ᠬᠤᠶᠠᠷ᠂ ᠶᠡᠷᠦᠩᠬᠡᠶ ᠲᠣᠬᠢᠷᠠᠭᠤᠯᠤᠯᠲᠠ | ︵ᠨᠢᠭᠡ︶ ᠠᠵᠢᠯᠯᠠᠭ᠎ᠠ ᠶᠢᠨ ᠭᠤᠣᠯ ᠰᠡᠳᠦᠪ | 2022 ᠣᠨ ᠤ ᠮᠠᠨ ᠤ ᠲᠣᠭᠤᠷᠢᠭ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠭᠤᠤᠯ | ᠰᠡᠳᠦᠪ ᠪᠣᠯ᠄ ᠪᠥᠬᠦ ᠠᠷᠠᠳ ᠢᠶᠠᠷ ᠢᠶᠠᠨ ᠠᠯᠪᠠᠨ ᠵᠢᠷᠤᠮ ᠤᠨ ᠮᠣᠳᠣ ᠳᠠᠷᠢᠬᠤ ᠳᠤ ᠣᠷᠣᠯᠴᠠᠵᠤ᠂ ᠬᠥᠮᠦᠨ ᠪᠣᠯᠭᠠᠨ | ᠨᠣᠭᠤᠭᠠᠷᠠᠭᠤᠯᠤᠯᠲᠠ ᠶᠢ ᠬᠠᠶᠢᠷᠠᠯᠠᠵᠤ ᠨᠣᠭᠤᠭᠠᠷᠠᠭᠤᠯᠤᠯᠲᠠ ᠶᠢ ᠬᠠᠮᠠᠭᠠᠯᠠᠬᠤ ᠪᠣᠯᠪᠠᠰᠤᠨ ᠬᠡᠪ ᠰᠤᠷᠲᠠᠯ ᠢ | ᠰᠠᠨᠠᠭᠠᠴᠢᠯᠠᠵᠤ᠂ ᠬᠥᠮᠦᠨ ᠬᠢᠭᠡᠳ ᠪᠠᠶᠢᠭᠠᠯᠢ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ | ᠬᠡᠷ ᠣᠷᠣᠨ ᠢ ᠬᠠᠮᠲᠤᠪᠠᠷ ᠪᠥᠲᠥᠭᠡᠨ ᠪᠠᠶᠢᠭᠤᠯᠤᠨ᠎ᠠ᠃ | ︵ᠬᠤᠶᠠᠷ︶ ᠬᠥᠳᠡᠯᠭᠡᠭᠡᠨ ᠬᠢᠬᠦ ᠴᠠᠭ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ 2013 ᠣᠨ ᠠᠴᠠ ᠡᠬᠢᠯᠡᠨ᠂ ᠵᠢᠯ ᠪᠦᠷᠢ ᠶᠢᠨ 4 | ᠰᠠᠷ᠎ᠠ ᠶᠢᠨ 12 ᠤᠨ ᠡᠳᠦᠷ ᠢ ︽ᠪᠤᠭᠤᠲᠤ ᠬᠤᠲᠠ ᠶᠢᠨ ᠠᠯᠪᠠᠨ ᠵᠢᠷᠤᠮ ᠤᠨ ᠮᠣᠳᠣ ᠳᠠᠷᠢᠬᠤ ᠡᠳᠦᠷ︾ ᠢᠶᠠᠷ | ᠲᠣᠭᠲᠠᠭᠠᠵᠤ᠂ ᠵᠢᠯ ᠪᠦᠷᠢ ᠶᠢᠨ 4 ᠰᠠᠷ᠎ᠠ ᠶᠢᠨ 12 ᠤᠨ ᠡᠳᠦᠷ ᠤᠨ ᠪᠠᠶᠢᠭ᠎ᠠ ᠭᠠᠷᠠᠭ ᠢ ︽ᠪᠤᠭᠤᠲᠤ ᠬᠤᠲᠠ ᠶᠢᠨ | ᠠᠯᠪᠠᠨ ᠵᠢᠷᠤᠮ ᠤᠨ ᠮᠣᠳᠣ ᠳᠠᠷᠢᠬᠤ ᠭᠠᠷᠠᠭ︾ ᠢᠶᠠᠷ ᠲᠣᠭᠲᠠᠭᠠᠵᠤ᠂ ᠵᠢᠯ ᠪᠦᠷᠢ ᠶᠢᠨ 4 ᠰᠠᠷ᠎ᠠ ᠶᠢ ︽ᠪᠤᠭᠤᠲᠤ | ᠬᠤᠲᠠ ᠶᠢᠨ ᠠᠯᠪᠠᠨ ᠵᠢᠷᠤᠮ ᠤᠨ ᠮᠣᠳᠣ ᠳᠠᠷᠢᠬᠤ ᠰᠠᠷ᠎ᠠ︾ ᠪᠠᠷ ᠲᠣᠭᠲᠠᠭᠠᠪᠠ᠃ ᠡᠨᠡ ᠵᠢᠯ ᠮᠠᠨ ᠤ ᠲᠣᠭᠤᠷᠢᠭ ᠤᠨ | ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ 4 ᠳ᠋ᠦᠭᠡᠷ ᠰᠠᠷ᠎ᠠ ᠶᠢᠨ 18 ᠤ ᠡᠳᠦᠷ | ᠶᠠᠪᠤᠭᠳᠠᠭᠤᠯᠬᠤ ᠪᠠᠷ ᠳᠣᠭᠢᠷᠠᠭᠤᠯᠪᠠ᠃ | ︵ᠭᠤᠷᠪᠠ︶ ᠪᠣᠳᠠᠲᠠᠶ ᠡᠭᠦᠷᠭᠡ | 2022 ᠣᠨ ᠳᠤ ᠮᠠᠨ ᠤ ᠲᠣᠭᠤᠷᠢᠭ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠤᠨ 203 ᠮᠥ | ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠲᠣᠭᠤᠷᠢᠭ ᠤᠨ ᠬᠠᠷᠢᠶ᠎ᠠ᠂ ᠲᠣᠭᠤᠷᠢᠭ ᠲᠤ | ᠰᠠᠭᠤᠭ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠶ ᠣᠷᠣᠯᠴᠠᠨ᠂ 4 ᠳ᠋ᠦ᠋ᠭᠡᠷ ᠰᠠᠷ᠎ᠠ ᠶᠢᠨ 15 ᠤ ᠡᠳᠦᠷ ᠤᠨ | ᠦᠳᠡ ᠶᠢᠨ ᠬᠤᠶᠢᠨᠠᠬᠢ 15᠄ 00 ᠴᠠᠭ ᠠᠴᠠ ᠡᠮᠦᠨ᠎ᠡ᠂ ᠪᠥᠬᠦ ᠲᠣᠭᠤᠷᠢᠭ ᠤᠨ ᠲᠥᠪᠯᠡᠷᠡᠭᠦᠯᠦᠨ ᠠᠯᠪᠠᠨ | ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠰᠠᠨ ᠪᠦᠯᠬᠦᠮ ᠳᠠᠭᠠᠭᠤᠯᠤᠭᠰᠠᠨ ᠤᠳᠤᠷᠢᠳᠤᠯᠭ᠎ᠠ ᠶᠢᠨ | ᠣᠪᠣᠭ ᠨᠡᠷ᠎ᠡ ᠵᠢᠴᠢ ᠬᠠᠷᠢᠯᠴᠠᠬᠤ ᠠᠷᠭ᠎ᠠ ᠮᠠᠶ᠋ᠢᠭ ᠢᠶᠠᠨ ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ | ᠬᠤᠪᠢᠶᠠᠷᠢ ᠲᠣᠪᠴᠢᠶ᠎ᠠ ᠶᠢᠨ ᠠᠯᠪᠠᠨ ᠬᠡᠷ ᠲᠤ ᠮᠡᠳᠡᠭᠦᠯᠵᠦ ︵ᠬᠠᠷᠢᠯᠴᠠᠬᠤ ᠤᠲᠠᠰᠤ᠄ 6887396︶᠂ | ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠤᠪᠢᠶᠠᠷᠢ ᠲᠣᠪᠴᠢᠶ᠎ᠠ ᠠᠴᠠ ᠴᠢᠬᠢ ᠮᠣᠳᠣ ᠶᠢ | ᠰᠢᠯᠵᠢᠭᠦᠯᠦᠨ ᠳᠣᠭᠢᠷᠠᠭᠤᠯᠬᠤ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠨᠢᠭᠡᠳᠦᠯᠲᠡᠶ ᠳᠣᠭᠢᠷᠠᠭᠤᠯᠤᠨ᠎ᠠ᠃ | ︵ᠲᠦᠷᠪᠡ︶ ᠠᠯᠪᠠᠨ ᠵᠢᠷᠤᠮ ᠤᠨ ᠮᠣᠳᠣ ᠲᠠᠷᠢᠬᠤ ᠭᠠᠵᠠᠷ | ᠮᠠᠨ ᠤ ᠲᠣᠭᠤᠷᠢᠭ ᠤᠨ ᠠᠯᠪᠠᠨ ᠵᠢᠷᠤᠮ ᠤᠨ ᠮᠣᠳᠣ ᠳᠠᠷᠢᠬᠤ ᠭᠠᠵᠠᠷ ᠨᠢ ᠠᠭᠠᠷᠤᠲᠠᠢ ᠰᠤᠮᠤᠨ ᠤ ᠬᠦᠢ ᠭᠧᠤ | ᠭᠠᠴᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ︵ᠲᠠᠯ᠎ᠠ ᠨᠤᠲᠤᠭ ᠤᠨ ᠰᠢᠨ᠎ᠡ ᠮᠠᠶ᠋ᠢᠭ ᠤᠨ | ᠪᠠᠷᠠᠭᠤᠨ ᠲᠠᠯ᠎ᠠ︶ ᠲᠤ ᠪᠤᠢ᠃ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ | ᠣᠷᠣᠯᠴᠠᠭᠰᠠᠨ ᠪᠥᠬᠦ ᠬᠥᠮᠦᠰ 4 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ ᠶᠢᠨ 10 ᠴᠠᠭ ᠠᠴᠠ | ᠡᠮᠦᠨ᠎ᠡ ᠠ ᠬᠦᠶ ᠭᠸᠦ ᠭᠠᠴᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠬᠦᠷᠦᠭᠡᠷᠡᠶ᠃ | ︵ᠲᠠᠪᠤ︶ ᠵᠣᠬᠢᠶᠠᠨ ᠪᠠᠶᠢᠭᠤᠯᠤᠯᠲᠠ ᠶᠢᠨ ᠬᠡᠯᠪᠡᠷᠢ | ᠡᠨᠡ ᠵᠢᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠬᠡᠷ ᠠᠴᠠ ᠲᠦᠷᠦᠭᠦᠯᠡᠵᠦ᠂ ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ | ᠲᠣᠪᠴᠢᠶ᠎ᠠ ᠠᠴᠠ ᠬᠠᠷᠢᠭᠤᠴᠠᠵᠤ᠂ ᠲᠣᠭᠤᠷᠢᠭ ᠤᠨ ᠬᠠᠷᠢᠶ᠎ᠠ᠂ ᠲᠣᠭᠤᠷᠢᠭ ᠳᠤ ᠰᠠᠭᠤᠭ᠎ᠠ ᠡᠯ᠎ᠡ ᠰᠠᠯᠠᠭ᠎ᠠ ᠮᠥᠴᠢᠷ᠂ | ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠣᠷᠣᠯᠴᠠᠨ᠎ᠠ ︵ᠬᠤᠵᠢᠮ ᠨᠢ 2022 | ᠣᠨ ᠤ ᠵᠢᠦ ᠶᠤᠸᠠᠨ ᠲᠣᠭᠤᠷᠢᠭ ᠤᠨ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠬᠤ ᠣᠷᠣᠨ ᠲᠤᠭ᠎ᠠ ᠶᠢᠨ | ᠬᠤᠪᠢᠶᠠᠷᠢᠯᠠᠯᠲᠠ ᠶᠢᠨ ᠬᠦᠰᠦᠨᠦᠭᠲᠦ ᠶᠢ ᠳᠠᠭᠠᠯᠳᠤᠭᠤᠯᠪᠠ︶᠃ ᠲᠣᠰ ᠤᠳᠠᠭᠠᠨ ᠤ ᠠᠵᠢᠯᠯᠠᠭ᠎ᠠ ᠳᠤ ᠲᠡᠷᠭᠡ ᠬᠥᠰᠬᠡ | ᠲᠤᠰᠴᠤ ᠬᠦᠷᠭᠡᠬᠦ ᠶᠢ ᠲᠣᠬᠢᠷᠠᠭᠤᠯᠬᠤ ᠥᠬᠡᠶ᠂ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠬᠤ ᠡᠯ᠎ᠡ ᠡᠲᠡᠭᠡᠳ ᠤᠨ ᠬᠥᠮᠦᠰ ᠥᠪᠡᠰᠦᠪᠡᠨ ᠭᠠᠳᠠᠭᠰᠢ ᠭᠠᠷᠬᠤ ᠶᠢ ᠲᠣᠬᠢᠷᠠᠭᠤᠯᠬᠤ ᠶᠢᠨ | ᠬᠠᠮᠲᠤ ᠲᠡᠮᠦᠷ ᠬᠦᠷᠵᠡ᠂ ᠤᠰᠤᠨ ᠰᠠᠭᠤᠯᠠᠭ᠎ᠠ ᠵᠡᠷᠭᠡ ᠮᠣᠳᠣ ᠳᠠᠷᠢᠬᠤ ᠪᠠᠭᠠᠵᠢ ᠬᠡᠷᠡᠭᠰᠡᠯ ᠢ ᠥᠪᠡᠰᠦᠪᠡᠨ | ᠪᠡᠯᠡᠳᠬᠡᠭᠡᠷᠡᠶ᠃ | |