ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠢᠤ ᠶᠤᠸᠠᠨ ᠲᠣᠭᠤᠷᠢᠭ ᠤᠨ ︽ᠪᠤᠭᠤᠲᠤ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ︾᠎ ᠢ ᠲᠤᠭᠤᠰᠢᠯᠠᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ( ᠵᠢᠷᠭᠤᠭ᠎ᠠ)
ᠨᠡᠶᠢᠲᠡᠯᠡᠭᠰᠡᠨ ᠴᠠᠭ᠄
2022/8/1
      ᠵᠢᠷᠭᠤᠭ᠎ᠠ᠂ ᠠᠵᠢᠯ ᠤᠨ ᠱᠠᠭᠠᠷᠳᠠᠯᠭ᠎ᠠ       ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠬᠤ ᠬᠡᠷᠡᠭᠲᠡᠶ᠃ ︽ᠲᠦᠷᠢᠮ︾᠎ ᠢ ᠨᠡᠶᠢᠲᠡᠯᠡᠨ ᠬᠡᠷᠡᠭᠵᠢᠭᠦᠯᠦᠭᠰᠡᠨ ᠶᠠᠪᠤᠳᠠᠯ ᠪᠣᠯ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠬᠠᠤᠯᠢ ᠪᠠᠷ ᠵᠠᠰᠠᠬᠤ ᠵᠠᠮ ᠳᠤ ᠤᠷᠤᠭᠰᠠᠨ ᠰᠢᠨ᠎ᠡ ᠡᠬᠢᠯᠡᠯᠲᠡ ᠮᠥᠨ᠂ ᠠᠷᠠᠳ ᠤᠨ ᠰᠠᠨᠠᠭᠠᠨ ᠳᠤ ᠨᠡᠶᠢᠴᠡᠭᠰᠡᠨ᠂ ᠠᠷᠠᠳ ᠤᠨ ᠰᠡᠳᠬᠢᠯ ᠳᠤ ᠨᠡᠶᠢᠴᠡᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠤᠨ ᠠᠮᠢᠳᠤᠷᠠᠯ ᠢ ᠬᠠᠯᠠᠮᠵᠢᠯᠠᠬᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠦᠨᠳᠦᠷᠴᠡ ᠠᠴᠠ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠠᠭ ᠬᠤᠭᠤᠴᠠᠭ᠎ᠠ ᠨᠢᠭᠡᠪᠦᠷᠢ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠠᠵᠢᠯ ᠢ ᠦᠨᠡᠨ ᠬᠦ ᠪᠣᠳᠠᠲᠠᠶ ᠨᠠᠷᠢᠯᠢᠭ ᠬᠢᠵᠦ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠤᠨ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃      ︵ᠬᠤᠶᠠᠷ︶ ᠶᠡᠷᠦᠩᠬᠡᠶᠢᠯᠡᠨ ᠵᠠᠰᠠᠵᠤ᠂ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠨᠢ ᠰᠠᠯᠠᠭ᠎ᠠ ᠮᠥᠴᠢᠷ ᠤᠨ ᠬᠤᠭᠤᠷᠣᠨᠳᠣᠬᠢ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠪᠥᠬᠦ ᠲᠣᠭᠤᠷᠢᠭ ᠤᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠬᠤ ᠪᠠ ᠵᠣᠬᠢᠴᠠᠭᠤᠯᠤᠨ ᠠᠬᠢᠭᠤᠯᠵᠤ᠂ ᠭᠤᠤᠯᠳᠠᠯᠭ᠎ᠠ ᠲᠠᠢ ᠠᠵᠢᠯ ᠤᠨ ᠲᠤᠰᠬᠠᠶ ᠪᠠᠶᠢᠷᠢᠯᠠᠭᠤᠯᠤᠯᠲᠠ᠂ ᠴᠢᠬᠤᠯᠠ ᠶᠡᠭᠡ  ᠵᠦᠢᠯᠡᠰ ᠢ ᠬᠠᠮᠲᠤᠷᠠᠨ ᠰᠢᠮᠳᠠᠭᠤᠯᠤᠨ ᠭᠦᠢᠴᠡᠳᠭᠡᠬᠦ ᠠᠵᠢᠯ ᠢ ᠰᠤᠳᠤᠯᠤᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠭᠤᠤᠯᠯᠠᠬᠤ ᠦᠢᠯᠡᠳᠦᠯ ᠢᠶᠠᠨ ᠪᠠᠳᠠᠷᠠᠭᠤᠯᠵᠤ᠂ ᠣᠨᠴᠣᠭᠤᠶᠢᠯᠠᠨ ᠲᠣᠭᠤᠷᠢᠭ ᠤᠨ ᠪᠣᠯᠪᠠᠰᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠲᠣᠬᠢᠷᠠᠭᠤᠯᠤᠨ ᠵᠢᠯᠣᠭᠤᠳᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠪᠦᠷᠢᠯᠳᠦᠬᠦᠨ ᠨᠢᠭᠡᠴᠡ ᠨᠢ ᠢᠳᠡᠪᠬᠢᠲᠡᠶ ᠪᠠᠷ ᠬᠠᠮᠵᠢᠯᠴᠠᠨ᠂ ᠪᠣᠯᠪᠠᠰᠤᠨ ᠢᠶᠠᠷ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠢ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠲᠤᠤᠷ ᠰᠦᠯᠵᠢᠶᠡᠨ ᠤ ᠦᠢᠯᠡᠳᠦᠯ ᠢ ᠪᠠᠳᠠᠷᠠᠭᠤᠯᠤᠨ᠂ ᠣᠯᠠᠨ ᠲᠦᠮᠡᠨ ᠤ ᠣᠷᠣᠯᠴᠠᠬᠤ ᠠᠷᠭ᠎ᠠ ᠵᠠᠮ ᠢ ᠥᠷᠭᠡᠳᠬᠡᠵᠦ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ᠃       ︵ᠭᠤᠷᠪᠠ︶ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠦᠨ᠎ᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠳᠤ ᠲᠤᠰᠬᠠᠶ ᠰᠡᠳᠦᠪᠲᠦ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠲᠣᠰ ᠬᠠᠷᠢᠶ᠎ᠠ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠪᠣᠳᠠᠲᠠᠶ ᠬᠡᠷᠡᠭᠵᠢᠭᠦᠯᠵᠦ ᠪᠣᠯᠬᠤᠶᠢᠴᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠪᠠ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠬᠤ ᠬᠡᠷᠡᠭᠲᠡᠶ᠃ ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠶᠢ ᠴᠢᠩᠭᠠᠳᠬᠠᠨ᠂ ᠬᠠᠤᠯᠢ ᠠᠴᠠ ᠵᠥᠷᠢᠴᠡᠨ ᠨᠣᠬᠠᠶ ᠲᠡᠵᠢᠭᠡᠭᠰᠡᠨ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠵᠤ᠂ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ᠂ ᠴᠠᠭ ᠲᠤᠬᠠᠶ ᠳᠤᠨᠢ ᠪᠠᠶᠢᠴᠠᠭᠠᠨ ᠰᠢᠢᠳᠪᠤᠷᠢᠯᠡᠬᠦ ᠬᠡᠷᠡᠭᠲᠡᠶ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠣᠶᠤᠨᠴᠢ᠂ ᠡᠶᠡᠯᠳᠡᠭ᠂ ᠪᠣᠯᠪᠠᠰᠤᠨ᠂ ᠵᠢᠷᠤᠮᠵᠢᠯ ᠲᠠᠢ ᠪᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠪᠣᠯᠪᠠᠰᠤᠨ ᠪᠤᠰᠤ ᠪᠠ ᠬᠠᠤᠯᠢ ᠠᠴᠠ ᠵᠥᠷᠢᠴᠡᠨ ᠨᠣᠬᠠᠶ ᠲᠡᠵᠢᠭᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠶ᠋ᠳᠪᠦᠷᠢᠯᠡᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃      ︵ᠳᠥᠷᠪᠡ︶ ᠰᠢᠯᠭᠠᠨ ᠬᠢᠨᠠᠬᠤ ᠶᠢ ᠴᠢᠩᠭᠠᠷᠠᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠣᠭᠤᠷᠢᠭ ᠤᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠯᠪᠠᠨ ᠭᠡᠷ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠥᠮᠦᠰ ᠢ ᠲᠠᠲᠠᠵᠤ ᠲᠤᠰᠬᠠᠶ ᠠᠩᠭᠢ ᠪᠣᠯᠭᠠᠨ ᠪᠣᠳᠠᠲᠤ ᠴᠣᠭᠴᠠᠵᠢᠭᠤᠯᠤᠨ ᠠᠵᠢᠯᠯᠠᠭᠤᠯᠵᠤ᠂ ᠡᠯ᠎ᠡ ᠱᠠᠲᠤ ᠦᠶ᠎ᠡ ᠶᠢᠨ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠵᠤ᠂ ᠳᠣᠪᠤᠶᠢᠮ᠎ᠠ ᠠᠰᠠᠭᠤᠳᠠᠯ ᠢ ᠤᠳᠤᠷᠢᠳᠬᠤ ᠳᠤᠭᠤᠶᠢᠯᠠᠩ ᠳᠤ ᠫᠠᠶᠢᠰᠠ ᠡᠯᠭᠦᠨ ᠴᠡᠭᠴᠡᠯᠡᠨ ᠵᠠᠰᠠᠬᠤ ᠶᠢ ᠰᠠᠨᠠᠭᠤᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠳᠦᠷᠢᠮ ᠢ ᠪᠠᠶᠢᠭᠤᠯᠵᠤ᠂ ᠠᠵᠢᠯᠯᠠᠭ᠎ᠠ ᠨᠢ ᠬᠦᠴᠦᠨ ᠥᠬᠡᠶ᠂ ᠦᠷ᠎ᠡ ᠪᠦᠲᠦᠮᠵᠢ ᠪᠠᠷ ᠢᠯᠡᠷᠬᠡᠶ ᠪᠤᠰᠤ ᠭᠠᠵᠠᠷ ᠣᠷᠣᠨ ᠪᠠ ᠰᠠᠯᠠᠭ᠎ᠠ ᠮᠥᠴᠢᠷ ᠢ ᠪᠥᠬᠦ ᠲᠣᠭᠤᠷᠢᠭ ᠲᠤ ᠮᠡᠳᠡᠭᠡᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ︶ ᠵᠢᠴᠢ ᠲᠣᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢ ᠰᠢᠯᠭᠠᠨ ᠬᠢᠨᠠᠬᠤ ᠶᠢᠨ ᠬᠠᠮᠲᠤ ᠰᠢᠯᠭᠠᠨ ᠬᠢᠨᠠᠭᠰᠠᠨ ᠦᠷ᠎ᠡ ᠳ᠋ᠦᠩ ᠢ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠤᠨ᠎ᠠ᠃       ︵ᠲᠠᠪᠤ︶ ᠬᠠᠷᠢᠯᠴᠠᠵᠤ ᠮᠡᠳᠡᠭᠦᠯᠦᠨ ᠬᠦᠷᠭᠡᠬᠦ ᠶᠢ ᠴᠢᠩᠭᠠᠷᠠᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠵᠢᠴᠢ ᠲᠣᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠲᠣᠭᠲᠠᠭᠠᠭᠰᠠᠨ ᠨᠢᠭᠡ ᠬᠤᠯᠪᠣᠭᠠᠴᠢᠨ ᠠᠯᠪᠠᠨ ᠭᠡᠷ ᠲᠤ ᠮᠡᠳᠡᠭᠦᠯᠵᠦ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠬᠤ ᠶᠢᠨ ᠬᠠᠮᠲᠤ ᠲᠣᠭᠤᠷᠢᠭ ᠤᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠯᠪᠠᠨ ᠭᠡᠷ ᠤᠨ ᠱᠠᠭᠠᠷᠳᠠᠯᠭ᠎ᠠ ᠶᠣᠰᠣᠭᠠᠷ ᠠᠵᠢᠯ ᠤᠨ ᠠᠬᠢᠯᠲᠠ ᠶᠢᠨ ᠪᠠᠢᠳᠠᠯ ᠵᠢᠴᠢ ᠱᠠᠲᠤ ᠦᠶ᠎ᠡ ᠶᠢᠨ ᠴᠢᠨᠠᠷᠲᠠᠶ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ ︵ᠲᠣᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠷᠢᠯᠴᠠᠬᠤ ᠬᠥᠮᠦᠨ᠄ ᠯᠢᠦ ᠵᠢᠶᠦ᠋ᠨ᠂ ᠤᠲᠠᠰᠤ᠄ 14747234353︶              ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                      2022 ᠣᠨ ᠤ 8 ᠰᠠᠷ᠎ᠠ ᠶᠢᠨ 1᠎ ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号