ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠢᠤ ᠶᠤᠸᠠᠨ ᠲᠣᠭᠤᠷᠢᠭ ᠤᠨ ︽ᠪᠤᠭᠤᠲᠤ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ︾᠎ ᠢ ᠲᠤᠭᠤᠰᠢᠯᠠᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ(ᠭᠤᠷᠪᠠ)
ᠨᠡᠶᠢᠲᠡᠯᠡᠭᠰᠡᠨ ᠴᠠᠭ᠄
2022/8/1
      ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ       ᠡᠨᠡ ᠬᠦ ᠠᠵᠢᠯ ᠤᠨ ᠦᠷ᠎ᠡ ᠪᠦᠲᠦᠮᠵᠢ ᠶᠢ ᠯᠠᠪᠳᠠᠭᠤᠨ ᠪᠠᠲᠤᠲᠠᠶ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠣᠭᠤᠷᠢᠭ ᠤᠨ ᠵᠠᠰᠠᠭ ᠤᠨ ᠣᠷᠳᠣᠨ ᠲᠣᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠢᠯᠠᠩ ᠢ ᠪᠠᠶᠢᠭᠤᠯᠪᠠ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠡᠭᠦᠷᠭᠡᠯᠡᠪᠡ᠂ ᠳᠡᠳ᠋ ᠳᠤᠭᠤᠶᠢᠯᠠᠩ ᠤᠨ ᠳᠠᠷᠤᠭ᠎ᠠ ᠶᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠪᠢᠳᠠᠨ ᠬᠠᠮᠢᠶᠠᠷᠴᠤ ᠪᠦᠬᠦᠢ ᠳᠡᠳ᠋ ᠡᠷᠬᠢᠯᠡᠭᠴᠢ ᠪᠣᠯᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠳᠡᠳ᠋ ᠲᠣᠪᠴᠢᠶᠠᠨ ᠳᠠᠷᠤᠭ᠎ᠠ ᠡᠭᠦᠷᠭᠡᠯᠡᠨ᠎ᠡ᠂ ᠪᠦᠷᠢᠯᠳᠦᠬᠦᠨ ᠢ ᠨᠢ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠤᠨ  ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠬᠠᠷᠢᠭᠤᠴᠠᠨ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ᠪᠦᠷᠢᠯᠳᠦᠬᠦᠨ᠂ ᠬᠠᠷᠢᠭᠤᠴᠠᠯᠭᠠᠲᠠᠨ ᠯᠢ ᠵᠢᠶᠠᠨ ᠹᠸᠢ ︵ᠬᠠᠪᠰᠤᠷᠭᠠᠨ ᠬᠠᠷᠢᠭᠤᠴᠠᠨ᠎ᠠ︶᠃  ᠲᠣᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠳᠣᠷᠣᠭᠰᠢ ᠲᠣᠭᠤᠷᠢᠭ ᠤᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠯᠪᠠᠨ ᠭᠡᠷ ᠭᠡᠵᠦ ᠲᠣᠪᠴᠢᠯᠠᠨ᠎ᠠ ᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠳᠤ ᠭᠠᠷᠭᠠᠵᠤ᠂ ᠪᠦᠬᠦ ᠲᠣᠭᠤᠷᠢᠭ ᠤᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠬᠤ ᠪᠠ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号