ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠢᠤ ᠶᠤᠸᠠᠨ ᠲᠣᠭᠤᠷᠢᠭ ᠤᠨ ︽ᠪᠤᠭᠤᠲᠤ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ︾᠎ ᠢ ᠲᠤᠭᠤᠰᠢᠯᠠᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ(ᠬᠤᠶᠠᠷ)
ᠨᠡᠶᠢᠲᠡᠯᠡᠭᠰᠡᠨ ᠴᠠᠭ᠄
2022/8/1
      ᠬᠤᠶᠠᠷ᠂ ᠠᠵᠢᠯ ᠤᠨ ᠬᠠᠷᠠᠯᠲᠠ       ᠤᠬᠠᠭᠤᠯᠭ᠎ᠠ ᠬᠥᠮᠦᠵᠢᠯ᠂ ᠵᠢᠭᠰᠠᠭᠠᠨ ᠪᠠᠶᠢᠴᠠᠭᠠᠵᠤ ᠳᠠᠩᠰᠠᠯᠠᠨ ᠲᠡᠮᠳᠡᠭᠯᠡᠬᠦ᠂ ᠭᠤᠤᠯᠳᠠᠯᠭ᠎ᠠ ᠲᠠᠢ ᠴᠡᠭᠴᠡᠯᠡᠨ ᠵᠠᠰᠠᠬᠤ᠂ ᠬᠠᠤᠯᠢ ᠬᠡᠷᠡᠭᠵᠢᠭᠦᠯᠵᠦ ᠪᠠᠶᠢᠴᠠᠭᠠᠨ ᠰᠢᠢᠳᠪᠤᠷᠢᠯᠡᠬᠦ ᠵᠡᠷᠭᠡ ᠲᠠᠯ᠎ᠠ ᠪᠠᠷ ᠮᠠᠨ ᠤ ᠲᠣᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠶᠢ ᠰᠠᠨᠠᠭᠠᠴᠢᠯᠠᠨ ᠠᠬᠢᠭᠤᠯᠵᠤ᠂ ︽ᠳᠦᠷᠢᠮ︾᠎ ᠤᠨ ᠨᠡᠶᠢᠭᠡᠮ ᠲᠣᠭᠤᠷᠢᠭ ᠤᠨ ᠤᠬᠠᠭᠤᠯᠤᠨ ᠣᠶᠢᠯᠠᠭᠠᠬᠤ ᠨᠣᠷᠮ᠎ᠠ ᠶᠢᠨ 100 %᠂ ᠦᠯᠦ ᠬᠠᠯᠳᠠᠭᠠᠬᠤ ᠨᠣᠬᠠᠶ ᠶᠢᠨ ᠳᠠᠩᠰᠠ ᠡᠪᠬᠡᠮᠡᠯ ᠪᠠᠶᠢᠭᠤᠯᠬᠤ ᠨᠣᠷᠮ᠎ᠠ ᠶᠢᠨ 100 %᠂ ᠨᠣᠬᠠᠶ ᠲᠡᠵᠢᠭᠡᠬᠦ ᠶᠢᠨ ᠳᠠᠩᠰᠠᠯᠠᠨ ᠦᠨᠡᠮᠯᠡᠯ ᠭᠦᠢᠴᠡᠳᠭᠡᠬᠦ ᠨᠣᠷᠮ᠎ᠠ ᠶᠢᠨ 100 % ︽ᠭᠤᠷᠪᠠᠨ ᠵᠠᠭᠤᠨ ᠤ ᠵᠠᠭᠤ︾᠎ ᠶᠢᠨ ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ︔ ᠨᠡᠶᠢᠭᠡᠮ ᠤᠨ ᠲᠠᠯ᠎ᠠ ᠶᠢᠨ ᠲᠡᠨᠦᠭᠦᠯ ᠨᠣᠬᠠᠶ ᠣᠯᠠᠨ᠂ ᠭᠤᠤᠯᠳᠠᠯᠭ᠎ᠠ ᠲᠠᠢ ᠬᠠᠮᠢᠶᠠᠷᠤᠯᠲᠠ ᠶᠢᠨ ᠣᠷᠣᠨ ᠳᠤ ᠲᠣᠭᠲᠠᠭᠠᠯ ᠢ ᠵᠥᠷᠢᠴᠡᠨ ᠳᠣᠭᠰᠢᠨ ᠨᠣᠬᠠᠶ ᠪᠠ ᠲᠣᠮᠣ ᠬᠡᠯᠪᠡᠷᠢ ᠶᠢᠨ ᠨᠣᠬᠠᠶ ᠲᠡᠵᠢᠭᠡᠬᠦ᠂ ᠨᠣᠬᠠᠶ ᠶᠢ ᠴᠠᠭᠠᠵᠠᠯᠠᠬᠤ ᠣᠷᠣᠨ ᠪᠠ ᠲᠠᠯᠠᠪᠤᠷ ᠲᠤ ᠨᠣᠬᠠᠶ ᠪᠠᠨ ᠠᠪᠴᠤ ᠶᠠᠪᠤᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ︔ ᠨᠣᠬᠠᠶ ᠪᠠᠨ ᠲᠣᠭᠤᠷᠢᠭᠤᠯᠬᠤ ᠳᠠᠭᠠᠨ ᠲᠣᠭᠲᠠᠭᠠᠯ ᠶᠣᠰᠣᠭᠠᠷ ᠴᠢᠷᠬᠦ ᠦᠭᠡᠢ᠂ ᠨᠣᠬᠠᠶ ᠪᠠᠨ ᠠᠪᠴᠤ ᠭᠡᠷ ᠠᠴᠠ ᠪᠠᠨ ᠭᠠᠷᠬᠤ ᠦᠭᠡᠢ᠂ ᠨᠣᠬᠠᠶ ᠪᠠᠨ ᠵᠥᠪᠬᠡᠨ ᠴᠠᠴᠠᠭᠠᠬᠤ ᠪᠠ ᠨᠣᠬᠠᠶ ᠪᠠᠨ ᠵᠥᠪᠬᠡᠨ ᠬᠥᠮᠦᠨ ᠢ ᠰᠢᠷᠬᠠᠲᠤᠭᠤᠯᠬᠤ᠂ ᠠᠷᠠᠳ ᠢ ᠰᠠᠮᠠᠭᠤᠷᠠᠭᠤᠯᠬᠤ᠂ ᠵᠢᠭᠤᠷᠠᠯᠳᠤᠭᠠᠨ ᠭᠠᠷᠭᠠᠬᠤ ᠵᠡᠷᠭᠡ ᠪᠣᠯᠪᠠᠰᠤᠨ ᠪᠤᠰᠤ ᠨᠣᠬᠠᠶ ᠲᠡᠵᠢᠭᠡᠬᠦ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠴᠡᠪᠡᠷᠯᠡᠬᠦ ᠦᠭᠡᠢ︔ ᠡᠩ ᠤᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠨᠣᠬᠠᠶ ᠶᠢᠨ ᠬᠢᠵᠢᠭ ᠪᠠᠶᠢᠴᠠᠭᠠᠬᠤ᠂ ᠭᠠᠯᠵᠠᠭᠤ ᠡᠪᠡᠳᠴᠢᠨ ᠤ ᠦᠯᠦ ᠬᠠᠯᠳᠠᠭᠠᠬᠤ ᠪᠠ ᠪᠣᠯᠪᠠᠰᠤᠨ ᠢᠶᠠᠷ ᠨᠣᠬᠠᠶ ᠲᠡᠵᠢᠭᠡᠬᠦ ᠶᠢ ᠬᠥᠲᠥᠯᠥᠨ ᠵᠢᠯᠣᠭᠤᠳᠬᠤ ᠠᠵᠢᠯ ᠢ ᠴᠢᠩᠭᠠᠷᠠᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号