ᠵᠢᠥ ᠶᠤᠸᠠᠨ ᠲᠣᠭᠤᠷᠢᠭ ᠤᠨ ᠠᠭᠠᠷᠤᠳᠠᠢ ᠰᠤᠮᠤᠨ ᠤ ᠭᠤᠣᠯ ᠡᠭᠦᠷᠭᠡ ᠬᠠᠷᠢᠭᠤᠴᠠᠯᠭ᠎ᠠ ᠵᠢᠴᠢ ᠳᠣᠲᠣᠭᠠᠳᠤ ᠪᠠᠶᠢᠭᠤᠯᠤᠮᠵᠢ
ᠨᠡᠶᠢᠲᠡᠯᠡᠭᠰᠡᠨ ᠴᠠᠭ᠄
2022/10/1
    ᠨᠢᠭᠡ᠂ ᠭᠤᠤᠯ ᠡᠭᠦᠷᠭᠡ ᠬᠠᠷᠢᠭᠤᠴᠠᠯᠭ᠎ᠠ   ︵ᠨᠢᠭᠡ︶ ᠨᠠᠮ ᠤᠨ ᠮᠠᠯᠵᠢᠬᠤ ᠣᠷᠣᠨ ᠲᠠᠬᠢ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠨᠠᠮ ᢭ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃   ︵ᠬᠤᠶᠠᠷ︶ ᠠᠵᠤ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃    ︵ᠭᠤᠷᠪᠠ︶ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠪᠠ ᠠᠮᠢ ᠠᠬᠤᠶ ᠶᠢᠨ ᠬᠠᠮᠠᠭᠠᠯᠠᠯᠲᠠ ᠶᠢ ᠠᠬᠢᠭᠤᠯᠤᠨ᠎ᠠ᠃    ︵ᠲᠦᠷᠪᠡ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ ᠨᠡᠶᠢᠭᠡᠮ ᠤᠨ ᠡᠮᠬᠢ ᠵᠢᠷᠤᠮ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃    ︵ᠲᠠᠪᠤ︶ ᠨᠡᠶᠢᠭᠡᠮ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃    ︵ᠵᠢᠷᠭᠤᠭ᠎ᠠ︶ ᠮᠠᠯᠴᠢᠳ ᠲᠤ ᠮᠡᠳᠡᠭᠡ ᠵᠠᠩᠭᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠮᠠᠯᠵᠢᠬᠤ ᠣᠷᠣᠨ ᠤ ᠦᠯᠡᠭᠦᠦ ᠬᠥᠳᠡᠯᠮᠦᠷᠢ ᠬᠦᠴᠦᠨ ᠢ ᠬᠠᠪᠰᠤᠷᠤᠨ ᠰᠢᠯᠵᠢᠭᠦᠯᠦᠨ᠎ᠡ᠃    ︵ᠳᠣᠯᠤᠭ᠎ᠠ︶ ᠰᠣᠶᠣᠯ ᠡᠮᠴᠢᠯᠡᠭᠡ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠥᠷᠨᠢᠭᠦᠯᠦᠨ᠎ᠡ᠃    ︵ᠨᠠᠢᠮᠠ︶ ᠮᠠᠯᠵᠢᠬᠤ ᠣᠷᠣᠨ ᠤ ᠨᠠᠰᠤᠵᠢᠯ ᠤᠨ ᠳᠠᠭᠠᠳᠬᠠᠯ ᠪᠣᠯᠤᠨ ᠬᠤᠷᠰᠢᠭᠰᠠᠨ ᠡᠮᠨᠡᠯᠭᠡ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠲᠥᠯᠬᠢᠨ ᠠᠬᠢᠭᠤᠯᠤᠨ᠎ᠠ᠃    ︵ᠶᠢᠰᠦ︶ ᠭᠠᠴᠠᠭᠠᠨ ᠤ ᠵᠥᠪᠯᠡᠯ ᠳᠠᠬᠢ ᠵᠢᠯᠣᠭᠤᠳᠣᠯᠭ᠎ᠠ ᠪᠠᠨ ᠴᠢᠩᠭᠠᠳᠬᠠᠨ᠎ᠠ᠃    ᠬᠤᠶᠠᠷ᠂ ᠳᠣᠲᠣᠭᠠᠳᠤ ᠪᠠᠶᠢᠭᠤᠯᠤᠮᠵᠢ    ᠭᠤᠣᠯ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠳᠣᠲᠣᠭᠠᠳᠤ ᠶᠢᠨ 9 ᠪᠠᠶᠢᠭᠤᠯᠤᠮᠵᠢ ᠶᠢ ᠲᠣᠭᠲᠠᠭᠠᠨ᠎ᠠ᠃    ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ    ᠭᠤᠣᠯ ᠲᠤᠰᠢᠶᠠᠯ ᠬᠠᠷᠢᠭᠤᠴᠠᠯᠭ᠎ᠠ᠄ ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠳᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠬᠡ ᠪᠢᠴᠢᠭ ᠢ ᠲᠤᠭᠤᠷᠪᠢᠬᠤ᠂ ᠬᠢᠨᠠᠬᠤ᠂ ᠳᠠᠷᠤᠮᠠᠯᠯᠠᠨ ᠲᠠᠷᠬᠠᠭᠠᠬᠤ ᠠᠵᠢᠯ ᠢ ᠬᠠᠷᠢᠭᠤᠴᠠᠨ᠎ᠠ︔ ᠴᠢᠬᠤᠯᠠ ᠬᠤᠷᠠᠯ᠂ ᠠᠯᠪᠠᠨ ᠶᠠᠪᠤᠳᠠᠯ ᠤᠨ ᠠᠵᠢᠯᠯᠠᠭ᠎ᠠ ᠶᠢ ᠪᠡᠯᠡᠳᠬᠡᠬᠦ᠂ ᠵᠣᠬᠢᠶᠠᠨ ᠪᠠᠶᠢᠭᠤᠯᠬᠤ᠂ ᠦᠢᠯᠡᠴᠢᠯᠡᠨ᠎ᠡ︔ ᠲᠣᠰ ᠭᠠᠵᠠᠷ ᠣᠷᠣᠨ ᠤ ᠴᠢᠬᠤᠯᠠ ᠮᠡᠳᠡᠭᠡ ᠵᠠᠩᠭᠢ᠂ ᠪᠠᠶᠢᠳᠠᠯ ᠢ ᠬᠥᠳᠡᠯᠦᠩᠭᠦᠶ ᠪᠠᠷ ᠴᠤᠭᠯᠠᠭᠤᠯᠤᠨ ᠵᠠᠳᠠᠯᠵᠤ ᠡᠮᠬᠢᠯᠡᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ︔ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠥᠷᠳᠡᠬᠦ᠂ ᠵᠢᠯᠣᠭᠤᠳᠬᠤ᠂ ᠰᠢᠪᠠᠳᠠᠨ ᠪᠠᠶᠢᠴᠠᠭᠠᠬᠤ ᠵᠢᠴᠢ ᠭᠠᠵᠠᠷ ᠣᠷᠣᠨ ᠤ ᠥᠭᠡᠷᠡᠴᠢᠯᠡᠯᠲᠡ ᠶᠢᠨ ᠠᠵᠢᠯ  ᠢ ᠨᠠᠶᠢᠳᠠᠪᠤᠷᠢᠵᠢᠭᠤᠯᠤᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠤᠨ ᠠᠵᠢᠯ ᠢ ᠡᠭᠦᠷᠭᠡᠯᠡᠵᠦ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠠᠳᠠᠯᠢ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠢᠴᠡᠳᠭᠡᠬᠦ ᠠᠵᠢᠯ ᠢ ᠬᠠᠷᠢᠭᠤᠴᠠᠵᠤ᠂ ︽ᠭᠤᠷᠪᠠᠨ ᠠᠵᠢᠯ︾ ᠢ ᠢᠯᠡ ᠪᠣᠯᠭᠠᠬᠤ ᠠᠵᠢᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ ᠨᠢᠭᠡᠳᠦᠯᠲᠡᠶ ᠲᠥᠯᠥᠪᠯᠡᠨ᠎ᠡ︔ ᠬᠡᠷᠡᠭ ᠶᠠᠪᠤᠳᠠᠯ᠂ ᠲᠠᠩᠰᠠ ᠡᠪᠬᠡᠮᠡᠯ ᠵᠢᠴᠢ ᠪᠠᠶᠢᠭᠤᠯᠭ᠎ᠠ ᠶᠢᠨ ᠡᠳ᠋ ᠤᠨ ᠶᠠᠪᠤᠳᠠᠯ ᠪᠠ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ    ᠭᠤᠣᠯ ᠲᠤᠰᠢᠶᠠᠯ ᠬᠠᠷᠢᠭᠤᠴᠠᠯᠭ᠎ᠠ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠨ᠎ᠠ︔᠂ ᠤᠬᠠᠭᠤᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠨᠢᠭᠡᠳᠦᠯᠲᠡᠢ ᠲᠦᠯᠦᠪᠵᠢᠭᠦᠯᠦᠨ᠎ᠡ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ︔ ᠭᠠᠵᠠᠷ ᠣᠷᠣᠨ ᠤ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ ᠵᠢᠴᠢ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠠᠳᠠᠯᠢ ᠱᠠᠲᠤᠨ ᠤ ᠨᠠᠮ ᠤᠨ ᠬᠤᠷᠢᠶ᠎ᠠ ᠵᠢᠴᠢ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ    ᠭᠤᠣᠯ ᠲᠤᠰᠢᠶᠠᠯ ᠬᠠᠷᠢᠭᠤᠴᠠᠯᠭ᠎ᠠ᠄ ᠳᠡᠭᠡᠳᠦ ᠱᠠᠲᠤᠨ ᠤ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠦᠭᠵᠢᠯᠳᠡ ᠶᠢᠨ ᠠᠵᠢᠯ ᠢ ᠬᠠᠷᠢᠭᠤᠴᠠᠨ᠎ᠠ︔ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠷᠢᠶᠠᠲᠤ ᠣᠷᠣᠨ ᠤ ᠳᠣᠲᠣᠷᠠᠬᠢ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠬᠠᠷᠢᠶᠠᠲᠤ ᠣᠷᠣᠨ ᠤ ᠳᠣᠲᠣᠷᠠᠬᠢ ᠪᠠᠷᠢᠯᠭ᠎ᠠ ᠶᠢᠨ ᠠᠵᠢᠯ ᠲᠥᠷᠥᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠵᠢᠵᠢᠭ ᠲᠣᠭᠤᠷᠢᠭ ᠤᠨ ᠲᠥᠯᠥᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠠ︔ ᠰᠤᠮᠤ ᠪᠠᠯᠭᠠᠰᠤ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠦᠪ ᠢ ᠬᠢᠨᠠᠨ ᠬᠠᠷᠭᠤᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ ᠵᠠᠬ᠎ᠠ ᠳᠡᠯᠭᠡᠭᠦᠷ ᠤᠨ ᠬᠢᠨᠠᠯᠲᠠ ᠲᠠᠯᠪᠢᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠭᠤᠴᠢᠨ ᠵᠢᠵᠢᠭ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ︔ ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ︵ᠲᠦᠷᠪᠡ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ    ᠭᠤᠤᠯ ᠲᠤᠰᠢᠶᠠᠯ ᠬᠠᠷᠢᠭᠤᠴᠠᠯᠭ᠎ᠠ᠄ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠬᠥᠮᠦᠨ ᠠᠮᠠ ᠶᠢᠨ ᠬᠠᠮᠢᠶᠠᠷᠤᠯᠲᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠠᠷᠠᠳ ᠤᠨ ᠵᠡᠪᠰᠡᠭᠲᠦ ᠬᠦᠴᠦᠨ ᠤ ᠠᠵᠢᠯ ᠢ ᠬᠠᠷᠢᠭᠤᠴᠠᠨ᠎ᠠ᠃    ︵ᠲᠠᠪᠤ︶ ᠠᠮᠤᠷ ᠲᠦᠪᠰᠢᠨ  ᠤ ᠪᠥᠳᠥᠭᠡᠨ ᠪᠠᠶᠢᠭᠤᠯᠤᠯᠲᠠ ᠶᠢᠨ ᠠᠯᠪᠠᠨ ᠭᠡᠷ  ᠭᠤᠣᠯ ᠲᠤᠰᠢᠶᠠᠯ ᠬᠠᠷᠢᠭᠤᠴᠠᠯᠭ᠎ᠠ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠲᠣᠣᠷᠵᠢᠭᠤᠯᠬᠤ ᠠᠵᠢᠯ ᠢ ᠬᠠᠷᠢᠭᠤᠴᠠᠨ᠎ᠠ᠃ ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ︵ᠵᠢᠷᠭᠤᠭ᠎ᠠ︶ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠭᠠᠷᠤᠳᠠᠢ ᠰᠤᠮᠤ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠨ᠎ᠡ︶    ᠭᠤᠣᠯ ᠲᠤᠰᠢᠶᠠᠯ ᠬᠠᠷᠢᠭᠤᠴᠠᠯᠭ᠎ᠠ᠄ ᠨᠠᠮ ᠪᠠ ᠤᠯᠠᠨ ᠲᠦᠮᠡᠨ ᠤ ᠡᠯ᠎ᠡ ᠲᠦᠷᠦᠯ ᠤᠨ ᠠᠵᠢᠯᠯᠠᠭᠠᠨ ᠤ ᠲᠠᠯᠠᠪᠤᠷ ᠲᠤ ᠦᠢᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠵᠤ ᠂ ᠨᠠᠮ ᠤᠨ ᠭᠡᠰᠢᠭᠦᠨ ᠪᠠ ᠤᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠠ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠡᠷᠦᠩᠬᠡᠶᠢᠯᠡᠭᠰᠡᠨ ᠦᠢᠯᠡᠴᠢᠯᠡᠭᠡ᠂ ᠡᠷᠬᠡ ᠠᠰᠢᠭ ᠤᠨ ᠪᠠᠲᠤᠯᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠢ ᠬᠠᠮᠵᠢᠨ ᠦᠨᠳᠦᠰᠦᠨ ᠱᠠᠲᠤ ᠶᠢ ᠵᠣᠯᠭᠠᠭᠤᠯᠬᠤ ᠪᠤᠰᠤᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠠ︔ ᠨᠠᠮ ᠤᠨ ᠦᠨᠳᠦᠰᠦᠨ ᠱᠠᠲᠤᠨ ᠤ ᠪᠠᠶᠢᠭᠤᠯᠤᠯᠲᠠ ᠶᠢᠨ ᠠᠯᠪᠠᠨ ᠭᠡᠷ ᠢ ᠬᠠᠮᠵᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ︔ ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ︵ᠳᠣᠯᠤᠭ᠎ᠠ︶ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠭᠠᠷᠤᠳᠠᠢ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ    ᠭᠤᠤᠯ ᠡᠭᠦᠷᠭᠡ ᠬᠠᠷᠢᠭᠤᠴᠠᠯᠭ᠎ᠠ᠄ ᠰᠤᠮᠤ ᠪᠠᠯᠭᠠᠰᠤ ᠶᠢᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠤᠮᠤ ᠪᠠᠯᠭᠠᠰᠤᠨ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠪᠠ ᠲᠤᠭᠤᠷᠢᠭ ᠤᠨ ᠬᠠᠷᠢᠶ᠎ᠠ ᠰᠠᠯᠠᠭ᠎ᠠ ᠮᠥᠴᠢᠷ ᠤᠨ ᠰᠤᠮᠤ ᠪᠠᠯᠭᠠᠰᠤᠨ ᠳᠤ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ︔ ᠳᠤᠷ᠎ᠠ ᠪᠠᠷ ᠢᠶᠠᠨ ᠪᠠᠷᠢᠵᠤ ᠪᠠᠶᠢᠭᠤᠯᠬᠤ᠂ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠂ ᠳᠤᠷ᠎ᠠ ᠪᠠᠷ ᠢᠶᠠᠨ ᠮᠠᠯᠲᠠᠬᠤ ᠵᠡᠷᠭᠡ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠵᠡᠷᠭᠡ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ︔ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠵᠢᠴᠢ ᠬᠥᠳᠡᠭᠡ ᠲᠣᠰᠬᠤᠨ ᠤ ᠭᠤᠤᠯ ᠪᠣᠯᠬᠤ ᠵᠠᠮ ᠤᠨ ᠬᠤᠶᠠᠷ ᠬᠠᠵᠠᠭᠤ ᠪᠠᠷ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠵᠠᠮ ᠡᠵᠡᠯᠡᠨ ᠡᠵᠡᠩᠨᠡᠬᠦ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ︔ ᠲᠣᠰ ᠵᠠᠰᠠᠭ ᠵᠠᠬᠢᠷᠭᠠᠨ ᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠡᠷ ᠤᠨ ᠭᠠᠳᠠᠨᠠᠬᠢ ᠵᠠᠷ ᠮᠡᠳᠡᠭᠡ᠂ ᠳᠡᠯᠭᠡᠭᠦᠷ ᠤᠨ ᠫᠠᠶᠢᠰᠠ ᠢᠯᠡᠷᠬᠡᠶᠢᠯᠡᠯ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠬᠠᠮᠵᠢᠨ ᠥᠷᠨᠢᠭᠦᠯᠦᠨ᠎ᠡ︔ ᠣᠶᠢᠲᠤ ᠭᠠᠵᠠᠷ ᠡᠪᠡᠰᠦᠲᠦ ᠭᠠᠵᠠᠷ ᠤᠨ ᠭᠤᠤᠯ ᠤᠨ ᠵᠠᠮ ᠤᠨ ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ︔ ᠲᠣᠰ ᠵᠠᠰᠠᠭ ᠵᠠᠬᠢᠷᠭᠠᠨ ᠤ ᠲᠣᠭᠤᠷᠢᠭ ᠤᠨ ᠳᠣᠲᠣᠷᠠᠬᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ᠂ ᠴᠡᠴᠡᠷᠯᠢᠭ ᠤᠨ ᠨᠣᠭᠤᠭᠠᠷᠠᠭᠤᠯᠤᠯᠲᠠ᠂ ᠵᠢᠵᠢᠭ ᠲᠣᠭᠤᠷᠢᠭ ᠤᠨ ᠠᠳᠠᠯ ᠠᠬᠤᠶ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ︔ ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ︵ᠨᠠᠢᠮᠠ︶ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠭᠠᠷᠤᠳᠠᠢ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ    ᠭᠤᠤᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶ᠎ᠡ ᠴᠠᠷᠠᠭ᠎ᠠ ᠶᠢᠨ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠳᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ︔ ᠬᠥᠳᠡᠭᠡ ᠲᠣᠰᠬᠤᠨ ᠤ ︽ᠭᠤᠷᠪᠠᠨ ᠡᠬᠢ ᠪᠠᠶᠠᠯᠢᠭ︾ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠭᠠᠵᠠᠷ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠨᠢᠭᠲᠠᠯᠠᠨ ᠪᠤᠳᠤᠬᠤ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ︔ ᠲᠠᠷᠢᠶᠠᠴᠢᠳ ᠲᠤ ᠠᠰᠢᠭ ᠬᠦᠷᠲᠡᠭᠡᠬᠦ᠂ ᠮᠠᠯᠴᠢᠳ ᠲᠤ ᠠᠰᠢᠭ ᠬᠦᠷᠲᠡᠭᠡᠬᠦ ᠰᠠᠭᠤᠷᠢ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠵᠤ᠂ ᠠᠷᠠᠳ ᠲᠤ ᠠᠰᠢᠭ ᠬᠦᠷᠲᠡᠭᠡᠬᠦ ︽ᠪᠦᠷᠢᠨ ᠴᠢᠳᠠᠮᠵᠢᠳᠤ ᠺᠠᠷᠲ︾ ᠤᠨ ᠮᠡᠳᠡᠭᠡ ᠵᠠᠩᠭᠢ ᠶᠢᠨ ᠰᠢᠰᠲ᠋ᠧᠮ ᠢ ᠰᠢᠨᠡᠳᠬᠡᠬᠦ ᠬᠡᠷᠡᠭᠲᠡᠶ︔ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢ ᠪᠥᠬᠦ ᠶᠠᠪᠤᠴᠠ ᠳᠤ ᠬᠢᠨᠠᠨ ᠬᠠᠮᠢᠶᠠᠷᠤᠨ᠎ᠠ︔ ᠭᠠᠵᠠᠷ ᠣᠷᠣᠨ ᠤ ᠲᠥᠰᠦᠪ ᠤᠨ ᠬᠡᠷᠡᠭᠵᠢᠭᠦᠯᠦᠯᠲᠡ ᠪᠠ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠠᠷᠢᠭᠤᠴᠠᠨ ᠬᠠᠮᠢᠶᠠᠷᠴᠤ᠂ ᠡᠯ᠎ᠡ ᠲᠥᠷᠥᠯ ᠤᠨ ᠲᠤᠰᠬᠠᠶ ᠪᠠᠯᠠ ᠮᠥᠩᠭᠦ ᠶᠢᠨ ᠪᠥᠬᠦ ᠶᠠᠪᠤᠴᠠ ᠶᠢ ᠬᠢᠨᠠᠨ ᠬᠠᠮᠢᠶᠠᠷᠤᠨ᠎ᠠ︔ ᠮᠠᠯᠴᠢᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠠᠷᠢᠶᠠᠲᠤ ᠣᠷᠣᠨ ᠤ ᠪᠠᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠬᠠᠷᠢᠭᠤᠴᠠᠨ᠎ᠠ ︔ ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠬᠠᠷᠢᠭᠤᠴᠠᠨ ᠪᠡᠶᠡᠯᠡᠭᠦᠯᠦᠨ᠎ᠡ᠃  ︵ᠶᠢᠰᠦ︶ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠯᠪᠠᠨ ᠭᠡᠷ    ᠭᠤᠣᠯ ᠡᠭᠦᠷᠭᠡ ᠬᠠᠷᠢᠭᠤᠴᠠᠯᠭ᠎ᠠ᠄ ᠠᠭᠠᠷᠤᠳᠠᠢ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠭᠠᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠤᠳᠤᠷᠢᠳᠤᠨ᠎ᠠ︔ ᠨᠠᠮ ᠤᠨ ᠲᠦᠷᠢᠮ ᠪᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠠᠮᠠᠭᠠᠯᠠᠵᠤ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠪᠠ ᠰᠢᠢᠳᠪᠦᠷᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ ᠰᠢᠯᠭᠠᠨ᠎ᠠ︔ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠲᠤᠬᠠᠶ ᠬᠤᠯᠪᠣᠭᠳᠠᠯ ᠪᠥᠬᠦᠶ ᠲᠣᠭᠲᠠᠭᠠᠯ ᠢ ᠲᠤᠤᠱᠯᠠᠭᠤᠯᠬᠤ ᠶᠢ ᠬᠠᠷᠢᠭᠤᠴᠠᠵᠤ᠂ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠬᠠᠮᠵᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠳᠥᠯᠭᠢᠨ ᠠᠬᠢᠭᠤᠯᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠠ ᠢᠯᠵᠠᠷᠠᠯ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠠᠭᠠᠷᠤᠳᠠᠢ ᠰᠤᠮᠤ ᠶᠢᠨ ᠤᠳᠤᠷᠢᠳᠬᠤ ᠪᠠᠭ ᠤᠨ ᠪᠦᠷᠢᠯᠳᠦᠬᠦᠨ ᠪᠠ ᠦᠨᠳᠦᠰᠦᠨ ᠱᠠᠲᠤᠨ ᠤ ᠥᠷᠲᠡᠭᠡ ᠭᠠᠵᠠᠷ᠂ ᠵᠠᠰᠠᠭ ᠵᠠᠬᠢᠷᠭᠠᠨ ᠤ ᠲᠣᠰᠬᠤᠨ ᠤ ᠬᠠᠷᠢᠭᠤᠴᠠᠯᠭᠠᠲᠠᠨ ᠤ ᠡᠷᠬᠡ ᠪᠠᠨ ᠬᠡᠷᠡᠭᠵᠢᠭᠦᠯᠬᠦ ᠪᠠ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠠᠭᠠᠷᠤᠳᠠᠢ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠡᠩᠨᠡᠭᠡᠨ ᠤ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号