ᠪᠤᠭᠤᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ
ᠨᠡᠶᠢᠲᠡᠯᠡᠭᠰᠡᠨ ᠴᠠᠭ᠄
2022/4/7
   ᠪᠤᠭᠤᠲᠤ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠨᠢ ᠪᠤᠭᠤᠲᠤ ᠬᠤᠳᠠ ᠶᠢᠨ ᠵᠢᠶᠠᠨ ᠬᠤᠸᠠ ᠨᠠᠨ ᠵᠠᠮ ᠳᠤ ᠪᠠᠶᠢᠷᠢᠯᠠᠵᠤ᠂ ︽ᠬᠡᠦᠬᠡᠳ ᠤᠨ ᠰᠢᠨᠵᠢᠯᠡᠬᠦ ᠤᠬᠠᠭᠠᠨ ᠤ ᠴᠡᠩᠭᠡᠯ ᠤᠨ ᠬᠦᠷᠢᠶᠡᠯᠡᠩ︾᠂ ︽ᠬᠠᠶᠢᠨ ᠰᠦᠪᠡᠭᠴᠢᠯᠡᠬᠦ ᠪᠠ ᠢᠯᠡᠷᠡᠭᠦᠯᠬᠦ︾᠂ ︽ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠮᠢᠳᠤᠷᠠᠯ︾᠂ ︽ᠣᠷᠴᠢᠯᠠᠩ ᠬᠢᠭᠡᠳ ᠠᠮᠢ ᠨᠠᠰᠤ︾ ᠭᠡᠬᠦ ᠲᠦᠷᠪᠡᠨ ᠶᠡᠭᠡ ᠭᠤᠣᠯ ᠰᠡᠳᠦᠪᠲᠦ ᠦᠵᠡᠭᠦᠯᠦᠯᠭᠡ ᠶᠢᠨ ᠲᠣᠭᠤᠷᠢᠭ ᠲᠠᠢ ᠪᠠᠶᠢᠳᠠᠭ᠃ ᠦᠵᠡᠭᠦᠯᠦᠯᠭᠡ ᠶᠢᠨ ᠠᠭᠤᠯᠭ᠎ᠠ ᠨᠢ ︽ᠰᠢᠨᠵᠢᠯᠡᠬᠦ ᠤᠬᠠᠭᠠᠨ ᠢ ᠣᠶᠢᠯᠠᠭᠠᠵᠤ᠂ ᠪᠠᠶᠢᠭᠠᠯᠢ ᠳᠤ ᠲᠠᠯᠠᠷᠬᠠᠬᠤ ︾ ᠭᠤᠣᠯ ᠦᠵᠡᠯ ᠰᠠᠨᠠᠭ᠎ᠠ ᠶᠢ ᠳᠣᠪᠤᠶᠢᠯᠭᠠᠵᠤ᠂ ᠦᠵᠡᠭᠴᠢᠳ ᠤᠨ ᠭᠠᠷ ᠬᠥᠳᠡᠯᠬᠦ᠂ ᠲᠠᠷᠢᠬᠢ ᠪᠠᠨ ᠬᠥᠳᠡᠯᠭᠡᠨ ᠪᠡᠶ᠎ᠡ ᠪᠠᠷ ᠢᠶᠠᠨ ᠣᠷᠣᠯᠴᠠᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠦᠵᠡᠭᠳᠡᠯ ᠪᠣᠯᠤᠨ ᠰᠢᠨᠵᠢᠯᠡᠬᠦ ᠤᠬᠠᠭᠠᠨ ᠤ ᠤᠭ ᠶᠣᠰᠣ ᠶᠢ ᠢᠯᠡᠷᠡᠭᠦᠯᠦᠭᠰᠡᠨ ᠶᠠᠪᠤᠴᠠ ᠶᠢ ᠪᠡᠶᠡᠴᠢᠯᠡᠨ ᠣᠶᠢᠯᠠᠭᠠᠵᠤ᠂ ᠰᠢᠨᠵᠢᠯᠡᠬᠦ ᠤᠬᠠᠭᠠᠨ ᠤ ᠢᠯᠡᠷᠡᠭᠦᠯᠦᠯᠲᠡ᠂ ᠡᠭᠦᠳᠦᠯᠲᠡ ᠪᠦᠲᠦᠭᠡᠯᠲᠡ ᠶᠢᠨ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠭᠦᠨ ᠭᠦᠨᠵᠡᠭᠡᠢ ᠨᠥᠯᠥᠭᠡ ᠶᠢ ᠮᠡᠳᠡᠷᠡᠵᠦ᠂ ᠪᠤᠭᠤᠲᠤ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠤ ᠣᠯᠤᠭᠰᠠᠨ ᠰᠢᠨ᠎ᠡ ᠠᠮᠵᠢᠯᠲᠠ ᠶᠢ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠳᠦᠷ ᠠᠴᠠ ᠡᠳᠦᠷ ᠰᠢᠨᠡᠳᠦᠨ ᠬᠥᠭᠵᠢᠵᠦ ᠪᠠᠶᠢᠭ᠎ᠠ ᠬᠥᠭᠵᠢᠯᠲᠡ ᠶᠢᠨ ᠠᠮᠢᠳᠤᠷᠠᠯ ᠳᠤ ᠠᠪᠴᠢᠷᠠᠭᠰᠠᠨ ᠯᠤᠲᠤ ᠶᠡᠭᠡ ᠬᠤᠪᠢᠷᠠᠯᠲᠠ ᠶᠢ ᠣᠶᠢᠯᠠᠭᠠᠬᠤ ᠶᠢ ᠵᠣᠷᠢᠭᠵᠢᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号