ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠢᠤ ᠶᠤᠸᠠᠨ ᠲᠣᠭᠤᠷᠢᠭ ᠤᠨ ︽ᠪᠤᠭᠤᠲᠤ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ︾᠎ ᠢ ᠲᠤᠭᠤᠰᠢᠯᠠᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ(ᠨᠢᠭᠡ)
ᠨᠡᠶᠢᠲᠡᠯᠡᠭᠰᠡᠨ ᠴᠠᠭ᠄
2022/8/1
                             ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ                              ᠠᠯᠪᠠᠨ ᠬᠡᠷ ᠤᠨ ᠲᠠᠷᠬᠠᠭᠠᠭᠰᠠᠨ ︹2022︺ 72 ᠳ᠋ᠦ᠋ᠭᠡᠷ ᠲᠤᠭᠠᠳᠤ        ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠡ ᠳᠤ᠄       ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠵᠢᠤ ᠶᠤᠸᠠᠨ ᠲᠣᠭᠤᠷᠢᠭ ᠤᠨ ︽ᠪᠤᠭᠤᠲᠤ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠳᠦᠷᠢᠮ︾᠎ ᠢ ᠲᠤᠤᠱᠯᠠᠭᠤᠯᠬᠤ ᠬᠡᠷᠡᠭᠵᠢᠭᠦᠯᠬᠦ ᠲᠥᠰᠦᠯ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃                            ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                           2022 ᠣᠨ ᠤ 8 ᠳ᠋ᠤᠭᠠᠷ ᠰᠠᠷ᠎ᠠ ᠶᠢᠨ 1᠎ ᠤ ᠡᠳᠦᠷ    ᠵᠢᠦ ᠶᠤᠸᠠᠨ ᠲᠣᠭᠤᠷᠢᠭ ᠤᠨ ︽ᠪᠤᠭᠤᠲᠤ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠳᠦᠷᠢᠮ︾᠎ ᠢ ᠲᠤᠭᠤᠰᠢᠯᠠᠭᠤᠯᠬᠤ ᠬᠡᠷᠡᠭᠵᠢᠭᠦᠯᠬᠦ ᠲᠥᠰᠦᠯ      ︽ᠪᠤᠭᠤᠲᠤ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠎ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠤ ᠶᠤᠸᠠᠨ ᠲᠣᠭᠤᠷᠢᠭ ᠤᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠤᠨ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠬᠥᠮᠦᠨ ᠤ ᠪᠡᠶ᠎ᠡ ᠶᠢᠨ ᠠᠮᠤᠷ ᠲᠦᠪᠰᠢᠨ ᠢ ᠪᠠᠲᠤᠯᠠᠵᠤ᠂ ᠬᠤᠲᠠ ᠶᠢᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠡᠮᠬᠢ ᠳᠢᠭᠯᠢᠮ ᠢ ᠬᠠᠮᠠᠭᠠᠯᠠᠨ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠤᠰᠠᠳᠠ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃       ᠨᠢᠭᠡ᠂ ᠵᠢᠯᠣᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠢᠷᠤᠮᠵᠢᠭᠤᠯᠤᠨ ᠬᠠᠮᠢᠶᠠᠷᠬᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ︾ ᠵᠠᠷᠴᠢᠮ ᠶᠣᠰᠣᠭᠠᠷ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ︽ᠨᠠᠮ ᠵᠠᠰᠠᠭ ᠤᠨ ᠤᠳᠤᠷᠢᠳᠤᠯᠭ᠎ᠠ᠂ ᠬᠠᠷᠢᠶ᠎ᠠ ᠭᠠᠵᠠᠷ ᠤᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠭᠤᠤᠯᠴᠢᠯᠠᠨ ᠬᠠᠮᠢᠶᠠᠷᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠨᠣᠬᠠᠶ ᠲᠡᠵᠢᠭᠡᠬᠦ ᠬᠠᠮᠢᠶᠠᠷᠤᠯᠲᠠ ᠶᠢᠨ ᠬᠠᠮᠲᠤ ᠪᠠᠷ ᠵᠠᠰᠠᠬᠤ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠪᠠ ᠬᠥᠮᠦᠨ ᠤ ᠪᠡᠶ᠎ᠡ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠵᠤ᠂ ᠨᠡᠶᠢᠭᠡᠮ ᠤᠨ ᠣᠯᠠᠨ ᠨᠡᠶᠢᠲᠡ ᠶᠢᠨ ᠡᠮᠬᠢ ᠳᠢᠭᠯᠢᠮ ᠪᠠ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠵᠤ ᠂ ᠨᠡᠶᠢᠭᠡᠮ ᠤᠨ ᠠᠮᠤᠷ ᠢ ᠬᠠᠮᠠᠭᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠲᠤᠳᠬᠠᠨ᠎ᠠ᠃  
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号