ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ ᠵᠢᠴᠢ ᠪᠣᠳᠠᠲᠠᠶ ᠠᠷᠭ᠎ᠠ ᠬᠡᠮᠵᠢᠶ᠎ᠡ | ︵ᠨᠢᠭᠡ︶ ᠤᠬᠠᠭᠤᠯᠤᠨ ᠳᠠᠶᠢᠴᠢᠯᠠᠬᠤ ᠪᠠ ᠪᠡᠯᠡᠳᠬᠡᠬᠦ ᠱᠠᠲᠤ ᠦᠶ᠎ᠡ ︵ᠳᠠᠷᠤᠮᠠᠯᠯᠠᠨ ᠲᠠᠷᠬᠠᠭᠠᠭᠰᠠᠨ | ᠡᠳᠦᠷ ᠠᠴᠠ ᠡᠬᠢᠯᠡᠨ 2022 ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ︶ | 1 . ᠤᠬᠠᠭᠤᠯᠤᠨ ᠳᠠᠶᠢᠴᠢᠯᠠᠬᠤ᠃ ᠨᠢᠭᠡ ᠳᠤ᠂ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ︶ 2022 | ᠣᠨ ᠤ 7 ᠰᠠᠷ᠎ᠠ ᠶᠢᠨ ᠳᠤᠮᠳᠠᠴᠢ ᠠᠴᠠ 8 ᠰᠠᠷ᠎ᠠ ᠶᠢᠨ ᠳᠤᠮᠳᠠᠴᠢ ᠪᠠᠷ ᠪᠣᠯᠪᠠᠰᠤᠨ ᠢᠶᠠᠷ ᠨᠣᠬᠠᠶ ᠲᠡᠵᠢᠭᠡᠬᠦ ᠶᠢ | ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠨᠢᠭᠡᠳᠦᠯᠲᠡᠶ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠡᠨᠡ ᠬᠤᠭᠤᠴᠠᠭᠠᠨ ᠳᠤ᠂ ᠬᠠᠷᠢᠶ᠎ᠠ ᠣᠷᠣᠨ ᠤ ᠡᠯ᠎ᠡ ᠣᠷᠣᠨ ᠰᠠᠭᠤᠴᠠ ᠶᠢᠨ ᠲᠣᠭᠤᠷᠢᠭ ᠲᠤ ᠴᠥᠮ ᠨᠣᠬᠠᠶ | ᠲᠡᠵᠢᠭᠡᠬᠦ ᠤᠬᠠᠭᠤᠯᠭ᠎ᠠ ᠶᠢᠨ ᠤᠷᠢᠶ᠎ᠠ ᠲᠠᠯᠪᠢᠵᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ | ᠤᠬᠠᠭᠤᠯᠭ᠎ᠠ ᠶᠢᠨ ᠵᠠᠷᠯᠠᠯ ᠨᠠᠭᠠᠵᠤ᠂ ᠨᠥᠬᠦᠴᠡᠯ ᠲᠠᠢ ᠨᠢ ᠰᠠᠭᠤᠭᠠᠯᠢ ᠲᠣᠭᠤᠷᠢᠭ ᠤᠨ ᠲᠣᠮᠣ ᠳᠡᠯᠭᠡᠴᠡ ᠪᠠ | ᠠᠰᠠᠷ ᠤᠨ ᠵᠠᠮ ᠤᠨ ᠴᠠᠬᠢᠯᠭᠠᠨ ᠱᠠᠲᠤᠨ ᠤ ᠳᠡᠯᠭᠡᠴᠡ ᠶᠢ ᠭᠦᠢᠴᠡᠳ ᠠᠰᠢᠭᠯᠠᠨ ᠪᠣᠯᠪᠠᠰᠤᠨ ᠢᠶᠠᠷ ᠨᠣᠬᠠᠶ ᠲᠡᠵᠢᠭᠡᠬᠦ | ᠤᠬᠠᠭᠤᠯᠭ᠎ᠠ ᠶᠢᠨ ᠤᠷᠢᠶ᠎ᠠ ᠯᠣᠽᠦ᠋ᠩ᠂ ᠵᠠᠷᠯᠠᠯ ᠵᠢᠴᠢ ᠬᠠᠷᠠᠭᠠᠨ ᠳᠠᠪᠲᠠᠮᠵᠢ ᠶᠢ ᠨᠡᠪᠲᠡᠷᠡᠭᠦᠯᠵᠦ᠂ ᠭᠦᠨ ᠵᠤᠵᠠᠭᠠᠨ | ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ︔ ᠰᠠᠭᠤᠭᠠᠯᠢ ᠠᠷᠠᠳ ᠤᠨ ᠵᠥᠪᠯᠡᠯ᠂ ᠲᠣᠰᠬᠤᠨ ᠤ | ᠠᠷᠠᠳ ᠤᠨ ᠵᠥᠪᠯᠡᠯ ᠵᠢᠴᠢ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠨᠡᠶᠢᠭᠡᠮ ᠤᠨ ᠬᠦᠴᠦᠨ ᠢ | ᠥᠷᠭᠡᠨ ᠢᠶᠠᠷ ᠳᠠᠶᠢᠴᠢᠯᠠᠵᠤ᠂ ᠡᠷᠦᠬᠡ ᠳᠠᠷᠠᠭᠠᠯᠠᠨ ︽ᠨᠣᠬᠠᠶ ᠲᠡᠵᠢᠭᠡᠬᠦ ᠬᠤᠲᠠ ᠶᠢᠨ ᠠᠷᠠᠳ ᠨᠠᠶᠢᠵᠠ ᠨᠠᠷ ᠲᠤ | ᠥᠭᠭᠦᠭᠰᠡᠨ ᠨᠢᠭᠡ ᠬᠤᠪᠢ ᠵᠠᠬᠢᠳᠠᠯ︾ ᠢ ᠲᠠᠷᠬᠠᠭᠠᠵᠤ᠂ ᠨᠣᠬᠠᠶ ᠲᠡᠵᠢᠭᠡᠭᠰᠡᠳ ᠲᠤ ︽ᠪᠤᠭᠤᠲᠤ ᠬᠤᠲᠠ ᠶᠢᠨ | ᠨᠡᠶᠢᠭᠡᠮ ᠲᠣᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠨᠡᠶᠢᠲᠡ ᠶᠢᠨ ᠭᠡᠷ᠎ᠡ︾ ᠶᠢ ᠲᠠᠷᠬᠠᠭᠠᠵᠤ᠂ ᠨᠣᠬᠠᠶ ᠥᠯᠥ | ᠬᠠᠯᠳᠠᠭᠠᠬᠤ᠂ ᠡᠯᠧᠺᠲᠷᠣᠨ ᠴᠠᠬᠢᠮ ᠲᠠᠷᠢᠬᠤ ᠪᠠ ᠨᠣᠬᠠᠶ ᠲᠡᠵᠢᠭᠡᠬᠦ ᠶᠢ ᠳᠠᠩᠰᠠᠯᠠᠨ ᠲᠡᠮᠳᠡᠭᠯᠡᠬᠦ᠂ ᠪᠣᠯᠪᠠᠰᠤᠨ ᠢᠶᠠᠷ | ᠨᠣᠬᠠᠶ ᠲᠡᠵᠢᠭᠡᠬᠦ ᠶᠢ ᠵᠢᠷᠤᠮᠵᠢᠭᠤᠯᠬᠤ᠂ ᠬᠠᠤᠯᠢ ᠲᠣᠭᠲᠠᠭᠠᠯ ᠠᠴᠠ ᠵᠥᠷᠢᠴᠡᠨ ᠰᠢᠳᠬᠡᠨ ᠲᠣᠷᠭᠠᠬᠤ ᠵᠡᠷᠭᠡ | ᠠᠭᠤᠯᠭ᠎ᠠ ᠶᠢ ᠭᠤᠣᠯᠳᠠᠯᠭ᠎ᠠ ᠲᠠᠢ ᠤᠬᠠᠭᠤᠯᠵᠤ᠂ ᠮᠠᠨ ᠤ ᠲᠣᠭᠤᠷᠢᠭ ᠤᠨ ᠨᠣᠬᠠᠶ ᠲᠡᠵᠢᠭᠡᠬᠦ ᠬᠠᠮᠢᠶ᠎ᠠ ᠪᠦᠬᠦᠢ | ᠱᠠᠭᠠᠷᠳᠠᠯᠭ᠎ᠠ ᠶᠢ ᠡᠷᠦᠬᠡ ᠪᠣᠯᠭᠠᠨ ᠳᠤ ᠮᠡᠳᠡᠭᠦᠯᠬᠦ ᠬᠡᠷᠡᠭᠲᠡᠶ᠃ ᠬᠤᠶᠠᠷ ᠲᠤ᠂ ᠪᠣᠯᠪᠠᠰᠤᠨ ᠢᠶᠠᠷ ᠨᠣᠬᠠᠶ ᠲᠡᠵᠢᠭᠡᠬᠦ | ᠤᠬᠠᠭᠤᠯᠭ᠎ᠠ ᠶᠢ ᠨᠡᠶᠢᠭᠡᠮ ᠲᠣᠭᠤᠷᠢᠭ᠂ ᠬᠡᠷ ᠪᠦᠯᠢ᠂ ᠰᠤᠷᠭᠠᠭᠤᠯᠢ᠂ ᠠᠭᠤᠳᠠᠮ ᠲᠠᠯᠠᠪᠠᠶ᠂ ᠨᠢᠭᠡᠴᠡ ᠳᠤ | ᠣᠷᠣᠭᠤᠯᠬᠤ ︽ᠲᠠᠪᠤ ᠶᠢ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ︔ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠨᠣᠬᠠᠶ ᠶᠢᠨ | ᠡᠭᠡᠯᠢᠯᠡᠭᠡ ᠶᠢᠨ ᠰᠦᠯᠵᠢᠶᠡᠨ ᠳᠡᠭᠡᠷᠡᠬᠢ ᠠᠵᠢᠯᠯᠠᠭᠠᠨ ᠤ ᠴᠤᠪᠤᠷᠠᠯ ᠵᠢᠴᠢ ᠨᠣᠬᠠᠶ ᠶᠢᠨ ᠲᠥᠷᠥᠯ ᠤᠨ ᠬᠢᠵᠢᠭ | ᠡᠪᠡᠳᠴᠢᠨ ᠲᠠᠷᠬᠠᠭᠠᠬᠤ ᠶᠢ ᠤᠷᠢᠳᠴᠢᠯᠠᠨ ᠰᠡᠷᠭᠡᠶᠢᠯᠡᠬᠦ ᠶᠡᠷᠦ ᠶᠢᠨ ᠮᠡᠳᠡᠯᠭᠡ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ | ᠤᠬᠠᠭᠤᠯᠵᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠨᠢ ᠪᠥᠬᠦ ᠲᠣᠭᠤᠷᠢᠭ ᠤᠨ ᠴᠡᠴᠡᠷᠯᠢᠭ ᠲᠤ ᠪᠣᠯᠪᠠᠰᠤᠨ ᠢᠶᠠᠷ ᠨᠣᠬᠠᠶ ᠲᠡᠵᠢᠭᠡᠬᠦ ᠶᠢ ᠤᠬᠠᠭᠤᠯᠵᠤ᠂ | ᠪᠣᠯᠪᠠᠰᠤᠨ ᠪᠤᠰᠤ ᠪᠠᠷ ᠨᠣᠬᠠᠶ ᠲᠡᠵᠢᠭᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠢᠯᠡᠴᠢᠯᠡᠬᠦ | ᠬᠡᠷᠡᠭᠲᠡᠶ︔ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠤᠨ ᠪᠣᠯᠪᠠᠰᠤᠨ ᠢᠶᠠᠷ | ᠨᠣᠬᠠᠶ ᠲᠡᠵᠢᠭᠡᠬᠦ ᠤᠬᠠᠭᠤᠯᠭ᠎ᠠ ᠶᠢ ᠬᠠᠮᠵᠢᠯᠴᠠᠨ ᠥᠷᠨᠢᠭᠦᠯᠵᠦ᠂ ᠨᠣᠬᠠᠶ ᠲᠡᠵᠢᠭᠡᠭᠰᠡᠨ ᠬᠤᠲᠠ ᠶᠢᠨ ᠠᠷᠠᠳ ᠲᠤ | ᠤᠬᠠᠭᠤᠯᠭ᠎ᠠ ᠬᠥᠮᠦᠵᠢᠯ ᠬᠢᠬᠦ ᠪᠠ ᠪᠣᠯᠪᠠᠰᠤᠨ ᠢ ᠬᠥᠲᠥᠯᠥᠨ ᠵᠢᠯᠣᠭᠤᠳᠬᠤ ᠵᠡᠷᠭᠡ ᠠᠵᠢᠯ ᠢ ᠴᠢᠩᠭᠠᠳᠬᠠᠬᠤ ᠬᠡᠷᠡᠭᠲᠡᠶ | ︔ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠪᠦᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠭᠡᠷ ᠤᠨ ᠠᠬᠠᠮᠠᠳ ᠢ ᠳᠠᠶᠢᠴᠢᠯᠠᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠶᠢ | ᠵᠢᠯᠣᠭᠤᠳᠴᠤ᠂ ︽ᠨᠣᠬᠠᠶ ᠲᠡᠵᠢᠭᠡᠬᠦ ᠬᠠᠮᠢᠶᠠᠷᠤᠯᠲᠠ ᠶᠢᠨ ᠭᠡᠷ ᠤᠨ ᠠᠬᠠᠮᠠᠳ ᠲᠤ ᠮᠡᠳᠡᠭᠳᠡᠬᠦ ᠪᠢᠴᠢᠭ︾ ᠢ | ᠬᠠᠪᠰᠤᠷᠤᠨ ᠣᠯᠭᠤᠵᠤ᠂ ᠪᠣᠯᠪᠠᠰᠤᠨ ᠢᠶᠠᠷ ᠨᠣᠬᠠᠶ ᠲᠡᠵᠢᠭᠡᠬᠦ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ︔ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠭᠠᠯᠵᠠᠭᠤ ᠡᠪᠡᠳᠴᠢᠨ ᠵᠡᠷᠭᠡ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ | ᠥᠷᠨᠢᠭᠦᠯᠬᠦ ᠬᠡᠷᠡᠭᠲᠡᠶ︔ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ | ᠨᠣᠬᠠᠶ ᠶᠢᠨ ᠲᠥᠷᠥᠯ ᠤᠨ ᠡᠵᠡᠩᠨᠡᠯᠲᠡ ᠬᠢᠬᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠬᠠᠭᠤᠯᠭ᠎ᠠ ᠬᠥᠮᠦᠵᠢᠯ ᠢ | ᠴᠢᠩᠭᠠᠳᠬᠠᠬᠤ ᠬᠡᠷᠡᠭᠲᠡᠶ︔ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠣᠬᠠᠶ ᠳᠤ ᠬᠤᠯᠪᠣᠭᠳᠠᠬᠤ | ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠪᠦᠯᠬᠦᠮ ᠳᠤ ᠤᠬᠠᠭᠤᠯᠭ᠎ᠠ ᠬᠥᠮᠦᠵᠢᠯ ᠬᠢᠵᠦ ᠬᠥᠲᠥᠯᠥᠨ | ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠭᠤᠷᠪᠠ ᠳᠤ ᠡᠯ᠎ᠡ ᠪᠦᠷᠢᠯᠳᠦᠬᠦᠨ ᠨᠢᠭᠡᠴᠡ ᠨᠢ ᠲᠣᠰ ᠲᠣᠰ ᠤᠨ | ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠠᠵᠢᠯ ᠢ ᠠᠬᠢᠭᠤᠯᠬᠤ ᠴᠠᠭ ᠤᠨ ᠵᠠᠩᠭᠢᠶᠠᠰᠤ ᠪᠠ ᠱᠠᠲᠤ ᠦᠶ᠎ᠡ ᠶᠢᠨ | ᠡᠭᠦᠷᠭᠡ ᠶᠣᠰᠣᠭᠠᠷ᠂ ᠭᠤᠤᠯ ᠤᠷᠤᠰᠬᠠᠯ ᠤᠨ ᠵᠠᠭᠤᠴᠢᠯᠠᠭᠤᠷ ᠵᠢᠴᠢ ᠸᠢᠴᠠᠲ᠂ ᠪᠢᠴᠢᠯ ᠪᠦᠷᠭᠡ ᠵᠡᠷᠭᠡ | ᠰᠦᠯᠵᠢᠶᠡᠨ ᠤ ᠠᠷᠭ᠎ᠠ ᠵᠠᠮ ᠢᠶᠠᠷ ᠳᠠᠮᠵᠢᠭᠤᠯᠤᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ | 2 . ᠨᠢᠭᠡᠳᠦᠯᠲᠡᠶ ᠲᠥᠯᠥᠪᠯᠡᠨ ᠪᠡᠯᠡᠳᠬᠡᠬᠦ᠃ ᠨᠢᠭᠡ ᠳᠤ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ ᠨᠢ ᠨᠣᠬᠠᠶ ᠶᠢᠨ ᠡᠯᠧᠺᠲᠷᠣᠨ ᠪᠡᠶ᠎ᠡ ᠶᠢᠨ ᠭᠠᠷᠤᠯ ᠤᠨ ᠲᠡᠮᠳᠡᠭ᠂ ᠨᠣᠬᠠᠶ ᠶᠢᠨ ᠫᠠᠶᠢᠰᠠ | ᠬᠤᠳᠠᠯᠳᠤᠨ ᠠᠪᠬᠤ ᠶᠢ ᠰᠠᠶᠢᠲᠤᠷ ᠬᠢᠵᠦ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠳᠤ ᠣᠷᠣᠭᠤᠯᠬᠤ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠡᠯ᠎ᠡ | ᠰᠤᠮᠤ ᠪᠠᠯᠭᠠᠰᠤ ︵ᠵᠡᠭᠡᠯᠢ ᠭᠤᠳᠤᠮᠵᠢ︶ ᠨᠢ ︽ᠪᠠᠶᠢᠷᠢᠯᠠᠭᠤᠯᠤᠯᠲᠠ ᠨᠢ ᠵᠦᠶ ᠵᠣᠬᠢᠰᠲᠠᠶ᠂ ᠰᠠᠭᠤᠭᠠᠯᠢ ᠠᠷᠠᠳ ᠲᠤ | ᠲᠥᠬᠦᠮ ᠦᠵᠡᠭᠦᠯᠬᠦ︾ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠱᠠᠭᠠᠷᠳᠠᠯᠭ᠎ᠠ ᠶᠣᠰᠣᠭᠠᠷ᠂ ᠡᠮᠦᠨ᠎ᠡ | ᠬᠤᠭᠤᠴᠠᠭᠠᠨ ᠳᠤ ᠨᠠᠭᠠᠳᠤ ᠵᠠᠬ᠎ᠠ ᠳᠠᠭᠠᠨ 1 ᠨᠣᠬᠠᠶ ᠶᠢᠨ ᠡᠭᠡᠯᠢᠯᠡᠭᠡ᠂ ᠡᠯᠧᠺᠲᠷᠣᠨ ᠴᠠᠬᠢᠮ ᠪᠠ ᠨᠣᠬᠠᠶ | ᠲᠡᠵᠢᠭᠡᠬᠦ ᠶᠢ ᠳᠠᠩᠰᠠᠯᠠᠬᠤ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠴᠢᠬ ᠢ ᠰᠣᠩᠭᠤᠨ ᠪᠠᠶᠢᠭᠤᠯᠬᠤ ᠶᠢᠨ | ᠬᠠᠮᠲᠤ᠂ ᠦᠢᠯᠡᠴᠢᠯᠡᠭᠡᠨ ᠤ ᠴᠢᠬ ᠳᠣᠭᠢᠷᠠᠭᠤᠯᠤᠭᠰᠠᠨ ᠪᠠᠶᠢᠳᠠᠯ ᠢᠶᠠᠨ ᠲᠣᠭᠤᠷᠢᠭ ᠤᠨ ᠨᠣᠬᠠᠶ ᠲᠡᠵᠢᠭᠡᠬᠦ | ᠬᠠᠮᠢᠶᠠᠷᠤᠯᠲᠠ ᠶᠢᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠤᠨ᠎ᠠ᠃ ᠭᠤᠷᠪᠠ ᠳᠤ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ ᠨᠢ ᠨᠣᠬᠠᠶ ᠠᠩᠨᠠᠬᠤ ᠲᠤᠰᠬᠠᠶ ᠠᠵᠢᠯ ᠤᠨ ᠡᠩᠨᠡᠭᠡ ᠪᠠᠶᠢᠭᠤᠯᠵᠤ᠂ ᠲᠤᠰᠬᠠᠶ ᠲᠡᠷᠭᠡ | ᠬᠥᠰᠬᠡ᠂ ᠪᠠᠭᠠᠵᠢ ᠬᠡᠷᠡᠭᠰᠡᠯ᠂ ᠲᠣᠨᠤᠭ ᠲᠥᠬᠦᠭᠡᠷᠦᠮᠵᠢ ᠲᠣᠬᠢᠷᠠᠭᠤᠯᠵᠤ᠂ ᠲᠡᠨᠦᠭᠦᠯ ᠨᠣᠬᠠᠶ᠂ ᠡᠵᠡᠨ ᠦᠭᠡᠶ | ᠨᠣᠬᠠᠶ ᠶᠢ ᠬᠤᠷᠢᠶᠠᠮᠵᠢᠯᠠᠬᠤ ᠪᠠ ᠭᠠᠯᠵᠠᠭᠤ ᠨᠣᠬᠠᠶ ᠶᠢ ᠠᠯᠠᠵᠤ ᠨᠢᠲᠤᠯᠬᠤ ᠡᠭᠦᠷᠭᠡ ᠶᠢ ᠡᠭᠦᠷᠭᠡᠯᠡᠭᠦᠯᠬᠦ ᠬᠡᠷᠡᠭᠲᠡᠶ᠃ | ᠳᠥᠷᠪᠡ ᠳᠤ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ | ᠤᠷᠢᠵᠤ ᠰᠢᠰᠲ᠋ᠧᠮ ᠬᠡᠷᠡᠭᠯᠡᠬᠦ ᠨᠢᠭᠡᠴᠢ ᠳᠤ ᠡᠯᠧᠺᠲᠷᠣᠨ ᠴᠢᠫ ᠵᠢᠴᠢ ᠬᠤᠯᠪᠣᠭᠳᠠᠯ ᠪᠦᠬᠦᠢ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠥᠷᠨᠢᠭᠦᠯᠦᠨ᠎ᠡ᠃ | ︵ᠬᠤᠶᠠᠷ︶ ᠨᠣᠬᠠᠶ ᠲᠡᠵᠢᠭᠡᠬᠦ ᠶᠢ ᠵᠢᠭᠰᠠᠭᠠᠨ ᠪᠠᠶᠢᠴᠠᠭᠠᠬᠤ ᠪᠠ ᠲᠥᠪᠯᠡᠷᠡᠭᠦᠯᠦᠨ ᠳᠠᠩᠰᠠᠯᠠᠬᠤ ᠱᠠᠲᠤ ᠦᠶ᠎ᠡ | ︵ᠲᠥᠪᠯᠡᠷᠡᠭᠦᠯᠦᠨ ᠳᠡᠩᠰᠡᠯᠡᠨ ᠲᠡᠮᠳᠡᠭᠯᠡᠬᠦ ᠶᠢ ︽ᠨᠣᠬᠠᠶ ᠶᠢᠨ ᠲᠥᠷᠥᠯ ᠤᠨ ᠬᠠᠮᠢᠶᠠᠷᠤᠯᠲᠠ ᠦᠢᠯᠡᠴᠢᠯᠡᠭᠡᠨ ᠤ | ᠮᠡᠳᠡᠭᠡ ᠵᠠᠩᠭᠢ ᠶᠢᠨ ᠰᠢᠰᠲ᠋ᠧᠮ︾ ᠢ ᠪᠠᠶᠢᠭᠤᠯᠵᠤ ᠳᠠᠭᠤᠰᠬᠠᠭᠰᠠᠨ ᠵᠢᠴᠢ ᠡᠯᠧᠺᠲᠷᠣᠨ ᠪᠡᠶ᠎ᠡ ᠭᠠᠷᠤᠯ ᠤᠨ ᠲᠡᠮᠳᠡᠭ | ᠵᠡᠷᠭᠡ ᠬᠠᠲᠠᠭᠤ ᠲᠣᠨᠤᠭ ᠬᠤᠳᠠᠯᠳᠤᠨ ᠠᠪᠴᠤ ᠳᠠᠭᠤᠰᠤᠭᠰᠠᠨ ᠤ ᠳᠠᠷᠠᠭ᠎ᠠ ᠡᠬᠢᠯᠡᠭᠦᠯᠦᠨ᠎ᠡ᠂ ᠭᠤᠷᠪᠠᠨ ᠰᠠᠷ᠎ᠠ ᠶᠢᠨ | ᠬᠤᠭᠤᠴᠠᠭ᠎ᠠ ᠲᠠᠢ︶ | 1 . ᠵᠢᠭᠰᠠᠭᠠᠨ ᠪᠠᠶᠢᠴᠠᠭᠠᠵᠤ ᠮᠡᠳᠡᠭᠳᠡᠬᠦ ᠶᠢ ᠦᠷᠭᠦᠯᠵᠢᠯᠡᠨ ᠥᠷᠨᠢᠭᠦᠯᠦᠨ᠎ᠡ᠃ ᠡᠯ᠎ᠡ ᠰᠤᠮᠤ ᠪᠠᠯᠭᠠᠰᠤ ︵ | ᠵᠡᠭᠡᠯᠢ ᠭᠤᠳᠤᠮᠵᠢ︶ ᠨᠢ ᠰᠠᠭᠤᠭᠠᠯᠢ ᠠᠷᠠᠳ ᠤᠨ ᠵᠥᠪᠯᠡᠯ᠂ ᠭᠠᠴᠠᠭ᠎ᠠ ᠲᠣᠰᠬᠤᠨ ᠤ ᠵᠥᠪᠯᠡᠯ ᠵᠢᠴᠢ ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠨᠡᠶᠢᠭᠡᠮ ᠤᠨ ᠬᠦᠴᠦᠨ ᠤ ᠨᠣᠬᠠᠶ ᠲᠡᠵᠢᠭᠡᠬᠦ | ᠬᠠᠮᠢᠶᠠᠷᠤᠯᠲᠠ ᠶᠢᠨ ᠠᠵᠢᠯ ᠳᠤ ᠣᠷᠣᠯᠴᠠᠬᠤ ᠶᠢ ᠢᠳᠡᠪᠬᠢᠲᠡᠶ ᠠᠬᠢᠭᠤᠯᠵᠤ᠂ ᠪᠣᠯᠪᠠᠰᠤᠨ ᠢᠶᠠᠷ ᠨᠣᠬᠠᠶ ᠲᠡᠵᠢᠭᠡᠬᠦ ᠶᠢ | ᠥᠷᠭᠡᠨ ᠢᠶᠠᠷ ᠤᠬᠠᠭᠤᠯᠬᠤ ᠶᠢᠨ ᠬᠠᠮᠲᠤ᠂ ᠨᠣᠬᠠᠶ ᠲᠡᠵᠢᠭᠡᠬᠦ ᠬᠥᠮᠦᠨ ᠵᠢᠴᠢ ᠨᠣᠬᠠᠶ ᠶᠢᠨ ᠰᠠᠭᠤᠷᠢ ᠲᠤᠭ᠎ᠠ ᠶᠢ | ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ ᠲᠣᠳᠣᠷᠬᠠᠶ ᠣᠶᠢᠯᠠᠭᠠᠬᠤ ᠬᠡᠷᠡᠭᠲᠡᠶ᠃ ᠬᠠᠷᠢᠶ᠎ᠠ ᠣᠷᠣᠨ ᠤ | ᠳᠣᠲᠣᠷᠠᠬᠢ ᠨᠣᠬᠠᠶ ᠦᠯᠦ ᠬᠠᠯᠳᠠᠭᠠᠯᠲᠠ ᠬᠢᠭᠰᠡᠨ ᠦᠭᠡᠶ᠂ ᠨᠣᠬᠠᠶ ᠲᠡᠵᠢᠭᠡᠭᠰᠡᠨ ᠢ ᠨᠢ ᠳᠠᠩᠰᠠᠯᠠᠭᠤᠯᠤᠭᠰᠠᠨ ᠦᠭᠡᠶ᠂ | ᠳᠣᠭᠰᠢᠨ ᠨᠣᠬᠠᠶ ᠲᠡᠵᠢᠭᠡᠭᠰᠡᠨ᠂ ᠲᠣᠮᠣ ᠬᠡᠯᠪᠡᠷᠢ ᠶᠢᠨ ᠨᠣᠬᠠᠶ ᠲᠡᠵᠢᠭᠡᠭᠰᠡᠨ ᠵᠡᠷᠭᠡ ᠪᠠᠶᠢᠳᠠᠯ ᠢ ᠭᠤᠣᠯᠳᠠᠯᠭ᠎ᠠ ᠲᠠᠢ | ᠵᠢᠭᠰᠠᠭᠠᠨ ᠪᠠᠶᠢᠴᠠᠭᠠᠬᠤ ᠶᠢᠨ ᠬᠠᠮᠲᠤ ᠨᠣᠬᠠᠶ ᠲᠡᠵᠢᠭᠡᠭᠰᠡᠨ ᠬᠥᠮᠦᠨ ᠢ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠶᠢ ᠮᠡᠳᠡᠭᠳᠡᠬᠦ ᠬᠡᠷᠡᠭᠲᠡᠶ᠃ | 2 . ᠰᠦᠯᠵᠢᠶᠡᠨ ᠳᠡᠭᠡᠷᠡᠬᠢ ᠦᠢᠯᠡᠴᠢᠯᠡᠭᠡ ᠶᠢ ᠢᠳᠡᠪᠬᠢᠲᠡᠶ ᠪᠠᠷ ᠳᠡᠯᠭᠡᠷᠡᠭᠦᠯᠦᠨ᠎ᠡ᠃ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠢ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ | ᠮᠥᠴᠢᠷ ᠲᠠᠢ ᠬᠠᠮᠲᠤᠷᠠᠨ ᠨᠣᠬᠠᠶ ᠶᠢᠨ ᠡᠭᠡᠯᠢᠯᠡᠭᠡ ᠶᠢᠨ ᠲᠠᠷᠢᠯᠭ᠎ᠠ ᠪᠠ ᠡᠯᠧᠺᠲᠷᠣᠨ ᠴᠠᠬᠢᠮ ︽ᠨᠢᠭᠡ ᠥᠷᠲᠡᠭᠡ | ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠨᠣᠬᠠᠶ ᠲᠡᠵᠢᠭᠡᠭᠴᠢᠳ ᠢ | ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠨᠣᠬᠠᠶ ᠶᠢᠨ ᠭᠠᠯᠵᠠᠭᠤ ᠡᠪᠡᠳᠴᠢᠨ ᠤ ᠡᠭᠡᠯᠢᠯᠡᠭᠡ ᠶᠢᠨ | ᠲᠠᠷᠢᠯᠭ᠎ᠠ ᠬᠢᠯᠭᠡᠭᠰᠡᠨ ᠤ ᠳᠠᠷᠠᠭ᠎ᠠ ᠸᠢᠴᠠᠲ ᠤᠨ ᠣᠯᠠᠨ ᠨᠡᠶᠢᠲᠡ ᠶᠢᠨ ᠳ᠋ᠤᠭᠠᠷ ︽ᠪᠤᠭᠤᠲᠤ ᠶᠢᠨ ᠳᠣᠲᠣᠭᠠᠳᠤ ᠶᠢ | ᠬᠠᠮᠠᠭᠠᠯᠠᠬᠤ ᠪᠢᠴᠢᠯ ᠴᠠᠭᠳᠠᠭᠠᠨ ᠤ ᠶᠠᠪᠤᠳᠠᠯ︾᠂ ︽ᠸᠢᠴᠠᠲ ᠤᠨ ᠵᠢᠵᠢᠭ ᠫᠷᠤᠭ᠍ᠷᠠᠮ︾᠂ ︽ᠪᠤᠭᠤᠲᠤ ᠶᠢᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ︾ ᠪᠤᠶᠤ ︽ᠮᠥᠩᠬᠡ ᠰᠤᠪᠠᠭ︾ ᠭᠠᠷ ᠤᠲᠠᠰᠤᠨ ᠤ APP ᠵᠡᠷᠭᠡ | ᠣᠯᠠᠨ ᠠᠷᠭ᠎ᠠ ᠵᠠᠮ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠨᠣᠬᠠᠶ ᠲᠡᠵᠢᠭᠡᠬᠦ ᠶᠢ ᠳᠡᠩᠰᠡᠯᠡᠨ ᠲᠡᠮᠳᠡᠭᠯᠡᠬᠦ ᠬᠠᠮᠢᠶ᠎ᠠ | ᠪᠥᠬᠦᠶ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ | ᠦᠵᠡᠭᠦᠯᠵᠦ᠂ ᠨᠣᠬᠠᠶ ᠲᠡᠵᠢᠭᠡᠬᠦ ᠰᠦᠯᠵᠢᠶᠡᠨ ᠳᠡᠭᠡᠷ᠎ᠡ ᠨᠡᠶᠢᠭᠡᠮ ᠳᠠᠶᠠᠭᠠᠷ ᠲᠤ ᠬᠡᠷᠡᠭᠯᠡᠬᠦ ᠶᠢᠨ ᠣᠶᠢᠯᠠᠭᠠᠵᠤ ᠮᠡᠳᠡᠬᠦ | ᠬᠡᠮᠵᠢᠶ᠎ᠡ ᠪᠠ ᠬᠡᠷᠡᠭᠯᠡᠬᠦ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ 3 . ᠨᠣᠬᠠᠶ ᠲᠡᠵᠢᠭᠡᠬᠦ ᠳᠠᠩᠰᠠᠯᠠᠯ ᠢ | ᠡᠮᠬᠢ ᠵᠢᠷᠤᠮ ᠲᠠᠢ ᠪᠠᠷ ᠥᠷᠨᠢᠭᠦᠯᠦᠨ᠎ᠡ᠃ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ︶ ᠨᠢ ᠲᠣᠰ ᠭᠠᠵᠠᠷ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠭᠤᠤᠯᠳᠠᠯᠭ᠎ᠠ ᠶᠢ ᠤᠷᠢᠳ ᠢᠶᠠᠷ ᠲᠠᠯᠪᠢᠵᠤ᠂ ᠡᠩ ᠤᠨ ᠬᠢ ᠶᠢ | ᠳᠠᠷᠠᠭ᠎ᠠ ᠨᠢ ᠬᠢᠬᠦ︾ ᠵᠠᠷᠴᠢᠮ ᠶᠣᠰᠣᠭᠠᠷ ᠨᠣᠬᠠᠶ ᠲᠡᠵᠢᠭᠡᠬᠦ ᠳᠡᠩᠰᠡᠯᠡᠯᠲᠡ ᠶᠢᠨ ᠠᠵᠢᠯ ᠢ ᠥᠷᠨᠢᠭᠦᠯᠬᠦ ᠬᠡᠷᠡᠭᠲᠡᠶ︔ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠭᠳᠠᠭᠠᠨ ᠤ ᠬᠦᠴᠦᠨ ᠤ ᠨᠣᠬᠠᠶ ᠲᠡᠵᠢᠭᠡᠬᠦ ᠳᠠᠩᠰᠠᠯᠠᠯ ᠤᠨ ᠣᠷᠭᠢᠯ ᠤᠨ | ᠬᠤᠭᠤᠴᠠᠭᠠᠨ ᠳᠤ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠴᠡᠭ ᠲᠤ ᠣᠷᠣᠬᠤ ᠶᠢ ᠨᠢᠭᠡᠳᠦᠯᠲᠡᠶ | ᠲᠥᠯᠥᠪᠵᠢᠭᠦᠯᠦᠨ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ | ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠢ ᠬᠠᠮᠠᠭᠠᠯᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ | ᠨᠣᠬᠠᠶ ᠲᠡᠵᠢᠭᠡᠬᠦ ᠳᠠᠩᠰᠠᠯᠠᠯ ᠢ ᠲᠥᠪᠯᠡᠷᠡᠩᠭᠦᠶ ᠡᠮᠬᠢ ᠵᠢᠷᠤᠮ ᠲᠠᠢ ᠬᠢᠬᠦ ᠬᠡᠷᠡᠭᠲᠡᠶ᠃ | ︵ᠭᠤᠷᠪᠠ︶ ᠲᠥᠪᠯᠡᠷᠡᠭᠦᠯᠦᠨ ᠬᠠᠤᠯᠢ ᠬᠡᠷᠡᠭᠵᠢᠭᠦᠯᠵᠦ ᠪᠣᠯᠪᠠᠰᠤᠨ ᠪᠤᠰᠤ ᠪᠠᠷ ᠨᠣᠬᠠᠶ ᠲᠡᠵᠢᠭᠡᠬᠦ ᠦᠶ᠋ᠯᠡ | ᠠᠵᠢᠯᠯᠠᠭ᠎ᠠ ᠶᠢᠨ ᠱᠠᠲᠤ ᠦᠶ᠎ᠡ ︵ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 12 ᠳ᠋ᠤᠭᠠᠷ ᠰᠠᠷ᠎ᠠ ᠶᠢᠨ | ᠰᠡᠭᠦᠯᠴᠢ ᠪᠣᠯᠲᠠᠯ᠎ᠠ︶ | 1 . ᠪᠥᠬᠦ ᠲᠠᠯ᠎ᠠ ᠪᠠᠷ ᠴᠡᠭᠴᠡᠯᠡᠨ ᠵᠠᠰᠠᠵᠤ ᠢᠯᠭᠠᠷᠠᠭᠤᠯᠤᠨ᠎ᠠ᠃ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ | ︶ ᠲᠦᠷᠦᠭᠦᠯᠡᠨ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠶ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ | ᠂ ᠬᠦᠴᠦᠨ ᠢᠶᠠᠨ ᠲᠥᠪᠯᠡᠷᠡᠭᠦᠯᠦᠨ ᠴᠡᠴᠡᠷᠯᠢᠭ᠂ ᠠᠭᠤᠳᠠᠮ ᠲᠠᠯᠠᠪᠠᠶ᠂ ᠭᠤᠤᠯ ᠵᠠᠮ ᠤᠨ ᠬᠡᠰᠡᠭ᠂ ᠵᠢᠵᠢᠭ | ᠲᠣᠭᠤᠷᠢᠭ ᠤᠨ ᠰᠡᠯᠡᠭᠦᠴᠡᠯ ᠤᠨ ᠲᠠᠯᠠᠪᠤᠷ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠨᠢᠭᠡᠳ ᠨᠢᠭᠡ ᠪᠠᠷ | ᠨᠡᠶᠢᠳᠡᠮ ᠪᠠᠶᠢᠴᠠᠭᠠᠬᠤ ᠮᠠᠶ᠋ᠢᠭ ᠤᠨ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠨ᠎ᠠ︔ ᠨᠡᠶᠢᠭᠡᠮ ᠲᠣᠭᠤᠷᠢᠭ ᠤᠨ | ᠠᠵᠢᠯᠲᠠᠨ᠂ ᠲᠤᠤᠷᠴᠢᠯᠠᠯ ᠣᠨ ᠠᠵᠢᠯᠲᠠᠨ᠂ ᠠᠳᠠᠯ ᠠᠬᠤᠢ ᠶᠢᠨ ᠠᠮᠤᠷ ᠢ ᠬᠠᠮᠠᠭᠠᠯᠠᠭᠴᠢ᠂ ᠰᠠᠶᠢᠨ ᠳᠤᠷᠠᠴᠤᠳ | ᠵᠡᠷᠭᠡ ᠬᠦᠴᠦᠨ ᠢ ᠢᠳᠡᠪᠬᠢᠲᠡᠶ ᠪᠠᠷ ᠳᠠᠶᠢᠴᠢᠯᠠᠵᠤ᠂ ᠡᠳᠦᠷ ᠲᠤᠲᠤᠮ ᠤᠨ ᠰᠤᠷᠪᠤᠯᠵᠢᠯᠠᠨ ᠲᠣᠭᠤᠷᠢᠨ ᠪᠠᠶᠢᠴᠠᠭᠠᠬᠤ | ᠳᠤᠮᠳᠠ ᠪᠣᠯᠪᠠᠰᠤᠨ ᠪᠤᠰᠤ ᠪᠠᠷ ᠨᠣᠬᠠᠶ ᠲᠡᠵᠢᠭᠡᠬᠦ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠰᠠᠨᠠᠭᠤᠯᠤᠨ | ᠬᠤᠷᠢᠭᠯᠠᠬᠤ ᠬᠡᠷᠡᠭᠲᠡᠶ︔ ᠲᠤᠰ ᠬᠠᠷᠢᠶ᠎ᠠ ᠣᠷᠣᠨ ᠤ ᠨᠣᠬᠠᠶ ᠶᠢ ᠵᠥᠪᠬᠡᠨ ᠲᠦᠷ ᠴᠠᠭ ᠬᠤᠷᠢᠶᠠᠨ ᠬᠠᠮᠢᠶᠠᠷᠬᠤ | ᠲᠠᠯᠠᠪᠤᠷ ᠭᠠᠵᠠᠷ ᠢ ᠪᠠᠶᠢᠭᠤᠯᠵᠤ᠂ ᠲᠤᠰᠬᠠᠶ ᠲᠤᠰᠢᠶᠠᠯ ᠲᠠᠢ ᠨᠣᠬᠠᠶ ᠶᠢ ᠵᠥᠪᠬᠡᠨ ᠠᠪᠤᠷᠠᠨ ᠲᠤᠰᠠᠯᠠᠬᠤ ᠡᠩᠨᠡᠭᠡ ᠶᠢ | ᠵᠣᠬᠢᠶᠠᠨ ᠪᠠᠶᠢᠭᠤᠯᠵᠤ᠂ ᠲᠡᠷᠭᠡ ᠬᠥᠰᠬᠡ ᠵᠢᠴᠢ ᠲᠣᠨᠤᠭ ᠲᠥᠬᠦᠭᠡᠷᠦᠮᠵᠢ ᠲᠣᠬᠢᠷᠠᠭᠤᠯᠵᠤ᠂ ᠲᠡᠨᠦᠭᠦᠯ ᠨᠣᠬᠠᠶ | ᠨᠡᠯᠢᠶᠡᠳ ᠲᠥᠪᠯᠡᠷᠡᠭᠰᠡᠨ ᠬᠠᠭᠤᠴᠢᠨ ᠰᠠᠭᠤᠭᠠᠯᠢ ᠲᠣᠭᠤᠷᠢᠭ᠂ ᠵᠡᠭᠡᠯᠢ ᠭᠤᠳᠤᠮᠵᠢ᠂ ᠲᠠᠷᠢᠶᠠᠯᠠᠩ ᠠᠷᠠᠯᠵᠢᠶᠠᠨ ᠤ | ᠵᠠᠬ᠎ᠠ ᠳᠡᠯᠭᠡᠭᠦᠷ᠂ ᠰᠤᠷᠭᠠᠭᠤᠯᠢ ᠶᠢᠨ ᠡᠷᠭᠢᠨ ᠲᠣᠭᠤᠷᠢᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠡᠷᠭᠢᠨ ᠲᠣᠭᠤᠷᠢᠨ ᠵᠡᠷᠭᠡ ᠣᠷᠣᠨ ᠪᠦᠰᠡ ᠶᠢᠨ ᠣᠷᠣᠨ ᠪᠠᠶᠢᠷᠢ ᠳᠤ ᠲᠥᠪᠯᠡᠷᠡᠭᠦᠯᠦᠨ ᠢᠯᠭᠠᠷᠠᠭᠤᠯᠵᠤ᠂ ᠲᠡᠨᠦᠭᠦᠯ | ᠨᠣᠬᠠᠶ ᠶᠢ ᠬᠤᠷᠢᠶᠠᠨ ᠬᠠᠮᠢᠶᠠᠷᠴᠤ ᠠᠪᠤᠷᠠᠨ ᠲᠤᠰᠠᠯᠠᠬᠤ ᠠᠵᠢᠯ ᠢ ᠡᠳᠦᠷ ᠲᠣᠵᠢ ᠥᠷᠨᠢᠭᠦᠯᠬᠦ ᠬᠡᠷᠡᠭᠲᠡᠶ᠃ | 2 . ᠬᠠᠤᠯᠢ ᠶᠢ ᠴᠢᠩᠭ᠎ᠠ ᠬᠡᠷᠡᠭᠵᠢᠭᠦᠯᠵᠦ ᠪᠠᠶᠢᠴᠠᠭᠠᠨᠰᠢᠢᠳᠪᠤᠷᠢᠯᠡᠨᠡ᠃ ᠡᠯ᠎ᠡ ᠪᠦᠷᠢᠯᠳᠦᠬᠦᠨ ᠨᠢᠭᠡᠴᠡ ᠨᠢ | ︽ᠲᠦᠷᠢᠮ︾ ᠲᠠᠢ ᠬᠠᠷᠢᠴᠠᠭᠤᠯᠤᠨ ᠪᠠᠶᠢᠴᠠᠭᠠᠨ ᠰᠢᠢᠳᠪᠤᠷᠢᠯᠡᠬᠦ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠨ | ᠪᠤᠰᠤ ᠪᠠᠷ ᠨᠣᠬᠠᠶ ᠲᠡᠵᠢᠭᠡᠬᠦ ᠦᠢᠯᠡ ᠠᠵᠢᠯᠯᠠᠭ᠎ᠠ ᠶᠢ ᠪᠦᠲᠦᠮᠵᠢᠲᠡᠶ ᠪᠠᠭᠠᠰᠬᠠᠨ᠎ᠠ᠃ ᠭᠤᠣᠯᠳᠠᠯᠭ᠎ᠠ ᠲᠠᠢ | ᠬᠠᠮᠢᠶᠠᠷᠤᠯᠲᠠ ᠶᠢᠨ ᠣᠷᠣᠨ ᠳᠤ ᠨᠣᠬᠠᠶ ᠲᠡᠵᠢᠭᠡᠭᠡᠳ ᠳᠠᠩᠰᠠᠯᠠᠭᠤᠯᠬᠤ ᠦᠭᠡᠶ᠂ ᠰᠢᠷᠦᠭᠦᠨ ᠨᠣᠬᠠᠶ ᠲᠡᠵᠢᠭᠡᠬᠦ ᠪᠠ | ᠲᠣᠮᠣ ᠬᠡᠯᠪᠡᠷᠢ ᠶᠢᠨ ᠨᠣᠬᠠᠶ ᠲᠡᠵᠢᠭᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠥᠮ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠬᠤᠭᠤᠴᠠᠭ᠎ᠠ ᠥᠩᠭᠡᠷᠡᠲᠡᠯ᠎ᠡ ᠴᠡᠭᠴᠡᠯᠡᠨ | ᠰᠠᠶᠢᠵᠢᠷᠠᠭᠤᠯᠬᠤ ᠦᠭᠡᠶ ᠪᠣᠯ ᠬᠠᠤᠯᠢ ᠶᠣᠰᠣᠭᠠᠷ ᠰᠢᠳᠬᠡᠨ ᠲᠣᠷᠭᠠᠬᠤ ᠶᠢᠨ ᠬᠠᠮᠲᠤ ᠨᠣᠬᠠᠶ ᠶᠢ ᠨᠢ ᠬᠤᠷᠢᠶᠠᠵᠤ | ᠠᠪᠤᠨ᠎ᠠ︔ ᠨᠣᠬᠠᠶ ᠪᠠᠨ ᠲᠣᠭᠤᠷᠢᠭᠤᠯᠬᠤ ᠳᠤ ᠳᠡᠭᠡᠰᠦ ᠲᠠᠲᠠᠬᠤ ᠦᠭᠡᠶ᠂ ᠨᠣᠬᠠᠶ ᠪᠠᠨ ᠠᠪᠴᠤ ᠭᠡᠷ ᠳᠣᠲᠣᠷᠠᠬᠢ | ᠣᠯᠠᠨ ᠨᠡᠶᠢᠲᠡ ᠶᠢᠨ ᠲᠠᠯᠠᠪᠤᠷ ᠵᠢᠴᠢ ᠠᠮᠢᠲᠠᠨ ᠣᠷᠣᠵᠤ ᠢᠷᠡᠬᠦ ᠶᠢ ᠴᠠᠭᠠᠵᠠᠯᠠᠭᠰᠠᠨ ᠲᠡᠮᠳᠡᠭ ᠲᠠᠢ ᠭᠡᠷ ᠤᠨ | ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠤᠷᠤᠭᠰᠠᠨ᠂ ᠨᠣᠬᠠᠶ ᠶᠢᠨ ᠪᠠᠭᠠᠰᠤ ᠰᠢᠭᠡᠰᠦ ᠶᠢ ᠲᠡᠷᠡ | ᠳᠠᠷᠤᠶ ᠳᠤᠨᠢ ᠢᠯᠭᠠᠷᠠᠭᠤᠯᠤᠭᠰᠠᠨ ᠦᠭᠡᠶ ᠪᠠᠶᠢᠪᠠᠯ᠂ ᠲᠡᠷᠡ ᠳᠣᠣᠷ᠎ᠠ ᠨᠢ ᠵᠠᠷᠯᠢᠭᠳᠠᠨ ᠵᠠᠯᠠᠷᠠᠭᠤᠯᠬᠤ ᠬᠡᠷᠡᠭᠲᠡᠶ᠂ | ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ᠂ ᠬᠠᠤᠯᠢ ᠶᠣᠰᠣᠭᠠᠷ ᠰᠢᠳᠬᠡᠨ ᠲᠣᠷᠭᠠᠬᠤ ᠬᠡᠷᠡᠭᠲᠡᠶ︔ | ᠲᠡᠵᠢᠭᠡᠭᠰᠡᠨ ᠨᠣᠬᠠᠢ ᠨᠢ ᠵᠥᠪᠬᠡᠨ ᠪᠤᠰᠤᠳ ᠤᠨ ᠬᠡᠪ ᠤᠨ ᠠᠮᠢᠳᠤᠷᠠᠯ ᠢ ᠬᠠᠷᠰᠢᠯᠠᠵᠤ᠂ ᠳᠤᠷ᠎ᠠ ᠪᠠᠷ ᠨᠢ ᠲᠠᠯᠪᠢᠵᠤ | ᠪᠤᠰᠤᠳ ᠢ ᠰᠦᠷᠳᠡᠭᠦᠯᠬᠦ ᠵᠢᠴᠢ ᠨᠣᠬᠠᠢ ᠶᠢ ᠥᠳᠥᠭᠡᠵᠦ ᠪᠠᠶᠢᠭᠠᠳ ᠪᠤᠰᠤᠳ ᠢ ᠰᠢᠷᠬᠠᠲᠤᠭᠤᠯᠵᠤ᠂ ᠠᠮᠤᠷ ᠢ | ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠦ ᠪᠦᠷᠢᠯᠳᠦᠭᠰᠡᠨ ᠪᠠᠶᠢᠪᠠᠯ᠂ ᠬᠠᠤᠯᠢ | ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠭᠦᠨ᠎ᠡ᠂ ᠶᠠᠯ᠎ᠠ ᠪᠣᠯᠵᠦ ᠪᠦᠷᠢᠯᠳᠦᠭᠰᠡᠨ ᠪᠠᠶᠢᠪᠠᠯ | ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | 3 . ᠬᠠᠤᠯᠢ ᠠᠴᠠ ᠵᠥᠷᠢᠴᠡᠨ ᠢᠯᠡᠴᠢᠯᠡᠬᠦ ᠶᠢ ᠳᠣᠪᠤᠶᠢᠯᠭᠠᠨ᠎ᠠ᠃ ᠬᠠᠤᠯᠢ ᠠᠴᠠ ᠵᠥᠷᠢᠴᠡᠨ ᠨᠣᠬᠠᠶ | ᠲᠡᠵᠢᠭᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ | ᠶᠣᠰᠣᠭᠠᠷ ᠰᠢᠳᠬᠡᠨ ᠲᠣᠷᠭᠠᠭᠰᠠᠨ ᠰᠠᠭᠤᠷᠢᠨ ᠳᠡᠭᠡᠷ᠎ᠡ᠂ ᠰᠣᠨᠢᠨ ᠮᠡᠳᠡᠭᠡᠨ ᠤ ᠵᠠᠭᠤᠴᠢᠯᠠᠭᠤᠷ ᠯᠤᠭ᠎ᠠ | ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ᠂ ᠨᠡᠶᠢᠭᠡᠮ ᠤᠨ ᠨᠥᠯᠥᠭᠡ ᠪᠠᠷ ᠮᠠᠭᠤ ᠨᠡᠶᠢᠲᠡᠯᠢᠭ ᠬᠡᠷᠡᠭ ᠢ ᠣᠯᠠᠨ ᠳᠤ | ᠢᠯᠡ ᠦᠵᠡᠭᠦᠯᠬᠦ ᠪᠠ ᠭᠦᠨᠵᠡᠭᠡᠶ ᠮᠡᠳᠡᠭᠡᠯᠡᠵᠦ᠂ ᠨᠣᠬᠠᠶ ᠲᠡᠵᠢᠭᠡᠭᠰᠡᠳ ᠲᠤ ᠨᠣᠬᠠᠶ ᠲᠡᠵᠢᠭᠡᠬᠦ ᠡᠷᠬᠡ ᠡᠳ ᠯᠡᠬᠦ ᠶᠢ | ᠰᠡᠷᠡᠮᠵᠢᠯᠡᠭᠦᠯᠬᠦ ᠶᠢᠨ ᠵᠡᠷᠭᠡᠴᠡᠭᠡᠪᠡᠷ ᠨᠡᠶᠢᠭᠡᠮ ᠤᠨ ᠵᠣᠬᠢᠴᠠᠩᠭᠤᠶ ᠡᠭᠦᠷᠭᠡ ᠪᠣᠯᠤᠨ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠢᠳᠡᠪᠬᠢᠲᠡᠶ ᠪᠠᠷ ᠡᠭᠦᠷᠭᠡᠯᠡᠭᠦᠯᠬᠦ ᠬᠡᠷᠡᠭᠲᠡᠶ︔ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ | ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠶ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠤᠳ ᠢᠯᠡᠴᠢᠯᠡᠨ ᠮᠡᠳᠡᠭᠦᠯᠬᠦᠤᠲᠠᠰᠤ ᠠᠪᠴᠤ ᠨᠡᠶᠢᠲᠡᠯᠡᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠲᠤᠰᠬᠠᠬᠤ ᠪᠠ ᠬᠠᠤᠯᠢ ᠠᠴᠠ ᠵᠥᠷᠢᠴᠡᠭᠰᠡᠨ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠶ | ᠨᠡᠪᠲᠡᠷᠡᠭᠦᠯᠵᠦ᠂ ᠪᠦᠬᠦ ᠨᠡᠶᠢᠭᠡᠮ ᠢᠶᠠᠷ ᠢᠶᠠᠨ ᠪᠣᠯᠪᠠᠰᠤᠨ ᠢᠶᠠᠷ ᠨᠣᠬᠠᠶ ᠲᠡᠵᠢᠭᠡᠬᠦ ᠶᠢᠨ ᠬᠢᠨᠠᠯᠲᠠ ᠬᠠᠮᠢᠶᠠᠷᠤᠯᠲᠠ ᠳᠤ | ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠶ᠃ | ︵ᠳᠥᠷᠪᠡ︶ ᠬᠡᠪᠰᠢᠭᠰᠡᠨ ᠬᠠᠮᠢᠶᠠᠷᠤᠯᠲᠠ ᠶᠢᠨ ᠱᠠᠲᠤ ᠦᠶ᠎ᠡ | 2023 ᠣᠨ ᠤ ᠡᠬᠢ ᠪᠠᠷ᠂ ᠡᠮᠦᠨᠡᠬᠢ ᠬᠤᠭᠤᠴᠠᠭᠠᠨ ᠤ ᠠᠵᠢᠯ ᠤᠨ ᠳᠤᠮᠳᠠᠬᠢ ᠤᠬᠠᠭᠤᠯᠤᠨ ᠬᠥᠲᠥᠯᠥᠨ | ᠵᠢᠯᠣᠭᠤᠳᠬᠤ᠂ ᠳᠡᠩᠰᠡᠯᠡᠨ ᠲᠡᠮᠳᠡᠭᠯᠡᠵᠦ ᠦᠨᠡᠮᠯᠡᠯ ᠭᠦᠢᠴᠡᠳᠭᠡᠬᠦ᠂ ᠬᠠᠤᠯᠢ ᠬᠡᠷᠡᠭᠵᠢᠭᠦᠯᠬᠦ ᠬᠠᠮᠢᠶᠠᠷᠤᠯᠲᠠ ᠵᠢᠴᠢ | ᠡᠯ᠎ᠡ ᠰᠠᠯᠠᠭ᠎ᠠ ᠮᠥᠴᠢᠷ ᠤᠨ ᠠᠵᠢᠯ ᠢ ᠵᠣᠬᠢᠴᠠᠭᠤᠯᠬᠤ᠂ ᠶᠡᠷᠦᠩᠬᠡᠶᠢᠯᠡᠨ ᠵᠠᠰᠠᠬᠤ ᠵᠡᠷᠭᠡ ᠲᠠᠯ᠎ᠠ ᠶᠢᠨ ᠲᠤᠷᠰᠢᠯᠭ᠎ᠠ | ᠬᠢᠳᠡᠯ ᠢ ᠳ᠋ᠦᠩᠨᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ ᠳᠤᠲᠠᠭᠤᠳᠠᠯ ᠢᠶᠠᠨ ᠨᠥᠬᠦᠪᠥᠷᠢᠯᠡᠵᠦ᠂ ᠨᠣᠬᠠᠶ | ᠲᠡᠵᠢᠭᠡᠬᠦ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠬᠠᠮᠲᠤ ᠨᠣᠬᠠᠶ ᠲᠡᠵᠢᠭᠡᠬᠦ | ᠬᠠᠮᠢᠶᠠᠷᠤᠯᠲᠠ ᠶᠢᠨ ᠠᠵᠢᠯ ᠢ ᠰᠢᠯᠭᠠᠨ ᠬᠢᠨᠠᠬᠤ ᠳᠤ ᠣᠷᠣᠭᠤᠯᠵᠤ᠂ ᠭᠤᠤᠯᠳᠠᠯᠭ᠎ᠠ ᠲᠠᠢ ᠬᠠᠮᠢᠶᠠᠷᠤᠯᠲᠠ ᠶᠢᠨ | ᠣᠷᠣᠨ ᠢ ᠪᠦᠷᠢᠨ ᠪᠥᠷᠬᠦᠭᠦᠯᠬᠦ᠂ ᠪᠥᠬᠦ ᠶᠠᠪᠤᠴᠠ᠂ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠠᠵᠢᠯ ᠢ | ᠪᠠᠶᠢᠩᠭᠤᠵᠢᠭᠤᠯᠬᠤ᠂ ᠵᠢᠷᠤᠮᠵᠢᠭᠤᠯᠬᠤ᠂ ᠬᠠᠤᠯᠢᠵᠢᠭᠤᠯᠬᠤ ᠵᠠᠮ ᠳᠤ ᠣᠷᠣᠭᠤᠯᠬᠤ ᠶᠢ ᠠᠬᠢᠭᠤᠯᠤᠨ᠎ᠠ᠃ | |