ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠵᠢᠤ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠨᠡᠶᠢᠲᠡ ᠶᠢᠨ ᠪᠣᠳᠠᠰ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ︵ᠬᠤᠶᠠᠷ︶
ᠨᠡᠶᠢᠲᠡᠯᠡᠭᠰᠡᠨ ᠴᠠᠭ᠄
2022/3/4
      ᠬᠤᠶᠠᠳᠤᠭᠠᠷ ᠪᠦᠯᠦᠭ᠂ ᠬᠠᠮᠢᠶᠠᠷᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ       ᠲᠠᠪᠤ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠣᠯ ᠨᠡᠶᠢᠲᠡ ᠶᠢᠨ ᠪᠣᠳᠠᠰ ᠤᠨ ᠬᠥᠮᠥᠷᠭᠡ ᠶᠢᠨ ᠶᠡᠷᠦᠩᠬᠡᠶᠢᠯᠡᠨ ᠬᠠᠮᠢᠶᠠᠷᠬᠤ ᠰᠠᠯᠠᠭ᠎ᠠ ᠮᠥᠴᠢᠷ᠂ ᠲᠡᠭᠦᠨ ᠤ ᠭᠤᠤᠯ ᠡᠭᠦᠷᠭᠡ ᠬᠠᠷᠢᠭᠤᠴᠠᠯᠭ᠎ᠠ ᠪᠣᠯ᠄       ︵ᠨᠢᠭᠡ︶  ᠤᠯᠤᠰ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠯᠪᠣᠭᠳᠠᠯ ᠪᠥᠬᠦᠶ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔      ︵ᠬᠤᠶᠠᠷ︶  ᠨᠡᠶᠢᠲᠡ ᠶᠢᠨ ᠡᠳ᠋ ᠬᠥᠷᠥᠩᠭᠡ ᠶᠢᠨ ᠳᠣᠭᠢᠷᠠᠭᠤᠯᠬᠤ᠂ ᠬᠤᠷᠢᠶᠠᠨ ᠠᠪᠬᠤ᠂ ᠵᠢᠭᠡᠯᠡᠭᠦᠯᠬᠦ᠂ ᠲᠦᠷᠢᠶᠡᠰᠦᠯᠡᠭᠦᠯᠬᠦ ᠪᠠ ᠰᠢᠢᠳᠪᠤᠷᠢᠯᠡᠬᠦ ᠵᠡᠷᠭᠡ ᠵᠦᠢᠯᠡᠰ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔      ︵ᠭᠤᠷᠪᠠ︶ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠵᠢᠯᠣᠭᠤᠳᠴᠤ᠂ ᠵᠠᠰᠠᠭ ᠤᠨ ᠣᠷᠳᠣᠨ ᠤ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠭᠠᠶᠢᠯᠢ ᠶᠢᠨ ᠪᠤᠰᠤ ᠣᠷᠣᠯᠭ᠎ᠠ ᠶᠢ ᠬᠤᠷᠢᠶᠠᠵᠤ ᠲᠤᠰᠢᠶᠠᠬᠤ ᠰᠢᠰᠲ᠋ᠧᠮ ᠤᠨ ᠲᠠᠪᠴᠠᠩ ᠯᠤᠭ᠎ᠠ ᠵᠣᠯᠭᠠᠭᠤᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤ ᠳᠠᠭᠠᠨ ᠡᠳᠯᠡᠬᠦ ᠶᠢ ᠪᠡᠶᠡᠯᠡᠭᠦᠯᠬᠦ ᠬᠡᠷᠡᠭᠲᠡᠶ︔       ︵ᠳᠥᠷᠪᠡ︶ ᠨᠡᠶᠢᠲᠡ ᠶᠢᠨ ᠡᠳ᠋ ᠤᠨ ᠬᠥᠮᠥᠷᠭᠡ ᠶᠢᠨ ᠬᠠᠮᠢᠶᠠᠷᠤᠯᠲᠠ ᠵᠢᠴᠢ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ᠵᠢᠷᠭᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠨᠡᠶᠢᠲᠡ ᠶᠢᠨ ᠡᠳ᠋ ᠪᠣᠳᠠᠰ ᠤᠨ ᠬᠥᠮᠥᠷᠭᠡ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠨ᠎ᠠ᠂ ᠲᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄        ︵ᠨᠢᠭᠡ︶ ᠨᠡᠶᠢᠲᠡ ᠶᠢᠨ ᠪᠣᠳᠠᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠣᠭᠲᠠᠭᠠᠵᠤ᠂ᠲᠣᠭᠤᠷᠢᠭ ᠤᠨ ᠵᠠᠰᠠᠭ ᠤᠨ ᠣᠷᠳᠣᠨ ᠤ ᠬᠢᠨᠠᠯᠲᠠ ᠪᠠ ᠵᠢᠯᠣᠭᠤᠳᠣᠯᠭ᠎ᠠ ᠶᠢ ᠬᠦᠯᠢᠶᠡᠨ᠎ᠡ︔       ︵ᠬᠤᠶᠠᠷ︶ ᠨᠡᠶᠢᠲᠡ ᠶᠢᠨ ᠪᠣᠳᠠᠰ ᠤᠨ ᠬᠥᠮᠥᠷᠭᠡ ᠵᠢᠨ‌ᠡᠳ᠋ ᠬᠥᠷᠥᠩᠭᠡ ᠶᠢ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ᠂ ᠨᠢᠭᠲᠠᠯᠠᠨ ᠪᠣᠳᠣᠵᠤ ᠲᠣᠭᠠᠴᠠᠭ᠎ᠠ ᠬᠢᠬᠦ ᠪᠠ ᠢᠯᠭᠠᠷᠠᠭᠤᠯᠤᠨ ᠪᠠᠶᠢᠴᠠᠭᠠᠵᠤ ᠲᠣᠭᠠᠯᠠᠨ ᠪᠦᠷᠢᠳᠬᠡᠬᠦ ᠵᠡᠷᠭᠡ ᠶᠢ ᠬᠠᠷᠢᠭᠤᠴᠠᠨ᠎ᠠ︔        ︵ᠭᠤᠷᠪᠠ︶ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠶᠢᠨ ᠡᠳ᠋ ᠬᠥᠷᠥᠩᠭᠡ ᠲᠣᠬᠢᠷᠠᠭᠤᠯᠬᠤ᠂ ᠬᠤᠷᠢᠶᠠᠵᠤ ᠲᠤᠰᠢᠶᠠᠯᠭᠠᠬᠤ᠂ ᠵᠢᠭᠡᠯᠡᠭᠦᠯᠬᠦ᠂ ᠲᠦᠷᠢᠶᠡᠰᠦᠯᠡᠭᠦᠯᠬᠦ᠂  ᠰᠢᠢᠳᠪᠤᠷᠢᠯᠡᠬᠦ ᠵᠢᠴᠢ ᠠᠰᠢᠭ ᠣᠯᠵᠠᠪᠤᠷᠢ ᠶᠢ ᠳᠡᠭᠡᠭᠰᠢ ᠲᠤᠰᠢᠶᠠᠬᠤ ᠵᠡᠷᠭᠡ ᠵᠦᠢᠯ ᠤᠳ ᠢ ᠬᠠᠷᠢᠭᠤᠴᠠᠨ ᠭᠦᠢᠴᠡᠳᠬᠡᠨ᠎ᠡ︔       ︵ᠳᠥᠷᠪᠡ︶ ᠬᠤᠯᠪᠣᠭᠳᠠᠯ ᠪᠦᠬᠦᠢ ᠨᠢᠭᠡᠴᠡ ᠶᠢᠨ ᠳᠡᠭᠡᠭᠰᠢ ᠲᠤᠰᠢᠶᠠᠬᠤ᠂ ᠨᠡᠶᠢᠲᠡ ᠶᠢᠨ ᠪᠣᠳᠠᠰ ᠤᠨ ᠬᠥᠮᠥᠷᠭᠡ ᠶᠢᠨ ᠡᠳ᠋ ᠬᠥᠷᠥᠩᠭᠡ ᠶᠢ ᠪᠤᠴᠠᠭᠠᠬᠤ ᠶᠢ ᠬᠠᠷᠢᠭᠤᠴᠠᠨ ᠰᠢᠮᠳᠠᠭᠤᠯᠬᠤ ᠬᠡᠷᠡᠭᠲᠡᠶ︔       ︵ᠲᠠᠪᠤ︶ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠬᠤ ᠳᠤ ᠣᠷᠣᠯᠴᠠᠵᠤ᠂ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠶᠢᠨ ᠡᠳ᠋ ᠬᠥᠷᠥᠩᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠤᠨ᠂ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠶᠢᠨ ᠡᠳ᠋ ᠬᠥᠷᠥᠩᠭᠡ ᠶᠢᠨ ᠮᠡᠳᠡᠭᠡ ᠵᠠᠩᠭᠢ ᠶᠢᠨ ᠪᠦᠷᠢᠳᠬᠡᠨ ᠮᠡᠳᠡᠭᠦᠯᠬᠦ ᠳᠦᠷᠢᠮ ᠢ ᠵᠢᠷᠤᠮᠵᠢᠭᠤᠯᠤᠨ ᠬᠡᠷᠡᠭᠵᠢᠭᠦᠯᠵᠦ᠂ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠶᠢᠨ ᠡᠳ᠋ ᠬᠥᠷᠥᠩᠭᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠬᠤ ᠬᠡᠷᠡᠭᠲᠡᠶ︔      ︵ᠵᠢᠷᠭᠤᠭ᠎ᠠ︶ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠨᠡᠶᠢᠲᠡ ᠶᠢᠨ ᠡᠳ᠋ ᠬᠥᠷᠥᠩᠭᠡ ᠶᠢᠨ ᠬᠥᠮᠥᠷᠭᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠶ᠃       ᠳᠣᠯᠤᠭ᠎ᠠ᠂ ᠲᠣᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠡᠶᠢᠲᠡ ᠶᠢᠨ ᠪᠣᠳᠠᠰ ᠤᠨ ᠬᠥᠮᠥᠷᠭᠡ ᠶᠢ ᠬᠠᠮᠢᠶᠠᠷᠬᠤ ᠭᠤᠣᠯ ᠡᠭᠦᠷᠭᠡ ᠬᠠᠷᠢᠭᠤᠴᠠᠯᠭ᠎ᠠ ᠪᠣᠯ᠄       ︵ᠨᠢᠭᠡ︶ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ ᠃ ᠬᠠᠳᠠᠭᠠᠯᠠᠭᠰᠠᠨ ᠡᠳ᠋ ᠪᠠᠷᠠᠭ᠎ᠠ ᠳᠤ ᠪᠣᠳᠠᠲᠤ ᠶᠠᠭᠤᠮ᠎ᠠ ᠶᠢᠨ ᠳᠠᠩᠰᠠ ᠺᠠᠷᠲ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ᠂ ᠴᠠᠭ ᠲᠤᠬᠠᠶ ᠳᠤᠨᠢ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠵᠤ᠂ ᠨᠡᠶᠢᠲᠡ ᠶᠢᠨ ᠡᠳ ᠪᠠᠷᠠᠭ᠎ᠠ ᠶᠢᠨ ᠬᠥᠮᠥᠷᠭᠡ ᠶᠢᠨ ᠡᠳ᠋ ᠬᠥᠷᠥᠩᠭᠡ ᠶᠢᠨ ᠪᠦᠷᠢᠨ ᠭᠦᠢᠴᠡᠳ᠂ ᠴᠢᠳᠠᠮᠵᠢ ᠨᠢ ᠲᠣᠭᠲᠠᠭᠤᠨ᠂ ᠬᠡᠷᠡᠭᠯᠡᠬᠦ ᠳᠤ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ       ︵ᠬᠤᠶᠠᠷ︶ ᠨᠢᠭᠲᠠᠯᠠᠨ ᠪᠤᠳᠦᠬᠤ ᠲᠣᠭᠠᠴᠠᠭᠠᠯᠠᠬᠤ ᠲᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ ᠬᠥᠮᠥᠷᠭᠡᠯᠡᠨ ᠬᠠᠳᠠᠭᠠᠯᠠᠬᠤ ᠡᠳ᠋ ᠬᠥᠷᠥᠩᠭᠡ ᠶᠢᠨ ᠲᠤᠰᠬᠠᠶ ᠲᠠᠩᠰᠠ ᠪᠠᠶᠢᠭᠤᠯᠵᠤ᠂ ᠬᠥᠮᠥᠷᠭᠡᠯᠡᠨ ᠬᠠᠳᠠᠭᠠᠯᠠᠬᠤ ᠡᠳ᠋ ᠬᠥᠷᠥᠩᠭᠡ ᠶᠢᠨ ᠥᠷᠲᠡᠭ᠂ ᠨᠡᠮᠡᠭᠳᠡᠵᠦ ᠬᠠᠰᠤᠭᠳᠠᠬᠤ ᠬᠤᠪᠢᠷᠠᠯᠲᠠ ᠵᠢᠴᠢ ᠠᠰᠢᠭ ᠣᠷᠣᠯᠭ᠎ᠠ ᠵᠡᠷᠭᠡ ᠪᠠᠶᠢᠳᠠᠯ ᠢ ᠣᠨᠣᠪᠴᠢᠲᠠᠶ ᠲᠤᠰᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠥᠪ ᠲᠤ ᠨᠡᠶᠢᠲᠡ ᠶᠢᠨ ᠡᠳ᠋ ᠬᠥᠷᠥᠩᠭᠡ ᠶᠢᠨ ᠬᠥᠮᠥᠷᠭᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠬᠡ ᠲᠠᠩᠰᠠ ᠪᠠᠨ ᠮᠡᠳᠡᠭᠦᠯᠦᠨ ᠬᠦᠷᠭᠡᠬᠦ ᠬᠡᠷᠡᠭᠲᠡᠶ︔       ︵ᠭᠤᠷᠪᠠ︶ ᠢᠯᠭᠠᠷᠠᠭᠤᠯᠤᠨ ᠪᠠᠶᠢᠴᠠᠭᠠᠵᠤ ᠪᠦᠷᠢᠳᠬᠡᠬᠦ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ ᠬᠥᠮᠥᠷᠭᠡᠯᠡᠨ ᠬᠠᠳᠠᠭᠠᠯᠠᠬᠤ ᠡᠳ᠋ ᠬᠥᠷᠥᠩᠭᠡ ᠶᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ︵ᠵᠢᠯ ᠪᠦᠷᠢ ᠠᠳᠠᠭ ᠲᠠᠭᠠᠨ ᠨᠢᠭᠡ ᠤᠳᠠᠭ᠎ᠠ︶ ᠪᠠᠶᠢᠴᠠᠭᠠᠨ ᠪᠦᠷᠢᠳᠬᠡᠵᠦ᠂ ᠡᠳ᠋ ᠬᠥᠷᠥᠩᠭᠡ ᠢᠯᠵᠠᠷᠠᠬᠤ᠂ ᠴᠢᠨᠠᠷ ᠬᠤᠪᠢᠷᠠᠬᠤ᠂ ᠡᠪᠳᠡᠭᠳᠡᠬᠦ᠂ ᠤᠰᠠᠳᠬᠤ᠂ ᠬᠤᠯᠠᠭᠠᠶᠢᠯᠠᠭᠳᠠᠬᠤ᠂ ᠨᠡᠭᠦᠯᠭᠡᠨ ᠬᠡᠷᠡᠭᠯᠡᠬᠦ ᠵᠡᠷᠭᠡ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ︔       ︵ᠳᠥᠷᠪᠡ︶ ᠪᠤᠰᠤᠳ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ       ᠨᠠᠢᠮᠠᠨ᠂ ᠵᠢᠤ ᠶᠤᠸᠠᠨ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠪᠠ ᠲᠦᠷ ᠴᠠᠭ ᠤᠨ ᠪᠠᠶᠢᠭᠤᠯᠤᠮᠵᠢ ᠶᠢᠨ ᠭᠤᠣᠯ ᠲᠤᠰᠢᠶᠠᠯ ᠬᠠᠷᠢᠭᠤᠴᠠᠯᠭ᠎ᠠ ᠪᠣᠯ᠄        ︵ᠨᠢᠭᠡ︶ ᠬᠤᠯᠪᠣᠭᠳᠠᠯ ᠪᠦᠬᠦᠢ ᠲᠣᠭᠲᠠᠭᠠᠯ ᠪᠠ ᠠᠵᠢᠯ ᠤᠨ ᠬᠡᠷᠡᠭᠴᠡᠭᠡ ᠪᠠᠨ ᠦᠨᠳᠦᠰᠦᠯᠡᠨ ᠨᠡᠶᠢᠲᠡ ᠶᠢᠨ ᠪᠣᠳᠠᠰ ᠤᠨ ᠬᠥᠮᠥᠷᠭᠡ ᠶᠢᠨ ᠡᠳ᠋ ᠬᠦᠷᠦᠩᠭᠡ ᠶᠢ ᠬᠡᠷᠡᠭᠯᠡᠬᠦ ᠭᠤᠶᠤᠴᠢᠯᠠᠯ ᠭᠠᠷᠭᠠᠬᠤ︔       ︵ᠬᠤᠶᠠᠷ︶ ᠲᠤᠰ ᠨᠢᠭᠡᠴᠢ ᠶᠢᠨ ᠢᠶᠠᠨ ᠨᠡᠶᠢᠲᠡ ᠶᠢᠨ ᠡᠳ᠋ ᠪᠣᠳᠠᠰ ᠤᠨ ᠰᠠᠩ ᠬᠥᠮᠥᠷᠭᠡ ᠶᠢᠨ ᠡᠳ᠋ ᠬᠦᠷᠦᠩᠭᠡ ᠶᠢ ᠳᠡᠭᠡᠭᠰᠢ ᠲᠤᠰᠢᠶᠠᠬᠤ᠂ ᠰᠢᠯᠵᠢᠭᠦᠯᠦᠨ ᠥᠭᠬᠦ᠂ ᠵᠢᠭᠡᠯᠡᠨ ᠬᠡᠷᠡᠭᠯᠡᠬᠦ᠂ ᠪᠤᠴᠠᠭᠠᠬᠤ ᠪᠣᠳᠠᠲᠠᠢ ᠭᠠᠷ ᠭᠦᠢᠴᠡᠳᠬᠡᠯ ᠢ ᠬᠠᠷᠢᠭᠤᠴᠠᠨ ᠭᠦᠢᠴᠡᠳᠬᠡᠨ᠎ᠡ︔       ︵ᠭᠤᠷᠪᠠ︶ ᠲᠤᠰ ᠨᠢᠭᠡᠴᠡ ᠶᠢᠨ ᠢᠶᠠᠨ ᠨᠡᠶᠢᠲᠡ ᠶᠢᠨ ᠪᠣᠳᠠᠰ ᠤᠨ ᠬᠥᠮᠥᠷᠭᠡ ᠶᠢᠨ ᠡᠳ᠋ ᠬᠥᠷᠥᠩᠭᠡ ᠶᠢ ᠬᠡᠷᠡᠭᠯᠡᠬᠦ ᠡᠳᠦᠷ ᠲᠤᠲᠤᠮ ᠤᠨ ᠬᠠᠮᠠᠭᠠᠯᠠᠯᠲᠠ ᠪᠠ ᠠᠷᠠᠴᠢᠯᠠᠯᠲᠠ ᠶᠢ ᠬᠠᠷᠢᠭᠤᠴᠠᠵᠤ᠂ ᠨᠡᠶᠢᠲᠡ ᠶᠢᠨ ᠪᠣᠳᠠᠰ ᠤᠨ ᠬᠥᠮᠥᠷᠭᠡ ᠶᠢᠨ ᠡᠳ᠋ ᠬᠥᠷᠥᠩᠭᠡ ᠶᠢᠨ ᠬᠡᠷᠡᠭᠯᠡᠬᠦ ᠬᠤᠭᠤᠴᠠᠭᠠᠨ ᠤ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔       ︵ᠲᠦᠷᠪᠡ︶ ᠲᠣᠭᠲᠠᠭᠠᠯ ᠶᠣᠰᠣᠭᠠᠷ ᠨᠡᠶᠢᠲᠡ ᠶᠢᠨ ᠡᠳ᠋ ᠪᠣᠳᠠᠰ ᠤᠨ ᠰᠠᠩ ᠬᠥᠮᠥᠷᠭᠡ ᠶᠢᠨ ᠡᠳ᠋ ᠬᠦᠷᠦᠩᠭᠡ ᠶᠢ ᠴᠠᠭ ᠲᠤᠬᠠᠢ ᠳᠤᠨᠢ ᠳᠡᠭᠡᠭᠰᠢ ᠲᠤᠰᠢᠶᠠᠵᠤ᠂ ᠪᠤᠴᠠᠭᠠᠨ᠎ᠠ᠃         ᠶᠢᠰᠦ᠂ ᠵᠢᠤ ᠶᠤᠸᠠᠨ ᠲᠣᠭᠤᠷᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠰᠠᠯᠠᠭ᠎ᠠ ᠮᠥᠴᠢᠷ ᠲᠤ ᠬᠠᠷᠢᠶᠠᠯᠠᠭᠳᠠᠬᠤ ᠬᠤᠶᠠᠳᠤᠭᠠᠷ ᠳᠡᠰ ᠤᠨ ᠨᠢᠭᠡᠴᠢ ᠶᠢᠨ ᠨᠡᠶᠢᠲᠡ ᠶᠢᠨ ᠡᠳ᠋ ᠪᠣᠳᠠᠰ ᠤᠨ ᠬᠥᠮᠥᠷᠭᠡ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠳᠤ ᠬᠤᠯᠪᠣᠭᠳᠠᠬᠤ ᠵᠦᠢᠯᠡᠰ ᠲᠤ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠂ ᠲᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄       ︵ᠨᠢᠭᠡ︶ ᠬᠠᠷᠢᠶ᠎ᠠ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠪᠣᠯᠤᠨ ᠲᠦᠷ ᠴᠠᠭ ᠤᠨ ᠪᠠᠶᠢᠭᠤᠯᠤᠮᠵᠢ ᠶᠢᠨ ᠳᠡᠭᠡᠭᠰᠢ ᠲᠤᠰᠢᠶᠠᠬᠤ᠂ ᠰᠢᠯᠵᠢᠭᠦᠯᠦᠨ ᠥᠭᠬᠦ᠂ ᠨᠡᠶᠢᠲᠡ ᠶᠢᠨ ᠪᠣᠳᠠᠰ ᠤᠨ ᠬᠥᠮᠥᠷᠭᠡ ᠶᠢᠨ ᠡᠳ᠋ ᠬᠥᠷᠥᠩᠭᠡ ᠶᠢ ᠵᠢᠭᠡᠯᠡᠨ ᠬᠡᠷᠡᠭᠯᠡᠬᠦ ᠵᠡᠷᠭᠡ ᠵᠦᠢᠯ ᠤᠳ ᠢ ᠲᠣᠭᠲᠠᠭᠠᠯ ᠶᠣᠰᠣᠭᠠᠷ ᠬᠢᠨᠠᠬᠤ ᠬᠡᠷᠡᠭᠲᠡᠶ︔      ︵ᠬᠤᠶᠠᠷ︶ ᠬᠠᠷᠢᠶ᠎ᠠ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠪᠠ ᠲᠦᠷ ᠴᠠᠭ ᠤᠨ ᠪᠠᠶᠢᠭᠤᠯᠤᠮᠵᠢ ᠶᠢᠨ ᠨᠡᠶᠢᠲᠡ ᠶᠢᠨ ᠪᠣᠳᠠᠰ ᠤᠨ ᠬᠥᠮᠥᠷᠭᠡ ᠶᠢᠨ ᠡᠳ᠋ ᠬᠥᠷᠥᠩᠭᠡ ᠶᠢ ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠬᠠᠮᠢᠶᠠᠷᠴᠤ᠂ ᠲᠡᠭᠦᠨ ᠢ ᠰᠢᠮᠳᠠᠭᠤᠯᠵᠤ ᠪᠠᠶᠢᠭᠠᠳ ᠲᠣᠭᠲᠠᠭᠠᠯ ᠶᠣᠰᠣᠭᠠᠷ ᠴᠠᠭ ᠲᠤᠬᠠᠶ ᠳᠤᠨᠢ ᠳᠡᠭᠡᠭᠰᠢ ᠲᠤᠰᠢᠶᠠᠯᠭᠠᠵᠤ᠂ ᠨᠡᠶᠢᠲᠡ ᠶᠢᠨ ᠪᠣᠳᠠᠰ ᠤᠨ ᠬᠥᠮᠥᠷᠭᠡ ᠶᠢᠨ ᠡᠳ᠋ ᠬᠥᠷᠥᠩᠭᠡ ᠶᠢ ᠪᠤᠴᠠᠭᠠᠯᠭᠠᠬᠤ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号