ᠲᠦᠭᠵᠢᠷᠡᠯ ᠤᠨ ᠴᠡᠭ ᠲᠤ ᠰᠢᠭᠤᠳ ᠴᠣᠬᠢᠯᠲᠠ ᠥᠭᠴᠦ  ᠠᠵᠤ ᠠᠬᠤᠶᠢᠯᠠᠯ ᠤᠨ ᠭᠠᠷᠤᠯᠲᠠ ᠶᠢ ᠲᠣᠭᠳᠠᠪᠤᠷᠢᠵᠢᠭᠤᠯᠤᠨ ᠭᠠᠷᠤᠯᠲᠠ ᠳᠤ ᠬᠦᠷᠭᠡᠬᠦ ᠶᠢ ᠳᠦᠷᠭᠡᠳᠭᠡᠨ᠎ᠡ
ᠨᠡᠶᠢᠲᠡᠯᠡᠭᠰᠡᠨ ᠴᠠᠭ᠄
2022/11/7
      ᠭᠤᠣᠯ ᠰᠡᠳᠦᠪ      ᠲᠦᠭᠵᠢᠷᠡᠯ ᠤᠨ ᠴᠡᠭ ᠲᠤ ᠰᠢᠭᠤᠳ ᠴᠣᠬᠢᠯᠲᠠ ᠥᠭᠴᠦ ᠠᠵᠤ ᠠᠬᠤᠶᠢᠯᠠᠯ ᠤᠨ ᠭᠠᠷᠤᠯᠲᠠ ᠶᠢ ᠲᠣᠭᠲᠠᠪᠤᠷᠢᠵᠢᠭᠤᠯᠵᠤ ᠭᠠᠷᠤᠯᠲᠠ ᠳᠤ ᠬᠦᠷᠭᠡᠬᠦ ᠶᠢ ᠲᠦᠷᠭᠡᠳᠬᠡᠬᠦ      ᠴᠠᠭ      2022ᠣᠨ ᠤ11 ᠰᠠᠷ᠎ᠠ ᠶᠢᠨ7᠎ ᠤ ᠡᠳᠦᠷ      ᠭᠦᠨᠳᠦᠳᠦ ᠵᠣᠴᠢᠨ      ᠵᠢᠤ ᠶᠤᠸᠠᠨ ᠲᠣᠭᠤᠷᠢᠭ ᠤᠨ ᠲᠣᠭᠤᠷᠢᠭ ᠤᠨ ᠪᠠᠶᠢᠩᠭᠤ ᠶᠢᠨ ᠬᠤᠷᠢᠶᠠᠨ ᠤ ᠭᠡᠰᠢᠭᠦᠨ   ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ   ᠴᠢ ᠵᠢᠶ      ᠳᠣᠪᠴᠢᠯᠠᠯ      ᠵᠢᠤ ᠶᠤᠸᠠᠨ ᠲᠣᠭᠤᠷᠢᠭ ᠤᠨ ᠬᠢᠨ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠠᠳᠬᠤᠵᠤ᠂ ᠨᠥᠭᠦᠭᠡ ᠲᠠᠯ᠎ᠠ ᠪᠠᠷ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠠᠵᠤ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠲᠡ ᠶᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠤᠷᠢᠯᠡᠵᠣ᠂ ᠠᠵᠤ ᠠᠬᠤᠶᠢᠯᠠᠯ ᠢ ᠬᠠᠪᠰᠤᠷᠤᠨ ᠲᠦᠭᠦᠬᠡᠶ ᠮᠠᠲ᠋ᠧᠷᠢᠶᠠᠯ ᠤᠨ ᠲᠡᠭᠡᠭᠡᠪᠦᠷᠢ᠂ ᠠᠵᠢᠯᠲᠠᠨ ᠠᠵᠢᠯᠴᠢᠨ ᠤ ᠪᠠᠲᠤᠯᠠᠭ᠎ᠠ ᠪᠠ ᠦᠢᠯᠡᠳᠭᠦᠨ ᠤ ᠲᠡᠭᠡᠭᠡᠪᠦᠷᠢ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠯᠢ ᠣᠯᠠᠨ ᠬᠦᠴᠢᠷᠳᠡᠯ ᠪᠠ ᠠᠰᠠᠭᠤᠳᠠᠯ ᠢ ᠰᠢᠶ᠋ᠳᠪᠦᠷᠢᠯᠡᠵᠦ ᠥᠭᠴᠡᠶ︾ ᠭᠡᠵᠡᠶ᠃ ᠣᠶᠢᠷ᠎ᠠ ᠳᠤ᠂ ᠵᠢᠤ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢ ᠵᠢᠶ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠣᠳᠣᠬᠠᠨ ᠳᠤ᠂ ᠵᠢᠤ ᠶᠤᠸᠠᠨ ᠲᠣᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠤᠬᠠᠭᠤᠯᠵᠤ ᠲᠤᠤᠱᠯᠠᠭᠤᠯᠵᠤ᠂ ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠬᠦ ᠪᠠ ᠥᠨᠳᠥᠷ ᠪᠦᠲᠦᠮᠵᠢᠲᠡᠶ ᠦᠢᠯᠡᠴᠢᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠠᠩᠭᠠᠯᠭ᠎ᠠ ᠶᠢ ᠪᠠᠲᠤᠯᠠᠵᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠨ ᠰᠤᠳᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯᠳᠦ ᠠᠰᠠᠭᠤᠳᠠᠯ ᠢ ᠴᠠᠭ ᠲᠤᠬᠠᠢ ᠳᠤᠨᠢ ᠡᠵᠡᠮᠳᠡᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠠᠷᠠᠯᠲᠠ ᠲᠠᠢ ᠪᠠᠷ ᠰᠤᠳᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠮᠬᠢ ᠵᠢᠷᠤᠮ ᠲᠠᠢ ᠪᠠᠶᠢᠬᠤ᠂ ᠭᠤᠣᠯᠳᠠᠯᠭ᠎ᠠ ᠲᠠᠢ ᠲᠦᠷᠦᠯ ᠵᠦᠢᠯ ᠢ ᠤᠷᠤᠭᠰᠢᠲᠠᠢ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠪᠠᠲᠤᠯᠠᠵᠤ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ᠂ ᠬᠥᠭᠡᠭᠡᠴᠡᠯᠳᠦᠯ ᠲᠠᠢ ᠪᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠮᠠᠨ ᠤ ᠭᠡᠷ ᠣᠷᠣᠨ ᠢᠶᠠᠨ ᠨᠡᠩ ᠰᠠᠶᠢᠲᠤᠷ ᠪᠦᠳᠦᠭᠡᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾᠎ ᠶᠢ ᠦᠢᠯᠡᠳᠦᠯᠭᠡᠵᠢᠭᠦᠯᠦᠨ᠎ᠡ᠃      ︽ᠵᠢᠦ ᠶᠤᠸᠠᠨ ᠲᠣᠭᠤᠷᠢᠭ ᠤᠨ ᠬᠢᠨ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠠᠳᠬᠤᠵᠤ᠂ ᠨᠥᠭᠦᠭᠡ ᠲᠠᠯ᠎ᠠ ᠪᠠᠷ ᠴᠢᠬᠤᠯᠠ ᠶᠡᠭᠡ ᠵᠦᠢᠯᠡᠰ ᠤᠨ ᠪᠦᠲᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠤᠷᠢᠯᠡᠵᠣ᠂ ᠠᠵᠤ ᠠᠬᠤᠶᠢᠯᠠᠯ ᠢ ᠬᠠᠪᠰᠤᠷᠤᠨ ᠲᠦᠭᠦᠬᠡᠶ ᠮᠠᠲ᠋ᠧᠷᠢᠶᠠᠯ ᠤᠨ ᠲᠡᠭᠡᠭᠡᠪᠦᠷᠢ᠂ ᠠᠵᠢᠯᠲᠠᠨ ᠠᠵᠢᠯᠴᠢᠨ ᠤ ᠪᠠᠲᠤᠯᠠᠭ᠎ᠠ ᠪᠣᠯᠤᠨ ᠦᠢᠯᠡᠳᠬᠦᠨ ᠤ ᠲᠡᠭᠡᠭᠡᠪᠦᠷᠢ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠯᠢ ᠣᠯᠠᠨ ᠬᠦᠴᠢᠷᠳᠡᠯ ᠪᠣᠯᠤᠨ ᠠᠰᠠᠭᠤᠳᠠᠯ ᠢ ᠰᠢᠢᠳᠪᠤᠷᠢᠯᠡᠵᠣ ᠥᠭᠴᠡᠶ︾᠃ ᠣᠶᠢᠷ᠎ᠠ ᠳᠤ᠂ ᠵᠢᠤ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢ ᠵᠢᠶ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠣᠳᠣᠬᠠᠨ ᠳᠤ᠂ ᠵᠢᠤ ᠶᠤᠸᠠᠨ ᠲᠣᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠤᠬᠠᠭᠤᠯᠵᠤ ᠲᠤᠤᠱᠯᠠᠭᠤᠯᠵᠤ᠂ ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠬᠦ ᠪᠠ ᠥᠨᠳᠥᠷ ᠪᠦᠲᠦᠮᠵᠢᠲᠡᠶ ᠦᠢᠯᠡᠴᠢᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠠᠩᠭᠠᠯᠭ᠎ᠠ ᠶᠢ ᠪᠠᠲᠤᠯᠠᠵᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠨ ᠰᠤᠳᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯᠳᠦ ᠠᠰᠠᠭᠤᠳᠠᠯ ᠢ ᠴᠠᠭ ᠲᠤᠬᠠᠢ ᠳᠤᠨᠢ ᠡᠵᠡᠮᠳᠡᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠠᠷᠠᠯᠲᠠ ᠲᠠᠢ ᠪᠠᠷ ᠰᠤᠳᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠮᠬᠢ ᠵᠢᠷᠤᠮ ᠲᠠᠢ ᠪᠠᠶᠢᠬᠤ᠂ ᠭᠤᠣᠯᠳᠠᠯᠭ᠎ᠠ ᠲᠠᠢ ᠲᠦᠷᠦᠯ ᠵᠦᠢᠯ ᠢ ᠤᠷᠤᠭᠰᠢᠲᠠᠢ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠪᠠᠲᠤᠯᠠᠵᠤ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ᠂ ᠬᠥᠭᠡᠭᠡᠴᠡᠯᠳᠦᠯ ᠲᠠᠢ ᠪᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠮᠠᠨ ᠤ ᠭᠡᠷ ᠣᠷᠣᠨ ᠢᠶᠠᠨ ᠨᠡᠩ ᠰᠠᠶᠢᠲᠤᠷ ᠪᠦᠳᠦᠭᠡᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾᠎ ᠶᠢ ᠦᠢᠯᠡᠳᠦᠯᠭᠡᠵᠢᠭᠦᠯᠦᠨ᠎ᠡ᠃      ᠬᠢᠵᠢᠭ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠵᠢᠤ ᠶᠤᠸᠠᠨ ᠲᠣᠭᠤᠷᠢᠭ ᠤᠨ ᠬᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠢᠲᠡᠭᠦᠦ ᠴᠠᠭᠠᠷᠢᠭ ᠤᠨ ᠦᠢᠯᠡᠳᠪᠦᠷᠢᠯᠡᠯ ᠢ ᠡᠷᠡᠰ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠵᠤᠭᠰᠤᠰᠢ ᠦᠭᠡᠢ ᠪᠠᠶᠢᠬᠤ ᠶᠢ ᠪᠠᠲᠤᠯᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠳᠠᠨ ᠪᠠ ᠪᠠᠷᠠᠭᠠᠨ ᠤ ᠭᠦᠢᠯᠭᠡᠭᠡᠨ ᠤ ︽ᠬᠤᠶᠠᠷ ᠪᠢᠲᠡᠭᠦᠦ ᠴᠠᠭᠠᠷᠢᠭ ︾᠎ ᠤᠨ ᠪᠢᠲᠡᠭᠦᠮᠵᠢᠯᠡᠭᠰᠡᠨ ᠠᠵᠢᠯᠯᠠᠭᠠᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠶᠢ ᠵᠢᠯᠣᠭᠤᠳᠴᠤ᠂ ᠠᠵᠤ ᠠᠬᠤᠶᠢᠯᠠᠯ ᠤᠨ ᠳᠤᠭᠤᠶᠢᠯᠠᠩ ᠬᠤᠪᠢᠶᠠᠨ ᠬᠠᠮᠢᠶᠠᠷᠬᠤ᠂ ᠴᠠᠭ ᠬᠤᠪᠢᠶᠠᠨ ᠠᠵᠢᠯᠯᠠᠬᠤ᠂ ᠣᠷᠣᠨ ᠬᠤᠪᠢᠶᠠᠨ ᠠᠵᠢᠯᠯᠠᠭ᠎ᠠ ᠬᠢᠬᠦ ︽ᠭᠤᠷᠪᠠᠨ ᠬᠤᠪᠢ︾ ᠬᠠᠮᠢᠶᠠᠷᠤᠯᠲᠠ ᠶᠢᠨ ᠠᠷᠭ᠎ᠠ ᠪᠠᠷ ᠪᠦᠬᠦ ᠲᠠᠯ᠎ᠠ ᠪᠠᠷ ᠲᠣᠣᠷᠵᠢᠭᠤᠯᠤᠨ ᠬᠠᠮᠢᠶᠠᠷᠬᠤ ᠶᠢ ᠪᠦᠬᠦ ᠲᠠᠯ᠎ᠠ ᠪᠠᠷ ᠬᠢᠨᠠᠨ ᠵᠢᠯᠣᠭᠤᠳᠴᠤ᠂ ᠠᠵᠢᠯᠯᠠᠭᠠᠨ ᠤ ᠬᠠᠮᠢᠶᠠᠷᠤᠯᠲᠠ ᠶᠢᠨ ᠲᠦᠪᠰᠢᠨ ᠢ ᠬᠦᠴᠦᠲᠡᠢ ᠳᠡᠭᠡᠭᠰᠢᠯᠡᠭᠦᠯᠬᠦ ᠬᠡᠷᠡᠭᠲᠡᠢ᠃ ᠢᠯᠠᠩᠭᠤᠶ᠎ᠠ ᠳ᠋ᠠ ᠴᠢᠤᠸᠠᠨ ᠰᠢᠨ᠎ᠡ ᠡᠨᠧᠷᠭᠢ ᠶᠢᠨ ᠰᠤᠷᠪᠤᠯᠵᠢ᠂ ᠵᠦᠩ ᠶᠤᠸᠠᠨ ᠤ ᠬᠠᠮᠠᠭᠠᠯᠠᠯᠲᠠ ᠶᠢᠨ ᠠᠵᠢᠯ ᠵᠡᠷᠭᠡ ᠭᠤᠣᠯᠳᠠᠯᠭ᠎ᠠ ᠲᠠᠢ ᠪᠠᠶᠢᠭᠤᠯᠵᠤ ᠪᠠᠶᠢᠭ᠎ᠠ ᠵᠦᠢᠯᠡᠰ ᠲᠤ ᠴᠢᠭᠯᠡᠭᠦᠯᠦᠨ᠂ ᠪᠦᠲᠦᠮᠵᠢᠲᠡᠶ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠶᠤᠯᠭᠦᠶ ᠪᠠᠶᠢᠬᠤ ᠶᠢ ᠦᠨᠡᠨ ᠬᠦ ᠪᠠᠲᠤᠯᠠᠪᠠ᠃      ᠴᠢ ᠵᠢᠶ ᠲᠠᠨᠢᠯᠴᠠᠭᠤᠯᠬᠤ ᠳᠠᠭᠠᠨ᠂ ᠲᠦᠷᠦᠭᠦᠦ ᠨᠢᠭᠡ ᠬᠤᠭᠤᠴᠠᠭᠠᠨ ᠤ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠤᠨ ᠦᠢᠯᠡᠳᠬᠦᠨ ᠤ ᠲᠡᠭᠡᠭᠡᠪᠦᠷᠢ ᠬᠠᠷᠰᠢᠯᠠᠭᠳᠠᠭᠰᠠᠨ ᠪᠠᠶᠢᠳᠠᠯ ᠳᠤ ᠴᠢᠭᠯᠡᠭᠦᠯᠦᠨ᠂ ᠵᠢᠤ ᠶᠤᠸᠠᠨ ᠲᠣᠭᠤᠷᠢᠭ ᠤᠨ ᠬᠢᠨ ᠬᠠᠮᠤᠭ ᠤᠨ ᠲᠦᠷᠦᠭᠦᠨ ᠳᠤ ᠪᠦᠬᠦ ᠲᠠᠯ᠎ᠠ ᠪᠠᠷ ᠪᠠᠶᠢᠴᠠᠭᠠᠨ ᠲᠣᠳᠣᠷᠬᠠᠶᠢᠯᠠᠵᠤ᠂ ᠠᠵᠤ ᠠᠬᠤᠶᠢᠯᠠᠯ ᠤᠨ ᠪᠠᠴᠢᠮ ᠡᠳ᠋ ᠪᠣᠳᠠᠰ ᠤᠨ ᠲᠡᠭᠡᠭᠡᠪᠦᠷᠢ ᠶᠢᠨ ᠠᠰᠠᠭᠤᠳᠠᠯ ᠤᠨ ᠡᠬᠡ ᠳᠠᠩᠰᠠ ᠶᠢ ᠪᠠᠶᠢᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠮᠢᠩ ᠲᠦᠸᠧ᠂ ᠱᠠᠨ ᠱᠠᠨ᠂ ᠬᠤᠸᠠ ᠳ᠋ᠢᠶᠠᠨ ᠵᠡᠷᠭᠡ ᠠᠵᠤ ᠠᠬᠤᠶᠢᠯᠠᠯ ᠢ ᠬᠠᠪᠰᠤᠷᠤᠨ ᠲᠦᠭᠦᠬᠡᠢ ᠮᠠᠲ᠋ᠧᠷᠢᠶᠠᠯ ᠪᠣᠯᠤᠨ ᠦᠢᠯᠡᠳᠬᠦᠨ ᠤ ᠲᠡᠭᠡᠭᠡᠪᠦᠷᠢ ᠶᠢᠨ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠤᠳᠠ ᠶᠢᠨ ᠳᠣᠲᠣᠷ᠎ᠠ ᠵᠢᠴᠢ ᠮᠤᠵᠢ ᠠᠯᠤᠰᠯᠠᠭᠰᠠᠨ ᠲᠦᠭᠦᠬᠡᠢ ᠮᠠᠲ᠋ᠧᠷᠢᠶᠠᠯ᠂ ᠦᠢᠯᠡᠳᠬᠦᠨ ᠤ ᠬᠡᠪ ᠤᠨ ᠲᠡᠭᠡᠭᠡᠪᠦᠷᠢ ᠶᠢ ᠪᠠᠲᠤᠯᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠠᠬᠢᠭᠤᠯᠵᠠᠢ᠃ ᠣᠲᠣ ᠪᠣᠯᠲᠠᠯ᠎ᠠ᠂ ᠵᠢᠦ ᠶᠤᠸᠠᠨ ᠲᠣᠭᠤᠷᠢᠭ ᠤᠨ ᠬᠢᠨ 32 ᠠᠵᠤ ᠦᠢᠯᠡᠳᠪᠤᠷᠢ ᠶᠢᠨ ᠠᠵᠤ ᠠᠬᠤᠶᠢᠯᠠᠯ ᠳᠤ ᠬᠤᠲᠠ ᠶᠢᠨ ᠳᠣᠲᠣᠷᠠᠬᠢ ᠴᠠᠭᠠᠰᠤᠨ ᠲᠡᠷᠭᠡ ᠨᠡᠪᠲᠡᠷᠡᠬᠦ ᠦᠨᠡᠮᠯᠡᠯ ᠢ 77 ᠭᠤᠶᠤᠴᠢᠯᠠᠨ ᠭᠦᠢᠴᠡᠳᠭᠡᠬᠦ ᠶᠢᠨ ᠬᠠᠮᠲᠤ ᠣᠯᠭᠤᠵᠤ᠂ 24 ᠭᠤᠤᠯᠳᠠᠯᠭ᠎ᠠ ᠲᠠᠢ ᠠᠵᠤ ᠠᠬᠤᠶᠢᠯᠠᠯ ᠳᠤ ᠮᠤᠵᠢ ᠶᠢᠨ ᠬᠤᠭᠤᠷᠣᠨᠳᠣᠬᠢ ᠲᠡᠷᠭᠡ ᠬᠥᠰᠬᠡ ᠶᠢᠨ ᠡᠯᠧᠺᠲᠷᠣᠨ ᠨᠡᠪᠲᠡᠷᠡᠬᠦ ᠦᠨᠡᠮᠯᠡᠯ ᠢ 592 ᠣᠯᠭᠤᠵᠠᠶ᠃ ᠡᠭᠦᠨ ᠳᠤ᠂ ᠴᠤᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠬᠡᠲᠦ ᠥᠨᠳᠥᠷ ᠬᠡᠲᠦ ᠥᠷᠭᠡᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠲᠤᠬᠠᠶ ᠶᠢᠨ ᠲᠠᠯᠠᠪᠤᠷ ᠲᠤ ᠬᠦᠷᠭᠡᠬᠦ ᠶᠢ ᠪᠠᠲᠤᠯᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠬᠢᠨ ᠪᠤᠭᠤᠲᠤ ᠶᠢᠨ ᠪᠠᠷᠠᠭᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠮᠠᠰᠠᠷ ᠢ ᠳᠠᠬᠢᠨ ᠨᠡᠭᠡᠭᠡᠬᠦ ᠶᠢ ᠢᠳᠡᠪᠬᠢᠲᠡᠶ ᠵᠣᠬᠢᠴᠠᠭᠤᠯᠵᠤ᠂ ᠪᠠᠷᠢᠯᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃    ᠦᠢᠯᠡᠴᠢᠯᠡᠭᠡ ᠶᠢ ᠰᠢᠯᠢᠳᠡᠭᠵᠢᠭᠦᠯᠵᠦ᠂ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠎ᠠ᠃ ᠵᠢᠤ ᠶᠤᠸᠠᠨ ᠲᠣᠭᠤᠷᠢᠭ ᠤᠨ ᠬᠢᠨ ᠪᠠᠰᠠ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠤᠨ ︽ᠨᠢᠭᠡ ᠶᠢ ᠡᠴᠦᠰ ᠲᠤᠨᠢ ᠲᠤᠯᠲᠠᠯ᠎ᠠ ᠳᠠᠭᠠᠭᠠᠴᠢᠯᠠᠭᠤᠯᠬᠤ︾ ᠠᠵᠢᠯ ᠤᠨ ᠲᠣᠭᠲᠠᠴᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠡᠳᠦᠷ ᠳᠤᠳᠤᠮ ᠤᠨ ᠠᠵᠢᠯᠯᠠᠭᠠᠨ ᠤ ᠵᠠᠳᠠᠯᠤᠯᠲᠠ ᠬᠢᠨᠠᠨ ᠬᠡᠮᠵᠢᠯᠲᠡ ᠶᠢ ᠴᠢᠩᠭᠠᠳᠬᠠᠵᠤ᠂ ︽ᠴᠡᠭ ᠠᠴᠠ ᠴᠡᠭ ᠲᠤ︾ ᠭᠤᠣᠯᠳᠠᠯᠭ᠎ᠠ ᠲᠠᠢ ᠲᠥᠯᠥᠪᠵᠢᠭᠦᠯᠭᠡ ᠠᠴᠠ ᠳᠡᠭᠡᠭᠰᠢᠬᠢ ᠠᠵᠤ ᠠᠬᠤᠶᠢᠯᠠᠯ ᠳᠤ ᠰᠦᠯᠵᠢᠶᠡᠨ ᠳᠡᠭᠡᠷᠡᠬᠢ ᠵᠢᠯᠤᠭᠤᠳᠤᠯᠭ᠎ᠠ ᠦᠢᠯᠡᠴᠢᠯᠡᠭᠡ ᠬᠠᠩᠭᠠᠵᠤ᠂ ᠬᠦᠴᠢᠷ ᠵᠣᠪᠠᠭᠤᠷᠢ ᠶᠢ ᠰᠢᠢᠳᠪᠦᠷᠢᠯᠡᠨ ᠬᠦᠴᠢᠷᠳᠡᠯ ᠢ ᠰᠢᠢᠳᠪᠦᠷᠢᠯᠡᠵᠦ ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠪᠦᠬᠦ ᠬᠦᠴᠦᠨ ᠢᠶᠠᠷ ᠢᠶᠠᠨ ᠭᠠᠷᠤᠯᠲᠠ ᠪᠠᠨ ᠲᠣᠭᠲᠠᠪᠤᠷᠢᠵᠢᠭᠤᠯᠤᠨ ᠭᠠᠷᠤᠯᠲᠠ ᠪᠠᠨ ᠳᠦᠭᠦᠷᠭᠡᠬᠦ ᠶᠢ ᠪᠠᠲᠤᠯᠠᠵᠤ᠂ ᠪᠦᠬᠦ ᠵᠢᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠪᠠ᠃ ᠣᠳᠣᠬᠠᠨ ᠳᠤ᠂ ᠨᠢᠭᠡᠨᠲᠡ ᠬᠤᠶᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠱᠠᠨ ᠱᠠᠨ᠂᠎ ᠶᠢᠨ ᠸᠧᠶ ᠳ᠋ᠡ ᠵᠡᠷᠭᠡ 10 ᠠᠵᠤ ᠠᠬᠤᠶᠢᠯᠠᠯ ᠤᠨ ᠲᠥᠷᠥᠯ ᠵᠦᠢᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢᠨ ᠲᠥᠷᠥᠯ ᠵᠦᠢᠯ ᠤᠨ ᠬᠥᠮᠥᠷᠭᠡ ᠳᠤ ᠣᠷᠣᠭᠤᠯᠵᠤ᠂ ᠵᠢᠦ ᠶᠤᠸᠠᠨ ᠲᠣᠭᠤᠷᠢᠭ ᠤᠨ ᠵᠢᠵᠢᠭ ᠪᠢᠴᠢᠯ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ᠂ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠳᠤ ᠮᠡᠳᠡᠭᠦᠯᠬᠦ ᠶᠢ ᠵᠢᠭᠠᠨ ᠵᠢᠯᠣᠭᠤᠳᠪᠠ᠃    ︽ᠪᠢᠳᠡ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠥᠬᠡᠶ ᠨᠡᠪᠲᠡᠷᠡᠬᠦ ᠶᠢ ᠬᠦᠴᠦᠯᠡᠨ ᠪᠠᠲᠤᠯᠠᠬᠤ ᠶᠢᠨ ᠬᠠᠮᠲᠤ ᠪᠠᠰᠠ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠭᠠᠷᠤᠯᠲᠠ ᠶᠢ ᠲᠣᠭᠲᠠᠪᠤᠷᠢᠵᠢᠭᠤᠯᠤᠨ ᠦᠢᠯᠡᠳᠪᠤᠷᠢᠯᠡᠯ ᠳᠤ ᠣᠷᠣᠭᠤᠯᠵᠤ᠂ ᠲᠥᠷᠥᠯ ᠵᠦᠢᠯ ᠢ ᠡᠮᠬᠢ ᠵᠢᠷᠤᠮ ᠲᠠᠢ ᠥᠷᠨᠢᠭᠦᠯᠦᠨ᠎ᠡ︾᠃ ᠴᠢ ᠵᠢᠶ ᠢᠯᠡᠷᠬᠡᠶᠢᠯᠡᠬᠦ ᠳᠡᠭᠡᠨ᠂ ᠳᠠᠷᠠᠭᠠᠴᠢ ᠶᠢᠨ ᠠᠯᠬᠤᠮ ᠳᠤ᠂ ᠵᠢᠤ ᠶᠤᠸᠠᠨ ᠲᠣᠭᠤᠷᠢᠭ ᠤᠨ ᠬᠢᠨ ᠪᠠᠰᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠪᠦᠲᠦᠴᠡ ᠶᠢᠨ ᠳᠤᠬᠢᠷᠠᠭᠤᠯᠤᠯᠳᠠ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠢᠯ ᠬᠢᠬᠦ ᠶᠢ ᠲᠡᠷᠢᠭᠦᠨ ᠳᠤ ᠲᠠᠯᠪᠢᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠨ ᠪᠠᠳᠠᠷᠠᠭᠤᠯᠵᠤ᠂ ᠠᠮᠢ ᠴᠦᠯᠡᠨ ᠬᠤᠪᠢ ᠨᠡᠮᠡᠷᠢ ᠦᠵᠡᠭᠦᠯᠵᠦ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠨᠠᠷᠢᠨ ᠬᠢᠨᠠᠮᠠᠭᠠᠢ ᠠᠵᠢᠯᠯᠠᠵᠤ᠂ ᠪᠦᠬᠦ ᠬᠦᠴᠦᠨ ᠢᠶᠠᠷ ᠢᠶᠠᠨ ᠠᠵᠢᠯ ᠶᠠᠪᠤᠳᠠᠯ ᠪᠦᠲᠦᠭᠡᠵᠦ᠂ ᠪᠦᠬᠦ ᠬᠦᠴᠦᠨ ᠢᠶᠠᠷ ᠢᠶᠠᠨ ᠳᠥᠷᠪᠡᠳᠦᠭᠡᠷ ᠤᠯᠠᠷᠢᠯ ᠳᠤ ᠰᠢᠪᠲᠤᠯᠤᠯᠲᠠ ᠬᠢᠵᠦ᠂ ᠰᠡᠭᠦᠯ ᠬᠤᠷᠢᠶᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠵᠢᠤ ᠶᠤᠸᠠᠨ ᠲᠣᠭᠤᠷᠢᠭ ᠤᠨ ᠡᠯ᠎ᠡ ᠵᠦᠢᠯ ᠤᠨ ᠦᠢᠯᠡᠰ ᠤᠨ ᠣᠷᠣᠨ ᠲᠠᠪᠰᠢᠨ ᠲᠡᠰ ᠳᠡᠪᠰᠢᠬᠦ ᠶᠢ ᠠᠬᠢᠭᠤᠯᠵᠤ᠂ ᠪᠤᠭᠤᠲᠤ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠴᠢᠷᠮᠠᠶᠢᠨ ᠴᠣᠭᠴᠠᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号