ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠵᠢᠤ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠨᠡᠶᠢᠲᠡ ᠶᠢᠨ ᠪᠣᠳᠠᠰ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ︵ᠳᠦᠷᠪᠡ︶
ᠨᠡᠶᠢᠲᠡᠯᠡᠭᠰᠡᠨ ᠴᠠᠭ᠄
2022/3/5
      ᠳᠥᠷᠪᠡᠳᠦᠭᠡᠷ ᠪᠦᠯᠦᠭ ᠠᠯᠪᠠᠨ ᠤ ᠡᠳ᠋ ᠪᠣᠳᠠᠰ ᠤᠨ ᠰᠠᠩ ᠬᠥᠮᠥᠷᠭᠡ ᠶᠢᠨ ᠡᠳ᠋ ᠬᠦᠷᠦᠩᠭᠡ ᠶᠢ ᠬᠠᠮᠢᠶᠠᠷᠬᠤ᠂ ᠲᠤᠬᠢᠷᠠᠭᠤᠯᠬᠤ᠂ ᠵᠢᠭᠡᠯᠡᠭᠦᠯᠬᠦ᠂ ᠲᠦᠷᠢᠶᠡᠰᠦᠯᠡᠭᠦᠯᠬᠦ ᠪᠠ   ᠰᠢᠢᠳᠪᠤᠷᠢᠯᠡᠬᠦ      ᠠᠷᠪᠠᠨ ᠵᠢᠷᠭᠤᠳᠤᠭᠠᠷ ᠵᠦᠢᠯ᠂ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠶᠢ ᠬᠠᠮᠢᠶᠠᠷᠬᠤ ᠪᠠᠶᠢᠭᠤᠯᠤᠮᠵᠢ ᠨᠢ ᠡᠳ᠋ ᠬᠥᠷᠥᠩᠭᠡ ᠶᠢᠨ ᠡᠳᠦᠷ ᠲᠤᠲᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠬᠤᠭᠤᠴᠠᠭ᠎ᠠ ᠶᠣᠰᠣᠭᠠᠷ ᠲᠣᠭᠠᠯᠠᠨ ᠪᠦᠷᠢᠳᠬᠡᠵᠦ᠂ ᠳᠠᠩᠰᠠ ᠪᠠ ᠪᠣᠳᠠᠲᠠᠶ ᠨᠢ ᠬᠠᠷᠢᠯᠴᠠᠨ ᠨᠡᠶᠢᠴᠡᠬᠦ᠂ ᠳᠠᠩᠰᠠ ᠪᠠ ᠺᠠᠷᠲ ᠨᠢ ᠬᠠᠷᠢᠯᠴᠠᠨ ᠨᠡᠶᠢᠴᠡᠬᠦ ᠪᠠ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃       ︵ᠬᠤᠶᠠᠷ︶ ᠨᠡᠶᠢᠲᠡ ᠶᠢᠨ ᠡᠳ᠋ ᠬᠥᠷᠥᠩᠭᠡ ᠶᠢᠨ ᠬᠥᠮᠥᠷᠭᠡ ᠳᠤ ᠣᠷᠣᠭᠤᠯᠬᠤ ᠶᠢ ᠬᠢᠨᠠᠨ ᠬᠠᠷᠭᠤᠭᠤᠯᠬᠤ᠂ ᠲᠥᠷᠥᠯᠵᠢᠭᠦᠯᠦᠨ ᠬᠠᠳᠠᠭᠠᠯᠠᠵᠤ ᠬᠠᠮᠢᠶᠠᠷᠬᠤ᠂ ᠬᠥᠮᠥᠷᠭᠡ ᠠᠴᠠ ᠭᠠᠷᠭᠠᠨ ᠠᠪᠴᠤ ᠬᠡᠷᠡᠭᠯᠡᠬᠦ ᠵᠡᠷᠭᠡ ᠭᠤᠭᠴᠤᠭ᠎ᠠ ᠳᠤ ᠪᠥᠬᠦ ᠶᠠᠪᠤᠴᠠ ᠶᠢ ᠡᠯᠧᠺᠲᠷᠣᠨ ᠢᠶᠠᠷ ᠬᠠᠮᠢᠶᠠᠷᠬᠤ ᠶᠢ ᠬᠡᠷᠡᠭᠵᠢᠭᠦᠯᠵᠦ᠂ ᠡᠯᠧᠺᠲᠷᠣᠨ ᠰᠢᠰᠲ᠋ᠧᠮ ᠪᠠ ᠴᠠᠭᠠᠰᠤᠨ ᠤ ᠭᠠᠷᠳᠠᠮ ᠢ ᠨᠡᠶᠢᠯᠡᠭᠦᠯᠦᠨ ᠠᠵᠢᠯᠯᠠᠭᠤᠯᠵᠤ᠂ ᠲᠣᠭᠲᠠᠭᠠᠯ ᠶᠣᠰᠣᠭᠠᠷ ᠡᠳ᠋ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠳᠡᠪᠲᠡᠷ ᠪᠠ ᠡᠳ᠋ ᠬᠥᠷᠥᠩᠭᠡ ᠶᠢᠨ ᠺᠠᠷᠲ ᠳᠣᠭᠢᠷᠠᠭᠤᠯᠵᠤ᠂ ᠨᠢᠭᠡ ᠪᠣᠳᠠᠰ ᠲᠤ ᠨᠢᠭᠡ ᠺᠠᠷᠲ᠂ ᠨᠢᠭᠡ ᠺᠠᠷᠲ ᠲᠤ ᠨᠢᠭᠡ ᠲᠠᠩᠰᠠ ᠡᠪᠬᠡᠮᠡᠯ ᠬᠠᠷᠠᠭᠠᠯᠵᠠᠭᠰᠠᠨ ᠪᠠᠶᠢᠬᠤ ᠬᠡᠷᠡᠭᠲᠡᠶ᠃       ︵ᠭᠤᠷᠪᠠ︶ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ ᠪᠠᠶᠢᠴᠠᠭᠠᠵᠤ ᠲᠣᠭᠠᠯᠠᠨ ᠪᠦᠷᠢᠳᠬᠡᠬᠦ ᠬᠡᠷᠡᠭᠲᠡᠶ᠃ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯᠲᠠᠨ ᠰᠠᠷ᠎ᠠ ᠰᠠᠷ᠎ᠠ ᠪᠠᠷ ᠲᠣᠭᠠᠯᠠᠨ ᠪᠦᠷᠢᠳᠬᠡᠵᠦ᠂ ᠵᠢᠯ ᠪᠦᠷᠢ ᠶᠢᠨ ᠵᠢᠯ ᠤᠨ ᠰᠡᠭᠦᠯᠴᠢ ᠳᠤ ᠪᠥᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠡᠳ᠋ ᠬᠥᠷᠥᠩᠭᠡ ᠶᠢᠨ ᠨᠡᠮᠡᠭᠳᠡᠵᠦ ᠬᠠᠰᠤᠭᠳᠠᠬᠤ ᠵᠢᠴᠢ ᠬᠥᠮᠥᠷᠭᠡ ᠳᠤ ᠬᠠᠳᠠᠭᠠᠯᠠᠭᠰᠠᠨ ᠮᠡᠳᠡᠭᠦᠯᠦᠯᠲᠡ ᠶᠢᠨ ᠬᠦᠰᠦᠨᠦᠭᠲᠦ ᠶᠢ ᠴᠠᠭ ᠲᠤᠬᠠᠶ ᠳᠤᠨᠢ ᠨᠠᠶᠢᠷᠠᠭᠤᠯᠤᠨ ᠵᠣᠬᠢᠶᠠᠬᠤ ᠬᠡᠷᠡᠭᠲᠡᠶ᠃       ᠠᠷᠪᠠᠨ ᠳᠣᠯᠣᠳᠤᠭᠠᠷ ᠵᠦᠢᠯ᠂ ᠠᠯᠪᠠᠨ ᠤ ᠡᠳ᠋ ᠪᠣᠳᠠᠰ ᠤᠨ ᠬᠥᠮᠥᠷᠭᠡ ᠶᠢᠨ ᠡᠳ᠋ ᠬᠦᠷᠦᠩᠭᠡ ᠶᠢ ᠲᠣᠬᠢᠷᠠᠭᠤᠯᠤᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠣᠨ ᠤ ᠳᠤᠮᠳᠠ ᠨᠡᠮᠡᠬᠦ ︵ᠲᠣᠬᠢᠷᠠᠭᠤᠯᠬᠤ ︶ ᠲᠥᠰᠦᠪ ᠨᠢ ᠡᠳ᠋ ᠬᠥᠷᠥᠩᠭᠡ ᠶᠢᠨ ᠲᠣᠬᠢᠷᠠᠭᠤᠯᠤᠯᠲᠠ ᠳᠤ ᠬᠤᠯᠪᠣᠭᠳᠠᠪᠠᠯ᠂ ᠨᠢᠭᠡᠴᠡ ᠠᠴᠠ ᠭᠤᠶᠤᠴᠢᠯᠠᠵᠤ᠂  ᠲᠣᠭᠤᠷᠢᠭ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠩ ᠲᠡᠷᠢᠭᠦᠨ ᠳᠤ ᠨᠡᠶᠢᠲᠡ ᠶᠢᠨ ᠡᠳ᠋ ᠪᠣᠳᠠᠰ ᠤᠨ ᠬᠥᠮᠥᠷᠭᠡ ᠠᠴᠠ ᠲᠣᠬᠢᠷᠠᠭᠤᠯᠤᠨ᠎ᠠ︔ ᠨᠡᠶᠢᠲᠡ ᠶᠢᠨ ᠪᠣᠳᠠᠰ ᠤᠨ ᠬᠥᠮᠥᠷᠭᠡ ᠶᠢᠨ ᠡᠳ᠋ ᠬᠥᠷᠥᠩᠭᠡ ᠨᠢ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠶ ᠪᠣᠯ ᠨᠢᠭᠡᠴᠡ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ ᠲᠣᠬᠢᠷᠠᠭᠤᠯᠬᠤ ᠬᠡᠷᠡᠭᠲᠡᠶ᠃ ᠲᠣᠬᠢᠷᠠᠭᠤᠯᠬᠤ ᠳᠡᠰ ᠳᠠᠷᠠᠭᠠᠯᠠᠯ ᠨᠢ ᠳᠣᠣᠷᠠᠬᠢ ᠮᠡᠲᠦ᠄  ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠨᠢᠭᠡᠴᠡ ᠶᠢᠨ ᠭᠤᠶᠤᠴᠢᠯᠠᠯ ᠵᠢᠴᠢ ᠲᠣᠭᠤᠷᠢᠭ ᠤᠨ ᠵᠠᠰᠠᠭ ᠤᠨ ᠣᠷᠳᠣᠨ ᠤ ᠴᠣᠬᠤᠯᠠᠪᠤᠷᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠡᠳ᠋ ᠬᠥᠷᠥᠩᠭᠡ ᠲᠣᠬᠢᠷᠠᠭᠤᠯᠬᠤ ᠰᠠᠨᠠᠯ ᠢ ᠬᠢᠨᠠᠨ ᠬᠠᠷᠭᠤᠭᠤᠯᠵᠤ ᠪᠠᠭᠤᠯᠭᠠᠬᠤ ᠬᠡᠷᠡᠭᠲᠡᠶ︔ ᠨᠢᠭᠡᠴᠡ ᠨᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠡᠳ᠋ ᠬᠥᠷᠥᠩᠭᠡ ᠶᠢ ᠳᠣᠭᠢᠷᠠᠭᠤᠯᠬᠤ ᠰᠠᠨᠠᠯ ᠢ ᠦᠨᠳᠦᠰᠦᠯᠡᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠲᠠᠢ ᠡᠳ᠋ ᠬᠥᠷᠥᠩᠭᠡ ᠶᠢ ᠳᠣᠭᠢᠷᠠᠭᠤᠯᠬᠤ ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ ᠭᠦᠢᠴᠡᠳᠭᠡᠨ᠎ᠡ︔ ᠨᠢᠭᠡᠴᠢ ᠲᠣᠭᠲᠠᠭᠠᠯ ᠶᠣᠰᠣᠭᠠᠷ ᠰᠢᠯᠵᠢᠭᠦᠯᠦᠨ ᠣᠷᠣᠭᠤᠯᠤᠭᠰᠠᠨ ᠡᠳ᠋ ᠬᠥᠷᠥᠩᠭᠡ ᠶᠢ ᠳᠠᠩᠰᠠᠨ ᠳᠤ ᠲᠡᠮᠳᠡᠭᠯᠡᠪᠡ᠃       ᠠᠷᠪᠠᠨ ᠨᠠᠢᠮᠠᠳᠤᠭᠠᠷ ᠵᠦᠢᠯ᠂ ᠠᠯᠪᠠᠨ ᠤ ᠡᠳ᠋ ᠪᠣᠳᠠᠰ ᠤᠨ ᠰᠠᠩ ᠬᠥᠮᠥᠷᠭᠡ ᠶᠢ ᠵᠢᠭᠡᠯᠡᠭᠦᠯᠬᠦ᠃ ᠲᠦᠷ ᠴᠠᠭ ᠤᠨ ᠪᠠᠶᠢᠭᠤᠯᠤᠮᠵᠢ ᠪᠠ ᠲᠣᠭᠤᠷᠢᠭ ᠤᠨ ᠡᠳ᠋ ᠤᠨ ᠵᠠᠰᠠᠭ  ᠤᠨ ᠡᠭᠦᠷᠭᠡᠯᠡᠬᠦ ᠵᠠᠷᠤᠳᠠᠯ ᠢᠶᠠᠷ ᠡᠷᠬᠢᠯᠡᠭᠰᠡᠨ ᠴᠢᠬᠤᠯᠠ ᠶᠡᠭᠡ ᠬᠤᠷᠠᠯ᠂ ᠲᠣᠮᠣ ᠬᠡᠯᠪᠡᠷᠢ ᠶᠢᠨ ᠠᠵᠢᠯᠯᠠᠭ᠎ᠠ ᠳᠤ ᠡᠳ᠋ ᠬᠥᠷᠥᠩᠭᠡ ᠲᠣᠬᠢᠷᠠᠭᠤᠯᠬᠤ ᠴᠢᠬᠤᠯᠠᠲᠠᠶ ᠪᠣᠯ᠂ ᠭᠤᠤᠯᠴᠢᠯᠠᠨ ᠬᠠᠮᠢᠶᠠᠷᠬᠤ ︵ᠭᠤᠤᠯᠯᠠᠨ ᠡᠷᠬᠢᠯᠡᠬᠦ︶ ᠨᠢᠭᠡᠴᠡ ᠠᠴᠠ ᠭᠤᠶᠤᠴᠢᠯᠠᠯ ᠭᠠᠷᠭᠠᠵᠤ᠂ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠠᠴᠠ ᠤᠷᠢᠳᠠᠪᠠᠷ ᠵᠢᠭᠡᠯᠡᠨ ᠬᠡᠷᠡᠭᠯᠡᠨ᠎ᠡ︔ ᠨᠡᠶᠢᠲᠡ ᠶᠢᠨ ᠡᠳ᠋ ᠬᠥᠷᠥᠩᠭᠡ ᠶᠢᠨ ᠬᠥᠮᠥᠷᠭᠡ ᠶᠢᠨ ᠡᠳ᠋ ᠬᠥᠷᠥᠩᠭᠡ ᠨᠢ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠶ ᠪᠣᠯ᠂ ᠨᠢᠭᠡᠴᠡ ᠠᠴᠠ ᠨᠢ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠲᠣᠭᠲᠠᠭᠠᠯ ᠶᠣᠰᠣᠭᠠᠷ ᠭᠦᠢᠴᠡᠳᠬᠡᠭᠰᠡᠨ ᠤ ᠳᠠᠷᠠᠭ᠎ᠠ ᠲᠣᠬᠢᠷᠠᠭᠤᠯᠤᠯᠲᠠ ᠬᠢᠵᠦ᠂ ᠲᠦᠷ ᠴᠠᠭ ᠤᠨ ᠪᠠᠶᠢᠭᠤᠯᠤᠮᠵᠢ ᠶᠢ ᠬᠦᠴᠦᠨ ᠦᠭᠡᠶ ᠪᠣᠯᠭᠠᠭᠰᠠᠨ ︵ᠠᠵᠢᠯ ᠤᠨ ᠡᠭᠦᠷᠭᠡ ᠳᠠᠭᠤᠰᠤᠭᠰᠠᠨ︶ ᠤ ᠳᠠᠷᠠᠭ᠎ᠠ ᠨᠡᠶᠢᠲᠡ ᠶᠢᠨ ᠡᠳ᠋ ᠬᠥᠷᠥᠩᠭᠡ ᠶᠢᠨ ᠬᠥᠮᠥᠷᠭᠡ ᠳᠤ ᠰᠢᠯᠵᠢᠭᠦᠯᠦᠨ ᠲᠤᠰᠢᠶᠠᠬᠤ ᠬᠡᠷᠡᠭᠲᠡᠶ᠃ ᠵᠢᠭᠡᠯᠡᠨ ᠬᠡᠷᠡᠭᠯᠡᠬᠦ ᠵᠢᠷᠤᠮ ᠨᠢ ᠳᠣᠣᠷᠠᠬᠢ ᠮᠡᠲᠦ᠄       ︵ᠨᠢᠭᠡ︶ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠨᠢᠭᠡᠴᠡ ᠶᠢᠨ ᠭᠤᠶᠤᠴᠢᠯᠠᠯ ᠵᠢᠴᠢ ᠲᠣᠭᠤᠷᠢᠭ ᠤᠨ ᠵᠠᠰᠠᠭ ᠤᠨ ᠣᠷᠳᠣᠨ ᠤ ᠴᠣᠬᠤᠯᠠᠪᠤᠷᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠡᠳ᠋ ᠬᠥᠷᠥᠩᠭᠡ ᠵᠢᠭᠡᠯᠡᠵᠦ ᠬᠡᠷᠡᠭᠯᠡᠬᠦ ᠰᠠᠨᠠᠯ ᠢ ᠬᠢᠨᠠᠨ ᠬᠠᠷᠭᠤᠭᠤᠯᠵᠤ ᠪᠠᠭᠤᠯᠭᠠᠨ᠎ᠠ︔       ︵ᠬᠤᠶᠠᠷ︶ ᠨᠢᠭᠡᠴᠡ ᠨᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠡᠳ᠋ ᠬᠥᠷᠥᠩᠭᠡ ᠶᠢ ᠵᠢᠭᠡᠯᠡᠨ ᠬᠡᠷᠡᠭᠯᠡᠭᠰᠡᠨ ᠰᠠᠨᠠᠯ ᠢᠶᠠᠨ ᠦᠨᠳᠦᠰᠦᠯᠡᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠲᠠᠢ ᠵᠢᠭᠡᠯᠡᠨ ᠬᠡᠷᠡᠭᠯᠡᠬᠦ ᠭᠠᠷᠳᠠᠮ ᠢ ᠭᠦᠶ᠋ᠴᠡᠳᠬᠡᠬᠦ ᠶᠢᠨ ᠬᠠᠮᠲᠤ᠂ ᠵᠢᠭᠡᠯᠡᠨ ᠬᠡᠷᠡᠭᠯᠡᠬᠦ ᠬᠡᠯᠡᠯᠴᠡᠭᠡᠷ ᠲᠣᠭᠲᠠᠵᠤ᠂ ᠬᠡᠷᠡᠭᠯᠡᠬᠦ ᠬᠤᠭᠤᠴᠠᠭ᠎ᠠ ᠬᠢᠵᠠᠭᠠᠷ ᠪᠠ ᠡᠭᠡᠭᠦᠯᠦᠨ ᠪᠤᠴᠠᠭᠠᠬᠤ ᠡᠳᠦᠷ ᠬᠤᠭᠤᠴᠠᠭ᠎ᠠ ᠶᠢ ᠲᠣᠳᠣᠷᠬᠠᠶᠢᠯᠠᠬᠤ ᠬᠡᠷᠡᠭᠲᠡᠶ︔       ︵ᠭᠤᠷᠪᠠ︶ ᠡᠳ᠋ ᠬᠥᠷᠥᠩᠭᠡ ᠵᠢᠭᠡᠯᠡᠵᠦ ᠬᠡᠷᠡᠭᠯᠡᠬᠦ ᠨᠢᠭᠡᠴᠢ ᠨᠢ ᠡᠳ᠋ ᠬᠥᠷᠥᠩᠭᠡ ᠵᠢᠭᠡᠯᠡᠵᠦ ᠬᠡᠷᠡᠭᠯᠡᠬᠦ ᠬᠤᠭᠤᠴᠠᠭᠠᠨ ᠳᠠᠬᠢ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠢᠭᠡᠯᠡᠨ ᠬᠡᠷᠡᠭᠯᠡᠵᠦ ᠪᠠᠶᠢᠭ᠎ᠠ ᠬᠤᠭᠤᠴᠠᠭᠠᠨ ᠳᠤ ᠬᠡᠪ ᠤᠨ ᠪᠤᠰᠤ ᠬᠤᠬᠢᠷᠠᠯ ᠤᠴᠠᠷᠠᠭᠤᠯᠤᠭᠰᠠᠨ ᠪᠣᠯ ︽ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠬᠥᠷᠥᠩᠭᠡ 20161 ᠳ᠋ᠦᠭᠡᠷ ᠲᠣᠭᠠᠲᠤ︶ ᠤᠨ ᠲᠠᠪᠤᠳᠤᠭᠠᠷ ᠪᠦᠯᠦᠭ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠢᠳᠪᠤᠷᠢᠯᠡᠵᠣ᠂ ᠳᠥᠯᠥᠬᠦ ᠶᠢ ᠲᠡᠪᠴᠢᠭᠰᠡᠨ ᠢ ᠨᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠨᠢᠭᠡᠴᠡ ᠶᠢᠨ ᠵᠠᠷᠤᠳᠠᠯ ᠠᠴᠠ ᠰᠠᠭᠤᠯᠭᠠᠨ ᠠᠪᠴᠢᠷᠠᠬᠤ ᠬᠡᠷᠡᠭᠲᠡᠶ︔       ︵ᠳᠥᠷᠪᠡ︶ ᠡᠳ᠋ ᠬᠥᠷᠥᠩᠭᠡ ᠵᠢᠭᠡᠯᠡᠵᠦ ᠬᠡᠷᠡᠭᠯᠡᠬᠦ ᠨᠢᠭᠡᠴᠢ ᠨᠢ ᠵᠢᠭᠡᠯᠡᠵᠦ ᠬᠡᠷᠡᠭᠯᠡᠬᠦ ᠬᠡᠯᠡᠯᠴᠡᠭᠡᠷ ᠤᠨ ᠪᠣᠯᠵᠣᠯ ᠶᠣᠰᠣᠭᠠᠷ ᠵᠢᠭᠡᠯᠡᠵᠦ ᠬᠡᠷᠡᠭᠯᠡᠬᠦ ᠡᠳ᠋ ᠬᠥᠷᠥᠩᠭᠡ ᠪᠠᠨ ᠬᠤᠭᠤᠴᠠᠭ᠎ᠠ ᠶᠣᠰᠣᠭᠠᠷ ᠪᠤᠴᠠᠭᠠᠬᠤ ᠬᠡᠷᠡᠭᠲᠡᠶ᠃ ᠬᠤᠭᠤᠴᠠᠭ᠎ᠠ ᠲᠤᠯᠲᠠᠯ᠎ᠠ ᠪᠤᠴᠠᠭᠠᠭᠠᠳᠤᠶ ᠪᠣᠯ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠡᠳ᠋ ᠬᠥᠷᠥᠩᠭᠡ ᠶᠢᠨ ᠥᠷᠲᠡᠭ ᠢᠶᠠᠷ ᠨᠢ ᠨᠢᠭᠡᠴᠡ ᠶᠢᠨ ᠵᠠᠷᠤᠳᠠᠯ ᠤᠨ ᠳᠣᠲᠣᠷ᠎ᠠ ᠠᠴᠠ ᠰᠠᠭᠤᠯᠭᠠᠨ ᠠᠪᠬᠤ ᠬᠡᠷᠡᠭᠲᠡᠶ︔ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠪᠤᠰᠤᠳ ᠲᠦᠷ ᠴᠠᠭ  ᠤᠨ ᠴᠢᠨᠠᠷᠲᠠᠶ ᠡᠳ᠋ ᠬᠥᠷᠥᠩᠭᠡ ᠶᠢᠨ ᠬᠡᠷᠡᠭᠴᠡᠭᠡ ᠱᠠᠭᠠᠷᠳᠠᠯᠭ᠎ᠠ ᠶᠢ ᠲᠤᠰ ᠵᠦᠢᠯ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠶᠢᠨ ᠡᠳ᠋ ᠬᠥᠷᠥᠩᠭᠡ ᠶᠢ ᠵᠢᠭᠡᠯᠡᠵᠦ ᠬᠡᠷᠡᠭᠯᠡᠬᠦ ᠭᠠᠷᠳᠠᠮ ᠢ ᠭᠦᠢᠴᠡᠳᠭᠡᠬᠦ ᠪᠠᠷ ᠭᠤᠶᠤᠴᠢᠯᠠᠵᠤ ᠪᠣᠯᠤᠨ᠎ᠠ᠃       ᠠᠷᠪᠠ ᠶᠢᠰᠦᠳᠦᠭᠡᠷ ᠵᠦᠢᠯ᠂ ᠨᠡᠶᠢᠲᠡ ᠶᠢᠨ ᠡᠳ᠋ ᠪᠣᠳᠠᠰ ᠤᠨ ᠰᠠᠩ ᠬᠥᠮᠥᠷᠭᠡ ᠶᠢᠨ ᠡᠳ᠋ ᠬᠦᠷᠦᠩᠭᠡ ᠶᠢ ᠲᠦᠷᠢᠶᠡᠰᠦᠯᠡᠭᠦᠯᠬᠦ᠃ ᠨᠡᠶᠢᠲᠡ ᠶᠢᠨ ᠡᠳ᠋ ᠪᠠᠷᠠᠭ᠎ᠠ ᠶᠢᠨ ᠬᠥᠮᠥᠷᠭᠡ ᠳᠤ ᠲᠣᠬᠢᠷᠠᠭᠤᠯᠵᠤ᠂ ᠵᠢᠭᠡᠯᠡᠭᠦᠯᠦᠭᠰᠡᠨ ᠤ ᠳᠠᠷᠠᠭᠠᠬᠢ ᠰᠤᠯᠠ ᠪᠠᠶᠢᠭ᠎ᠠ ᠦᠯᠡᠳᠡᠭᠰᠡᠨ ᠡᠳ᠋ ᠬᠥᠷᠥᠩᠭᠡ ᠶᠢ ᠲᠦᠷᠢᠶᠡᠰᠦᠯᠡᠭᠦᠯᠬᠦ ᠳᠤ ᠲᠣᠬᠢᠷᠠᠬᠤ ᠳᠤᠨᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠢᠯᠡ ᠪᠠᠷ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠲᠦᠷᠢᠶᠡᠰᠦᠯᠡᠭᠦᠯᠬᠦ ᠬᠡᠷᠡᠭᠲᠡᠶ᠃      ᠬᠤᠷᠢᠳᠤᠭᠠᠷ ᠵᠦᠢᠯ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠦᠷᠦᠩᠭᠡ ᠢ ᠲᠣᠭᠲᠠᠮᠠᠯ ᠬᠤᠭᠤᠴᠠᠭ᠎ᠠ ᠲᠠᠢ ᠪᠠᠷ ᠲᠣᠭᠠᠯᠠᠨ ᠪᠦᠷᠢᠳᠬᠡᠬᠦ ᠪᠠ ᠢᠯᠭᠠᠷᠠᠭᠤᠯᠤᠨ ᠪᠠᠶᠢᠴᠠᠭᠠᠵᠤ᠂ ᠨᠡᠶᠢᠲᠡ ᠶᠢᠨ ᠡᠳ᠋ ᠪᠣᠳᠠᠰ ᠤᠨ ᠬᠥᠮᠥᠷᠭᠡ ᠶᠢ ᠬᠡᠷᠡᠭᠯᠡᠬᠦ ᠵᠢᠯ ᠬᠤᠭᠤᠴᠠᠭ᠎ᠠ ᠢ ᠵᠦᠢ ᠵᠣᠬᠢᠰᠲᠠᠢ ᠬᠤᠪᠢᠶᠠᠷᠢᠯᠠᠨ ᠡᠮᠬᠢ ᠵᠢᠷᠤᠮ ᠲᠠᠢ ᠪᠠᠷ ᠰᠢᠨᠡᠳᠬᠡᠵᠦ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠡᠳ᠋ ᠬᠦᠷᠦᠩᠭᠡ ᠢ ᠲᠣᠭᠲᠠᠮᠠᠯ ᠬᠤᠭᠤᠴᠠᠭ᠎ᠠ ᠲᠠᠢ ᠪᠠᠷ ᠰᠢᠢᠳᠪᠦᠷᠢᠯᠡᠬᠦ ᠬᠡᠷᠡᠭᠲᠡᠢ᠄       ︵ᠨᠢᠭᠡ︶ ᠬᠠᠳᠠᠭᠠᠯᠠᠬᠤ ᠳᠤ ᠳᠥᠭᠦᠮ ᠦᠭᠡᠢ ᠪᠤᠶᠤ ᠤᠷᠲᠤ ᠬᠤᠭᠤᠴᠠᠭ᠎ᠠ ᠪᠠᠷ ᠰᠤᠯᠠ ᠲᠠᠯᠪᠢᠵᠤ ᠮᠡᠳᠡᠬᠦ ᠡᠳ᠋ ᠬᠥᠷᠥᠩᠭᠡ︔       ︵ᠬᠤᠶᠠᠷ︶ ᠬᠡᠷᠡᠭᠯᠡᠭᠡᠨ ᠠᠴᠠ ᠭᠠᠷᠭᠠᠬᠤ ᠵᠢᠯ ᠬᠤᠭᠤᠴᠠᠭ᠎ᠠ ᠳᠤ ᠬᠦᠷᠦᠭᠰᠡᠨ ᠡᠳ᠋ ᠬᠥᠷᠥᠩᠭᠡ︔       ︵ᠭᠤᠷᠪᠠ︶ ᠰᠡᠷᠭᠦᠭᠡᠨ ᠵᠠᠰᠠᠬᠤ ᠦᠷᠳᠡᠭ ᠦᠭᠡᠢ ᠡᠳ᠋ ᠬᠦᠷᠦᠩᠭᠡ︔       ︵ᠲᠦᠷᠪᠡ︶ ᠰᠢᠢᠳᠪᠦᠷᠢᠯᠡᠬᠦ ᠴᠢᠬᠤᠯᠠᠲᠠᠢ ᠭᠡᠵᠦ ᠮᠠᠭᠠᠳᠯᠠᠨ ᠲᠣᠭᠲᠠᠭᠠᠭᠰᠠᠨ ᠪᠤᠰᠤᠳ ᠡᠳ᠋ ᠬᠦᠷᠦᠩᠭᠡ᠃ ᠨᠡᠶᠢᠲᠡ ᠶᠢᠨ ᠡᠳ᠋ ᠬᠥᠷᠥᠩᠭᠡ ᠶᠢᠨ ᠬᠥᠮᠥᠷᠭᠡ ᠶᠢᠨ ᠡᠳ᠋ ᠬᠥᠷᠥᠩᠭᠡ ᠶᠢ ᠰᠢᠢᠳᠪᠤᠷᠢᠯᠡᠬᠦ ᠳᠤ᠂ ᠵᠢᠤ ᠶᠤᠸᠠᠨ ᠲᠣᠭᠤᠷᠢᠭ ᠤᠨ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ  ᠰᠢᠢᠳᠪᠤᠷᠢᠯᠡᠬᠦ ᠳᠡᠰ ᠳᠠᠷᠠᠭᠠᠯᠠᠯ ᠤᠨ ᠶᠣᠰᠣᠭᠠᠷ ᠬᠡᠷᠡᠭᠵᠢᠭᠦᠯᠵᠦ᠂ ︽ᠨᠡᠶᠢᠲᠡ ᠶᠢᠨ ᠡᠳ᠋ ᠬᠥᠷᠥᠩᠭᠡ ᠶᠢᠨ ᠬᠥᠮᠥᠷᠭᠡ ᠶᠢᠨ ᠡᠳ᠋ ᠬᠥᠷᠥᠩᠭᠡ ᠶᠢ ᠰᠢᠢᠳᠪᠤᠷᠢᠯᠡᠬᠦ ᠬᠦᠰᠦᠨᠦᠭᠲᠦ︾ ᠶᠢ ᠲᠠᠭᠯᠠᠵᠤ᠂ ᠳᠡᠭᠡᠭᠰᠢ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠥᠮᠥᠷᠭᠡ ᠠᠴᠠ ᠭᠠᠷᠭᠠᠬᠤ ᠪᠠ ᠰᠢᠢᠳᠪᠤᠷᠢᠯᠡᠬᠦ ᠭᠠᠷᠳᠠᠮ ᠢ ᠭᠦᠢᠴᠡᠳᠭᠡᠬᠦ ᠬᠡᠷᠡᠭᠲᠡᠶ᠃       ᠬᠤᠷᠢᠨ ᠨᠢᠭᠡᠳᠦᠭᠡᠷ ᠵᠦᠢᠯ᠂ ᠨᠡᠶᠢᠲᠡ ᠶᠢᠨ ᠡᠳ᠋ ᠬᠥᠷᠥᠩᠭᠡ ᠶᠢᠨ ᠬᠥᠮᠥᠷᠭᠡ ᠶᠢᠨ ᠡᠳ᠋ ᠬᠥᠷᠥᠩᠭᠡ ᠲᠦᠷᠢᠶᠡᠰᠦᠯᠡᠭᠦᠯᠦᠭᠰᠡᠨ ᠪᠠ ᠰᠢᠢᠳᠪᠤᠷᠢᠯᠡᠭᠰᠡᠨ ᠣᠷᠣᠯᠭ᠎ᠠ ᠠᠴᠠ ᠬᠠᠮᠢᠶ᠎ᠠ ᠪᠦᠬᠦᠢ ᠭᠠᠶᠢᠯᠢ ᠶᠢᠨ ᠮᠥᠩᠭᠦ᠂ ᠦᠨᠡᠯᠡᠨ ᠵᠢᠱᠢᠭᠰᠡᠨ ᠵᠠᠷᠤᠳᠠᠯ᠂ ᠠᠷᠠᠯᠵᠢᠶᠠᠯᠠᠭᠰᠠᠨ ᠦᠨ᠎ᠡ ᠵᠠᠰᠠᠬᠤ ᠮᠥᠩᠭᠦ ᠵᠡᠷᠭᠡ ᠵᠠᠷᠤᠳᠠᠯ ᠢ ᠰᠠᠭᠤᠯᠭᠠᠵᠤ ᠠᠪᠤᠭᠰᠠᠨ ᠤ ᠳᠠᠷᠠᠭ᠎ᠠ᠂ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠤᠷᠢᠶᠠᠵᠤ ᠲᠤᠰᠢᠶᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠤᠯᠤᠰ ᠤᠨ ᠬᠥᠮᠥᠷᠭᠡ ᠳᠤ ᠲᠤᠰᠢᠶᠠᠵᠤ᠂ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号