ᠬᠠᠲᠤᠨ ᠭᠤᠣᠯ ᠤᠨ ᠴᠤᠤᠷᠬᠠᠯ ᠤᠨ ᠰᠣᠶᠣᠯ ᠵᠢᠭᠤᠯᠴᠢᠯᠠᠯ ᠤᠨ ᠣᠷᠣᠨ
ᠨᠡᠶᠢᠲᠡᠯᠡᠭᠰᠡᠨ ᠴᠠᠭ᠄
2022/10/19
   ︽ᠬᠠᠲᠤᠨ ᠭᠤᠤᠯ ᠤᠨ ᠠᠯᠤᠰ ᠰᠣᠶᠣᠯ ᠤᠨ ᠵᠢᠭᠤᠯᠴᠢᠯᠠᠯ ᠤᠨ ᠣᠷᠣᠨ︾ ᠨᠢ ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ ᠬᠠᠯᠢᠩᠭᠦᠷ ᠪᠠᠯᠭᠠᠰᠤᠨ ᠤ ᠰᠢᠨ ᠾᠧ ᠲᠣᠰᠬᠤᠨ ᠳᠤ ᠪᠠᠶᠢᠷᠢᠯᠠᠵᠤ᠂ ᠬᠠᠲᠤᠨ ᠭᠤᠤᠯ ᠤᠨ ᠦᠵᠡᠮᠵᠢ ᠶᠢᠨ ᠵᠠᠮ ᠲᠠᠢ ᠬᠥᠷᠰᠢᠯᠡᠵᠦ ᠪᠠᠶᠢᠳᠠᠭ᠃ ᠬᠦᠷᠢᠶᠡᠯᠡᠩ ᠲᠣᠭᠤᠷᠢᠭ ᠨᠢ ︽ᠬᠠᠳᠤᠨ ᠭᠤᠣᠯ︾ ᠭᠡᠬᠦ ᠡᠨᠡᠬᠦ ᠥᠪᠡᠷᠮᠢᠴᠡ ᠣᠨᠴᠠᠯᠢᠭ ᠲᠠᠢ ᠰᠣᠶᠣᠯ ᠤᠨ ᠭᠤᠣᠯ ᠰᠡᠳᠦᠪ ᠤᠨ ᠲᠣᠭᠤᠷᠢᠨ ᠳᠤ ᠴᠣᠭᠴᠠᠯᠠᠯᠲᠠ ᠬᠢᠵᠦ᠂ ᠦᠵᠡᠮᠵᠢ ᠶᠢᠨ ᠣᠷᠣᠨ ᠤ ᠭᠤᠣᠯ ᠠᠭᠤᠯᠭ᠎ᠠ ᠨᠢ ︽ᠬᠠᠳᠤᠨ ᠭᠤᠣᠯ ᠤᠨ ᠠᠷᠠᠳ ᠤᠨ ᠳᠠᠭᠤᠤ ᠠᠷᠠᠳ ᠤᠨ ᠵᠠᠩ ᠦᠢᠯᠡ ᠶᠢᠨ ᠮᠦᠽᠧᠢ︾ ᠪᠠᠶᠢᠵᠤ᠂ ᠭᠤᠣᠯ ᠮᠥᠷᠡᠨ ᠤ ᠰᠣᠶᠣᠯ ᠪᠣᠯᠤᠨ ᠲᠠᠷᠢᠶᠠᠯᠠᠬᠤ ᠰᠣᠶᠣᠯ ᠤᠨ ᠬᠤᠶᠠᠷ ᠲᠠᠯ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ ᠳᠡᠯᠭᠡᠨ ᠦᠵᠡᠭᠦᠯᠵᠡᠢ᠃ ᠦᠵᠡᠮᠵᠢ ᠶᠢᠨ ᠣᠷᠣᠨ ᠤ ᠪᠦᠬᠦᠯᠢ ᠴᠣᠭᠴᠠ ᠶᠢᠨ ᠦᠵᠡᠮᠵᠢ᠂ ᠪᠠᠷᠢᠯᠭ᠎ᠠ ᠶᠢᠨ ᠬᠡᠪ ᠨᠠᠮᠪᠠ ᠨᠢ ᠬᠠᠲᠤᠨ ᠭᠤᠤᠯ ᠤᠨ ᠰᠠᠪᠠ ᠭᠠᠵᠠᠷ ᠤᠨ ᠨᠡᠶᠢᠲᠡᠯᠢᠭ ᠬᠠᠭᠤᠷᠠᠶ ᠪᠠᠬᠢᠯᠡᠯᠲᠡ᠂ ᠠᠩᠬᠠᠨ ᠤ ᠮᠣᠳᠣᠨ ᠪᠤᠯᠠᠭᠠᠷᠢ᠂ ᠴᠢᠯᠠᠭᠤᠨ ᠬᠦᠷᠢᠶ᠎ᠡ ᠬᠡᠷᠡᠮ ᠢᠶᠠᠷ ᠭᠤᠤᠯᠯᠠᠵᠤ᠂ ᠬᠠᠲᠤᠨ ᠭᠤᠤᠯ ᠤᠨ ᠥᠪᠡᠷᠮᠢᠴᠡ ᠪᠡᠯᠭᠡ ᠲᠡᠮᠳᠡᠭ ᠤᠨ ᠴᠢᠨᠠᠷᠲᠠᠶ ᠤᠰᠤᠨ ᠲᠡᠷᠭᠡ ᠵᠡᠷᠭᠡ ᠥᠪᠡᠷᠮᠢᠴᠡ ᠦᠵᠡᠮᠵᠢ ᠶᠢ ᠢᠵᠢ ᠪᠦᠷᠢᠳᠦᠭᠦᠯᠦᠨ ᠪᠥᠲᠥᠭᠡᠨ ᠪᠠᠶᠢᠭᠤᠯᠵᠤ᠂ ᠤᠷᠠᠯᠢᠭᠴᠢᠯᠠᠭᠰᠠᠨ ᠪᠠᠷᠢᠯᠭ᠎ᠠ ᠪᠠᠷ ᠳᠡᠮᠵᠢᠨ ᠬᠠᠲᠤᠨ ᠭᠤᠤᠯ ᠤᠨ ᠰᠠᠪᠠ ᠭᠠᠵᠠᠷ ᠤᠨ ᠪᠠᠷᠢᠯᠭ᠎ᠠ ᠶᠢᠨ ᠰᠣᠶᠣᠯ ᠤᠨ ᠬᠦᠷᠢᠶᠡᠨ ᠳᠠᠬᠢ ᠥᠪᠡᠷᠮᠢᠴᠡ ᠭᠦᠨ ᠵᠤᠵᠠᠭᠠᠨ ᠲᠥᠷᠥᠭᠳᠡᠯ ᠪᠠ ᠲᠠᠩᠭᠢᠰ ᠲᠡᠯᠡᠶ ᠶᠢᠨ ᠲᠥᠷᠥᠭᠳᠡᠯ ᠢ ᠳᠣᠪᠤᠶᠢᠯᠭᠠᠭᠰᠠᠨ ᠪᠠᠶᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号