ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠠᠯᠪᠠᠨ ᠭᠡᠷ ᠤᠨ ᠳᠠᠷᠤᠮᠯᠠᠨ ᠶᠠᠪᠤᠭᠤᠯᠬᠤ ︽ᠵᠢᠦ ᠶᠤᠸᠠᠨ ᠲᠣᠭᠤᠷᠢᠭ ᠤᠨ 2022 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠬᠡᠷᠡᠭᠵᠢᠭᠦᠯᠬᠦ ᠲᠥᠰᠦᠯ︾  ᠤᠨ ᠲᠤᠬᠠᠢ ᠮᠡᠳᠡᠭᠳᠡᠯ ︵ᠭᠤᠷᠪᠠ︶
ᠨᠡᠶᠢᠲᠡᠯᠡᠭᠰᠡᠨ ᠴᠠᠭ᠄
2022/4/18
      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠳ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠤᠳᠤᠷᠢᠳᠤᠯᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠤᠨ᠂ ᠲᠥᠯᠥᠪᠯᠡᠭᠡ ᠲᠣᠭᠲᠠᠭᠠᠵᠤ᠂ ᠤᠳᠤᠷᠢᠳᠤᠯᠭ᠎ᠠ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠺᠠᠳ᠋ᠷ ᠤᠯᠠᠨ ᠲᠦᠮᠡᠨ ᠢ ᠳᠠᠶᠢᠴᠢᠯᠠᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠶ᠃ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠰᠠᠨ ᠪᠣᠶ ᠪᠥᠬᠦᠶ ᠬᠥᠮᠦᠰ ᠡᠷᠬᠡᠪᠰᠢ ᠲᠤᠬᠠᠶ ᠶᠢᠨ ᠲᠠᠯᠠᠪᠤᠷ ᠤᠨ ᠠᠵᠢᠯᠲᠠᠨ ᠤ ᠨᠢᠭᠡᠳᠦᠯᠲᠡᠶ ᠲᠣᠬᠢᠷᠠᠭᠤᠯᠤᠯᠲᠠ ᠪᠠ ᠵᠢᠯᠣᠭᠤᠳᠣᠯᠭ᠎ᠠ ᠶᠢ ᠳᠠᠭᠠᠵᠤ ᠂ ᠮᠣᠳᠣ ᠳᠠᠷᠢᠬᠤ ᠠᠵᠢᠯᠯᠠᠭ᠎ᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠣᠨᠴᠠᠭᠠᠶᠢᠯᠠᠨ ᠴᠢᠬᠤᠯᠠᠴᠢᠯᠠᠭᠰᠠᠨ ᠨᠢ᠄ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠭᠰᠠᠨ ᠬᠥᠮᠦᠨ ᠪᠦᠬᠦᠨ ᠬᠤᠪᠢ ᠬᠤᠪᠢᠨ ᠤ ᠠᠮᠤᠷ ᠲᠦᠪᠰᠢᠨ ᠢᠶᠠᠨ ᠠᠩᠬᠠᠷᠬᠤ ᠬᠡᠷᠡᠭᠲᠡᠶ᠂ ᠳᠤᠷ᠎ᠠ ᠪᠠᠷ ᠢᠶᠠᠨ ᠠᠵᠢᠯᠯᠠᠭ᠎ᠠ ᠠᠪᠴᠤ ᠪᠣᠯᠬᠤ ᠦᠭᠡᠢ᠂ ᠬᠥᠳᠡᠯᠮᠦᠷᠢ ᠶᠢᠨ ᠪᠠᠭᠠᠵᠢ ᠪᠠᠷ ᠪᠤᠰᠤᠳ ᠢ ᠠᠳᠡᠭᠦᠷᠡᠨ ᠰᠢᠷᠬᠠᠲᠤᠭᠤᠯᠬᠤ ᠶᠢ ᠴᠢᠩᠭ᠎ᠠ ᠰᠡᠷᠭᠡᠶᠢᠯᠡᠵᠦ᠂ ᠬᠥᠭᠡᠭᠡᠵᠦ ᠵᠣᠳᠣᠯᠳᠤᠬᠤ᠂ ᠭᠠᠵᠠᠷ ᠪᠣᠯᠭᠠᠨ ᠳᠤ ᠳᠤᠷ᠎ᠠ ᠪᠠᠷ ᠢᠶᠠᠨ ᠭᠦᠶᠦᠬᠦ ᠶᠢ ᠴᠢᠩᠭ᠎ᠠ ᠴᠠᠭᠠᠵᠠᠯᠠᠵᠤ᠂ ᠪᠥᠬᠡ ᠪᠠᠷᠢᠯᠳᠤᠬᠤ ᠵᠡᠷᠭᠡ ᠬᠡᠷᠡᠭ ᠭᠠᠷᠬᠤ ᠶᠢ ᠤᠷᠢᠳᠴᠢᠯᠠᠨ ᠰᠡᠷᠭᠡᠶᠢᠯᠡᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠥᠪᠡᠰᠦᠪᠡᠨ ᠡᠭᠦᠷᠭᠡᠯᠡᠵᠦ᠂ ᠬᠢᠵᠢᠭ ᠤᠨ ᠪᠠᠶᠢᠳᠠᠯ ᠢ ᠥᠪᠡᠰᠦᠪᠡᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ︔ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠮᠣᠳᠣ ᠳᠠᠷᠢᠬᠤ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠲᠠᠮᠠᠬᠢ ᠲᠠᠲᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ︵ᠬᠤᠶᠠᠷ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠴᠢᠩᠳᠠᠯᠠᠨ᠎ᠠ᠃ ᠣᠶᠢᠵᠢᠭᠤᠯᠤᠯᠲᠠ ᠶᠢᠨ ᠬᠠᠮᠠᠭᠠᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠭᠤᠷᠢᠭ ᠤᠨ ᠤᠢ ᠰᠢᠭᠤᠶ ᠪᠠ ᠨᠤᠲᠤᠭ ᠪᠡᠯᠴᠢᠭᠡᠷ ᠤᠨ ᠬᠤᠪᠢᠶᠠᠷᠢ ᠲᠣᠪᠴᠢᠶ᠎ᠠ ᠠᠴᠠ ᠱᠠᠭᠠᠷᠳᠠᠯᠭ᠎ᠠ ᠶᠣᠰᠣᠭᠠᠷ ᠠᠯᠪᠠᠨ ᠵᠢᠷᠤᠮ ᠤᠨ ᠮᠣᠳᠣ ᠲᠠᠷᠢᠬᠤ ᠠᠵᠢᠯ ᠤᠨ ᠲᠥᠰᠦᠯ ᠪᠠ ᠲᠤᠰᠬᠠᠶ ᠠᠵᠢᠯ ᠤᠨ ᠵᠢᠷᠤᠭ ᠲᠥᠯᠥᠪᠯᠡᠭᠡ ᠶᠢ ᠰᠠᠶᠢᠲᠤᠷ ᠬᠢᠬᠦ ᠬᠡᠷᠡᠭᠲᠡᠶ᠃ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠠᠵᠤ ᠬᠠᠮᠠᠭᠠᠯᠠᠭᠴᠢ ᠶᠢᠨ ᠬᠡᠰᠡᠭ ᠢ ᠳᠠᠭᠠᠭᠠᠴᠢᠯᠠᠬᠤ᠂ ᠬᠡᠰᠡᠭ ᠢ ᠳᠠᠭᠠᠭᠠᠴᠢᠯᠠᠬᠤ᠂ ᠮᠣᠳᠣ ᠶᠢ ᠳᠠᠭᠠᠭᠠᠴᠢᠯᠠᠬᠤ ︽ᠭᠤᠷᠪᠠ ᠶᠢ ᠳᠠᠭᠠᠭᠠᠬᠤ ᠦᠢᠯᠡᠴᠢᠯᠡᠭᠡ︾ ᠶᠢᠨ ᠵᠠᠷᠴᠢᠮ ᠢ ᠬᠡᠷᠡᠭᠵᠢᠭᠦᠯᠬᠦ ᠶᠢᠨ ᠵᠡᠷᠭᠡ ᠳᠤ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠵᠤ᠂ ᠪᠠᠷᠢᠮᠵᠢᠶ᠎ᠠ ᠳᠣᠣᠷ᠎ᠠ᠂ ᠶᠠᠰᠤ ᠴᠢᠨᠠᠷ ᠳᠣᠣᠷ᠎ᠠ ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠵᠠᠶᠢᠯᠠᠬᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠴᠢᠬᠢ ᠮᠣᠳᠣ ᠶᠢ ᠴᠢᠩᠭ᠎ᠠ ᠠᠳᠬᠤᠬᠤ᠂ ᠭᠠᠵᠠᠷ ᠲᠡᠭᠰᠢᠯᠡᠬᠦ᠂ ᠵᠠᠶᠢᠯᠠᠬᠤ᠂ ᠤᠰᠤᠯᠠᠬᠤ᠂ ᠬᠠᠮᠢᠶᠠᠷᠴᠤ ᠬᠠᠮᠠᠭᠠᠯᠠᠬᠤ ᠲᠠᠪᠤᠨ ᠵᠠᠩᠭᠢᠯᠠᠭ᠎ᠠ ᠶᠢ ᠪᠡᠶᠡᠯᠡᠭᠦᠯᠬᠦ ᠬᠡᠷᠡᠭᠲᠡᠢ᠃ ᠮᠡᠷᠭᠡᠵᠢᠯ ᠤᠨ ᠵᠢᠯᠦᠭᠤᠳᠦᠬᠴᠢ ᠨᠢ ᠨᠢᠭᠡᠴᠢ᠂ ᠬᠠᠷᠢᠭᠤᠴᠠᠯᠭ᠎ᠠ ᠶᠢᠨ ᠣᠷᠣᠨ ᠢ ᠳᠠᠭᠠᠭᠠᠴᠢᠯᠠᠨ ᠪᠦᠬᠦ ᠶᠠᠪᠤᠴᠠ ᠳᠤ ᠮᠡᠷᠭᠡᠵᠢᠯ ᠤᠨ ᠵᠢᠯᠦᠭᠤᠳᠦᠯᠭ᠎ᠠ ᠬᠢᠵᠦ᠂ ᠠᠯᠪᠠᠨ ᠵᠢᠷᠤᠮ ᠤᠨ ᠮᠣᠳᠣ ᠲᠡᠷᠢᠬᠤ ᠶᠠᠰᠤ ᠴᠢᠨᠠᠷ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠦᠨ᠎ᠡ᠃ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠨᠢ ᠢᠯᠡ ᠲᠣᠳᠣ ᠲᠡᠮᠳᠡᠭ ᠫᠠᠶᠢᠰᠠ ᠪᠠᠶᠢᠭᠤᠯᠵᠤ᠂ ᠰᠠᠭᠤᠷᠢᠨ ᠭᠠᠵᠠᠷ ᠤᠨ ᠨᠡᠷᠡᠶᠢᠳᠦᠯ᠂ ᠪᠥᠲᠥᠭᠡᠨ ᠪᠠᠶᠢᠭᠤᠯᠬᠤ ᠨᠢᠭᠡᠴᠡ᠂ ᠭᠠᠵᠠᠷ᠂ ᠲᠠᠯᠠᠪᠠᠶ᠂ ᠬᠦᠷᠢᠶ᠎ᠡ ᠬᠡᠪᠴᠢᠶ᠎ᠡ᠂ ᠬᠠᠷᠢᠭᠤᠴᠠᠯᠭ᠎ᠠ ᠡᠭᠦᠷᠭᠡᠯᠡᠭᠴᠢ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠠᠯᠪᠠᠨ ᠵᠢᠷᠤᠮ ᠤᠨ ᠮᠣᠳᠣ ᠳᠠᠷᠢᠬᠤ ᠳᠡᠩᠰᠡᠯᠡᠯᠲᠡ ᠶᠢᠨ ᠺᠠᠷᠲ ᠪᠠ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠲᠠᠩᠰᠠ ᠡᠪᠬᠡᠮᠡᠯ ᠢ ᠪᠠᠶᠢᠭᠤᠯᠵᠤ᠂ ᠵᠣᠬᠢᠬᠤ ᠨᠠᠰᠤᠨ ᠤ ᠠᠷᠠᠳ ᠢᠷᠭᠡᠨ ᠨᠢᠭᠡᠪᠦᠷᠢ ᠶᠢᠨ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠲᠤᠯᠠᠬᠤ ᠬᠡᠷᠡᠭᠲᠡᠶ᠃ ᠡᠯ᠎ᠡ ᠬᠠᠷᠢᠭᠤᠴᠠᠯᠭᠠᠲᠤ ᠨᠢᠭᠡᠴᠡ ᠶᠢᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠭᠡᠭᠰᠡᠨ ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃      ︵ᠭᠤᠷᠪᠠ︶ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠥᠮᠦᠨ ᠪᠦᠬᠦᠨ ᠨᠣᠭᠤᠭᠠᠷᠠᠭᠤᠯᠤᠯᠲᠠ ᠶᠢ ᠬᠠᠶᠢᠷᠠᠯᠠᠵᠤ ᠨᠣᠭᠤᠭᠠᠷᠠᠭᠤᠯᠤᠯᠲᠠ ᠶᠢ ᠬᠠᠮᠠᠭᠠᠯᠠᠬᠤ ᠪᠣᠯᠪᠠᠰᠤᠨ ᠴᠠᠭ ᠤᠨ ᠦᠡᠭᠭᠡ ᠲᠠᠢ ᠨᠢᠭᠲᠠ ᠤᠶᠠᠯᠳᠤᠭᠤᠯᠤᠨ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠳᠦᠭᠡᠨ ᠪᠠᠶᠢᠭᠤᠯᠬᠤ ᠵᠡᠷᠭᠡ ᠭᠤᠣᠯ ᠰᠡᠳᠦᠪᠲᠦ ᠠᠭᠤᠯᠭ᠎ᠠ ᠲᠠᠢ ᠨᠢᠭᠲᠠ ᠤᠶᠠᠯᠳᠤᠭᠤᠯᠤᠨ᠂ ᠮᠣᠳᠣ ᠲᠠᠷᠢᠵᠤ ᠣᠶᠢᠵᠢᠭᠤᠯᠬᠤ᠂ ᠡᠭᠡ ᠣᠷᠣᠨ ᠢᠶᠠᠨ ᠨᠣᠭᠤᠭᠠᠷᠠᠭᠤᠯᠬᠤ ᠬᠠᠷᠢᠭᠤᠴᠠᠯᠭᠠᠲᠤ ᠤᠬᠠᠮᠰᠠᠷ ᠢ ᠤᠯᠠᠨ ᠳᠤ ᠪᠤᠢ ᠪᠣᠯᠭᠠᠵᠤ᠂ ᠪᠦᠬᠦ ᠨᠡᠶᠢᠭᠡᠮ ᠤᠨ ᠤᠬᠠᠮᠰᠠᠷᠲᠤ ᠠᠵᠢᠯᠯᠠᠭ᠎ᠠ ᠶᠢ ᠪᠤᠢ ᠪᠣᠯᠭᠠᠬᠤ ᠬᠡᠷᠡᠭᠲᠡᠶ᠃ ︽ᠪᠤᠭᠤᠲᠤ ᠬᠤᠲᠠ ᠶᠢᠨ ᠠᠯᠪᠠᠨ ᠵᠢᠷᠤᠮ ᠤᠨ ᠮᠣᠳᠣ ᠳᠠᠷᠢᠬᠤ ᠲᠦᠷᠢᠮ︾ ᠤᠨ ᠲᠣᠭᠲᠠᠭᠠᠯ ᠶᠣᠰᠣᠭᠠᠷ᠂ ᠰᠣᠨᠢᠨ᠂ ᠲᠧᠯᠸᠢᠰ᠂ ᠷᠠᠳᠢᠣ᠋ ᠬᠤᠷᠢᠶ᠎ᠠ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠪᠠ ᠠᠷᠭ᠎ᠠ ᠪᠠᠷᠢᠯ ᠢ ᠭᠦᠶ᠋ᠴᠡᠳ ᠬᠡᠷᠡᠭᠯᠡᠨ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠶᠢᠨ ᠵᠣᠷᠢᠯᠭ᠎ᠠ᠂ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠪᠥᠬᠦ ᠠᠷᠠᠳ ᠢᠶᠠᠷ ᠢᠶᠠᠨ ᠨᠣᠭᠤᠭᠠᠷᠠᠭᠤᠯᠤᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠬᠤ ᠬᠡᠷᠡᠭᠲᠡᠶ᠃ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠲᠦᠷᠦᠭᠦᠯᠡᠨ ᠮᠣᠳᠣ ᠲᠠᠷᠢᠬᠤ ᠡᠭᠦᠷᠭᠡ ᠪᠠᠨ ᠭᠦᠢᠴᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠬᠡᠯᠪᠡᠷᠢ ᠶᠢ ᠦᠢᠯᠡᠳᠦᠯᠭᠡᠵᠢᠭᠦᠯᠬᠦ ᠬᠡᠷᠡᠭᠲᠡᠢ᠃ ᠨᠠᠰᠤᠨ ᠳᠤ ᠦᠯᠤ ᠬᠥᠷᠦᠭᠰᠡᠳ ᠲᠤ ᠬᠢᠬᠦ ᠠᠮᠢ ᠠᠬᠤᠶ ᠶᠢᠨ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠷᠠᠬᠠᠨ ᠪᠠᠭ᠎ᠠ ᠠᠴᠠ ᠨᠢ ᠨᠣᠭᠤᠭᠠᠨ ᠦᠡᠭᠭᠡ ᠶᠢ ᠪᠤᠶᠢᠵᠢᠭᠤᠯᠬᠤ᠂ ᠨᠣᠭᠤᠭᠠᠨ ᠦᠡᠭᠭᠡ ᠶᠢ ᠬᠠᠶᠢᠷᠠᠯᠠᠬᠤ᠂ ᠨᠣᠭᠤᠭᠠᠨ ᠦᠡᠭᠭᠡ ᠶᠢ ᠬᠠᠮᠠᠭᠠᠯᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠨ᠎ᠠ᠃ ᠮᠠᠨ ᠤ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢᠶᠠᠨ ᠰᠠᠶᠢᠲᠤᠷ ᠬᠠᠶᠢᠷᠠᠯᠠᠨ ᠬᠠᠮᠠᠭᠠᠯᠠᠵᠤ᠂ ᠡᠬᠡ ᠤᠯᠤᠰ ᠤᠨ ᠢᠶᠠᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠵᠤ᠂ ᠠᠷᠠᠳ ᠲᠦᠮᠡᠨ ᠢᠶᠠᠨ ᠥᠨᠳᠥᠷ ᠶᠠᠰᠤ ᠴᠢᠨᠠᠷ ᠲᠠᠢ ᠠᠮᠢᠳᠤᠷᠠᠭᠤᠯᠬᠤ ᠬᠡᠷᠡᠭᠲᠡᠢ᠃                  ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                 2022 ᠣᠨ ᠤ 4 ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号