ᠲᠠᠷᠢᠬᠢᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠲᠣᠭᠠᠴᠢᠯᠠᠭᠰᠠᠨ ᠬᠡᠷᠡᠭᠯᠡᠭᠡᠨ ᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ᠵᠢᠯ ᠤᠨ ᠳᠣᠲᠣᠷ᠎ᠠ ᠪᠤᠢ ᠪᠦᠬᠦᠢ | ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ︽ᠡᠭᠦᠯᠡᠨ ᠲᠠᠪᠴᠠᠩ ᠳᠤ ᠭᠠᠷᠭᠠᠬᠤ︾ ᠶᠢ ᠪᠡᠶᠡᠯᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠲᠣᠭᠠᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ | ᠭᠦᠨᠵᠡᠭᠡᠶᠢᠷᠡᠭᠦᠯᠵᠦ᠂ ︽ᠮᠥᠩᠬᠡ ᠰᠤᠪᠠᠭ︾ APP ᠶᠢᠨ ᠡᠭᠦᠳᠡ ᠡᠷᠦᠬᠡ᠂ ︽ᠬᠥᠮᠦᠨ ᠪᠠ ᠵᠢᠦ ᠶᠤᠸᠠᠨ︾ | ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠨᠠᠩ ᠥᠷᠭᠡᠨ ᠲᠦᠭᠡᠮᠡᠯ | ᠬᠠᠷᠠᠭᠠᠯᠵᠠᠯᠲᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠣᠶᠤᠨᠴᠢ ᠬᠢᠨᠠᠯᠲᠠ ᠬᠠᠮᠢᠶᠠᠷᠤᠯᠲᠠ ᠶᠢ | ᠪᠠᠶᠢᠭᠤᠯᠵᠤ᠂ ᠲᠣᠭᠠᠴᠢᠯᠠᠭᠰᠠᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ | ᠃ ᠰᠢᠨ᠎ᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠰᠲ᠋ᠧᠮ ᠲᠠᠢ ᠪᠠᠶᠢᠷᠢᠰᠢᠭᠤᠯᠵᠤ᠂ ᠵᠢᠯ ᠤᠨ | ᠳᠣᠲᠣᠷ᠎ᠠ 65 ᠤᠶᠤᠨᠲᠤ ᠴᠠᠬᠢᠯᠭᠠᠨ ᠴᠡᠨᠡᠭᠯᠡᠬᠦ ᠪᠠᠭᠠᠨ᠎ᠠ᠂ 115 ᠤᠶᠤᠨᠲᠤ ᠣᠯᠠᠨ ᠴᠢᠳᠠᠮᠵᠢᠲᠤ ᠳ᠋ᠧᠩ ᠤᠨ | ᠪᠠᠭᠠᠨ᠎ᠠ᠂ 1405G ᠶᠢᠨ ᠬᠤᠩ ᠰᠠᠭᠤᠷᠢ ᠥᠷᠲᠡᠭᠡ ᠶᠢᠨ ᠪᠠᠶᠢᠭᠤᠯᠤᠨ᠎ᠠ᠃ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠦᠴᠦᠯᠡᠨ ᠬᠥᠭᠵᠢᠭᠦᠯᠦᠨ᠎ᠡ᠃ ᠲᠠᠷᠢᠶᠠᠯᠠᠩ ᠮᠠᠯ | ᠠᠵᠤ ᠠᠬᠤᠶ ᠶᠢ ︽ᠠᠮᠤᠷ ᠲᠦᠪᠰᠢᠨ ᠲᠣᠭᠤᠷᠢᠭ ᠤᠨ ᠰᠠᠭᠤᠷᠢ︾ ᠪᠣᠯᠭᠠᠵᠤ᠂ ᠰᠠᠭᠤᠷᠢ ᠶᠢ ᠪᠠᠬᠢᠵᠢᠭᠦᠯᠦᠨ᠂ | ᠤᠨᠠᠯᠲᠠ ᠶᠢ ᠨᠡᠮᠡᠭᠳᠡᠭᠦᠯᠵᠦ ᠦᠷ᠎ᠡ ᠠᠰᠢᠭ ᠢ ᠳᠡᠭᠡᠭᠰᠢᠯᠡᠭᠦᠯᠦᠨ᠂ ᠨᠡᠷᠡᠲᠦ ᠲᠡᠮᠳᠡᠭᠲᠦ ᠶᠢ ᠡᠭᠦᠳᠴᠦ᠂ ᠲᠠᠷᠢᠶᠠᠯᠠᠩ | ᠮᠠᠯ ᠠᠵᠤ ᠠᠬᠤᠢ ᠶᠢᠨ ᠨᠡᠮᠡᠭᠳᠡᠯ ᠥᠷᠲᠡᠭ ᠢ 6% ᠨᠡᠮᠡᠭᠳᠡᠭᠦᠯᠬᠦ ᠪᠠᠷ ᠴᠢᠷᠮᠠᠶᠢᠨ᠎ᠠ᠃ ︽ᠢᠳᠡᠰᠢᠨ ᠨᠣᠭᠤᠭ᠎ᠠ ᠰᠦ᠋ | ᠮᠢᠬ᠎ᠠ ᠵᠢᠭᠠᠰᠤ︾ ᠶᠢᠨ ᠳᠠᠪᠠᠭᠤᠯᠢᠭ ᠠᠵᠤ ᠦᠢᠯᠡᠰ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠢᠳᠡᠭᠡᠨ | ᠡᠳ᠋ᠰᠢᠭᠦᠯᠬᠦ ᠰᠠᠭᠤᠷᠢᠨ ᠭᠠᠵᠠᠷ ᠢ ᠭᠤᠤᠯᠳᠠᠯᠭ᠎ᠠ ᠲᠠᠢ ᠪᠤᠶᠢᠵᠢᠭᠤᠯᠤᠨ ᠬᠥᠭᠵᠢᠭᠦᠯᠦᠨ᠎ᠡ᠃ ᠬᠤᠷᠢᠨᠭᠡᠷ ᠪᠠᠯᠭᠠᠰᠤᠨ ᠤ | 6000 ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠭᠤᠷᠪᠠᠨ | ᠨᠠᠭᠤᠷ ᠤᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ᠪᠣᠬᠢᠷᠲᠤᠯ ᠦᠭᠡᠢ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠬᠥᠭᠵᠢᠯᠲᠡ ᠶᠢᠨ ᠲᠥᠷᠥᠯ | ᠵᠦᠢᠯ ᠢ ᠲᠡᠮᠡᠴᠡᠨ ᠣᠯᠵᠤ᠂ 1000 ᠮᠤ᠋ ᠬᠠᠭᠤᠴᠢᠨ ᠬᠦᠯᠡᠮᠵᠢ ᠶᠢ ᠲᠡᠰ ᠳᠡᠪᠰᠢᠭᠦᠯᠵᠦ᠂ ᠲᠠᠷᠢᠶᠠᠯᠠᠩ ᠤᠨ | ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃ ᠰᠦ᠋ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ | ᠦᠬᠡᠷ ᠬᠤᠨᠢ ᠶᠢ ᠭᠠᠳᠠᠭᠰᠢ ᠭᠠᠷᠭᠠᠬᠤ ᠲᠣᠮᠣ ᠰᠢᠶᠠᠨ ᠵᠡᠷᠭᠡ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ | ᠲᠠᠯ᠎ᠠ ᠨᠤᠲᠤᠭ ᠤᠨ ᠯᠢ ᠰᠢᠨ᠂ ᠪᠥᠸᠧ ᠬᠤᠤ ᠶᠤᠸᠠᠨ ᠵᠡᠷᠭᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠡᠪᠴᠢᠶ᠎ᠡ ᠪᠠᠨ | ᠥᠷᠭᠡᠳᠬᠡᠬᠦ ᠶᠢ ᠵᠣᠷᠢᠭᠵᠢᠭᠤᠯᠵᠤ᠂ ᠵᠢᠦ ᠶᠤᠸᠠᠨ ᠮᠠᠯ ᠠᠵᠤ ᠠᠬᠤᠶ᠂ ᠱᠧᠩ ᠭᠤᠤ ᠸᠠᠩ ᠮᠠᠯ ᠠᠵᠤ ᠠᠬᠤᠶ ᠵᠡᠷᠭᠡ | ᠬᠥᠲᠥᠴᠢ ᠠᠵᠤ ᠠᠬᠤᠶᠢᠯᠠᠯ ᠤᠨ ᠤᠯᠤᠰ ᠤᠨ ᠲᠣᠭᠠᠴᠢᠯᠠᠭᠰᠠᠨ ᠲᠠᠷᠢᠶᠠᠯᠠᠩ ᠤᠨ ᠰᠢᠨ᠎ᠡ ᠶᠢ ᠡᠭᠦᠳᠬᠦ ᠬᠡᠷᠡᠭᠯᠡᠭᠡᠨ ᠤ | ᠰᠠᠭᠤᠷᠢᠨ ᠭᠠᠵᠠᠷ ᠪᠠᠶᠢᠭᠤᠯᠬᠤ ᠶᠢ ᠳᠡᠮᠵᠢᠨ᠎ᠡ᠃ ᠬᠤᠶᠠᠷᠬᠤᠳᠳᠤᠭ ᠶᠢᠨ ᠮᠢᠩᠭᠠᠨ ᠮᠥ ᠡᠷᠡᠭᠦᠯ ᠴᠢᠭᠢᠷᠠᠭ ᠤᠰᠤᠨ | ᠭᠠᠷᠤᠯᠲᠠ ᠶᠢᠨ ᠲᠡᠵᠢᠭᠡᠨ ᠦᠷᠡᠵᠢᠭᠦᠯᠬᠦ ᠲᠣᠭᠤᠷᠢᠭ ᠢ ᠪᠠᠶᠢᠭᠤᠯᠵᠤ᠂ ᠬᠠᠲᠤᠨ ᠭᠤᠤᠯ ᠤᠨ ᠮᠥᠷᠭᠦ ᠵᠢᠭᠠᠰᠤ᠂ | ᠬᠠᠯᠪᠠᠭ᠎ᠠ ᠬᠤᠰᠢᠭᠤᠲᠤ ᠬᠢᠯᠢᠮ᠎ᠡ᠂ ᠡᠮᠦᠨᠡᠲᠦ ᠠᠮᠧᠷᠢᠺᠠ ᠶᠢᠨ ᠬᠤᠤᠰ ᠰᠠᠮ ᠬᠤᠷᠣᠬᠠᠶ ᠵᠡᠷᠭᠡ ᠣᠨᠴᠠᠯᠢᠭᠲᠤ ᠤᠰᠤᠨ | ᠭᠠᠷᠤᠯᠲᠠ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂ ᠣᠷᠣᠨ ᠨᠤᠲᠤᠭ ᠤᠨ ᠣᠨᠴᠠᠯᠢᠭᠲᠤ | ᠲᠡᠵᠢᠭᠡᠨ ᠦᠷᠡᠵᠢᠭᠦᠯᠬᠦ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠢᠳᠡᠭᠡᠨ ᠤ ᠬᠦᠷᠢᠶᠡᠯᠡᠩ ᠲᠣᠭᠤᠷᠢᠭ ᠤᠨ | ᠠᠵᠤ ᠦᠢᠯᠡᠳᠪᠤᠷᠢ ᠶᠢᠨ ᠠᠭᠤᠷ᠂ ᠣᠯᠠᠨ ᠨᠡᠶᠢᠲᠡ ᠶᠢᠨ ᠪᠠᠶᠢᠴᠠᠭᠠᠨ ᠬᠡᠮᠵᠢᠬᠦ ᠲᠠᠪᠴᠠᠩ᠂ ᠪᠠᠷᠢᠮᠵᠢᠶᠠᠲᠤ | ᠦᠢᠯᠡᠳᠪᠤᠷᠢ ᠶᠢᠨ ᠭᠡᠷ ᠪᠠᠶᠢᠰᠢᠩ ᠵᠡᠷᠭᠡ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠶᠢ ᠲᠦᠷᠭᠡᠳᠬᠡᠵᠦ᠂ | ᠠᠯᠲᠠᠨ ᠵᠢᠶᠠᠩᠲᠤ ᠢᠳᠡᠭᠡᠨ᠂ ᠱᠦᠨ ᠬᠤᠩ ᠬᠥᠯᠳᠡᠭᠡᠭᠰᠡᠨ ᠬᠠᠳᠠᠭᠠᠭᠰᠠᠨ ᠵᠢᠮᠢᠰ ᠢᠳᠡᠰᠢᠨ ᠨᠣᠭᠤᠭ᠎ᠠ᠂ ᠮᠧᠩ | ᠵᠢᠶᠠ ᠠᠮᠲᠠᠲᠤ ᠮᠢᠬᠠᠨ ᠢᠳᠡᠭᠡᠨ ᠡᠳ᠋ᠰᠢᠭᠦᠯᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠵᠤ᠂ ᠯᠢᠶᠣᠤᠨᠢᠩ ᠤᠨ ᠾᠧ ᠹᠧᠩ᠂ ᠶᠠ ᠶᠠ ᠢᠳᠡᠭᠡᠨ ᠵᠡᠷᠭᠡ ᠲᠥᠷᠥᠯ ᠵᠦᠢᠯ ᠢ | ᠣᠷᠣᠭᠤᠯᠤᠨ ᠠᠪᠴᠢᠷᠠᠵᠤ᠂ ᠤᠯᠤᠰ ᠠᠴᠠ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ | ᠦᠵᠡᠭᠦᠯᠬᠦ ᠲᠣᠭᠤᠷᠢᠭ ᠢ ᠴᠢᠷᠮᠠᠶᠢᠨ ᠡᠭᠦᠳᠦᠨ ᠪᠠᠶᠢᠭᠤᠯᠤᠨ᠎ᠠ᠃ | ︵ᠭᠤᠷᠪᠠ︶ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ | ᠠᠬᠢᠭᠤᠯᠤᠨ᠎ᠠ᠃ | ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠴᠢᠩᠭᠠᠳᠬᠠᠨ᠎ᠠ᠃ ᠣᠯᠠᠨ ᠤᠯᠤᠰ ᠠᠴᠠ | ᠤᠰᠤᠲᠥ᠋ᠷᠥᠭᠴᠢ ᠡᠨᠧᠷᠭᠢ ᠲᠡᠮᠦᠷᠯᠢᠭ ᠣᠨ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠤᠨ ᠵᠢᠱᠢᠶ᠎ᠡ | ᠦᠵᠡᠭᠦᠯᠬᠦ ᠲᠣᠭᠤᠷᠢᠭ᠂ ᠳ᠋ᠦᠩ ᠰᠢᠤᠢ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠵᠢᠴᠢ | ᠭᠡᠷᠡᠯ ᠴᠡᠨᠡᠭ ᠤᠨ ᠲᠣᠨᠣᠭᠯᠠᠭᠠᠰᠤ ᠵᠡᠷᠭᠡ ᠲᠥᠷᠥᠯ ᠵᠦᠢᠯ ᠢ ᠲᠡᠳᠡᠨ ᠣᠷᠣᠭᠤᠯᠵᠤ᠂ ᠮᠢᠩ ᠶᠠᠩ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠲᠣᠨᠤᠭ ᠲᠥᠬᠦᠭᠡᠷᠦᠮᠵᠢ ᠦᠢᠯᠡᠳᠬᠦ᠂ ᠸᠢᠰᠲ᠋ᠠᠰ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠲᠥᠬᠦᠭᠡᠷᠦᠮᠵᠢ ᠦᠢᠯᠡᠳᠬᠦ ᠵᠡᠷᠭᠡ ᠲᠥᠷᠥᠯ ᠵᠦᠢᠯ ᠢ ᠠᠬᠢᠭᠤᠯᠵᠤ᠂ ᠬᠤᠩ ᠫᠧᠩ ᠰᠢᠨ᠎ᠡ | ᠡᠨᠧᠷᠭᠢ ᠶᠢᠨ ᠬᠥᠳᠡᠯᠭᠡᠭᠴᠢ ᠬᠦᠴᠦᠨ ᠤ ᠳ᠋ᠢᠶᠠᠨ ᡂᠢ᠂ ᠵᠢᠢ ᠴᠢᠶᠠᠨ ᠬᠤᠪᠣᠷ ᠰᠢᠷᠣᠢ ᠶᠢᠨ ᠤᠰᠤᠲᠥ᠋ᠷᠥᠭᠴᠢ | ᠬᠠᠳᠠᠭᠠᠯᠠᠬᠤ ᠵᠡᠷᠭᠡ ᠲᠥᠷᠥᠯ ᠵᠦᠢᠯ ᠢ ᠠᠬᠢᠭᠤᠯᠵᠤ᠂ ᠪᠤᠭᠤᠲᠤ ᠶᠢᠨ ᠰᠠᠯᠬᠢ ᠭᠡᠷᠡᠯ ᠢ ᠬᠤᠯᠪᠣᠨ ᠤᠰᠤᠲᠥ᠋ᠷᠥᠭᠴᠢ | ᠦᠢᠯᠡᠳᠬᠦ᠂ ᠸᠤᠯᠦᠨᠲ᠋ᠧ ᠡᠶᠡᠷᠭᠦ ᠲᠦᠯ ᠤᠨ ᠮᠠᠲ᠋ᠧᠷᠢᠶᠠᠯ ᠵᠡᠷᠭᠡ ᠠᠵᠤ ᠦᠢᠯᠡᠰᠵᠢᠭᠰᠡᠨ ᠲᠥᠷᠥᠯ ᠵᠦᠢᠯ ᠢ | ᠡᠬᠢᠯᠡᠭᠦᠯᠵᠦ᠂ ᠠᠭᠠᠷᠤᠲᠠᠢ ᠲᠡᠵᠢᠭᠡᠨ ᠦᠷᠡᠵᠢᠭᠦᠯᠬᠦ ᠲᠠᠯᠠᠪᠠᠢ᠂ ᠮᠠ ᡂᠢ ᠰᠢᠩ ᠣᠢ ᠰᠢᠭᠤᠢ ᠶᠢᠨ ᠲᠠᠯᠠᠪᠠᠢ᠂ | ᠪᠠᠶᠢᠭᠤᠯᠭ᠎ᠠ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠠᠰᠠᠷ ᠤᠨ ᠣᠷᠣᠢ ᠵᠢᠴᠢ ᠬᠦᠷᠢᠶᠡᠯᠡᠩ ᠲᠣᠭᠤᠷᠢᠭ ᠤᠨ | ᠦᠢᠯᠡᠳᠪᠤᠷᠢ ᠶᠢᠨ ᠭᠡᠷ ᠪᠠᠶᠢᠰᠢᠩ ᠵᠡᠷᠭᠡ ᠲᠠᠷᠬᠠᠯᠲᠠ ᠶᠢᠨ ᠬᠡᠯᠪᠡᠷᠢ ᠶᠢᠨ ᠨᠡᠷᠡᠨ ᠡᠨᠧᠷᠭᠢ ᠪᠠᠷ ᠴᠠᠬᠢᠯᠭᠠᠨ ᠭᠠᠷᠭᠠᠨ᠎ᠠ᠃ | ᠨᠡᠮᠡᠭᠳᠡᠯ ᠬᠡᠮᠵᠢᠶᠡᠨ ᠤ ᠴᠠᠬᠢᠯᠭᠠᠨ ᠲᠦᠭᠡᠭᠡᠬᠦ ᠲᠤᠤᠷ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠡᠬᠢ | ᠰᠤᠷᠪᠤᠯᠵᠢ ᠶᠢᠨ ᠲᠤᠤᠷ ᠤᠨ ᠳᠠᠭᠠᠭᠠᠴᠠ ᠤᠰᠤᠲᠥ᠋ᠷᠥᠭᠴᠢ ᠬᠠᠳᠠᠭᠠᠯᠠᠬᠤ ᠡᠨᠧᠷᠭᠢ ᠶᠢ ᠨᠢᠭᠡ ᠴᠣᠭᠴᠠᠵᠢᠭᠤᠯᠤᠭᠰᠠᠨ | ᠨᠣᠭᠤᠭᠠᠨ ᠴᠠᠬᠢᠯᠭᠠᠨ ᠤ ᠳᠤᠤᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠬᠠᠮ ᠰᠢᠨ᠎ᠡ | ᠡᠨᠧᠷᠭᠢ ᠶᠢᠨ ᠥᠨᠳᠥᠷ ᠴᠡᠪᠡᠷ ᠣᠯᠠᠨ ᠲᠠᠯᠠᠰᠲᠤ ᠴᠠᠬᠢᠭᠤᠷ ᠪᠠ ᠬᠠᠭᠠᠰ ᠳᠠᠮᠵᠢᠭᠤᠯᠤᠭᠴᠢ ᠣᠯᠠᠨ ᠲᠠᠯᠠᠰᠲᠤ | ᠴᠠᠬᠢᠭᠤᠷ ᠤᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠵᠦ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠤᠨ᠎ᠠ᠃ | ᠲᠦᠯᠡᠰᠢᠨ ᠳ᠋ᠢᠶᠠᠨ ᡂᠢ ᠶᠢᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠡᠷᠡᠭᠯᠡᠭᠡᠨ ᠤ ᠬᠤᠳᠠ ᠶᠢᠨ ᠪᠥᠭᠡᠮᠨᠡᠷᠡᠯ ᠤᠨ | ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ᠤᠰᠤᠲᠥ᠋ᠷᠥᠭᠴᠢ ᠡᠨᠧᠷᠭᠢ ᠶᠢᠨ ᠢᠵᠢ ᠪᠦᠷᠢᠳᠦᠬᠦᠯᠬᠦ ᠠᠵᠤ | ᠦᠢᠯᠡᠰ ᠢ ᠢᠳᠡᠪᠬᠢᠲᠡᠢ ᠪᠠᠷ ᠬᠦᠯᠢᠶᠡᠨ ᠠᠪᠴᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠬᠤᠳᠠ ᠶᠢᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠤᠰᠤᠲᠥ᠋ᠷᠥᠭᠴᠢ ᠡᠨᠧᠷᠭᠢ ᠶᠢᠨ ᠳᠤᠤᠷᠠᠳᠤ | ᠤᠷᠤᠰᠬᠠᠯ ᠤᠨ ᠬᠡᠷᠡᠭᠯᠡᠭᠡᠨ ᠤ ᠲᠠᠯᠠᠪᠤᠷ ᠢ ᠥᠷᠭᠡᠳᠬᠡᠨ᠎ᠡ᠃ | ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠡᠭᠦᠷᠭᠡ ᠶᠢ ᠡᠷᠡᠰ ᠪᠡᠶᠡᠯᠡᠭᠦᠯᠦᠨ᠎ᠡ᠃ | ᠨᠡᠭᠦᠷᠡᠰᠦᠳᠦᠷᠦᠭᠴᠢ ᠶᠢᠨ ᠣᠷᠭᠢᠯ ᠨᠡᠭᠦᠷᠡᠰᠦᠲᠥ᠋ᠷᠥᠭᠴᠢ ᠶᠢᠨ ᠳᠤᠮᠳᠠ ᠪᠠ ︽1+1+N+X︾ ᠤᠨ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠪᠠ ᠠᠵᠢᠯ ᠤᠨ ᠰᠢᠰᠲ᠋ᠧᠮᠵᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ | ᠦᠢᠯᠡᠳᠪᠤᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ | ᠵᠢᠴᠢ ᠡᠨᠧᠷᠭᠢ ᠶᠢᠨ ᠬᠤᠷᠣᠭᠳᠠᠯ ᠤᠨ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠂ ᠭᠤᠷᠪᠠᠨ ᠴᠠᠬᠢᠯᠭᠠᠨ ᠤ | ᠦᠢᠯᠡᠳᠪᠤᠷᠢ᠂ ᠬᠤᠸᠠ ᠳ᠋ᠢᠶᠠᠨ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ᠂ 45 ᠲᠦᠮᠡᠨ ᠲᠡᠭᠰᠢ ᠳᠥᠷᠪᠡᠯᠵᠢᠨ ᠮᠧᠲᠷ ᠪᠥᠬᠦᠶ ᠪᠠᠷᠢᠯᠭ᠎ᠠ ᠶᠢᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠶᠡᠷᠦᠩᠬᠡᠢ | ᠬᠡᠮᠵᠢᠶ᠎ᠡ ᠶᠢ ᠬᠢᠵᠠᠭᠠᠷᠯᠠᠬᠤ ᠪᠠ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ | ᠶᠡᠬᠡᠲᠡᠢ᠂ ᠪᠣᠬᠢᠷᠲᠤᠭᠤᠯᠤᠯ ᠶᠡᠬᠡᠲᠡᠢ ᠠᠵᠢᠯ ᠲᠦᠷᠦᠯ ᠤᠨ ᠲᠣᠭᠲᠠᠭᠠᠯ ᠢ ᠵᠥᠷᠢᠴᠡᠨ ᠰᠢᠨ᠎ᠡ ᠪᠠᠷ ᠪᠠᠶᠢᠭᠤᠯᠬᠤ | ᠵᠦᠢᠯᠡᠰ ᠢ ᠴᠢᠩᠭ᠎ᠠ ᠬᠢᠵᠠᠭᠠᠷᠯᠠᠨ᠎ᠠ᠃ ᠡᠨᠧᠷᠭᠢ ᠶᠢᠨ ᠬᠤᠷᠣᠭᠳᠠᠭᠤᠯᠭ᠎ᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ | ᠲᠣᠭᠲᠠᠴᠠ ᠶᠢ ᠪᠦᠷᠢᠨᠰᠢᠭᠦᠯᠦᠨ᠂ ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠡᠵᠡᠮᠳᠡᠬᠦ︾ ᠬᠢᠨᠠᠨ | ᠰᠢᠯᠭᠠᠬᠤ ᠠᠷᠭ᠎ᠠ ᠶᠢ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠭᠤᠯᠭ᠎ᠠ ᠶᠢ ᠰᠦᠯᠵᠢᠶᠡᠨ ᠳᠡᠭᠡᠷ᠎ᠡ ᠬᠢᠨᠠᠨ | ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠪᠣᠯᠤᠨ ᠪᠦᠬᠦ ᠨᠡᠶᠢᠭᠡᠮ ᠤᠨ ᠶᠡᠷᠦᠩᠬᠡᠶᠢᠯᠡᠭᠰᠡᠨ ᠡᠨᠧᠷᠭᠢ ᠶᠢᠨ | ᠬᠤᠷᠣᠭᠳᠠᠭᠤᠯᠭ᠎ᠠ ᠶᠢᠨ ︽ᠬᠤᠶᠠᠷ ᠢ ᠪᠠᠭᠤᠷᠠᠭᠤᠯᠬᠤ︾ ᠶᠢ ᠯᠠᠪᠳᠠᠭᠤᠨ ᠢᠶᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠡᠯ᠎ᠡ | ᠱᠠᠲᠤᠨ ᠤ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠥᠪ ᠤᠨ ᠬᠤᠶᠠᠳᠤᠭᠠᠷ ᠡᠭᠡᠯᠵᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠨ᠎ᠠ᠃ | ᠣᠯᠠᠨ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠪᠠ ᠣᠷᠣᠨ ᠪᠦᠰᠡ ᠶᠢᠨ ᠬᠠᠮᠵᠢᠯᠴᠠᠨ ᠵᠠᠰᠠᠬᠤ ᠶᠢ | ᠴᠢᠩᠭᠠᠳᠬᠠᠵᠤ᠂ ᠬᠤᠸᠠ ᠳ᠋ᠢᠶᠠᠨ ᠤ 1᠂ 2 ᠳ᠋ᠤᠭᠠᠷ ᠮᠠᠰᠢᠨ ᠴᠣᠭᠴᠠᠯᠠᠪᠤᠷᠢ ᠶᠢᠨ ᠠᠮᠢᠳᠤᠯᠢᠭ ᠥᠭᠡᠷᠡᠴᠢᠯᠡᠯᠲᠡ᠂ | ᠳᠠᠯᠠᠢ ᠶᠢᠨ ᠲᠦᠪᠰᠢᠨ ᠤ ᠮᠧᠲ᠋ᠢᠯ ᠬᠦᠴᠢᠯ ᠤᠨ ᠺᠠᠯᠼ ᠪᠠ ᠮᠧᠲ᠋ᠢᠯ ᠬᠦᠴᠢᠯ ᠤᠨ ᠨᠠᠲᠷᠢ ᠶᠢᠨ ᠬᠠᠮᠲᠤᠷᠠᠭᠰᠠᠨ | ᠦᠢᠯᠡᠳᠪᠦᠷᠢᠯᠡᠯ ᠵᠡᠷᠭᠡ ᠲᠥᠷᠥᠯ ᠵᠦᠢᠯ ᠢ ᠪᠡᠶᠡᠯᠡᠭᠦᠯᠵᠦ᠂ ᠵᠠᠮ ᠤᠨ ᠲᠣᠭᠤᠰᠣ ᠰᠢᠷᠣᠢ ᠶᠢᠨ ᠪᠣᠬᠢᠷᠲᠤᠯ᠂ | ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠡᠯᠡᠰᠦᠨ | ᠨᠦᠬᠡ ᠵᠡᠷᠭᠡ ᠲᠤᠰᠬᠠᠢ ᠲᠥᠷᠥᠯ ᠤᠨ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠬᠤᠲᠠ | ᠬᠥᠳᠡᠭᠡ ᠶᠢᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ︽ | ᠭᠤᠣᠯ ᠮᠥᠷᠡᠨ ᠤ ᠳᠠᠷᠤᠭ᠎ᠠ ᠶᠢᠨ ᠳᠦᠷᠢᠮ︾᠂ ︽ᠣᠢ ᠰᠢᠭᠤᠢ ᠶᠢᠨ ᠳᠠᠷᠤᠭ᠎ᠠ ᠶᠢᠨ ᠳᠦᠷᠢᠮ︾ ᠤᠨ | ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠵᠤ᠂ ᠣᠢ ᠰᠢᠭᠤᠢ ᠶᠢ ᠠᠷᠠᠴᠢᠯᠠᠨ ᠪᠦᠵᠢᠭᠤᠯᠬᠤ᠂ ᠨᠤᠭᠤ ᠭᠠᠵᠠᠷ ᠢ | ᠰᠡᠷᠭᠦᠭᠡᠬᠦ ᠵᠡᠷᠭᠡ ᠠᠬᠢᠭᠤᠯᠬᠤ ᠲᠥᠷᠦᠯ ᠵᠦᠢᠯ ᠢ ᠢᠳᠡᠪᠬᠢᠲᠡᠢ ᠲᠡᠮᠡᠴᠡᠨ ᠣᠯᠵᠤ᠂ ᠭᠤᠣᠯᠳᠠᠯᠭ᠎ᠠ ᠲᠠᠢ ᠣᠷᠣᠨ | ᠪᠦᠰᠡ᠂ ᠴᠢᠬᠤᠯᠠ ᠵᠠᠮ ᠬᠠᠷᠢᠯᠴᠠᠭᠠᠨ ᠤ ᠭᠤᠣᠯ ᠱᠤᠭᠤᠮ ᠤᠨ ᠨᠣᠭᠤᠭᠠᠷᠠᠭᠤᠯᠤᠯᠲᠠ ᠠᠷᠠᠴᠢᠯᠠᠯᠲᠠ ᠶᠢ ᠲᠠᠰᠤᠷᠠᠯᠲᠠ | ᠦᠭᠡᠢ ᠠᠬᠢᠭᠤᠯᠵᠤ᠂ ᠤᠯᠤᠰ ᠠᠴᠠ ᠬᠠᠳᠤᠨ ᠭᠤᠣᠯ ᠣᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ᠴᠢᠨᠠᠷ ᠰᠠᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠨᠠᠢᠳᠠᠪᠤᠷᠢᠵᠢᠭᠤᠯᠵᠤ᠂ ᠬᠠᠳᠤᠨ ᠭᠤᠣᠯ ᠤᠨ ᠬᠠᠮᠢᠶ᠎ᠠ ᠪᠦᠬᠦᠢ | ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠰᠠᠢᠲᠤᠷ ᠠᠳᠬᠤᠵᠤ᠂ ᠺᠦᠨᠾᠧ ᠭᠤᠣᠯ᠂ ᠸᠤ᠋ ᠲᠦ᠋ ᠬᠤᠤ | ᠲᠣᠰᠬᠤᠨ ᠤ ᠤᠰᠤ ᠲᠠᠲᠠᠷᠠᠭᠤᠯᠬᠤ ᠰᠤᠪᠠᠭ ᠢ ᠵᠠᠰᠠᠬᠤ ᠢᠨᠵᠧᠨᠧᠷᠢᠩ ᠢ ᠪᠡᠶᠡᠯᠡᠭᠦᠯᠦᠨ᠎ᠡ᠃ ︽ᠬᠠᠶᠠᠭᠳᠠᠮᠠᠯ ᠪᠣᠳᠠᠰ | ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠶᠤᠸᠠᠨ ᠳ᠋ᠠ ᠰᠢᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ᠂ ᠲᠤᠩ ᠢ ᠳ᠋ᠦᠩᠰᠢᠭᠤᠷ ᠬᠠᠶᠠᠭᠳᠠᠮᠠᠯ ᠪᠣᠯᠣᠳ ᠲᠡᠮᠦᠷ ᠵᠡᠷᠭᠡ | ᠶᠡᠷᠦᠩᠬᠡᠶᠢᠯᠡᠨ ᠡᠭᠡᠭᠦᠯᠦᠨ ᠬᠤᠷᠢᠶᠠᠵᠤ ᠠᠰᠢᠭᠯᠠᠬᠤ ᠲᠥᠷᠥᠯ ᠵᠦᠢᠯ ᠢ ᠠᠬᠢᠭᠤᠯᠤᠨ᠎ᠠ᠃ | ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠶᠡᠭᠡ ᠪᠠᠷ ᠳᠡᠯᠭᠡᠷᠡᠭᠦᠯᠦᠨ᠎ᠡ᠃ ︽ᠳᠥᠭᠦᠮ ᠮᠥᠷᠲᠡᠭᠡᠨ | ᠲᠣᠬᠢᠷᠠᠮᠵᠢᠲᠠᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ︾ ᠣᠨᠣᠯᠵᠢᠬᠤᠨ ᠢ ᠰᠠᠨᠠᠭᠠᠴᠢᠯᠠᠵᠤ᠂ | ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠵᠤ᠂ ᠬᠤᠭ ᠨᠣᠪᠰᠢ ᠶᠢ ᠲᠥᠷᠥᠯ | ᠬᠤᠪᠢᠶᠠᠨ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠵᠢᠯ ᠤᠨ | ᠳᠣᠲᠣᠷ᠎ᠠ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ 30 ᠰᠠᠭᠤᠭᠠᠯᠢ ᠲᠣᠭᠤᠷᠢᠭ ᠰᠢᠨ᠎ᠡ ᠪᠠᠷ | ᠨᠡᠮᠡᠭᠳᠡᠭᠦᠯᠬᠦ ᠪᠠᠷ ᠴᠢᠷᠮᠠᠶᠢᠨ᠎ᠠ᠃ ᠪᠦᠬᠦ ᠠᠷᠠᠳ ᠤᠨ ᠪᠣᠬᠢᠷᠲᠤᠯ ᠦᠭᠡᠢ ᠠᠮᠢᠳᠤᠷᠠᠯ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠪᠠᠶᠢᠭᠤᠯᠭ᠎ᠠ᠂ | ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ᠂ ᠪᠣᠬᠢᠷᠲᠤᠯ ᠦᠭᠡᠢ ᠰᠤᠷᠭᠠᠭᠤᠯᠢ ᠵᠡᠷᠭᠡ ᠶᠢ ᠡᠭᠦᠳᠦᠨ ᠪᠠᠶᠢᠭᠤᠯᠬᠤ | ᠠᠵᠢᠯ ᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ | ᠳᠡᠯᠭᠡᠷᠡᠭᠦᠯᠦᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠭᠠᠳᠠᠭᠰᠢ ᠭᠠᠷᠬᠤ ᠶᠢ ᠰᠠᠨᠠᠭᠠᠴᠢᠯᠠᠵᠤ᠂ | ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠶᠢ ᠪᠦᠬᠦ ᠠᠷᠠᠳ ᠤᠨ ᠥᠷᠲᠡᠭ ᠤᠨ ᠬᠥᠭᠡᠭᠡᠴᠡᠯᠳᠦᠯ ᠪᠠ ᠤᠬᠠᠮᠰᠠᠷᠲᠤ ᠠᠵᠢᠯᠯᠠᠭ᠎ᠠ ᠪᠣᠯᠭᠠᠨ᠎ᠠ᠃ | ︵ᠳᠥᠷᠪᠡᠨ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠨᠢᠭᠡᠳᠦᠯᠲᠡᠢ ᠳᠤ | ᠲᠥᠯᠥᠪᠯᠡᠨ ᠠᠬᠢᠭᠤᠯᠤᠨ᠎ᠠ᠃ | ᠲᠥᠪ ᠬᠤᠲᠠ ᠶᠢᠨ ᠲᠣᠭᠤᠷᠢᠭ ᠢ ᠴᠢᠨᠠᠷ ᠰᠠᠶᠢᠲᠠᠶ ᠪᠦᠲᠦᠭᠡᠨ ᠪᠠᠶᠢᠭᠤᠯᠤᠨ᠎ᠠ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ | ᠬᠤᠳᠠ ᠶᠢᠨ ᠣᠷᠣᠨ ᠵᠠᠢ ᠶᠢᠨ ᠪᠠᠶᠢᠷᠢᠰᠢᠯ ᠢ ᠬᠦᠴᠦᠯᠡᠨ ᠰᠢᠯᠢᠳᠡᠭᠵᠢᠭᠦᠯᠦᠨ᠎ᠡ᠃ ᠰᠢᠨ᠎ᠡ ᠬᠤᠲᠠ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠂ ᠶᠢᠨ ᠯᠢᠦ ᠶᠣᠣ ᠲᠣᠰᠬᠤᠨ ᠢ ᠡᠮᠬᠢ | ᠵᠢᠷᠤᠮ ᠲᠠᠢ ᠪᠠᠷ ᠬᠡᠷᠡᠭᠵᠢᠭᠦᠯᠦᠨ᠎ᠡ᠂ ᠴᠢᠩ ᠱᠠᠨ ᠵᠠᠮ ᠤᠨ ᠬᠤᠶᠢᠲᠤ ᠬᠡᠰᠡᠭ ᠤᠨ ᠭᠠᠵᠠᠷ ᠰᠢᠷᠣᠶ ᠶᠢᠨ ᠨᠢᠭᠡᠳᠦᠭᠡᠷ | ᠳᠡᠰ ᠤᠨ ᠨᠡᠭᠡᠭᠡᠯᠲᠡ᠂ ᠰᠢᠨ᠎ᠡ ᠪᠠᠶᠢᠭᠤᠯᠵᠤ ᠦᠷᠭᠦᠯᠵᠢᠯᠡᠨ ᠪᠠᠶᠢᠭᠤᠯᠬᠤ ᠲᠦᠷᠪᠠᠨ ᠵᠠᠮ᠂ ᠸᠧᠶ ᠪᠠ ᠵᠠᠮ ᠵᠡᠷᠭᠡ 17 | ᠵᠤᠷᠪᠤᠰ ᠵᠠᠮ᠂ ᠵᠠᠮ ᠳᠤᠤᠷᠠᠬᠢ ᠨᠡᠪᠲᠡᠷᠡᠬᠦ ᠵᠠᠮ ᠢ ᠲᠦᠷᠭᠡᠳᠬᠡᠨ ᠪᠠᠶᠢᠭᠤᠯᠵᠤ ᠡᠬᠢᠯᠡᠭᠦᠯᠦᠨ᠎ᠡ᠂ ᠭᠠᠵᠠᠷ ᠳᠣᠣᠷᠠᠬᠢ | ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠢᠨᠵᠧᠨᠧᠷᠢᠩ᠂ ᠪᠤᠭᠤᠲᠤ ᠬᠤᠲᠠ ᠶᠢᠨ ᠳᠠᠩᠰᠠ ᠡᠪᠬᠡᠮᠡᠯ ᠤᠨ ᠰᠠᠩ | ᠪᠠᠶᠢᠭᠤᠯᠬᠤ ᠶᠢ ᠠᠬᠢᠭᠤᠯᠤᠨ᠎ᠠ᠂ ᠬᠤᠲᠠ ᠶᠢᠨ ᠠᠷᠠᠳ ᠤᠨ ᠴᠡᠴᠡᠷᠯᠢᠭ ᠤᠨ ᠬᠤᠶᠠᠳᠤᠭᠠᠷ ᠬᠤᠭᠤᠴᠠᠭᠠᠨ ᠤ ᠲᠥᠷᠥᠯ | ᠵᠦᠢᠯ᠂ ᠬᠥᠨᠳᠡᠯᠡᠨ ᠵᠡᠭᠡᠯᠢ ᠶᠢᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠤᠨ᠎ᠠ᠂ ᠵᠢᠦ | ᠶᠤᠸᠠᠨ ᠲᠠᠯᠠᠪᠠᠢ ᠵᠡᠷᠭᠡ ᠬᠠᠷᠮᠠᠨ ᠴᠡᠴᠡᠷᠯᠢᠭ᠂ ᠵᠡᠭᠡᠯᠢ ᠶᠢᠨ ᠲᠥᠪ ᠴᠡᠴᠡᠷᠯᠢᠭ᠂ ᠲᠢ ᠳ᠋ᠠᠩ ᠤᠨ ᠰᠠᠶᠢᠬᠠᠨ ᠲᠠᠯ᠎ᠠ | ᠬᠤᠲᠠ ᠶᠢᠨ ᠳᠤᠮᠳᠠᠬᠢ ᠲᠠᠯ᠎ᠠ ᠨᠤᠲᠤᠭ ᠤᠨ ᠨᠣᠭᠤᠭᠠᠷᠠᠭᠤᠯᠤᠯᠲᠠ ᠶᠢᠨ ᠦᠵᠡᠮᠵᠢ᠂ ᠰᠢᠨ᠎ᠡ ᠲᠣᠭᠤᠷᠢᠭ ᠤᠨ | ᠴᠢᠬᠤᠯᠠ ᠵᠠᠮ ᠤᠨ ᠵᠠᠩᠭᠢᠶᠠᠰᠤ ᠶᠢ ᠠᠬᠢᠭᠤᠯᠤᠨ᠎ᠠ᠂ ᠭᠤᠤᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠶᠢ ᠭᠡᠷᠡᠯᠲᠦᠭᠦᠯᠵᠦ ᠥᠩᠭᠡ ᠣᠷᠣᠭᠤᠯᠤᠨ ᠳᠡᠰ ᠳᠡᠪᠰᠢᠭᠦᠯᠦᠨ᠎ᠡ᠂ ᠨᠢᠭᠡ ᠪᠦᠯᠦᠭ ᠬᠤᠲᠠ ᠶᠢᠨ | ᠵᠣᠴᠢᠳ ᠤᠨ ᠲᠢᠩᠬᠢᠮ᠂ ᠬᠤᠲᠠ ᠶᠢᠨ ᠨᠠᠷᠠᠪᠴᠢ ᠢ ᠪᠠᠶᠢᠭᠤᠯᠤᠨ᠎ᠠ᠃ ᠬᠤᠲᠠ ᠶᠢ ᠰᠢᠨᠡᠳᠬᠡᠬᠦ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠱᠠ ᠾᠧ ᠵᠡᠭᠡᠯᠢ᠂ ᠬᠠᠳᠤᠨ ᠭᠤᠤᠯ ᠶᠡᠭᠡ ᠵᠡᠭᠡᠯᠢ ︵210 ᠤᠯᠤᠰ ᠠᠴᠠ | ᠵᠠᠮ ᠠᠴᠠ ᠵᠡᠭᠦᠨ ᠬᠡᠰᠡᠭ︶ ᠵᠡᠷᠭᠡ ᠵᠠᠮ ᠢ ᠶᠡᠷᠦᠩᠬᠡᠶᠢᠯᠡᠨ ᠥᠭᠡᠷᠡᠴᠢᠯᠡᠵᠦ᠂ ᠰᠢᠩ ᠱᠧᠩ ᠵᠡᠭᠦᠨ ᠵᠠᠮ᠂ ᠥᠷᠭᠡᠷᠢᠭ | ᠲᠠᠪᠤᠳᠤᠭᠠᠷ ᠵᠠᠮ ᠵᠡᠷᠭᠡ ᠮᠤᠬᠤᠷ ᠵᠠᠮ ᠢ ᠨᠡᠪᠲᠡᠷᠡᠭᠦᠯᠵᠦ᠂ ᠬᠤᠶᠠᠳᠤᠭᠠᠷ ᠵᠠᠮ ᠤᠨ ᠱᠠ ᠾᠧ ᠬᠥᠭᠦᠷᠭᠡ ᠶᠢᠨ ᠧ | ᠡᠯ ᠳ᠋ᠧᠩ ᠵᠡᠭᠡᠯᠢ ᠶᠢ ᠠᠯᠤᠰᠯᠠᠭᠰᠠᠨ᠂ ᠬᠠᠳᠤᠨ ᠭᠤᠤᠯ ᠶᠡᠭᠡ ᠵᠡᠭᠡᠯᠢ ᠶᠢᠨ ᠬᠥᠭᠦᠷᠭᠡ ᠶᠢ ᠥᠭᠡᠷᠡᠴᠢᠯᠡᠨ ᠪᠠᠶᠢᠭᠤᠯᠬᠤ | ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠵᠡᠭᠡᠯᠢ᠂ ᠤᠯᠠᠭᠠᠨ ᠵᠡᠭᠡᠯᠢ ᠵᠡᠷᠭᠡ ᠵᠡᠭᠡᠯᠢ ᠳᠠᠭᠠᠤ ᠵᠢᠵᠢᠭ ᠵᠡᠭᠡᠯᠢ | ᠭᠤᠳᠤᠮᠵᠢ ᠶᠢ ᠴᠡᠭᠴᠡᠯᠡᠨ ᠵᠠᠰᠠᠵᠤ᠂ 3 ᠵᠢᠵᠢᠭ ᠲᠣᠭᠤᠷᠢᠭ ᠤᠨ ᠴᠠᠬᠢᠯᠭᠠᠨ ᠱᠠᠲᠤ ᠨᠡᠮᠡᠵᠦ ᠤᠭᠰᠠᠷᠠᠬᠤ | ᠢᠨᠵᠧᠨᠧᠷᠢᠩ ᠢ ᠪᠡᠶᠡᠯᠡᠭᠦᠯᠵᠦ᠂ ᠵᠧᠨ ᠰᠢᠶᠠᠩ᠂ ᠺᠠᠩ ᠶᠤᠸᠠᠨ ᠵᠡᠷᠭᠡ 4 ᠬᠠᠭᠤᠴᠢᠨ ᠰᠠᠭᠤᠭᠠᠯᠢ ᠲᠣᠭᠤᠷᠢᠭ ᠪᠠ | ᠠᠵᠢᠯᠴᠢᠨ ᠤ ᠡᠪᠯᠡᠯ ᠤᠨ ᠠᠰᠠᠷ᠂ 49 ᠳᠤᠮᠳᠠᠬᠢ ᠭᠡᠷ ᠪᠦᠯᠢ ᠶᠢᠨ ᠠᠰᠠᠷ ᠵᠡᠷᠭᠡ 7 ᠲᠤᠰᠠᠭᠠᠷ ᠣᠷᠣᠨ | ᠰᠠᠭᠤᠴᠠ ᠶᠢᠨ ᠠᠰᠠᠷ ᠢ ᠥᠭᠡᠷᠡᠴᠢᠯᠡᠵᠦ᠂ ᠭᠤᠤᠯ ᠬᠤᠲᠠ ᠶᠢᠨ ᠲᠣᠭᠤᠷᠢᠭ ᠤᠨ ᠴᠢᠨᠠᠷ ᠴᠢᠨᠰᠠᠭ᠎ᠠ ᠶᠢ ᠬᠦᠴᠦᠯᠡᠨ | ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠤᠨ᠎ᠠ᠃ ᠮᠠᠰᠠ | ᠭᠠᠵᠠᠷ ᠣᠷᠣᠨ ᠤ ᠠᠶᠢᠯ ᠲᠣᠰᠬᠤᠨ ᠤ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠶᠢ ᠲᠦᠷᠭᠡᠳᠬᠡᠨ ᠨᠠᠶᠢᠷᠠᠭᠤᠯᠤᠨ | ᠵᠣᠬᠢᠶᠠᠵᠤ᠂ ︽ᠬᠤᠶᠠᠷ ᠪᠠᠯᠭᠠᠰᠤ ᠨᠢᠭᠡ ᠰᠤᠮᠤ︾ ᠶᠢᠨ ᠠᠶᠢᠯ ᠲᠣᠰᠬᠤᠨ ᠤ ᠬᠥᠭᠵᠢᠯᠲᠡ ᠶᠢᠨ ᠲᠥᠯᠥᠪᠵᠢᠭᠦᠯᠭᠡ ᠶᠢ | ᠴᠢᠩᠭ᠎ᠠ ᠬᠡᠷᠡᠭᠵᠢᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠮᠠᠤᠤᠢ ᠭᠤᠤᠯ ᠵᠡᠭᠡᠯᠢ ᠶᠢᠨ | ᠪᠣᠷᠣᠭᠠᠨ ᠤ ᠤᠰᠤ ᠪᠣᠬᠢᠷᠲᠤᠭᠰᠠᠨ ᠬᠤᠭᠤᠯᠠᠶ ᠶᠢᠨ ᠲᠤᠤᠷ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ | ᠡᠬᠢᠯᠡᠭᠦᠯᠵᠦ᠂ ᠳ᠋ᠦᠩ ᠬᠤᠤ ᠺᠸᠦ ᠲᠣᠰᠬᠤᠨ ᠤ ᠪᠣᠬᠢᠷ ᠤᠰᠤ ᠰᠢᠶ᠋ᠳᠪᠦᠷᠢᠯᠡᠬᠦ ᠲᠥᠪᠯᠡᠷᠡᠩᠭᠦᠶ ᠥᠷᠲᠡᠭᠡ ᠶᠢᠨ | ᠥᠭᠡᠷᠡᠴᠢᠯᠡᠨ ᠪᠠᠶᠢᠭᠤᠯᠬᠤ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠷᠢᠭᠤᠨ ᠴᠡᠪᠡᠷ | ᠡᠷᠦᠬᠡ ᠶᠢᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ ᠶᠢ 89% ᠠᠴᠠ ᠳᠡᠭᠡᠭᠰᠢ ᠳᠤ ᠬᠦᠷᠦᠭᠦᠯᠵᠦ᠂ ᠣᠷᠣᠰᠢᠨ | ᠠᠮᠢᠳᠤᠷᠠᠬᠤ ᠣᠷᠴᠢᠨ ᠨᠥᠬᠦᠴᠡᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠪᠦᠷᠢᠨᠰᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ | ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠥᠬᠦ ᠲᠠᠯ᠎ᠠ ᠪᠠᠷ ᠪᠦᠷᠬᠦᠭᠦᠯᠬᠦ ᠶᠢ ᠠᠬᠢᠭᠤᠯᠵᠤ᠂ ᠴᠢᠶᠠᠨ ᠶᠢᠨ | ᠲᠣᠰᠬᠤᠨ ᠤ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ᠂ ᠴᠠᠶ ᠣᠪᠣᠭ᠎ᠠ ᠲᠣᠰᠬᠤᠨ ᠤ ᠠᠯᠠᠰᠢᠨ ᠦᠬᠡᠷ ᠲᠡᠵᠢᠭᠡᠨ | ᠦᠷᠡᠵᠢᠭᠦᠯᠬᠦ ᠵᠡᠷᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠥᠷᠥᠯ ᠵᠦᠢᠯ ᠢ | ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠳᠤᠮᠳᠠᠴᠢ ᠣᠷᠣᠯᠭ᠎ᠠ ᠲᠣᠭᠲᠠᠭᠤᠨ ᠢᠶᠠᠷ | ᠳᠡᠭᠡᠭᠰᠢᠯᠡᠪᠡ᠃ ᠠᠮᠠᠷᠬᠠᠨ ᠶᠠᠳᠠᠭᠤᠷᠠᠬᠤ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠰᠢᠨᠵᠢᠬᠦ ᠪᠠ ᠬᠠᠪᠰᠤᠷᠤᠨ | ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠶᠠᠳᠠᠭᠤ ᠶᠢ ᠰᠡᠷᠭᠡᠶᠢᠯᠡᠬᠦ ᠳᠠᠭᠠᠳᠬᠠᠯ ᠤᠨ ᠲᠦᠷᠢᠮ ᠢ ᠪᠠᠶᠢᠭᠤᠯᠤᠨ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠤᠨ᠎ᠠ᠃ ᠰᠠᠭᠤᠷᠢ ᠲᠥᠬᠦᠭᠡᠷᠦᠮᠵᠢ ᠪᠠ | ᠣᠯᠠᠨ ᠨᠡᠢᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠮᠠᠯᠵᠢᠬᠤ ᠣᠷᠣᠨ ᠲᠡᠰᠢ ᠤᠷᠲᠤᠳᠬᠠᠨ ᠪᠦᠷᠬᠦᠭᠦᠯᠬᠦ ᠶᠢ | ᠠᠬᠢᠭᠤᠯᠵᠤ᠂ ᠬᠠᠷᠪᠢᠨ ᠠᠴᠠ ᠬᠠᠷᠪᠢᠨ ᠬᠦᠷᠬᠦ ᠱᠤᠭᠤᠮ ᠤᠨ ᠭᠠᠯ ᠰᠡᠷᠭᠡᠢᠯᠡᠬᠦ ᠵᠠᠮ ᠤᠨ ᠢᠨᠵᠧᠨᠧᠷᠢᠩ ᠢ | ᠡᠬᠢᠯᠡᠭᠦᠯᠦᠨ ᠬᠡᠷᠡᠭᠵᠢᠭᠦᠯᠵᠦ᠂ ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠲᠤ ᠲᠡᠮᠦᠷ ᠵᠠᠮ᠂ | ᠪᠤᠭᠤᠲᠤ ᠠᠴᠠ ᠮᠤᠤᠮᠢᠩᠭᠠᠨ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠢ ᠥᠷᠭᠡᠳᠬᠡᠨ ᠪᠠᠶᠢᠭᠤᠯᠬᠤ ᠵᠡᠷᠭᠡ | ᠴᠢᠬᠤᠯᠠ ᠶᠡᠭᠡ ᠲᠥᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ | ᠥᠨᠳᠥᠷ ᠪᠦᠲᠦᠮᠵᠢᠲᠡᠶ ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠎ᠠ᠃ ᠭᠤᠣᠯ ᠬᠤᠲᠠ ᠲᠣᠭᠤᠷᠢᠭ ᠤᠨ | ᠣᠷᠴᠢᠨ ᠲᠣᠭᠤᠷᠢᠨ ᠤ ᠠᠷᠢᠭᠤᠨ ᠴᠡᠪᠡᠷ ᠣᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠵᠦ᠂ ︽ | ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾᠂ ︽ᠵᠠᠮ ᠤᠨ ᠳᠠᠷᠤᠭ᠎ᠠ ᠶᠢᠨ ᠳᠦᠷᠢᠮ︾ ᠢ ᠲᠡᠭᠦᠯᠳᠡᠷᠵᠢᠭᠦᠯᠵᠦ᠂ | ᠨᠢᠭᠡᠳᠦᠭᠡᠷ ᠹᠷᠣᠨᠲ ᠤᠨ ᠠᠵᠢᠯ ᠤᠨ ᠳᠦᠷᠢᠮ ᠢ ᠨᠠᠢᠳᠠᠪᠤᠷᠢᠵᠢᠭᠤᠯᠬᠤ᠂ ᠵᠠᠮ ᠬᠠᠷᠢᠯᠴᠠᠭᠠᠨ ᠤ ᠡᠮᠬᠢ ᠳᠢᠭᠯᠢᠮ ᠪᠠ | ᠬᠤᠲᠠ ᠶᠢᠨ ᠦᠵᠡᠮᠵᠢ ᠣᠷᠴᠢᠨ ᠲᠣᠭᠤᠷᠢᠨ ᠤ ᠬᠠᠪᠰᠤᠷᠤᠨ ᠬᠠᠮᠢᠶᠠᠷᠬᠤ ᠠᠵᠢᠯᠲᠠᠨ 70 ᠨᠡᠷᠡᠰ ᠲᠣᠬᠢᠷᠠᠭᠤᠯᠵᠤ᠂ | ︽ᠵᠠᠰᠠᠮᠠᠯ ᠵᠠᠮ ᠢᠶᠠᠷ ᠠᠵᠢᠯᠯᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠰᠢᠯᠭᠠᠨ ᠬᠢᠨᠠᠬᠤ ᠠᠷᠭ᠎ᠠ ᠶᠢ ᠲᠣᠭᠲᠠᠭᠠᠵᠤ᠂ ᠪᠣᠯᠪᠠᠰᠤᠨ ᠬᠤᠲᠠ᠂ ᠠᠷᠢᠭᠤᠨ ᠴᠡᠪᠡᠷ | ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠠᠳᠠᠯ ᠠᠬᠤᠢ ᠶᠢᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ ᠠᠳᠠᠯ | ᠠᠬᠤᠶ᠂ ᠳᠡᠰᠯᠡᠬᠦ ᠠᠳᠠᠯ ᠠᠬᠤᠶ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠵᠡᠷᠭᠡ ᠣᠯᠠᠨ ᠵᠦᠢᠯ ᠤᠨ | ᠵᠠᠭᠪᠤᠷ ᠢ ᠬᠡᠷᠡᠭᠵᠢᠭᠦᠯᠦᠨ᠂ ᠵᠢᠭᠤᠷᠠᠯᠳᠤᠭᠠᠨ ᠢ ᠭᠤᠷᠪᠠᠨ ᠱᠠᠲᠤ ᠪᠠᠷ ᠡᠶᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ | ᠂ ︽ᠬᠤᠪᠢᠰᠬᠠᠯ ᠤᠨ ᠠᠳᠠᠯ ᠠᠬᠤᠶ︾ ᠪᠠᠷ ᠭᠠᠷᠳᠠᠴᠠ ᠪᠣᠯᠭᠠᠨ᠂ ᠠᠳᠠᠯ ᠠᠬᠤᠢ ᠶᠢᠨ ᠦᠢᠯᠡᠴᠢᠯᠡᠭᠡᠨ ᠬᠢᠭᠡᠳ | ᠦᠨᠳᠦᠰᠦᠨ ᠱᠠᠲᠤᠨ ᠤ ᠵᠠᠰᠠᠯᠲᠠ ᠶᠢᠨ ᠵᠡᠷᠭᠡᠪᠡᠷ ᠬᠥᠭᠵᠢᠬᠦ ᠶᠢ ᠠᠬᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢ | ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠤᠶᠤᠨᠲᠤ ᠵᠢᠤ ᠶᠤᠸᠠᠨ ᠲᠣᠮᠣ ᠳ᠋ᠠᠶᠢᠲ᠋ᠠ ᠶᠢᠨ ᠲᠥᠪ ᠢ ᠵᠣᠬᠢᠶᠠᠨ ᠪᠠᠶᠢᠭᠤᠯᠵᠤ᠂ ᠤᠶᠤᠨᠲᠤ ᠬᠠᠮᠢᠶᠠᠷᠤᠯᠲᠠ ᠶᠢᠨ | ᠬᠡᠷᠡᠭᠯᠡᠭᠡᠨ ᠤ ᠲᠠᠪᠴᠠᠩ ᠢ ᠡᠮᠬᠢᠯᠡᠨ ᠨᠡᠶᠢᠯᠡᠭᠦᠯᠵᠦ ᠲᠡᠭᠦᠯᠳᠡᠷᠵᠢᠭᠦᠯᠦᠨ᠂ ᠮᠡᠳᠡᠭᠡ ᠵᠠᠩᠭᠢ ᠶᠢ ᠬᠢᠨᠠᠨ ᠬᠡᠮᠵᠢᠬᠦ᠂ | ᠬᠡᠷᠡᠭ ᠢ ᠮᠥᠷᠳᠡᠬᠦ᠂ ᠲᠤᠭ᠎ᠠ ᠪᠠᠷᠢᠮᠲᠠ ᠶᠢ ᠵᠠᠳᠠᠯᠬᠤ ᠵᠡᠷᠭᠡ ᠣᠯᠠᠨ ᠳᠠᠪᠬᠤᠷ ᠴᠢᠳᠠᠮᠵᠢ ᠳᠤ ᠲᠦᠰᠢᠭᠯᠡᠨ᠂ | ᠬᠤᠲᠠ ᠶᠢᠨ ᠬᠠᠮᠢᠶᠠᠷᠤᠯᠲᠠ᠂ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ᠂ ᠣᠯᠠᠨ ᠲᠦᠮᠡᠨ ᠳᠤ ᠦᠢᠯᠡᠴᠢᠯᠡᠬᠦ | ᠵᠡᠷᠭᠡ ᠲᠤᠬᠠᠶᠢᠯᠠᠭᠰᠠᠨ ᠠᠵᠢᠯ ᠤᠨ ᠣᠶᠤᠨᠴᠢ ᠠᠵᠢᠯᠯᠠᠭᠠᠨ ᠢ ᠠᠬᠢᠭᠤᠯᠵᠤ᠂ ᠬᠤᠲᠠ ᠶᠢᠨ ᠣᠲᠣ ᠦᠶ᠎ᠡ ᠶᠢᠨ | ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠲᠠᠪᠤ︶ ᠥᠭᠡᠷᠡᠴᠢᠯᠡᠯᠲᠡ ᠬᠢᠵᠦ ᠴᠢᠯᠥᠭᠡᠲᠡᠢ ᠶᠠᠪᠤᠯᠴᠠᠬᠤ ᠶᠢ ᠥᠷᠭᠡᠳᠬᠡᠬᠦ ᠶᠢ ᠭᠦᠨᠵᠡᠭᠡᠢ ᠠᠬᠢᠭᠤᠯᠤᠨ᠎ᠠ᠃ | | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠵᠢᠤ ᠶᠤᠸᠠᠨ | ᠲᠣᠭᠤᠷᠢᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠲᠥᠰᠦᠯ︾ | ᠢ ᠭᠦᠨᠵᠡᠭᠡᠶ ᠨᠠᠶᠢᠳᠠᠪᠤᠷᠢᠵᠢᠭᠤᠯᠵᠤ᠂ ︽ᠴᠥᠭᠡᠨ ᠪᠥᠭᠡᠳ ᠲᠦᠷᠭᠡᠨ ᠰᠠᠶᠢᠨ︾ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ︽ᠵᠢᠷᠭᠤᠭ᠎ᠠ ᠶᠢ ᠬᠠᠰᠤᠵᠤ ᠬᠤᠶᠠᠷ ᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠠᠬᠢᠭᠤᠯᠵᠤ᠂ ︽ | ᠳᠥᠷᠪᠡ ᠶᠢ ᠭᠦᠢᠴᠡᠳᠭᠡᠬᠦ︾ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠠᠮᠠᠯᠠᠯᠲᠠ ᠶᠢᠨ ᠴᠠᠭ ᠤᠨ ᠬᠢᠵᠠᠭᠠᠷ ᠢ ᠳᠠᠬᠢᠨ 30% ᠪᠠᠭᠠᠰᠬᠠᠬᠤ ᠶᠢ | ᠠᠬᠢᠭᠤᠯᠤᠨ᠎ᠠ᠃ ︽ᠨᠢᠭᠡ ᠰᠦᠯᠵᠢᠶ᠎ᠡ ᠪᠠᠷ ᠭᠦᠢᠴᠡᠳᠭᠡᠬᠦ︾ ᠶᠢ ᠲᠦᠷᠭᠡᠳᠬᠡᠨ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠰᠦᠯᠵᠢᠶ᠎ᠡ ᠪᠠᠷ ᠭᠦᠢᠴᠡᠳᠭᠡᠵᠦ ᠪᠣᠯᠬᠤ᠂ ᠰᠦᠯᠵᠢᠶ᠎ᠡ ᠪᠠᠷ ᠭᠦᠢᠴᠡᠳᠭᠡᠬᠦ ᠳᠤ ᠬᠢᠯᠪᠠᠷ | ᠂ ᠰᠦᠯᠵᠢᠶ᠎ᠡ ᠪᠠᠷ ᠭᠦᠢᠴᠡᠳᠭᠡᠬᠦ ᠳᠤ ᠠᠮᠠᠷᠬᠠᠨ᠂ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ | 95% ᠠᠴᠠ ᠳᠡᠭᠡᠭᠰᠢ ᠳᠤ ᠬᠦᠷᠦᠭᠦᠯᠦᠨ᠎ᠡ︔ ︽ᠠᠯᠠᠭᠠᠨ ᠳᠡᠭᠡᠷ᠎ᠡ ᠪᠠᠨ ᠭᠦᠢᠴᠡᠳᠭᠡᠬᠦ︾ ᠬᠡᠪᠰᠢᠭᠰᠡᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠥᠩᠬᠡ ᠰᠤᠪᠠᠭ᠂ ᠥᠪᠥᠷ ᠮᠣᠩᠭᠤᠯ ᠤᠨ ᠠᠵᠤ ᠠᠬᠤᠶᠢᠯᠠᠯ ᠤᠨ | ᠨᠡᠶᠢᠳᠡᠮ ᠬᠡᠷᠡᠭᠯᠡᠬᠦ ᠡᠷᠦᠬᠡ ᠶᠢᠨ ᠬᠠᠮᠤᠷᠬᠤ ᠬᠡᠪᠴᠢᠶ᠎ᠡ ᠶᠢ ᠶᠡᠬᠡᠪᠡᠷ ᠨᠡᠮᠡᠭᠳᠡᠭᠦᠯᠦᠨ᠎ᠡ︔ ᠨᠠᠩ ᠣᠯᠠᠨ ᠥᠨᠳᠥᠷ | ᠳᠠᠪᠲᠠᠮᠵᠢᠲᠤ ᠵᠦᠢᠯᠡᠰ ᠢ ᠨᠢᠭᠡ ᠯᠡ ᠤᠳᠠᠭ᠎ᠠ ᠳᠤ ᠭᠦᠢᠴᠡᠳᠭᠡᠬᠦ ᠶᠢ ᠠᠬᠢᠭᠤᠯᠵᠤ᠂ 97 ᠵᠦᠢᠯ ᠤᠨ ︽ᠨᠢᠭᠡ ᠯᠡ | ᠤᠳᠠᠭ᠎ᠠ ᠳᠤ ᠭᠦᠢᠴᠡᠳᠭᠡᠬᠦ︾ ᠵᠦᠢᠯᠡᠰ ᠢ ᠪᠥᠬᠦ ᠲᠠᠯ᠎ᠠ ᠪᠠᠷ ᠨᠡᠪᠲᠡᠷᠡᠭᠦᠯᠬᠦ ᠶᠢ ᠪᠡᠶᠡᠯᠡᠭᠦᠯᠦᠨ᠎ᠡ︔ ᠠᠵᠤ | ᠦᠢᠯᠡᠳᠪᠤᠷᠢ ᠶᠢᠨ ᠬᠦᠷᠢᠶᠡᠯᠡᠩ ᠲᠣᠭᠤᠷᠢᠭ ᠢᠶᠠᠷ ᠲᠤᠷᠰᠢᠯᠲᠠ ᠶᠢᠨ ᠴᠢᠭ ᠪᠣᠯᠭᠠᠵᠤ᠂ ︽ᠲᠠᠨ ᠢ ᠬᠠᠪᠰᠤᠷᠤᠨ | ᠭᠦᠢᠴᠡᠳᠭᠡᠬᠦ︾ ᠴᠢᠨᠠᠷ ᠰᠠᠶᠢᠲᠠᠶ ᠦᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ᠶᠢ ᠪᠤᠢ ᠪᠣᠯᠭᠠᠨ᠎ᠠ᠃ ᠠᠵᠢᠯ | ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠢᠨ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ | ᠬᠠᠮᠢᠶᠠᠷᠬᠤ ᠶᠢ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠭᠦᠨᠵᠡᠭᠡᠢ ᠠᠭᠤᠰᠤᠯᠳᠤᠯ ᠢ | ᠠᠬᠢᠭᠤᠯᠤᠨ᠎ᠠ᠃ ᠳᠤᠮᠳᠠᠳᠤ ᠤᠯᠤᠰ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠡᠯᠡᠯᠲᠡ ᠶᠢᠨ ᠦᠷ᠎ᠡ | ᠳ᠋ᠦᠩ ᠢ ᠰᠠᠶᠢᠲᠤᠷ ᠠᠰᠢᠭᠯᠠᠵᠤ᠂ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ᠂ | ᠬᠠᠤᠯᠢ ᠪᠠᠷ ᠵᠠᠰᠠᠬᠤ ᠣᠷᠴᠢᠨ ᠨᠥᠬᠦᠴᠡᠯ᠂ ᠠᠵᠤ ᠦᠢᠯᠡᠰ ᠤᠨ ᠣᠷᠴᠢᠨ ᠨᠥᠬᠦᠴᠡᠯ᠂ ᠬᠤᠲᠠ ᠶᠢᠨ ᠣᠷᠴᠢᠨ | ᠨᠥᠬᠦᠴᠡᠯ ᠢ ᠦᠷᠭᠦᠯᠵᠢᠯᠡᠨ ᠪᠠᠶᠢᠭᠤᠯᠵᠤ᠂ ᠪᠥᠬᠦ ᠵᠢᠯ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢ 3000 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠤᠯᠤᠰ ᠤᠨ ᠥᠮᠴᠢᠯᠡᠯᠲᠦ | ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠳᠠᠬᠢᠨ ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠡᠮᠬᠢᠯᠡᠨ | ᠨᠡᠶᠢᠯᠡᠭᠦᠯᠬᠦ ᠶᠢ ᠲᠦᠷᠭᠡᠳᠬᠡᠨ᠂ ᠲᠠᠪᠴᠠᠩ ᠤᠨ ᠺᠣᠮᠫᠠᠨᠢ ᠶᠢᠨ ᠪᠣᠳᠠᠲᠤ ᠴᠣᠭᠴᠠᠵᠢᠨ ᠬᠥᠭᠵᠢᠬᠦ ᠶᠢ ᠠᠬᠢᠭᠤᠯᠵᠤ᠂ | ᠪᠥᠲᠥᠭᠡᠨ ᠪᠠᠶᠢᠭᠤᠯᠵᠤ ᠨᠡᠭᠡᠭᠡᠨ ᠬᠥᠭᠵᠢᠭᠦᠯᠬᠦ᠂ ᠠᠵᠤ ᠦᠢᠯᠡᠰ ᠤᠨ ᠠᠵᠢᠯᠯᠠᠭᠠᠨ᠂ ᠪᠠᠯᠠ ᠣᠷᠣᠭᠤᠯᠵᠤ ᠪᠠᠯᠠ | ᠳᠣᠭᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠤᠯᠤᠰ ᠤᠨ ᠥᠮᠴᠢᠯᠡᠯᠲᠦ ᠬᠥᠷᠥᠩᠭᠡ ᠪᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠎ᠠ᠃ ᠡᠳ᠋ ᠤᠨ ᠵᠠᠰᠠᠭ | ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠡᠷᠦᠩᠬᠡᠶ ᠬᠡᠯᠲᠡᠰ ᠤᠨ ᠠᠰᠠᠷ | ᠲᠠᠭᠲᠤ ᠶᠢᠨ ᠭᠠᠶᠢᠯᠢ ᠲᠠᠲᠠᠪᠤᠷᠢ ᠶᠢᠨ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ᠂ ᠭᠤᠷᠪᠠᠨ ᠬᠦᠷᠢᠶᠡᠯᠡᠩ | ᠲᠣᠭᠤᠷᠢᠭ ᠤᠨ ᠭᠠᠶᠢᠯᠢ ᠲᠠᠲᠠᠪᠤᠷᠢ ᠶᠢᠨ ᠨᠡᠮᠡᠭᠳᠡᠯ ᠢᠶᠠᠷ ᠬᠤᠪᠢᠳᠠᠵᠤ ᠤᠷᠮᠠᠰᠢᠭᠤᠯᠬᠤ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠭᠠᠶᠢᠯᠢ ᠲᠠᠲᠠᠬᠤ ᠭᠠᠶᠢᠯᠢ ᠶᠢ ᠬᠠᠮᠵᠢᠯᠴᠠᠭᠤᠯᠵᠤ | ᠭᠠᠶᠢᠯᠢ ᠬᠠᠮᠠᠭᠠᠯᠠᠬᠤ ᠱᠠᠩᠨᠠᠵᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠥᠷᠢ | ᠥᠭᠴᠡᠭᠡ ᠶᠢᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠡᠰ ᠢ ᠲᠣᠭᠲᠠᠭᠤᠨ ᠢᠶᠠᠷ ᠪᠠᠭᠤᠷᠠᠭᠤᠯᠵᠤ᠂ | ᠵᠠᠰᠠᠭᠦᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠯᠠᠪᠳᠠᠭᠤᠨ ᠪᠠᠲᠤᠲᠠᠢ ᠪᠡᠶᠡᠯᠡᠭᠦᠯᠦᠨ᠎ᠡ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠵᠢᠯ ᠤᠨ ᠵᠠᠰᠠᠭ ᠤᠨ ᠲᠤᠰᠬᠠᠶ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ᠂ ᠪᠡᠯᠡ ᠮᠥᠩᠭᠦ | ᠢᠵᠢ ᠪᠦᠷᠢᠳᠦᠭᠦᠯᠬᠦ ᠱᠠᠩᠨᠠᠯ ᠣᠯᠬᠤ ᠵᠡᠷᠭᠡ ᠠᠷᠭ᠎ᠠ ᠶᠢ ᠨᠡᠶᠢᠲᠡᠯᠡᠵᠦ᠂ ᠪᠦᠬᠦ ᠵᠢᠯ ᠳᠤ ᠳᠡᠭᠡᠳᠦ ᠱᠠᠲᠤᠨ ᠤ ᠡᠯ᠎ᠡ | ᠲᠥᠷᠥᠯ ᠤᠨ ᠪᠡᠯᠡ ᠮᠥᠩᠭᠦ ᠶᠢ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠳᠠᠲᠠᠶᠢᠵᠢᠭᠤᠯᠬᠤ ᠪᠠᠷ ᠴᠢᠷᠮᠠᠶᠢᠨ᠎ᠠ | ᠃ ᠵᠠᠰᠠᠭ ᠪᠠᠩᠬᠢ ᠠᠵᠤ ᠠᠬᠤᠶᠢᠯᠠᠯ ᠤᠨ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠮᠡᠳᠡᠭᠡ ᠵᠠᠩᠭᠢ ᠶᠢ | ᠬᠠᠮᠲᠤᠪᠠᠷ ᠬᠦᠷᠲᠡᠬᠦ ᠲᠠᠪᠴᠠᠩ ᠢ ᠪᠠᠶᠢᠭᠤᠯᠤᠨ᠂ ᠬᠡᠪᠰᠢᠭᠰᠡᠨ ᠲᠠᠨᠢᠯᠴᠠᠭᠤᠯᠭ᠎ᠠ ᠶᠢᠨ ᠦᠢᠯᠡᠴᠢᠯᠡᠭᠡᠨ ᠤ | ᠲᠣᠭᠲᠠᠴᠠ ᠶᠢ ᠪᠠᠶᠢᠭᠤᠯᠵᠤ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠶᠢᠨ ᠵᠠᠭᠪᠤᠷ ᠢ ᠳᠡᠯᠭᠡᠷᠡᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠢᠬᠤ ᠠᠰᠠᠭᠤᠳᠠᠯ ᠢ ᠪᠦᠲᠦᠮᠵᠢᠲᠡᠶ | ᠰᠢᠢᠳᠪᠤᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠰᠢᠭᠯᠠᠨ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠪᠠᠨ | ᠪᠠᠷᠢᠴᠠᠭᠠᠯᠠᠨ ᠵᠢᠭᠡᠯᠡᠯᠭᠡ ᠵᠢᠭᠡᠯᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠨ᠎ᠡ᠃ ᠭᠠᠳᠠᠭᠰᠢ ᠨᠡᠭᠡᠭᠡᠬᠦ ᠬᠢᠷᠢ | ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠭᠠᠳᠠᠭᠰᠢ ᠨᠡᠭᠡᠭᠡᠯᠲᠡ ᠬᠢᠬᠦ ᠰᠢᠨ᠎ᠡ ᠲᠠᠪᠴᠠᠩ ᠶᠢ ᠪᠠᠶᠢᠭᠤᠯᠬᠤ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠢᠳᠠᠪᠤᠷᠢᠵᠢᠭᠤᠯᠬᠤ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ | ᠲᠥᠪ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ᠂ ᠭᠤᠷᠪᠠᠳᠠᠬᠢ ᠡᠲᠡᠭᠡᠳ ᠤᠨ ᠪᠠᠷᠠᠭ᠎ᠠ ᠶᠢᠨ ᠭᠦᠢᠯᠭᠡᠭᠡᠨ ᠤ | ᠲᠣᠮᠣ ᠠᠰᠠᠷ ᠢ ᠡᠬᠢᠯᠡᠨ ᠬᠡᠷᠡᠭᠯᠡᠵᠦ᠂ ᠪᠡᠭᠡᠵᠢᠩ ᠤᠨ ᠬᠤᠢ ᠲᠦᠩ ᠲᠢᠶᠠᠨ ᠰᠢᠶᠠ ᠭᠤᠣᠯ ᠱᠤᠭᠤᠮ ᠤᠨ ︽ | ᠬᠠᠶᠢᠷᠴᠠᠭ ᠬᠠᠶᠠᠵᠤ ᠲᠡᠭᠡᠭᠡᠪᠦᠷᠢᠯᠡᠬᠦ︾ ᠬᠠᠭᠤᠷᠠᠢ ᠵᠠᠮ ᠤᠨ ᠲᠡᠭᠡᠭᠡᠪᠦᠷᠢ ᠶᠢᠨ ᠭᠠᠷᠠᠮ ᠤᠨ ᠵᠠᠭᠪᠤᠷ ᠢ ᠳᠡᠯᠭᠡᠷᠡᠭᠦᠯᠦᠨ | ᠂ ᠱᠧᠨ ᠲᠦᠩ ᠪᠦᠯᠦᠭᠯᠡᠯ ᠵᠡᠷᠭᠡ ᠴᠢᠨᠠᠷ ᠰᠠᠶᠢᠲᠠᠢ ᠪᠠᠷᠠᠭ᠎ᠠ ᠶᠢᠨ ᠭᠦᠢᠯᠭᠡᠭᠡᠨ ᠤ ᠠᠷᠠᠯᠵᠢᠶᠠᠨ ᠤ ᠠᠵᠤ ᠠᠬᠤᠶᠢᠯᠠᠯ ᠢ | 10 ᠠᠴᠠ ᠳᠡᠭᠡᠭᠰᠢ ᠣᠷᠣᠭᠤᠯᠤᠨ ᠠᠪᠴᠢᠷᠠᠨ᠎ᠠ᠃ ᠪᠤᠭᠤᠲᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ | ᠲᠥᠪ ︵B ᠬᠡᠯᠪᠡᠷᠢ︶ ᠤᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠡᠮᠦᠷ ᠵᠠᠮ ᠤᠨ ᠪᠠᠷᠠᠭᠠᠨ ᠤ | ᠲᠡᠭᠡᠭᠡᠪᠦᠷᠢ ᠶᠢᠨ ᠲᠤᠰᠬᠠᠶ ᠱᠤᠭᠤᠮ᠂ ᠣᠯᠠᠨ ᠤᠯᠤᠰ ᠤᠨ ᠲᠦᠷᠭᠡᠨ ᠢᠯᠡᠭᠡᠯᠲᠡ ᠶᠢᠨ ᠠᠦ᠋ᠲ᠋ᠣᠴᠢᠯᠠᠭᠰᠠᠨ ᠢᠯᠭᠠᠬᠤ | ᠱᠤᠭᠤᠮ ᠵᠢᠴᠢ ᠬᠦᠢᠲᠡᠨ ᠬᠡᠯᠬᠢᠶᠡᠲᠦ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠ ᠬᠢᠨᠠᠯᠲᠠ | ᠬᠠᠮᠢᠶᠠᠷᠤᠯᠲᠠ ᠶᠢᠨ ᠲᠥᠪ ᠢ ᠪᠠᠶᠢᠭᠤᠯᠤᠨ ᠡᠬᠢᠯᠡᠭᠦᠯᠵᠦ᠂ ᠪᠥᠬᠦ ᠬᠤᠲᠠ ᠶᠢᠨ ᠡᠩ ᠤᠨ ᠪᠣᠭᠤᠮᠲᠠ ᠶᠢᠨ ᠠᠵᠤ | ᠠᠬᠤᠶ ᠳᠤ ᠢᠳᠡᠪᠬᠢᠲᠡᠶ ᠠᠭᠤᠰᠤᠯᠴᠠᠭᠤᠯᠵᠤ᠂ ᠵᠢᠯ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1000 | ᠲᠦᠮᠡᠨ ᠲᠣᠨ ᠢ ᠳᠠᠪᠠᠭᠤᠯᠤᠨ᠎ᠠ᠃ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠨᠠᠷᠢᠯᠢᠭ ᠪᠣᠳᠠᠲᠠᠶ ᠬᠢᠵᠦ᠂ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢᠶᠠᠷ ᠮᠡᠳᠡᠭᠦᠯᠬᠦ ᠠᠵᠢᠯ ᠢ ᠡᠬᠢᠯᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠢ ᠲᠦᠯᠬᠢᠨ | ᠠᠬᠢᠭᠤᠯᠪᠠ᠃ | ᠰᠤᠷᠭᠠᠨ ᠬᠥᠮᠦᠵᠢᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ | ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠴᠢᠨᠠᠷ ᠰᠠᠶᠢᠲᠠᠶ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠱᠠ ᠾᠧ ᠶᠢᠨ | ᠭᠤᠷᠪᠠᠳᠤᠭᠠᠷ ᠪᠠᠭ᠎ᠠ ᠰᠤᠷᠭᠠᠭᠤᠯᠢ᠂ ᠵᠢᠷᠭᠤᠳᠤᠭᠠᠷ ᠪᠠᠭ᠎ᠠ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ 55 ᠳᠤᠮᠳᠠᠳᠤ ᠰᠤᠷᠭᠠᠭᠤᠯᠢ᠂ ᠱᠢ ᠵᠢᠢ ᠵᠠᠮ ᠤᠨ ᠬᠤᠶᠠᠳᠤᠭᠠᠷ ᠪᠠᠭ᠎ᠠ | ᠰᠤᠷᠭᠠᠭᠤᠯᠢ ᠪᠠ ᠵᠢᠦ ᠶᠤᠸᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠢ ᠰᠢᠨ᠎ᠡ ᠪᠠᠷ | ᠪᠠᠶᠢᠭᠤᠯᠵᠤ᠂ ᠨᠠᠮᠤᠭ ᠤᠨ ᠡᠮᠦᠨᠡᠬᠢ ᠬᠡᠦᠬᠡᠳ ᠤᠨ ᠴᠡᠴᠡᠷᠯᠢᠭ᠂ ᠵᠢᠦ ᠶᠤᠸᠠᠨ ᠤ ᠬᠤᠶᠠᠳᠤᠭᠠᠷ ᠬᠡᠦᠬᠡᠳ ᠤᠨ | ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠢᠨᠠᠷ ᠰᠠᠶᠢᠲᠠᠶ ᠰᠤᠷᠭᠠᠨ ᠬᠥᠮᠦᠵᠢᠯ ᠤᠨ | ᠰᠢᠰᠲ᠋ᠧᠮᠵᠢ ᠶᠢ ᠪᠠᠶᠢᠭᠤᠯᠵᠤ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠵᠡᠷᠭᠡ ᠨᠠᠷᠠᠲᠤ | ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ | ᠡᠩᠨᠡᠭᠡ ᠶᠢ ᠣᠷᠣᠭᠤᠯᠤᠨ ᠠᠪᠴᠢᠷᠠᠵᠤ ᠬᠥᠮᠦᠵᠢᠭᠦᠯᠬᠦ ᠶᠢ ᠴᠢᠩᠭᠠᠳᠬᠠᠨ᠂ ᠵᠢᠯ ᠤᠨ ᠳᠣᠲᠣᠷ᠎ᠠ ︽ᠳᠠᠭᠠᠭᠤᠯᠤᠭᠴᠢ | ᠰᠤᠷᠭᠠᠭᠤᠯᠢ ᠶᠢᠨ ᠵᠠᠬᠢᠷᠤᠯ︾᠂ 30 ᠨᠡᠷᠡᠰ ᠰᠢᠯᠢᠳᠡᠭ ᠪᠠᠭᠰᠢ ᠶᠢ ᠬᠥᠮᠦᠵᠢᠭᠦᠯᠵᠦ᠂ 120 ᠨᠡᠷᠡᠰ ᠠᠴᠠ ᠳᠡᠭᠡᠭᠰᠢ | ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠶᠡᠭᠡ ᠳᠡᠭᠡᠳᠦ ᠰᠤᠷᠭᠠᠭᠤᠯᠢ ᠶᠢᠨ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠬᠤᠶᠠᠷ ᠢ ᠪᠠᠭᠠᠰᠬᠠᠬᠤ︾ ᠠᠵᠢᠯ ᠢ ᠦᠷᠭᠦᠯᠵᠢᠯᠡᠨ ᠠᠬᠢᠭᠤᠯᠵᠤ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠯᠠᠪᠳᠠᠭᠤᠨ ᠪᠠᠲᠤᠲᠠᠢ ᠰᠠᠶᠢᠲᠤᠷ | ᠬᠢᠬᠦ ᠬᠡᠷᠡᠭᠲᠡᠢ᠃ | ᠲᠦᠭᠡᠮᠡᠯ ᠬᠠᠷᠠᠭᠠᠯᠵᠠᠯᠲᠤ ᠡᠷᠡᠭᠦᠯ ᠮᠡᠨᠳᠦ ᠶᠢᠨ ᠦᠢᠯᠡᠴᠢᠯᠡᠭᠡ ᠶᠢ ᠬᠡᠷᠡᠭᠵᠢᠭᠦᠯᠦᠨ᠎ᠡ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠵᠤ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠵᠦ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠯᠤᠰ ᠡᠮᠴᠢᠯᠡᠭᠡ | ᠪᠠ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠢ ᠲᠡᠭᠦᠯᠳᠡᠷᠵᠢᠭᠦᠯᠦᠨ᠂ ᠨᠢᠭᠲᠠᠷᠠᠭᠰᠠᠨ ᠬᠡᠯᠪᠡᠷᠢ ᠶᠢᠨ | ᠡᠮᠴᠢᠯᠡᠭᠡᠨ ᠤ ᠪᠦᠯᠦᠭᠯᠡᠯ ᠤᠨ ᠪᠠᠶᠢᠭᠤᠯᠤᠯᠲᠠ ᠶᠢ ᠠᠬᠢᠭᠤᠯᠵᠤ᠂ ᠵᠢᠯ ᠤᠨ ᠳᠣᠲᠣᠷ᠎ᠠ ᠡᠮ ᠡᠮᠨᠡᠯᠭᠡ ᠡᠷᠡᠭᠦᠯ | ᠬᠠᠮᠠᠭᠠᠯᠠᠯ ᠤᠨ ᠴᠢᠳᠠᠪᠤᠷᠢᠲᠠᠨ ᠢ 30 ᠨᠡᠷᠡᠰ ᠤᠷᠢᠨ ᠣᠷᠣᠭᠤᠯᠤᠨ᠎ᠠ᠃ ᠴᠢᠨᠠᠷ ᠰᠠᠶᠢᠲᠠᠶ ᠡᠮᠴᠢᠯᠡᠭᠡᠨ ᠤ ᠡᠬᠢ | ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠶᠢ ᠲᠦᠷᠭᠡᠳᠬᠡᠵᠦ᠂ ᠣᠯᠠᠨ ᠤᠯᠤᠰ ᠠᠴᠠ ᠡᠮᠨᠡᠯᠭᠡ ᠶᠢᠨ ᠬᠤᠷᠢᠶ᠎ᠠ ᠶᠢᠨ | ᠪᠠᠶᠢᠭᠤᠯᠤᠯᠲᠠ ᠶᠢ ᠠᠬᠢᠭᠤᠯᠤᠨ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠭᠤᠤᠯ ᠴᠣᠭᠴᠠ ᠶᠢᠨ | ᠢᠨᠵᠧᠨᠧᠷᠢᠩ ᠢ ᠪᠡᠶᠡᠯᠡᠭᠦᠯᠵᠦ᠂ ᠰᠢᠨ᠎ᠡ ᠲᠣᠭᠤᠷᠢᠭ ᠲᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠢ 1 ᠰᠠᠭᠤᠷᠢ ᠥᠨᠳᠥᠷ ᠲᠦᠪᠰᠢᠨ ᠢᠶᠠᠷ ᠲᠥᠯᠥᠪᠵᠢᠭᠦᠯᠦᠨ ᠪᠠᠶᠢᠭᠤᠯᠤᠨ᠎ᠠ᠃ ᠬᠢᠲᠠᠳ | ᠧᠦ᠋ᠷᠣᠫᠠ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠢᠲᠠᠳ ᠡᠮ ᠡᠮᠨᠡᠯᠭᠡ ᠶᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠤᠯᠤᠰ ᠤᠨ ᠭᠤᠷᠪᠠᠨ ᠬᠡᠦᠬᠡᠳ ᠠᠪᠬᠤ | ᠵᠢᠴᠢ ᠲᠥᠬᠦᠷ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ | ᠬᠥᠭᠵᠢᠭᠦᠯᠦᠨ᠎ᠡ᠃ | ᠣᠯᠠᠨ ᠨᠡᠶᠢᠲᠡ ᠶᠢᠨ ᠰᠣᠶᠣᠯ ᠤᠨ ᠬᠠᠩᠭᠠᠯᠭ᠎ᠠ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠨᠡᠶᠢᠭᠡᠮ ᠨᠡᠶᠢᠲᠡ ᠳᠤ ᠰᠦᠢᠳᠬᠡᠯ ᠬᠤᠷᠢᠶᠠᠬᠤ ᠥᠬᠡᠶ ᠦᠢᠯᠡᠴᠢᠯᠡᠭᠡᠨ ᠤ ᠲᠥᠷᠥᠯ ᠵᠦᠢᠯ ᠢ | 20 ᠠᠴᠠ ᠳᠡᠭᠡᠭᠰᠢ ᠬᠠᠩᠭᠠᠵᠤ᠂ ᠪᠥᠬᠦ ᠵᠢᠯ ᠳᠤ ︽ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ | ᠲᠦᠮᠡᠨ ᠳᠤ ᠦᠢᠯᠡᠴᠢᠯᠡᠬᠦ︾ ᠲᠣᠭᠯᠠᠯᠲᠠ ᠶᠢᠨ ᠪᠣᠯᠪᠠᠰᠤᠷᠠᠭᠤᠯᠤᠯ ᠢ 100 ᠠᠴᠠ ᠳᠡᠭᠡᠭᠰᠢ ᠲᠠᠯᠠᠪᠤᠷ ᠥᠷᠨᠢᠭᠦᠯᠦᠨ᠎ᠡ | ᠃ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠲᠣᠭᠠᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ | ᠨᠢᠭᠡ ᠪᠦᠯᠦᠭ ᠣᠶᠤᠨᠴᠢ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠯᠠᠪᠤᠷ ᠢ ᠪᠠᠶᠢᠭᠤᠯᠤᠨ᠎ᠠ᠃ | ᠬᠠᠳᠤᠨ ᠭᠤᠣᠯ ᠤᠨ ᠰᠣᠶᠣᠯ ᠢ ᠠᠭᠤᠳᠠᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ︽ᠪᠣᠳᠠᠰ ᠤᠨ ᠪᠤᠰᠤ | ᠰᠣᠶᠣᠯ ᠤᠨ ᠥᠪ︾ ᠤᠨ ᠤᠯᠠᠮᠵᠢᠯᠠᠭᠴᠢ ᠶᠢ ᠲᠡᠳᠬᠦᠨ ᠳᠡᠮᠵᠢᠬᠦ ᠲᠥᠯᠥᠪᠯᠡᠭᠡ ᠶᠢ ᠥᠷᠨᠢᠭᠦᠯᠵᠦ᠂ ᠮᠠ ᡂᠢ | ᠡᠷᠲᠡᠨ ᠤ ᠬᠤᠳᠠ᠂ ᠮᠡᠷᠭᠡᠨ ᠵᠤᠤ ᠵᠡᠷᠭᠡ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠢᠳᠡᠪᠬᠢᠲᠡᠶ ᠰᠠᠨᠠᠭᠠᠴᠢᠯᠠᠵᠤ᠂ ᠪᠡᠶ᠎ᠡ ᠴᠢᠭᠢᠷᠠᠭᠵᠢᠭᠤᠯᠬᠤ ᠲᠠᠯᠠᠪᠤᠷ ᠵᠢᠴᠢ | ᠪᠡᠯᠡᠳᠬᠡᠮᠵᠢ ᠶᠢ 5 ᠶᠢ ᠰᠢᠨ᠎ᠡ ᠪᠠᠷ ᠪᠠᠶᠢᠭᠤᠯᠵᠤ᠂ ᠬᠤᠲᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ 2 ᠢ | ᠥᠭᠡᠷᠡᠴᠢᠯᠡᠵᠦ᠂ ︽ᠠᠷᠪᠠᠨ ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠬᠦᠴᠦᠯᠡᠨ ᠪᠠᠶᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠤᠷᠭᠠᠭᠤᠯᠢ ᠠᠵᠤ ᠠᠬᠤᠶᠢᠯᠠᠯ ᠣᠷᠣᠨ | ᠨᠤᠲᠤᠭ ᠤᠨ ᠬᠡᠪ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠣᠯᠭᠤᠬᠤ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠨ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ | ᠪᠠᠲᠤᠯᠠᠭ᠎ᠠ ᠶᠢ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠬᠥᠮᠦᠰ ᠲᠤxxzx12 ᠲᠣᠭᠲᠠᠪᠤᠷᠢᠲᠠᠶ ᠠᠵᠢᠯ | ᠣᠯᠭᠤᠬᠤ ᠶᠢ ᠠᠬᠢᠭᠤᠯᠤᠨ᠂ ᠬᠤᠲᠠ ᠪᠠᠯᠭᠠᠰᠤ ᠶᠢᠨ ᠠᠵᠢᠯ ᠣᠯᠤᠭᠰᠠᠳ ᠢ 3600 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠵᠦ᠂ 5000 ᠠᠴᠠ ᠳᠡᠭᠡᠭᠰᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠨ᠂ ᠬᠤᠲᠠ | ᠪᠠᠯᠭᠠᠰᠤ ᠶᠢᠨ ᠳᠡᠩᠰᠡᠯᠡᠨ ᠲᠡᠮᠳᠡᠭᠯᠡᠭᠦᠯᠦᠭᠰᠡᠨ ᠠᠵᠢᠯ ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ | ᠬᠢᠵᠠᠭᠠᠷᠯᠠᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠪᠠᠶᠢᠳᠠᠯ ᠢ ᠪᠠᠬᠢᠵᠢᠭᠦᠯᠦᠨ᠎ᠡ᠃ | ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ | ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠳᠠᠭᠠᠳᠬᠠᠯ ᠤᠨ ᠰᠢᠰᠲ᠋ᠧᠮᠵᠢ ᠶᠢ ᠬᠥᠭᠵᠢᠭᠦᠯᠦᠨ᠂ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠨᠳᠤᠤ | ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠬᠡᠪᠴᠢᠶ᠎ᠡ ᠶᠢ ᠥᠷᠭᠡᠳᠬᠡᠨ᠎ᠡ᠃ | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶ 7 ᠶᠢ ᠰᠢᠨ᠎ᠡ ᠪᠠᠷ | ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠨᠠᠶᠢᠳᠠᠨ ᠬᠥᠮᠦᠵᠢᠭᠦᠯᠬᠦ ᠪᠠᠶᠢᠭᠤᠯᠤᠮᠵᠢ ᠶᠢ ᠬᠥᠭᠵᠢᠭᠦᠯᠬᠦ ᠶᠢ | ᠳᠡᠮᠵᠢᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠨᠢᠭᠦᠯᠡᠰᠦᠩᠭᠦᠢ ᠶᠢᠨ ᠦᠢᠯᠡᠰ ᠢ | ᠶᠡᠬᠡᠪᠡᠷ ᠬᠥᠭᠵᠢᠭᠦᠯᠦᠨ᠎ᠡ᠃ | ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠠᠶᠤᠯ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠨ ᠡᠵᠡᠮᠳᠡᠬᠦ ᠲᠣᠭᠲᠠᠴᠠ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠡᠯ᠎ᠡ ᠬᠦᠷᠢᠶᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠠᠬᠢᠭᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ᠂ | ᠨᠠᠷᠢᠯᠢᠬᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ | ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ | ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠲᠣᠭᠤᠷᠢᠭ ᠶᠢ ᠴᠢᠷᠮᠠᠶᠢᠨ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ | ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︵2018 ᠣᠨ ᠤ 3 ᠰᠠᠷ᠎ᠠ ᠠᠴᠠ ᠰᠡᠭᠦᠯᠡᠷ | ︶ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠪᠦᠬᠦ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ | ᠶᠡᠭᠡ ᠲᠠᠯ᠎ᠠ ᠶᠢ ᠲᠠᠰᠤᠷᠠᠯᠲᠠ ᠤᠢᠭᠡᠢ ᠪᠠᠬᠢᠵᠢᠭᠦᠯᠦᠨ᠎ᠡ᠃ | | |