ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠢᠤ ᠶᠤᠸᠠᠨ ᠲᠣᠭᠤᠷᠢᠭ ᠤᠨ ︽ᠪᠤᠭᠤᠲᠤ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ︾᠎ ᠢ ᠲᠤᠭᠤᠰᠢᠯᠠᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ(ᠳᠦᠷᠪᠡ)
ᠨᠡᠶᠢᠲᠡᠯᠡᠭᠰᠡᠨ ᠴᠠᠭ᠄
2022/8/1
      ᠳᠥᠷᠪᠡ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ      (ᠨᠢᠭᠡ) ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠨᠤᠭᠤᠳ ᠲᠤᠰ ᠬᠠᠷᠢᠶ᠎ᠠ ᠣᠷᠣᠨ ᠤ ᠪᠠᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠢ ᠪᠣᠳᠠᠲᠠᠶ ᠶᠠᠪᠤᠭᠳᠠᠭᠤᠯᠬᠤ ᠶᠢ ᠬᠠᠷᠢᠭᠤᠴᠠᠬᠤ ᠬᠡᠷᠡᠭᠲᠡᠶ᠃ ᠱᠠᠭᠠᠷᠳᠠᠯᠭ᠎ᠠ ᠶᠣᠰᠣᠭᠠᠷ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠨᠠᠷᠢᠯᠢᠭᠵᠢᠭᠤᠯᠬᠤ ᠠᠵᠢᠯ ᠤᠨ ᠲᠥᠰᠦᠯ ᠢ ᠲᠣᠭᠲᠠᠭᠠᠨ᠂ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠬᠠᠮᠢᠶ᠎ᠠ ᠪᠦᠬᠦᠢ ᠴᠢᠬᠤᠯᠠ ᠶᠡᠭᠡ ᠵᠦᠢᠯᠡᠰ ᠢ ᠶᠡᠷᠦᠩᠬᠡᠶᠢᠯᠡᠨ ᠵᠣᠬᠢᠴᠠᠭᠤᠯᠤᠨ᠎ᠠ︔ ᠤᠬᠠᠭᠤᠯᠭ᠎ᠠ ᠬᠥᠮᠦᠵᠢᠯ ᠤᠨ ᠠᠵᠢᠯ ᠢ ᠥᠷᠭᠡᠨ ᠳᠡᠯᠭᠡᠷ ᠭᠦᠨᠵᠡᠭᠡᠶ ᠥᠷᠨᠢᠭᠦᠯᠵᠦ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠢ ᠨᠡᠶᠢᠭᠡᠮ ᠤᠨ ᠵᠠᠰᠠᠯᠲᠠ ᠶᠢᠨ ᠬᠡᠪᠴᠢᠶᠡᠨ ᠳᠤ ᠣᠷᠣᠭᠤᠯᠵᠤ᠂ ᠬᠠᠮᠲᠤᠷᠠᠨ ᠬᠠᠮᠢᠶᠠᠷᠤᠨ ᠡᠵᠡᠮᠳᠡᠬᠦ᠂ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠡᠯ᠎ᠡ ᠨᠡᠶᠢᠭᠡᠮ ᠲᠣᠭᠤᠷᠢᠭ᠂ ᠲᠣᠰᠬᠤᠨ ᠢ ᠵᠣᠬᠢᠶᠠᠨ ᠪᠠᠶᠢᠭᠤᠯᠤᠨ ᠲᠤᠰ ᠬᠠᠷᠢᠶ᠎ᠠ ᠣᠷᠣᠨ ᠤ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠨᠣᠬᠠᠶ ᠲᠡᠵᠢᠭᠡᠬᠦ ᠡᠷᠦᠬᠡ ᠶᠢᠨ ᠲᠤᠭ᠎ᠠ᠂ ᠨᠣᠬᠠᠶ ᠲᠡᠵᠢᠭᠡᠬᠦ ᠲᠤᠭ᠎ᠠ ᠬᠡᠮᠵᠢᠶ᠎ᠡ ᠵᠢᠴᠢ ᠲᠡᠨᠦᠭᠦᠯ ᠨᠣᠬᠠᠶ ᠶᠢᠨ ᠲᠤᠭ᠎ᠠ ᠬᠡᠮᠵᠢᠶ᠎ᠡ ᠶᠢ ᠪᠠᠶᠢᠴᠠᠭᠠᠨ ᠵᠢᠭᠰᠠᠭᠠᠵᠤ᠂ ᠪᠦᠷᠢᠨ ᠪᠦᠲᠦᠨ᠂ ᠣᠨᠣᠪᠴᠢᠲᠠᠶ᠂ ᠠᠮᠢᠳᠤ ᠰᠣᠷᠭᠤᠭ ᠰᠠᠭᠤᠷᠢ ᠮᠡᠳᠡᠭᠡ ᠵᠠᠩᠭᠢ ᠶᠢ ᠣᠯᠵᠤ᠂ ᠬᠠᠷᠢᠶ᠎ᠠ ᠣᠷᠣᠨ ᠤ ᠨᠣᠬᠠᠶ ᠲᠡᠵᠢᠭᠡᠬᠦ ᠮᠡᠳᠡᠭᠡ ᠵᠠᠩᠭᠢ ᠶᠢᠨ ︽ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ︾ ᠪᠠᠶᠢᠬᠤ ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ᠃       ︵ᠬᠤᠶᠠᠷ︶ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠡᠯ᠎ᠡ ᠲᠥᠷᠥᠯ ᠤᠨ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠬᠤ ᠶᠢ ᠬᠠᠷᠢᠭᠤᠴᠠᠨ᠎ᠠ᠃ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠴᠢᠶᠠᠯᠠᠪᠤᠷᠢ ᠪᠠ ᠠᠷᠭ᠎ᠠ ᠮᠠᠶ᠋ᠢᠭ ᠢ ᠬᠡᠷᠡᠭᠯᠡᠨ ᠪᠣᠯᠪᠠᠰᠤᠨ ᠢᠶᠠᠷ ᠨᠣᠬᠠᠶ ᠲᠡᠵᠢᠭᠡᠬᠦ ᠤᠬᠠᠭᠤᠯᠭ᠎ᠠ ᠶᠢ ᠥᠷᠨᠢᠭᠦᠯᠵᠦ᠂ ᠨᠣᠬᠠᠶ ᠲᠡᠵᠢᠭᠡᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠲᠡᠵᠢᠭᠡᠭᠴᠢ ᠨᠣᠬᠠᠶ ᠶᠢ ᠵᠥᠪᠬᠡᠨ ᠬᠠᠤᠯᠢ ᠲᠣᠭᠲᠠᠭᠠᠯ ᠶᠣᠰᠣᠭᠠᠷ ᠦᠯᠦ ᠬᠠᠯᠳᠠᠭᠠᠬᠤ ᠶᠢ ᠳᠠᠩᠰᠠᠯᠠᠨ ᠲᠡᠮᠳᠡᠭᠯᠡᠵᠦ᠂ ᠴᠢᠩᠭ᠎ᠠ ᠬᠢᠵᠠᠭᠠᠷᠯᠠᠨ ᠬᠠᠮᠢᠶᠠᠷᠴᠤ᠂ ᠪᠣᠯᠪᠠᠰᠤᠨ ᠵᠢᠷᠤᠮᠵᠢᠯ ᠲᠠᠢ ᠲᠡᠵᠢᠭᠡᠨ᠎ᠡ᠃       ︵ᠭᠤᠷᠪᠠ︶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠪᠦᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠬᠠᠷᠢᠭᠤᠴᠠᠨ ᠵᠣᠬᠢᠶᠠᠨ ᠪᠠᠶᠢᠭᠤᠯᠵᠤ ᠪᠠᠶᠢᠭᠠᠳ ᠪᠣᠯᠪᠠᠰᠤᠨ ᠢᠶᠠᠷ ᠨᠣᠬᠠᠶ ᠲᠡᠵᠢᠭᠡᠬᠦ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠠᠵᠢᠯ ᠢ ᠥᠷᠨᠢᠭᠦᠯᠵᠦ᠂ ︽ᠪᠢᠴᠢᠬᠠᠨ ᠭᠠᠷ ᠲᠣᠮᠣ ᠭᠠᠷ ᠲᠠᠢ ᠪᠠᠶᠢᠬᠤ︾ ᠵᠠᠭᠪᠤᠷ ᠢ ᠳᠡᠯᠭᠡᠷᠡᠭᠦᠯᠵᠦ᠂ ᠰᠠᠭᠤᠭᠠᠯᠢ ᠠᠷᠠᠳ ᠤᠨ ᠬᠠᠤᠯᠢ ᠶᠣᠰᠣᠭᠠᠷ ᠪᠣᠯᠪᠠᠰᠤᠨ ᠢᠶᠠᠷ ᠨᠣᠬᠠᠶ ᠲᠡᠵᠢᠭᠡᠬᠦ ᠶᠢ ᠰᠠᠨᠠᠭᠠᠴᠢᠯᠠᠵᠤ᠂ ᠪᠣᠯᠪᠠᠰᠤᠨ ᠢᠶᠠᠷ ᠨᠣᠬᠠᠶ ᠲᠡᠵᠢᠭᠡᠬᠦ ᠦᠢᠯᠡ ᠠᠵᠢᠯᠯᠠᠭ᠎ᠠ ᠶᠢ ᠡᠷᠡᠰ ᠵᠣᠭᠰᠣᠭᠠᠬᠤ ᠬᠡᠷᠡᠭᠲᠡᠶ᠃      ︵ᠳᠥᠷᠪᠡ︶ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠦᠷᠦᠭᠦᠯᠡᠨ ᠪᠦᠬᠦ ᠲᠣᠭᠤᠷᠢᠭ ᠤᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠵᠤ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠠᠶᠢᠭᠤᠯᠬᠤ ᠶᠢᠨ ᠬᠠᠮᠲᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠢ ᠬᠠᠮᠲᠤᠷᠠᠨ ︽ᠨᠢᠭᠡ ᠥᠷᠲᠡᠭᠡ ᠮᠠᠶ᠋ᠢᠭ︾᠎ ᠤᠨ ᠦᠯᠦ ᠬᠠᠯᠳᠠᠭᠠᠯᠲᠠ᠂ ᠬᠢᠵᠢᠭ ᠪᠠᠶᠢᠴᠠᠭᠠᠬᠤ᠂ ᠳᠠᠩᠰᠠᠯᠠᠬᠤ ᠶᠢ ᠠᠯᠬᠤᠮ ᠠᠯᠬᠤᠮ ᠢᠶᠠᠷ ᠪᠠᠶᠢᠭᠤᠯᠵᠤ᠂  ᠡᠯᠧᠺᠲᠷᠣᠨ ᠴᠠᠬᠢᠮ ᠤᠨ ᠲᠠᠯᠠᠪᠤᠷ ᠲᠤ ᠣᠷᠣᠭᠤᠯᠬᠤ ᠬᠡᠷᠡᠭᠲᠡᠶ︔ ᠨᠣᠬᠠᠶ ᠲᠡᠵᠢᠭᠡᠬᠦ ᠶᠢ ᠳᠡᠩᠰᠡᠯᠡᠨ ᠲᠡᠮᠳᠡᠭᠯᠡᠬᠦ᠂ ᠬᠢᠨᠠᠨ ᠬᠠᠷᠭᠤᠭᠤᠯᠬᠤ᠂ ᠬᠦᠴᠦᠨ ᠥᠬᠡᠶ ᠪᠣᠯᠭᠠᠬᠤ ᠶᠢ ᠴᠢᠩᠭᠠᠷᠠᠭᠤᠯᠵᠤ᠂ ᠨᠣᠬᠠᠶ ᠲᠡᠵᠢᠭᠡᠬᠦ ᠬᠥᠮᠦᠨ ᠢ ᠰᠢᠮᠳᠠᠭᠤᠯᠵᠤ ᠪᠠᠶᠢᠭᠠᠳ ᠨᠣᠬᠠᠶ ᠲᠡᠵᠢᠭᠡᠬᠦ ᠶᠢ ᠳᠡᠩᠰᠡᠯᠡᠨ ᠲᠡᠮᠳᠡᠭᠯᠡᠬᠦ ᠶᠢ ᠬᠠᠤᠯᠢ ᠶᠣᠰᠣᠭᠠᠷ ᠥᠷᠨᠢᠭᠦᠯᠦᠨ᠎ᠡ︔ ᠲᠡᠨᠦᠭᠦᠯ ᠨᠣᠬᠠᠶ ᠶᠢ ᠬᠤᠷᠢᠶᠠᠨ ᠬᠠᠮᠢᠶᠠᠷᠴᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠣᠬᠠᠶ ᠶᠢᠨ ᠲᠥᠷᠥᠯ ᠢ ᠦᠯᠡᠳᠡᠭᠡᠨ ᠠᠪᠴᠤ ᠪᠠᠶᠢᠴᠠᠭᠠᠬᠤ ᠭᠠᠵᠠᠷ ᠲᠤ ᠬᠢᠨᠠᠯᠲᠠ ᠲᠠᠯᠪᠢᠵᠤ ᠬᠠᠮᠢᠶᠠᠷᠤᠨ᠎ᠠ︔ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠨᠣᠬᠠᠶ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ᠃      ︵ᠲᠠᠪᠤ︶ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠣᠬᠠᠶ ᠳᠤ ᠬᠤᠯᠪᠣᠭᠳᠠᠬᠤ ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠪᠦᠯᠬᠦᠮ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃       ︵ᠵᠢᠷᠭᠤᠭ᠎ᠠ︶ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠨᠣᠬᠠᠶ ᠲᠡᠵᠢᠭᠡᠬᠦ ᠬᠠᠮᠢᠶᠠᠷᠤᠯᠲᠠ ᠶᠢᠨ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠵᠡᠷᠭᠡ ᠠᠵᠢᠯ ᠢ ᠵᠢᠯᠣᠭᠤᠳᠤᠨ ᠬᠠᠮᠵᠢᠯᠴᠠᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠰᠢᠮᠳᠠᠭᠤᠯᠵᠤ ᠪᠠᠶᠢᠭᠠᠳ ᠬᠠᠤᠯᠢ ᠲᠦᠭᠡᠮᠡᠯᠵᠢᠭᠦᠯᠬᠦ ᠬᠥᠮᠦᠵᠢᠯ ᠥᠷᠨᠢᠭᠦᠯᠵᠦ᠂ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠢᠶᠠᠷ ᠨᠣᠬᠠᠶ ᠲᠡᠵᠢᠭᠡᠬᠦ ᠲᠣᠭᠲᠠᠭᠠᠯ ᠢ ᠤᠬᠠᠮᠰᠠᠷ ᠠᠴᠠ ᠨᠢ ᠵᠢᠷᠤᠮᠯᠠᠭᠤᠯᠬᠤ ᠬᠡᠷᠡᠭᠲᠡᠶ᠃        ︵ᠳᠣᠯᠤᠭ᠎ᠠ︶ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠦᠬᠦ ᠲᠣᠭᠤᠷᠢᠭ ᠤᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠪᠡᠯᠡ ᠮᠥᠩᠭᠦ ᠶᠢᠨ ᠣᠷᠣᠭᠤᠯᠤᠯᠲᠠ ᠪᠣᠯᠤᠨ ᠡᠳ᠋ ᠤᠨ ᠵᠠᠰᠠᠭ ᠤᠨ ᠳᠡᠮᠵᠢᠯᠭᠡ ᠶᠢᠨ ᠠᠵᠢᠯ ᠢ ᠬᠠᠷᠢᠭᠤᠴᠠᠨ ᠰᠠᠶᠢᠲᠤᠷ ᠬᠢᠬᠦ ᠬᠡᠷᠡᠭᠲᠡᠶ᠃       ︵ᠨᠠᠢᠮᠠ︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠴᠡᠴᠡᠷᠯᠢᠭ᠂ ᠠᠭᠤᠳᠠᠮ ᠲᠠᠯᠠᠪᠠᠶ᠂ ᠣᠯᠠᠨ ᠨᠡᠶᠢᠲᠡ ᠶᠢᠨ ᠵᠦᠯᠭᠡ ᠭᠠᠵᠠᠷ ᠵᠡᠷᠭᠡ ᠲᠠᠯᠠᠪᠤᠷ ᠭᠠᠵᠠᠷ ᠲᠤ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠡᠮᠳᠡᠭ ᠫᠠᠶᠢᠰᠠ ᠲᠣᠬᠢᠷᠠᠭᠤᠯᠵᠤ᠂ ᠨᠣᠬᠠᠶ ᠶᠢᠨ ᠣᠷᠣᠵᠤ ᠭᠠᠷᠬᠤ ᠵᠢᠴᠢ ᠬᠠᠮᠢᠶᠠᠷᠤᠯᠲᠠ ᠶᠢᠨ ᠵᠠᠪᠠᠯ ᠮᠡᠳᠡᠬᠦ ᠵᠦᠢᠯ ᠢ ᠲᠣᠳᠣᠷᠬᠠᠶᠢᠯᠠᠵᠤ᠂ ᠬᠤᠲᠠ ᠶᠢᠨ ᠠᠷᠠᠳ ᠤᠨ ᠪᠣᠯᠪᠠᠰᠤᠨ ᠢᠶᠠᠷ ᠨᠣᠬᠠᠶ ᠲᠡᠵᠢᠭᠡᠬᠦ ᠶᠢ ᠬᠥᠲᠥᠯᠦᠨ ᠵᠢᠯᠣᠭᠤᠳᠤᠨ᠎ᠠ︔ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠪᠣᠯᠪᠠᠰᠤᠨ ᠢᠶᠠᠷ ᠨᠣᠬᠠᠶ ᠲᠡᠵᠢᠭᠡᠬᠦ ᠤᠬᠠᠭᠤᠯᠭ᠎ᠠ ᠶᠢᠨ ᠠᠵᠢᠯ ᠥᠷᠨᠢᠭᠦᠯᠬᠦ ᠶᠢ ᠵᠢᠯᠣᠭᠤᠳᠤᠨ᠎ᠠ︔ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠨᠣᠬᠠᠶ ᠲᠡᠵᠢᠭᠡᠭᠰᠡᠨ ᠪᠠᠶᠢᠳᠠᠯ ᠢ ᠳᠡᠩᠰᠡᠯᠡᠵᠦ᠂ ᠬᠠᠤᠯᠢ ᠠᠴᠠ ᠵᠥᠷᠢᠴᠡᠨ ᠨᠣᠬᠠᠶ ᠲᠡᠵᠢᠭᠡᠭᠰᠡᠨ᠂ ᠬᠠᠤᠯᠢ ᠠᠴᠠ ᠵᠥᠷᠢᠴᠡᠨ ᠲᠣᠮᠣ ᠬᠡᠯᠪᠡᠷᠢ ᠶᠢᠨ ᠨᠣᠬᠠᠶ ᠲᠡᠵᠢᠭᠡᠭᠰᠡᠨ᠂ ᠳᠣᠭᠰᠢᠨ ᠴᠢᠨᠠᠷᠲᠠᠶ ᠨᠣᠬᠠᠶ ᠲᠡᠵᠢᠭᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠴᠢᠯᠡᠨ ᠮᠡᠳᠡᠭᠦᠯᠬᠦ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠬᠠᠮᠵᠢᠨ ᠰᠢᠶ᠋ᠳᠪᠦᠷᠢᠯᠡᠬᠦ ᠬᠡᠷᠡᠭᠲᠡᠶ᠃       ︵ᠶᠢᠰᠦ︶ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠨᠣᠬᠠᠶ ᠶᠢᠨ ᠡᠭᠡᠯᠢᠯᠡᠭᠡ ᠶᠢᠨ ᠲᠠᠷᠢᠯᠭ᠎ᠠ ᠬᠢᠬᠦ᠂ ᠬᠢᠵᠢᠭ ᠪᠠᠶᠢᠴᠠᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠣᠬᠠᠶ ᠶᠢᠨ ᠬᠡᠭᠦᠷ ᠢ ᠬᠤᠤᠷ ᠥᠬᠡᠶᠢᠳᠡᠭᠦᠯᠦᠨ ᠰᠢᠢᠳᠪᠤᠷᠢᠯᠡᠬᠦ ᠶᠢ ᠬᠠᠷᠢᠭᠤᠴᠠᠵᠤ᠂ ᠨᠣᠬᠠᠶ ᠨᠣᠬᠠᠶ ᠶᠢᠨ ᠡᠭᠡᠯᠢᠯᠡᠭᠡ ᠶᠢᠨ ᠲᠠᠷᠢᠯᠭ᠎ᠠ ᠬᠢᠬᠦ ᠴᠢᠭ ᠭᠠᠷᠭᠠᠵᠤ᠂ ᠠᠮᠢᠲᠠᠨ ᠢ ᠣᠨᠣᠰᠢᠯᠠᠨ ᠡᠮᠨᠡᠬᠦ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠨ ᠡᠯᠧᠺᠲᠷᠣᠨ ᠴᠠᠬᠢᠮ ᠢ ᠣᠷᠣᠭᠤᠯᠬᠤ ᠠᠵᠢᠯ ᠢ ᠥᠷᠨᠢᠭᠦᠯᠵᠦ᠂ ᠲᠣᠮᠣ ᠬᠡᠯᠪᠡᠷᠢ ᠶᠢᠨ ᠨᠣᠬᠠᠶ᠂ ᠳᠣᠭᠰᠢᠨ ᠴᠢᠨᠠᠷᠲᠠᠶ ᠨᠣᠬᠠᠶ ᠶᠢᠨ ᠨᠡᠷᠡᠰ ᠢ ᠲᠣᠭᠲᠠᠭᠠᠬᠤ᠂ ᠳᠣᠭᠢᠷᠠᠭᠤᠯᠬᠤ᠂ ᠨᠡᠶᠢᠲᠡᠯᠡᠬᠦ ᠠᠵᠢᠯ ᠢ ᠰᠠᠶᠢᠲᠤᠷ ᠬᠢᠵᠦ᠂ ︽ᠲᠦᠷᠢᠮ︾᠎ ᠤᠨ ᠲᠣᠭᠲᠠᠭᠠᠯ ᠶᠣᠰᠣᠭᠠᠷ ᠨᠣᠬᠠᠶ ᠶᠢᠨ ᠲᠥᠷᠥᠯ ᠳᠤ ᠬᠤᠯᠪᠣᠭᠳᠠᠭᠰᠠᠨ ᠬᠠᠮᠢᠶ᠎ᠠ ᠪᠥᠬᠦᠶ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠨ᠎ᠡ᠃       ︵ᠠᠷᠪᠠ︶ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠡᠮᠨᠡᠯᠭᠡ ᠶᠢᠨ ᠬᠤᠷᠢᠶ᠎ᠠ︶᠎ ᠤᠨ ᠬᠠᠷᠢᠭᠤᠴᠠᠯᠭᠠᠲᠠᠨ ᠭᠠᠯᠵᠠᠭᠤ ᠡᠪᠡᠳᠴᠢᠨ ᠤ ᠸᠠᠺᠼᠢᠨ ᠢ ᠲᠠᠷᠢᠬᠤ᠂ ᠨᠣᠬᠠᠶ ᠶᠢᠨ ᠰᠢᠷᠬ᠎ᠠ ᠶᠢ ᠰᠢᠢᠳᠪᠤᠷᠢᠯᠡᠬᠦ᠂ ᠭᠠᠯᠵᠠᠭᠤ ᠡᠪᠡᠳᠴᠢᠲᠡᠨ ᠢ ᠠᠪᠤᠷᠠᠨ ᠡᠮᠨᠡᠬᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠵᠢᠴᠢ ᠡᠷᠡᠭᠦᠯ ᠬᠠᠮᠠᠭᠠᠯᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠪᠦᠬᠦ ᠲᠣᠭᠤᠷᠢᠭ ᠤᠨ ᠭᠠᠯᠵᠠᠭᠤ ᠡᠪᠡᠳᠴᠢᠨ ᠢ ᠰᠡᠷᠭᠡᠶᠢᠯᠡᠨ ᠵᠠᠰᠠᠭᠰᠠᠨ ᠪᠠᠶᠢᠳᠠᠯ ᠢ ᠴᠠᠭ ᠲᠤᠬᠠᠶ ᠳᠤᠨᠢ ᠨᠡᠪᠲᠡᠷᠡᠭᠦᠯᠵᠦ᠂ ᠡᠯ᠎ᠡ ᠰᠠᠯᠠᠭ᠎ᠠ ᠮᠥᠴᠢᠷ ᠤᠨ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠪᠦᠲᠦᠮᠵᠢᠲᠡᠶ ᠰᠡᠷᠭᠡᠶᠢᠯᠡᠨ ᠡᠵᠡᠮᠳᠡᠬᠦ ᠶᠢ ᠠᠬᠢᠭᠤᠯᠤᠨ᠎ᠠ᠃       ︵ᠠᠷᠪᠠᠨ ᠨᠢᠭᠡ︶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠨᠣᠬᠠᠶ ᠯᠠ ᠡᠵᠡᠩᠨᠡᠬᠦ ᠨᠢᠭᠡᠴᠡ ᠶᠢᠨ ᠬᠠᠤᠯᠢ ᠶᠣᠰᠣᠭᠠᠷ ᠳᠠᠩᠰᠠᠯᠠᠨ ᠲᠡᠮᠳᠡᠭᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠦᠨᠡᠮᠯᠡᠯ ᠦᠭᠡᠶ ᠪᠠᠷ ᠨᠣᠬᠠᠶ ᠬᠤᠳᠠᠯᠳᠤᠬᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠬᠡᠷᠡᠭᠲᠡᠶ᠃       ︵ᠠᠷᠪᠠᠨ ᠬᠤᠶᠠᠷ︶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠵᠡᠭᠡᠯᠢ ᠳᠡᠭᠡᠷ᠎ᠡ ᠨᠡᠭᠦᠳᠡᠯ ᠨᠣᠬᠠᠶ ᠬᠤᠳᠠᠯᠳᠤᠬᠤ᠂ ᠨᠣᠬᠠᠶ ᠲᠡᠵᠢᠭᠡᠭᠰᠡᠨ ᠠᠴᠠ ᠪᠣᠯᠵᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠪᠣᠯᠤᠨ ᠬᠤᠲᠠ ᠶᠢᠨ ᠨᠣᠭᠤᠭᠠᠷᠠᠭᠤᠯᠤᠯᠲᠠ ᠶᠢ ᠡᠪᠳᠡᠭᠰᠡᠨ ᠦᠢᠯᠡ ᠠᠵᠢᠯᠯᠠᠭ᠎ᠠ ᠶᠢ ᠬᠠᠷᠢᠭᠤᠴᠠᠨ ᠪᠠᠶᠢᠴᠠᠭᠠᠨ ᠰᠢᠢᠳᠪᠤᠷᠢᠯᠡᠵᠣ᠂ ︽ᠳᠦᠷᠢᠮ︾᠎ ᠠᠴᠠ ᠵᠥᠷᠢᠴᠡᠭᠰᠡᠨ ᠳᠤ ᠬᠤᠯᠪᠣᠭᠳᠠᠬᠤ ᠪᠤᠰᠤᠳ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠯᠪᠣᠭᠳᠠᠯ ᠪᠦᠬᠦᠢ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ ᠰᠢᠳᠬᠡᠨ ᠲᠣᠷᠭᠠᠬᠤ ᠬᠡᠷᠡᠭᠲᠡᠶ᠃     
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号