ᠪᠤᠭᠤᠲᠤ ᠶᠢᠨ ᠸᠠᠨ ᠺᠧ ᠤᠨ ᠮᠥᠰᠥ ᠴᠠᠰᠤᠨ ᠤ ᠮᠦᠽᠧᠶ ᠶᠢ ᠵᠢᠩᠬᠢᠨᠢ ᠪᠠᠷ ᠨᠡᠭᠡᠭᠡᠪᠡ
ᠨᠡᠶᠢᠲᠡᠯᠡᠭᠰᠡᠨ ᠴᠠᠭ᠄
2022/5/16
   ᠪᠤᠭᠤᠲᠤ ᠶᠢᠨ ᠸᠠᠨ ᠺᠧ ᠮᠥᠰᠥ ᠴᠠᠰᠤᠨ ᠤ ᠮᠦᠽᠧᠢ ᠶᠢᠨ ᠲᠦᠷᠦᠯ ᠵᠦᠢᠯ ᠨᠢ ᠪᠤᠭᠤᠲᠤ ᠬᠤᠳᠠ ᠶᠢᠨ ᠵᠢᠤ ᠶᠤᠸᠠᠨ ᠲᠣᠭᠤᠷᠢᠭ ᠤᠨ ᠰᠢᠨ ᠳ᠋ᠦ᠋ ᠬᠤᠳᠠ ᠶᠢᠨ ᠲᠣᠭᠤᠷᠢᠭ ᠤᠨ ᠭᠤᠣᠯ ᠲᠣᠭᠤᠷᠢᠭ ᠲᠤ ᠪᠠᠶᠢᠷᠢᠯᠠᠵᠤ᠂ ᠤᠮᠠᠷᠠᠰᠢ ᠪᠦᠳᠦᠭᠡᠨ ᠪᠠᠶᠢᠭᠤᠯᠤᠯᠲᠠ ᠶᠢᠨ ᠵᠠᠮ ᠲᠠᠢ ᠬᠠᠪᠢᠳᠠᠵᠤ᠂ ᠵᠡᠭᠦᠨᠰᠢ ᠪᠠᠨ ᠠᠷᠪᠠᠨ ᠬᠤᠶᠠᠷ ᠵᠠᠮ ᠢᠶᠠᠷ ᠥᠩᠭᠡᠷᠡᠵᠦ᠂ ᠪᠠᠷᠠᠭᠤᠨᠰᠢ ᠪᠠᠨ ᠠᠷᠪᠠᠨ ᠳᠥᠷᠪᠡᠳᠦᠭᠡᠷ ᠵᠠᠮ ᠢᠶᠠᠷ ᠥᠩᠭᠡᠷᠡᠵᠦ᠂ ᠡᠮᠦᠨᠡᠰᠢ ᠪᠠᠨ ᠥᠷᠭᠡᠷᠢᠭ ᠤᠨ ᠠᠷᠪᠠᠨ ᠬᠤᠶᠠᠷ ᠪᠠᠷᠠᠭᠤᠨ ᠵᠠᠮ ᠲᠠᠢ ᠬᠠᠪᠢᠳᠠᠵᠤ᠂ ᠪᠠᠷᠢᠯᠭ᠎ᠠ ᠶᠢᠨ ᠲᠠᠯᠠᠪᠠᠢ ᠨᠢ 3000 ᠲᠡᠭᠰᠢ ᠳᠥᠷᠪᠡᠯᠵᠢᠨ ᠮᠧᠳ᠋ᠷ ᠪᠣᠯᠤᠨ᠎ᠠ᠃    ᠲᠣᠰ ᠲᠥᠷᠥᠯ ᠵᠦᠢᠯ ᠢ 6 ᠰᠠᠷ᠎ᠠ ᠶᠢᠨ 21 ᠤ ᠡᠳᠦᠷ ᠠᠴᠠ ᠵᠢᠩᠬᠢᠨᠢ ᠪᠠᠷ ᠨᠡᠭᠡᠭᠡᠵᠦ᠂ ᠮᠥᠰᠥ ᠴᠠᠰᠤᠨ ᠤ ᠮᠦᠽᠧᠶ ᠶᠢᠨ ᠨᠡᠭᠡᠭᠡᠯᠲᠡ ᠨᠢ ᠮᠠᠨ ᠤ ᠬᠤᠲᠠ ᠶᠢᠨ ᠰᠠᠭᠤᠭᠠᠯᠢ ᠠᠷᠠᠳ ᠲᠤ ᠪᠠᠰᠠ ᠨᠢᠭᠡ ᠵᠤᠭ᠎ᠠ ᠴᠡᠩᠭᠡᠯ ᠤᠨ ᠲᠠᠯᠠᠪᠤᠷ ᠬᠠᠩᠭᠠᠵᠤ᠂ ᠬᠤᠲᠠ ᠶᠢᠨ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠠᠰᠢᠭᠲᠠᠶ ᠪᠥᠭᠡᠳ ᠪᠤᠭᠤᠲᠤ ᠬᠤᠲᠠ ᠶᠢᠨ ᠢᠷᠠᠭᠤ ᠠᠯᠳᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠮᠠᠷᠠᠲᠤ ᠶᠢᠨ ᠰᠡᠯᠡᠭᠦᠴᠡᠯ ᠤᠨ ᠬᠤᠲᠠ ᠶᠢᠨ ᠬᠥᠮᠦᠨ ᠰᠣᠶᠣᠯ ᠤᠨ ᠵᠣᠷᠢᠭ ᠰᠠᠨᠠᠭ᠎ᠠ ᠪᠠ ᠬᠥᠮᠦᠨ ᠰᠣᠶᠣᠯ ᠤᠨ ᠷᠢᠳᠢ ᠰᠢᠳᠢ ᠶᠢ ᠢᠯᠡᠷᠡᠭᠦᠯᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号