ᠵᠢᠦ ᠶᠤᠸᠠᠨ ᠲᠣᠭᠤᠷᠢᠭ ᠤᠨ ᠬᠢᠨ ᠪᠦᠬᠦ ᠲᠣᠭᠤᠷᠢᠭ ᠤᠨ ᠤᠳᠤᠷᠢᠳᠬᠤ ᠺᠠᠳ᠋ᠷᠴᠤᠳ ᠲᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/8
C:\Users\Administrator\Desktop\图片1.jpg
      ᠭᠤᠣᠯ ᠰᠡᠳᠦᠪ      ᠵᠢᠦ ᠶᠤᠸᠠᠨ ᠲᠣᠭᠤᠷᠢᠭ ᠤᠨ ᠬᠢᠨ ᠪᠦᠬᠦ ᠲᠣᠭᠤᠷᠢᠭ ᠤᠨ ᠤᠳᠤᠷᠢᠳᠬᠤ ᠺᠠᠳ᠋ᠷᠴᠤᠳ ᠲᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ      ᠴᠠᠭ      2022ᠣᠨ ᠤ 2 ᠰᠠᠷ᠎ᠠ ᠶᠢᠨ 28᠎ ᠤ ᠡᠳᠦᠷ      ᠬᠦᠨᠳᠦᠳᠦ ᠵᠣᠴᠢᠨ     ᠲᠣᠭᠤᠷᠢᠭ ᠤᠨ ᠨᠠᠮ ᠤᠨ ᠬᠤᠷᠢᠶᠠᠨ ᠤ ᠱᠦᠵᠢ   ᠯᠢᠶᠠᠨ ᠳ᠋ᠦᠩ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ    ᠦ᠋ ᠰᠢᠤ ᠮᠧᠶ      ᠲᠣᠪᠴᠢᠯᠠᠯ    ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠶᠠᠨ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠦ᠋ ᠰᠢᠤ ᠮᠧᠶ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠯᠢᠦ ᠸᠤᠨ ᠭᠤᠸᠠᠩ ᠬᠤᠷᠠᠯ ᠡᠷᠭᠢᠯᠡᠪᠡ᠃ ᠪᠥᠬᠦ ᠲᠣᠭᠤᠷᠢᠭ ᠤᠨ ᠰᠠᠯᠠᠭᠠᠨ ᠤ ᠲᠠᠰ ᠠᠴᠠ ᠳᠡᠭᠡᠭᠰᠢᠬᠢ ᠺᠠᠳ᠋ᠷ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      12 ᠰᠠᠷ᠎ᠠ ᠶᠢᠨ 28᠎ ᠤ ᠡᠳᠦᠷ᠂ ᠵᠢᠦ ᠶᠤᠸᠠᠨ ᠲᠣᠭᠤᠷᠢᠭ ᠤᠨ ᠬᠢᠨ ᠪᠦᠬᠦ ᠲᠣᠭᠤᠷᠢᠭ ᠤᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠵᠠᠷᠯᠠᠨ ᠮᠡᠳᠡᠭᠳᠡᠬᠦ ᠪᠠᠷ ᠳᠠᠮᠵᠢᠭᠤᠯᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠲᠤᠪᠤᠶᠢᠮ᠎ᠠ ᠠᠰᠠᠭᠤᠳᠠᠯ ᠢ ᠵᠠᠳᠠᠯᠤᠨ ᠰᠢᠨᠵᠢᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠤ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠬᠡᠷᠡᠭ ᠢ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠰᠡᠷᠡᠮᠵᠢᠯᠡᠭᠦᠯᠦᠨ ᠬᠥᠮᠦᠵᠢᠭᠦᠯᠵᠦ᠂ ᠤᠯᠤᠰ ᠲᠦᠷᠦ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠤᠯᠠᠭᠠᠨ ᠱᠤᠭᠤᠮ ᠠᠴᠠ ᠵᠠᠶᠢᠳᠠᠵᠤ᠂ ᠬᠡᠷᠡᠭ ᠢᠶᠠᠷ ᠲᠤᠯᠢ ᠪᠣᠯᠭᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠪᠦᠬᠦ ᠲᠣᠭᠤᠷᠢᠭ ᠤᠨ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠪᠡ᠃      ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠶᠠᠨ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠦ᠋ ᠰᠢᠤ ᠮᠧᠶ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠯᠢᠦ ᠸᠤᠨ ᠭᠤᠸᠠᠩ ᠬᠤᠷᠠᠯ ᠡᠷᠭᠢᠯᠡᠪᠡ᠃ ᠪᠥᠬᠦ ᠲᠣᠭᠤᠷᠢᠭ ᠤᠨ ᠰᠠᠯᠠᠭᠠᠨ ᠤ ᠲᠠᠰ ᠠᠴᠠ ᠳᠡᠭᠡᠭᠰᠢᠬᠢ ᠺᠠᠳ᠋ᠷ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ᠂ ᠪᠦᠬᠦ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠬᠡᠪ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠴᠡᠭᠡᠷᠯᠡᠯ ᠪᠣᠯᠭᠠᠵᠤ᠂ ᠤᠯᠤᠰ ᠲᠦᠷᠦ ᠶᠢᠨ ᠬᠤᠷᠢᠭ᠎ᠠ ᠱᠤᠭᠤᠮ ᠢᠶᠠᠨ ᠠᠯᠳᠠᠭᠰᠠᠨ ᠰᠤᠷᠭᠠᠮᠵᠢ ᠶᠢ ᠨᠠᠷᠢᠨ ᠬᠢᠨᠠᠮᠠᠭᠠᠢ ᠬᠦᠯᠢᠶᠡᠨ ᠠᠪᠴᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠭᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠲᠠᠶᠢᠯᠪᠤᠷᠢᠯᠠᠬᠤ ᠬᠡᠷᠡᠭᠲᠡᠢ᠃ ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠢ ᠪᠠᠲᠤ ᠴᠡᠭᠡᠵᠢᠯᠡᠵᠦ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠶᠣᠰᠣ ᠰᠤᠷᠲᠠᠬᠤᠨ ᠢ ᠴᠢᠷᠮᠠᠶᠢᠨ ᠪᠤᠢ ᠪᠣᠯᠭᠠᠵᠤ᠂ ᠵᠣᠷᠢᠭᠲᠠᠢ ᠪᠠᠷ ᠬᠤᠪᠢᠰᠬᠠᠯ ᠬᠢᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠵᠦ ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ᠂ ᠪᠦᠬᠦ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠡᠷᠬᠡ ᠳᠤ ᠪᠣᠯᠭᠤᠮᠵᠢᠲᠠᠢ ᠬᠠᠨᠳᠤᠵᠤ᠂ ᠢᠯᠵᠢᠷᠡᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠢ᠃ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠷᠤᠮᠵᠢᠭᠤᠯᠵᠤ᠂ ᠠᠯᠪᠠᠨ ᠤ ᠵᠣᠭᠤᠰ ᠨᠢ ᠨᠡᠶᠢᠲᠡ ᠶᠢᠨ ᠤᠪᠤᠭ ᠪᠣᠯᠬᠤ᠂ ᠨᠡᠶᠢᠲᠡ ᠶᠢᠨ ᠡᠷᠬᠡ ᠨᠢ ᠠᠷᠠᠳ ᠤᠨ ᠲᠥᠯᠥᠭᠡ ᠪᠠᠶᠢᠬᠤ᠂ ᠡᠷᠬᠡ ᠬᠠᠷᠢᠭᠤᠴᠠᠯᠭ᠎ᠠ ᠶᠢᠨ ᠠᠳᠠᠯᠢ ᠲᠡᠭᠰᠢ ᠪᠠᠶᠢᠬᠤ ᠶᠢ ᠴᠠᠭ ᠢᠮᠠᠭᠲᠠ ᠪᠠᠲᠤ ᠴᠡᠭᠡᠵᠢᠯᠡᠵᠦ᠂ ᠰᠡᠳᠬᠢᠯ ᠤᠨ ᠤᠭ ᠠᠴᠠ ᠪᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠪᠤᠢ ᠪᠣᠯᠭᠠᠵᠤ᠂ ᠰᠡᠳᠬᠢᠯ ᠵᠢᠷᠦᠬᠡᠨ ᠠᠴᠠ ᠪᠠᠨ ᠡᠮᠢᠶᠡᠬᠦ᠂ ᠦᠭᠡ ᠬᠡᠯᠡᠬᠦ ᠳᠡᠭᠡᠨ ᠴᠡᠭᠡᠷ ᠲᠠᠢ᠂ ᠦᠢᠯᠡ ᠠᠵᠢᠯᠯᠠᠭ᠎ᠠ ᠳᠠᠭᠠᠨ ᠬᠢᠵᠠᠭᠠᠷᠯᠠᠯ ᠲᠠᠢ ᠪᠠᠶᠢᠬᠤ ᠶᠢ ᠪᠠᠷᠢᠮᠲᠠᠯᠠᠵᠤ᠂ ᠲᠦᠷᠢᠮ ᠢ ᠵᠢᠷᠤᠮᠯᠠᠬᠤ᠂ ᠲᠦᠷᠢᠮ ᠲᠣᠭᠲᠠᠭᠠᠯ ᠢ ᠰᠠᠬᠢᠬᠤ ᠶᠢ ᠡᠯ᠎ᠡ ᠵᠦᠢᠯ ᠤᠨ ᠠᠵᠢᠯ ᠪᠠ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠬᠡᠷᠡᠭᠲᠡᠢ᠃ ᠬᠢᠨᠠᠭᠤᠷ ᠪᠣᠯᠭᠤᠮᠵᠢᠲᠠᠢ ᠪᠠᠷ ᠨᠠᠶᠢᠵᠠᠯᠠᠵᠤ᠂ ᠶᠣᠰᠣ ᠲᠦᠷᠢᠮ ᠲᠠᠢ ᠪᠠᠷ ᠠᠵᠢᠯᠯᠠᠵᠤ᠂ ᠵᠠᠰᠠᠭ ᠪᠠ ᠬᠤᠳᠠᠯᠳᠤᠭᠠᠴᠢᠨ ᠤ ᠬᠠᠷᠢᠴᠠᠭ᠎ᠠ ᠶᠢ ᠡᠵᠡᠮᠰᠢᠵᠦ ᠂ ᠺᠠᠳ᠋ᠷ ᠪᠠ ᠤᠯᠠᠨ ᠲᠦᠮᠡᠨ ᠤ ᠰᠠᠶᠢᠨ ᠰᠠᠶᠢᠬᠠᠨ ᠬᠠᠷᠢᠴᠠᠭ᠎ᠠ ᠶᠢ ᠪᠤᠢ ᠪᠣᠯᠭᠠᠵᠤ᠂ ᠨᠠᠮ ᠤᠨ ᠳᠣᠲᠣᠭᠠᠳᠤ ᠶᠢᠨ ᠨᠥᠬᠦᠷ ᠶᠣᠰᠣᠨ ᠤ ᠡᠷᠡᠭᠦᠯ ᠰᠠᠶᠢᠬᠠᠨ ᠬᠠᠷᠢᠴᠠᠭ᠎ᠠ ᠶᠢ ᠪᠠᠲᠤᠯᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠨᠠᠮ ᠤᠨ ᠳᠣᠲᠣᠭᠠᠳᠤ ᠶᠢᠨ ᠠᠮᠢᠳᠤᠷᠠᠯ ᠢ ᠪᠣᠯᠬᠢᠴᠢᠯᠠᠬᠤ᠂ ᠳᠤᠷ᠎ᠠ ᠪᠠᠷ ᠢᠶᠠᠨ ᠪᠣᠯᠭᠠᠬᠤ᠂ ᠶᠡᠷᠦᠮᠳᠡᠭᠴᠢᠯᠡᠬᠦ ᠬᠡᠯᠪᠡᠷᠢᠯ ᠢ ᠡᠷᠡᠰ ᠡᠰᠡᠷᠭᠦᠴᠡᠬᠦ ᠬᠡᠷᠡᠭᠲᠡᠢ᠃ ᠡᠭᠦᠷᠭᠡᠯᠡᠨ ᠠᠵᠢᠯ ᠶᠠᠪᠤᠳᠠᠯ ᠬᠢᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠬᠢᠯᠡᠨ ᠬᠢᠬᠦ ᠶᠢᠨ ᠲᠥᠯᠥᠭᠡ ᠠᠵᠢᠯ ᠶᠠᠪᠤᠳᠠᠯ ᠬᠢᠵᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠨ ᠠᠵᠢᠯ ᠶᠠᠪᠤᠳᠠᠯ ᠬᠢᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠷ ᠠᠵᠢᠯ ᠶᠠᠪᠤᠳᠠᠯ ᠪᠦᠲᠦᠭᠡᠵᠦ᠂ ᠠᠵᠢᠯ ᠶᠠᠪᠤᠳᠠᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠢᠭᠡ ᠶᠢ ᠲᠣᠭᠲᠠᠭᠠᠪᠠᠯ ᠨᠢᠭᠡ ᠶᠢ ᠬᠢᠵᠦ᠂ ᠨᠢᠭᠡ ᠶᠢ ᠬᠢᠪᠡᠯ ᠨᠢᠭᠡ ᠶᠢ ᠪᠦᠲᠦᠭᠡᠵᠦ᠂ ᠨᠡᠷ᠎ᠡ ᠨᠢᠳᠡᠷ ᠲᠡᠭᠡᠨ ᠨᠡᠶᠢᠴᠡᠭᠰᠡᠨ ᠪᠠᠭ᠎ᠠ ᠶᠠᠪᠤᠳᠠᠯ ᠪᠣᠳᠠᠲᠠᠢ ᠶᠠᠪᠤᠳᠠᠯ ᠢ ᠪᠦᠲᠦᠭᠡᠵᠦ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠰᠠᠶᠢᠨ ᠶᠠᠪᠤᠳᠠᠯ ᠪᠣᠳᠠᠲᠠᠢ ᠶᠠᠪᠤᠳᠠᠯ ᠢ ᠬᠢᠵᠦ ᠰᠡᠳᠬᠢᠯ ᠢ ᠳᠤᠯᠠᠭᠠᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠬᠦ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠪᠠᠭ᠎ᠠ ᠠᠴᠠ ᠨᠢ ᠠᠳᠬᠤᠬᠤ᠂ ᠡᠷᠲᠡ ᠠᠴᠠ ᠠᠳᠬᠤᠬᠤ ᠂ ᠨᠠᠷᠢᠯᠢᠭ ᠠᠳᠬᠤᠬᠤ᠂ ᠪᠣᠳᠠᠲᠠᠢ ᠠᠳᠬᠤᠬᠤ ᠳᠡᠭᠡᠷ᠎ᠡ ᠬᠦᠴᠦ ᠲᠠᠯᠪᠢᠬᠤ ᠶᠢ ᠪᠠᠷᠢᠮᠲᠠᠯᠠᠵᠤ᠂ ᠴᠢᠩᠭ᠎ᠠ ᠪᠠᠷᠢᠮᠵᠢᠶ᠎ᠠ ᠪᠠᠷ ᠥᠪᠡᠷ ᠢ ᠪᠠᠨ ᠬᠢᠨᠠᠨ ᠦᠵᠡᠵᠦ᠂ ᠥᠪᠡᠷ ᠢ ᠪᠠᠨ ᠱᠠᠭᠠᠷᠳᠠᠵᠤ᠂ ᠡᠷᠡᠰ ᠴᠢᠩᠭ᠎ᠠ ᠣᠪᠣᠷ ᠢᠶᠠᠷ ᠢᠯᠵᠢᠷᠡᠯ ᠢ ᠡᠰᠡᠷᠭᠦᠴᠡᠨ ᠮᠠᠭᠤᠬᠠᠢ ᠶᠢ ᠵᠠᠯᠬᠠᠭᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠤᠷᠳᠤ ᠬᠤᠭᠤᠴᠠᠭ᠎ᠠ ᠪᠠᠷ ᠠᠬᠢᠭᠤᠯᠵᠤ᠂ ᠰᠠᠶᠢᠨ ᠤᠯᠠᠮᠵᠢᠯᠠᠯ ᠢ ᠰᠢᠨ᠎ᠡ ᠠᠶᠠᠨ ᠳᠤ ᠳᠠᠭᠠᠭᠤᠯᠵᠤ᠂ ᠰᠠᠶᠢᠨ ᠰᠤᠷᠲᠠᠯ ᠢ ᠰᠢᠨ᠎ᠡ ᠴᠠᠭ ᠦᠶ᠎ᠡ ᠳᠤ ᠪᠠᠳᠠᠷᠠᠭᠤᠯᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠬᠤᠶᠠᠷ ᠢ ᠲᠣᠭᠲᠠᠭᠠᠬᠤ︾᠎ ᠶᠢ ᠦᠨᠡᠨᠴᠢ ᠰᠢᠳᠤᠷᠭᠤ ᠪᠠᠷ ᠬᠦᠷᠢᠶᠡᠯᠡᠬᠦ ᠶᠢ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠤᠬᠠᠮᠰᠠᠷ ᠢ ᠡᠷᠡᠰ ᠪᠡᠶᠡᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠬᠤ ᠬᠡᠷᠡᠭᠲᠡᠢ︔ ᠤᠳᠤᠷᠢᠳᠬᠤ ᠺᠠᠳ᠋ᠷᠴᠤᠳ ︽ᠨᠢᠭᠡᠳᠦᠭᠡᠷ ᠬᠠᠷᠢᠭᠤᠴᠠᠯᠭᠠᠲᠠᠨ︾᠎ ᠤ ᠤᠬᠠᠮᠰᠠᠷ ᠢᠶᠠᠨ ᠴᠢᠩᠭᠠᠳᠬᠠᠵᠤ᠂ ᠶᠣᠰᠣ ᠲᠦᠷᠢᠮ ᠢ ᠬᠡᠷᠡᠭᠵᠢᠭᠦᠯᠦᠨ᠂ ᠦᠨᠡᠨ ᠬᠦ ᠠᠳᠬᠤᠨ ᠪᠣᠳᠠᠲᠠᠶ ᠪᠠᠷ ᠬᠠᠮᠢᠶᠠᠷᠴᠤ᠂ ᠡᠯ᠎ᠡ ᠵᠦᠢᠯ ᠤᠨ ᠠᠵᠢᠯ ᠢ ᠴᠥᠮ ᠳᠦᠷᠢᠮᠵᠢᠭᠦᠯᠬᠦ᠂ ᠬᠠᠤᠯᠢᠵᠢᠭᠤᠯᠬᠤ ᠵᠠᠮ ᠢᠶᠠᠷ ᠶᠠᠪᠤᠭᠳᠠᠭᠤᠯᠬᠤ ᠶᠢ ᠦᠨᠡᠨ ᠬᠦ ᠪᠠᠲᠤᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ︔ ᠪᠠᠭ ᠤᠨ ᠪᠦᠷᠢᠯᠳᠦᠬᠦᠨ ᠨᠡᠷ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠬᠢᠨᠠᠮᠠᠭᠠᠶ ᠭᠦᠢᠴᠡᠳᠬᠡᠵᠦ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠳᠤ ᠴᠢᠩᠭ᠎ᠠ ᠬᠢᠨᠠᠯᠲᠠ ᠲᠠᠯᠪᠢᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠡᠯ᠎ᠡ ᠲᠦᠷᠦᠯ ᠤᠨ ᠦᠢᠯᠡ ᠠᠵᠢᠯᠯᠠᠭ᠎ᠠ ᠶᠢ ᠡᠷᠡᠰ ᠵᠠᠯᠠᠷᠠᠭᠤᠯᠬᠤ ᠪᠠ ᠪᠠᠶᠢᠴᠠᠭᠠᠨ ᠰᠢᠢᠳᠪᠦᠷᠢᠯᠡᠵᠦ᠂ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠥᠴᠦᠬᠡᠨ ᠴᠦ ᠬᠦᠯᠢᠴᠡᠬᠦ ᠦᠭᠡᠢ ᠪᠠᠶᠢᠬᠤ ᠶᠢ ᠪᠠᠷᠢᠮᠲᠠᠯᠠᠵᠤ᠂ ᠬᠦᠴᠦᠷᠬᠡᠭ ᠶᠡᠭᠡ ᠰᠦᠷᠳᠡᠭᠦᠯᠦᠯ ᠢ ᠪᠤᠢ ᠪᠣᠯᠭᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠰᠠᠶᠢᠲᠤᠷ ᠬᠡᠷᠡᠭᠵᠢᠭᠦᠯᠦᠭᠴᠢ᠂ ᠬᠠᠮᠠᠭᠠᠯᠠᠭᠴᠢ ᠪᠠ ᠬᠢᠨᠠᠯᠲᠠ ᠲᠠᠯᠪᠢᠭᠴᠢ ᠪᠣᠯᠬᠤ ᠬᠡᠷᠡᠭᠲᠡᠢ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号