ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠠᠯᠪᠠᠨ ᠭᠡᠷ ᠤᠨ ᠳᠠᠷᠤᠮᠯᠠᠨ ᠶᠠᠪᠤᠭᠤᠯᠬᠤ ︽ᠵᠢᠦ ᠶᠤᠸᠠᠨ ᠲᠣᠭᠤᠷᠢᠭ ᠤᠨ 2022 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠬᠡᠷᠡᠭᠵᠢᠭᠦᠯᠬᠦ ᠲᠥᠰᠦᠯ︾  ᠤᠨ ᠲᠤᠬᠠᠢ ᠮᠡᠳᠡᠭᠳᠡᠯ ︵ᠨᠢᠭᠡ︶
ᠨᠡᠶᠢᠲᠡᠯᠡᠭᠰᠡᠨ ᠴᠠᠭ᠄
2022/4/18
                         ᠪᠤᠭᠤᠳᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ                       ᠠᠯᠪᠠᠨ ᠭᠡᠷ ᠲᠠᠷᠬᠠᠭᠠᠬᠤ ﹇2022﹈ 24 ᠳ᠋ᠦᠭᠡᠷ ᠲᠣᠭᠠᠲᠤ          ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠠᠯᠪᠠᠨ ᠭᠡᠷ ︽ᠵᠢᠦ ᠶᠤᠸᠠᠨ ᠲᠣᠭᠤᠷᠢᠭ ᠤᠨ 2022 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠬᠡᠷᠡᠭᠵᠢᠭᠦᠯᠬᠦ ᠲᠥᠰᠦᠯ︾  ᠤᠨ ᠮᠡᠳᠡᠭᠳᠡᠯ       ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠳᠤ᠄      ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠵᠢᠦ ᠶᠤᠸᠠᠨ ᠲᠣᠭᠤᠷᠢᠭ ᠤᠨ 2022 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠠᠯᠪᠠᠨ ᠭᠡᠷ                                2022 ᠣᠨ ᠤ 4 ᠰᠠᠷ᠎ᠠ ᠶᠢᠨ 14 ᠵᠢᠦ ᠶᠤᠸᠠᠨ ᠲᠣᠭᠤᠷᠢᠭ ᠤᠨ 2022 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ      ᠡᠨᠡ ᠵᠢᠯ ᠪᠣᠯ ᠮᠠᠨ ᠤ ᠤᠯᠤᠰ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠶᠢ ᠬᠡᠷᠡᠭᠵᠢᠭᠦᠯᠦᠭᠰᠡᠨ 41 ᠵᠢᠯ ᠤᠨ ᠣᠶ ᠪᠣᠯᠬᠤ ᠪᠥᠭᠡᠳ ᠪᠠᠰᠠ ᠴᠤ ︽ᠪᠤᠭᠤᠲᠤ ᠬᠤᠲᠠ ᠶᠢᠨ ᠠᠯᠪᠠᠨ ᠵᠢᠷᠤᠮ ᠤᠨ ᠮᠣᠳᠣ ᠳᠠᠷᠢᠬᠤ ᠲᠦᠷᠢᠮ︾ ᠢ ᠨᠡᠶᠢᠲᠡᠯᠡᠭᠰᠡᠨ 14 ᠳ᠋ᠦᠭᠡᠷ ᠵᠢᠯ ᠪᠣᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠮᠠᠨ ᠤ ᠲᠣᠭᠤᠷᠢᠭ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠲᠣᠭᠤᠷᠢᠭ ᠤᠨ ᠪᠥᠬᠦ ᠠᠷᠠᠳ ᠢᠶᠠᠷ ᠢᠶᠠᠨ ᠠᠯᠪᠠᠨ ᠵᠢᠷᠤᠮ ᠤᠨ ᠮᠣᠳᠣ ᠳᠠᠷᠢᠬᠤ ᠬᠠᠯᠠᠭᠤᠨ ᠥᠷᠨᠢᠯᠲᠡ ᠶᠢ ᠪᠣᠶ ᠪᠣᠯᠭᠠᠵᠤ᠂ ᠤᠮᠠᠷᠠᠲᠤ ᠬᠢᠯᠢ ᠶᠢᠨ ︽ᠲᠦᠮᠡᠨ ᠭᠠᠵᠠᠷ ᠤᠨ ᠨᠣᠭᠤᠭᠠᠨ ᠣᠷᠳᠣ ᠴᠠᠭᠠᠨ ᠬᠡᠷᠡᠮ︾ ᠢ ᠬᠠᠮᠲᠤᠪᠠᠷ ᠪᠥᠲᠥᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ 4 ᠳ᠋ᠦ᠋ᠭᠡᠷ ᠰᠠᠷ᠎ᠠ ᠶᠢᠨ 18 ᠤ ᠡᠳᠦᠷ ᠪᠥᠬᠦ ᠲᠣᠭᠤᠷᠢᠭ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠵᠤ᠂ ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠣᠰᠣᠭᠠᠷ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠶᠡᠷᠦᠩᠬᠡᠶ ᠪᠠᠶᠢᠷᠢᠯᠠᠭᠤᠯᠤᠯᠲᠠ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠨᠢᠭᠡᠳᠦᠯᠲᠡᠶ ᠲᠥᠯᠥᠪᠵᠢᠭᠦᠯᠦᠨ ᠠᠭᠤᠰᠤᠯᠴᠠᠭᠤᠯᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠳᠥᠯᠭᠢᠨ ᠠᠬᠢᠭᠤᠯᠵᠤ ᠂ ᠪᠥᠬᠦ ᠬᠤᠲᠠ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠯᠤᠭ᠎ᠠ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠳᠠᠪᠰᠢᠯᠲᠠ ᠶᠢ ᠪᠡᠶᠡᠯᠡᠭᠦᠯᠬᠦ ᠶᠢ ᠳᠥᠯᠭᠢᠨ ᠠᠬᠢᠭᠤᠯᠵᠤ᠂ ᠮᠠᠨ ᠤ ᠲᠣᠭᠤᠷᠢᠭ ᠤᠨ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠦᠭᠦᠯᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠬᠠᠷᠠᠯᠲᠠ ᠶᠢ ᠤᠷᠢᠳᠴᠢᠯᠠᠨ ᠪᠡᠶᠡᠯᠡᠭᠦᠯᠬᠦ ᠳᠤ ᠣᠶ ᠰᠢᠭᠤᠶ ᠡᠪᠡᠰᠦ ᠪᠡᠯᠴᠢᠭᠡᠷ ᠤᠨ ᠬᠦᠴᠦᠨ ᠴᠢᠳᠠᠯ ᠢᠶᠠᠨ ᠨᠡᠮᠡᠷᠢᠯᠡᠬᠦ ᠪᠠᠷ ᠴᠢᠷᠮᠠᠶᠢᠨ᠎ᠠ᠃      ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠨᠢᠭᠡᠨ ᠴᠢᠬᠤᠯᠠ ᠣᠨᠴᠠᠯᠢᠭ ᠮᠥᠨ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠪᠠᠰᠠ ᠴᠤ ᠠᠷᠠᠳ ᠤᠯᠠᠨ ᠤ ᠴᠢᠨᠠᠷ ᠰᠠᠶᠢᠲᠠᠶ ᠠᠮᠢᠳᠤᠷᠠᠯ ᠢ ᠬᠥᠭᠡᠭᠡᠴᠡᠯᠳᠦᠬᠦ ᠬᠠᠮᠲᠤ ᠶᠢᠨ ᠲᠠᠨᠢᠯᠲᠠ ᠪᠠ ᠬᠦᠰᠡᠯ ᠱᠠᠭᠠᠷᠳᠠᠯᠭ᠎ᠠ ᠮᠥᠨ᠃ ᠳᠤᠮᠳᠠᠳᠤ ᠶᠢᠨ ᠦᠨᠳᠦᠰᠦᠲᠡᠨ ᠲᠡᠦᠬᠡᠨ ᠠᠴᠠ ᠪᠠᠨ ᠠᠪᠤᠭᠠᠳ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠡᠷᠬᠢᠮᠯᠡᠵᠦ᠂ ᠳᠤᠮᠳᠠᠳᠤ ᠶᠢᠨ ᠪᠣᠯᠪᠠᠰᠤᠨ ᠨᠢ ᠡᠯᠪᠡᠭ ᠪᠠᠶᠠᠯᠢᠭ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠤᠷᠠᠮᠳᠤᠭᠤᠯᠵᠠᠶ᠃ ᠰᠢᠨ᠎ᠡ ᠬᠥᠭᠵᠢᠯᠲᠡ ᠶᠢᠨ ᠱᠠᠳᠤ ᠦᠶ᠎ᠡ ᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠣᠯᠬᠤᠷ ᠡᠷᠬᠡᠪᠰᠢ ᠶᠡᠭᠡ ᠬᠦᠴᠦ ᠣᠷᠣᠭᠤᠯᠵᠤ ᠪᠠᠶᠢᠭᠠᠳ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠤᠷᠤᠰᠬᠠᠯ ᠢ ᠴᠢᠷᠮᠠᠶᠢᠨ ᠬᠦᠳᠦᠯᠦᠨ ᠳᠠᠭᠠᠭᠤᠯᠬᠤ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠤᠢ ᠰᠢᠭᠤᠢ ᠶᠢᠨ ᠲᠠᠯᠠᠪᠠᠢ ᠶᠢ ᠨᠡᠮᠡᠭᠳᠡᠭᠦᠯᠦᠨ᠂ ᠤᠢ ᠰᠢᠭᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠨᠡᠮᠡᠭᠳᠡᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠮᠠᠨ ᠤ ᠤᠯᠤᠰ ᠤᠨ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠳᠤᠮᠳᠠᠴᠢᠯᠠᠬᠤ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号