ᠭᠤᠷᠪᠠᠳᠤᠭᠠᠷ ᠪᠦᠯᠦᠭ᠂ ᠠᠯᠪᠠᠨ ᠤ ᠪᠣᠳᠠᠰ ᠤᠨ ᠬᠥᠮᠥᠷᠭᠡ ᠶᠢᠨ ᠬᠠᠮᠢᠶᠠᠷᠤᠯᠲᠠ ᠶᠢᠨ ᠬᠡᠪᠴᠢᠶ᠎ᠡ ᠬᠢᠭᠡᠳ | ᠰᠢᠯᠵᠢᠭᠦᠯᠦᠨ ᠲᠤᠰᠢᠶᠠᠬᠤ ᠵᠢᠷᠤᠮ | ᠠᠷᠪᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ︽ᠤᠯᠤᠰ ᠠᠴᠠ ᠥᠮᠴᠢᠯᠡᠵᠦ | ᠂ ᠵᠠᠰᠠᠭ ᠤᠨ ᠣᠷᠳᠣᠨ ᠠᠴᠠ ᠱᠠᠲᠤ ᠬᠤᠪᠢᠶᠠᠨ ᠬᠢᠨᠠᠨ ᠬᠠᠮᠢᠶᠠᠷᠴᠤ᠂ ᠨᠢᠭᠡᠴᠢ ᠠᠴᠠ ᠰᠢᠭᠤᠳ ᠡᠵᠡᠮᠳᠡᠬᠦ︾ | ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠵᠦ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠤᠨ | ᠲᠣᠭᠲᠠᠭᠠᠯ ᠶᠣᠰᠣᠭᠠᠷ᠂ ᠡᠯ᠎ᠡ ᠨᠢᠭᠡᠴᠢ ᠶᠢᠨ ᠲᠣᠭᠲᠠᠮᠠᠯ ᠡᠳ᠋ ᠬᠥᠷᠥᠩᠭᠡ ᠶᠢᠨ ᠬᠠᠮᠢᠶᠠᠷᠤᠯᠲᠠ ᠳᠤ ᠣᠷᠣᠭᠤᠯᠤᠭᠰᠠᠨ | ᠡᠳ᠋ ᠬᠥᠷᠥᠩᠭᠡ ᠪᠦᠬᠦᠨ ᠢ ᠤᠯᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠪᠤᠭᠤᠲᠤ | ᠬᠤᠲᠠ ᠠᠴᠠ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠳᠤᠤᠷᠠᠬᠢ ᠮᠡᠲᠦ ᠪᠣᠳᠠᠲᠤ ᠡᠳ᠋ ᠬᠥᠷᠥᠩᠭᠡ ᠶᠢ ᠴᠥᠮ | ᠨᠡᠶᠢᠲᠡ ᠶᠢᠨ ᠡᠳ᠋ ᠬᠥᠷᠥᠩᠭᠡ ᠶᠢᠨ ᠬᠥᠮᠥᠷᠭᠡ ᠳᠤ ᠲᠤᠰᠢᠶᠠᠨ ᠬᠠᠮᠢᠶᠠᠷᠤᠭᠤᠯᠤᠨ᠎ᠠ᠄ | ︵ᠨᠢᠭᠡ︶ ᠳᠣᠣᠷ᠎ᠠ ᠠᠰᠢᠭᠯᠠᠮᠵᠢ ᠪᠠᠷ ᠠᠵᠢᠯᠯᠠᠭᠤᠯᠤᠭᠰᠠᠨ᠂ ᠤᠷᠲᠤ ᠬᠤᠭᠤᠴᠠᠭ᠎ᠠ ᠪᠠᠷ ᠰᠤᠯᠠ ᠲᠠᠯᠪᠢᠭᠰᠠᠨ | ᠪᠠ ᠪᠠᠷᠢᠮᠵᠢᠶ᠎ᠠ ᠠᠴᠠ ᠬᠡᠲᠦᠷᠡᠭᠦᠯᠦᠨ ᠲᠣᠬᠢᠷᠠᠭᠤᠯᠤᠭᠰᠠᠨ ᠡᠳ᠋ ᠬᠥᠷᠥᠩᠭᠡ︔ | ︵ᠬᠤᠶᠠᠷ︶ ᠰᠢᠨᠡᠳᠬᠡᠭᠰᠡᠨ᠂ ᠰᠢᠭᠰᠢᠭᠳᠡᠭᠦᠯᠦᠭᠰᠡᠨ ᠤ ᠳᠠᠷᠠᠭ᠎ᠠ ᠮᠥᠨ ᠯᠡ ᠬᠡᠷᠡᠭᠯᠡᠬᠦ ᠥᠷᠲᠡᠭ ᠲᠠᠢ ᠡᠳ᠋ | ᠬᠥᠷᠥᠩᠭᠡ︔ | ︵ᠭᠤᠷᠪᠠ︶ ᠲᠣᠷᠭᠠᠵᠤ ᠬᠤᠷᠢᠶᠠᠵᠤ ᠠᠪᠤᠭᠰᠠᠨ ᠵᠣᠭᠤᠰ ᠮᠥᠩᠭᠦ ᠡᠳ᠋ ᠪᠣᠳᠠᠰ᠄ ᠪᠡᠯᠡᠨ ᠵᠣᠭᠤᠰ᠂ ᠦᠨᠡᠲᠦ | ᠫᠢᠶᠣᠣ ᠲᠡᠮᠳᠡᠭ᠂ ᠦᠨᠡᠲᠦ ᠲᠡᠮᠳᠡᠭᠲᠦ᠂ ᠬᠥᠳᠡᠯᠬᠦ ᠬᠦᠷᠦᠩᠭᠡ᠂ ᠦᠯᠦ ᠬᠥᠳᠡᠯᠬᠦ ᠬᠦᠷᠦᠩᠭᠡ ᠪᠠ ᠪᠤᠰᠤᠳ ᠡᠳ᠋ | ᠬᠦᠷᠦᠩᠭᠡ ᠶᠢᠨ ᠡᠷᠬᠡ ᠶᠢ ᠪᠠᠭᠲᠠᠭᠠᠨ᠎ᠠ᠂ ᠰᠢᠭᠦᠬᠦ ᠬᠤᠷᠢᠶ᠎ᠠ ᠬᠦᠴᠦᠨ ᠲᠠᠢ ᠪᠣᠯᠤᠭᠰᠠᠨ ᠬᠤᠶᠢᠨ᠎ᠠ | ᠵᠠᠭᠠᠯᠳᠤᠭᠳᠠᠭᠴᠢ ᠲᠠᠢ ᠬᠤᠯᠪᠣᠭᠳᠠᠬᠤ ᠬᠡᠷᠡᠭ ᠲᠤ ᠬᠤᠯᠪᠣᠭᠳᠠᠬᠤ ᠵᠣᠭᠤᠰ ᠮᠥᠩᠭᠦ ᠡᠳ᠋ ᠪᠣᠳᠠᠰ ᠢ ᠬᠠᠤᠯᠢ | ᠶᠣᠰᠣᠭᠠᠷ ᠲᠠᠰᠤᠯᠤᠨ ᠲᠣᠭᠲᠠᠭᠠᠨ᠎ᠠ︔ | ︵ᠳᠥᠷᠪᠡ︶ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ᠂ ᠲᠦᠷ ᠴᠠᠭ ᠤᠨ ᠪᠠᠶᠢᠭᠤᠯᠤᠮᠵᠢ ᠶᠢ | ᠬᠠᠰᠤᠭᠰᠠᠨ ᠤ ᠳᠠᠷᠠᠭᠠᠬᠢ ᠦᠯᠡᠳᠡᠪᠦᠷᠢ ᠬᠥᠷᠥᠩᠭᠡ︔ | ︵ᠲᠠᠪᠤ︶ ᠨᠡᠶᠢᠯᠡᠭᠦᠯᠦᠭᠰᠡᠨ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠢᠯᠡᠭᠦᠴᠡ ᠪᠡᠯᠡ | ᠬᠦᠷᠦᠩᠭᠡ ᠶᠢ ᠢᠯᠭᠠᠷᠠᠭᠤᠯᠤᠨ ᠪᠠᠶᠢᠴᠠᠭᠠᠵᠤ ᠬᠢᠨᠠᠨ ᠬᠠᠷᠭᠤᠭᠤᠯᠬᠤ︔ | ︵ᠵᠢᠷᠭᠤᠭ᠎ᠠ︶ᠲᠣᠭᠤᠷᠢᠭ ᠤᠨ ᠡᠳ᠋ ᠶᠢᠨ ᠵᠠᠰᠠᠭ ᠤᠨ ᠡᠭᠦᠷᠭᠡᠯᠡᠬᠦ ᠵᠠᠷᠤᠳᠠᠯ ᠢᠶᠠᠷ ᠡᠷᠬᠢᠯᠡᠭᠰᠡᠨ ᠴᠢᠬᠤᠯᠠ ᠶᠡᠭᠡ | ᠬᠤᠷᠠᠯ᠂ ᠲᠣᠮᠣ ᠬᠡᠯᠪᠡᠷᠢ ᠶᠢᠨ ᠠᠵᠢᠯᠯᠠᠭ᠎ᠠ ︵ᠪᠠᠶᠠᠷ ᠤᠨ ᠶᠣᠰᠣᠯᠠᠯ᠂ ᠪᠡᠶ᠎ᠡ ᠶᠢᠨ ᠲᠠᠮᠢᠷ ᠤᠨ ᠴᠤᠭᠯᠠᠭᠠᠨ᠂ | ᠦᠵᠡᠰᠬᠦᠯᠡᠩ᠂ ᠶᠠᠷᠢᠶᠠᠨ ᠤ ᠲᠠᠪᠴᠠᠩ᠂ ᠨᠡᠶᠢᠳᠡᠮ ᠪᠠᠶᠢᠴᠠᠭᠠᠯᠲᠠ ᠵᠡᠷᠭᠡ ᠪᠠᠭᠲᠠᠨ᠎ᠠ᠂ ᠳᠣᠷᠣᠭᠰᠢ ᠠᠳᠠᠯᠢ︶ | ᠨᠤᠭᠤᠳ ᠢ ᠡᠷᠭᠢᠯᠳᠦᠭᠦᠯᠦᠨ ᠬᠡᠷᠡᠭᠯᠡᠵᠦ ᠪᠣᠯᠬᠤ ᠡᠳ᠋ ᠬᠥᠷᠥᠩᠭᠡ ᠶᠢ ᠬᠤᠳᠠᠯᠳᠤᠨ ᠠᠪᠬᠤ ᠪᠤᠶᠤ ᠬᠦᠯᠢᠶᠡᠨ ᠠᠪᠬᠤ︔ | | ︵ᠲᠤᠯᠤᠭ᠎ᠠ︶ ᠠᠯᠪᠠᠨ ᠤ ᠡᠳ᠋ ᠪᠣᠳᠠᠰ ᠤᠨ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠬᠤ ᠶᠣᠰᠣᠲᠠᠢ | ᠪᠤᠰᠤᠳ ᠡᠳ᠋ ᠬᠦᠷᠦᠩᠭᠡ᠃ | ᠠᠷᠪᠡᠨᠨᠢᠭᠡ᠂ ᠠᠯᠪᠠᠨ ᠤ ᠡᠳ᠋ ᠪᠣᠳᠠᠰ ᠤᠨ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠤᠭᠰᠠᠨ ᠡᠳ᠋ | ᠬᠦᠷᠦᠩᠭᠡ ᠶᠢ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠄ | ︵ᠨᠢᠭᠡ︶ ᠳᠣᠣᠷ᠎ᠠ ᠠᠰᠢᠭᠯᠠᠮᠵᠢ ᠪᠠᠷ ᠠᠵᠢᠯᠯᠠᠭᠤᠯᠤᠭᠰᠠᠨ᠂ ᠤᠷᠲᠤ ᠬᠤᠭᠤᠴᠠᠭ᠎ᠠ ᠪᠠᠷ ᠰᠤᠯᠠ ᠲᠠᠯᠪᠢᠭᠰᠠᠨ | ᠪᠠ ᠪᠠᠷᠢᠮᠵᠢᠶ᠎ᠠ ᠠᠴᠠ ᠬᠡᠲᠦᠷᠡᠭᠦᠯᠦᠨ ᠲᠣᠬᠢᠷᠠᠭᠤᠯᠤᠭᠰᠠᠨ ᠡᠳ᠋ ᠬᠥᠷᠥᠩᠭᠡ᠃ ᠵᠠᠰᠠᠭ ᠵᠠᠬᠢᠷᠭᠠᠨ ᠠᠵᠢᠯ ᠦᠢᠯᠡᠰ ᠤᠨ | ᠨᠢᠭᠡᠴᠢ ᠵᠢᠯ ᠪᠦᠷᠢ ᠶᠢᠨ ᠵᠢᠯ ᠤᠨ ᠰᠡᠭᠦᠯᠴᠢ ᠳᠤ ᠡᠵᠡᠯᠡᠨ ᠬᠡᠷᠡᠭᠯᠡᠭᠰᠡᠨ ᠡᠳ᠋ ᠬᠥᠷᠥᠩᠭᠡ ᠶᠢ ᠢᠯᠭᠠᠷᠠᠭᠤᠯᠤᠨ | ᠪᠠᠶᠢᠴᠠᠭᠠᠵᠤ ᠲᠣᠭᠠᠯᠠᠨ ᠪᠦᠷᠢᠳᠬᠡᠬᠦ ᠶᠢᠨ ᠬᠠᠮᠲᠤ᠂ ᠳᠠᠷᠠᠭ᠎ᠠ ᠵᠢᠯ ᠤᠨ 3 ᠳ᠋ᠤᠭᠠᠷ ᠰᠠᠷ᠎ᠠ ᠶᠢᠨ 31 ᠤ ᠡᠳᠦᠷ ᠠᠴᠠ | ᠡᠮᠦᠨ᠎ᠡ ᠳᠣᠣᠷ᠎ᠠ ᠦᠷ᠎ᠡ ᠪᠦᠲᠦᠮᠵᠢᠲᠡᠶ ᠪᠠᠷ ᠠᠵᠢᠯᠯᠠᠭᠤᠯᠤᠭᠰᠠᠨ᠂ ᠤᠷᠲᠤ ᠬᠤᠭᠤᠴᠠᠭ᠎ᠠ ᠪᠠᠷ ᠰᠤᠯᠠ ᠲᠠᠯᠪᠢᠭᠰᠠᠨ | ᠪᠠ ᠪᠠᠷᠢᠮᠵᠢᠶ᠎ᠠ ᠠᠴᠠ ᠬᠡᠲᠦᠷᠡᠭᠦᠯᠦᠨ ᠲᠣᠬᠢᠷᠠᠭᠤᠯᠤᠭᠰᠠᠨ ᠡᠳ᠋ ᠬᠥᠷᠥᠩᠭᠡ ᠶᠢᠨ ᠨᠠᠷᠢᠨ ᠬᠠᠭᠤᠳᠠᠰᠤ ᠶᠢ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ᠂ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ ᠠᠴᠠ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠤᠭᠰᠠᠨ ᠤ ᠳᠡᠷᠠᠭ᠎ᠠ᠂ ᠠᠯᠪᠠᠨ ᠤ ᠡᠳ᠋ ᠪᠣᠳᠠᠰ ᠤᠨ | ᠬᠥᠮᠥᠷᠭᠡ ᠶᠢ ᠡᠷᠭᠢᠯᠳᠦᠭᠦᠯᠦᠨ ᠲᠣᠬᠢᠷᠠᠭᠤᠯᠤᠨ ᠬᠡᠷᠡᠭᠯᠡᠭᠰᠡᠨ ᠳᠤ ᠬᠠᠷᠢᠶᠠᠯᠠᠭᠳᠠᠪᠠᠯ᠂ ᠨᠢᠭᠡᠴᠢ ᠳᠤ ᠮᠡᠳᠡᠭᠳᠡᠨ 15 | ᠠᠵᠢᠯᠯᠠᠬᠤ ᠡᠳᠦᠷ ᠤᠨ ᠳᠣᠲᠣᠷ᠎ᠠ ᠰᠢᠯᠵᠢᠭᠦᠯᠦᠨ ᠲᠣᠬᠢᠷᠠᠭᠤᠯᠬᠤ ᠭᠠᠷᠳᠠᠮ ᠢ ᠭᠦᠢᠴᠡᠳᠬᠡᠬᠦ ᠪᠠᠷ ᠭᠤᠶᠤᠴᠢᠯᠠᠵᠤ᠂ | ᠠᠯᠪᠠᠨ ᠤ ᠡᠳ᠋ ᠪᠣᠳᠠᠰ ᠤᠨ ᠬᠥᠮᠥᠷᠭᠡ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠬᠡᠷᠡᠭᠲᠡᠶ︔ ᠪᠤᠰᠤᠳ ᠡᠳ᠋ | ᠬᠥᠷᠥᠩᠭᠡ ᠶᠢ ᠨᠢᠭᠡᠴᠢ ᠶᠢᠨ ᠲᠣᠭᠲᠠᠭᠰᠠᠨ ᠵᠢᠷᠤᠮ ᠶᠣᠰᠣᠭᠠᠷ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ | ᠰᠢᠢᠳᠪᠤᠷᠢᠯᠡᠨ᠎ᠡ᠃ | ᠬᠡᠷᠡᠭᠯᠡᠬᠦ ᠬᠤᠭᠤᠴᠠᠭ᠎ᠠ ᠨᠢ ᠣᠷᠳᠣ ᠬᠤᠭᠤᠴᠠᠭ᠎ᠠ ᠪᠠᠷ ᠰᠤᠯᠠ ᠪᠠᠶᠢᠯᠭᠠᠪᠠᠯ ᠠᠮᠠᠷᠬᠠᠨ ᠨᠥᠯᠥᠭᠡᠯᠡᠬᠦ | ᠡᠯᠧᠺᠲᠷᠣᠨ ᠲᠥᠬᠦᠭᠡᠷᠦᠮᠵᠢ ᠵᠡᠷᠭᠡ ᠡᠳ᠋ ᠬᠥᠷᠥᠩᠭᠡ ᠶᠢ ᠪᠣᠯ᠂ ᠨᠢᠭᠡᠴᠢ ᠶᠢᠨ ᠣᠨ ᠤ ᠳᠤᠮᠳᠠ ᠴᠠᠭ ᠲᠤᠬᠠᠶ ᠳᠤᠨᠢ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠰᠢᠯᠵᠢᠭᠦᠯᠦᠨ ᠳᠣᠭᠢᠷᠠᠭᠤᠯᠬᠤ ᠭᠠᠷᠳᠠᠮ ᠭᠦᠢᠴᠡᠳᠭᠡᠬᠦ ᠪᠠᠷ | ᠭᠤᠶᠤᠴᠢᠯᠠᠵᠤ᠂ ᠨᠡᠶᠢᠲᠡ ᠶᠢᠨ ᠡᠳ᠋ ᠪᠣᠳᠠᠰ ᠤᠨ ᠬᠥᠮᠥᠷᠭᠡ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ | ᠬᠡᠷᠡᠭᠲᠡᠶ᠃ | ︵ᠬᠤᠶᠠᠷ︶ ᠰᠢᠨᠡᠳᠬᠡᠭᠰᠡᠨ᠂ ᠰᠢᠭᠰᠢᠭᠳᠡᠭᠦᠯᠦᠭᠰᠡᠨ ᠤ ᠳᠠᠷᠠᠭ᠎ᠠ ᠮᠥᠨ ᠯᠡ ᠬᠡᠷᠡᠭᠯᠡᠬᠦ ᠥᠷᠲᠡᠭ ᠲᠠᠢ ᠡᠳ᠋ | ᠬᠥᠷᠥᠩᠭᠡ᠃ ᠨᠢᠭᠡᠴᠢ ᠠᠴᠠ ᠰᠢᠨ᠎ᠡ ᠡᠳ᠋ ᠬᠥᠷᠥᠩᠭᠡ ᠬᠤᠳᠠᠯᠳᠤᠨ ᠠᠪᠤᠭᠰᠠᠨ ᠡᠳᠦᠷ ᠠᠴᠠ ᠡᠬᠢᠯᠡᠨ 15 | ᠠᠵᠢᠯᠯᠠᠬᠤ ᠡᠳᠦᠷ ᠤᠨ ᠳᠣᠲᠣᠷ᠎ᠠ ᠬᠠᠭᠤᠴᠢᠨ ᠡᠳ᠋ ᠬᠥᠷᠥᠩᠭᠡ ᠶᠢᠨ ᠨᠠᠷᠢᠨ ᠬᠠᠭᠤᠳᠠᠰᠤ ᠶᠢ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ | ᠲᠤᠬᠠᠶ ᠶᠢᠨ ᠲᠠᠯᠠᠪᠠᠶ ᠳᠤ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠯᠪᠠᠨ ᠤ ᠡᠳ᠋ ᠪᠣᠳᠠᠰ ᠤᠨ ᠬᠥᠮᠥᠷᠭᠡ ᠶᠢᠨ | ᠡᠷᠭᠢᠯᠳᠦᠭᠦᠯᠦᠨ ᠳᠣᠭᠢᠷᠠᠭᠤᠯᠤᠨ ᠬᠡᠷᠡᠭᠯᠡᠬᠦ ᠳᠤ ᠬᠠᠷᠢᠶᠠᠯᠠᠭᠳᠠᠪᠠᠯ᠂ ᠨᠢᠭᠡᠴᠢ ᠳᠡᠭᠡᠨ ᠮᠡᠳᠡᠭᠳᠡᠵᠦ 15 ᠠᠵᠢᠯᠯᠠᠬᠤ | ᠡᠳᠦᠷ ᠤᠨ ᠳᠣᠲᠣᠷ᠎ᠠ ᠰᠢᠯᠵᠢᠭᠦᠯᠦᠨ ᠳᠣᠭᠢᠷᠠᠭᠤᠯᠬᠤ ᠭᠠᠷᠳᠠᠮ ᠭᠦᠢᠴᠡᠳᠭᠡᠬᠦ ᠪᠠᠷ ᠭᠤᠶᠤᠴᠢᠯᠠᠵᠤ᠂ ᠠᠯᠪᠠᠨ ᠤ ᠡᠳ᠋ | ᠪᠣᠳᠠᠰ ᠤᠨ ᠬᠥᠮᠥᠷᠭᠡ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠬᠡᠷᠡᠭᠲᠡᠶ︔ ᠪᠤᠰᠤᠳ ᠡᠳ᠋ ᠬᠥᠷᠥᠩᠭᠡ ᠶᠢ | ᠨᠢᠭᠡᠴᠢ ᠲᠣᠭᠲᠠᠭᠰᠠᠨ ᠵᠢᠷᠤᠮ ᠶᠣᠰᠣᠭᠠᠷ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠰᠢᠢᠳᠪᠤᠷᠢᠯᠡᠨ᠎ᠡ᠃ | ︵ᠭᠤᠷᠪᠠ︶ ᠬᠡᠷᠡᠭ ᠲᠤ ᠬᠤᠯᠪᠣᠭᠳᠠᠭᠰᠠᠨ ᠪᠠ ᠲᠣᠷᠭᠠᠵᠤ ᠬᠤᠷᠢᠶᠠᠭᠰᠠᠨ ᠡᠳ᠋ ᠪᠣᠳᠠᠰ᠃ | 1 . ᠨᠡᠶᠢᠲᠡ ᠶᠢᠨ ᠡᠳ᠋ ᠪᠣᠳᠠᠰ ᠤᠨ ᠬᠥᠮᠥᠷᠭᠡ ᠶᠢᠨ ᠡᠷᠭᠢᠯᠳᠦᠭᠦᠯᠦᠨ ᠲᠣᠬᠢᠷᠠᠭᠤᠯᠤᠨ ᠬᠡᠷᠡᠭᠯᠡᠵᠦ ᠪᠣᠯᠬᠤ | ᠡᠳ᠋ ᠬᠥᠷᠥᠩᠭᠡ ᠳᠤ ᠬᠠᠷᠢᠶᠠᠯᠠᠭᠳᠠᠪᠠᠯ᠂ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠬᠡᠷᠡᠭᠵᠢᠭᠦᠯᠬᠦ ᠨᠢᠭᠡᠴᠢ ᠠᠴᠠ | ᠬᠡᠷᠡᠭ ᠢ ᠳᠠᠭᠤᠰᠬᠠᠭᠰᠠᠨ ᠤ ᠳᠠᠷᠠᠭᠠᠬᠢ 1 ᠰᠠᠷ᠎ᠠ ᠶᠢᠨ ᠳᠣᠲᠣᠷ᠎ᠠ ᠲᠣᠷᠭᠠᠵᠤ ᠬᠤᠷᠢᠶᠠᠮᠵᠢᠯᠠᠭᠰᠠᠨ ᠡᠳ᠋ ᠪᠣᠳᠠᠰ᠂ | ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠳᠡᠩᠰᠡᠯᠡᠨ ᠲᠡᠮᠳᠡᠭᠯᠡᠵᠦ᠂ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠬᠡᠷ ᠠᠴᠠ ᠲᠤᠬᠠᠶ ᠶᠢᠨ ᠲᠠᠯᠠᠪᠠᠶ ᠳᠤ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠠᠤᠯᠢ ᠬᠡᠷᠡᠭᠵᠢᠭᠦᠯᠬᠦ | ᠰᠠᠬᠢᠯᠭ᠎ᠠ ᠪᠠᠲᠤ ᠬᠡᠷᠡᠭᠵᠢᠭᠦᠯᠬᠦ ᠨᠢᠭᠡᠴᠢ ᠠᠴᠠ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠯᠦᠭᠡ ᠡᠳ᠋ | ᠬᠥᠷᠥᠩᠭᠡ ᠪᠠᠨ ᠲᠤᠰᠢᠶᠠᠵᠤ ᠭᠥᠯᠢᠶᠡᠨ ᠠᠪᠤᠭᠰᠠᠨ ᠨᠠᠷᠢᠨ ᠬᠠᠭᠤᠳᠠᠰᠤ ᠶᠢ ᠲᠠᠭᠯᠠᠨ ᠪᠢᠴᠢᠵᠦ ᠭᠠᠷ ᠤᠨ ᠥᠰᠥᠭ | ᠵᠢᠷᠤᠵᠤ ᠲᠠᠮᠠᠭ᠎ᠠ ᠳᠠᠷᠤᠭᠰᠠᠨ ᠤ ᠳᠠᠷᠠᠭ᠎ᠠ᠂ 15 ᠠᠵᠢᠯᠯᠠᠬᠤ ᠡᠳᠦᠷ ᠤᠨ ᠳᠣᠲᠣᠷ᠎ᠠ ᠲᠣᠷᠭᠠᠵᠤ ᠬᠤᠷᠢᠶᠠᠮᠵᠢᠯᠠᠭᠰᠠᠨ | ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠲᠣᠭᠤᠷᠢᠭ ᠤᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠨᠡᠶᠢᠲᠡ ᠶᠢᠨ ᠡᠳ᠋ ᠪᠣᠳᠠᠰ ᠤᠨ ᠬᠥᠮᠥᠷᠭᠡ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠶᠢᠨ | ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠡᠳ᠋ ᠬᠥᠷᠥᠩᠭᠡ ᠪᠠᠨ ᠲᠤᠰᠢᠶᠠᠵᠤ ᠭᠥᠯᠢᠶᠡᠨ ᠠᠪᠤᠭᠰᠠᠨ ᠨᠠᠷᠢᠨ | ᠬᠠᠭᠤᠳᠠᠰᠤ ᠶᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | 2 . ᠪᠠᠶᠢᠴᠠᠭᠠᠨ ᠦᠯᠡᠳᠡᠭᠡᠭᠰᠡᠨ ᠲᠣᠷᠭᠠᠵᠤ ᠬᠤᠷᠢᠶᠠᠮᠵᠢᠯᠠᠭᠰᠠᠨ ᠣᠷᠣᠯᠭ᠎ᠠ ︵ᠪᠡᠯᠡᠨ ᠵᠣᠭᠤᠰ︶ ᠶᠢ ᠬᠠᠤᠯᠢ | ᠬᠡᠷᠡᠭᠵᠢᠭᠦᠯᠵᠦ ᠰᠠᠬᠢᠯᠭ᠎ᠠ ᠪᠠᠲᠤ ᠬᠡᠷᠡᠭᠵᠢᠭᠦᠯᠬᠦ ᠨᠢᠭᠡᠴᠢ ᠠᠴᠠ ᠬᠡᠷᠡᠭ ᠲᠤ ᠬᠤᠯᠪᠣᠭᠳᠠᠭᠰᠠᠨ ᠬᠥᠮᠦᠰ ᠯᠦᠭᠡ ᠴᠠᠭ | ᠲᠤᠬᠠᠶ ᠳᠤᠨᠢ ᠢᠯᠭᠠᠨ ᠲᠠᠨᠢᠭᠤᠯᠬᠤ ᠪᠤᠶᠤ ᠨᠤᠲᠠᠯᠠᠵᠤ᠂ ᠢᠷᠡᠯᠲᠡ ᠪᠠ ᠡᠷᠬᠡ ᠶᠢᠨ ᠬᠠᠷᠢᠶ᠎ᠠ ᠶᠢᠨ ᠪᠠᠶᠢᠳᠠᠯ ᠢ ᠨᠢ | ᠪᠠᠶᠢᠴᠠᠭᠠᠨ ᠳᠣᠲᠣᠯᠠᠬᠤ ᠶᠢᠨ ᠬᠠᠮᠲᠤ᠂ ᠬᠠᠤᠯᠢ ᠬᠡᠷᠡᠭᠵᠢᠭᠦᠯᠵᠦ ᠰᠠᠬᠢᠯᠭ᠎ᠠ ᠪᠠᠲᠤ ᠬᠡᠷᠡᠭᠵᠢᠭᠦᠯᠬᠦ ᠨᠢᠭᠡᠴᠢ ᠠᠴᠠ | ᠲᠡᠭᠦᠨ ᠤ ᠦᠨᠡᠨ ᠬᠤᠳᠠᠯ ᠵᠢᠴᠢ ᠦᠨ᠎ᠡ ᠥᠷᠲᠡᠭ ᠢ ᠬᠠᠤᠯᠢ ᠶᠣᠰᠣᠭᠠᠷ ᠬᠢᠨᠠᠨ ᠲᠣᠭᠲᠠᠭᠠᠨ᠎ᠠ᠃ ᠰᠢᠯᠭᠠᠨ | ᠲᠣᠭᠲᠠᠭᠠᠭᠰᠠᠨ ᠤ ᠳᠠᠷᠠᠭ᠎ᠠ ᠪᠦᠬᠦᠨ ᠢ ᠲᠣᠷᠭᠠᠵᠤ ᠬᠤᠷᠢᠶᠠᠮᠵᠢᠯᠠᠭᠰᠠᠨ ᠣᠷᠣᠯᠭ᠎ᠠ ︵ᠪᠡᠯᠡᠨ ᠵᠣᠭᠤᠰ︶ ᠭᠡᠵᠦ | ᠨᠤᠲᠠᠯᠠᠭᠰᠠᠨ ᠪᠠᠶᠢᠪᠠᠯ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠵᠤ ᠲᠤᠰᠢᠶᠠᠯᠭᠠᠬᠤ | ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠪᠥᠬᠦ ᠲᠤᠭ᠎ᠠ ᠪᠠᠷ ᠨᠢ ᠤᠯᠤᠰ ᠤᠨ | ᠬᠥᠮᠥᠷᠭᠡ ᠳᠤ ᠲᠤᠰᠢᠶᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠬᠤ | ᠬᠡᠷᠡᠭᠲᠡᠶ︔ | ᠬᠠᠤᠯᠢ ᠬᠡᠷᠡᠭᠵᠢᠭᠦᠯᠵᠦ ᠰᠠᠬᠢᠯᠭ᠎ᠠ ᠪᠠᠲᠤ ᠬᠡᠷᠡᠭᠵᠢᠭᠦᠯᠬᠦ ᠨᠢᠭᠡᠴᠢ ᠪᠠᠶᠢᠴᠠᠭᠠᠨ ᠦᠯᠡᠳᠡᠭᠡᠭᠰᠡᠨ ᠲᠣᠷᠭᠠᠵᠤ | ᠬᠤᠷᠢᠶᠠᠮᠵᠢᠯᠠᠭᠰᠠᠨ ᠣᠷᠣᠯᠭ᠎ᠠ ︵ᠪᠡᠯᠡᠨ ᠵᠣᠭᠤᠰ︶ ᠶᠢ ᠲᠦᠷ ᠴᠠᠭ ᠪᠠᠶᠢᠴᠠᠭᠠᠨ ᠳᠣᠲᠣᠯᠠᠬᠤ ᠶᠢᠨ ᠠᠷᠭ᠎ᠠ ᠥᠬᠡᠶ | ᠪᠣᠯ᠂ ᠨᠡᠶᠢᠲᠡ ᠶᠢᠨ ᠡᠳ᠋ ᠪᠣᠳᠠᠰ ᠤᠨ ᠬᠥᠮᠥᠷᠭᠡ ᠳᠤ ᠲᠦᠷ ᠲᠤᠰᠢᠶᠠᠨ ᠬᠠᠮᠢᠶᠠᠷᠤᠭᠤᠯᠵᠤ᠂ ᠬᠠᠤᠯᠢ ᠬᠡᠷᠡᠭᠵᠢᠭᠦᠯᠵᠦ | ᠰᠠᠬᠢᠯᠭ᠎ᠠ ᠪᠠᠲᠤ ᠬᠡᠷᠡᠭᠵᠢᠭᠦᠯᠬᠦ ᠨᠢᠭᠡᠴᠢ ᠲᠡᠭᠦᠨ ᠤ ᠦᠨᠡᠨ ᠬᠤᠳᠠᠯ ᠵᠢᠴᠢ ᠦᠨ᠎ᠡ ᠥᠷᠲᠡᠭ ᠢ ᠬᠠᠤᠯᠢ ᠶᠣᠰᠣᠭᠠᠷ | ᠬᠢᠨᠠᠨ ᠲᠣᠭᠲᠠᠭᠠᠭᠰᠠᠨ ᠤ ᠳᠠᠷᠠᠭ᠎ᠠ᠂ ᠲᠣᠷᠭᠠᠵᠤ ᠬᠤᠷᠢᠶᠠᠮᠵᠢᠯᠠᠭᠰᠠᠨ ᠣᠷᠣᠯᠭ᠎ᠠ ︵ᠪᠡᠯᠡᠨ ᠵᠣᠭᠤᠰ︶ ᠳᠤ | ᠬᠠᠷᠢᠶᠠᠯᠠᠭᠳᠠᠬᠤ ᠶᠢ ᠨᠤᠲᠠᠯᠠᠭᠰᠠᠨ ᠬᠡᠰᠡᠭ ᠢ ᠨᠢ ᠴᠠᠭ ᠲᠤᠬᠠᠶ ᠳᠤᠨᠢ ᠤᠯᠤᠰ ᠤᠨ ᠬᠥᠮᠥᠷᠭᠡ ᠳᠤ ᠲᠤᠰᠢᠶᠠᠵᠤ᠂ | ᠡᠩ ᠤᠨ ᠣᠯᠠᠨ ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠨ᠎ᠠ᠂ ᠲᠣᠷᠭᠠᠵᠤ ᠬᠤᠷᠢᠶᠠᠮᠵᠢᠯᠠᠭᠰᠠᠨ | ᠣᠷᠣᠯᠭ᠎ᠠ ︵ᠪᠡᠯᠡᠨ ᠵᠣᠭᠤᠰ︶ ᠳᠤ ᠬᠠᠷᠢᠶᠠᠯᠠᠭᠳᠠᠬᠤ ᠥᠬᠡᠶ ᠬᠡᠰᠡᠭ ᠢ ᠨᠢ ᠬᠠᠤᠯᠢ ᠬᠡᠷᠡᠭᠵᠢᠭᠦᠯᠵᠦ ᠰᠠᠬᠢᠯᠭ᠎ᠠ ᠪᠠᠲᠤ | ᠬᠡᠷᠡᠭᠵᠢᠭᠦᠯᠬᠦ ᠨᠢᠭᠡᠴᠢ ᠳᠤ ᠪᠤᠴᠠᠭᠠᠬᠤ ᠬᠡᠷᠡᠭᠲᠡᠶ᠃ | 3 . ᠲᠤᠰᠬᠠᠶ ᠬᠠᠮᠢᠶᠠᠷᠬᠤ ᠪᠠᠶᠢᠭᠤᠯᠭ᠎ᠠ ᠶᠢᠨ ᠬᠠᠮᠢᠶᠠᠷᠴᠤ ᠪᠠᠶᠢᠭ᠎ᠠ ᠪᠤᠶᠤ ᠲᠤᠰᠬᠠᠶ ᠡᠵᠡᠩᠨᠡᠵᠦ ᠪᠠᠶᠢᠭ᠎ᠠ | ᠠᠵᠤ ᠠᠬᠤᠶᠢᠯᠠᠯ ᠤᠨ ᠡᠵᠡᠩᠨᠡᠵᠦ ᠪᠠᠶᠢᠭ᠎ᠠ ᠡᠳ᠋ ᠪᠣᠳᠠᠰ ︵ᠡᠮ ᠤᠨ ᠵᠦᠢᠯ ᠵᠡᠷᠭᠡ ᠲᠤᠰᠬᠠᠶ ᠬᠠᠮᠢᠶᠠᠷᠴᠤ ᠪᠠᠶᠢᠭ᠎ᠠ | ᠡᠳ᠋ ᠪᠣᠳᠠᠰ᠂ ᠠᠷᠠᠳ ᠲᠦᠮᠡᠨ ᠤ ᠡᠷᠡᠭᠦᠯ ᠮᠡᠨᠳᠦ ᠪᠠ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ | ᠤᠴᠠᠷᠠᠭᠤᠯᠬᠤ ᠡᠳ᠋ ᠪᠣᠳᠠᠰ᠂ ᠬᠠᠭᠤᠷᠮᠠᠭ ᠮᠠᠭᠤ ᠲᠠᠸᠠᠷ ᠵᠡᠷᠭᠡ ᠪᠠᠭᠲᠠᠨ᠎ᠠ︶ ᠢ ᠤᠯᠤᠰ᠂ ᠥᠪᠡᠷᠲᠡᠭᠡᠨ ᠵᠠᠰᠠᠬᠤ | ᠣᠷᠣᠨ᠂ ᠪᠤᠭᠤᠲᠤ ᠬᠤᠲᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ | ᠰᠢᠢᠳᠪᠤᠷᠢᠯᠡᠨ᠎ᠡ᠃ ᠬᠤᠳᠠᠯᠳᠤᠬᠤ ᠳᠤ ᠬᠦᠴᠢᠷᠲᠡᠶ ᠮᠥᠷᠲᠡᠭᠡᠨ ᠠᠵᠤ ᠠᠬᠤᠶ ᠶᠢᠨ ᠦᠨ᠎ᠡ ᠥᠷᠲᠡᠭ ᠦᠭᠡᠶ ᠪᠤᠶᠤ | ᠪᠤᠰᠤᠳ ᠦᠨ᠎ᠡ ᠥᠷᠲᠡᠭ ᠦᠭᠡᠶ ᠶᠢ ᠨᠢ ᠬᠠᠤᠯᠢ ᠬᠡᠷᠡᠭᠵᠢᠭᠦᠯᠬᠦ ᠪᠠᠶᠢᠭᠤᠯᠤᠯᠭ᠎ᠠ ᠤᠰᠠᠳᠬᠠᠵᠤ ᠪᠣᠯᠤᠨ᠎ᠠ᠃ | ︵ᠳᠥᠷᠪᠡ︶ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ᠂ ᠲᠦᠷ ᠴᠠᠭ ᠤᠨ ᠪᠠᠶᠢᠭᠤᠯᠤᠮᠵᠢ ᠶᠢ | ᠬᠠᠰᠤᠭᠰᠠᠨ ᠤ ᠳᠠᠷᠠᠭᠠᠬᠢ ᠦᠯᠡᠳᠡᠪᠦᠷᠢ ᠬᠥᠷᠥᠩᠭᠡ᠃ ᠨᠢᠭᠡᠴᠢ ᠠᠴᠠ ᠲᠣᠭᠲᠠᠭᠠᠯ ᠶᠣᠰᠣᠭᠠᠷ ᠢᠯᠭᠠᠷᠠᠭᠤᠯᠤᠨ | ᠪᠤᠳᠤᠭᠰᠠᠨ ᠮᠡᠳᠡᠭᠦᠯᠦᠯᠲᠡ ᠨᠠᠶᠢᠷᠠᠭᠤᠯᠤᠨ ᠵᠣᠬᠢᠶᠠᠵᠤ ︵ᠲᠤᠰᠠᠭᠠᠷ ᠪᠤᠰᠤ ᠲᠣᠭᠠᠴᠠᠭ᠎ᠠ ᠬᠢᠬᠦ ᠨᠢᠭᠡᠴᠢ ᠶᠢ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠳ᠋ ᠬᠥᠷᠥᠩᠭᠡ ᠶᠢ ᠰᠢᠢᠳᠪᠤᠷᠢᠯᠡᠬᠦ ᠲᠥᠰᠦᠯ ᠢᠶᠠᠨ ᠳᠤᠷᠠᠳᠤᠨ | ᠭᠠᠷᠭᠠᠨ᠎ᠠ︶ ᠠᠴᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ | ᠳᠠᠷᠠᠭ᠎ᠠ᠂ 15 ᠠᠵᠢᠯᠯᠠᠬᠤ ᠡᠳᠦᠷ ᠤᠨ ᠳᠣᠲᠣᠷ᠎ᠠ ᠰᠢᠯᠵᠢᠭᠦᠯᠦᠨ ᠳᠣᠭᠢᠷᠠᠭᠤᠯᠬᠤ ᠭᠠᠷᠳᠠᠮ ᠢ ᠭᠦᠢᠴᠡᠳᠭᠡᠬᠦ ᠪᠠᠷ | ᠭᠤᠶᠤᠴᠢᠯᠠᠵᠤ᠂ ᠨᠡᠶᠢᠲᠡ ᠶᠢᠨ ᠡᠳ᠋ ᠪᠣᠳᠠᠰ ᠤᠨ ᠬᠥᠮᠥᠷᠭᠡ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ | ᠬᠡᠷᠡᠭᠲᠡᠶ᠃ | ︵ᠲᠠᠪᠤ︶ ᠨᠡᠶᠢᠯᠡᠭᠦᠯᠦᠭᠰᠡᠨ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠢᠯᠡᠭᠦᠴᠡ ᠪᠡᠯᠡ | ᠬᠦᠷᠦᠩᠭᠡ ᠶᠢ ᠢᠯᠭᠠᠷᠠᠭᠤᠯᠤᠨ ᠪᠠᠶᠢᠴᠠᠭᠠᠵᠤ ᠬᠢᠨᠠᠨ ᠬᠠᠷᠭᠤᠭᠤᠯᠬᠤ᠃ ᠨᠡᠶᠢᠯᠡᠭᠦᠯᠦᠭᠰᠡᠨ ᠤ ᠳᠠᠷᠠᠭᠠᠬᠢ ᠨᠢᠭᠡᠴᠡ ᠠᠴᠠ | ᠨᠡᠶᠢᠯᠡᠭᠦᠯᠦᠨ ᠲᠣᠬᠢᠷᠠᠭᠤᠯᠤᠯᠲᠠ ᠬᠢᠵᠦ ᠳᠠᠭᠤᠰᠤᠭᠰᠠᠨ ᠤ ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ | ᠰᠢᠯᠵᠢᠭᠦᠯᠦᠨ ᠲᠣᠬᠢᠷᠠᠭᠤᠯᠬᠤ ᠭᠠᠷᠳᠠᠮ ᠭᠦᠢᠴᠡᠳᠭᠡᠬᠦ ᠪᠠᠷ ᠭᠤᠶᠤᠴᠢᠯᠠᠵᠤ᠂ ᠨᠡᠶᠢᠲᠡ ᠶᠢᠨ ᠡᠳ᠋ ᠪᠣᠳᠠᠰ ᠤᠨ | ᠬᠥᠮᠥᠷᠭᠡ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠬᠡᠷᠡᠭᠲᠡᠶ᠃ | ︵ᠵᠢᠷᠭᠤᠭ᠎ᠠ︶ᠵᠢᠤ ᠶᠤᠸᠠᠨ ᠲᠣᠭᠤᠷᠢᠭ ᠤᠨ ᠵᠠᠰᠠᠭ ᠤᠨ ᠣᠷᠳᠣᠨ ᠠᠴᠠ ᠡᠷᠬᠢᠯᠡᠭᠰᠡᠨ ᠴᠢᠬᠤᠯᠠ ᠶᠡᠭᠡ | ᠬᠤᠷᠠᠯ᠂ ᠲᠣᠮᠣ ᠬᠡᠯᠪᠡᠷᠢ ᠶᠢᠨ ᠠᠵᠢᠯᠯᠠᠭ᠎ᠠ ᠪᠠᠷ ᠬᠤᠳᠠᠯᠳᠤᠨ ᠠᠪᠤᠭᠰᠠᠨ ᠪᠤᠶᠤ ᠲᠤᠰᠠᠯᠠᠨ ᠬᠦᠷᠭᠡᠭᠰᠡᠨ | ᠡᠷᠭᠢᠯᠳᠦᠭᠦᠯᠦᠨ ᠬᠡᠷᠡᠭᠯᠡᠵᠦ ᠪᠣᠯᠬᠤ ᠡᠳ᠋ ᠬᠥᠷᠥᠩᠭᠡ᠃ ᠭᠤᠤᠯᠯᠠᠨ ᠡᠷᠭᠢᠯᠡᠭᠰᠡᠨ ᠨᠢᠭᠡᠴᠢ ᠠᠴᠠ ᠬᠠᠷᠢᠭᠤᠴᠠᠨ | ᠪᠠᠶᠢᠴᠠᠭᠠᠵᠤ ᠲᠣᠭᠠᠯᠠᠨ ᠪᠦᠷᠢᠳᠬᠡᠵᠦ᠂ ᠠᠵᠢᠯᠯᠠᠭ᠎ᠠ ᠳᠠᠭᠤᠰᠤᠭᠰᠠᠨ ᠤ ᠳᠠᠷᠠᠭ᠎ᠠ 15 ᠠᠵᠢᠯᠯᠠᠬᠤ ᠡᠳᠦᠷ ᠤᠨ | ᠳᠣᠲᠣᠷ᠎ᠠ ᠰᠢᠯᠵᠢᠭᠦᠯᠦᠨ ᠥᠭᠬᠦ ᠭᠠᠷᠳᠠᠮ ᠬᠦᠢᠴᠡᠳᠭᠡᠬᠦ ᠪᠠᠷ ᠭᠤᠶᠤᠴᠢᠯᠠᠵᠤ᠂ ᠨᠡᠶᠢᠲᠡ ᠶᠢᠨ ᠡᠳ᠋ ᠪᠣᠳᠠᠰ ᠤᠨ | ᠬᠥᠮᠥᠷᠭᠡ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠬᠡᠷᠡᠭᠲᠡᠶ᠃ | ︵ᠲᠤᠯᠤᠭ᠎ᠠ︶ ᠠᠯᠪᠠᠨ ᠤ ᠡᠳ᠋ ᠪᠣᠳᠠᠰ ᠤᠨ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠬᠤ ᠶᠣᠰᠣᠲᠠᠢ | ᠪᠤᠰᠤᠳ ᠡᠳ᠋ ᠬᠦᠷᠦᠩᠭᠡ᠃ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠬᠢᠨᠠᠨ ᠵᠥᠪᠰᠢᠶᠡᠷᠡᠭᠦᠯᠬᠦ ᠭᠠᠷᠳᠠᠮ ᠢ | ᠭᠦᠢᠴᠡᠳᠬᠡᠭᠰᠡᠨ ᠤ ᠳᠠᠷᠠᠭ᠎ᠠ 15 ᠠᠵᠢᠯᠯᠠᠬᠤ ᠡᠳᠦᠷ ᠤᠨ ᠳᠣᠲᠣᠷ᠎ᠠ᠂ ᠨᠡᠶᠢᠲᠡ ᠶᠢᠨ ᠪᠣᠳᠠᠰ ᠤᠨ ᠬᠥᠮᠥᠷᠭᠡ ᠳᠤ | ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠬᠡᠷᠡᠭᠲᠡᠶ᠃ | ᠠᠷᠪᠠᠨ ᠬᠤᠶᠠᠷ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠣᠰ ᠠᠷᠭ᠎ᠠ ᠶᠢᠨ ᠠᠷᠪᠠᠨ ᠨᠢᠭᠡ | ᠵᠦᠢᠯ ᠤᠨ ︵ᠨᠢᠭᠡ︶ ᠠᠴᠠ ︵ᠭᠤᠷᠪᠠ︶ ᠬᠦᠷᠲᠡᠯᠡᠬᠢ ᠡᠳ᠋ ᠬᠥᠷᠥᠩᠭᠡ ᠶᠢ ᠬᠢᠨᠠᠨ ᠬᠠᠷᠭᠤᠭᠤᠯᠤᠭᠠᠳ ᠲᠠᠰᠢᠶ᠎ᠠ | ᠥᠬᠡᠶ ᠪᠣᠯᠤᠭᠰᠠᠨ ᠤ ᠳᠠᠷᠠᠭ᠎ᠠ᠂ ᠴᠡᠪᠡᠷᠯᠡᠨ ᠲᠡᠭᠡᠭᠡᠪᠦᠷᠢᠯᠡᠬᠦ᠂ ᠰᠢᠯᠵᠢᠭᠦᠯᠦᠨ ᠥᠭᠬᠦ ᠭᠠᠷᠳᠠᠮ ᠢ ᠰᠢᠭᠤᠳ ᠵᠣᠬᠢᠶᠠᠨ | ᠪᠠᠶᠢᠭᠤᠯᠵᠤ ᠠᠰ ᠲᠤᠨᠢ ᠬᠦᠢᠴᠡᠳᠭᠡᠵᠤ ᠪᠣᠯᠤᠨ᠎ᠠ︔ | ᠲᠥᠪᠯᠡᠷᠡᠭᠦᠯᠬᠦ ᠳᠤ ᠵᠤᠬᠢᠰ ᠦᠭᠡᠢ ᠪᠤᠶᠤ ᠥᠪᠡᠷ ᠤᠨ ᠦᠷᠳᠡᠭ ᠨᠢ ᠭᠡᠳᠤ ᠥᠨᠳᠥᠷ ᠡᠳ᠋ ᠪᠣᠳᠠᠰ ᠢ | ᠰᠢᠯᠵᠢᠭᠦᠯᠦᠨ ᠥᠭᠬᠦ ᠭᠠᠷ ᠭᠦᠢᠴᠡᠳᠬᠡᠯ ᠬᠢᠭᠰᠡᠨ ᠤ ᠲᠠᠷᠠᠭ᠎ᠠ᠂ ᠤᠤᠯ ᠤᠨ ᠨᠢᠭᠡᠴᠢ ᠨᠢ ᠲᠦᠷ ᠴᠠᠭ ᠬᠠᠳᠠᠭᠠᠯᠠᠨ | ᠬᠠᠮᠢᠶᠠᠷᠴᠤ ᠪᠣᠯᠤᠨ᠎ᠠ᠃ | ᠠᠷᠪᠠᠨ ᠭᠤᠷᠪᠠ᠂ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠳᠤ ᠰᠢᠯᠵᠢᠭᠦᠯᠦᠨ ᠲᠤᠰᠢᠶᠠᠬᠤ | ᠶᠣᠰᠣᠲᠠᠶ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠶᠢ ᠲᠡᠪᠴᠢᠪᠡᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ | ᠳᠠᠷᠠᠭ᠎ᠠ ᠵᠢᠯ ᠤᠨ ᠡᠳ᠋ ᠬᠥᠷᠥᠩᠭᠡ ᠶᠢᠨ ᠲᠣᠬᠢᠷᠠᠭᠤᠯᠤᠯᠲᠠ ᠪᠤᠶᠤ ᠪᠡᠯᠡ ᠮᠥᠩᠭᠦ ᠶᠢᠨ ᠲᠥᠰᠦᠪ ᠤᠨ | ᠲᠣᠬᠢᠷᠠᠭᠤᠯᠤᠯᠲᠠ ᠳᠤ ᠰᠠᠭᠤᠯᠭᠠᠨ ᠬᠠᠰᠤᠬᠤ ᠬᠡᠷᠡᠭᠲᠡᠶ᠃ | ᠠᠷᠪᠠᠨ ᠳᠦᠷᠪᠡ᠂ ᠰᠢᠯᠵᠢᠭᠦᠯᠦᠨ ᠲᠤᠰᠢᠶᠠᠬᠤ ᠨᠢᠭᠡᠴᠢ ᠨᠢ ᠡᠳ᠋ ᠬᠥᠷᠥᠩᠭᠡ ᠶᠢᠨ ᠪᠦᠷᠢᠨ ᠪᠦᠲᠦᠨ ᠴᠢᠨᠠᠷ | ᠪᠠ ᠬᠡᠷᠡᠭᠯᠡᠵᠦ ᠪᠣᠯᠬᠤ ᠴᠢᠨᠠᠷ ᠢ ᠦᠨᠡᠨᠬᠦ ᠪᠠᠲᠤᠯᠠᠬᠤ ᠶᠢᠨ ᠬᠠᠮᠲᠤ ᠬᠠᠮᠢᠶ᠎ᠠ ᠪᠦᠬᠦᠢ ᠥᠷᠲᠡᠭ ᠤᠨ ᠭᠡᠷᠡᠴᠢ ᠪᠠᠷᠢᠮᠲᠠ ︵ | ᠵᠢᠱᠢᠶᠡᠯᠡᠪᠡᠯ ᠪᠠᠷᠠᠭ᠎ᠠ ᠬᠤᠳᠠᠯᠳᠤᠨ ᠠᠪᠤᠭᠰᠠᠨ ᠪᠠᠷᠢᠮᠲᠠ᠂ ᠳᠠᠩᠰᠠᠯᠠᠭᠰᠠᠨ ᠭᠡᠷᠡᠴᠢ ᠪᠠᠷᠢᠮᠲᠠ ᠶᠢᠨ ᠪᠠᠭᠤᠯᠭᠠᠪᠤᠷᠢ | ᠪᠤᠶᠤ ᠬᠢᠷᠢ ᠬᠡᠮ ᠲᠠᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠵᠦ ᠥᠭᠭᠦᠭᠰᠡᠨ ᠦᠨᠡᠯᠡᠨ ᠵᠢᠱᠢᠭᠰᠡᠨ ᠮᠡᠳᠡᠭᠦᠯᠦᠯᠲᠡ | ᠵᠡᠷᠭᠡ︶ ᠶᠢ ᠳᠠᠭᠠᠯᠳᠤᠭᠤᠯᠬᠤ ᠬᠡᠷᠡᠭᠲᠡᠶ︔ | ᠲᠣᠭᠤᠷᠢᠭ ᠤᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠡᠳ᠋ ᠬᠥᠷᠥᠩᠭᠡ ᠶᠢ | ᠭᠥᠯᠢᠶᠡᠨ ᠠᠪᠬᠤ ᠦᠶᠡᠰ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠯᠭᠠᠬᠤ ᠶᠢ ᠵᠣᠬᠢᠶᠠᠨ ᠪᠠᠶᠢᠭᠤᠯᠵᠤ᠂ ᠡᠳ᠋ | ᠬᠥᠷᠥᠩᠭᠡ ᠶᠢ ᠰᠢᠯᠵᠢᠭᠦᠯᠦᠨ ᠲᠤᠰᠢᠶᠠᠭᠰᠠᠨ ᠨᠢᠭᠡᠴᠢ ᠳᠤ ︽ᠡᠳ᠋ ᠪᠣᠳᠠᠰ ᠢ ᠭᠥᠯᠢᠶᠡᠨ ᠠᠪᠴᠤ ᠲᠤᠰᠢᠶᠠᠬᠤ ᠨᠠᠷᠢᠨ | ᠬᠠᠭᠤᠳᠠᠰᠤ︾ ᠭᠠᠷᠭᠠᠵᠤ ᠥᠭᠬᠦ ᠶᠢᠨ ᠬᠠᠮᠲᠤ᠂ ᠬᠥᠮᠥᠷᠭᠡ ᠳᠤ ᠣᠷᠣᠭᠤᠯᠬᠤ ᠶᠢ ᠴᠠᠭ ᠲᠤᠬᠠᠶ ᠳᠤᠨᠢ ᠵᠣᠬᠢᠶᠠᠨ | ᠪᠠᠶᠢᠭᠤᠯᠬᠤ ᠬᠡᠷᠡᠭᠲᠡᠶ ︵ᠤᠤᠯ ᠤᠨ ᠨᠢᠭᠡᠴᠢ ᠳᠤ ᠲᠦᠷ ᠴᠠᠭ ᠬᠠᠳᠠᠭᠠᠯᠠᠬᠤ ᠨᠢ ᠡᠭᠦᠨ ᠳᠤ ᠪᠠᠭᠲᠠᠬᠤ ᠥᠬᠡᠶ︶᠃ | ᠠᠷᠪᠠᠨ ᠲᠠᠪᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠡᠳ᠋ ᠬᠥᠷᠥᠩᠭᠡ ᠶᠢ ᠰᠢᠢᠳᠪᠤᠷᠢᠯᠡᠭᠰᠡᠨ | ᠴᠣᠬᠤᠯᠠᠪᠤᠷᠢ ᠶᠢᠨ ᠪᠢᠴᠢᠭ ᠮᠠᠲ᠋ᠧᠷᠢᠶᠠᠯ ᠪᠣᠯᠤᠨ ︽ᠡᠳ᠋ ᠪᠣᠳᠠᠰ ᠢ ᠭᠥᠯᠢᠶᠡᠨ ᠠᠪᠴᠤ ᠲᠤᠰᠢᠶᠠᠬᠤ ᠲᠣᠳᠣᠷᠬᠠᠶ | ᠬᠠᠭᠤᠳᠠᠰᠤ︾ ᠪᠠᠷ ᠬᠤᠯᠪᠣᠭᠳᠠᠯ ᠪᠥᠬᠦᠶ ᠡᠳ᠋ ᠬᠥᠷᠥᠩᠭᠡ ᠶᠢᠨ ᠲᠠᠩᠰᠠᠨ ᠠᠴᠠ ᠬᠢᠨᠠᠵᠤ ᠭᠠᠷᠭᠠᠬᠤ ᠬᠡᠷᠡᠭᠲᠡᠶ᠃ | | |