ᠪᠤᠭᠤᠳᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠤᠨ ᠤ ᠠᠯᠪᠠᠨ ᠲᠠᠷᠬᠠᠭᠠᠭᠰᠠᠨ ﹇2022﹈ 65 ᠳ᠋ᠤᠭᠠᠷ ᠲᠣᠭᠠᠲᠤ | | ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ 2022 ᠣᠨ ᠤ ᠪᠥᠬᠦ ᠲᠣᠭᠤᠷᠢᠭ ᠤᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠬᠦ ᠲᠤᠬᠠᠶ ᠮᠡᠳᠡᠭᠳᠡᠯ | | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ᠂ ᠲᠣᠭᠤᠷᠢᠭ ᠤᠨ ᠬᠠᠷᠢᠶ᠎ᠠ᠂ | ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠡ ᠳᠤ᠄ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠠᠤᠯᠢ | ᠬᠡᠷᠡᠭᠵᠢᠭᠦᠯᠬᠦ ᠶᠢ ᠵᠢᠷᠤᠮᠵᠢᠭᠤᠯᠬᠤ᠂ ᠪᠠᠲᠤᠯᠠᠬᠤ ᠪᠠ ᠬᠢᠨᠠᠯᠲᠠ ᠲᠠᠯᠪᠢᠵᠤ᠂ ᠠᠷᠠᠳ ᠢᠷᠭᠡᠨ᠂ ᠬᠠᠤᠯᠢ ᠶᠢᠨ ᠡᠷᠬᠡᠲᠡᠨ | ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠶᠢ ᠬᠠᠮᠠᠭᠠᠯᠠᠨ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠲᠥᠯᠬᠢᠨ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠲᠥᠷᠢᠮ︾ ᠤᠨ | ᠲᠣᠭᠲᠠᠭᠠᠯ ᠢ ᠦᠨᠳᠦᠰᠦᠯᠡᠨ᠂ ᠪᠠᠶᠢᠭᠤᠯᠤᠮᠵᠢ ᠶᠢᠨ ᠥᠭᠡᠷᠡᠴᠢᠯᠡᠯᠲᠡ ᠬᠢᠭᠡᠳ ᠡᠭᠦᠷᠭᠡ ᠴᠢᠳᠠᠪᠤᠷᠢ ᠶᠢᠨ | ᠲᠤᠬᠢᠷᠠᠭᠤᠯᠤᠯᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ 35 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠭᠤᠣᠯ ᠴᠣᠭᠴᠠ ᠶᠢ ᠨᠡᠶᠢᠲᠡᠯᠡᠨ᠎ᠡ᠃ | ᠨᠢᠭᠡ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ | ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠪᠤᠭᠤᠲᠤ ᠬᠤᠲᠠ ᠶᠢᠨ | ᠵᠢᠤ ᠶᠤᠸᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ | ᠬᠤᠷᠢᠶ᠎ᠠ᠂ ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠪᠤᠭᠤᠲᠤ | ᠬᠤᠲᠠ ᠶᠢᠨ ᠵᠢᠦ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠪᠤᠭᠤᠲᠤ ᠬᠤᠲᠠ ᠶᠢᠨ ᠵᠢᠦ ᠶᠤᠸᠠᠨ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠤᠭᠤᠲᠤ ᠬᠤᠲᠠ ᠶᠢᠨ ᠵᠢᠦ ᠶᠤᠸᠠᠨ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ | ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠤᠭᠤᠲᠤ ᠬᠤᠲᠠ ᠶᠢᠨ ᠵᠢᠦ ᠶᠤᠸᠠᠨ | ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ | ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠤᠭᠤᠲᠤ ᠬᠤᠲᠠ ᠶᠢᠨ ᠵᠢᠦ | ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠤᠭᠤᠲᠤ ᠬᠤᠲᠠ ᠶᠢᠨ ᠵᠢᠦ ᠶᠤᠸᠠᠨ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ ᠵᠢᠦ | ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ | ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ | ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ᠂ ᠪᠤᠭᠤᠲᠤ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠢᠦ | ᠶᠤᠸᠠᠨ ᠬᠤᠪᠢᠶᠠᠷᠢ ᠲᠣᠪᠴᠢᠶ᠎ᠠ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠦ | ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠵᠢᠦ ᠶᠤᠸᠠᠨ ᠲᠣᠭᠤᠷᠢᠭ ᠤᠨ | ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠵᠢᠦ ᠶᠤᠸᠠᠨ ᠲᠣᠭᠤᠷᠢᠭ ᠤᠨ ᠰᠣᠨᠢᠨ ᠮᠡᠳᠡᠭᠡ ᠬᠡᠪᠯᠡᠯ ᠤᠨ | ᠡᠷᠬᠡ ᠶᠢᠨ ᠲᠣᠪᠴᠢᠶ᠎ᠠ᠂ ᠵᠢᠦ ᠶᠤᠸᠠᠨ ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠪᠤᠭᠤᠲᠤ ᠬᠤᠲᠠ ᠶᠢᠨ ᠵᠢᠦ ᠶᠤᠸᠠᠨ | ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠵᠢᠦ ᠶᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ᠂ ᠪᠤᠭᠤᠲᠤ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ᠃ | ᠬᠤᠶᠠᠷ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ | ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ ᠠᠭᠠᠷᠤᠲᠠᠢ ᠰᠤᠮᠤᠨ ᠤ ᠠᠷᠠᠳ ᠤᠨ ᠵᠠᠰᠠᠭ ᠤᠨ | ᠣᠷᠳᠣᠨ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠬᠤᠶᠠᠷᠬᠤᠳᠳᠤᠭ ᠶᠢᠨ ᠠᠷᠠᠳ ᠤᠨ ᠵᠠᠰᠠᠭ ᠤᠨ | ᠣᠷᠳᠣᠨ᠂ ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ ᠬᠠᠷᠢᠨᠭᠡᠷ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ᠂ ᠪᠤᠭᠤᠲᠤ ᠬᠤᠳᠠ ᠶᠢᠨ ᠵᠢᠤ ᠶᠤᠸᠠᠨ ᠲᠣᠭᠤᠷᠢᠭ ᠤᠨ ᠮᠠ ᡂᠢ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠪᠤᠭᠤᠲᠤ ᠬᠤᠳᠠ ᠶᠢᠨ ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠱᠠ ᠾᠧ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠤᠭᠤᠲᠤ ᠬᠤᠳᠠ ᠶᠢᠨ ᠵᠢᠤ ᠶᠤᠸᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠤᠭᠤᠲᠤ ᠬᠤᠳᠠ ᠶᠢᠨ ᠵᠢᠤ | ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠪᠤᠭᠤᠲᠤ ᠬᠤᠳᠠ ᠶᠢᠨ ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠷᠠᠭᠤᠯ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠤᠭᠤᠲᠤ ᠬᠤᠳᠠ ᠶᠢᠨ ᠵᠢᠤ ᠶᠤᠸᠠᠨ ᠲᠣᠭᠤᠷᠢᠭ ᠤᠨ ᠲᠤᠰᠬᠠᠶ | ᠲᠠᠮᠠᠬᠢ ᠬᠤᠳᠠᠯᠳᠤᠬᠤ ᠲᠣᠪᠴᠢᠶ᠎ᠠ᠃ | ᠭᠤᠷᠪᠠ᠂ ᠬᠤᠯᠪᠣᠭᠳᠠᠯ ᠪᠦᠬᠦᠢ ᠵᠦᠢᠯᠡᠰ | ︵ᠨᠢᠭᠡ︶ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ | ᠴᠣᠭᠴᠠ ᠶᠢᠨ ᠨᠡᠷᠡᠰ ᠢ ᠬᠠᠮᠲᠤ ᠳᠤᠨᠢ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠳᠤ | ᠨᠡᠶᠢᠲᠡᠯᠡᠨ᠎ᠡ᠃ | ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ | ᠲᠣᠭᠲᠠᠭᠠᠯ ᠢ ᠦᠨᠳᠦᠰᠦᠯᠡᠨ ᠨᠠᠶᠢᠳᠠᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠥᠷᠨᠢᠭᠦᠯᠬᠦ ᠳᠤ᠂ | ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ᠯᠤᠭ᠎ᠠ ᠪᠢᠴᠢᠭ ᠤᠨ | ᠬᠡᠯᠪᠡᠷᠢ ᠶᠢᠨ ᠨᠠᠶᠢᠳᠠᠯᠭ᠎ᠠ ᠶᠢᠨ ᠵᠥᠪᠯᠡᠯᠴᠡᠭᠡᠷ ᠲᠣᠭᠲᠠᠵᠤ᠂ ᠨᠠᠶᠢᠳᠠᠯᠭ᠎ᠠ ᠬᠦᠯᠢᠶᠡᠭᠰᠡᠨ ᠭᠤᠤᠯ ᠴᠣᠭᠴᠠ ᠪᠠ | ᠨᠠᠶᠢᠳᠠᠭᠰᠠᠨ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠭᠤᠯᠭ᠎ᠠ ᠶᠢ ᠢᠯᠡ ᠪᠣᠯᠭᠠᠬᠤ ᠶᠢᠨ ᠬᠠᠮᠲᠤ ᠲᠣᠭᠤᠷᠢᠭ ᠤᠨ | ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ︵ᠭᠤᠷᠪᠠ︶ ᠲᠣᠭᠤᠷᠢᠭ ᠤᠨ ᠨᠠᠮ ᠤᠨ ᠬᠤᠷᠢᠶ᠎ᠠ ᠶᠢᠨ ᠠᠵᠢᠯᠯᠠᠬᠤ ᠪᠠᠶᠢᠭᠤᠯᠭ᠎ᠠ ᠳᠤ ᠫᠠᠶᠢᠰᠠ ᠡᠯᠭᠦᠭᠰᠡᠨ | ᠪᠠᠶᠢᠭᠤᠯᠤᠮᠵᠢ ᠨᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ | ᠲᠣᠭᠲᠠᠭᠠᠯ ᠢ ᠦᠨᠳᠦᠰᠦᠯᠡᠨ᠂ ᠫᠠᠶᠢᠰᠠ ᠡᠯᠭᠦᠭᠰᠡᠨ ᠪᠠᠶᠢᠭᠤᠯᠤᠮᠵᠢ ᠶᠢᠨ ᠨᠡᠷ᠎ᠡ ᠪᠠᠷ ᠭᠠᠳᠠᠭᠰᠢ ᠪᠠᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ | ︵ᠳᠥᠷᠪᠡ︶ ᠬᠤᠶᠢᠰᠢᠳᠠ᠂ ᠲᠣᠭᠤᠷᠢᠭ ᠤᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠭᠤᠤᠯ ᠴᠣᠭᠴᠠ ᠳᠤ ᠪᠠᠶᠢᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠭᠤᠤᠯ ᠴᠣᠭᠴᠠ ᠶᠢᠨ ᠬᠢᠷᠢ ᠬᠡᠮ ᠢ ᠬᠦᠴᠦᠨ | ᠥᠬᠡᠶ ᠪᠣᠯᠭᠠᠬᠤ ᠵᠡᠷᠭᠡ ᠪᠠᠶᠢᠳᠠᠯ ᠭᠠᠷᠪᠠᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠴᠠᠭ ᠲᠤᠬᠠᠶ ᠳᠤᠨᠢ | ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ ᠳᠠᠬᠢᠨ ᠬᠢᠨᠠᠨ ᠬᠠᠷᠭᠤᠭᠤᠯᠬᠤ ᠬᠡᠷᠡᠭᠲᠡᠶ᠃ | ᠲᠣᠰ ᠮᠡᠳᠡᠭᠳᠡᠯ ᠢ ᠪᠠᠭᠤᠯᠭᠠᠭᠰᠠᠨ ᠤ ᠳᠠᠷᠠᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠮᠵᠢ ᠶᠢᠨ ᠨᠤᠲᠠᠯᠠᠯᠲᠠ ᠶᠢ ᠲᠣᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠵᠤ᠂ ᠡᠭᠦᠨ ᠠᠴᠠ ᠡᠮᠦᠨ᠎ᠡ | ᠨᠡᠶᠢᠲᠡᠯᠡᠭᠰᠡᠨ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠢ ᠨᠤᠲᠠᠯᠠᠭᠰᠠᠨ ᠬᠤᠯᠪᠣᠭᠳᠠᠯ ᠪᠥᠬᠦᠶ | ᠪᠢᠴᠢᠭ ᠮᠠᠲ᠋ᠧᠷᠢᠶᠠᠯ ᠢ ᠳᠠᠭᠢᠵᠤ ᠬᠡᠷᠡᠭᠵᠢᠭᠦᠯᠬᠦ ᠥᠬᠡᠶ᠃ | | ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ | 2022ᠣᠨ ᠤ6 ᠰᠠᠷ᠎ᠠ ᠶᠢᠨ27 ᠤ ᠡᠳᠦᠷ |